ᠦᠢᠯᠡᠴᠢᠯᠡᠭᠡᠨ ᠤ ᠨᠡᠷᠡᠶᠢᠳᠦᠯ᠄ ᠰᠣᠷᠣᠬᠴᠢ ᠶᠢᠨ ᠢᠷᠡᠯᠲᠡ ᠶᠢᠨ ᠣᠷᠣᠨ ᠤ ᠰᠣᠷᠣᠯᠭ᠎ᠠ ᠶᠢᠨ ᠲᠡᠳᠭᠦᠮᠵᠢ | ᠶᠢᠨ ᠵᠢᠭᠡᠯᠡᠯᠭᠡ | ᠲᠤᠭᠲᠠᠭᠠᠬᠰᠠᠨ ᠦᠨᠳᠦᠰᠦᠯᠡᠯ᠄ | 1.︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠴᠤᠬᠤᠯᠪᠤᠷᠢᠯᠠᠨ ᠳᠠᠮᠵᠢᠭᠤᠯᠤᠬᠰᠠᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠤᠨ ᠭᠡᠷ ᠤᠨ ᠠᠮᠢᠳᠣᠷᠠᠯ ᠶᠠᠳᠠᠭᠤ ᠬᠦᠴᠢᠷᠳᠡᠯᠲᠡᠢ ᠰᠤᠷᠤᠬᠴᠢ ᠳᠤ ᠡᠩ ᠤᠨ ᠳᠡᠭᠡᠳᠦ ᠵᠡᠷᠭᠡ | ᠶᠢᠨ ᠰᠤᠷᠭᠠᠭᠤᠯᠢ ᠶᠢᠨ ᠰᠢᠨ᠎ᠡ ᠰᠤᠷᠤᠬᠴᠢ ᠶᠢᠨ ᠰᠤᠷᠭᠠᠭᠤᠯᠢ ᠳᠤ ᠣᠷᠣᠬᠤ ᠲᠡᠳᠭᠦᠮᠵᠢ ᠶᠢᠨ ᠲᠦᠷᠦ ᠶᠢᠨ | ᠪᠤᠳᠤᠯᠭ᠎ᠠ ᠶᠢᠨ ᠰᠠᠨᠠᠯ ᠤᠨ ᠲᠤᠬᠠᠢ ᠮᠡᠳᠡᠭᠳᠡᠯ ︾᠃ | 2. ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠣᠷᠭᠠᠨ | ᠬᠦᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠠᠴᠠ ᠬᠡᠪᠯᠡᠨ ᠲᠠᠷᠬᠠᠭᠠᠬᠰᠠᠨ ︽ᠬᠤᠲᠠ ᠬᠦᠳᠡᠭᠡ | ᠶᠢᠨ ᠳᠤᠤᠷ᠎ᠠ ᠪᠠᠲᠤᠯᠠᠭᠠᠲᠤ ᠭᠡᠷ ᠪᠦᠯᠢ ᠶᠢᠨ ᠦᠷ᠎ᠡ ᠬᠡᠤᠬᠡᠳ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ | ᠳᠠᠪᠰᠢᠨ ᠣᠷᠣᠬᠰᠠᠨ ᠰᠢᠨ᠎ᠡ ᠰᠤᠷᠣᠬᠴᠢ ᠶᠢᠨ ᠲᠡᠳᠭᠦᠮᠵᠢ ᠶᠢᠨ ᠪᠡᠯᠡ ᠮᠦᠩᠭᠦ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢᠨ ᠲᠤᠬᠠᠢ ᠮᠡᠳᠡᠭᠳᠡᠯ ᠃ | ᠭᠤᠶᠤᠴᠢᠯᠠᠬᠤ ᠨᠦᠭᠦᠴᠡᠯ᠄ | 1. ᠳᠤᠤᠷ᠎ᠠ ᠪᠠᠲᠤᠯᠠᠭᠠᠲᠤ ᠭᠡᠷ ᠪᠦᠯᠢ ᠶᠢᠨ ᠦᠷ᠎ᠡ ᠬᠡᠤᠬᠡᠳ ᠤᠨ ᠲᠡᠳᠭᠦᠬᠦ ᠬᠦᠷᠢᠶ᠎ᠡ ᠬᠡᠪᠴᠢᠶ᠎ᠡ ᠵᠢᠴᠢ | ᠡᠲᠡᠭᠡᠳ᠃ | ᠲᠤᠰ ᠵᠢᠯ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠡᠯᠰᠡᠭᠳᠡᠭᠰᠡᠨ᠂ ᠦᠪᠦᠷ ᠮᠤᠩᠭᠤᠯ ᠤᠨ | ᠦᠪᠡᠷᠲᠡᠭᠡᠨ ᠵᠰᠠᠬᠤ ᠣᠷᠣᠨ ᠤ ᠡᠷᠦᠬᠡ ᠠᠮᠠ ᠲᠠᠢ ᠪᠦᠭᠡᠳ ᠡᠯᠰᠡᠭᠳᠡᠬᠦ ᠦᠶ᠎ᠡ ᠳᠤ ᠬᠤᠲᠠ ᠬᠦᠳᠡᠭᠡ ᠶᠢᠨ ᠳᠤᠤᠷ᠎ᠠ | ᠪᠠᠲᠤᠯᠠᠭᠠᠲᠤ ᠭᠡᠷ ᠪᠦᠯᠢ ᠶᠢᠨ ᠦᠷ᠎ᠡ ᠬᠡᠤᠬᠡᠳ᠃ ᠳᠠᠷᠣᠢ᠄ ᠣᠯᠣᠰ ᠠᠴᠠ ᠵᠦᠪᠰᠢᠶᠡᠷᠡᠨ ᠪᠠᠶᠢᠭᠤᠯᠤᠬᠳᠠᠬᠰᠠᠨ᠂ | ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠢ ᠬᠡᠷᠡᠭᠵᠢᠭᠦᠯᠬᠦ ᠪᠦᠬᠦᠯᠢ ᠡᠳᠦᠷ ᠤᠨ | ᠳᠦᠷᠢᠮᠲᠦ ᠡᠩ ᠤᠨ ᠵᠢᠩᠬᠢᠨᠢ ᠠᠩᠬᠢ ᠶᠢᠨ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠣᠷᠭᠠᠭᠤᠯᠢ ᠪᠤᠯᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠣᠷᠭᠠᠭᠤᠯᠢ ︵ᠠᠷᠠᠳ ᠠᠴᠠ ᠡᠷᠬᠢᠯᠡᠭᠰᠡᠨ | ᠳᠡᠭᠡᠳᠦ ᠰᠤᠷᠭᠠᠭᠤᠯᠢ ᠪᠤᠯᠤᠨ ᠲᠣᠰᠬᠠᠷ ᠳᠡᠭᠡᠳᠦ ᠰᠤᠷᠭᠠᠭᠤᠯᠢ ᠢ ᠪᠠᠭᠲᠠᠨ᠎ᠠ᠂ ᠰᠣᠷᠭᠠᠭᠤᠯᠢ ᠶᠢᠨ ᠨᠡᠷᠡᠰ ᠢ ᠰᠤᠷᠭᠠᠨ | ᠬᠦᠮᠦᠵᠢᠯ ᠤᠨ ᠶᠠᠮᠤᠨ ᠤ ᠨᠡᠶᠢᠲᠡᠯᠡᠭᠰᠡᠨ ᠢᠶᠠᠷ ᠪᠠᠷᠢᠮᠵᠢᠶ᠎ᠠ ᠪᠤᠯᠭᠠᠨ᠎ᠠ︶᠃ ᠦᠨᠡᠨ ᠪᠤᠳᠠᠲᠠᠢ᠂ ᠬᠠᠤᠯᠢ ᠳᠤ | ᠨᠡᠶᠢᠴᠡᠭᠰᠡᠨ᠂ ᠬᠦᠴᠦᠨ ᠪᠦᠬᠦ ᠡᠯᠰᠡᠬᠦ ᠮᠡᠳᠡᠭᠳᠡᠯ ᠤᠯᠤᠬᠰᠠᠨ ︵ᠪᠡᠯᠡᠳᠭᠡᠯ ᠠᠩᠬᠢ ᠳᠤ ᠡᠯᠰᠡᠭᠳᠡᠭᠰᠡᠨ ᠰᠤᠷᠤᠬᠴᠢ | ᠶᠢ ᠪᠠᠭᠲᠠᠨ᠎ᠠ︶᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠡᠷᠦᠬᠡ ᠠᠮᠠ ᠲᠠᠢ ᠪᠦᠭᠡᠳ ᠡᠯᠰᠡᠭᠳᠡᠬᠦ | ᠦᠶ᠎ᠡ ᠳᠤ ᠬᠤᠲᠠ ᠬᠦᠳᠡᠭᠡ ᠶᠢᠨ ᠳᠤᠤᠷ᠎ᠠ ᠪᠠᠲᠤᠯᠠᠭᠠᠲᠤ ᠭᠡᠷ ᠪᠦᠯᠢ ᠶᠢᠨ ᠦᠷ᠎ᠡ ᠬᠡᠤᠬᠡᠳ᠂ ᠳᠠᠷᠤᠢ᠄ ᠮᠠᠨ ᠤ | ᠲᠤᠭᠤᠷᠢᠭ ᠤᠨ ᠬᠤᠲᠠ ᠬᠦᠳᠡᠭᠡ ᠶᠢᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠲᠡᠳᠭᠦᠮᠵᠢ ᠬᠦᠷᠲᠡᠵᠦ | ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠪᠤᠶᠤ ᠲᠤᠰ ᠪᠡᠶ᠎ᠡ ᠨᠢ ᠳᠤᠤᠷ᠎ᠠ ᠪᠠᠲᠤᠯᠠᠭ᠎ᠠ ᠬᠦᠷᠲᠡᠵᠦ ᠪᠠᠶᠢᠭ᠎ᠠ ᠰᠤᠷᠤᠬᠴᠢ | ᠶᠢ ᠵᠢᠭᠠᠨ᠎ᠠ᠃ | 2. ᠬᠤᠲᠠ ᠬᠦᠳᠡᠭᠡ ᠶᠢᠨ ᠪᠤᠰᠤᠳ ᠭᠡᠷ ᠤᠨ ᠠᠮᠢᠳᠤᠷᠠᠯ ᠬᠦᠴᠢᠷᠳᠡᠯᠲᠡᠢ ᠰᠤᠷᠤᠬᠴᠢ ᠶᠢᠨ ᠲᠡᠳᠭᠦᠮᠵᠢ ᠶᠢᠨ | ᠲᠦᠷᠦ ᠶᠢᠨ ᠪᠤᠳᠤᠯᠭ᠎ᠠ᠃ | ᠬᠤᠲᠠ ᠬᠦᠳᠡᠭᠡ ᠶᠢᠨ ᠪᠤᠰᠤᠳ ᠭᠡᠷ ᠤᠨ ᠠᠮᠢᠳᠤᠷᠠᠯ ᠬᠦᠴᠢᠷᠳᠡᠯᠲᠡᠢ ᠰᠤᠷᠤᠬᠴᠢ ᠳᠤ ᠭᠡᠷᠡᠭᠵᠢᠭᠦᠯᠬᠦ ᠡᠩ | ᠤᠨ ᠳᠡᠭᠡᠳᠦ ᠵᠡᠷᠭᠡ ᠶᠢᠨ ᠰᠣᠷᠭᠠᠭᠤᠯᠢ ᠳᠤ ᠡᠯᠰᠡᠭᠳᠡᠭᠰᠡᠨ ᠰᠢᠨ᠎ᠡ ᠰᠤᠷᠤᠬᠴᠢ ᠶᠢᠨ ᠰᠣᠷᠭᠠᠭᠤᠯᠢ ᠳᠤ ᠣᠷᠣᠬᠤ ᠶᠢ | ᠲᠡᠳᠭᠦᠭᠦ ᠪᠤᠳᠠᠲᠠᠢ ᠲᠦᠷᠦ ᠶᠢᠨ ᠪᠤᠳᠤᠯᠭ᠎ᠠ ᠶᠢ ᠠᠶᠢᠮᠠᠭ ᠬᠤᠲᠠ ᠠᠴᠠ ᠦᠪᠡᠰᠦᠪᠡᠨ ᠲᠤᠭᠲᠠᠭᠠᠨ᠎ᠠ᠃ ᠭᠡᠷ ᠤᠨ | ᠠᠮᠢᠳᠤᠷᠠᠯ ᠶᠠᠳᠠᠭᠤ ᠬᠦᠴᠢᠷᠳᠡᠯᠲᠡᠢ ᠨᠢ᠄ ᠰᠣᠷᠣᠬᠴᠢ ᠶᠢᠨ ᠭᠡᠷ ᠪᠦᠯᠢ ᠶᠢᠨ ᠣᠷᠣᠯᠭ᠎ᠠ ᠨᠢ ᠰᠤᠷᠤᠯᠭ᠎ᠠ ᠶᠢᠨ | ᠬᠤᠭᠤᠴᠠᠭᠠᠨ ᠤ ᠰᠤᠷᠤᠯᠴᠠᠯᠭ᠎ᠠ ᠪᠠᠨ ᠪᠡᠶᠡᠯᠡᠭᠦᠯᠬᠦ ᠳᠤ ᠬᠡᠷᠡᠭᠰᠡᠬᠦ ᠰᠠᠭᠤᠷᠢ ᠵᠠᠷᠤᠳᠠᠯ ᠢ ᠦᠭᠴᠦ ᠳᠡᠶᠢᠯᠬᠦ ᠦᠭᠡᠢ ᠶᠢ | ᠵᠢᠭᠠᠨ᠎ᠠ᠃ ᠭᠡᠷ ᠤᠨ ᠠᠮᠢᠳᠤᠷᠠᠯ ᠬᠦᠴᠢᠷᠳᠡᠯᠲᠡᠢ ᠶᠢ ᠲᠤᠭᠲᠠᠭᠠᠬᠤ ᠨᠢ ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ | ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ᠂ ᠶᠠᠳᠠᠭᠤ ᠶᠢ ᠲᠡᠳᠭᠦᠬᠦ ᠵᠡᠷᠭᠡ ᠬᠤᠯᠪᠤᠬᠳᠠᠯ ᠪᠦᠬᠦᠢ ᠰᠠᠯᠠᠭ᠎ᠠ | ᠮᠦᠴᠢᠷ ᠠᠴᠠ ᠲᠤᠭᠲᠠᠭᠠᠨ᠎ᠠ᠃ ᠳᠤᠤᠷᠠᠬᠢ ᠬᠡᠳᠦᠨ ᠵᠦᠢᠯ ᠳᠤ ᠨᠡᠶᠢᠴᠡᠪᠡᠯ ᠣᠷᠢᠳᠠᠪᠡᠷ ᠪᠤᠳᠤᠯᠬᠢᠯᠠᠨ᠎ᠠ᠃ | ︵1︶ ᠬᠦᠳᠡᠭᠡ ᠲᠤᠰᠬᠤᠨ ᠤ ᠣᠨᠴᠠ ᠬᠦᠴᠢᠷᠳᠡᠯᠲᠡᠢ ᠪᠤᠯᠤᠨ ᠬᠤᠲᠠ ᠪᠠᠯᠭᠠᠰᠤᠨ ᠤ ᠳᠤᠤᠷ᠎ᠠ | ᠪᠠᠲᠤᠯᠠᠭᠠᠲᠤ ᠡᠷᠦᠬᠡ᠃ | ︵2︶ ᠦᠨᠦᠴᠢᠨ ᠪᠤᠶᠤ ᠵᠡᠮᠳᠡᠭᠴᠤᠳ ᠤᠨ ᠭᠡᠷ ᠪᠦᠯᠢ᠃ | ︵3︶ ᠪᠠᠶᠢᠭᠠᠯᠢ ᠶᠢᠨ ᠭᠠᠮᠰᠢᠭ ᠬᠦᠷᠲᠡᠵᠦ᠂ ᠬᠦᠨᠳᠦ ᠶᠡᠭᠡ ᠬᠤᠬᠢᠷᠠᠯ ᠣᠴᠠᠷᠠᠵᠦ᠂ ᠰᠤᠷᠤᠬᠴᠢ ᠶᠢᠨ | ᠵᠠᠷᠤᠳᠠᠯ ᠢ ᠭᠠᠷᠭᠠᠵᠦ ᠳᠡᠶᠢᠯᠭᠦ ᠦᠭᠡᠢ ᠡᠲᠡᠭᠡᠳ᠃ | ︵4︶ ᠭᠡᠷ ᠪᠦᠯᠢ ᠶᠢᠨ ᠪᠦᠷᠢᠯᠳᠦᠭᠦᠨ ᠨᠢ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ᠃ | ︵5︶ ᠭᠡᠷ ᠪᠦᠯᠢ ᠶᠢᠨ ᠭᠤᠤᠯ ᠣᠷᠣᠯᠭ᠎ᠠ ᠣᠯᠣᠬᠴᠢ ᠨᠢ ᠠᠳᠡᠯ ᠠᠴᠠ ᠪᠤᠯᠵᠦ ᠬᠦᠳᠡᠯᠮᠦᠷᠢᠯᠡᠬᠦ ᠴᠢᠳᠠᠪᠤᠷᠢ | ᠪᠠᠨ ᠠᠯᠳᠠᠬᠰᠠᠨ᠃ | ︵6︶ ᠲᠤᠬᠲᠠᠬᠰᠠᠨ ᠣᠷᠣᠯᠭ᠎ᠠ ᠦᠭᠡᠢ ᠦᠷᠦᠭᠡᠰᠦᠨ ᠦᠨᠦᠴᠢᠨ ᠭᠡᠷ ᠪᠦᠯᠢ᠃ | ︵7︶ ᠦᠲᠡᠯᠦᠭᠡ᠂ ᠪᠠᠭ᠎ᠠ᠂ ᠬᠢᠵᠠᠭᠠᠷ᠂ ᠶᠠᠳᠠᠭᠤ ᠵᠢᠴᠢ ᠪᠤᠶᠢᠲᠠ ᠪᠦᠭᠯᠡᠭᠦᠦ ᠭᠦᠳᠡᠭᠡ ᠲᠤᠰᠬᠤᠨ ᠤ | ᠠᠮᠢᠳᠤᠷᠠᠯ ᠬᠦᠴᠢᠷᠳᠡᠯᠲᠡᠢ ᠭᠡᠷ ᠪᠦᠯᠢ᠃ | ︵8︶ ᠡᠴᠢᠭᠡ ᠡᠬᠡ ᠬᠤᠶᠠᠷ ᠲᠠᠯ᠎ᠠ ᠪᠤᠶᠤ ᠨᠢᠭᠡ ᠲᠠᠯ᠎ᠠ ᠨᠢ ᠠᠵᠢᠯ ᠠᠯᠳᠠᠬᠰᠠᠨ ᠭᠡᠷ ᠪᠦᠯᠢ ᠃ | ᠡᠯ᠎ᠡ ᠭᠠᠵᠠᠷ ᠤᠨ ᠲᠤᠭᠲᠠᠭᠠᠬᠰᠠᠨ ᠬᠤᠲᠠ ᠬᠦᠳᠡᠭᠡ ᠶᠢᠨ ᠪᠤᠰᠤᠳ ᠠᠮᠢᠳᠣᠷᠠᠯ ᠬᠦᠴᠢᠷᠳᠡᠯᠲᠡᠢ ᠭᠡᠷ ᠪᠦᠯᠢ | ᠶᠢᠨ ᠰᠣᠷᠣᠬᠴᠢ ᠳᠤ ᠬᠡᠷᠡᠭᠵᠢᠭᠦᠯᠬᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠰᠤᠷᠤᠬᠴᠢ ᠶᠢᠨ | ᠰᠣᠷᠭᠠᠭᠤᠯᠢ ᠳᠤ ᠣᠷᠣᠬᠤ ᠶᠢ ᠲᠡᠳᠭᠦᠬᠦ ᠲᠦᠷᠦ ᠶᠢᠨ ᠪᠤᠳᠤᠯᠭ᠎ᠠ ᠶᠢ ᠦᠪᠡᠷᠲᠡᠭᠡᠨ ᠵᠠᠰᠠᠬᠤ ᠣᠷᠣᠨ ︵ᠰᠣᠷᠭᠠᠨ | ᠬᠦᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ ᠳᠤ ᠮᠡᠳᠡᠭᠦᠯᠦᠨ ᠳᠠᠩᠰᠠᠯᠠᠭᠤᠯᠤᠨ᠎ᠠ᠃ | ᠭᠦᠢᠴᠡᠳᠭᠡᠬᠦ ᠮᠠᠲ᠋ᠧᠷᠢᠶᠠᠯ᠄ | 1. ᠡᠯᠰᠡᠬᠦ ᠮᠡᠳᠡᠭᠳᠡᠯ ︵ᠪᠤᠶᠤ ᠳᠡᠭᠡᠳᠦ ᠰᠤᠷᠭᠠᠭᠤᠯᠢ ᠶᠢᠨ ᠰᠣᠷᠣᠬᠴᠢ ᠶᠢᠨ ᠦᠨᠡᠮᠯᠡᠯ︶ ᠤᠨ ᠣᠣᠯ ᠬᠤᠪᠢ | ᠵᠢᠴᠢ ᠬᠤᠶᠠᠷ ᠬᠤᠪᠢ ᠳᠠᠷᠤᠮᠠᠯᠯᠠᠬᠰᠠᠨ ᠮᠠᠲ᠋ᠧᠷᠢᠶᠠᠯ ᠃ | 2. ᠳᠡᠭᠡᠳᠦ ᠰᠣᠷᠭᠠᠭᠤᠯᠢ ᠶᠢᠨ ᠵᠤᠭᠤᠰ ᠲᠤᠰᠢᠶᠠᠬᠤ ᠮᠡᠳᠡᠭᠳᠡᠯ ︵ᠪᠤᠶᠤ ᠰᠤᠷᠤᠬᠴᠢ ᠶᠢᠨ ᠰᠣᠷᠣᠯᠭ᠎ᠠ ᠶᠢᠨ | ᠵᠠᠷᠣᠳᠠᠯ ᠪᠤᠯᠤᠨ ᠪᠠᠶᠢᠷᠢ ᠶᠢᠨ ᠰᠦᠢᠳᠭᠡᠯ ᠢ ᠭᠡᠷᠡᠴᠢᠯᠡᠵᠦ ᠳᠡᠶᠢᠯᠬᠦ ᠪᠢᠴᠢᠭ ᠮᠠᠲ᠋ᠧᠷᠢᠶᠠᠯ︶ ᠤᠨ ᠣᠣᠯ ᠬᠤᠪᠢ ᠵᠢᠴᠢ | ᠬᠤᠶᠠᠷ ᠬᠤᠪᠢ ᠳᠠᠷᠤᠮᠠᠯᠯᠠᠬᠰᠠᠨ ᠮᠠᠲ᠋ᠧᠷᠢᠶᠠᠯ᠃ | 3. ᠰᠣᠷᠣᠬᠴᠢ ᠶᠢᠨ ᠪᠡᠶ᠎ᠡ ᠶᠢᠨ ᠦᠨᠡᠮᠯᠡᠯ ᠪᠤᠯᠤᠨ ᠡᠷᠦᠬᠡ ᠠᠮᠠ ᠶᠢᠨ ᠳᠡᠪᠲᠡᠷ ᠤᠨ ᠣᠣᠯ ᠬᠤᠪᠢ ᠵᠢᠴᠢ | ᠬᠤᠶᠠᠷ ᠬᠤᠪᠢ ᠳᠠᠷᠣᠮᠠᠯᠯᠠᠬᠰᠠᠨ ᠮᠠᠲ᠋ᠧᠷᠢᠶᠠᠯ᠃ | 4. ᠬᠠᠮᠲᠤ ᠵᠢᠭᠡᠯᠡᠬᠦ ᠡᠲᠡᠭᠡᠳ ᠤᠨ ᠪᠡᠶ᠎ᠡ ᠶᠢᠨ ᠦᠨᠡᠮᠯᠡᠯ ᠪᠤᠯᠤᠨ ᠡᠷᠦᠬᠡ ᠠᠮᠠ ᠶᠢᠨ ᠳᠡᠪᠲᠡᠷ ᠤᠨ ᠤᠤᠯ | ᠬᠤᠪᠢ ᠵᠢᠴᠢ ᠬᠤᠶᠠᠷ ᠬᠤᠪᠢ ᠳᠠᠷᠣᠮᠠᠯᠯᠠᠬᠰᠠᠨ ᠮᠠᠲ᠋ᠧᠷᠢᠶᠠᠯ ᠃ | 5.ᠰᠤᠷᠤᠯᠭ᠎ᠠ ᠶᠢᠨ ᠲᠡᠳᠭᠦᠮᠵᠢ ᠶᠢᠨ ᠵᠢᠭᠡᠯᠡᠯᠭᠡ ᠶᠢ ᠭᠤᠶᠤᠴᠢᠯᠠᠬᠤ ᠭᠡᠷᠡᠴᠢ ︵ᠳᠣᠣᠷ᠎ᠠ ᠪᠠᠲᠤᠯᠠᠭ᠎ᠠ ᠶᠢᠨ | ᠦᠨᠡᠮᠯᠡᠯ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠭᠠᠷᠭᠠᠬᠰᠠᠨ ᠶᠠᠳᠠᠭᠤ ᠬᠦᠴᠢᠷᠳᠡᠯᠲᠡᠢ ᠭᠡᠷ | ᠪᠦᠯᠢ ᠶᠢᠨ ᠭᠡᠷᠡᠴᠢ︶ ᠶᠢᠨ ᠤᠤᠯ ᠬᠤᠪᠢ ᠵᠢᠴᠢ ᠬᠤᠶᠠᠷ ᠬᠤᠪᠢ ᠳᠠᠷᠤᠮᠠᠯᠯᠠᠬᠰᠠᠨ ᠮᠠᠲ᠋ᠧᠷᠢᠶᠠᠯ᠃ | 6. ᠵᠢᠭᠡᠯᠡᠬᠦ ᠬᠢᠷᠢ ᠭᠡᠮ ᠢ ᠲᠤᠳᠤᠯᠠᠬᠰᠠᠨ ᠭᠡᠷᠡᠴᠢ ︵ᠨᠢᠭᠡᠨᠲᠡ ᠰᠤᠷᠭᠠᠭᠤᠯᠢ ᠳᠤ ᠰᠠᠭᠤᠵᠦ ᠪᠠᠶᠢᠭ᠎ᠠ | ᠰᠤᠷᠤᠬᠴᠢ ᠠᠴᠠ ᠬᠠᠩᠭᠠᠨ᠎ᠠ᠂ ᠰᠢᠨ᠎ᠡ ᠰᠤᠷᠤᠬᠴᠢ ᠬᠠᠩᠭᠠᠬᠤ ᠴᠢᠬᠤᠯᠠ ᠦᠭᠡᠢ︶ ᠬᠤᠶᠠᠷ ᠬᠤᠪᠢ᠃ | 7. ᠰᠤᠷᠤᠭᠴᠢ ᠶᠢᠨ ᠦᠨᠡᠮᠯᠡᠯ ᠤᠨ ᠣᠣᠯ ᠬᠤᠪᠢ ᠵᠢᠴᠢ ᠬᠤᠶᠠᠷ ᠬᠤᠪᠢ ᠳᠠᠷᠣᠮᠠᠯᠯᠠᠬᠰᠠᠨ ᠮᠠᠲ᠋ᠧᠷᠢᠶᠠᠯ᠃ | ᠭᠦᠢᠴᠡᠳᠭᠡᠬᠦ ᠳᠠᠷᠠᠭᠠᠯᠠᠯ᠄ ᠭᠤᠶᠤᠴᠢᠯᠠᠬᠴᠢ ᠠᠴᠠ ᠭᠤᠶᠤᠴᠢᠯᠠᠨ᠎ᠠ᠂ ᠬᠦᠯᠢᠶᠡᠨ ᠠᠪᠬᠤ᠂ ᠬᠢᠨᠠᠨ ᠰᠢᠯᠭᠠᠬᠤ᠂ | ᠬᠠᠷᠢᠭᠤᠴᠠᠨ ᠬᠦᠢᠴᠡᠳᠭᠡᠬᠦ᠂ ᠬᠢᠨᠠᠨ ᠵᠦᠪᠰᠢᠶᠡᠷᠡᠬᠦ᠂ ᠬᠦᠢᠴᠡᠳᠭᠡᠵᠦ ᠳᠠᠭᠤᠰᠬᠤ᠃ | ᠬᠦᠢᠴᠡᠳᠭᠡᠬᠦ ᠬᠤᠭᠤᠴᠠᠭ᠎ᠠ᠄ 1 ᠠᠵᠢᠯᠯᠠᠬᠤ ᠡᠳᠦᠷ | ᠬᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ ᠶᠢᠨ 8᠄ | 30 — 12᠄ 00 ᠦᠳᠡ ᠶᠢᠨ ᠬᠤᠶᠢᠨ᠎ᠠ ᠶᠢᠨ 15᠄00 — 18᠄00 | ᠰᠦᠢᠳᠭᠡᠯ ᠬᠤᠷᠢᠶᠠᠬᠤ ᠪᠠᠶᠢᠳᠠᠯ᠄ ᠰᠦᠢᠳᠭᠡᠯ ᠬᠤᠷᠢᠶᠠᠬᠤ ᠦᠭᠡᠢ | ᠬᠦᠢᠴᠡᠳᠭᠡᠬᠦ ᠭᠠᠵᠠᠷ᠄ ᠰᠣᠷᠭᠠᠨ ᠬᠦᠮᠦᠵᠢᠯ ᠤᠨ ᠲᠤᠪᠴᠢᠶ᠎ᠠ | ᠬᠠᠷᠢᠭᠤᠴᠠᠯᠭᠠᠲᠤ ᠰᠠᠯᠠᠭ᠎ᠠ ᠮᠦᠴᠢᠷ᠄ ᠦᠬᠠᠢ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶ᠎ᠠ | ᠬᠠᠷᠢᠯᠴᠠᠬᠤ ᠣᠲᠠᠰᠤ᠄ ᠬᠤᠲᠠ ᠶᠢᠨ ᠰᠣᠷᠭᠠᠨ ᠬᠦᠮᠦᠵᠢᠯ ᠤᠨ ᠲᠤᠪᠴᠢᠶ᠎ᠠ᠄ 0473 — 3998057 | ᠬᠠᠶᠢᠨᠠᠨ ᠲᠤᠭᠤᠷᠢᠭ ᠤᠨ ᠰᠣᠷᠭᠠᠨ ᠬᠦᠮᠦᠵᠢᠯ ᠤᠨ ᠲᠤᠪᠴᠢᠶ᠎ᠠ᠄ 0473 — 4022171 | |