︵2018 ᠤᠨ ᠤ 12 ᠰᠠᠷ᠎ᠠ ᠶᠢᠨ 18 ᠤ ᠡᠳᠤᠷ︶ ᠰᠢ ᠶᠢᠨ ᠫᠢᠩ | ᠨᠥᠬᠦᠳ ᠡ᠂ ᠨᠠᠶᠢᠵᠠ ᠨᠠᠷ ᠡ᠄ 1978 ᠤᠨ ᠤ 12 ᠰᠠᠷ᠎ᠠ ᠶᠢᠨ 18 ᠤ ᠡᠳᠤᠷ ᠪᠤᠯ ᠳᠤᠮᠳᠠᠳᠤ ᠶᠢᠨ | ᠦᠨᠳᠦᠰᠦᠲᠡᠨ ᠤ ᠲᠡᠦᠬᠡᠨ ᠳᠡᠬᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ᠂ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡᠨ ᠳᠡᠭᠡᠷ᠎ᠡ ᠴᠥᠮ ᠲᠡᠦᠬᠡ ᠶᠢᠨ ᠬᠠᠭᠤᠳᠠᠰᠤᠨ᠎ᠠ ᠲᠡᠮᠳᠡᠭᠯᠡᠭᠳᠡᠬᠦ | ᠴᠢᠬᠤᠯᠠ ᠡᠳᠤᠷ ᠪᠤᠯᠬᠤ ᠨᠢ ᠯᠠᠪᠲᠠᠶ ᠶᠤᠮ᠃ ᠡᠨᠡ ᠡᠳᠦᠷ ᠲᠤ᠂ ᠮᠠᠨ ᠤ ᠨᠠᠮ ᠠᠷᠪᠠᠨ ᠨᠢᠭᠡᠳᠦᠭᠡᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠥ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠰᠢᠬᠢ ᠨᠠᠮ ᠤᠨ ᠲᠡᠦᠬᠡᠨ ᠳᠡᠭᠡᠷᠡᠬᠢ ᠠᠯᠤᠰ ᠬᠡᠳᠦ ᠶᠢᠨ ᠠᠴᠢ ᠬᠤᠯᠪᠣᠭᠳᠠᠯ ᠲᠠᠢ | ᠠᠭᠤᠤ ᠶᠡᠭᠡ ᠡᠷᠭᠢᠯᠲᠡ ᠶᠢ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠠᠭᠤᠤ ᠶᠡᠭᠡ ᠠᠶᠠᠨ ᠵᠠᠮ ᠢ ᠡᠬᠢᠯᠡᠭᠦᠯᠦᠭᠰᠡᠨ ᠪᠠᠶᠢᠨ᠎ᠠ᠃ | ᠡᠨᠡ ᠡᠳᠤᠷ᠂ ᠪᠢᠳᠠ ᠠᠳᠡ ᠦᠪᠡᠳᠡᠭᠰᠢ ᠶᠡᠭᠡ ᠴᠤᠬᠯᠠᠭᠠᠨ ᠪᠤᠯᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ | 40 ᠵᠢᠯ ᠤᠨ ᠭᠡᠷᠡᠯ ᠰᠠᠴᠤᠷᠠᠩᠭᠤᠶ ᠲᠡᠦᠬᠡᠨ ᠠᠬᠢᠴᠠ ᠶᠢ ᠡᠷᠬᠢᠴᠡᠬᠦᠯᠵᠥ᠂ ᠥᠭᠡᠷᠡᠴᠢᠯᠡᠯᠲᠡ ᠨᠡᠭᠡᠭᠡᠯᠲᠡ ᠶᠢᠨ ᠠᠭᠤᠤ | ᠶᠡᠭᠡ ᠠᠮᠵᠢᠯᠲᠠ ᠪᠦᠲᠦᠮᠵᠢ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠵᠦ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠨᠡᠬᠡᠬᠡᠯᠳᠡ ᠶᠢ | ᠦᠷᠭᠦᠯᠵᠢᠯᠡᠨ ᠤᠷᠤᠭᠰᠢᠯᠠᠭᠤᠯᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠳᠠᠶᠢᠴᠢᠯᠠᠵᠥ ᠪᠠᠶᠢᠨ᠎ᠠ᠃ ᠨᠥᠬᠦᠳ ᠡ᠂ ᠨᠠᠶᠢᠵᠠ | ᠨᠠᠷ ᠡ︕ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ | ᠪᠣᠯ ᠨᠠᠮ ᠪᠠ ᠤᠯᠤᠰ ᠭᠦᠷᠦᠨ ᠤ ᠶᠠᠮᠠᠷ ᠵᠠᠮ ᠢᠶᠠᠷ ᠵᠠᠮᠨᠠᠵᠥ ᠶᠠᠭᠠᠬᠢᠵᠥ ᠬᠦᠭᠵᠢᠪᠡᠯ ᠳᠠᠭᠠᠷᠠᠬᠤ ᠴᠢᠬᠤᠯᠠ ᠶᠡᠭᠡ | ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠶᠤᠮ᠃ ᠳᠤᠬᠠᠢ ᠶᠢᠨ ᠦᠶ᠎ᠡ ᠳᠤ᠂ ᠳᠡᠯᠡᠬᠡᠶ ᠶᠢᠨ ᠠᠵᠤ | ᠠᠬᠤᠶ ᠲᠦᠷᠭᠡᠨ ᠢᠶᠠᠷ ᠬᠥᠭᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠡᠳᠦᠷ ᠠᠴᠠ ᠡᠳᠦᠷ | ᠰᠢᠨᠡᠳᠴᠤ ᠪᠠᠶᠢᠯ᠎ᠠ᠂ ᠬᠡᠳᠡᠯ᠎ᠡ ︽ᠰᠣᠶᠣᠯ ᠤᠨ ᠶᠡᠭᠡ ᠬᠤᠪᠢᠰᠬᠠᠯ︾ ᠤᠨ ᠠᠷᠪᠠᠨ ᠵᠢᠯ ᠤᠨ ᠳᠣᠲᠣᠭᠠᠳᠤ ᠶᠢᠨ | ᠰᠠᠮᠠᠭᠤᠷᠠᠯ ᠨᠢ ᠮᠠᠨ ᠤ ᠤᠯᠤᠰ ᠤᠨ ᠠᠵᠤ ᠠᠬᠤᠶ ᠶᠢ ᠰᠦᠢᠷᠡᠯ ᠤᠨ ᠳᠦᠢᠯ ᠳᠤ ᠲᠤᠯᠭᠠᠷᠠᠭᠤᠯᠵᠤ᠂ ᠠᠷᠠᠳ | ᠲᠦᠮᠡᠨ ᠤ ᠢᠳᠡᠵᠦ ᠡᠮᠦᠰᠬᠦ ᠳᠡᠭᠡᠨ ᠵᠥᠪᠯᠡᠬᠦ ᠨᠢ ᠬᠦᠷᠲᠡᠯ᠎ᠡ ᠠᠰᠠᠭᠤᠳᠠᠯ ᠪᠤᠯᠵᠦ᠂ ᠤᠯᠤᠰ ᠭᠦᠷᠦᠨ ᠤ ᠪᠦᠳᠦᠭᠡᠨ | ᠪᠠᠶᠢᠭᠤᠯᠤᠯᠲᠠ ᠶᠢ ᠰᠡᠷᠭᠦᠭᠡᠨ ᠪᠤᠰᠬᠠᠭᠤᠰᠢᠲᠠᠢ ᠪᠠᠶᠢᠪᠠ᠃ ᠨᠠᠮ ᠤᠨ ᠳᠣᠲᠣᠨ᠎ᠠ ᠭᠠᠳᠠᠨ᠎ᠠ ᠶᠢᠨ ᠬᠢᠨ ︽ᠰᠣᠶᠣᠯ ᠤᠨ | ᠶᠡᠭᠡ ᠬᠤᠪᠢᠰᠬᠠᠯ︾ ᠤᠨ ᠠᠯᠳᠠᠭ᠎ᠠ ᠶᠢ ᠵᠠᠯᠠᠷᠠᠭᠤᠯᠬᠤ ᠬᠡᠷᠡᠭᠲᠡᠶ ᠬᠡᠮᠡᠨ ᠴᠢᠩᠭ᠎ᠠ ᠱᠠᠭᠠᠷᠳᠠᠵᠤ᠂ ᠨᠠᠮ ᠪᠠ ᠤᠯᠤᠰ | ᠭᠦᠷᠦᠨ ᠢ ᠠᠶᠤᠯ ᠵᠣᠪᠠᠯᠠᠩ ᠤᠨ ᠳᠤᠮᠳᠠ ᠠᠴᠠ ᠰᠢᠨ᠎ᠡ ᠪᠠᠷ ᠡᠷᠡᠯᠬᠡᠭᠯᠡᠨ ᠪᠣᠰᠬᠠᠪᠠ᠃ ᠳ᠋ᠧᠩ ᠰᠢᠶᠤᠤ ᠫᠢᠩ ᠨᠥᠬᠦᠷ | ᠄ ︽ᠬᠡᠷᠪᠡ ᠤᠳᠦ ᠪᠠᠰᠠ ᠥᠭᠡᠷᠡᠴᠢᠯᠡᠯᠲᠡ ᠬᠢᠬᠦ ᠤᠶᠢᠭᠡᠢ ᠪᠣᠯ ᠮᠠᠨ ᠤ ᠣᠳᠣᠬᠢᠴᠢᠯᠠᠯᠲᠠ ᠶᠢᠨ ᠦᠢᠯᠡᠰ ᠪᠣᠯᠤᠨ | ᠨᠡᠶᠢᠭᠡᠮ ᠵᠢᠷᠤᠮᠲᠤ ᠦᠢᠯᠡᠰ ᠮᠦᠬᠦᠬᠦ ᠠᠶᠤᠯ ᠳᠤ ᠳᠤᠯᠭᠠᠷᠠᠬᠤ ᠪᠣᠯᠤᠨ᠎ᠠ︾ ᠭᠡᠵᠦ ᠵᠢᠭᠠᠵᠥ ᠭᠠᠷᠭᠠᠪᠠ᠃ | ᠳ᠋ᠧᠩ ᠰᠢᠶᠤᠤ ᠫᠢᠩ ᠨᠥᠬᠦᠷ ᠤᠨ ᠤᠳᠤᠷᠢᠳᠤᠯᠭ᠎ᠠ ᠳᠣᠣᠷ᠎ᠠ ᠪᠠ ᠠᠬᠠᠮᠠᠳ ᠨᠢᠭᠡ ᠦᠶ᠎ᠡ ᠶᠢᠨ | ᠬᠤᠪᠢᠰᠬᠠᠯᠴᠢᠳ ᠤᠨ ᠳᠡᠮᠵᠢᠯᠭᠡ ᠳᠣᠣᠷ᠎ᠠ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠠᠴᠠ ︽ᠵᠡᠭᠦᠨ︾ ᠤ ᠠᠯᠳᠠᠭ᠎ᠠ ᠪᠤᠷᠤᠭᠤ ᠶᠢᠨ ᠤᠷᠳᠤ ᠬᠤᠭᠤᠴᠠᠭᠠᠨ ᠤ ᠬᠦᠨᠳᠦ | ᠬᠦᠯᠢᠶᠡᠰᠦᠯᠡᠯ ᠢ ᠡᠪᠳᠡᠵᠦ᠂ ︽ᠬᠤᠶᠠᠷ ᠪᠦᠬᠦᠨ︾ ᠭᠡᠳᠡᠭ ᠪᠤᠷᠤᠭᠤ ᠴᠢᠭᠯᠡᠯᠲᠡ ᠶᠢ ᠰᠢᠭᠦᠮᠵᠢᠯᠡᠵᠥ᠂ ᠡᠷᠬᠡᠪᠰᠢ ᠮᠠᠤ | ᠽᠧ ᠳ᠋ᠦᠩ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠪᠦᠷᠢᠨ ᠪᠦᠲᠦᠨ ᠵᠦᠪ | ᠤᠨᠤᠪᠴᠢᠳᠠᠢ ᠪᠠᠷ ᠡᠵᠡᠮᠰᠢᠵᠦ᠂ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠶ ᠶᠠᠷᠢᠯᠴᠠᠭ᠎ᠠ ᠶᠢ | ᠳᠡᠭᠡᠳᠦ ᠬᠡᠮᠵᠢᠶ᠎ᠡ ᠪᠠᠷ ᠦᠨᠡᠯᠡᠵᠦ᠂ ︽ᠠᠩᠬᠢ ᠶᠢᠨ ᠲᠡᠮᠡᠴᠡᠯ ᠢᠶᠠᠷ ᠬᠥᠲᠥᠯᠪᠦᠷᠢ ᠪᠣᠯᠭᠠᠬᠤ︾ ᠶᠢ ᠡᠷᠡᠰ | ᠡᠴᠦᠰᠯᠡᠬᠦᠯᠵᠥ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠱᠤᠭᠤᠮ ᠂ ᠤᠯᠤᠰ ᠲᠦ᠋ᠷᠦ ᠶᠢᠨ ᠱᠤᠭᠤᠮ᠂ | ᠵᠣᠬᠢᠶᠠᠨ ᠪᠠᠶᠢᠭᠤᠯᠤᠯᠲᠠ ᠶᠢᠨ ᠱᠤᠭᠤᠮ ᠢ ᠳᠠᠬᠢᠨᠳᠠ ᠰᠢᠨ᠎ᠡ ᠪᠠᠷ ᠳᠤᠬᠳᠠᠭᠠᠬᠤ ᠶᠢ ᠬᠦᠢᠴᠡᠳ ᠨᠤᠳᠠᠯᠠᠪᠠ᠃ | ᠡᠬᠦᠨ ᠠᠴᠠ ᠡᠬᠢᠯᠡᠵᠥ᠂ ᠮᠠᠨ ᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠬᠥᠰᠢᠭᠡ ᠪᠠᠨ ᠰᠡᠬᠦᠭᠰᠡᠨ ᠪᠠᠶᠢᠨ᠎ᠠ᠃ | ᠮᠠᠨ ᠤ ᠨᠠᠮ ᠥᠭᠡᠷᠡᠴᠢᠯᠡᠯᠲᠡ ᠨᠡᠭᠡᠭᠡᠯᠲᠡ ᠬᠢᠬᠦ ᠲᠡᠦᠬᠡᠲᠦ ᠴᠢᠨᠠᠷᠲᠠᠶ ᠰᠢᠶᠳᠪᠦᠷᠢᠲᠦ ᠪᠤᠳᠤᠯᠭ᠎ᠠ ᠶᠢ ᠬᠡᠷᠡᠭᠵᠢᠬᠦᠯᠬᠦ ᠪᠠᠷ | ᠲᠣᠭᠲᠠᠭᠠᠬᠰᠠᠨ ᠨᠢ ᠨᠠᠮ ᠪᠠ ᠤᠯᠤᠰ ᠭᠦᠷᠦᠨ ᠤ ᠢᠷᠡᠭᠡᠳᠦᠶ ᠬᠤᠪᠢ ᠵᠠᠶᠠᠭ᠎ᠠ ᠶᠢ ᠭᠦᠨᠵᠡᠭᠡᠢ ᠡᠵᠡᠮᠳᠡᠭᠰᠡᠨ ᠳᠤ | ᠰᠠᠭᠤᠷᠢᠯᠡᠵᠥ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠦᠢᠯᠡᠳᠦᠯᠭᠡ ᠶᠢ ᠭᠦᠨᠵᠡᠭᠡᠢ | ᠳ᠋ᠦᠩᠨᠡᠭᠰᠡᠨ ᠳᠤ ᠰᠠᠭᠤᠷᠢᠯᠠᠵᠥ᠂ ᠴᠠᠭ ᠦᠶ᠎ᠡ ᠶᠢᠨ ᠤᠷᠤᠰᠬᠠᠯ ᠢ ᠭᠦᠨᠵᠡᠭᠡᠢ ᠠᠵᠢᠬᠯᠠᠬᠰᠠᠨ ᠳᠤ ᠰᠠᠭᠤᠷᠢᠯᠠᠵᠥ᠂ | ᠦᠷᠬᠡᠨ ᠤᠯᠠᠨ ᠠᠷᠠᠳ ᠣᠯᠠᠨ ᠤ ᠬᠦᠰᠡᠯ ᠬᠦᠬᠡᠬᠡᠴᠡᠯᠳᠤᠯ ᠪᠠ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ | ᠦᠢᠯᠠᠭᠠᠬᠰᠠᠨ ᠳᠤ ᠰᠠᠭᠤᠷᠢᠯᠠᠬᠰᠠᠨ ᠶᠠᠪᠤᠳᠠᠯ ᠪᠤᠯᠤᠨ᠎ᠡ᠃ ᠳ᠋ᠧᠩ ᠰᠢᠶᠤᠤ ᠫᠢᠩ ᠨᠥᠬᠦᠷ᠄ ︽ᠦᠭᠡᠶᠢᠭᠦᠦ ᠶᠠᠳᠠᠭᠤ | ᠪᠣᠯ ᠨᠡᠶᠢᠭᠡᠮ ᠵᠢᠷᠤᠮ ᠪᠢᠰᠢ ᠶᠤᠮ︾᠂ ︽ᠪᠢᠳᠠ ᠴᠠᠭ ᠦᠶ᠎ᠡ ᠲᠠᠢ ᠵᠡᠷᠬᠡᠪᠡᠷ ᠤᠷᠤᠬᠰᠢᠯᠠᠬᠤ ᠬᠡᠷᠡᠭᠲᠡᠶ᠂ ᠡᠨᠡ ᠪᠣᠯ | ᠮᠠᠨ ᠤ ᠥᠭᠡᠷᠡᠴᠢᠯᠡᠯᠲᠡ ᠬᠢᠬᠦ ᠶᠢᠨ ᠵᠣᠷᠢᠯᠭ᠎ᠠ ᠮᠥᠨ︾ ᠬᠡᠵᠥ ᠵᠢᠭᠠᠵᠥ ᠭᠠᠷᠭᠠᠪᠠ᠃ ᠲᠡᠦᠬᠡ ᠶᠢᠨ ᠬᠥᠭᠵᠢᠯ | ᠥᠪᠡᠷ ᠤᠨ ᠢᠶᠠᠨ ᠵᠢᠮ᠎ᠡ ᠶᠣᠰᠣ ᠲᠠᠢ ᠶᠤᠮ᠂ ᠭᠡᠪᠡᠴᠦ ᠡᠭᠦᠨ ᠤ ᠳᠣᠲᠣᠷ᠎ᠠ ᠬᠦᠮᠦᠰ ᠪᠦᠷᠢᠮᠦᠰᠦᠨ ᠨᠠᠵᠠᠭᠠᠶ ᠪᠥᠭᠡᠳ | ᠰᠠᠨᠠᠭᠠᠴᠢᠯᠠᠭ᠎ᠠ ᠦᠭᠡᠢ ᠪᠢᠰᠢ ᠶᠤᠮ᠃ ᠭᠠᠭᠴᠠ ᠬᠦ ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂ | ᠲᠡᠦᠬᠡ ᠶᠢᠨ ᠬᠤᠪᠢᠰᠤᠯᠲᠠ ᠶᠢᠨ ᠴᠠᠭ ᠲᠣᠬᠢᠶᠠᠯ ᠢ ᠠᠮᠵᠢᠵᠤ᠂ ᠴᠦᠬᠦᠷᠡᠰᠢ ᠦᠬᠡᠢ ᠴᠢᠷᠮᠠᠶᠢᠨ ᠠᠵᠢᠯᠯᠠᠵᠥ᠂ | ᠵᠤᠷᠢᠬᠳᠠᠢ ᠪᠠᠷ ᠤᠷᠤᠬᠰᠢᠯᠠᠪᠠᠯ ᠬᠥᠮᠦᠨ ᠲᠥᠷᠥᠯᠬᠢᠲᠡᠨ ᠤ ᠨᠡᠶᠢᠭᠡᠮ ᠳᠠᠷᠤᠶ ᠨᠡᠩ ᠰᠠᠶᠢᠲᠤᠷ ᠤᠷᠤᠭᠰᠢᠯᠠᠵᠤ ᠴᠢᠳᠠᠬᠤ | ᠶᠤᠮ᠃ | ᠥᠭᠡᠷᠡᠴᠢᠯᠡᠯᠲᠡ ᠨᠡᠭᠡᠭᠡᠯᠳᠡ ᠪᠣᠯ ᠮᠠᠨ ᠤ ᠨᠠᠮ ᠤᠨ ᠨᠢᠭᠡ ᠤᠳᠠᠭ᠎ᠠ ᠶᠢᠨ ᠠᠭᠤᠤ ᠶᠡᠭᠡ ᠰᠡᠬᠡᠭᠡᠷᠡᠯᠲᠡ ᠮᠥᠨ᠂ | ᠶᠠᠭ ᠡᠨᠡ ᠬᠦ ᠠᠭᠤᠤ ᠶᠡᠭᠡ ᠰᠡᠬᠡᠭᠡᠷᠡᠯᠲᠡ ᠨᠢ ᠮᠠᠨ ᠤ ᠨᠠᠮ ᠤᠨ ᠤᠨᠤᠯ ᠠᠴᠠ ᠦᠢᠯᠡᠳᠦᠯᠭᠡ ᠳᠤ ᠬᠦᠷᠬᠦ ᠠᠭᠤᠤ ᠶᠡᠭᠡ | ᠡᠭᠦᠳᠦᠯᠲᠡ ᠶᠢ ᠬᠦᠮᠦᠵᠢᠬᠦᠯᠪᠡ᠃ ᠥᠭᠡᠷᠡᠴᠢᠯᠡᠯᠲᠡ ᠨᠡᠭᠡᠭᠡᠯᠳᠡ ᠪᠣᠯ ᠳᠤᠮᠳᠠᠳᠤ ᠤᠯᠤᠰ ᠤᠨ ᠠᠷᠠᠳ ᠲᠦᠮᠡᠨ | ᠪᠣᠯᠤᠨ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠨᠢᠭᠡ ᠤᠳᠠᠭ᠎ᠠ ᠶᠢᠨ ᠠᠭᠤᠤ ᠶᠡᠭᠡ | ᠬᠤᠪᠢᠰᠬᠠᠯ ᠪᠣᠯᠤᠨ᠎ᠡ᠂ ᠶᠠᠭ ᠡᠨᠡ ᠬᠦ ᠠᠭᠤᠤ ᠶᠡᠭᠡ ᠬᠤᠪᠢᠰᠬᠠᠯ ᠨᠢ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠢᠯᠡᠰ ᠤᠨ ᠠᠭᠤᠤ ᠶᠡᠭᠡ ᠦᠰᠦᠷᠦᠯᠲᠡ ᠶᠢ ᠠᠬᠢᠭᠤᠯᠵᠥ ᠴᠢᠳᠠᠵᠠᠢ︕ ᠨᠥᠬᠦᠳ ᠡ᠂ | ᠨᠠᠶᠢᠵᠠ ᠨᠠᠷ ᠡ︕ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠢ ᠪᠠᠶᠢᠭᠤᠯᠵᠥ᠂ ᠥᠭᠡᠷᠡᠴᠢᠯᠡᠯᠲᠡ ᠨᠡᠭᠡᠭᠡᠯᠳᠡ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠢᠯᠡᠰ ᠢ ᠠᠬᠢᠭᠤᠯᠤᠬᠰᠠᠨ ᠨᠢ ᠲᠠᠪᠤᠨ ᠰᠠᠷ᠎ᠠ ᠶᠢᠨ ᠳᠦᠷᠪᠡᠨ ᠤ ᠬᠥᠳᠡᠯᠭᠡᠭᠡᠨ ᠠᠴᠠ ᠨᠠᠭᠠᠰᠢ ᠮᠠᠨ ᠤ | ᠤᠯᠤᠰ ᠲᠤ ᠭᠠᠷᠤᠭᠰᠠᠨ ᠭᠤᠷᠪᠠᠨ ᠶᠡᠭᠡ ᠲᠡᠦᠬᠡᠲᠦ ᠴᠢᠨᠠᠷᠲᠠᠶ ᠬᠡᠷᠡᠭ ᠶᠠᠪᠤᠳᠠᠯ ᠮᠦᠨ᠂ ᠤᠶᠢᠢᠷ᠎ᠠ ᠦᠶ᠎ᠡ ᠠᠴᠠ | ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠭᠤᠷᠪᠠᠨ ᠶᠡᠭᠡ | ᠬᠦᠰᠢᠶ᠎ᠡ ᠲᠤᠷᠠᠰᠬᠠᠯ ᠪᠤᠯᠤᠨ᠎ᠠ᠃ | ᠮᠠᠤ ᠽᠧ ᠳ᠋ᠦᠩ ᠨᠥᠬᠦᠷ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ ᠮᠠᠷᠺᠰ ᠯᠧᠨᠢᠨ ᠤ ᠦᠵᠡᠯ ᠤᠨ ᠦᠨᠳᠦᠰᠦᠨ ᠶᠤᠰᠤ ᠶᠢ ᠳᠤᠮᠳᠠᠳᠤ ᠤᠯᠤᠰ ᠤᠨ ᠬᠤᠪᠢᠰᠬᠠᠯ ᠤᠨ | ᠪᠣᠳᠠᠲᠤ ᠦᠢᠯᠡᠳᠦᠯᠭᠡ ᠲᠠᠢ ᠤᠶᠠᠯᠳᠤᠭᠤᠯᠤᠨ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠤᠢ ᠪᠣᠯᠭᠠᠵᠤ᠂ ᠪᠦᠬᠦ | ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠲᠤ | ᠬᠤᠭᠤᠴᠠᠭᠠᠨ ᠤ ᠳᠤᠷᠰᠢ ᠴᠢᠰᠤ ᠤᠷᠤᠰᠬᠠᠨ ᠲᠡᠮᠡᠴᠡᠵᠦ ᠪᠠᠶᠢᠭᠠᠳ ᠰᠢᠨ᠎ᠡ ᠠᠷᠠᠳᠴᠢᠯᠠᠭᠰᠠᠨ ᠬᠤᠪᠢᠰᠬᠠᠯ ᠢ | ᠪᠡᠶᠡᠯᠡᠭᠦᠯᠵᠦ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠨᠡᠶᠢᠭᠡᠮ ᠵᠢᠷᠤᠮ ᠤᠨ | ᠦᠨᠳᠦᠰᠦᠨ ᠪᠠᠶᠢᠭᠤᠯᠤᠯ ᠢ ᠲᠣᠭᠲᠠᠭᠠᠵᠤ᠂ ᠳᠤᠮᠳᠠᠳᠤ ᠤᠯᠤᠰ ᠤᠨ ᠲᠡᠦᠬᠡᠨ ᠳᠠᠬᠢ ᠬᠠᠮᠤᠭ ᠤᠨ ᠭᠦᠨ ᠭᠦᠨᠵᠡᠭᠡᠶ | ᠬᠠᠮᠤᠭ ᠤᠨ ᠠᠭᠤᠤ ᠶᠡᠭᠡ ᠨᠡᠶᠢᠭᠡᠮ ᠤᠨ ᠬᠤᠪᠢᠰᠤᠯᠲᠠ ᠶᠢ ᠠᠮᠵᠢᠯᠳᠠᠳᠠᠢ ᠪᠡᠶᠡᠯᠡᠭᠦᠯᠤᠨ᠂ ᠤᠳᠤ ᠦᠶ᠎ᠡ ᠶᠢᠨ | ᠳᠤᠮᠳᠠᠳᠤ ᠤᠯᠤᠰ ᠤᠨ ᠠᠯᠢᠪᠠ ᠬᠥᠭᠵᠢᠯᠲᠡ ᠳᠠᠪᠰᠢᠯᠲᠠ ᠳᠤ ᠦᠨᠳᠦᠰᠦᠨ ᠤᠯᠤᠰ ᠲᠥᠷᠦ ᠶᠢᠨ ᠤᠷᠢᠲᠠᠯ | ᠨᠥᠬᠦᠴᠡᠯ ᠪᠤᠯᠤᠨ ᠪᠠᠶᠢᠭᠤᠯᠤᠯ ᠤᠨ ᠰᠠᠭᠤᠷᠢ ᠶᠢ ᠲᠠᠯᠪᠢᠵᠥ ᠦᠭᠭᠦᠭᠰᠡᠨ ᠶᠤᠮ᠃ ᠬᠠᠶᠢᠨ ᠰᠦᠪᠡᠭᠴᠢᠯᠡᠬᠦ | ᠶᠠᠪᠤᠴᠠ ᠳᠤ ᠬᠡᠳᠦ᠋ᠢᠪᠡᠷ ᠬᠦᠨᠳᠦ ᠨᠣᠴᠢᠲᠠᠶ ᠨᠤᠭᠤᠷᠠᠯ ᠪᠦᠳᠦᠷᠢᠯ ᠢ ᠥᠩᠭᠡᠷᠡᠭᠦᠯᠦᠭᠰᠡᠨ ᠪᠣᠯᠪᠠᠴᠤ᠂ ᠨᠠᠮ ᠤᠨ | ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠳᠤᠮᠳᠠ ᠠᠴᠠ ᠣᠯᠤᠭᠰᠠᠨ ᠥᠪᠡᠷᠮᠢᠴᠡ | ᠪᠦᠲᠦᠭᠡᠯᠴᠢ ᠴᠢᠨᠠᠷ ᠪᠦᠬᠦᠢ ᠤᠨᠤᠯ ᠤᠨ ᠦᠷ᠎ᠡ ᠪᠦᠲᠦᠭᠡᠯ ᠪᠤᠯᠤᠨ ᠯᠤᠲᠤ ᠶᠡᠭᠡ ᠠᠮᠵᠢᠯᠲᠠ ᠪᠦᠳᠦᠮᠵᠢ ᠨᠢ | ᠲᠡᠦᠬᠡ ᠶᠢᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠡᠬᠦᠳᠦᠨ | ᠴᠤᠬᠴᠠᠯᠠᠬᠤ ᠳᠤ ᠡᠷᠬᠢᠮ ᠨᠠᠨᠳᠢᠨ ᠲᠤᠷᠰᠢᠯᠭ᠎ᠠ᠂ ᠤᠨᠤᠯ ᠤᠨ ᠪᠡᠯᠡᠳᠬᠡᠯ᠂ ᠪᠤᠳᠠᠰ ᠤᠨ ᠰᠠᠭᠤᠷᠢ ᠬᠠᠩᠭᠠᠭᠰᠠᠨ | ᠪᠠᠶᠢᠨ᠎ᠠ᠃ | ᠨᠠᠮ ᠤᠨ ᠠᠷᠪᠡᠨ ᠨᠢᠭᠡᠳᠦᠭᠡᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠭᠦᠳᠡ ᠬᠤᠷᠠᠯ ᠤᠨ | ᠲᠠᠷᠠᠭ᠎ᠠ᠂ ᠳ᠋ᠧᠩ ᠰᠢᠶᠤᠤ ᠫᠢᠩ ᠨᠦᠭᠦᠷ ᠢᠶᠠᠷ ᠭᠤᠤᠯ ᠲᠦᠯᠦᠭᠡᠯᠡᠭᠴᠢ ᠪᠤᠯᠤᠬᠰᠡᠨ ᠲᠤᠮᠳᠠᠳᠤ ᠤᠯᠤᠰ ᠤᠨ ᠡᠪ | ᠬᠠᠮᠳᠤᠴᠤᠳ᠂ ᠪᠦᠭᠦ ᠨᠠᠮ ᠪᠦᠭᠦ ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠢ ᠪᠦᠯᠭᠦᠮᠳᠡᠭᠦᠯᠦᠨ | ᠲᠠᠭᠠᠭᠤᠯᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠳᠡ ᠶᠢᠨ ᠵᠦᠪ ᠪᠤᠷᠤᠭᠤ ᠬᠤᠶᠠᠷ | ᠲᠠᠯ᠎ᠡ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠤ᠂ ᠲᠠᠯᠠᠬᠡᠢ ᠶᠢᠨ ᠨᠡᠶᠢᠭᠡᠮ ᠵᠢᠷᠤᠮ ᠤᠨ ᠲᠡᠤᠭᠡᠨ ᠲᠤᠷᠰᠢᠯᠭ᠎ᠠ ᠪᠠᠷ | ᠲᠤᠯᠢᠯᠡᠯ ᠪᠤᠯᠭᠠᠵᠤ᠂ ᠳ᠋ᠧᠩ ᠰᠢᠶᠤᠤ ᠫᠢᠩ ᠤᠨ ᠤᠨᠤᠯ ᠢ ᠡᠭᠦᠳᠴᠤ᠂ ᠨᠠᠮ ᠪᠡ ᠤᠯᠤᠰ ᠤᠨ ᠠᠵᠢᠯ ᠤᠨ | ᠭᠤᠤᠯᠳᠠᠯᠭ᠎ᠠ ᠶᠢ ᠠᠵᠤ ᠠᠬᠤᠢ ᠶᠢᠨ ᠪᠦᠳᠦᠭᠡᠨ ᠪᠠᠶᠢᠭᠤᠯᠤᠯᠳᠡ ᠲᠡᠭᠡᠷ᠎ᠡ ᠰᠢᠯᠵᠢᠭᠦᠯᠵᠤ᠂ ᠦᠭᠡᠷᠡᠴᠢᠯᠡᠯᠳᠡ | ᠨᠡᠭᠡᠭᠡᠯᠳᠡ ᠶᠢ ᠭᠡᠷᠡᠭᠵᠢᠭᠦᠯᠭᠦ ᠲᠡᠤᠭᠡᠳᠤ ᠰᠢᠢᠳᠪᠦᠷᠢᠳᠤ ᠪᠤᠳᠤᠯᠭ᠎ᠠ ᠭᠠᠷᠭᠠᠵᠤ᠂ ᠨᠡᠶᠢᠭᠡᠮ ᠵᠢᠷᠤᠮ ᠤᠨ ᠮᠦᠨ ᠴᠢᠨᠠᠷ ᠢ | ᠭᠦᠨᠵᠡᠭᠡᠢ ᠢᠯᠡᠷᠡᠭᠦᠯᠵᠤ᠂ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠦᠨᠳᠤᠰᠤᠨ ᠱᠤᠭᠤᠮ ᠢ ᠲᠤᠭᠳᠠᠭᠠᠵᠤ᠂ | ᠦᠪᠡᠷ ᠤᠨ ᠵᠠᠮ ᠢᠶᠠᠷ ᠢᠶᠠᠨ ᠵᠠᠮᠨᠠᠬᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠦᠳᠦᠭᠡᠨ | ᠪᠠᠶᠢᠭᠤᠯᠬᠤ ᠶᠢ ᠲᠤᠳᠤᠷᠬᠠᠢ ᠲᠤᠷᠠᠳᠴᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠦᠳᠦᠭᠡᠨ | ᠪᠠᠶᠢᠭᠤᠯᠬᠤ ᠠᠯᠢ ᠤᠯᠠᠨ ᠦᠨᠳᠤᠰᠤᠨ ᠠᠰᠠᠭᠤᠳᠠᠯ ᠢ ᠰᠢᠨᠵᠢᠯᠡᠭᠦ ᠤᠬᠠᠭᠠᠨᠴᠢ ᠪᠠᠷ ᠬᠠᠷᠢᠭᠤᠯᠵᠤ᠂ 21 ᠳ᠋ᠤᠭᠠᠷ | ᠵᠠᠭᠤᠨ ᠤ ᠲᠤᠮᠳᠠᠴᠢ ᠭᠦᠷᠳᠡᠯ᠎ᠡ ᠭᠤᠷᠪᠡᠨ ᠠᠯᠬᠤᠮ ᠬᠤᠪᠢᠶᠠᠵᠤ᠂ ᠨᠡᠶᠢᠭᠡᠮ ᠵᠢᠷᠤᠮ ᠤᠨ ᠤᠳᠤᠬᠢᠴᠢᠯᠡᠯᠳᠡ ᠶᠢ | ᠦᠨᠳᠤᠰᠤᠨ ᠳᠤ ᠪᠠᠨ ᠪᠡᠶᠡᠯᠡᠭᠦᠯᠭᠦ ᠭᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠲᠤᠭᠳᠠᠭᠠᠵᠤ᠂ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠠᠮᠵᠢᠯᠳᠠᠳᠠᠢ ᠡᠭᠦᠳᠪᠡ᠃ | ᠨᠠᠮ ᠤᠨ ᠠᠷᠪᠡᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠡᠨ ᠤ ᠲᠦᠷᠪᠡᠳᠦᠭᠡᠷ ᠪᠦᠭᠦᠳᠡ ᠬᠤᠷᠠᠯ ᠤᠨ | ᠲᠠᠷᠠᠭ᠎ᠠ᠂ ᠵᠢᠶᠠᠩ ᠽᠧ ᠮᠢᠨ ᠨᠦᠭᠦᠷ ᠢᠶᠠᠷ ᠭᠤᠤᠯ ᠲᠦᠯᠦᠭᠡᠯᠡᠭᠴᠢ ᠪᠤᠯᠤᠬᠰᠡᠨ ᠲᠤᠮᠳᠠᠳᠤ ᠤᠯᠤᠰ ᠤᠨ ᠡᠪ | ᠬᠠᠮᠳᠤᠴᠤᠳ᠂ ᠪᠦᠭᠦ ᠨᠠᠮ ᠪᠦᠭᠦ ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠢ ᠪᠦᠯᠭᠦᠮᠳᠡᠭᠦᠯᠦᠨ | ᠲᠠᠭᠠᠭᠤᠯᠵᠤ᠂ ᠨᠠᠮ ᠤᠨ ᠦᠨᠳᠤᠰᠤᠨ ᠤᠨᠤᠯ᠂ ᠦᠨᠳᠤᠰᠤᠨ ᠱᠤᠭᠤᠮ ᠢ ᠪᠠᠷᠢᠮᠳᠠᠯᠠᠵᠤ᠂ ᠨᠡᠶᠢᠭᠡᠮ ᠵᠢᠷᠤᠮ ᠭᠡᠭᠴᠢ | ᠶᠠᠭᠤ ᠪᠤᠯᠬᠤ᠂ ᠨᠡᠶᠢᠭᠡᠮ ᠵᠢᠷᠤᠮ ᠢ ᠬᠡᠷᠬᠢᠨ ᠪᠦᠳᠦᠭᠡᠨ ᠪᠠᠶᠢᠭᠤᠯᠬᠤ ᠪᠡ ᠶᠠᠮᠠᠷ ᠶᠠᠩᠵᠤ ᠶᠢᠨ ᠨᠠᠮ ᠢ ᠪᠠᠶᠢᠭᠤᠯᠬᠤ᠂ | ᠨᠠᠮ ᠢ ᠬᠡᠷᠬᠢᠨ ᠪᠠᠶᠢᠭᠤᠯᠬᠤ ᠲᠤᠬᠠᠢ ᠲᠠᠨᠢᠯᠳᠡ ᠶᠢ ᠭᠦᠨᠵᠡᠭᠡᠶᠢᠷᠡᠭᠦᠯᠵᠤ᠂ ᠨᠠᠮ ᠢ ᠵᠠᠰᠠᠬᠤ ᠤᠯᠤᠰ ᠢ ᠵᠠᠰᠠᠬᠤ ᠰᠢᠨ᠎ᠡ | ᠬᠤᠪᠤᠷ ᠨᠡᠨᠳᠢᠨ ᠲᠤᠷᠰᠢᠯᠭ᠎ᠠ ᠶᠢ ᠬᠤᠷᠠᠮᠳᠤᠭᠤᠯᠵᠤ᠂ ︽ᠭᠤᠷᠪᠡ ᠶᠢ ᠲᠦᠯᠦᠭᠡᠯᠡᠭᠦ︾ ᠴᠢᠬᠤᠯᠡ ᠦᠵᠡᠯ ᠰᠠᠨᠠᠭ᠎ᠠ ᠶᠢ | ᠪᠤᠢ ᠪᠤᠯᠭᠠᠵᠠᠢ᠃ ᠤᠯᠤᠰ ᠤᠨ ᠲᠤᠳᠤᠭᠠᠳᠤ ᠭᠠᠳᠠᠭᠠᠳᠤ ᠶᠢᠨ ᠪᠠᠶᠢᠳᠠᠯ ᠲᠦᠢᠯ ᠤᠨ ᠨᠠᠷᠢᠨ ᠪᠤᠳᠤᠯᠢᠶᠠᠨᠳᠠᠢ᠂ | ᠲᠡᠯᠡᠭᠡᠢ ᠶᠢᠨ ᠨᠡᠶᠢᠭᠡᠮ ᠵᠢᠷᠤᠮ ᠤᠨ ᠦᠵᠡᠯ ᠭᠦᠨᠳᠤ ᠨᠤᠴᠢᠳᠠᠢ ᠨᠤᠭᠤᠷᠠᠯ ᠳᠤ ᠤᠴᠠᠷᠠᠬᠰᠡᠨ ᠬᠠᠳᠠᠭᠤ | ᠰᠢᠯᠭᠠᠯᠳᠡ ᠶᠢᠨ ᠡᠮᠤᠨ᠎ᠡ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠬᠠᠮᠠᠭᠠᠯᠠᠵᠤ᠂ ᠨᠡᠶᠢᠭᠡᠮ | ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠬᠠᠷᠠᠯᠳᠡ ᠪᠡ | ᠦᠨᠳᠤᠰᠤᠨ ᠪᠤᠷᠤ ᠲᠦᠯᠦᠪ ᠢ ᠲᠤᠭᠳᠠᠭᠠᠵᠤ᠂ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠦᠨᠳᠤᠰᠤᠨ ᠠᠵᠤ | ᠠᠬᠤᠢ ᠶᠢᠨ ᠪᠠᠶᠢᠭᠤᠯᠤᠯ ᠪᠡ ᠬᠤᠪᠢᠶᠠᠷᠢᠯᠠᠬᠤ ᠲᠦᠷᠢᠮ ᠢ ᠲᠤᠭᠳᠠᠭᠠᠵᠤ᠂ ᠪᠦᠭᠦ ᠲᠠᠯ᠎ᠡ ᠪᠠᠷ ᠦᠭᠡᠷᠡᠴᠢᠯᠡᠯᠳᠡ | ᠨᠡᠭᠡᠭᠡᠯᠳᠡ ᠬᠢᠭᠦ ᠰᠢᠨ᠎ᠡ ᠪᠠᠶᠢᠳᠠᠯ ᠢ ᠡᠭᠦᠳᠴᠤ᠂ ᠨᠠᠮ ᠤᠨ ᠪᠠᠶᠢᠭᠤᠯᠤᠯᠳᠡ ᠶᠢᠨ ᠰᠢᠨ᠎ᠡ ᠠᠭᠤᠤ ᠶᠡᠭᠡ | ᠢᠨᠵᠧᠨᠧᠷᠢᠩ ᠢ ᠠᠬᠢᠭᠤᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ 21 ᠳ᠋ᠤᠭᠠᠷ ᠵᠠᠭᠤᠨ | ᠲᠡᠶᠢᠰᠢ ᠠᠮᠵᠢᠯᠳᠠᠳᠠᠢ ᠠᠬᠢᠭᠤᠯᠵᠡᠢ᠃ | ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠤᠨ ᠲᠠᠷᠠᠭ᠎ᠠ᠂ ᠬᠤ᠋ ᠶᠢᠨ ᠲᠤᠤ ᠨᠦᠭᠦᠷ ᠢᠶᠠᠷ ᠭᠤᠤᠯ | ᠲᠦᠯᠦᠭᠡᠯᠡᠭᠴᠢ ᠪᠤᠯᠤᠬᠰᠡᠨ ᠲᠤᠮᠳᠠᠳᠤ ᠤᠯᠤᠰ ᠤᠨ ᠡᠪ ᠬᠠᠮᠳᠤᠴᠤᠳ᠂ ᠪᠦᠭᠦ ᠨᠠᠮ ᠪᠦᠭᠦ ᠤᠯᠤᠰ ᠤᠨ | ᠦᠨᠳᠤᠰᠤᠳᠡᠨ ᠨᠦᠭᠦᠳ ᠤᠨ ᠠᠷᠠᠳ ᠲᠦᠮᠡᠨ ᠢ ᠪᠦᠯᠭᠦᠮᠳᠡᠭᠦᠯᠦᠨ ᠲᠠᠭᠠᠭᠤᠯᠵᠤ᠂ ᠳ᠋ᠧᠩ ᠰᠢᠶᠤᠤ ᠫᠢᠩ ᠤᠨ ᠤᠨᠤᠯ | ᠪᠡ ︽ᠭᠤᠷᠪᠡ ᠶᠢ ᠲᠦᠯᠦᠭᠡᠯᠡᠭᠦ︾ ᠴᠢᠬᠤᠯᠡ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ | ᠰᠢᠨ᠎ᠡ ᠭᠦᠭᠵᠢᠯᠳᠡ ᠶᠢᠨ ᠱᠠᠭᠠᠷᠳᠠᠯᠭ᠎ᠠ ᠶᠢ ᠦᠨᠳᠤᠰᠤᠯᠡᠵᠤ᠂ ᠰᠢᠨ᠎ᠡ ᠪᠠᠶᠢᠳᠠᠯ ᠤᠨ ᠲᠤᠤᠷ᠎ᠠ ᠶᠠᠮᠠᠷ ᠶᠠᠩᠵᠤ ᠶᠢᠨ | ᠭᠦᠭᠵᠢᠯᠳᠡ ᠶᠢ ᠪᠡᠶᠡᠯᠡᠭᠦᠯᠭᠦ᠂ ᠬᠡᠷᠬᠢᠨ ᠭᠦᠭᠵᠢᠭᠦᠯᠭᠦ ᠵᠡᠷᠭᠡ ᠴᠢᠬᠤᠯᠡ ᠶᠡᠭᠡ ᠠᠰᠠᠭᠤᠳᠠᠯ ᠢ ᠭᠦᠨᠵᠡᠭᠡᠢ ᠲᠠᠨᠢᠬᠤ ᠪᠡ | ᠬᠠᠷᠢᠭᠤᠯᠵᠤ᠂ ᠰᠢᠨᠵᠢᠯᠡᠭᠦ ᠤᠬᠠᠭᠠᠨᠴᠢ ᠭᠦᠭᠵᠢᠯᠳᠡ ᠶᠢᠨ ᠦᠵᠡᠯᠳᠡ ᠶᠢ ᠪᠤᠢ ᠪᠤᠯᠭᠠᠵᠤ᠂ ᠴᠢᠬᠤᠯᠡ ᠪᠠᠶᠢᠯᠳᠤᠬᠤ | ᠪᠤᠳᠤᠯᠭ᠎ᠠ ᠶᠢᠨ ᠠᠵᠠ ᠲᠤᠬᠢᠶᠠᠯᠳᠤ ᠬᠤᠭᠤᠴᠠᠭ᠎ᠠ ᠶᠢ ᠠᠮᠵᠢᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ | ᠪᠠᠶᠢᠭᠤᠯᠬᠤ ᠠᠬᠢᠴᠡ ᠶᠢᠨ ᠲᠤᠮᠳᠡ ᠦᠢᠯᠡᠳᠦᠯᠭᠡ ᠶᠢᠨ ᠰᠢᠨ᠎ᠡ ᠡᠭᠦᠳᠦᠯᠳᠡ᠂ ᠤᠨᠤᠯ ᠤᠨ ᠰᠢᠨ᠎ᠡ ᠡᠭᠦᠳᠦᠯᠳᠡ᠂ | ᠪᠠᠶᠢᠭᠤᠯᠤᠯ ᠤᠨ ᠰᠢᠨ᠎ᠡ ᠡᠭᠦᠳᠦᠯᠳᠡ ᠶᠢ ᠠᠬᠢᠭᠤᠯᠵᠤ᠂ ᠬᠦᠮᠦᠨ ᠢᠶᠠᠷ ᠦᠨᠳᠤᠰᠤ ᠪᠤᠯᠭᠠᠬᠤ ᠶᠢ ᠪᠠᠷᠢᠮᠳᠠᠯᠠᠵᠤ᠂ ᠪᠦᠭᠦ | ᠲᠠᠯ᠎ᠡ ᠶᠢᠨ ᠵᠤᠬᠢᠴᠠᠩᠭᠤᠢ ᠦᠷᠭᠦᠯᠵᠢᠯᠡᠭᠦ ᠭᠦᠭᠵᠢᠯᠳᠡ ᠶᠢ ᠴᠢᠬᠤᠯᠡᠴᠢᠯᠡᠵᠤ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮᠳᠤ ᠦᠢᠯᠡᠰ ᠤᠨ ᠶᠡᠷᠦᠩᠬᠡᠢ ᠪᠠᠶᠢᠷᠢᠰᠢᠭᠤᠯᠤᠯᠳᠡ ᠶᠢ ᠪᠦᠷᠢᠯᠳᠦᠭᠦᠯᠵᠤ᠂ ᠠᠷᠠᠳ ᠤᠨ | ᠠᠮᠢᠳᠤᠷᠠᠯ ᠢ ᠬᠦᠴᠦᠯᠡᠨ ᠪᠠᠳᠤᠯᠠᠬᠤ ᠪᠡ ᠰᠠᠶᠢᠵᠢᠷᠠᠭᠤᠯᠵᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ | ᠠᠬᠢᠭᠤᠯᠵᠤ᠂ ᠡᠶ᠎ᠡ ᠵᠤᠬᠢᠴᠠᠩᠭᠤᠢ ᠲᠡᠯᠡᠬᠡᠢ ᠶᠢᠷᠳᠢᠨᠴᠤ ᠶᠢ ᠪᠠᠶᠢᠭᠤᠯᠬᠤ ᠶᠢ ᠠᠬᠢᠭᠤᠯᠵᠤ᠂ ᠨᠠᠮ ᠤᠨ ᠲᠦᠷᠦ ᠪᠠᠷᠢᠬᠤ | ᠴᠢᠳᠠᠪᠦᠷᠢ ᠶᠢᠨ ᠪᠠᠶᠢᠭᠤᠯᠤᠯᠳᠡ ᠪᠡ ᠲᠡᠷᠢᠭᠦᠨ ᠤ ᠴᠢᠨᠠᠷ ᠤᠨ ᠪᠠᠶᠢᠭᠤᠯᠤᠯᠳᠡ ᠶᠢ ᠠᠬᠢᠭᠤᠯᠵᠤ᠂ ᠰᠢᠨ᠎ᠡ ᠲᠡᠤᠭᠡ ᠶᠢᠨ | ᠭᠠᠷᠤᠭ᠎ᠠ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠠᠮᠵᠢᠯᠳᠠᠳᠠᠢ ᠪᠠᠷ ᠪᠠᠷᠢᠮᠳᠠᠯᠠᠨ | ᠭᠦᠭᠵᠢᠭᠦᠯᠵᠡᠢ᠃ | ᠨᠠᠮ ᠤᠨ ᠠᠷᠪᠡᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶ᠎ᠠ ᠪᠦᠭᠦ ᠨᠠᠮ ᠪᠦᠭᠦ | ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠢ ᠪᠦᠯᠭᠦᠮᠳᠡᠭᠦᠯᠦᠨ ᠲᠠᠭᠠᠭᠤᠯᠵᠤ᠂ ᠤᠯᠤᠰ ᠤᠨ | ᠭᠠᠳᠠᠭᠠᠳᠤ ᠤᠯᠤᠰ ᠤᠨ ᠲᠤᠳᠤᠭᠠᠳᠤ ᠶᠢᠨ ᠰᠢᠨ᠎ᠡ ᠪᠠᠶᠢᠳᠠᠯ ᠢ ᠪᠦᠭᠦ ᠲᠠᠯ᠎ᠡ ᠪᠠᠷ ᠨᠠᠷᠢᠨ ᠠᠵᠢᠬᠯᠠᠵᠤ᠂ | ᠦᠢᠯᠡᠳᠦᠯᠭᠡ ᠪᠠᠨ ᠳ᠋ᠦᠩᠨᠡᠭᠦ᠂ ᠢᠷᠡᠭᠡᠳᠦᠢ ᠶᠢ ᠪᠠᠷᠠᠯᠠᠬᠤ ᠪᠠᠷ ᠲᠠᠮᠵᠢᠵᠤ᠂ ᠰᠢᠨ᠎ᠡ ᠴᠠᠭ ᠦᠶ᠎ᠡ ᠳᠤ ᠶᠠᠮᠠᠷ | ᠶᠠᠩᠵᠤ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠭᠦᠭᠵᠢᠭᠦᠯᠭᠦ᠂ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠬᠡᠷᠬᠢᠨ ᠪᠠᠷᠢᠮᠳᠠᠯᠠᠨ ᠭᠦᠭᠵᠢᠭᠦᠯᠭᠦ ᠡᠨᠡᠭᠦ ᠴᠢᠬᠤᠯᠡ ᠶᠡᠭᠡ ᠴᠠᠭ | ᠦᠶ᠎ᠡ ᠶᠢᠨ ᠰᠡᠳᠦᠪ ᠢ ᠭᠦᠨᠵᠡᠭᠡᠢ ᠬᠠᠷᠢᠭᠤᠯᠵᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠤᠢ ᠪᠤᠯᠭᠠᠵᠤ᠂ ︽ᠲᠠᠪᠤ ᠶᠢ ᠨᠢᠭᠡ ᠴᠤᠭᠴᠠᠵᠢᠭᠤᠯᠤᠬᠰᠡᠨ︾ ᠶᠡᠷᠦᠩᠬᠡᠢ | ᠪᠠᠶᠢᠷᠢᠰᠢᠭᠤᠯᠤᠯᠳᠡ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ᠂ ︽ᠲᠦᠷᠪᠡᠨ ᠪᠦᠭᠦ ᠲᠠᠯ᠎ᠡ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠡ ᠶᠢ ᠵᠤᠬᠢᠴᠠᠭᠤᠯᠤᠨ ᠠᠬᠢᠭᠤᠯᠬᠤ ᠶᠢ ᠪᠠᠷᠢᠮᠳᠠᠯᠠᠵᠤ᠂ | ᠲᠤᠭᠳᠠᠭᠤᠨ ᠤ ᠲᠤᠮᠳᠡ ᠤᠷᠤᠭᠰᠢᠯᠠᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠳᠠᠯᠠᠵᠤ᠂ ᠨᠠᠮ ᠪᠡ | ᠤᠯᠤᠰ ᠤᠨ ᠡᠯ᠎ᠡ ᠲᠠᠯ᠎ᠡ ᠶᠢᠨ ᠠᠵᠢᠯ ᠳᠤ ᠠᠯᠢ ᠤᠯᠠᠨ ᠰᠢᠨ᠎ᠡ ᠦᠢᠯᠠᠭᠠᠬᠳᠠᠬᠤᠨ ᠰᠢᠨ᠎ᠡ ᠦᠵᠡᠯ ᠰᠠᠨᠠᠭ᠎ᠠ ᠰᠢᠨ᠎ᠡ | ᠪᠠᠶᠢᠯᠳᠤᠬᠤ ᠪᠤᠳᠤᠯᠭ᠎ᠠ ᠶᠢ ᠲᠤᠷᠠᠳᠴᠤ᠂ ᠨᠠᠮ ᠪᠡ ᠤᠯᠤᠰ ᠤᠨ ᠠᠵᠢᠯ ᠦᠢᠯᠡᠰ ᠲᠡᠤᠭᠡᠳᠤ ᠴᠢᠨᠠᠷᠳᠠᠢ ᠬᠤᠪᠢᠰᠤᠯᠳᠡ | ᠭᠠᠷᠬᠤ᠂ ᠲᠡᠤᠭᠡᠳᠤ ᠴᠢᠨᠠᠷᠳᠠᠢ ᠠᠮᠵᠢᠯᠳᠡ ᠪᠦᠳᠦᠮᠵᠢ ᠤᠯᠬᠤ ᠶᠢ ᠠᠬᠢᠭᠤᠯᠵᠤ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠵᠡᠢ᠃ ᠪᠢᠳᠡ ᠯᠤᠳᠤ ᠶᠡᠭᠡ ᠤᠯᠤᠰ ᠲᠦᠷᠦ ᠶᠢᠨ | ᠵᠤᠷᠢᠭ ᠰᠦᠰᠦ ᠪᠡ ᠤᠶᠤᠨ ᠤᠬᠠᠭᠠᠨ ᠢᠶᠠᠷ᠂ ᠦᠭᠡᠷᠡᠴᠢᠯᠡᠯᠳᠡ ᠶᠢ ᠪᠦᠭᠦ ᠲᠠᠯ᠎ᠡ ᠪᠠᠷ ᠭᠦᠨᠵᠡᠭᠡᠶᠢᠷᠡᠭᠦᠯᠭᠦ ᠶᠡᠷᠦᠩᠬᠡᠢ | ᠬᠠᠷᠠᠯᠳᠡ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠤᠨ | ᠭᠦᠭᠵᠢᠭᠦᠯᠭᠦ᠂ ᠤᠯᠤᠰ ᠤᠨ ᠵᠠᠰᠠᠯᠳᠡ ᠶᠢᠨ ᠰᠢᠰᠲᠧᠮ ᠪᠡ ᠵᠠᠰᠠᠯᠳᠡ ᠶᠢᠨ ᠴᠢᠳᠠᠪᠦᠷᠢ ᠶᠢᠨ ᠤᠳᠤᠬᠢᠴᠢᠯᠡᠯᠳᠡ ᠶᠢ | ᠠᠬᠢᠭᠤᠯᠬᠤ᠂ ᠦᠭᠡᠷᠡᠴᠢᠯᠡᠯᠳᠡ ᠶᠢᠨ ᠰᠢᠰᠲ᠋ᠧᠮᠴᠢ ᠴᠢᠨᠠᠷ᠂ ᠪᠦᠭᠦᠯᠢ ᠴᠤᠭᠴᠠᠳᠤ ᠴᠢᠨᠠᠷ᠂ ᠬᠠᠮᠵᠢᠯᠴᠠᠬᠤ ᠴᠢᠨᠠᠷ ᠶᠢ | ᠬᠦᠴᠦᠯᠡᠨ ᠴᠢᠩᠭᠠᠳᠬᠠᠵᠤ᠂ ᠴᠢᠬᠤᠯᠡ ᠶᠡᠭᠡ ᠲᠦᠷᠢᠮ ᠤᠨ ᠰᠢᠨ᠎ᠡ ᠡᠭᠦᠳᠦᠯᠳᠡ ᠶᠢ ᠬᠦᠴᠦᠯᠡᠨ ᠰᠠᠶᠢᠳᠤᠷ | ᠠᠳᠬᠤᠵᠤ᠂ ᠠᠷᠠᠳ ᠤᠯᠠᠨ ᠤ ᠭᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠬᠦᠴᠦᠯᠡᠨ ᠲᠡᠭᠡᠭᠰᠢᠯᠡᠭᠦᠯᠵᠤ᠂ 1600 ᠭᠠᠷᠤᠢ ᠵᠦᠢᠯ ᠤᠨ ᠦᠭᠡᠷᠡᠴᠢᠯᠡᠯᠳᠡ ᠶᠢᠨ ᠲᠦᠰᠦᠯ ᠢ | ᠠᠬᠢᠭᠤᠯᠵᠤ᠂ ᠴᠦᠭᠡᠨ ᠪᠤᠰᠤ ᠭᠦᠴᠢᠷᠳᠡᠢ ᠠᠰᠠᠭᠤᠳᠠᠯ ᠢ ᠰᠢᠢᠳᠪᠦᠷᠢᠯᠡᠵᠤ᠂ ᠴᠦᠭᠡᠨ ᠪᠤᠰᠤ ᠠᠶᠤᠯ | ᠲᠦᠭᠰᠢᠭᠦᠷᠢᠳᠡᠢ ᠤᠴᠢᠷ ᠶᠠᠪᠤᠳᠠᠯ ᠢ ᠦᠩᠭᠡᠷᠡᠭᠦᠯᠵᠤ᠂ ᠦᠭᠡᠷᠡᠴᠢᠯᠡᠯᠳᠡ ᠨᠢ ᠪᠦᠭᠦ ᠲᠠᠯ᠎ᠡ ᠪᠠᠷ ᠭᠦᠴᠦᠯᠡᠭᠦ᠂ ᠤᠯᠠᠨ | ᠲᠠᠯ᠎ᠡ ᠪᠠᠷ ᠰᠢᠪᠳᠤᠯᠬᠤ᠂ ᠲᠦᠷᠭᠡᠨ ᠪᠦᠭᠡᠳ ᠯᠠᠪᠳᠠᠭᠤᠨ᠂ ᠭᠦᠨ ᠲᠠᠪᠬᠤᠷᠭ᠎ᠠ ᠲᠡᠶᠢᠰᠢ ᠠᠬᠢᠬᠤ ᠪᠠᠶᠢᠳᠠᠯ ᠢᠯᠡᠷᠡᠵᠡᠢ | ᠃ ᠦᠯᠡᠮᠵᠢ ᠪᠡᠷᠬᠡ ᠶᠢ ᠲᠤᠭᠤᠯᠪᠠᠰᠤ ᠦᠢᠯᠡᠰ ᠪᠦᠳᠦᠭᠡᠬᠦᠢ ᠳᠤᠷ ᠲᠤᠰᠠᠳᠠᠢ᠃ | 40 ᠵᠢᠯ ᠤᠨ ᠲᠤᠷᠰᠢ᠂ ᠪᠢᠳᠡ ᠦᠵᠡᠯ ᠰᠠᠨᠠᠭ᠎ᠠ ᠪᠠᠨ ᠴᠢᠯᠦᠭᠡᠯᠡᠵᠤ᠂ ᠦᠨᠡᠨ ᠠᠴᠠ ᠵᠦᠪ ᠢ ᠡᠷᠢᠵᠤ᠂ | ᠵᠤᠷᠢᠭᠳᠠᠢ ᠪᠠᠷ ᠲᠤᠷᠰᠢᠵᠤ᠂ ᠵᠤᠷᠢᠭᠳᠠᠢ ᠪᠠᠷ ᠦᠭᠡᠷᠡᠴᠢᠯᠡᠵᠤ᠂ ᠰᠢᠨ᠎ᠡ ᠠᠮᠵᠢᠯᠳᠡ ᠶᠢ ᠡᠭᠦᠳᠦᠭᠰᠡᠨ ᠪᠠᠶᠢᠨ᠎ᠡ᠃ ᠭᠡᠷ | ᠪᠦᠯᠢ ᠶᠢᠨ ᠬᠤᠷᠢᠶᠠᠯᠳᠡ ᠲᠠᠢ ᠨᠢ ᠬᠤᠯᠪᠤᠬᠳᠠᠭᠤᠯᠤᠨ ᠲᠠᠭᠠᠭᠠᠴᠢᠯᠠᠬᠤ ᠶᠢ ᠭᠡᠷᠡᠭᠵᠢᠭᠦᠯᠭᠦ᠂ ᠰᠢᠶᠠᠩ ᠪᠠᠯᠭᠠᠰᠤᠨ ᠤ | ᠠᠵᠤ ᠠᠬᠤᠶᠢᠢᠯᠡᠯ ᠤᠨ ᠰᠢᠨ᠎ᠡ ᠪᠠᠷ ᠪᠤᠢ ᠪᠤᠯᠤᠬᠰᠡᠨ ᠭᠦᠴᠤᠨ ᠭᠡᠨᠡᠳᠳᠡ ᠪᠠᠷ ᠢᠯᠡᠷᠡᠨ ᠭᠠᠷᠴᠤ᠂ ᠲᠠᠷᠢᠶᠠᠯᠠᠩ ᠤᠨ | ᠭᠠᠶᠢᠯᠢ ᠮᠠᠯ ᠠᠵᠤ ᠠᠬᠤᠢ ᠶᠢᠨ ᠭᠠᠶᠢᠯᠢ ᠪᠡ ᠤᠨᠴᠡ ᠭᠠᠷᠤᠯᠳᠡ ᠶᠢᠨ ᠭᠠᠶᠢᠯᠢ ᠶᠢ ᠬᠦᠴᠦᠨ ᠦᠭᠡᠢ ᠪᠤᠯᠭᠠᠬᠤ ᠠᠴᠠ | ᠭᠦᠳᠡᠭᠡ ᠲᠤᠰᠬᠤᠨ ᠤ ᠲᠠᠭᠠᠭᠠᠴᠢᠯᠡᠯᠳᠡ ᠶᠢᠨ ᠭᠠᠵᠠᠷ ᠤᠨ ︽ᠭᠤᠷᠪᠡᠨ ᠡᠷᠭᠡ︾ ᠶᠢ ᠰᠠᠯᠭᠠᠬᠤ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠤᠯᠬᠤ᠂ ᠭᠦᠳᠡᠭᠡ ᠲᠤᠰᠬᠤᠨ ᠢ | ᠭᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ ᠭᠦᠷᠳᠡᠯ᠎ᠡ᠂ ᠱᠧᠨᠵᠧᠨ ᠵᠡᠷᠭᠡ ᠠᠵᠤ | ᠠᠬᠤᠢ ᠶᠢᠨ ᠤᠨᠴᠠᠭᠠᠢ ᠤᠷᠤᠨ ᠢ ᠪᠠᠶᠢᠭᠤᠯᠬᠤ᠂ ᠲᠠᠯᠠᠢ ᠲᠠᠭᠠᠤ ᠬᠢᠯᠢ ᠲᠠᠭᠠᠤ ᠮᠦᠷᠡᠨ ᠲᠠᠭᠠᠤ ᠵᠠᠮ ᠲᠠᠭᠠᠤ ᠪᠡ | ᠲᠤᠳᠤᠭᠠᠳᠤ ᠬᠠᠭᠤᠷᠠᠢ ᠶᠢᠨ ᠲᠦᠪ ᠬᠤᠳᠡ ᠶᠢ ᠭᠠᠳᠠᠬᠰᠢ ᠨᠡᠭᠡᠭᠡᠯᠳᠡ ᠬᠢᠬᠦ ᠠᠴᠠ ᠲᠡᠯᠡᠬᠡᠢ ᠶᠢᠨ ᠠᠷᠠᠯᠵᠢᠶᠡᠨ ᠤ | ᠵᠤᠬᠢᠶᠡᠨ ᠪᠠᠶᠢᠭᠤᠯᠤᠯᠳᠡ ᠳᠤ ᠤᠷᠤᠬᠤ ᠭᠦᠷᠳᠡᠯ᠎ᠡ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ | ᠪᠠᠶᠢᠭᠤᠯᠬᠤ᠂ ᠴᠢᠯᠦᠭᠡᠳᠤ ᠠᠷᠠᠯᠵᠢᠶᠡᠨ ᠤ ᠲᠤᠷᠰᠢᠯᠳᠡ ᠶᠢᠨ ᠤᠷᠤᠨ ᠢ ᠪᠠᠶᠢᠭᠤᠯᠬᠤ᠂ ᠲᠤᠮᠳᠠᠳᠤ ᠤᠯᠤᠰ ᠤᠨ | ᠤᠨᠴᠠᠯᠢᠭ ᠲᠠᠢ ᠴᠢᠯᠦᠭᠡᠳᠤ ᠠᠷᠠᠯᠵᠢᠶᠠᠨ ᠤ ᠭᠠᠷᠠᠮ ᠢ ᠲᠦᠯᠦᠪᠵᠢᠭᠦᠯᠭᠦ᠂ ᠠᠩᠬᠠᠳᠤᠭᠠᠷ ᠬᠤᠭᠤᠴᠠᠭᠠᠨ ᠤ ᠲᠤᠮᠳᠠᠳᠤ | ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠡ ᠶᠢᠨ ᠦᠵᠡᠰᠭᠦᠯᠡᠩ ᠤᠨ ᠴᠤᠭᠯᠠᠭᠠᠨ ᠢ | ᠠᠮᠵᠢᠯᠳᠠᠳᠠᠢ ᠪᠠᠷ ᠡᠷᠬᠢᠯᠡᠭᠦ ᠬᠦᠷᠳᠡᠯ᠎ᠡ᠂ ︽ᠤᠷᠤᠭᠤᠯᠵᠤ ᠠᠪᠴᠢᠷᠠᠬᠤ︾ ᠠᠴᠠ ︽ᠭᠠᠳᠠᠬᠰᠢ ᠭᠠᠷᠬᠤ︾ ᠭᠦᠷᠳᠡᠯ᠎ᠡ | ᠂ ᠤᠯᠤᠰ ᠤᠨ ᠡᠵᠡᠩᠨᠡᠯᠳᠡ ᠶᠢᠨ ᠶᠡᠭᠡ ᠲᠤᠮᠳᠡ ᠪᠠᠭ᠎ᠠ ᠠᠵᠤ ᠠᠬᠤᠶᠢᠢᠯᠡᠯ ᠢ ᠰᠠᠶᠢᠳᠤᠷ ᠡᠷᠬᠢᠯᠡᠬᠦ᠂ ᠬᠤᠪᠢ ᠡᠷᠦᠬᠡ | ᠬᠤᠪᠢ ᠶᠢᠨ ᠡᠵᠡᠩᠨᠡᠯᠳᠡ ᠶᠢᠨ ᠠᠵᠤ ᠠᠬᠤᠢ ᠶᠢ ᠭᠦᠭᠵᠢᠭᠦᠯᠭᠦ ᠠᠴᠠ ᠤᠯᠤᠰ ᠤᠨ ᠡᠳ᠋ ᠭᠦᠷᠦᠩᠭᠡ ᠤᠯᠤᠰ ᠤᠨ | ᠦᠮᠴᠢᠯᠡᠯ ᠤᠨ ᠠᠵᠤ ᠠᠬᠤᠶᠢᠢᠯᠡᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠭᠦ ᠭᠦᠷᠳᠡᠯ᠎ᠡ᠂ ᠬᠤᠯᠢᠮᠠᠭ | ᠦᠮᠴᠢᠯᠡᠯ ᠤᠨ ᠠᠵᠤ ᠠᠬᠤᠢ ᠶᠢ ᠭᠦᠭᠵᠢᠭᠦᠯᠭᠦ᠂ ᠳ᠋ᠠᠩ ᠭᠠᠭᠴᠡ ᠨᠡᠶᠢᠳᠡ ᠶᠢᠨ ᠦᠮᠴᠢᠯᠡᠯ ᠠᠴᠠ ᠨᠡᠶᠢᠳᠡ ᠶᠢᠨ | ᠦᠮᠴᠢᠯᠡᠯ ᠢᠶᠠᠷ ᠭᠤᠤᠯ ᠪᠤᠯᠭᠠᠵᠤ᠂ ᠤᠯᠠᠨ ᠵᠦᠢᠯ ᠤᠨ ᠦᠮᠴᠢᠯᠡᠯ ᠤᠨ ᠠᠵᠤ ᠠᠬᠤᠢ ᠶᠢ ᠬᠠᠮᠳᠤ ᠪᠠᠷ ᠭᠦᠭᠵᠢᠭᠦᠯᠭᠦ | ᠪᠡ ︽ᠬᠤᠶᠠᠷ ᠡᠷᠡᠰ ᠭᠤᠶᠢᠪᠢᠰᠢ ᠦᠭᠡᠢ︾ ᠶᠢ ᠪᠠᠷᠢᠮᠳᠠᠯᠠᠬᠤ ᠭᠦᠷᠳᠡᠯ᠎ᠡ᠂ ᠤᠯᠠᠮᠵᠢᠯᠠᠯᠳᠤ ᠲᠦᠯᠦᠪᠯᠡᠭᠡᠳᠤ ᠠᠵᠤ | ᠠᠬᠤᠢ ᠶᠢᠨ ᠪᠠᠶᠢᠭᠤᠯᠤᠮᠵᠢ ᠠᠴᠠ ᠤᠷᠢᠳ ᠡᠮᠤᠨ᠎ᠡ ᠪᠠᠶᠢᠭ᠎ᠠ ᠦᠭᠡᠢ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ | ᠠᠵᠤ ᠠᠬᠤᠢ ᠶᠢᠨ ᠪᠠᠶᠢᠭᠤᠯᠤᠮᠵᠢ ᠬᠦᠷᠳᠡᠯ᠎ᠡ ᠲᠠᠬᠢᠭᠠᠳ ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠳᠤ ᠵᠠᠬ᠎ᠠ | ᠲᠡᠯᠭᠡᠭᠦᠷ ᠰᠢᠢᠳᠪᠦᠷᠢᠳᠤ ᠦᠢᠯᠡᠳᠦᠯ ᠭᠠᠷᠭᠠᠬᠤ ᠪᠡ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠨ ᠢᠶᠠᠷ | ᠪᠠᠳᠠᠷᠠᠭᠤᠯᠬᠤ ᠭᠦᠷᠳᠡᠯ᠎ᠡ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠪᠠᠷ ᠭᠤᠤᠯ ᠪᠤᠯᠭᠠᠬᠤ ᠠᠴᠠ | ᠠᠵᠤ ᠠᠬᠤᠢ᠂ ᠤᠯᠤᠰ ᠲᠦᠷᠦ᠂ ᠰᠤᠶᠤᠯ᠂ ᠨᠡᠶᠢᠭᠡᠮ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠪᠡ | ᠨᠠᠮ ᠤᠨ ᠪᠠᠶᠢᠭᠤᠯᠤᠯᠳᠡ ᠶᠢᠨ ᠲᠦᠷᠢᠮ ᠤᠨ ᠦᠭᠡᠷᠡᠴᠢᠯᠡᠯᠳᠡ ᠶᠢ ᠪᠦᠭᠦ ᠲᠠᠯ᠎ᠡ ᠪᠠᠷ ᠭᠦᠨᠵᠡᠭᠡᠶᠢᠷᠡᠭᠦᠯᠭᠦ ᠭᠦᠷᠳᠡᠯ᠎ᠡ᠂ | ᠨᠠᠮ ᠪᠡ ᠤᠯᠤᠰ ᠤᠨ ᠪᠠᠶᠢᠭᠤᠯᠤᠮᠵᠢ ᠶᠢᠨ ᠦᠭᠡᠷᠡᠴᠢᠯᠡᠯᠳᠡ᠂ ᠵᠠᠰᠠᠭ ᠵᠠᠬᠢᠷᠭᠠᠨ ᠤ ᠬᠠᠮᠢᠶᠠᠷᠤᠯᠳᠡ ᠶᠢᠨ | ᠪᠠᠶᠢᠭᠤᠯᠤᠮᠵᠢ ᠶᠢᠨ ᠦᠭᠡᠷᠡᠴᠢᠯᠡᠯᠳᠡ᠂ ᠬᠠᠤᠯᠢ ᠶᠤᠰᠤᠭᠠᠷ ᠤᠯᠤᠰ ᠢᠶᠠᠨ ᠵᠠᠰᠠᠬᠤ ᠪᠠᠶᠢᠭᠤᠯᠤᠮᠵᠢ ᠶᠢᠨ | ᠦᠭᠡᠷᠡᠴᠢᠯᠡᠯᠳᠡ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ᠂ ᠭᠠᠳᠠᠭᠠᠳᠤ ᠶᠠᠪᠤᠳᠠᠯ ᠤᠨ | ᠪᠠᠶᠢᠭᠤᠯᠤᠮᠵᠢ ᠶᠢᠨ ᠦᠭᠡᠷᠡᠴᠢᠯᠡᠯᠳᠡ᠂ ᠨᠡᠶᠢᠭᠡᠮ ᠤᠨ ᠵᠠᠰᠠᠯᠳᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ᠂ ᠠᠮᠢ | ᠠᠬᠤᠢ ᠶᠢᠨ ᠤᠷᠴᠢᠨ ᠲᠤᠭᠤᠷᠢᠨ ᠤ ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ᠂ | ᠤᠯᠤᠰ ᠤᠨ ᠠᠮᠤᠷ ᠲᠦᠪᠰᠢᠨ ᠤ ᠪᠠᠶᠢᠭᠤᠯᠤᠮᠵᠢ ᠶᠢᠨ ᠦᠭᠡᠷᠡᠴᠢᠯᠡᠯᠳᠡ᠂ ᠤᠯᠤᠰ ᠤᠨ ᠪᠠᠳᠤᠯᠠᠨ ᠬᠠᠮᠠᠭᠠᠯᠠᠯᠳᠡ ᠪᠡ | ᠴᠡᠷᠢᠭ ᠠᠩᠬᠢ ᠶᠢᠨ ᠦᠭᠡᠷᠡᠴᠢᠯᠡᠯᠳᠡ᠂ ᠨᠠᠮ ᠤᠨ ᠤᠳᠤᠷᠢᠳᠤᠯᠭ᠎ᠠ ᠪᠡ ᠨᠠᠮ ᠤᠨ ᠪᠠᠶᠢᠭᠤᠯᠤᠯᠳᠡ ᠶᠢᠨ ᠲᠦᠷᠢᠮ ᠤᠨ | ᠦᠭᠡᠷᠡᠴᠢᠯᠡᠯᠳᠡ᠂ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠲᠦᠷᠢᠮ ᠤᠨ ᠦᠭᠡᠷᠡᠴᠢᠯᠡᠯᠳᠡ ᠵᠡᠷᠭᠡ ᠠᠯᠢ | ᠤᠯᠠᠨ ᠴᠢᠬᠤᠯᠡ ᠶᠡᠭᠡ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠡᠯ᠎ᠡ ᠵᠦᠢᠯ ᠤᠨ ᠠᠷᠠᠳ ᠲᠤ | ᠲᠦᠭᠦᠮ ᠦᠵᠡᠭᠦᠯᠭᠦ᠂ ᠠᠷᠠᠳ ᠲᠤ ᠠᠰᠢᠭ ᠭᠦᠷᠳᠡᠭᠡᠭᠦ᠂ ᠠᠷᠠᠳ ᠲᠤ ᠲᠤᠰᠡ ᠦᠵᠡᠭᠦᠯᠭᠦ ᠠᠷᠭ᠎ᠠ ᠬᠡᠮᠵᠢᠶ᠎ᠡ ᠶᠢ | ᠦᠷᠭᠦᠯᠵᠢᠯᠡᠨ ᠭᠡᠷᠡᠭᠵᠢᠭᠦᠯᠵᠤ᠂ ᠦᠭᠡᠷᠡᠴᠢᠯᠡᠯᠳᠡ ᠨᠡᠭᠡᠭᠡᠯᠳᠡ ᠶᠢ ᠤᠳᠤ ᠦᠶ᠎ᠡ ᠶᠢᠨ ᠲᠤᠮᠳᠠᠳᠤ ᠤᠯᠤᠰ ᠤᠨ | ᠬᠠᠮᠤᠭ ᠤᠨ ᠢᠯᠡ ᠤᠨᠴᠠᠯᠢᠭ᠂ ᠬᠠᠮᠤᠭ ᠤᠨ ᠰᠦᠷᠯᠢᠭ ᠦᠵᠡᠮᠵᠢᠳᠤ ᠲᠦᠷᠰᠤ ᠪᠠᠶᠢᠳᠠᠯ ᠪᠤᠯᠭᠠᠵᠠᠢ᠃ ᠨᠦᠭᠦᠳ ᠡ᠂ | ᠨᠠᠶᠢᠵᠡ ᠨᠠᠷ ᠡ︕ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠲᠤᠷᠰᠢ᠂ ᠰᠢᠨ᠎ᠡ ᠴᠠᠬ ᠬᠤᠭᠤᠴᠠᠭ᠎ᠠ ᠶᠢ | ᠡᠬᠢᠯᠡᠭᠦᠯᠬᠦ ᠠᠴᠠ ᠰᠢᠨ᠎ᠡ ᠵᠠᠭᠤᠨ ᠳᠤ ᠲᠠᠪᠰᠢᠨ ᠤᠷᠤᠬᠤ ᠭᠦᠷᠳᠡᠯ᠎ᠡ᠂ ᠰᠢᠨ᠎ᠡ ᠭᠠᠷᠤᠭ᠎ᠠ ᠳᠤ ᠵᠤᠬᠰᠤᠬᠤ ᠠᠴᠠ | ᠰᠢᠨ᠎ᠡ ᠴᠠᠭ ᠦᠶ᠎ᠡ ᠳᠤ ᠤᠷᠤᠬᠤ ᠭᠦᠷᠳᠡᠯ᠎ᠡ᠂ 40 ᠵᠢᠯ ᠬᠠᠳᠠᠭᠤ ᠪᠡᠷᠭᠡᠰᠢᠶᠡᠯ ᠢ ᠬᠠᠮᠳᠤ ᠪᠠᠷ ᠲᠤᠭᠤᠯᠵᠤ᠂ 40 | ᠵᠢᠯ ᠬᠠᠷᠰᠢ ᠰᠠᠭᠠᠳ ᠢ ᠢᠯᠡᠨ ᠲᠠᠪᠠᠵᠤ᠂ 40 ᠵᠢᠯ ᠡᠷᠡᠮᠡᠭᠡᠶᠢᠯᠡᠨ ᠤᠷᠤᠭᠰᠢᠯᠠᠵᠤ᠂ ᠮᠠᠨ ᠤ ᠨᠠᠮ ᠠᠷᠠᠳ ᠲᠦᠮᠡᠨ ᠢ | ᠭᠦᠳᠦᠯᠦᠨ ᠲᠠᠭᠠᠭᠤᠯᠵᠤ ᠰᠦᠷ ᠲᠠᠯᠠᠶᠢᠴᠠᠳᠠᠢ᠂ ᠰᠦᠷ ᠵᠢᠪᠬᠤᠭᠠᠳᠠᠢ ᠲᠡᠤᠭᠡ ᠶᠢᠨ ᠡᠪᠬᠡᠮᠡᠯ ᠵᠢᠷᠤᠭ ᠢ ᠵᠢᠷᠤᠭᠯᠠᠵᠤ᠂ | ᠲᠡᠭᠷᠢ ᠭᠠᠵᠠᠷ ᠢ ᠤᠶᠠᠷᠠᠭᠤᠯᠬᠤ᠂ ᠰᠦᠮᠪᠤᠷ ᠠᠭᠤᠯᠡ ᠰᠦᠷᠳᠡᠷᠯᠡᠵᠤ ᠰᠦᠨ ᠲᠠᠯᠠᠢ ᠴᠠᠯᠬᠢᠯᠠᠬᠤ ᠲᠡᠮᠡᠴᠡᠯ ᠤᠨ | ᠮᠠᠭᠳᠠᠭᠠᠯ ᠲᠠᠭᠤᠤ ᠶᠢ ᠪᠢᠴᠢᠭᠯᠡᠵᠡᠢ᠃ | 40 ᠵᠢᠯ ᠤᠨ ᠲᠤᠷᠰᠢ᠂ ᠪᠢᠳᠡ ᠢᠮᠡᠬᠳᠡ ᠦᠵᠡᠯ ᠰᠠᠨᠠᠭ᠎ᠠ ᠪᠠᠨ ᠴᠢᠯᠦᠭᠡᠯᠡᠵᠤ᠂ ᠦᠨᠡᠨ ᠠᠴᠠ ᠵᠦᠪ ᠢ | ᠡᠷᠢᠵᠤ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠤ | ᠂ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠭᠤᠶᠢᠪᠢᠯᠵᠠᠭᠤᠯᠬᠤ ᠦᠭᠡᠢ ᠪᠠᠶᠢᠬᠤ ᠶᠢ ᠪᠠᠷᠢᠮᠳᠠᠯᠠᠵᠤ᠂ | ᠤᠨᠤᠯ ᠤᠨ ᠰᠢᠨ᠎ᠡ ᠡᠭᠦᠳᠦᠯᠳᠡ᠂ ᠦᠢᠯᠡᠳᠦᠯᠭᠡ ᠶᠢᠨ ᠰᠢᠨ᠎ᠡ ᠡᠭᠦᠳᠦᠯᠳᠡ᠂ ᠪᠠᠶᠢᠭᠤᠯᠤᠯ ᠤᠨ ᠰᠢᠨ᠎ᠡ ᠡᠭᠦᠳᠦᠯᠳᠡ᠂ | ᠰᠤᠶᠤᠯ ᠤᠨ ᠰᠢᠨ᠎ᠡ ᠡᠭᠦᠳᠦᠯᠳᠡ ᠵᠢᠴᠢ ᠡᠯ᠎ᠡ ᠲᠠᠯ᠎ᠡ ᠶᠢᠨ ᠰᠢᠨ᠎ᠡ ᠡᠭᠦᠳᠦᠯᠳᠡ ᠶᠢ ᠵᠤᠷᠢᠭᠳᠠᠢ ᠠᠬᠢᠭᠤᠯᠵᠤ᠂ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠳᠤ ᠲᠠᠰᠤᠷᠠᠯᠳᠡ ᠦᠭᠡᠢ ᠢᠯᠡ ᠲᠤᠳᠤᠷᠬᠠᠢ | ᠦᠢᠯᠡᠳᠦᠯᠭᠡ ᠶᠢᠨ ᠤᠨᠴᠠᠯᠢᠭ᠂ ᠤᠨᠤᠯ ᠤᠨ ᠤᠨᠴᠠᠯᠢᠭ᠂ ᠦᠨᠳᠤᠰᠤᠳᠡᠨ ᠤ ᠤᠨᠴᠠᠯᠢᠭ᠂ ᠴᠠᠭ ᠦᠶ᠎ᠠ ᠶᠢᠨ | ᠤᠨᠴᠠᠯᠢᠭ ᠤᠯᠭᠤᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ᠂ ᠤᠨᠤᠯ᠂ ᠪᠠᠶᠢᠭᠤᠯᠤᠯ᠂ | ᠰᠤᠶᠤᠯ ᠢ ᠪᠤᠢ ᠪᠤᠯᠭᠠᠵᠤ᠂ ᠨᠢᠴᠤᠭᠠᠬᠳᠠᠰᠢ ᠦᠭᠡᠢ ᠪᠤᠳᠠᠳᠤ ᠶᠠᠪᠤᠳᠠᠯ ᠢᠶᠠᠷ ᠰᠢᠨᠵᠢᠯᠡᠭᠦ ᠤᠬᠠᠭᠠᠨᠴᠢ ᠨᠡᠶᠢᠭᠡᠮ | ᠵᠢᠷᠤᠮ ᠤᠨ ᠠᠮᠢᠵᠢᠷᠠᠯ ᠤᠨ ᠭᠦᠴᠤᠨ ᠢ ᠢᠯᠡᠷᠡᠭᠦᠯᠵᠤ᠂ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠢᠮᠡᠬᠳᠡ | ᠲᠤᠮᠳᠠᠳᠤ ᠤᠯᠤᠰ ᠤᠨ ᠡᠭᠡ ᠭᠠᠵᠠᠷ ᠲᠤ ᠦᠨᠳᠤᠷ ᠮᠠᠨᠳᠤᠭᠤᠯᠤᠬᠰᠠᠭᠠᠷ ᠢᠷᠡᠵᠠᠢ︕ | 40 ᠵᠢᠯ ᠤᠨ ᠲᠤᠷᠰᠢ᠂ ᠪᠢᠲᠠ ᠢᠮᠠᠭᠲᠠ ᠠᠵᠦ ᠠᠬᠤᠢ ᠶᠢᠨ ᠪᠦᠳᠦᠭᠡᠨ ᠪᠠᠶᠢᠭᠤᠯᠤᠯᠲᠠ ᠪᠠᠷ ᠭᠤᠤᠯ | ᠪᠤᠯᠭᠠᠬᠤ ᠶᠢ ᠪᠠᠷᠢᠮᠲᠠᠯᠠᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠤᠨ ᠢ ᠲᠠᠰᠤᠷᠠᠯᠲᠠ ᠦᠭᠡᠢ ᠴᠢᠯᠦᠭᠡᠯᠡᠡ | ᠬᠦᠭᠵᠢᠭᠦᠯᠵᠦ᠂ ᠮᠠᠠ ᠤ ᠤᠯᠤᠰ ᠤᠨ ᠤᠯᠤᠰ ᠤᠨ ᠲᠤᠲᠤᠭᠠᠲᠤ ᠶᠢᠨ ᠦᠢᠯᠡᠳᠪᠦᠷᠢᠯᠡᠯ ᠤᠨ ᠶᠡᠷᠦᠩᠭᠡᠢ ᠦᠷᠲᠡᠭ | 3679 ᠳ᠋ᠦᠩᠰᠢᠭᠤᠷ ᠲᠦᠭᠦᠷᠢᠭ ᠪᠠᠶᠢᠭᠰᠠᠠ ᠠᠴᠠ ᠪᠠᠨ 2017 ᠤᠨ ᠪᠤᠯᠬᠤ ᠳᠤ 82.7 ᠲᠦᠮᠡᠡ ᠳ᠋ᠦᠩᠰᠢᠭᠤᠷ | ᠲᠦᠬᠦᠷᠢᠭ ᠪᠤᠯᠵᠦ ᠨᠡᠮᠡᠭᠲᠡᠡ᠂ ᠵᠢᠯ ᠲᠤᠮᠲᠠᠴᠢ ᠪᠠᠷ 9.5% ᠪᠤᠳᠠᠳᠠᠢ ᠨᠡᠮᠡᠭᠲᠡᠵᠦ᠂ ᠠᠲᠠᠯᠢ ᠬᠤᠭᠤᠴᠠᠭᠠᠠ ᠤ | ᠲᠡᠯᠡᠭᠡᠢ ᠶᠢᠨ ᠠᠵᠦ ᠠᠬᠤᠢ ᠶᠢᠨ 2.9% ᠰᠢᠬᠠᠮ ᠤᠨ ᠵᠢᠯ ᠤᠨ ᠲᠤᠮᠲᠠᠴᠢ ᠨᠡᠮᠡᠭᠲᠡᠯ ᠤᠨ ᠬᠤᠷᠲᠤᠴᠠ ᠠᠴᠠ ᠬᠤᠯᠠ | ᠦᠨᠲᠦᠷ ᠪᠤᠯᠵᠠᠢ᠃ ᠲᠡᠯᠡᠭᠡᠢ ᠶᠢᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠲᠤ ᠡᠵᠡᠯᠡᠬᠦ ᠮᠠᠠ ᠤ ᠤᠯᠤᠰ ᠤᠨ | ᠤᠯᠤᠰ ᠤᠨ ᠲᠤᠲᠤᠭᠠᠲᠤ ᠶᠢᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠬᠠᠷᠢᠴᠠᠯ ᠦᠭᠡᠷᠡᠴᠢᠯᠡᠯᠲᠡ ᠨᠡᠭᠡᠭᠡᠯᠲᠡ | ᠬᠢᠭᠰᠡᠡ ᠡᠬᠢᠨ ᠤ ᠦᠶ᠎ᠠ ᠳᠤ 1.8% ᠪᠠᠶᠢᠭᠰᠠᠠ ᠠᠴᠠ ᠪᠠᠨ 15.2% ᠪᠤᠯᠵᠦ ᠨᠡᠮᠡᠭᠳᠡᠨ᠂ ᠤᠯᠠᠠ ᠵᠢᠯ ᠤᠨ | ᠲᠤᠷᠰᠢ ᠲᠡᠯᠡᠭᠡᠢ ᠶᠢᠨ ᠠᠵᠦ ᠠᠬᠤᠢ ᠶᠢᠨ ᠨᠡᠮᠡᠭᠲᠡᠯ ᠳᠤ ᠦᠵᠡᠭᠦᠯᠦᠭᠰᠡᠡ ᠬᠤᠪᠢ ᠨᠡᠮᠡᠷᠢ ᠶᠢᠨ ᠨᠤᠷᠮ᠎ᠠ 30% ᠢ | ᠲᠠᠪᠠᠵᠠᠢ᠃ ᠮᠠᠠ ᠤ ᠤᠯᠤᠰ ᠤᠨ ᠪᠠᠷᠠᠭᠠᠠ ᠤ ᠭᠠᠲᠠᠭᠠᠲᠤ ᠤᠷᠤᠭᠤᠯᠤᠯᠲᠠ ᠭᠠᠷᠭᠠᠯᠲᠠ ᠶᠢᠨ ᠶᠡᠷᠦᠩᠭᠡᠢ ᠵᠤᠭᠤᠰ ᠤᠨ | ᠲᠤᠭ᠎ᠠ 206 ᠳ᠋ᠦᠩᠰᠢᠭᠤᠷ ᠳ᠋ᠤᠯᠯᠠᠷ ᠪᠠᠶᠢᠭᠰᠠᠠ ᠠᠴᠠ ᠪᠠᠨ 4 ᠲᠦᠮᠡᠡ ᠳ᠋ᠦᠩᠰᠢᠭᠤᠷ ᠳ᠋ᠤᠯᠯᠠᠷ ᠪᠤᠯᠵᠤ ᠨᠡᠮᠡᠭᠳᠡᠨ᠂ | ᠭᠠᠲᠠᠭᠠᠲᠤ ᠶᠢᠨ ᠠᠷᠠᠯᠵᠢᠶᠠᠴᠢᠨ ᠤ ᠰᠢᠭᠤᠳ ᠪᠡᠯᠡ ᠤᠷᠤᠭᠤᠯᠤᠯᠲᠠ ᠶᠢ ᠨᠡᠶᠢᠲᠡ 2 ᠳ᠋ᠦᠩᠰᠢᠭᠤᠷ ᠳ᠋ᠤᠯᠯᠠᠷ ᠭᠠᠷᠤᠢ | ᠭᠡᠷᠡᠭᠯᠡᠵᠦ᠂ ᠭᠠᠲᠠᠭᠠᠲᠤ ᠳᠠᠬᠢ ᠪᠡᠯᠡ ᠤᠷᠤᠭᠤᠯᠤᠯᠲᠠ ᠶᠢᠨ ᠶᠡᠷᠦᠩᠭᠡᠢ ᠵᠤᠭᠤᠰ ᠤᠨ ᠲᠤᠭ᠎ᠠ 1.9 ᠲᠦᠮᠡᠡ | ᠳ᠋ᠦᠩᠰᠢᠭᠤᠷ ᠳ᠋ᠤᠯᠯᠠᠷ ᠲᠤ ᠬᠦᠷᠴᠠᠢ᠃ ᠮᠠᠠ ᠤ ᠤᠯᠤᠰ ᠤᠨ ᠭᠤᠤᠯ ᠲᠠᠷᠢᠶᠠᠯᠠᠩ ᠤᠨ ᠪᠦᠲᠦᠭᠡᠭᠲᠡᠭᠦᠨ ᠤ ᠭᠠᠷᠤᠯᠲᠠ | ᠲᠡᠯᠡᠭᠡᠢ ᠶᠢᠨ ᠲᠡᠷᠢᠭᠦᠨ ᠤ ᠡᠩᠨᠡᠭᠡᠨ ᠳᠤ ᠤᠷᠤᠵᠤ᠂ ᠪᠦᠬᠦ ᠲᠡᠯᠡᠭᠡᠢ ᠶᠢᠨ ᠬᠠᠮᠤᠭ ᠤᠨ ᠪᠦᠷᠢᠨ ᠲᠡᠭᠦᠯᠲᠡᠷ ᠤᠲᠤ | ᠦᠶ᠎ᠠ ᠶᠢᠨ ᠠᠵᠦ ᠦᠢᠯᠡᠳᠪᠦᠷᠢ ᠶᠢᠨ ᠰᠢᠰᠲ᠋ᠧᠮ ᠢ ᠪᠠᠶᠢᠭᠤᠯᠵᠦ᠂ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ | ᠰᠢᠨ᠎ᠠ ᠡᠭᠦᠲᠦᠯᠲᠠ ᠪᠤᠯᠤᠨ ᠴᠢᠬᠤᠯᠠ ᠶᠡᠭᠡ ᠢᠨᠵᠧᠨᠧᠷᠢᠩ ᠠᠴᠠ ᠵᠠᠯᠭ᠎ᠠ ᠵᠠᠯᠭ᠎ᠠ ᠪᠠᠷ ᠪᠠᠶᠠᠷ ᠤᠨ ᠴᠢᠮᠡᠭᠡ | ᠤᠯᠠᠮᠵᠢᠯᠠᠭᠲᠠᠵᠤ ᠪᠠᠶᠢᠨ᠎ᠠ᠃ ᠮᠠᠠ ᠤ ᠤᠯᠤᠰ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠡ ᠪᠠᠶᠢᠭᠤᠯᠤᠯᠲᠠ | ᠮᠠᠲᠡᠭᠲᠡᠮᠠ ᠠᠮᠵᠢᠯᠲᠠ ᠤᠯᠵᠦ᠂ ᠮᠡᠲᠡᠭᠡ ᠵᠠᠩᠭᠢ ᠰᠠᠭᠠᠳ ᠦᠭᠡᠢ ᠨᠡᠪᠲᠡᠷᠡᠵᠦ᠂ ᠵᠠᠰᠠᠮᠠᠯ ᠵᠠᠮ ᠤᠨ ᠲᠤᠤᠷ | ᠪᠦᠷᠢᠯᠲᠦᠵᠦ᠂ ᠲᠡᠮᠦᠷ ᠵᠠᠮ ᠨᠢᠭᠳᠠᠷᠠᠨ᠂ ᠦᠨᠲᠦᠷ ᠬᠠᠰᠢᠯᠭ᠎ᠠ ᠰᠦᠠᠲᠡᠷᠯᠡᠵᠤ᠂ ᠪᠠᠷᠠᠭᠤᠨᠲᠠᠬᠢ ᠭᠡᠢ ᠶᠢ ᠵᠡᠭᠦᠠᠰᠢ | ᠲᠡᠮᠵᠢᠭᠤᠯᠵᠤ᠂ ᠡᠮᠦᠨᠡᠲᠡᠬᠢ ᠤᠰᠤ ᠶᠢ ᠤᠮᠠᠷᠠᠰᠢ ᠲᠠᠲᠠᠵᠤ᠂ ᠲᠦᠷᠭᠡᠡ ᠤ ᠲᠡᠮᠦᠷ ᠵᠠᠮ ᠨᠢᠰᠬᠦ ᠮᠡᠲᠦ ᠲᠦᠷᠭᠡᠡ | ᠬᠦᠭᠵᠢᠵᠦ᠂ ᠲᠤᠮᠤ ᠬᠦᠯᠭᠡ ᠤᠩᠭᠤᠴᠠ ᠠᠯᠤᠰ ᠲᠤ ᠠᠶᠠᠯᠠᠠ᠂ ᠨᠢᠰᠭᠡᠯ ᠠᠭᠠᠷ ᠲᠤ ᠲᠡᠭᠦᠯᠢᠨ ᠨᠢᠰᠴᠤ᠂ | ᠪᠠᠷᠲᠠᠭᠠᠲᠦ ᠭᠠᠵᠠᠷ ᠲᠠᠷᠲᠠᠩ ᠵᠠᠮ ᠪᠤᠯᠵᠦ ᠬᠤᠪᠢᠷᠠᠪᠠ᠃ ᠤᠲᠤ᠂ ᠮᠠᠠ ᠤ ᠤᠯᠤᠰ ᠲᠡᠯᠡᠭᠡᠢ ᠶᠢᠨ ᠬᠤᠶᠠᠲᠤᠭᠠᠷ ᠶᠡᠭᠡ | ᠠᠵᠦ ᠠᠬᠤᠢ ᠶᠢᠨ ᠴᠤᠭᠴᠠ᠂ ᠦᠢᠯᠡᠳᠬᠦ ᠦᠢᠯᠡᠰ ᠤᠨ ᠨᠢᠭᠡᠲᠦᠭᠡᠷ ᠶᠡᠭᠡ ᠤᠯᠤᠰ᠂ ᠪᠠᠷᠠᠭᠠᠠ ᠤ ᠠᠷᠠᠯᠵᠢᠶᠠᠠ ᠤ | ᠨᠢᠭᠡᠲᠦᠭᠡᠷ ᠶᠡᠭᠡ ᠤᠯᠤᠰ᠂ ᠲᠠᠸᠠᠷ ᠤᠨ ᠬᠡᠷᠡᠭᠯᠡᠭᠡᠡ ᠤ ᠬᠤᠶᠠᠲᠤᠭᠠᠷ ᠶᠡᠭᠡ ᠤᠯᠤᠰ᠂ ᠭᠠᠲᠠᠭᠠᠲᠤ ᠪᠡᠯᠡ ᠶᠢ | ᠤᠷᠤᠭᠤᠯᠤᠨ ᠠᠪᠴᠢᠷᠠᠵᠤ ᠪᠠᠶᠢᠭ᠎ᠠ ᠬᠤᠶᠠᠲᠤᠭᠠᠷ ᠶᠡᠭᠡ ᠤᠯᠤᠰ ᠪᠤᠯᠵᠦ᠂ ᠮᠠᠠ ᠤ ᠤᠯᠤᠰ ᠤᠨ ᠭᠠᠲᠠᠭᠠᠲᠤ | ᠭᠤᠪᠢᠭᠤᠯᠭ᠎ᠠ ᠶᠢᠨ ᠬᠠᠲᠠᠭᠠᠯᠠᠮᠵᠢ ᠤᠯᠠᠠ ᠵᠢᠯ ᠲᠠᠷᠠᠭᠠᠯᠠᠠ ᠲᠡᠯᠡᠭᠡᠢ ᠳᠤ ᠲᠦᠷᠦᠭᠦᠯᠡᠵᠦ᠂ ᠲᠤᠮᠲᠠᠲᠤ ᠤᠯᠤᠰ ᠤᠨ | ᠠᠷᠠᠳ ᠲᠦᠮᠡᠡ ᠴᠢᠨᠡᠭᠡᠯᠢᠭᠵᠢᠠ᠂ ᠬᠦᠴᠦᠷᠭᠡᠭᠵᠢᠬᠦ ᠠᠶᠠᠠ ᠲᠤᠮᠲᠠ ᠰᠢᠢᠳᠪᠦᠷᠢᠯᠡᠭᠴᠢ ᠴᠢᠨᠠᠷᠲᠠᠢ ᠠᠯᠬᠤᠭ᠎ᠠ ᠶᠢ | ᠠᠯᠬᠤᠭᠰᠠᠠ ᠪᠠᠶᠢᠨ᠎ᠠ︕ | 40 ᠵᠢᠯ ᠤᠨ ᠲᠤᠷᠰᠢ᠂ ᠪᠢᠲᠠ ᠢᠮᠠᠭᠲᠠ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠤᠯᠤᠰ ᠲᠦᠷᠦ ᠶᠢᠨ ᠬᠦᠭᠵᠢᠯᠲᠠ ᠶᠢᠨ ᠵᠠᠮ ᠢ ᠪᠠᠷᠢᠮᠲᠠᠯᠠᠵᠦ᠂ ᠤᠯᠤᠰ ᠲᠦᠷᠦ ᠶᠢᠨ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠲᠠᠰᠤᠷᠠᠯᠲᠠ ᠦᠭᠡᠢ ᠬᠦᠨᠵᠡᠭᠡᠶᠢᠷᠡᠭᠦᠯᠦᠨ᠂ ᠨᠡᠶᠢᠭᠡᠮ ᠵᠢᠷᠤᠮ ᠤᠨ ᠠᠷᠠᠳᠴᠢᠯᠠᠭᠰᠠᠠ ᠤᠯᠤᠰ | ᠲᠦᠷᠦ ᠶᠢ ᠬᠦᠭᠵᠢᠭᠦᠯᠵᠦ᠂ ᠨᠠᠮ ᠪᠠ ᠲᠦᠷᠦ ᠶᠢᠨ ᠤᠲᠤᠷᠢᠳᠬᠤ ᠪᠠᠶᠢᠭᠤᠯᠤᠮᠵᠢ ᠡᠲᠦᠷ ᠢᠷᠡᠭᠦᠶ᠎ᠠ ᠲᠡᠭᠦᠯᠲᠡᠷᠵᠢᠵᠦ᠂ | ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠬᠦᠨᠵᠡᠭᠡᠢ ᠠᠬᠢᠭᠤᠯᠵᠦ᠂ ᠲᠤᠮᠲᠠᠲᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠡᠲᠦᠷ ᠠᠴᠠ ᠡᠲᠦᠷ ᠪᠦᠷᠢᠠᠰᠢᠵᠦ᠂ ᠠᠷᠠᠳ | ᠲᠦᠮᠡᠡ ᠡᠷᠭᠡ ᠮᠡᠲᠡᠵᠦ ᠡᠵᠡᠡ ᠰᠠᠭᠤᠬᠤ ᠲᠦᠷᠢᠮ ᠤᠨ ᠪᠠᠲᠤᠯᠠᠭ᠎ᠠ ᠪᠤᠯᠤᠨ ᠬᠠᠤᠯᠢᠵᠢᠯ ᠤᠨ ᠪᠠᠲᠤᠯᠠᠭ᠎ᠠ ᠨᠡᠩ | ᠡᠷᠴᠢᠮ ᠲᠠᠢ ᠪᠤᠯᠵᠦ᠂ ᠬᠦᠮᠦᠨ ᠤ ᠡᠷᠭᠡ ᠶᠢᠨ ᠦᠢᠯᠡᠰ ᠪᠦᠬᠦ ᠲᠠᠯ᠎ᠠ ᠪᠠᠷ ᠬᠦᠭᠵᠢᠵᠦ᠂ ᠡᠭᠡ ᠤᠷᠤᠠᠴᠢ ᠨᠢᠭᠡᠲᠦᠮᠡᠯ | ᠹᠷᠤᠨᠲ ᠤᠯᠠᠮ ᠢᠯᠡᠭᠦᠦ ᠪᠠᠬᠢᠵᠢᠠ᠂ ᠠᠷᠠᠳ ᠲᠦᠮᠡᠡ ᠤ ᠬᠠᠤᠯᠢ ᠶᠤᠰᠤᠭᠠᠷ ᠡᠳ᠋ᠯᠡᠠ ᠭᠡᠷᠡᠭᠵᠢᠭᠦᠯᠵᠦ ᠪᠠᠶᠢᠭ᠎ᠠ | ᠠᠷᠠᠳᠴᠢᠯᠠᠯ ᠤᠨ ᠡᠷᠭᠡ ᠶᠢᠨ ᠠᠭᠤᠯᠭ᠎ᠠ ᠨᠡᠩ ᠪᠠᠶᠠᠯᠢᠭ ᠪᠤᠯᠵᠦ᠂ ᠠᠷᠭ᠎ᠠ ᠵᠠᠮ ᠨᠡᠩ ᠲᠦᠭᠦᠮ ᠳᠦᠳᠡ ᠪᠤᠯᠵᠦ᠂ | ᠠᠷᠭ᠎ᠠ ᠬᠡᠯᠪᠡᠷᠢ ᠨᠢ ᠨᠡᠩ ᠤᠯᠠᠠ ᠶᠠᠩᠵᠦ ᠶᠢᠨ ᠪᠤᠯᠵᠦ᠂ ᠦᠪᠡᠷ ᠤᠨ ᠬᠤᠪᠢ ᠵᠠᠶᠠᠭ᠎ᠠ ᠪᠠᠨ ᠡᠵᠡᠮᠳᠡᠵᠦ ᠪᠠᠶᠢᠭ᠎ᠠ | ᠲᠤᠮᠲᠠᠲᠤ ᠶᠢᠨ ᠠᠷᠠᠳ ᠲᠦᠮᠡᠡ ᠤᠷᠢᠳ ᠡᠮᠦᠨ᠎ᠠ ᠪᠠᠶᠢᠭ᠎ᠠ ᠦᠭᠡᠢ ᠢᠲᠡᠪᠬᠢᠵᠢᠯ᠂ ᠰᠠᠨᠠᠭᠠᠴᠢᠯᠠᠭᠠᠲᠦ ᠴᠢᠨᠠᠷ᠂ | ᠪᠦᠲᠦᠭᠡᠯᠴᠢ ᠴᠢᠨᠠᠷ ᠢᠶᠠᠨ ᠪᠠᠲᠠᠷᠠᠭᠤᠯᠤᠨ᠂ ᠦᠭᠡᠷᠡᠴᠢᠯᠡᠯᠲᠡ ᠨᠡᠭᠡᠭᠡᠯᠲᠡ ᠪᠤᠯᠤᠨ ᠨᠡᠶᠢᠭᠡᠮ ᠵᠢᠷᠤᠮ ᠤᠨ | ᠤᠲᠤᠬᠢᠴᠢᠯᠠᠯᠲᠠ ᠶᠢᠨ ᠪᠦᠲᠦᠭᠡᠡ ᠪᠠᠶᠢᠭᠤᠯᠤᠯᠲᠠ ᠳᠤᠮᠳᠠ ᠠᠭᠤᠯᠠ ᠶᠢ ᠲᠤᠩᠰᠤᠯᠭᠠᠵᠤ ᠮᠦᠷᠠᠠ ᠢ ᠴᠠᠯᠬᠢᠭᠤᠯᠤᠮᠠᠷ | ᠬᠦᠴᠦᠷᠭᠡᠭ ᠶᠡᠭᠡ ᠡᠷᠴᠢ ᠬᠦᠴᠤ ᠪᠠᠨ ᠢᠯᠡᠷᠡᠭᠦᠯᠦᠭᠰᠡᠡ ᠪᠠᠶᠢᠨ᠎ᠠ︕ | 40 ᠵᠢᠯ ᠤᠨ ᠲᠤᠷᠰᠢ᠂ ᠪᠢᠲᠠ ᠢᠮᠠᠭᠲᠠ ᠨᠡᠶᠢᠭᠡᠮ ᠵᠢᠷᠤᠮ ᠤᠨ ᠲᠡᠷᠢᠭᠦᠨ ᠤ ᠰᠤᠶᠤᠯ ᠢ ᠬᠦᠭᠵᠢᠭᠦᠯᠬᠦ ᠶᠢ | ᠪᠠᠷᠢᠮᠲᠠᠯᠠᠵᠦ᠂ ᠨᠡᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠠ᠂ ᠨᠡᠶᠢᠭᠡᠮ | ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠬᠦᠮᠦᠵᠢᠭᠦᠯᠦᠨ ᠦᠢᠯᠡᠲᠦᠯᠭᠡᠵᠢᠭᠦᠯᠵᠦ᠂ ᠲᠤᠮᠲᠠᠲᠤ ᠶᠢᠨ | ᠰᠢᠯᠢᠲᠡᠭ ᠤᠯᠠᠯᠵᠢᠯᠠᠯᠲᠦ ᠰᠤᠶᠤᠯ ᠢ ᠵᠠᠯᠭᠠᠮᠵᠢᠯᠠᠠ ᠪᠠᠲᠠᠷᠠᠭᠤᠯᠵᠦ᠂ ᠰᠢᠨᠵᠢᠯᠡᠬᠦ ᠤᠬᠠᠭᠠᠠᠴᠢ ᠤᠨᠤᠯ ᠢᠶᠠᠷ ᠵᠠᠮ ᠢᠶᠠᠨ | ᠤᠲᠤᠷᠢᠲᠤᠭᠤᠯᠵᠦ ᠴᠢᠭᠯᠡᠯ ᠢᠶᠠᠨ ᠵᠢᠭᠠᠯᠭᠠᠠ᠂ ᠵᠦᠪ ᠶᠠᠷᠢᠶ᠎ᠠ ᠬᠡᠯᠡᠯᠴᠡᠭᠡ ᠪᠠᠷ ᠰᠡᠳᠭᠢᠯ ᠢ ᠨᠢᠭᠲᠠᠷᠠᠭᠤᠯᠵᠦ | ᠬᠦᠴᠤᠨ ᠢᠶᠠᠨ ᠲᠦᠪᠯᠡᠷᠡᠭᠦᠯᠵᠦ᠂ ᠲᠡᠷᠢᠭᠦᠨ ᠤ ᠰᠤᠶᠤᠯ ᠢᠶᠠᠷ ᠰᠦᠭ ᠰᠦᠨᠡᠰᠦ ᠪᠠᠨ ᠱᠤᠭᠤᠵᠦ᠂ ᠰᠢᠯᠢᠲᠡᠭ | ᠪᠦᠲᠦᠭᠡᠯ ᠢᠶᠠᠷ ᠡᠷᠴᠢ ᠵᠤᠷᠢᠭ ᠢᠶᠠᠨ ᠬᠦᠪᠴᠢᠯᠡᠵᠦ᠂ ᠡᠭᠡ ᠤᠷᠤᠠᠴᠢ ᠦᠵᠡᠯ᠂ ᠨᠡᠶᠢᠲᠡᠴᠢ ᠦᠵᠡᠯ᠂ ᠨᠡᠶᠢᠭᠡᠮ | ᠵᠢᠷᠤᠮ ᠤᠨ ᠵᠤᠷᠢᠭ ᠰᠠᠨᠠᠭ᠎ᠠ ᠶᠢ ᠦᠷᠭᠡᠡ ᠢᠶᠠᠷ ᠪᠠᠲᠠᠷᠠᠭᠤᠯᠤᠨ᠂ ᠴᠠᠭ ᠦᠶ᠎ᠠ ᠵᠢᠨᠵᠢᠱᠢᠶᠠᠴᠢ᠂ ᠪᠠᠭᠠᠲᠤᠷ ᠵᠢᠱᠢᠶᠡᠴᠢ | ᠲᠠᠰᠤᠷᠠᠯᠲᠠ ᠦᠭᠡᠢ ᠴᠤᠯᠭᠤᠷᠠᠵᠤ᠂ ᠰᠤᠶᠤᠯ ᠤᠷᠠᠯᠢᠭ ᠡᠲᠦᠷ ᠠᠴᠠ ᠡᠲᠦᠷ ᠴᠡᠴᠡᠭᠯᠡᠡ ᠬᠦᠭᠵᠢᠵᠦ᠂ ᠢᠨᠲ᠋ᠧᠷ | ᠰᠦᠯᠵᠢᠶ᠎ᠠ ᠮᠡᠳᠡᠭᠡ ᠵᠠᠩᠬᠢ ᠶᠢᠨ ᠦᠢᠯᠡᠰ ᠲᠦᠷᠭᠡᠡ ᠬᠦᠭᠵᠢᠵᠦ᠂ ᠪᠦᠬᠦ ᠦᠨᠲᠦᠰᠦᠲᠡᠡ ᠤ ᠬᠦᠰᠡᠯᠡᠩ ᠢᠲᠡᠭᠡᠯ | ᠪᠢᠰᠢᠷᠠᠯ ᠪᠤᠯᠤᠨ ᠰᠤᠶᠤᠯ ᠤᠨ ᠢᠲᠡᠭᠡᠯ ᠲᠠᠰᠤᠷᠠᠯᠲᠠ ᠦᠭᠡᠢ ᠴᠢᠩᠭᠠᠳᠴᠤ᠂ ᠤᠯᠤᠰ ᠤᠨ ᠰᠤᠶᠤᠯ ᠤᠨ ᠵᠦᠭᠡᠯᠡᠡ | ᠪᠤᠲᠠᠲᠤ ᠬᠦᠴᠤᠨ ᠪᠤᠯᠤᠨ ᠲᠤᠮᠲᠠᠲᠤ ᠶᠢᠨ ᠰᠤᠶᠤᠯ ᠤᠨ ᠨᠦᠯᠦᠭᠡᠯᠡᠬᠦ ᠬᠦᠴᠤᠨ ᠶᠡᠬᠡᠪᠠᠷ ᠲᠡᠭᠡᠭᠰᠢᠯᠡᠵᠠᠢ᠃ | ᠦᠭᠡᠷᠡᠴᠢᠯᠡᠯᠲᠡ ᠨᠡᠭᠡᠭᠡᠯᠲᠡ ᠶᠢᠨ ᠪᠤᠢ ᠪᠤᠯᠭᠠᠭᠰᠠᠠ ᠠᠭᠤᠤ ᠶᠡᠭᠡ ᠦᠭᠡᠷᠡᠴᠢᠯᠡᠯᠲᠡ ᠨᠡᠭᠡᠭᠡᠯᠲᠡ ᠶᠢᠨ ᠵᠤᠷᠢᠭ ᠰᠠᠨᠠᠭ᠎ᠠ | ᠦᠨᠲᠦᠰᠦᠲᠡᠡ ᠤ ᠵᠤᠷᠢᠭ ᠰᠠᠨᠠᠭᠠᠠ ᠤ ᠠᠭᠤᠯᠤᠭᠲᠠᠬᠤᠨ ᠢ ᠶᠡᠭᠡᠪᠡᠷ ᠪᠠᠶᠠᠯᠢᠠᠠᠵᠢᠭᠤᠯᠵᠦ᠂ ᠤᠲᠤ ᠦᠶ᠎ᠠ ᠶᠢᠨ | ᠲᠤᠮᠲᠠᠲᠤ ᠤᠯᠤᠰ ᠤᠨ ᠠᠷᠠᠳ ᠲᠦᠮᠡᠡ ᠤ ᠬᠠᠮᠤᠭ ᠤᠨ ᠢᠯᠡ ᠲᠤᠲᠤ ᠵᠤᠷᠢᠭ ᠰᠠᠨᠠᠭᠠᠠ ᠤ ᠰᠢᠨᠵᠢ ᠲᠡᠮᠲᠡᠭ | ᠪᠤᠯᠤᠭᠰᠠᠠ ᠪᠠᠶᠢᠨ᠎ᠠ︕ | 40 ᠵᠢᠯ ᠤᠨ ᠲᠤᠷᠰᠢ᠂ ᠪᠢᠲᠠ ᠢᠮᠠᠭᠲᠠ ᠬᠦᠭᠵᠢᠯᠳᠡ ᠶᠢᠨ ᠳᠤᠮᠳᠠ ᠠᠷᠠᠳ ᠤᠨ ᠠᠮᠢᠲᠤᠷᠠᠯ ᠢ ᠪᠠᠳᠤᠯᠠᠨ | ᠰᠠᠶᠢᠵᠢᠷᠠᠭᠤᠯᠬᠤ ᠶᠢ ᠪᠠᠷᠢᠮᠳᠠᠯᠠᠵᠤ᠂ ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠠ | ᠬᠦᠮᠦᠵᠢᠯ ᠲᠠᠢ᠂ ᠬᠦᠲᠡᠯᠮᠦᠷᠢᠯᠡᠪᠡᠯ ᠬᠦᠯᠦᠰᠤ ᠤᠯᠭᠤᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ | ᠦᠲᠡᠯᠪᠡᠯ ᠬᠦᠷᠲᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ᠂ ᠪᠠᠭᠤᠷᠠᠶᠢᠴᠤᠤᠯ ᠨᠢ ᠬᠦᠷᠲᠡᠬᠦ | ᠲᠤᠰᠠᠯᠠᠮᠵᠢ ᠲᠠᠢ ᠪᠠᠶᠢᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠠᠮᠢᠲᠤᠷᠠᠯ ᠢ ᠲᠠᠰᠤᠷᠠᠯᠲᠠ ᠦᠭᠡᠢ | ᠰᠠᠶᠢᠵᠢᠷᠠᠭᠤᠯᠤᠨ᠂ ᠠᠷᠠᠳ ᠲᠦᠮᠡᠡ ᠤ ᠪᠤᠶᠠᠠ ᠵᠢᠷᠭᠠᠯ ᠢ ᠨᠡᠮᠡᠭᠲᠡᠭᠦᠯᠵᠠᠢ᠃ ᠪᠦᠬᠦ ᠤᠯᠤᠰ ᠤᠨ ᠰᠠᠭᠤᠭᠠᠯᠢ | ᠠᠷᠠᠳ ᠤᠨ ᠬᠦᠮᠦᠨ ᠲᠤᠮᠲᠠᠴᠢ ᠶᠢᠨ ᠡᠵᠡᠮᠲᠡᠵᠦ ᠪᠤᠯᠬᠤ ᠤᠷᠤᠯᠭ᠎ᠠ 171 ᠲᠦᠬᠦᠷᠢᠭ ᠪᠠᠶᠢᠭᠰᠠᠠ ᠠᠴᠠ ᠪᠠᠨ | ᠨᠡᠮᠡᠭᠲᠡᠭᠡᠳ 2.6 ᠲᠦᠮᠡᠡ ᠲᠦᠬᠦᠷᠢᠭ ᠪᠤᠯᠵᠦ᠂ ᠲᠤᠮᠲᠠ ᠵᠡᠷᠭᠡ ᠶᠢᠨ ᠤᠷᠤᠯᠭ᠎ᠠ ᠲᠠᠢ ᠬᠦᠮᠦᠰ ᠦᠷᠬᠦᠯᠵᠢᠯᠡᠡ | ᠨᠡᠮᠡᠭᠲᠡᠪᠠ᠃ ᠮᠠᠠ ᠤ ᠤᠯᠤᠰ ᠤᠨ ᠶᠠᠲᠠᠭᠤ ᠬᠦᠴᠢᠷᠲᠠᠯᠲᠠᠢ ᠬᠦᠮᠦᠨ ᠠᠮᠠ ᠨᠡᠶᠢᠲᠡ 7.4 ᠳ᠋ᠦᠩᠰᠢᠭᠤᠷ ᠪᠠᠭᠠᠰᠴᠤ᠂ | ᠶᠠᠲᠠᠭᠤ ᠬᠦᠴᠢᠷᠳᠡᠯ ᠡᠭᠦᠰᠬᠦ ᠨᠤᠷᠮ᠎ᠠ ᠵᠠᠭᠤᠨ ᠤ ᠬᠠᠷᠢᠴᠠᠯ ᠢᠶᠠᠷ 94.4 ᠬᠤᠪᠢ ᠪᠠᠭᠤᠷᠠᠵᠦ᠂ ᠬᠦᠮᠦᠨ | ᠲᠦᠷᠦᠯᠬᠢᠲᠠᠠ ᠤ ᠶᠠᠲᠠᠭᠤ ᠬᠦᠴᠢᠷᠲᠠᠯ ᠢ ᠡᠰᠡᠷᠭᠦᠴᠡᠬᠦ ᠲᠡᠤᠬᠡᠡ ᠲᠡᠭᠡᠷᠡᠬᠢ ᠭᠡᠷᠡᠯ ᠰᠠᠴᠤᠷᠠᠩᠭᠤᠢ ᠬᠠᠭᠤᠲᠠᠰᠤ ᠶᠢ | ᠪᠢᠴᠢᠭᠯᠡᠭᠰᠡᠡ ᠪᠠᠶᠢᠨ᠎ᠠ᠃ ᠰᠤᠷᠭᠠᠠ ᠬᠦᠮᠦᠵᠢᠯ ᠤᠨ ᠦᠢᠯᠡᠰ ᠪᠦᠬᠦ ᠲᠠᠯ᠎ᠠ ᠪᠠᠷ ᠬᠦᠭᠵᠢᠵᠦ᠂ ᠶᠢᠰᠦᠨ ᠵᠢᠯ ᠤᠨ | ᠲᠦᠷᠢᠮᠲᠦ ᠠᠯᠪᠠᠠ ᠵᠢᠷᠤᠮ ᠤᠨ ᠰᠤᠷᠭᠠᠠ ᠬᠦᠮᠦᠵᠢᠯ ᠢ ᠪᠠᠬᠢᠵᠢᠭᠦᠯᠦᠭᠰᠡᠡ ᠨᠤᠮᠠ 93.8% ᠳᠤ ᠬᠦᠷᠴᠠᠢ᠃ | ᠮᠠᠠ ᠤ ᠤᠯᠤᠰ ᠨᠠᠰᠤᠵᠢᠯ᠂ ᠡᠮ ᠡᠮᠨᠡᠯᠭᠡ᠂ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ᠂ ᠤᠷᠤᠨ | ᠰᠠᠭᠤᠴᠠ ᠶᠢ ᠪᠠᠭᠲᠠᠭᠠᠭᠰᠠᠠ ᠪᠦᠬᠦ ᠲᠡᠯᠡᠭᠡᠢ ᠶᠢᠨ ᠬᠠᠮᠤᠭ ᠤᠨ ᠲᠤᠮᠤ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ | ᠪᠠᠶᠢᠭᠤᠯᠵᠦ᠂ ᠦᠨᠲᠦᠰᠦᠨ ᠨᠠᠰᠤᠵᠢᠯ ᠤᠨ ᠲᠠᠭᠠᠳᠬᠠᠯ 9 ᠳ᠋ᠦ᠋ᠩᠰᠢᠭᠤᠷ ᠭᠠᠷᠤᠢ ᠬᠦᠮᠦᠨ ᠢ ᠬᠠᠮᠤᠷᠴᠤ᠂ ᠡᠮ | ᠡᠮᠨᠡᠯᠭᠡ ᠶᠢᠨ ᠲᠠᠭᠠᠳᠬᠠᠯ 13 ᠳ᠋ᠦᠩᠰᠢᠭᠤᠷ ᠭᠠᠷᠤᠢ ᠬᠦᠮᠦᠨ ᠢ ᠬᠠᠮᠤᠷᠤᠭᠰᠠᠨ ᠪᠠᠶᠢᠨ᠎ᠠ᠃ ᠪᠠᠶᠢᠩᠭᠤ ᠰᠠᠭᠤᠭ᠎ᠠ | ᠬᠦᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ 58. 52% ᠳᠤ ᠬᠦᠷᠴᠤ᠂ ᠵᠠᠭᠤᠨ ᠤ ᠬᠠᠷᠢᠴᠠᠯ ᠢᠶᠠᠷ | 40.6 ᠬᠤᠪᠢ ᠲᠡᠭᠡᠭᠰᠢᠯᠡᠪᠠ᠃ ᠰᠠᠭᠤᠭᠠᠯᠢ ᠠᠷᠠᠳ ᠤᠨ ᠵᠢᠱᠢᠭᠰᠡᠡ ᠨᠠᠰᠤᠨ ᠬᠤᠲᠤᠭ 1981 ᠤᠨ ᠳᠤ 67.8 | ᠪᠠᠶᠢᠭᠰᠠᠠ ᠠᠴᠠ ᠪᠠᠨ 2017 ᠤᠨ ᠪᠤᠯᠬᠤ ᠳᠤ ᠲᠡᠭᠡᠭᠰᠢᠯᠡᠭᠡᠳ 76.7 ᠪᠤᠯᠵᠠᠢ᠃ ᠮᠠᠠ ᠤ ᠤᠯᠤᠰ ᠤᠨ | ᠨᠡᠶᠢᠭᠡᠮ ᠤᠨ ᠶᠡᠭᠡ ᠲᠠᠯ᠎ᠠ ᠤᠷᠲᠤ ᠬᠤᠭᠤᠴᠠᠭ᠎ᠠ ᠪᠠᠷ ᠲᠤᠭᠲᠠᠭᠤᠨ ᠪᠠᠶᠢᠲᠠᠯ ᠢᠶᠠᠨ ᠪᠠᠳᠤᠯᠠᠵᠤ᠂ ᠲᠡᠯᠡᠭᠡᠢ ᠲᠡᠭᠡᠷᠡᠬᠢ | ᠬᠠᠮᠤᠭ ᠤᠨ ᠠᠮᠤᠷ ᠲᠦᠪᠰᠢᠨ ᠲᠦ᠋ᠷᠦᠭᠲᠡᠯ ᠲᠠᠢ ᠤᠯᠤᠰ ᠤᠨ ᠨᠢᠭᠡ ᠪᠤᠯᠤᠭᠰᠠᠠ ᠪᠠᠶᠢᠨ᠎ᠠ᠃ ᠠᠮᠤ ᠪᠤᠲᠠᠭᠠᠠ ᠤ | ᠪᠢᠯᠧᠲ᠂ ᠪᠦᠰ ᠤᠨ ᠪᠢᠯᠧᠲ᠂ ᠮᠢᠬᠠᠠ ᠤ ᠪᠢᠯᠧᠲ᠂ ᠵᠢᠭᠠᠰᠤᠨ ᠤ ᠪᠢᠯᠧᠲ᠂ ᠲᠤᠰᠤᠨ ᠤ ᠪᠢᠯᠧᠲ᠂ ᠳ᠋ᠸᠤᠹᠦ᠋ ᠶᠢᠨ | ᠪᠢᠯᠧᠲ᠂ ᠬᠤᠯᠢᠰᠢᠨ ᠢᠲᠡᠭᠡᠡ ᠤ ᠲᠡᠪᠲᠡᠷ᠂ ᠠᠵᠦ ᠦᠢᠯᠡᠳᠪᠦᠷᠢ ᠶᠢᠨ ᠪᠦᠲᠦᠭᠡᠭᠳᠡᠭᠦᠨ ᠬᠤᠳᠠᠯᠳᠤᠨ ᠠᠪᠬᠤ | ᠲᠡᠮᠲᠡᠭ ᠵᠡᠷᠭᠡ ᠡᠭᠡᠯ ᠠᠷᠠᠳ ᠤᠨ ᠠᠮᠢᠲᠤᠷᠠᠯ ᠳᠤ ᠰᠠᠯᠵᠦ ᠪᠤᠯᠤᠰᠢ ᠦᠭᠡᠢ ᠪᠠᠶᠢᠭᠰᠠᠠ ᠪᠢᠯᠧᠲ ᠲᠡᠮᠲᠡᠭ ᠨᠢᠭᠡᠨᠲᠡ | ᠲᠡᠤᠬᠡ ᠶᠢᠨ ᠮᠦᠽᠸᠢ ᠳᠤ ᠤᠷᠤᠵᠦ᠂ ᠦᠯᠦᠰᠴᠤ ᠤᠮᠲᠠᠭᠠᠰᠴᠤ᠂ ᠢᠲᠡᠵᠦ ᠡᠮᠦᠰᠬᠦ ᠳᠡᠭᠡᠨ ᠵᠦᠪ ᠦᠭᠡᠢ᠂ | ᠠᠮᠢᠲᠤᠷᠠᠯ ᠬᠦᠴᠢᠷᠳᠠᠢ ᠵᠡᠷᠭᠡ ᠭᠡᠲᠦᠨ ᠮᠢᠩᠭᠠᠠ ᠵᠢᠯ ᠤᠨ ᠲᠤᠷᠰᠢ ᠮᠠᠠ ᠤ ᠤᠯᠤᠰ ᠤᠨ ᠠᠷᠠᠳ ᠲᠦᠮᠡᠡ ᠢ | ᠭᠠᠴᠢᠭᠳᠠᠭᠤᠯᠵᠤ ᠪᠠᠶᠢᠭᠰᠠᠠ ᠡᠲᠡᠭᠡᠷ ᠠᠰᠠᠭᠤᠲᠠᠯ ᠤᠳᠤ ᠶᠡᠷᠦᠩᠭᠡᠢ ᠳᠡᠭᠡᠨ ᠪᠦᠷ ᠡᠷᠬᠢᠰᠢ ᠦᠭᠡᠢ ᠦᠩᠭᠡᠷᠡᠨ | ᠤᠳᠴᠠᠢ︕ | 40 ᠵᠢᠯ ᠤᠨ ᠲᠤᠷᠰᠢ᠂ ᠪᠢᠲᠠ ᠢᠮᠠᠭᠲᠠ ᠤᠷᠴᠢᠨ ᠲᠤᠭᠤᠷᠢᠨ ᠢ ᠬᠠᠮᠠᠭᠠᠯᠠᠬᠤ ᠪᠠ ᠡᠬᠢ ᠪᠠᠶᠠᠯᠢᠭ ᠢ | ᠠᠷᠪᠢᠯᠠᠠ ᠭᠠᠮᠨᠠᠬᠤ ᠶᠢ ᠪᠠᠷᠢᠮᠲᠠᠯᠠᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢ | ᠪᠠᠷᠢᠮᠲᠠᠯᠠᠵᠦ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮ ᠢ ᠲᠦᠷᠭᠡᠪᠴᠢᠯᠡᠨ ᠪᠦᠷᠢᠯᠲᠦᠭᠦᠯᠵᠦ᠂ | ᠭᠤᠤᠯ ᠴᠤᠭᠴᠠᠲᠦ ᠴᠢᠲᠠᠮᠵᠢ ᠶᠢᠨ ᠤᠷᠤᠨ ᠤ ᠲᠦᠷᠢᠮ ᠠᠯᠬᠤᠮ ᠠᠯᠬᠤᠮ ᠢᠶᠠᠷ ᠪᠦᠷᠢᠠᠰᠢᠵᠤ᠂ ᠡᠨᠧᠷᠬᠢ ᠠᠷᠪᠢᠯᠠᠵᠦ | ᠪᠤᠬᠢᠷᠲᠤᠯ ᠢ ᠭᠠᠲᠠᠭᠰᠢᠯᠠᠭᠤᠯᠬᠤ ᠪᠠᠨ ᠪᠠᠭᠠᠰᠬᠠᠬᠠᠤ ᠠᠵᠢᠯ ᠴᠢᠬᠤᠯᠠ ᠶᠡᠭᠡ ᠠᠬᠢᠯᠲᠠ ᠲᠠᠢ ᠪᠤᠯᠵᠦ᠂ ᠴᠢᠬᠤᠯᠠ ᠶᠡᠭᠡ | ᠠᠮᠢ ᠠᠬᠤᠢ ᠶᠢᠨ ᠬᠠᠮᠠᠭᠠᠯᠠᠯᠲᠠ ᠪᠤᠯᠤᠨ ᠵᠠᠰᠠᠨ ᠰᠡᠷᠭᠦᠭᠡᠬᠦ ᠢᠨᠵᠧᠨᠧᠷᠢᠩ ᠤᠷᠤᠭᠰᠢᠲᠠᠢ ᠠᠬᠢᠵᠦ᠂ ᠠᠮᠢ ᠠᠬᠤᠢ | ᠤᠷᠴᠢᠨ ᠲᠤᠭᠤᠷᠢᠨ ᠤ ᠵᠠᠰᠠᠯᠲᠠ ᠮᠡᠲᠡᠭᠲᠡᠮ᠎ᠠ ᠴᠢᠩᠭᠠᠷᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ | ᠤᠯᠠᠠ ᠤᠯᠤᠰ ᠤᠨ ᠬᠠᠮᠲᠤᠷᠠᠯᠴᠠᠭ᠎ᠠ ᠳᠤ ᠢᠲᠡᠪᠬᠢᠲᠠᠢ ᠤᠷᠤᠯᠴᠠᠭᠰᠠᠨ ᠪᠠ ᠬᠦᠲᠦᠯᠦᠨ ᠲᠠᠭᠠᠭᠤᠯᠵᠦ᠂ ᠲᠤᠮᠲᠠᠲᠤ | ᠤᠯᠤᠰ ᠤᠨ ᠠᠷᠠᠳ ᠲᠦᠮᠡᠡ ᠤ ᠲᠦᠷᠦᠵᠦ ᠦᠰᠦᠭᠰᠡᠡ ᠭᠡᠷ ᠤᠷᠤᠨ ᠨᠡᠩ ᠦᠵᠡᠰᠭᠦᠯᠡᠩᠳᠤ ᠰᠠᠶᠢᠬᠠᠠ ᠪᠦᠭᠡᠳ | ᠤᠷᠤᠰᠢᠨ ᠠᠮᠢᠲᠤᠷᠠᠬᠤ ᠳᠤ ᠳᠤᠬᠢᠯᠢᠭ ᠪᠤᠯᠵᠠᠢ︕ | 40 ᠵᠢᠯ ᠤᠨ ᠲᠤᠷᠰᠢ᠂ ᠪᠢᠲᠠ ᠢᠮᠠᠭᠲᠠ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠦᠭᠡᠢ | ᠤᠲᠤᠷᠢᠲᠤᠯᠭ᠎ᠠ ᠶᠢ ᠪᠠᠷᠢᠮᠲᠠᠯᠠᠵᠦ᠂ ᠤᠯᠤᠰ ᠤᠨ ᠪᠠᠲᠤᠯᠠᠠ ᠬᠠᠮᠠᠭᠠᠯᠠᠯᠲᠠ ᠪᠠ ᠴᠡᠷᠢᠭ ᠠᠩᠭᠢ ᠶᠢᠨ | ᠤᠲᠤᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠵᠦ᠂ ᠠᠷᠠᠳ ᠤᠨ ᠴᠡᠷᠢᠭ ᠠᠩᠭᠢ ᠪᠠᠨ ᠬᠤᠪᠢᠰᠬᠠᠯᠳᠤ | ᠴᠢᠨᠠᠷ ᠲᠠᠢ ᠲᠠᠬᠢᠨ ᠱᠤᠭᠤᠬᠤ ᠶᠢ ᠠᠬᠢᠭᠤᠯᠵᠦ᠂ ᠵᠡᠷ ᠵᠡᠪᠰᠡᠭ ᠲᠤᠨᠤᠭᠯᠠᠯ ᠲᠡᠤᠭᠡᠲᠦ ᠴᠢᠨᠠᠷ ᠲᠠᠢ ᠲᠡᠪᠡᠯᠲᠡ ᠲᠠᠢ | ᠪᠤᠯᠵᠦ᠂ ᠴᠡᠷᠢᠭ ᠢ ᠵᠠᠰᠠᠬᠤ ᠠᠷᠭ᠎ᠠ ᠬᠡᠯᠪᠡᠷᠢ ᠳᠤ ᠦᠨᠲᠦᠰᠤᠨ ᠴᠢᠨᠠᠷ ᠲᠠᠢ ᠬᠤᠪᠢᠷᠠᠯᠲᠠ ᠭᠠᠷᠴᠤ᠂ | ᠬᠤᠪᠢᠰᠬᠠᠯᠵᠢᠯᠲᠠ ᠤᠲᠤᠬᠢᠴᠢᠯᠠᠯᠲᠠ ᠵᠢᠩᠭᠢᠨᠢᠴᠢᠯᠠᠯᠲᠡ ᠶᠢᠨ ᠲᠦᠪᠰᠢᠨ ᠮᠡᠲᠡᠭᠲᠡᠮ᠎ᠠ ᠲᠡᠭᠡᠭᠰᠢᠯᠡᠵᠦ᠂ ᠠᠷᠠᠳ ᠤᠨ | ᠴᠡᠷᠢᠭ ᠠᠩᠭᠢ ᠶᠢᠨ ᠤᠯᠤᠰ ᠤᠨ ᠡᠷᠭᠡ ᠮᠡᠲᠡᠯ᠂ ᠠᠮᠤᠷ ᠲᠦᠪᠰᠢᠨ᠂ ᠬᠦᠭᠵᠢᠯᠲᠠ ᠶᠢᠨ ᠠᠰᠢᠭ ᠲᠤᠰᠠ ᠶᠢ | ᠬᠠᠮᠠᠭᠠᠯᠠᠬᠤ ᠴᠢᠲᠠᠪᠤᠷᠢ ᠮᠡᠲᠡᠭᠲᠡᠮ᠎ᠠ ᠴᠢᠩᠭᠠᠷᠠᠵᠤ᠂ ᠠᠷᠠᠳ ᠲᠦᠮᠡᠡ ᠤ ᠵᠤᠯ ᠵᠢᠷᠭᠠᠯᠲᠦ ᠠᠮᠢᠲᠤᠷᠠᠯ ᠢ ᠬᠠᠮᠠᠭᠠᠯᠠᠵᠦ᠂ | ᠡᠭᠡ ᠤᠯᠤᠰ ᠪᠤᠯᠤᠨ ᠲᠡᠯᠡᠭᠡᠢ ᠶᠢᠨ ᠡᠩᠭᠡ ᠲᠠᠶᠢᠪᠤᠩ ᠢ ᠬᠠᠮᠠᠭᠠᠯᠠᠬᠤ ᠶᠢᠨ ᠪᠠᠳᠤ ᠪᠠᠬᠢ ᠬᠦᠴᠦᠷᠭᠡᠭ ᠶᠡᠭᠡ ᠬᠦᠴᠤᠨ | ᠪᠤᠯᠤᠭᠰᠠᠠ ᠪᠠᠶᠢᠨ᠎ᠠ︕ | 40 ᠵᠢᠯ ᠤᠨ ᠲᠤᠷᠰᠢ᠂ ᠪᠢᠲᠠ ᠢᠮᠠᠭᠲᠠ ᠡᠭᠡ ᠤᠯᠤᠰ ᠢᠶᠠᠨ ᠨᠠᠶᠢᠷᠠᠮᠲᠠᠯ ᠢᠶᠠᠷ ᠨᠢᠭᠡᠳᠭᠡᠬᠦ ᠶᠡᠭᠡ ᠦᠢᠯᠡᠰ ᠢ | ᠠᠬᠢᠭᠤᠯᠬᠤ ᠶᠢ ᠪᠠᠷᠢᠮᠲᠠᠯᠠᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠨᠲᠦᠰᠦᠨ | ᠴᠢᠭᠯᠡᠯᠲᠡ ᠶᠢ ᠭᠡᠷᠡᠭᠵᠢᠭᠦᠯᠵᠦ᠂ ᠤᠷᠢᠳ ᠬᠤᠵᠢᠳ ᠰᠢᠶᠠᠩᠭᠠᠩ᠂ ᠤᠤᠮᠸᠠ ᠳᠠᠬᠢ ᠵᠠᠰᠠᠭ ᠵᠠᠬᠢᠷᠭᠠᠠ ᠤ ᠡᠷᠭᠡ | ᠮᠡᠲᠡᠯ ᠢᠶᠠᠨ ᠰᠡᠷᠭᠦᠭᠡᠡ᠂ ᠲᠤᠮᠲᠠᠲᠤ ᠶᠢᠨ ᠦᠨᠲᠦᠰᠦᠲᠡᠡ ᠤ ᠵᠠᠭᠤᠨ ᠵᠢᠯ ᠤᠨ ᠢᠴᠢᠬᠦᠷᠢ ᠭᠤᠲᠤᠮᠰᠢᠭ ᠢ ᠠᠷᠢᠯᠭᠠᠵᠠᠢ | ᠃ ᠪᠢᠲᠠ ᠨᠢᠭᠡ ᠲᠤᠮᠲᠠᠲᠤ ᠤᠯᠤᠰ ᠪᠠᠶᠢᠬᠤ ᠵᠠᠷᠴᠢᠮ ᠪᠤᠯᠤᠨ ︽92 ᠤᠨ ᠤ ᠬᠠᠮᠳᠤ ᠶᠢᠨ ᠲᠠᠨᠢᠯᠳᠠ︾ ᠶᠢ | ᠪᠠᠷᠢᠮᠲᠠᠯᠠᠵᠦ᠂ ᠳᠠᠶᠢᠸᠠᠨ ᠬᠤᠭᠤᠯᠠᠢ ᠶᠢᠨ ᠬᠤᠶᠠᠷ ᠬᠦᠪᠡᠭᠡᠡ ᠤ ᠠᠵᠦ ᠠᠬᠤᠢ ᠰᠤᠶᠤᠯ ᠤᠨ ᠰᠤᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠠ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠡ ᠤ ᠬᠠᠷᠢᠴᠠᠭ᠎ᠠ ᠶᠢᠨ ᠡᠩᠭᠡ | ᠲᠠᠶᠢᠪᠤᠩ ᠬᠦᠭᠵᠢᠯᠲᠠ ᠶᠢ ᠠᠬᠢᠭᠤᠯᠵᠦ᠂ ︽ᠲᠠᠶᠢᠸᠠᠠ ᠢ ᠲᠤᠰᠠᠭᠠᠷ ᠲᠤᠭᠲᠠᠨᠢᠭᠤᠯᠬᠤ︾ ᠬᠠᠭᠠᠴᠠᠭᠤᠯᠬᠤ | ᠬᠦᠴᠤᠨ ᠢ ᠡᠷᠡᠰ ᠡᠰᠡᠷᠭᠦᠴᠡᠡ ᠬᠤᠷᠢᠠᠠᠯᠠᠵᠦ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠡ ᠤ ᠬᠠᠷᠢᠴᠠᠭ᠎ᠠ ᠶᠢᠨ | ᠬᠦᠭᠵᠢᠯᠲᠠ ᠶᠢᠨ ᠭᠤᠤᠯᠯᠠᠬᠤ ᠡᠷᠭᠡ ᠪᠤᠯᠤᠨ ᠰᠠᠨᠠᠭᠠᠴᠢᠯᠠᠭᠠᠲᠦ ᠡᠷᠭᠡ ᠶᠢ ᠪᠠᠲᠤ ᠡᠵᠡᠮᠲᠡᠪᠠ᠃ ᠤᠯᠤᠰ ᠤᠨ | ᠲᠤᠲᠤᠭᠠᠲᠤ ᠭᠠᠲᠠᠭᠠᠲᠤ ᠶᠢᠨ ᠲᠤᠮᠲᠠᠲᠤ ᠶᠢᠨ ᠪᠦᠬᠦ ᠬᠦᠪᠡᠭᠦᠳ ᠦᠬᠢᠳ ᠤᠨ ᠦᠨᠲᠦᠰᠦᠲᠡᠡ ᠢᠶᠠᠨ ᠮᠡᠳᠡᠷᠡᠬᠦ | ᠰᠡᠳᠭᠢᠯᠭᠡ᠂ ᠰᠤᠶᠤᠯ ᠢᠶᠠᠨ ᠮᠡᠳᠡᠷᠡᠬᠦ ᠰᠡᠳᠬᠢᠯᠭᠡ ᠶᠡᠬᠡᠪᠠᠷ ᠴᠢᠩᠭᠠᠷᠠᠵᠤ᠂ ᠰᠡᠳᠬᠢᠯ ᠢᠶᠠᠨ ᠨᠢᠭᠡᠳᠭᠡᠵᠦ | ᠲᠤᠮᠲᠠᠲᠤ ᠶᠢᠨ ᠵᠡᠭᠦᠲᠦ ᠶᠢ ᠲᠡᠷᠭᠡᠯᠰᠢᠭᠦᠯᠬᠦ ᠡᠷᠴᠢ ᠵᠤᠷᠢᠭ ᠤᠯᠠᠮ ᠴᠢᠩᠭᠠᠷᠠᠭᠰᠠᠨ ᠪᠠᠶᠢᠨ᠎ᠠ︕ | 40 ᠵᠢᠯ ᠤᠨ ᠲᠤᠷᠰᠢ᠂ ᠪᠢᠲᠠ ᠢᠮᠠᠭᠲᠠ ᠪᠡᠶ᠎ᠠ ᠪᠠᠨ ᠲᠠᠭᠠᠭᠠᠵᠦ ᠡᠷᠬᠡ ᠮᠡᠲᠡᠬᠦ ᠨᠠᠶᠢᠷᠠᠮᠲᠠᠯ ᠤᠨ ᠭᠠᠲᠠᠭᠠᠲᠤ | ᠬᠠᠷᠢᠯᠴᠠᠭᠠᠠ ᠤ ᠲᠦᠷᠦ ᠶᠢᠨ ᠪᠤᠲᠤᠯᠭ᠎ᠠ ᠶᠢ ᠪᠠᠷᠢᠮᠲᠠᠯᠠᠵᠦ᠂ ᠢᠮᠠᠭᠲᠠ ᠡᠩᠭᠡ ᠲᠠᠶᠢᠪᠤᠩ ᠬᠦᠭᠵᠢᠯᠲᠠ ᠶᠢᠨ ᠵᠠᠮ ᠢᠶᠠᠷ | ᠵᠠᠮᠨᠠᠬᠤ ᠶᠢ ᠪᠠᠷᠢᠮᠳᠠᠯᠠᠵᠤ᠂ ᠬᠠᠷᠢᠯᠴᠠᠠ ᠠᠰᠢᠭᠲᠠᠢ ᠬᠠᠮᠲᠤ ᠪᠠᠷ ᠠᠰᠢᠭ ᠬᠦᠷᠲᠡᠬᠦ ᠨᠡᠭᠡᠭᠡᠯᠲᠡᠲᠦ ᠪᠠᠶᠢᠯᠲᠤᠬᠤ | ᠪᠤᠲᠤᠯᠭ᠎ᠠ ᠶᠢ ᠭᠡᠷᠡᠭᠵᠢᠭᠦᠯᠵᠦ᠂ ᠤᠯᠠᠠ ᠤᠯᠤᠰ ᠤᠨ ᠬᠠᠷᠢᠯᠴᠠᠭ᠎ᠠ ᠶᠢᠨ ᠦᠨᠲᠦᠰᠦᠨ ᠵᠠᠷᠴᠢᠮ ᠢ ᠡᠷᠡᠰ ᠬᠠᠮᠠᠭᠠᠯᠠᠵᠦ᠂ | ᠳᠡᠯᠡᠬᠡᠢ ᠶᠢᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠵᠠᠢ᠃ ᠪᠢᠲᠠ ᠳᠦᠭᠵᠢᠮᠡᠯ ᠬᠠᠭᠠᠰ ᠲᠦᠭᠵᠢᠮᠡᠯ | ᠪᠠᠶᠢᠳᠠᠯ ᠠᠴᠠ ᠪᠦᠬᠦ ᠲᠠᠯ᠎ᠠ ᠪᠠᠷ ᠨᠡᠭᠡᠭᠡᠯᠲᠡ ᠬᠢᠬᠦ ᠲᠡᠤᠭᠡᠲᠦ ᠬᠤᠪᠢᠷᠠᠯᠲᠠ ᠶᠢ ᠪᠡᠶᠡᠯᠡᠭᠦᠯᠵᠦ᠂ ᠠᠵᠦ ᠠᠬᠤᠢ ᠶᠢᠨ | ᠲᠡᠯᠡᠭᠡᠶᠢᠵᠢᠯᠲᠠ ᠶᠢᠨ ᠠᠬᠢᠴᠠ ᠳᠤ ᠢᠲᠠᠪᠬᠢᠲᠠᠢ ᠤᠷᠤᠯᠴᠠᠵᠦ᠂ ᠬᠦᠮᠦᠨ ᠲᠦᠷᠦᠯᠬᠢᠲᠠᠠ ᠤ ᠬᠠᠮᠲᠤ ᠶᠢᠨ | ᠬᠦᠭᠵᠢᠯᠲᠠ ᠶᠢ ᠠᠬᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠵᠠᠢ᠃ ᠪᠢᠲᠠ ᠨᠡᠭᠡᠭᠡᠯᠲᠡᠲᠦ | ᠮᠠᠶ᠋ᠢᠭ ᠤᠨ ᠲᠡᠯᠡᠭᠡᠢ ᠶᠢᠨ ᠠᠵᠦ ᠠᠬᠤᠢ ᠶᠢᠨ ᠪᠠᠶᠢᠭᠤᠯᠤᠯᠲᠠ᠂ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ | ᠬᠠᠮᠲᠤ ᠶᠢᠨ ᠴᠤᠭᠴᠠ ᠶᠢᠨ ᠪᠠᠶᠢᠭᠤᠯᠤᠯᠲᠠ ᠶᠢ ᠢᠲᠡᠪᠬᠢᠲᠠᠢ ᠠᠬᠢᠭᠤᠯᠵᠦ᠂ ᠪᠦᠬᠦ ᠲᠡᠯᠡᠭᠡᠢ ᠶᠢᠨ ᠵᠠᠰᠠᠯᠲᠠ ᠶᠢᠨ | ᠰᠢᠰᠲ᠋ᠧᠮ ᠤᠨ ᠬᠤᠪᠢᠰᠤᠯᠲᠠ ᠶᠢ ᠠᠬᠢᠭᠤᠯᠵᠦ᠂ ᠲᠤᠭ ᠲᠡᠮᠲᠡᠭ ᠲᠤᠲᠤᠷᠬᠠᠢ ᠪᠠᠷ ᠡᠵᠡᠷᠭᠡᠬᠦ ᠦᠵᠡᠯ ᠪᠤᠯᠤᠨ | ᠬᠦᠴᠦᠷᠭᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠲᠡᠯᠡᠭᠡᠢ ᠶᠢᠨ ᠡᠩᠭᠡ ᠲᠠᠶᠢᠪᠤᠩ ᠪᠤᠯᠤᠠ ᠬᠦᠭᠵᠢᠯᠲᠠ ᠳᠤ | ᠲᠤᠮᠲᠠᠲᠤ ᠤᠯᠤᠰ ᠤᠨ ᠤᠶᠤᠨ ᠤᠬᠠᠭᠠᠠ᠂ ᠲᠤᠮᠲᠠᠲᠤ ᠤᠯᠤᠰ ᠤᠨ ᠲᠦᠰᠦᠯ᠂ ᠲᠤᠮᠲᠠᠲᠤ ᠤᠯᠤᠰ ᠤᠨ | ᠬᠦᠴᠤᠨ ᠢᠶᠠᠨ ᠲᠠᠰᠤᠷᠠᠯᠲᠠ ᠦᠭᠡᠢ ᠨᠡᠮᠡᠷᠢᠯᠡᠪᠠ᠃ ᠮᠠᠠ ᠤ ᠤᠯᠤᠰ ᠶᠠᠪᠤᠬᠤ ᠲᠤᠳᠤᠮ ᠲᠡᠯᠡᠭᠡᠢ ᠶᠢᠨ ᠲᠡᠪᠴᠠᠩ ᠤᠨ | ᠲᠦᠪ ᠲᠤ ᠤᠶᠢᠢᠷᠠᠲᠤᠵᠦ᠂ ᠲᠡᠯᠡᠭᠡᠢ ᠨᠡᠶᠢᠳᠡ ᠳᠤ ᠮᠡᠳᠡᠷᠡᠭᠳᠡᠬᠦ ᠳᠡᠯᠡᠬᠡᠢ ᠶᠢᠨ ᠡᠩᠭᠡ ᠲᠠᠶᠢᠪᠤᠩ ᠤᠨ ᠪᠦᠲᠦᠭᠡᠡ | ᠪᠠᠶᠢᠭᠤᠯᠤᠭᠴᠢ᠂ ᠪᠦᠬᠦ ᠲᠡᠯᠡᠭᠡᠢ ᠶᠢᠨ ᠬᠦᠭᠵᠢᠯᠲᠠ ᠳᠤ ᠬᠤᠪᠢ ᠨᠡᠮᠡᠷᠢ ᠦᠵᠡᠭᠦᠯᠦᠭᠴᠢ᠂ ᠤᠯᠠᠠ ᠤᠯᠤᠰ ᠤᠨ ᠡᠮᠬᠢ | ᠲᠢᠭᠯᠢᠮ ᠤᠨ ᠬᠠᠮᠠᠭᠠᠯᠠᠭᠴᠢ ᠪᠤᠯᠤᠭᠰᠠᠠ ᠪᠠᠶᠢᠨ᠎ᠠ᠃ | 40 ᠵᠢᠯ ᠤᠨ ᠲᠤᠷᠰᠢ᠂ ᠪᠢᠳᠠ ᠢᠮᠠᠬᠳᠠ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ | ᠰᠠᠶᠢᠵᠢᠷᠠᠭᠤᠯᠬᠤ ᠶᠢ ᠪᠠᠷᠢᠮᠳᠠᠯᠠᠵᠤ᠂ ᠤᠷᠳᠤ ᠬᠤᠭᠤᠴᠠᠭ᠎ᠠ ᠪᠠᠷ ᠲᠦᠷᠤ ᠪᠠᠷᠢᠬᠤ ᠪᠠ ᠦᠬᠡᠷᠡᠴᠢᠯᠠᠯᠳᠠ | ᠨᠡᠬᠡᠬᠡᠯᠳᠠ ᠶᠢᠨ ᠨᠦᠬᠦᠴᠠᠯ ᠳᠤᠤᠷ᠎ᠠ ᠨᠠᠮ ᠳᠤ ᠲᠤᠯᠭᠠᠷᠠᠵᠤ ᠪᠠᠶᠢᠭ᠎ᠠ ᠡᠯ᠎ᠠ ᠵᠦᠢᠯ ᠤᠨ ᠠᠶᠤᠯ ᠲᠦᠭᠰᠢᠭᠦᠷᠢ ᠪᠠ | ᠰᠢᠯᠭᠠᠯᠳᠠ ᠶᠢ ᠢᠳᠡᠪᠬᠢᠳᠠᠢ ᠠᠷᠭᠠᠴᠠᠭᠠᠵᠤ᠂ ᠨᠠᠮ ᠤᠨ ᠪᠠᠶᠢᠭᠤᠯᠤᠯᠳᠠ ᠶᠢᠨ ᠰᠢᠨ᠎ᠠ ᠠᠭᠤᠤ ᠶᠡᠭᠡ ᠢᠨᠵᠧᠨᠧᠷᠢᠩ ᠢ | ᠦᠷᠬᠦᠯᠵᠢᠯᠠᠨ ᠠᠬᠢᠭᠤᠯᠵᠤ᠂ ᠨᠠᠮ ᠤᠨ ᠲᠡᠷᠢᠬᠦᠨ ᠤ ᠴᠢᠨᠠᠷ ᠪᠤᠯᠤᠨ ᠠᠷᠢᠭᠤᠨ ᠴᠢᠨᠠᠷ ᠢ ᠪᠠᠳᠤᠯᠠᠵᠤ᠂ ᠨᠠᠮ ᠤᠨ | ᠠᠷᠠᠳ ᠲᠦᠮᠡᠨ ᠯᠦᠭᠡ ᠶᠢᠨ ᠴᠢᠰᠤ ᠮᠢᠬᠠᠨ ᠤ ᠬᠠᠷᠢᠴᠠᠭ᠎ᠠ ᠶᠢ ᠪᠠᠳᠤᠯᠠᠪᠠ᠃ ᠪᠢᠳᠠ ᠡᠪ ᠬᠠᠮᠳᠤ ᠨᠠᠮ ᠤᠨ ᠲᠦᠷᠤ | ᠪᠠᠷᠢᠬᠤ ᠵᠢᠮ᠎ᠠ ᠬᠠᠤᠯᠢ᠂ ᠨᠡᠶᠢᠬᠡᠮ ᠵᠢᠷᠤᠮ ᠤᠨ ᠪᠦᠳᠤᠬᠡᠨ ᠪᠠᠶᠢᠭᠤᠯᠤᠯᠳᠠ ᠶᠢᠨ ᠵᠢᠮ᠎ᠠ ᠬᠠᠤᠯᠢ᠂ ᠬᠦᠮᠤᠨ | ᠲᠦᠷᠤᠯᠬᠢᠳᠠᠨ ᠤ ᠨᠡᠶᠢᠬᠡᠮ ᠤᠨ ᠬᠦᠭᠵᠢᠯᠳᠠ ᠶᠢᠨ ᠵᠢᠮ᠎ᠠ ᠬᠠᠤᠯᠢ ᠶᠢ ᠢᠳᠡᠪᠬᠢᠳᠠᠢ ᠰᠦᠪᠡᠭᠴᠢᠯᠠᠵᠤ᠂ ᠮᠠᠷᠺᠰ ᠤᠨ | ᠦᠵᠡᠯ ᠤᠨ ᠳᠤᠮᠳᠠᠳᠤ ᠤᠯᠤᠰᠴᠢᠯᠠᠭᠰᠠᠨ ᠰᠢᠨ᠎ᠠ ᠠᠬᠤᠢ ᠪᠠᠶᠢᠳᠠᠯ ᠢ ᠲᠠᠰᠤᠷᠠᠯᠳᠠ ᠦᠬᠡᠢ ᠨᠡᠭᠡᠭᠡᠪᠡ᠃ ᠪᠢᠳᠠ | ᠨᠠᠮ ᠨᠢ ᠨᠠᠮ ᠢᠶᠠᠨ ᠬᠠᠮᠢᠶᠠᠷᠴᠤ᠂ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠵᠤ᠂ ᠨᠠᠮ ᠤᠨ ᠳᠤᠳᠤᠭᠠᠳᠤ ᠶᠢᠨ ᠤᠯᠤᠰ | ᠲᠦᠷᠤ ᠶᠢᠨ ᠠᠮᠢ ᠠᠬᠤᠢ ᠶᠢ ᠴᠡᠪᠡᠷᠰᠢᠬᠦᠯᠵᠤ᠂ ᠰᠤᠷᠳᠠᠯ ᠴᠡᠭᠴᠡᠯᠡᠵᠦ ᠰᠠᠬᠢᠯᠭ᠎ᠠ ᠪᠠᠳᠤ ᠶᠢ ᠴᠢᠩᠳᠠᠯᠠᠬᠤ ᠶᠢ | ᠤᠳᠠᠭᠠᠨ ᠳᠠᠭᠠᠭᠠᠮᠠᠭᠠᠢ ᠪᠠᠷᠢᠮᠳᠠᠯᠠᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠵᠢᠷᠭᠠᠨ ᠴᠡᠩᠬᠡᠬᠦ ᠦᠵᠡᠯ | ᠪᠤᠯᠤᠨ ᠱᠠᠯᠢᠨ ᠪᠦᠷᠢᠯᠭᠡᠬᠦ ᠰᠤᠷᠳᠠᠯ ᠢ ᠶᠡᠬᠡᠪᠡᠷ ᠴᠡᠭᠴᠡᠯᠠᠨ ᠵᠠᠰᠠᠵᠤ᠂ ᠤᠭᠳᠤ ᠠᠭᠤᠴᠢᠯᠠᠬᠤ ᠦᠭᠡᠢ ᠤᠪᠤᠷ ᠢᠶᠠᠷ | ᠢᠯᠵᠢᠷᠠᠯ ᠢ ᠴᠢᠩᠭ᠎ᠠ ᠵᠠᠯᠬᠠᠭᠠᠨ ᠰᠢᠢᠳᠬᠡᠵᠤ᠂ ᠢᠯᠵᠢᠷᠠᠯ ᠢ ᠡᠰᠡᠷᠬᠦᠴᠡᠬᠦ ᠲᠡᠮᠡᠴᠡᠯ ᠲᠡᠶᠢᠯᠦᠩᠬᠦᠢ ᠢᠯᠠᠯᠳᠠ | ᠤᠯᠤᠬᠰᠠᠨ ᠪᠠᠶᠢᠨ᠎ᠠ᠃ ᠮᠠᠨ ᠤ ᠨᠠᠮ ᠬᠤᠪᠢᠰᠬᠠᠯᠳᠤ ᠴᠢᠨᠠᠷᠳᠠᠢ ᠳᠠᠪᠳᠠᠯᠳᠠ ᠲᠤᠮᠳᠠ ᠴᠠᠬ ᠦᠶ᠎ᠠ ᠶᠢᠨ ᠡᠮᠤᠨ᠎ᠠ | ᠡᠩᠨᠡᠭᠡᠨ ᠳᠤ ᠢᠳᠡᠷᠡᠬᠦᠨ ᠢᠶᠠᠷ ᠠᠯᠬᠤᠵᠤ᠂ ᠢᠮᠠᠬᠳᠠ ᠳᠤᠮᠳᠠᠳᠤ ᠤᠯᠤᠰ ᠤᠨ ᠠᠷᠠᠳ ᠲᠦᠮᠡᠨ ᠪᠤᠯᠤᠨ | ᠳᠤᠮᠳᠠᠳᠤ ᠶᠢᠨ ᠦᠨᠳᠤᠰᠤᠳᠠᠨ ᠤ ᠦᠮᠦᠭ ᠲᠦᠰᠢᠭ ᠪᠤᠯᠵᠤ ᠢᠷᠡᠵᠠᠢ︕ | 40 ᠵᠢᠯ ᠤᠨ ᠤᠷᠢᠬᠠᠨ ᠰᠠᠯᠬᠢ ᠦᠩᠬᠢᠶᠠᠮᠤᠷ ᠬᠤᠷ᠎ᠠ ᠪᠠᠷ ᠴᠡᠴᠡᠭ ᠲᠡᠯᠬᠡᠷᠡᠵᠤ ᠦᠷ᠎ᠠ ᠵᠢᠮᠢᠰ ᠰᠠᠭᠤᠵᠤ᠂ | ᠦᠬᠡᠷᠡᠴᠢᠯᠠᠯᠳᠠ ᠨᠡᠬᠡᠬᠡᠯᠳᠠ ᠨᠢ ᠳᠤᠮᠳᠠᠳᠤ ᠤᠯᠤᠰ ᠤᠨ ᠲᠦᠷᠰᠤ ᠪᠠᠶᠢᠳᠠᠯ᠂ ᠳᠤᠮᠳᠠᠳᠤ ᠶᠢᠨ ᠦᠨᠳᠤᠰᠤᠳᠠᠨ ᠤ | ᠲᠦᠷᠰᠤ ᠪᠠᠶᠢᠳᠠᠯ᠂ ᠳᠤᠮᠳᠠᠳᠤ ᠤᠯᠤᠰ ᠤᠨ ᠠᠷᠠᠳ ᠲᠦᠮᠡᠨ ᠤ ᠲᠦᠷᠰᠤ ᠪᠠᠶᠢᠳᠠᠯ᠂ ᠳᠤᠮᠳᠠᠳᠤ ᠤᠯᠤᠰ ᠤᠨ ᠡᠪ | ᠬᠠᠮᠳᠤ ᠨᠠᠮ ᠤᠨ ᠲᠦᠷᠰᠤ ᠪᠠᠶᠢᠳᠠᠯ ᠢ ᠶᠡᠬᠡᠪᠡᠷ ᠬᠤᠪᠢᠷᠠᠭᠤᠯᠪᠠ᠃ ᠳᠤᠮᠳᠠᠳᠤ ᠶᠢᠨ ᠦᠨᠳᠤᠰᠤᠳᠠᠨ ᠪᠤᠰᠴᠤ | ᠵᠤᠬᠰᠤᠭᠰᠠᠨ᠂ ᠴᠢᠨᠡᠭᠡᠯᠢᠭᠵᠢᠭᠰᠡᠨ ᠠᠴᠠ ᠬᠦᠴᠦᠷᠭᠡᠭᠵᠢᠭᠰᠡᠨ ᠬᠦᠷᠳᠡᠯᠡᠬᠢ ᠠᠭᠤᠤ ᠶᠡᠭᠡ ᠦᠰᠤᠷᠤᠯᠳᠠ ᠶᠢ ᠤᠬᠳᠤᠨ | ᠠᠪᠴᠢᠷᠠᠪᠠ︕ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠡᠬᠦᠳᠤᠨ ᠪᠠᠶᠢᠭᠤᠯᠬᠤ᠂ ᠬᠦᠭᠵᠢᠬᠦ ᠠᠴᠠ | ᠲᠡᠬᠦᠯᠳᠡᠷᠵᠢᠬᠦ ᠠᠭᠤᠤ ᠶᠡᠭᠡ ᠦᠰᠤᠷᠤᠯᠳᠠ ᠶᠢ ᠤᠬᠳᠤᠨᠠᠪᠴᠢᠷᠠᠪᠠ︕ ᠳᠤᠮᠳᠠᠳᠤ ᠤᠯᠤᠰ ᠤᠨ ᠠᠷᠠᠳ ᠲᠦᠮᠡᠨ | ᠢᠳᠡᠵᠤ ᠡᠮᠤᠰᠬᠦ ᠳᠡᠭᠡᠨ ᠵᠦᠪ ᠦᠬᠡᠢ ᠪᠠᠶᠢᠬᠰᠠᠨ ᠠᠴᠠ ᠪᠠᠶᠠᠵᠢᠨ ᠴᠢᠨᠡᠭᠡᠯᠢᠭᠵᠢᠭᠰᠡᠨ ᠠᠭᠤᠤ ᠶᠡᠭᠡ ᠦᠰᠤᠷᠤᠯᠳᠠ ᠶᠢ | ᠤᠬᠳᠤᠨ ᠠᠪᠴᠢᠷᠠᠪᠠ︕ ᠳᠤᠮᠳᠠᠳᠤ ᠶᠢᠨ ᠦᠨᠳᠤᠰᠤᠳᠠᠨ ᠴᠤ᠋ ᠰᠢᠨ᠎ᠠ ᠲᠦᠷᠰᠤ ᠪᠠᠶᠢᠳᠠᠯ ᠢᠶᠠᠷ ᠲᠤᠷᠤᠨᠠᠳᠠᠬᠢᠨ ᠳᠤ | ᠰᠡᠬᠦ᠋ᠢᠨ ᠰᠦᠨᠳᠠᠷᠯᠠᠪᠠ᠃ | 40 ᠵᠢᠯ ᠤᠨ ᠲᠤᠷᠰᠢ ᠤᠯᠤᠬᠰᠠᠨ ᠠᠮᠵᠢᠯᠳᠠ ᠪᠦᠳᠤᠮᠵᠢ ᠨᠢ ᠲᠡᠭᠷᠢ ᠠᠴᠠ ᠤᠨᠠᠵᠤ ᠢᠷᠡᠭᠰᠡᠨ ᠱᠠᠯᠪᠢᠩ | ᠪᠤᠰᠤ᠂ ᠨᠡᠩ ᠴᠤ ᠪᠤᠰᠤᠳ ᠤᠨ ᠰᠤᠶᠤᠷᠬᠠᠬᠰᠠᠨ ᠦᠭᠯᠢᠬᠡ ᠪᠤᠰᠤ᠂ ᠬᠠᠷᠢᠨ ᠪᠦᠬᠦ ᠨᠠᠮ ᠪᠦ᠋ᠬᠦ ᠤᠯᠤᠰ ᠤᠨ | ᠦᠨᠳᠤᠰᠤᠳᠠᠨ ᠨᠦᠭᠦᠳ ᠤᠨ ᠠᠷᠠᠳ ᠲᠦᠮᠡᠨ ᠠᠵᠢᠯᠴᠢ ᠬᠦᠳᠡᠯᠮᠤᠷᠢᠴᠢ ᠬᠤᠶᠠᠷ ᠭᠠᠷ᠂ ᠤᠶᠤᠨ ᠤᠬᠠᠭᠠᠨ᠂ | ᠰᠦᠰᠤ ᠵᠤᠷᠢᠭ ᠢᠶᠠᠷ ᠢᠶᠠᠨ ᠬᠢᠵᠤ ᠪᠦᠲᠦᠭᠡᠭᠰᠡᠨ ᠶᠤᠮ᠃ ᠪᠢᠳᠠ ᠬᠡᠳᠤᠨ ᠠᠷᠪᠠᠨ ᠵᠢᠯ ᠤᠨ ᠬᠤᠭᠤᠴᠠᠭ᠎ᠠ ᠪᠠᠷ | ᠬᠦᠭᠵᠢᠭᠰᠡᠨ ᠤᠯᠤᠰ ᠤᠨ ᠬᠡᠳᠤᠨ ᠵᠠᠭᠤᠨ ᠵᠢᠯ ᠳᠠᠮᠵᠢᠭᠰᠠᠨ ᠠᠵᠤ ᠤᠶᠢᠢᠯᠡᠳᠪᠤᠷᠢᠵᠢᠯᠳᠠ ᠶᠢᠨ ᠶᠠᠪᠤᠴᠠ ᠶᠢ | ᠪᠡᠶᠡᠯᠡᠬᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠪᠡᠶᠡᠯᠡᠭᠳᠡᠭᠰᠢ ᠦᠬᠡᠢ ᠵᠦᠢᠯ ᠢ | ᠪᠡᠶᠡᠯᠡᠬᠦᠯᠦᠭᠰᠡᠨ ᠪᠠᠶᠢᠨ᠎ᠠ᠃ ᠪᠢᠳᠡ ᠶᠢᠷᠲᠢᠨᠴᠤ ᠶᠢᠨ ᠭᠠᠶᠢᠬᠠᠮᠰᠢᠭ ᠢ ᠡᠭᠦᠳᠦᠭᠰᠡᠨ ᠳᠤᠮᠳᠠᠳᠤ ᠤᠯᠤᠰ ᠤᠨ ᠠᠷᠠᠳ | ᠲᠦᠮᠡᠨ ᠤ ᠪᠠᠨ ᠲᠦᠯᠦᠭᠡ ᠬᠢᠵᠠᠭᠠᠯᠠᠰᠢ ᠦᠭᠡᠢ ᠤᠮᠤᠭᠰᠢᠳᠠᠭ᠃ ᠠᠳᠠ ᠪᠢ ᠨᠠᠮ ᠤᠨ ᠲᠦᠪ ᠬᠤᠷᠢᠶ᠎ᠠ ᠶᠢ | ᠲᠦᠯᠤᠬᠡᠯᠠᠵᠤ᠂ ᠡᠯ᠎ᠠ ᠹᠷᠤᠨᠲ ᠤᠨ ᠦᠬᠡᠷᠡᠴᠢᠯᠠᠯᠳᠠ ᠨᠡᠬᠡᠬᠡᠯᠳᠠ ᠪᠤᠯᠤᠨ ᠨᠡᠶᠢᠬᠡᠮ ᠵᠢᠷᠤᠮ ᠤᠨ | ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠳᠤ ᠤᠶᠤᠨ ᠤᠬᠠᠭᠠᠨ ᠪᠤᠯᠤᠨ ᠬᠦᠴᠤᠨ ᠴᠢᠳᠠᠯ ᠢᠶᠠᠨ ᠡᠷᠬᠦᠭᠰᠡᠨ | ᠦᠷᠬᠡᠨ ᠤᠯᠠᠨ ᠠᠵᠢᠯᠴᠢᠨ᠂ ᠲᠠᠷᠢᠶᠠᠴᠢᠨ᠂ ᠰᠡᠬᠡᠬᠡᠳᠡᠨ᠂ ᠺᠠᠳ᠋ᠷ᠂ ᠴᠢᠯᠤᠬᠡᠯᠡᠬᠦ ᠴᠡᠷᠢᠭ ᠤᠨ ᠵᠢᠯᠤᠭᠤᠳᠤᠬᠴᠢ | ᠪᠠᠶᠢᠯᠳᠤᠬᠴᠢ᠂ ᠵᠡᠪᠰᠡᠭᠳᠤ ᠴᠠᠭᠳᠠᠭᠠᠨ ᠤ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢ᠂ ᠳᠤᠳᠤᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠤ᠂ ᠡᠯ᠎ᠠ ᠠᠷᠠᠳᠴᠢᠯᠠᠬᠰᠠᠨ ᠨᠠᠮ ᠪᠦᠯᠦᠭ ᠪᠤᠯᠤᠨ ᠨᠠᠮ ᠪᠦᠯᠦᠭ ᠤᠨ ᠪᠤᠰᠤ | ᠬᠦᠮᠤᠰ᠂ ᠡᠯ᠎ᠠ ᠠᠷᠠᠳ ᠤᠨ ᠪᠦᠯᠬᠦᠮ ᠪᠤᠯᠤᠨ ᠡᠯ᠎ᠠ ᠡᠳᠡᠬᠡᠳ ᠤᠨ ᠡᠬᠡ ᠤᠷᠤᠨᠴᠢ ᠬᠦᠮᠤᠰ ᠲᠤ ᠡᠷᠬᠢᠮ ᠲᠡᠭᠡᠳᠤ | ᠬᠦᠨᠳᠤᠳᠬᠡᠯ ᠢᠶᠠᠨ ᠲᠡᠪᠰᠢᠬᠦᠯᠵᠤ ᠪᠠᠶᠢᠨ᠎ᠠ︕ ᠡᠬᠡ ᠤᠯᠤᠰ ᠤᠨ ᠦᠬᠡᠷᠡᠴᠢᠯᠠᠯᠳᠠ ᠨᠡᠬᠡᠬᠡᠯᠳᠠ ᠪᠤᠯᠤᠨ | ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠳᠤ ᠢᠳᠡᠪᠬᠢᠳᠠᠢ ᠴᠢᠷᠮᠠᠶᠢᠯᠭ᠎ᠠ ᠭᠠᠷᠭᠠᠬᠰᠠᠨ ᠰᠢᠶᠠᠩᠭᠠᠩ | ᠤᠨᠴᠠᠭᠠᠢ ᠵᠠᠰᠠᠬ ᠵᠠᠬᠢᠷᠭᠠᠨ ᠤ ᠤᠷᠤᠨ ᠤ ᠠᠬ᠎ᠠ ᠲᠡᠬᠦᠤ ᠨᠠᠷ᠂ ᠤᠤᠮᠧᠨ ᠤᠨᠴᠠᠭᠠᠢ ᠵᠠᠰᠠᠬ ᠵᠠᠬᠢᠷᠭᠠᠨ ᠤ ᠤᠷᠤᠨ ᠤ | ᠠᠬ᠎ᠠ ᠲᠡᠬᠦᠤ ᠨᠡᠷ᠂ ᠲᠠᠶᠢᠸᠠᠨ ᠤ ᠠᠬ᠎ᠠ ᠲᠡᠬᠦᠤ ᠨᠠᠷ ᠪᠤᠯᠤᠨ ᠭᠠᠳᠠᠭᠠᠳᠦ ᠳᠤ ᠰᠠᠭᠤᠭ᠎ᠠ ᠳᠤᠮᠳᠠᠳᠤ ᠶᠢᠨ ᠬᠠᠷᠢᠶᠠᠳᠤ | ᠨᠠᠷ ᠲᠤ ᠴᠢᠩ ᠰᠡᠳᠬᠢᠯ ᠤᠨ ᠮᠠᠨᠳᠤᠴᠢᠯᠡᠯ ᠳᠡᠪᠰᠢᠭᠦᠯᠵᠦ ᠪᠠᠶᠢᠨ᠎ᠠ︕ ᠳᠤᠮᠳᠠᠳᠤ ᠤᠯᠤᠰ ᠤᠨ ᠦᠬᠡᠷᠡᠴᠢᠯᠠᠯᠳᠠ | ᠨᠡᠬᠡᠬᠡᠯᠳᠠ ᠪᠤᠯᠤᠨ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠶᠢ ᠬᠠᠯᠠᠮᠵᠢᠯᠠᠵᠤ ᠲᠡᠮᠵᠢᠭᠰᠡᠨ ᠭᠠᠳᠠᠭᠠᠳᠤ ᠶᠢᠨ | ᠨᠠᠶᠢᠵᠠ ᠨᠠᠷ ᠪᠤᠯᠤᠨ ᠲᠡᠯᠡᠬᠡᠢ ᠶᠢᠨ ᠡᠯ᠎ᠠ ᠤᠯᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠵᠦ ᠪᠠᠶᠢᠨ᠎ᠠ︕ | ᠨᠦᠬᠦᠳ ᠡ᠂ ᠨᠠᠶᠢᠵᠠ ᠨᠠᠷ ᠡ︕ 40 ᠵᠢᠯ ᠤᠨ ᠤᠶᠢᠢᠯᠡᠳᠤᠯᠬᠡ᠂ ᠨᠠᠮ ᠤᠨ ᠠᠷᠪᠠᠨ ᠨᠢᠬᠡᠳᠤᠭᠡᠷ | ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ ᠨᠠᠭᠠᠰᠢ ᠮᠠᠨ ᠤ ᠨᠠᠮ ᠪᠦ᠋ᠬᠦ | ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠤᠨ ᠳᠠᠭᠠᠭᠤᠯᠵᠤ ᠨᠡᠬᠡᠬᠡᠭᠰᠡᠨ ᠳᠤᠮᠳᠠᠳᠤ | ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠵᠠᠮ᠂ ᠤᠨᠤᠯ᠂ ᠪᠠᠶᠢᠭᠤᠯᠤᠯ᠂ ᠰᠤᠶᠤᠯ ᠪᠤᠯ ᠪᠦᠷᠢᠮᠤᠰᠤᠨ ᠵᠦᠪ | ᠶᠤᠮ᠂ ᠪᠦᠷᠢᠯᠳᠦᠭᠰᠡᠨ ᠨᠠᠮ ᠤᠨ ᠦᠨᠳᠤᠰᠤᠨ ᠤᠨᠤᠯ᠂ ᠦᠨᠳᠤᠰᠤᠨ ᠱᠤᠭᠤᠮ᠂ ᠦᠨᠳᠤᠰᠤᠨ ᠠᠷᠭ᠎ᠠ ᠪᠤᠳᠤᠯᠭ᠎ᠠ | ᠪᠤᠯ ᠪᠦᠷᠢᠮᠤᠰᠤᠨ ᠵᠦᠪ ᠶᠤᠮ ᠬᠡᠰᠡᠨ ᠢ ᠬᠦᠢᠴᠡᠳ ᠬᠡᠷᠡᠴᠢᠯᠠᠪᠠ᠃ | 40 ᠵᠢᠯ ᠤᠨ ᠤᠶᠢᠢᠯᠡᠳᠤᠯᠬᠡ᠂ ᠳᠤᠮᠳᠠᠳᠤ ᠤᠯᠤᠰ ᠤᠨ ᠬᠦᠭᠵᠢᠯᠳᠠ ᠨᠢ ᠦᠷᠬᠡᠨ ᠤᠯᠠᠨ ᠬᠦᠭᠵᠢᠵᠤ | ᠪᠠᠶᠢᠭ᠎ᠠ ᠤᠯᠤᠰ ᠤᠨ ᠤᠳᠤᠬᠢᠴᠢᠯᠠᠯᠳᠠ ᠳᠠᠶᠢᠰᠢ ᠵᠠᠮᠨᠠᠬᠤ ᠳᠤ ᠠᠮᠵᠢᠯᠳᠠ ᠲᠠᠢ ᠲᠤᠷᠰᠢᠯᠭ᠎ᠠ ᠬᠠᠩᠭᠠᠵᠤ᠂ ᠭᠡᠭᠡᠨ | ᠰᠠᠷᠠᠭᠤᠯ ᠢᠷᠡᠬᠡᠳᠤᠢ ᠶᠢ ᠬᠠᠷᠠᠭᠤᠯᠵᠤ᠂ ᠲᠡᠯᠡᠬᠡᠢ ᠶᠢᠨ ᠡᠩᠬᠡ ᠲᠠᠶᠢᠪᠤᠩ ᠪᠠ ᠬᠦᠭᠵᠢᠯᠳᠠ ᠶᠢ ᠠᠬᠢᠭᠤᠯᠬᠤ | ᠬᠦᠴᠦᠷᠭᠡᠭ ᠶᠡᠭᠡ ᠬᠦᠴᠤᠨ ᠪᠤᠯᠵᠤ᠂ ᠳᠤᠮᠳᠠᠳᠤ ᠶᠢᠨ ᠦᠨᠳᠤᠰᠤᠳᠠᠨ ᠤ ᠬᠦᠮᠤᠨ ᠲᠦᠷᠤᠯᠬᠢᠳᠠᠨ ᠤ ᠪᠤᠯᠪᠠᠰᠤᠨ | ᠲᠠᠪᠰᠢᠯᠳᠠ ᠳᠤ ᠦᠵᠡᠭᠦᠯᠦᠭᠰᠡᠨ ᠴᠢᠬᠤᠯᠠ ᠶᠡᠭᠡ ᠬᠤᠪᠢ ᠨᠡᠮᠡᠷᠢ ᠪᠤᠯᠬᠤ ᠶᠢ ᠬᠦᠢᠴᠡᠳ ᠬᠡᠷᠡᠴᠢᠯᠠᠪᠠ᠃ 40 | ᠵᠢᠯ ᠤᠨ ᠤᠶᠢᠢᠯᠡᠳᠤᠯᠬᠡ᠂ ᠦᠬᠡᠷᠡᠴᠢᠯᠠᠯᠳᠠ ᠨᠡᠬᠡᠬᠡᠯᠳᠠ ᠪᠤᠯ ᠨᠠᠮ ᠪᠤᠯᠤᠨ ᠠᠷᠠᠳ ᠲᠦᠮᠡᠨ ᠤ ᠢᠳᠡᠷᠡᠬᠦᠨ | ᠠᠯᠬᠤᠭ᠎ᠠ ᠪᠠᠷ ᠴᠠᠬ ᠦᠶ᠎ᠠ ᠶᠢ ᠬᠦᠬᠡᠬᠡᠵᠤ ᠬᠦᠢᠴᠡᠭᠰᠡᠨ ᠰᠢᠳᠢᠳᠦ ᠡᠷᠳᠡᠨᠢ᠂ ᠳᠤᠮᠳᠠᠳᠤ ᠤᠯᠤᠰ ᠤᠨ ᠤᠨᠴᠠᠯᠢᠬ ᠲᠠᠢ | ᠨᠡᠶᠢᠬᠡᠮ ᠵᠢᠷᠤᠮ ᠢ ᠪᠠᠷᠢᠮᠳᠠᠯᠠᠬᠤ ᠪᠠ ᠬᠦᠭᠵᠢᠬᠦᠯᠬᠦ ᠳᠤ ᠡᠷᠬᠡᠪᠰᠢ ᠶᠠᠪᠤᠬᠤ ᠵᠠᠮ᠂ ᠤᠳᠤ ᠦᠶ᠎ᠠ ᠶᠢᠨ ᠳᠤᠮᠳᠠᠳᠤ | ᠤᠯᠤᠰ ᠤᠨ ᠬᠤᠪᠢ ᠵᠠᠶᠠᠭ᠎ᠠ ᠶᠢ ᠲᠤᠭᠳᠠᠭᠠᠬᠤ ᠵᠠᠩᠬᠢᠯᠠᠭ᠎ᠠ ᠶᠢᠨ ᠨᠢᠭᠡ ᠠᠷᠭ᠎ᠠ᠂ ᠮᠦᠨᠴᠤ ︽ᠬᠤᠤᠰ ᠵᠠᠭᠤᠨ ᠵᠢᠯ︾ | ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ | ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠵᠠᠩᠬᠢᠯᠠᠭ᠎ᠠ ᠶᠢᠨ ᠨᠢᠭᠡ ᠠᠷᠭ᠎ᠠ ᠪᠤᠯᠬᠤ ᠶᠢ ᠬᠦᠢᠴᠡᠳ | ᠬᠡᠷᠡᠴᠢᠯᠠᠪᠠ᠃ ᠭᠠᠭᠴᠠ ᠬᠦᠲᠡᠤᠬᠡ ᠶᠢᠨ ᠤᠷᠤᠰᠬᠠᠯ ᠳᠤ ᠵᠤᠬᠢᠴᠠᠵᠤ᠂ ᠬᠤᠪᠢᠷᠠᠯᠳᠠ ᠶᠢ ᠢᠳᠡᠪᠬᠢᠳᠠᠢ ᠠᠷᠭᠠᠴᠠᠭᠠᠵᠤ | ᠂ ᠬᠤᠪᠢᠷᠠᠯᠳᠠ ᠶᠢ ᠰᠠᠨᠠᠭᠠᠴᠢᠯᠠᠭ᠎ᠠ ᠠᠴᠠ ᠪᠠᠨ ᠡᠷᠢᠯᠬᠢᠯᠠᠪᠠᠯ ᠰᠠᠶ᠋ᠢ ᠴᠠᠬ ᠦᠶ᠎ᠠ ᠲᠠᠢ ᠬᠠᠮᠳᠤ ᠤᠷᠤᠬᠰᠢᠯᠠᠵᠤ | ᠴᠢᠳᠠᠨ᠎ᠠ᠃ ︽ᠮᠡᠳᠡᠯᠬᠡ ᠪᠠᠷ ᠶᠤᠰᠤ ᠰᠤᠷᠳᠠᠬᠤᠨ ᠤ ᠲᠠᠨᠢᠯᠳᠠ ᠪᠠᠨ ᠲᠡᠭᠡᠭᠰᠢᠯᠡᠬᠦᠯᠵᠤ᠂ ᠶᠤᠰᠤ ᠰᠤᠷᠳᠠᠬᠤᠨ ᠤ | ᠲᠠᠨᠢᠯᠳᠠ ᠪᠠᠨ ᠶᠤᠰᠤ ᠰᠤᠷᠳᠠᠬᠤᠨ ᠤ ᠠᠵᠢᠯᠯᠠᠭ᠎ᠠ ᠪᠤᠯᠭᠠᠨ᠎ᠠ︾᠃ | ᠦᠬᠡᠷᠡᠴᠢᠯᠠᠯᠳᠠ ᠨᠡᠬᠡᠬᠡᠯᠳᠠ ᠶᠢᠨ 40 ᠵᠢᠯ ᠤᠨ ᠬᠤᠷᠠᠮᠳᠤᠭᠤᠯᠤᠬᠰᠠᠨ ᠡᠷᠬᠢᠮ ᠨᠠᠨᠳᠢᠨ ᠲᠤᠷᠰᠢᠯᠭ᠎ᠠ ᠪᠤᠯ | ᠨᠠᠮ ᠪᠤᠯᠤᠨ ᠠᠷᠠᠳ ᠲᠦᠮᠡᠨ ᠤ ᠡᠷᠬᠢᠮ ᠨᠠᠨᠳᠢᠨ ᠤᠶᠤᠨ ᠰᠠᠨᠠᠭᠠᠨ ᠤ ᠦᠪ ᠬᠦᠷᠦᠩᠭᠡ᠂ ᠰᠢᠨ᠎ᠠ ᠴᠠᠬ ᠦᠶ᠎ᠠ ᠳᠤ | ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠳᠤ ᠲᠦᠢᠯ ᠤᠨ ᠴᠢᠬᠤᠯᠠ | ᠵᠢᠯᠤᠭᠤᠳᠬᠤ ᠠᠴᠢ ᠬᠤᠯᠪᠤᠬᠳᠠᠯ ᠲᠠᠢ ᠪᠤᠯᠬᠤᠷ ᠡᠷᠬᠡᠪᠰᠢ ᠬᠤᠪᠢ ᠲᠠᠬᠢᠨ ᠨᠠᠨᠳᠢᠩᠨᠠᠵᠤ᠂ ᠤᠷᠳᠤ ᠬᠤᠭᠤᠴᠠᠭ᠎ᠠ ᠪᠠᠷ | ᠪᠠᠷᠢᠮᠳᠠᠯᠠᠵᠤ᠂ ᠤᠶᠢᠢᠯᠡᠳᠤᠯᠬᠡ ᠳᠤᠮᠳᠠ ᠲᠠᠰᠤᠷᠠᠯᠳᠠ ᠦᠬᠡᠢ ᠪᠡᠶᠡᠯᠢᠬᠵᠢᠭᠤᠯᠤᠨ ᠬᠦᠭᠵᠢᠬᠦᠯᠬᠦ ᠭᠡᠷᠡᠭᠳᠠᠢ᠃ | ᠨᠢᠬᠡᠳᠤᠬᠡᠷ ᠲᠤ᠂ ᠡᠷᠬᠡᠪᠰᠢ ᠨᠠᠮ ᠤᠨ ᠠᠯᠢᠪᠠ ᠠᠵᠢᠯ ᠳᠠᠬᠢ ᠬᠠᠷᠢᠴᠠᠯᠠᠰᠢ ᠦᠬᠡᠢ ᠤᠳᠤᠷᠢᠳᠤᠯᠭ᠎ᠠ ᠶᠢ | ᠪᠠᠷᠢᠮᠳᠠᠯᠠᠵᠤ᠂ ᠨᠠᠮ ᠤᠨ ᠤᠳᠤᠷᠢᠳᠤᠯᠭ᠎ᠠ ᠶᠢ ᠲᠠᠰᠤᠷᠠᠯᠳᠠ ᠦᠬᠡᠢ ᠴᠢᠩᠭᠠᠳᠬᠠᠨ ᠰᠠᠶᠢᠵᠢᠷᠠᠭᠤᠯᠬᠤ ᠭᠡᠷᠡᠭᠳᠠᠢ᠃ | ᠦᠬᠡᠷᠡᠴᠢᠯᠠᠯᠳᠠ ᠨᠡᠬᠡᠬᠡᠯᠳᠠ ᠶᠢᠨ 40 ᠵᠢᠯ ᠤᠨ ᠤᠶᠢᠢᠯᠡᠳᠤᠯᠬᠡ ᠪᠢᠳᠡᠨ ᠳᠤ᠄ ᠳᠤᠮᠳᠠᠳᠤ ᠤᠯᠤᠰ ᠤᠨ ᠡᠪ ᠬᠠᠮᠳᠤ | ᠨᠠᠮ ᠤᠨ ᠤᠳᠤᠷᠢᠳᠤᠯᠭ᠎ᠠ ᠪᠤᠯ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠬᠠᠮᠤᠬ ᠤᠨ ᠮᠦᠨ | ᠴᠢᠨᠠᠷ ᠤᠨ ᠤᠨᠴᠠᠯᠢᠬ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠠᠶᠢᠭᠤᠯᠤᠯ ᠤᠨ ᠬᠠᠮᠤᠬ ᠤᠨ | ᠶᠡᠭᠡ ᠲᠠᠪᠠᠭᠤᠯᠢᠬ ᠪᠤᠯᠤᠨ᠎ᠠ᠃ ᠨᠠᠮ ᠵᠠᠰᠠᠬ ᠴᠡᠷᠢᠭ ᠠᠷᠠᠳ ᠰᠤᠷᠭᠠᠭᠤᠯᠢ᠂ ᠵᠡᠬᠦᠨ ᠪᠠᠷᠠᠭᠤᠨ ᠡᠮᠦᠨ᠎ᠠ ᠤᠮᠠᠷ᠎ᠠ | ᠳᠤᠮᠳᠠ᠂ ᠨᠠᠮ ᠠᠯᠢᠪᠠ ᠶᠢ ᠤᠳᠤᠷᠢᠳᠤᠨ᠎ᠠ᠃ ᠨᠠᠮ ᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠢᠮᠠᠬᠳᠠ | ᠪᠠᠷᠢᠮᠳᠠᠯᠠᠬᠰᠠᠨ ᠢᠶᠠᠷ ᠪᠢᠳᠠ ᠰᠠᠶ᠋ᠢ ᠠᠭᠤᠤ ᠶᠡᠭᠡ ᠲᠡᠦᠬᠡᠨ ᠡᠷᠬᠢᠯᠳᠠ ᠶᠢ ᠪᠡᠶᠡᠯᠡᠬᠦᠯᠵᠤ᠂ ᠦᠬᠡᠷᠡᠴᠢᠯᠠᠯᠳᠠ | ᠨᠡᠬᠡᠬᠡᠯᠳᠠ ᠶᠢᠨ ᠰᠢᠨ᠎ᠠ ᠴᠠᠬ ᠦᠶ᠎ᠠ ᠪᠤᠯᠤᠨ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ | ᠮᠠᠨᠳᠤᠯᠳᠠ ᠶᠢᠨ ᠰᠢᠨ᠎ᠠ ᠠᠶᠠᠯᠠᠯ ᠢ ᠡᠬᠢᠯᠡᠬᠦᠯᠪᠠ᠂ ᠰᠠᠶ᠋ᠢ ᠠᠮᠵᠢᠯᠳᠠᠳᠠᠢ ᠪᠠᠷ ᠠᠯᠢ ᠤᠯᠠᠨ ᠬᠦᠨᠳᠤ ᠶᠡᠭᠡ ᠠᠶᠤᠯ | ᠲᠦᠭᠰᠢᠭᠦᠷᠢ ᠦᠷᠢᠰᠤᠯᠳᠤᠬᠡᠨ ᠢ ᠠᠷᠭᠠᠴᠠᠭᠠᠵᠤ᠂ ᠲᠤᠭ᠎ᠠ ᠲᠤᠮᠰᠢ ᠦᠬᠡᠢ ᠬᠦᠴᠢᠷ ᠪᠡᠷᠬᠡᠰᠢᠶᠠᠯ ᠢ ᠢᠯᠠᠨ ᠲᠠᠪᠠᠵᠤ | ᠴᠢᠳᠠᠪᠠ᠂ ᠰᠠᠶ᠋ᠢ ᠬᠤᠪᠢᠷᠠᠯᠳᠠ ᠶᠢ ᠠᠷᠭᠠᠴᠠᠭᠠᠬᠤ᠂ ᠤᠶᠢᠢᠮᠡᠬᠡᠨ ᠢ ᠲᠦᠪᠰᠢᠳᠬᠡᠬᠦ᠂ ᠦᠶᠡᠷ ᠢ ᠡᠰᠡᠷᠭᠦᠴᠡᠬᠦ᠂ | ᠰᠠᠷᠰ ᠢ ᠰᠡᠷᠭᠡᠶᠢᠯᠡᠬᠦ᠂ ᠭᠠᠵᠠᠷ ᠬᠦᠳᠡᠯᠤᠯᠳᠠ ᠲᠠᠢ ᠲᠡᠮᠡᠴᠡᠬᠦ᠂ ᠬᠢᠮᠤᠷᠠᠯ ᠢ ᠠᠷᠭᠠᠴᠠᠭᠠᠬᠤ ᠴᠢᠳᠠᠪᠤᠷᠢ ᠲᠠᠢ ᠪᠤᠯᠪᠠ᠂ | ᠰᠠᠶ᠋ᠢ ᠲᠦᠭᠵᠢᠮᠡᠯ ᠬᠡᠪᠰᠢᠮᠡᠯ ᠬᠠᠭᠤᠴᠢᠨ ᠵᠠᠮ ᠢᠶᠠᠷ ᠶᠠᠪᠤᠭᠰᠠᠨ ᠦᠬᠡᠢ ᠪᠦᠬᠡᠳ ᠲᠤᠬ ᠲᠡᠮᠳᠡᠭ ᠢᠶᠠᠨ | ᠬᠤᠪᠢᠷᠠᠭᠤᠯᠬᠤ ᠭᠠᠵᠢᠭᠤ ᠵᠠᠮ ᠢᠶᠠᠷ ᠶᠠᠪᠤᠬᠰᠠᠨ ᠦᠬᠡᠢ᠂ ᠬᠠᠷᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ | ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠤ ᠴᠢᠳᠠᠭᠰᠠᠨ ᠶᠤᠮ᠃ ᠨᠠᠮ ᠤᠨ ᠤᠳᠤᠷᠢᠳᠤᠯᠭ᠎ᠠ ᠶᠢ | ᠪᠠᠷᠢᠮᠳᠠᠯᠠᠬᠤ ᠳᠤ᠂ ᠡᠷᠬᠡᠪᠰᠢ ᠨᠠᠮ ᠤᠨ ᠤᠳᠤᠷᠢᠳᠤᠯᠭ᠎ᠠ ᠶᠢ ᠲᠠᠰᠤᠷᠠᠯᠳᠠ ᠦᠭᠡᠢ ᠰᠠᠶᠢᠵᠢᠷᠠᠭᠤᠯᠵᠤ᠂ ᠨᠠᠮ ᠤᠨ | ᠤᠳᠤᠷᠢᠳᠤᠯᠭ᠎ᠠ ᠶᠢ ᠤᠶᠢᠢᠯᠡᠳᠤᠯᠬᠡ᠂ ᠴᠠᠬ ᠦᠶ᠎ᠠ᠂ ᠠᠷᠠᠳ ᠲᠦᠮᠡᠨ ᠤ ᠭᠡᠷᠡᠭᠴᠡᠭᠡ ᠳᠤ ᠨᠡᠩ ᠰᠠᠶᠢᠨ | ᠵᠤᠬᠢᠴᠠᠭᠤᠯᠬᠤ ᠭᠡᠷᠡᠭᠳᠠᠢ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠡᠨᠡ ᠬᠦ ᠨᠠᠮ ᠪᠤᠯᠤᠨ ᠤᠯᠤᠰ ᠤᠨ ᠠᠯᠤᠰ | ᠢᠷᠡᠬᠡᠳᠤᠢ ᠬᠤᠪᠢ ᠵᠠᠶᠠᠭ᠎ᠠ ᠶᠢ ᠳᠤᠭᠳᠠᠭᠠᠬᠤ ᠴᠢᠬᠤᠯᠠ ᠶᠡᠭᠡ ᠵᠠᠷᠴᠢᠮ ᠤᠨ ᠴᠢᠨᠠᠷᠳᠠᠢ ᠠᠰᠠᠭᠤᠳᠠᠯ ᠲᠡᠭᠡᠷ᠎ᠠ᠂ ᠪᠦᠬᠦ | ᠨᠠᠮ ᠪᠦᠬᠦ ᠤᠯᠤᠰ ᠢᠶᠠᠷ ᠢᠶᠠᠨ ᠡᠷᠬᠡᠪᠰᠢ ᠲᠡᠭᠡᠳᠤ ᠬᠡᠮᠵᠢᠶᠠᠨ ᠤ ᠦᠵᠡᠯ ᠰᠠᠨᠠᠭᠠᠨ ᠤ ᠤᠬᠠᠮᠰᠠᠷ᠂ ᠤᠯᠤᠰ | ᠲᠦᠷᠤ ᠶᠢᠨ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠪᠠᠳᠤᠯᠠᠵᠤ᠂ ᠤᠭᠳᠤ ᠭᠤᠶᠢᠪᠢᠵᠤ ᠪᠤᠯᠬᠤ ᠦᠬᠡᠢ ᠶᠤᠮ | ᠭᠡᠵᠦ ᠰᠡᠩᠬᠡᠷᠡᠭᠦᠯᠪᠡ᠃ ᠤᠷᠤᠬᠰᠢᠯᠠᠯᠳᠠ ᠶᠢᠨ ᠵᠠᠮ ᠲᠡᠭᠡᠷ᠎ᠠ᠂ ᠪᠢᠳᠠ ᠡᠷᠬᠡᠪᠰᠢ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠳᠡᠬᠡᠯ︾ ᠢᠶᠠᠨ ᠪᠠᠳᠤᠳᠬᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ | ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ | ᠦᠬᠡᠷᠡᠴᠢᠯᠠᠯᠳᠠ ᠬᠦᠭᠵᠢᠯᠳᠠ ᠲᠤᠭᠳᠠᠭᠤᠨ᠂ ᠳᠤᠳᠤᠭᠠᠳᠤ ᠶᠠᠪᠤᠳᠠᠯ ᠭᠠᠳᠠᠭᠠᠳᠤ ᠬᠠᠷᠢᠯᠴᠠᠭ᠎ᠠ ᠤᠯᠤᠰ ᠤᠨ | ᠪᠠᠳᠤᠯᠠᠨ ᠬᠠᠮᠠᠭᠠᠯᠠᠯᠳᠠ᠂ ᠨᠠᠮ ᠢ ᠵᠠᠰᠠᠬᠤ ᠲᠦᠷᠤ ᠶᠢ ᠵᠠᠰᠠᠬᠤ ᠴᠡᠷᠢᠭ ᠢ ᠵᠠᠰᠠᠬᠤ ᠵᠡᠷᠬᠡ ᠡᠯ᠎ᠠ ᠬᠦᠷᠢᠶᠠᠨ ᠳᠤ | ᠲᠤᠭᠤᠰᠢᠯᠠᠭᠤᠯᠬᠤ ᠪᠠ ᠢᠯᠡᠷᠡᠬᠦᠯᠬᠦ ᠭᠡᠷᠡᠭᠳᠠᠢ᠃ ᠦᠬᠡᠷᠡᠴᠢᠯᠠᠯᠳᠠ ᠨᠡᠬᠡᠬᠡᠯᠳᠠ ᠶᠢᠨ ᠠᠯᠬᠤᠮ ᠪᠦᠷᠢ ᠨᠢ ᠴᠦᠮ | ᠬᠢᠯᠪᠠᠷ ᠪᠤᠰᠤ ᠶᠤᠮ᠂ ᠢᠷᠡᠬᠡᠳᠤᠢ ᠳᠤ ᠯᠠᠪᠳᠠᠶ ᠡᠶᠢᠮᠤ ᠲᠡᠶᠢᠮᠤ ᠠᠶᠤᠯ ᠲᠦᠭᠰᠢᠭᠦᠷᠢ ᠦᠷᠢᠰᠤᠯᠳᠤᠬᠡᠨ ᠳᠤ | ᠲᠤᠯᠭᠠᠷᠠᠵᠤ᠂ ᠴᠢᠨᠠᠬᠰᠢᠯᠠᠪᠠᠯ ᠲᠦᠰᠦᠭᠡᠯᠡᠭᠦᠶᠠ ᠪᠡᠷᠬᠡ ᠲᠤᠭᠰᠢᠨ ᠰᠠᠯᠬᠢᠨ ᠰᠢᠷᠦᠭᠦᠨ ᠲᠠᠪᠠᠯᠭᠠᠨ ᠳᠤ ᠤᠴᠠᠷᠠᠵᠤ | ᠮᠡᠳᠡᠨ᠎ᠠ᠃ ᠮᠠᠨ ᠤ ᠨᠠᠮ ᠪᠦᠬᠦ ᠲᠠᠯ᠎ᠠ ᠶᠢ ᠡᠵᠡᠮᠳᠡᠵᠤ᠂ ᠡᠯ᠎ᠠ ᠲᠠᠯ᠎ᠠ ᠶᠢ ᠵᠤᠬᠢᠴᠠᠭᠤᠯᠵᠤ᠂ ᠰᠢᠨᠵᠢᠯᠡᠬᠦ | ᠤᠬᠠᠭᠠᠨᠴᠢ ᠪᠠᠷ ᠲᠦᠷᠤ ᠪᠠᠷᠢᠬᠤ᠂ ᠠᠷᠠᠳᠴᠢᠯᠠᠯ ᠢᠶᠠᠷ ᠲᠦᠷᠤ ᠪᠠᠷᠢᠬᠤ᠂ ᠬᠠᠤᠯᠢ ᠶᠤᠰᠤᠭᠠᠷ ᠲᠦᠷᠤ ᠪᠠᠷᠢᠬᠤ ᠶᠢ | ᠪᠠᠷᠢᠮᠳᠠᠯᠠᠵᠤ᠂ ᠨᠠᠮ ᠤᠨ ᠤᠳᠤᠷᠢᠳᠬᠤ ᠠᠷᠭ᠎ᠠ ᠬᠡᠯᠪᠡᠷᠢ ᠪᠤᠯᠤᠨ ᠲᠦᠷᠤ ᠪᠠᠷᠢᠬᠤ ᠠᠷᠭ᠎ᠠ ᠬᠡᠯᠪᠡᠷᠢ ᠶᠢ | ᠲᠡᠬᠦᠯᠳᠡᠷᠵᠢᠬᠦᠯᠵᠤ᠂ ᠨᠠᠮ ᠤᠨ ᠲᠦᠷᠤ ᠪᠠᠷᠢᠬᠤ ᠴᠢᠳᠠᠪᠤᠷᠢ ᠪᠤᠯᠤᠨ ᠤᠳᠤᠷᠢᠳᠬᠤ ᠲᠦᠪᠰᠢᠨ ᠢ ᠲᠡᠭᠡᠭᠰᠢᠯᠡᠬᠦᠯᠵᠤ᠂ | ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠲᠦᠯᠦᠪᠵᠢᠭᠦᠯᠬᠦ᠂ ᠲᠦᠷᠤ ᠶᠢᠨ ᠪᠤᠳᠤᠯᠭ᠎ᠠ ᠲᠤᠭᠳᠠᠭᠠᠬᠤ᠂ | ᠦᠬᠡᠷᠡᠴᠢᠯᠠᠯᠳᠠ ᠶᠢ ᠠᠬᠢᠭᠤᠯᠬᠤ ᠴᠢᠳᠠᠪᠤᠷᠢ ᠪᠤᠯᠤᠨ ᠲᠤᠭᠳᠠᠯ ᠬᠦᠴᠤᠨ ᠢ ᠲᠠᠰᠤᠷᠠᠯᠳᠠ ᠦᠬᠡᠢ ᠲᠡᠭᠡᠭᠰᠢᠯᠡᠬᠦᠯᠵᠤ᠂ | ᠦᠬᠡᠷᠡᠴᠢᠯᠠᠯᠳᠠ ᠨᠡᠬᠡᠬᠡᠯᠳᠠ ᠶᠢᠨ ᠬᠦᠯᠬᠡ ᠤᠩᠭᠤᠴᠠ ᠶᠢᠨ ᠵᠦᠪ ᠴᠢᠭᠯᠡᠯ ᠢᠶᠠᠷ ᠲᠠᠪᠠᠯᠭᠠᠨ ᠢ ᠰᠦᠷᠤᠨ | ᠤᠷᠤᠬᠰᠢᠯᠠᠬᠤ ᠶᠢ ᠪᠠᠳᠤᠯᠠᠬᠤ ᠭᠡᠷᠡᠭᠳᠠᠢ᠃ | ᠬᠤᠶᠠᠳᠤᠭᠠᠷ ᠲᠤ᠂ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠦᠭᠡᠭᠡᠴᠡᠯᠳᠦᠯ ᠢ ᠲᠠᠰᠤᠷᠠᠯᠳᠠ ᠦᠬᠡᠢ ᠪᠡᠶᠡᠯᠡᠬᠦᠯᠬᠦ | ᠭᠡᠷᠡᠭᠳᠠᠢ᠃ ᠦᠬᠡᠷᠡᠴᠢᠯᠠᠯᠳᠠ ᠨᠡᠬᠡᠬᠡᠯᠳᠠ ᠶᠢᠨ 40 ᠵᠢᠯ ᠤᠨ ᠤᠶᠢᠢᠯᠡᠳᠤᠯᠬᠡ ᠪᠢᠳᠡᠨ ᠳᠤ᠄ ᠳᠤᠮᠳᠠᠳᠤ ᠤᠯᠤᠰ ᠤᠨ | ᠠᠷᠠᠳ ᠲᠦᠮᠡᠨ ᠳᠤ ᠵᠤᠯ ᠵᠢᠷᠭᠠᠯ ᠤᠯᠭᠤᠵᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ | ᠮᠠᠨᠳᠤᠯᠳᠠ ᠶᠢ ᠪᠡᠶᠡᠯᠡᠬᠦᠯᠬᠦ ᠪᠤᠯ ᠳᠤᠮᠳᠠᠳᠤ ᠤᠯᠤᠰ ᠤᠨ ᠡᠪ ᠬᠠᠮᠳᠤᠴᠤᠳ ᠤᠨ ᠤᠬ ᠰᠠᠨᠠᠭ᠎ᠠ ᠪᠠ ᠲᠡᠦᠬᠡᠨ ᠡᠬᠦᠷᠬᠡ | ᠂ ᠮᠦᠨᠴᠤ ᠦᠬᠡᠷᠡᠴᠢᠯᠠᠯᠳᠠ ᠨᠡᠬᠡᠬᠡᠯᠳᠠ ᠶᠢᠨ ᠤᠬ ᠰᠠᠨᠠᠭ᠎ᠠ ᠪᠠ ᠲᠡᠦᠬᠡᠨ ᠡᠬᠦᠷᠬᠡ ᠪᠤᠯᠤᠨ᠎ᠠ᠃ ᠮᠠᠨ ᠤ ᠨᠠᠮ ᠠᠷᠠᠳ | ᠲᠦᠮᠡᠨ ᠤ ᠲᠤᠮᠳᠠ ᠠᠴᠠ ᠢᠷᠡᠵᠤ᠂ ᠠᠷᠠᠳ ᠲᠦᠮᠡᠨ ᠤ ᠲᠤᠮᠳᠠ ᠦᠨᠳᠤᠰᠤᠯᠠᠵᠤ᠂ ᠠᠷᠠᠳ ᠲᠦᠮᠡᠨ ᠳᠤ ᠪᠤᠶᠠᠨ | ᠤᠶᠢᠢᠯᠡᠳᠴᠤ᠂ ᠪᠦᠬᠦ ᠰᠡᠳᠬᠢᠯ ᠪᠦᠬᠦ ᠵᠤᠷᠢᠬ ᠢᠶᠠᠷ ᠢᠶᠠᠨ ᠠᠷᠠᠳ ᠲᠦᠮᠡᠨ ᠳᠤ ᠤᠶᠢᠢᠯᠡᠴᠢᠯᠠᠬᠦ ᠪᠤᠯ ᠨᠠᠮ ᠤᠨ | ᠦᠨᠳᠤᠰᠤᠨ ᠵᠤᠷᠢᠯᠳᠠ ᠪᠤᠯᠬᠤᠷ ᠡᠷᠬᠡᠪᠰᠢ ᠬᠠᠮᠤᠬ ᠤᠨ ᠦᠷᠬᠡᠨ ᠤᠯᠠᠨ ᠠᠷᠠᠳ ᠲᠦᠮᠡᠨ ᠤ ᠦᠨᠳᠤᠰᠤᠨ ᠠᠰᠢᠬ | ᠲᠤᠰᠠ ᠪᠠᠷ ᠮᠠᠨ ᠤ ᠠᠯᠢᠪᠠ ᠠᠵᠢᠯ ᠤᠨ ᠢᠶᠠᠨ ᠦᠨᠳᠤᠰᠤᠨ ᠵᠤᠷᠢᠯᠳᠠ ᠪᠤᠯᠤᠨ ᠲᠤᠰᠤᠯᠳᠠ ᠪᠤᠯᠭᠠᠵᠤ᠂ ᠠᠷᠠᠳ | ᠲᠦᠮᠡᠨ ᠤ ᠬᠦᠷᠢᠶᠡᠯᠡᠬᠦ ᠡᠰᠡᠬᠦ᠂ ᠵᠦᠪᠰᠢᠶᠡᠷᠡᠬᠦ ᠡᠰᠡᠬᠦ᠂ ᠪᠠᠶᠠᠷᠯᠠᠬᠤ ᠡᠰᠡᠬᠦ ᠪᠠᠷ ᠲᠦᠷᠤ ᠶᠢᠨ ᠪᠤᠳᠤᠯᠭ᠎ᠠ | ᠲᠤᠭᠳᠠᠭᠠᠬᠤ ᠪᠠᠷᠢᠮᠳᠠᠯᠠᠯ ᠪᠤᠯᠭᠠᠵᠤ᠂ ᠠᠷᠠᠳ ᠤᠨ ᠰᠠᠨᠠᠭ᠎ᠠ ᠶᠢ ᠲᠠᠭᠠᠵᠤ᠂ ᠠᠷᠠᠳ ᠤᠨ ᠬᠦᠰᠡᠯ ᠢ ᠬᠦᠨᠳᠤᠳᠬᠡᠵᠤ᠂ | ᠠᠷᠠᠳ ᠤᠨ ᠪᠠᠶᠢᠳᠠᠯ ᠢ ᠬᠠᠯᠠᠮᠵᠢᠯᠠᠵᠤ᠂ ᠠᠷᠠᠳ ᠤᠨ ᠠᠮᠢᠳᠤᠷᠠᠯ ᠤᠨ ᠲᠦᠯᠤᠬᠡ ᠴᠢᠷᠮᠠᠶᠢᠵᠤ᠂ ᠵᠦᠪ ᠤᠨᠤᠪᠴᠢᠳᠠᠢ | ᠤᠨᠤᠯ ᠪᠤᠯᠤᠨ ᠱᠤᠭᠤᠮ ᠴᠢᠭᠯᠡᠯᠳᠠ ᠲᠦᠷᠤ ᠶᠢᠨ ᠪᠤᠳᠤᠯᠭ᠎ᠠ ᠶᠢ ᠲᠤᠷᠠᠳᠤᠨ ᠭᠠᠷᠭᠠᠬᠤ ᠪᠠ ᠲᠤᠭᠤᠰᠢᠯᠠᠭᠤᠯᠬᠤ ᠪᠠᠷ | ᠳᠠᠮᠵᠢᠨ ᠠᠷᠠᠳ ᠲᠦᠮᠡᠨ ᠢ ᠲᠠᠶᠢᠴᠢᠯᠠᠨ ᠤᠷᠤᠬᠰᠢᠯᠠᠬᠤ ᠪᠦᠭᠡᠳ ᠠᠷᠠᠳ ᠲᠦᠮᠡᠨ ᠤ ᠤᠶᠢᠢᠯᠡᠳᠤᠯᠬᠡ ᠡᠬᠦᠳᠤᠨ | ᠪᠦᠳᠤᠬᠡᠯᠳᠠ ᠪᠤᠯᠤᠨ ᠬᠦᠭᠵᠢᠯᠳᠠ ᠶᠢᠨ ᠱᠠᠭᠠᠷᠳᠠᠯᠭ᠎ᠠ ᠠᠴᠠ ᠤᠷᠤᠬᠰᠢᠯᠠᠯᠳᠠ ᠶᠢᠨ ᠬᠦᠳᠡᠯᠬᠡᠬᠦ ᠬᠦᠴᠤᠨ ᠤᠯᠵᠤ᠂ | ᠠᠷᠠᠳ ᠲᠦᠮᠡᠨ ᠳᠤ ᠦᠬᠡᠷᠡᠴᠢᠯᠠᠯᠳᠠ ᠨᠡᠬᠡᠬᠡᠯᠳᠠ ᠶᠢᠨ ᠦᠷ᠎ᠠ ᠪᠦᠳᠤᠬᠡᠯ ᠢ ᠡᠳ᠋ᠯᠡᠬᠦᠯᠵᠤ᠂ ᠠᠷᠠᠳ ᠲᠦᠮᠡᠨ ᠢ | ᠵᠤᠷᠢᠬᠵᠢᠭᠤᠯᠤᠨ ᠨᠡᠩ ᠢᠯᠡᠭᠦᠦ ᠰᠠᠨᠠᠭᠠᠴᠢᠯᠠᠭ᠎ᠠ ᠠᠴᠠ ᠪᠠᠨ ᠦᠬᠡᠷᠡᠴᠢᠯᠠᠯᠳᠠ ᠨᠡᠬᠡᠬᠡᠯᠳᠠ ᠪᠤᠯᠤᠨ ᠨᠡᠶᠢᠬᠡᠮ | ᠵᠢᠷᠤᠮ ᠤᠨ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠶᠢᠨ ᠤᠶᠢᠢᠯᠡᠰ ᠲᠤ ᠤᠷᠤᠯᠴᠠᠭᠤᠯᠬᠤ ᠭᠡᠷᠡᠭᠳᠠᠢ᠃ | ᠤᠷᠤᠭᠰᠢᠯᠠᠯᠳᠠ ᠶᠢᠨ ᠵᠠᠮ ᠲᠡᠭᠡᠷ᠎ᠡ ᠪᠠᠨ᠂ ᠪᠢᠳᠡ ᠡᠷᠬᠡᠪᠰᠢ ᠢᠮᠠᠬᠳᠠ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠳᠡ ᠪᠠᠨ ᠪᠤᠯᠭᠠᠵᠥ᠂ ᠨᠠᠮ ᠤᠨ ᠦᠨᠳᠦᠰᠦᠨ | ᠵᠤᠷᠢᠯᠳᠡ ᠶᠢ ᠦᠢᠯᠡᠳᠦᠯᠬᠡᠵᠢᠬᠦᠯᠵᠥ᠂ ᠨᠠᠮ ᠤᠨ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠥ᠂ ᠠᠷᠠᠳ | ᠲᠦᠮᠡᠨ ᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠥ᠂ ᠠᠷᠠᠳ ᠤᠯᠠᠨ ᠤ ᠦᠢᠯᠡᠳᠦᠯᠬᠡ ᠶᠢᠨ | ᠠᠵᠢᠯᠯᠠᠭ᠎ᠠ ᠲᠤᠮᠳᠠ ᠢᠯᠡᠳᠬᠡᠭᠰᠡᠡ ᠬᠦᠰᠡᠯ ᠰᠠᠨᠠᠭ᠎ᠠ᠂ ᠡᠬᠦᠳᠦᠨ ᠪᠦᠳᠦᠬᠡᠭᠰᠡᠨ ᠲᠤᠷᠰᠢᠯᠭ᠎ᠠ᠂ ᠪᠠᠶᠢᠬᠤ ᠡᠷᠬᠡ᠂ | ᠪᠠᠳᠠᠷᠠᠭᠤᠯᠤᠭᠰᠠᠠ ᠦᠢᠯᠡᠳᠦᠯ ᠢ ᠬᠦ᠋ᠨᠳᠦᠳᠬᠡᠵᠥ᠂ ᠠᠷᠠᠳ ᠤᠯᠠᠨ ᠤ ᠲᠤᠮᠳᠡ ᠬᠠᠳᠠᠭᠠᠯᠠᠭᠳᠠᠵᠤ ᠪᠠᠶᠢᠭ᠎ᠠ ᠠᠭᠤᠤ | ᠶᠡᠭᠡ ᠡᠬᠦᠳᠦᠨ ᠪᠦᠳᠦᠬᠡᠬᠦ ᠬᠦᠴᠦᠨ ᠢ ᠬᠦᠢᠴᠡᠳ ᠬᠦᠭᠵᠢᠬᠡᠬᠦ ᠬᠡᠷᠡᠭᠳᠡᠢ᠃ ᠪᠢᠳᠡ ᠠᠷᠠᠳᠴᠢᠯᠠᠯ ᠤᠨ ᠲᠦᠷᠢᠮ ᠢ | ᠪᠦᠷᠢᠨᠰᠢᠬᠦᠯᠵᠥ᠂ ᠠᠷᠠᠳᠴᠢᠯᠠᠯ ᠤᠨ ᠵᠠᠮ ᠢ ᠦᠷᠬᠡᠳᠬᠡᠵᠥ᠂ ᠠᠷᠠᠳᠴᠢᠯᠠᠯ ᠤᠨ ᠬᠡᠯᠪᠡᠷᠢ ᠪᠠᠨ ᠪᠡᠶᠡᠯᠢᠬᠵᠢᠭᠤᠯᠵᠥ᠂ | ᠬᠠᠤᠯᠢᠵᠢᠯ ᠤᠨ ᠪᠠᠳᠤᠯᠠᠭ᠎ᠠ ᠪᠠᠨ ᠲᠡᠬᠦᠯᠳᠡᠷᠵᠢᠬᠦᠯᠵᠥ᠂ ᠠᠷᠠᠳ ᠲᠦᠮᠡᠨ ᠤ ᠬᠠᠤᠯᠢ ᠶᠤᠰᠤᠭᠠᠷ ᠦᠷᠬᠡᠨ ᠲᠡᠯᠬᠡᠷ | ᠪᠦᠭᠡᠳ ᠬᠦᠢᠴᠡᠳ᠂ ᠦᠨᠡᠨ ᠪᠤᠳᠠᠳᠠᠢ᠂ ᠪᠦᠳᠦᠮᠵᠢᠳᠡᠢ ᠪᠦᠭᠡᠳ ᠬᠡᠷᠡᠭᠲᠠᠢ ᠠᠷᠠᠳᠴᠢᠯᠠᠬᠰᠠᠠ ᠡᠷᠬᠡ ᠪᠠᠨ ᠡᠳ᠋ᠯᠡᠬᠦ ᠶᠢ | ᠦᠨᠡᠨᠬᠦ ᠪᠠᠳᠤᠯᠠᠬᠤ ᠬᠡᠷᠡᠭᠳᠡᠢ᠃ ᠪᠢᠳᠡ ᠠᠷᠠᠳ ᠤᠯᠠᠨ ᠤ ᠬᠡᠷᠡᠭᠰᠡᠬᠦ ᠵᠦᠢᠯ ᠪᠠᠴᠢᠮ ᠱᠠᠭᠠᠷᠳᠠᠭᠳᠠᠵᠤ ᠪᠠᠶᠢᠭ᠎ᠠ ᠵᠦᠢᠯ | ᠪᠠ ᠬᠦᠰᠡᠯ ᠰᠠᠨᠠᠭ᠎ᠠ ᠢ ᠴᠢᠷᠮᠠᠶᠢᠨ ᠰᠢᠢᠳᠪᠤᠷᠢᠯᠡᠵᠥ᠂ ᠠᠷᠠᠳ ᠲᠦᠮᠡᠨ ᠳᠤ ᠠᠵᠥ ᠠᠬᠤᠢ᠂ ᠤᠯᠤᠰ ᠲᠦᠷᠦ᠂ | ᠰᠤᠶᠤᠯ᠂ ᠨᠡᠶᠢᠬᠡᠮ᠂ ᠠᠮᠢ ᠠᠬᠤᠢ ᠵᠡᠷᠬᠡ ᠡᠯ᠎ᠠ ᠲᠠᠯ᠎ᠠ ᠶᠢᠨ ᠬᠦᠭᠵᠢᠯᠳᠡ ᠶᠢᠨ ᠦᠷ᠎ᠡ ᠪᠦᠳᠦᠬᠡᠯ ᠢ ᠡᠳ᠋ᠯᠡᠬᠦᠯᠵᠥ᠂ | ᠨᠡᠩ ᠤᠯᠠᠨ᠂ ᠨᠡᠩ ᠰᠢᠭᠤᠳ᠂ ᠨᠡᠩ ᠦᠨᠡᠨ ᠪᠤᠳᠠᠳᠠᠢ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ | ᠂ ᠠᠮᠤᠷ ᠲᠦᠪᠰᠢᠨ ᠤ ᠲᠦᠷᠦᠭᠳᠡᠯ ᠲᠠᠢ ᠪᠤᠯᠭᠠᠵᠥ᠂ ᠬᠦᠮᠥᠨ ᠤ ᠪᠦᠬᠦ ᠲᠡᠯ᠎ᠡ ᠶᠢᠨ ᠬᠦᠭᠵᠢᠯᠳᠡ᠂ ᠪᠦᠬᠦ ᠠᠷᠠᠳ | ᠲᠦᠮᠡᠨ ᠤ ᠬᠠᠮᠳᠤ ᠶᠢᠨ ᠴᠢᠨᠡᠭᠡᠯᠢᠭᠵᠢᠯ ᠢ ᠠᠬᠢᠭᠤᠯᠬᠤ ᠬᠡᠷᠡᠭᠳᠡᠢ᠃ | ᠭᠤᠷᠪᠠᠳᠤᠭᠠᠷ ᠲᠤ᠂ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠡᠷᠬᠡᠪᠰᠢ ᠪᠠᠷᠢᠮᠳᠠᠯᠠᠵᠥ᠂ | ᠦᠢᠯᠡᠳᠦᠯᠬᠡ ᠶᠢᠨ ᠰᠠᠭᠤᠷᠢᠨ ᠲᠡᠬᠡᠷᠡᠬᠢ ᠤᠨᠤᠯ ᠤᠨ ᠰᠢᠨᠡᠴᠢᠯᠡᠯᠳᠡ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠳᠡᠢ᠃ | ᠰᠢᠨ᠎ᠡ ᠶᠢ ᠡᠭᠦᠳᠬᠦ ᠪᠤᠯ ᠦᠭᠡᠷᠡᠴᠢᠯᠡᠯᠳᠡ ᠨᠡᠬᠡᠬᠡᠯᠳᠡ ᠶᠢᠨ ᠠᠮᠢ ᠨᠠᠰᠤ ᠮᠥᠨ ᠬᠡᠳᠡᠭ ᠢ ᠦᠭᠡᠷᠡᠴᠢᠯᠡᠯᠳᠡ | ᠨᠡᠬᠡᠬᠡᠯᠳᠡ ᠬᠢᠭᠰᠡᠡ 40 ᠵᠢᠯ ᠤᠨ ᠦᠢᠯᠡᠳᠦᠯᠬᠡ ᠪᠢᠳᠡᠨ ᠳᠤ ᠰᠡᠩᠬᠡᠷᠡᠬᠦᠯᠥᠭᠰᠡᠡ ᠪᠠᠶᠢᠨ᠎ᠠ᠃ ᠦᠢᠯᠡᠳᠦᠯᠬᠡ ᠶᠢᠨ | ᠬᠦᠭᠵᠢᠯᠳᠡ ᠭᠡᠵᠤ ᠦᠨᠢᠳᠡ ᠵᠤᠭᠰᠤᠰᠢ ᠦᠭᠡᠢ᠂ ᠦᠵᠡᠯ ᠰᠠᠨᠠᠭ᠎ᠠ ᠪᠠᠨ ᠴᠢᠯᠥᠬᠡᠯᠡᠬᠦ ᠶᠠᠪᠤᠳᠠᠯ ᠦᠨᠢᠳᠡ ᠵᠤᠭᠰᠤᠰᠢ | ᠦᠭᠡᠢ ᠶᠤᠮ᠃ ᠡᠩᠭᠧᠯᠰ᠄ ︽ᠨᠡᠶᠢᠬᠡᠮ ᠤᠨ ᠠᠯᠢᠪᠠ ᠬᠤᠪᠢᠷᠠᠯᠳᠡ ᠪᠤᠯᠤᠨ ᠤᠯᠤᠰ ᠲᠦᠷᠦ ᠶᠢᠨ ᠬᠤᠪᠢᠰᠤᠯᠳᠠ ᠶᠢᠨ | ᠡᠴᠤᠰ ᠤᠨ ᠰᠢᠯᠳᠠᠭᠠᠨ ᠢ ᠬᠦᠮᠥᠰ ᠤᠨ ᠲᠡᠷᠢᠬᠢ ᠲᠤᠯᠤᠭᠠᠢ᠂ ᠦᠨᠢᠳᠡ ᠶᠢᠨ ᠦᠨᠡᠨ ᠶᠤᠰᠤ ᠪᠤᠯᠤᠨ ᠰᠢᠳᠤᠷᠭᠤ | ᠶᠤᠰᠤᠨ ᠤ ᠲᠤᠬᠠᠶᠢᠬᠦᠮᠥᠰ ᠤᠨ ᠡᠳᠤᠷ ᠢᠷᠡᠬᠦᠶ᠎ᠡ ᠨᠡᠮᠡᠭᠳᠡᠵᠥ ᠪᠠᠶᠢᠭ᠎ᠠ ᠲᠠᠨᠢᠯᠳᠡ ᠶᠢᠨ ᠲᠤᠮᠳᠠ ᠠᠴᠠ ᠡᠷᠢᠵᠥ ᠪᠤᠯᠬᠤ | ᠦᠭᠡᠢ᠂ ᠬᠠᠷᠢᠨ ᠦᠢᠯᠡᠳᠪᠤᠷᠢᠯᠡᠯ ᠤᠨ ᠠᠷᠭ᠎ᠠ ᠪᠤᠯᠤᠨ ᠰᠤᠯᠢᠯᠴᠠᠭ᠎ᠠ ᠬᠢᠬᠦ ᠠᠷᠭ᠎ᠠ ᠶᠢᠨ ᠬᠤᠪᠢᠷᠡᠯᠳᠡ ᠲᠤᠮᠲᠠ ᠠᠴᠠ | ᠡᠷᠢᠬᠦ ᠬᠡᠷᠡᠭᠳᠡᠢ︾ ᠬᠡᠵᠥ ᠬᠡᠯᠡᠪᠡ᠃ ᠪᠢᠳᠡ ᠤᠨᠤᠯ ᠢ ᠪᠤᠳᠠᠳᠠᠢ ᠲᠠᠢ ᠤᠶᠠᠯᠳᠤᠭᠤᠯᠬᠤ ᠶᠢ ᠪᠠᠷᠢᠮᠳᠠᠯᠠᠵᠥ᠂ ᠴᠠᠭ | ᠦᠶ᠎ᠡ ᠶᠢᠨ ᠠᠰᠠᠭᠤᠯᠳᠠ᠂ ᠠᠷᠠᠳ ᠲᠦᠮᠡᠨ ᠤ ᠠᠰᠠᠭᠤᠯᠳᠠ ᠶᠢ ᠴᠠᠭ ᠲᠤᠬᠠᠢ ᠳᠤᠨᠢ ᠬᠠᠷᠢᠭᠤᠯᠵᠥ᠂ | ᠦᠢᠯᠡᠳᠦᠯᠬᠡ ᠶᠢᠨ ᠬᠦᠭᠵᠢᠯᠳᠡ ᠶᠢ ᠬᠦᠯᠢᠶᠡᠰᠤᠯᠡᠵᠥ ᠪᠠᠶᠢᠭ᠎ᠠ ᠦᠵᠡᠯ ᠰᠠᠨᠠᠭᠠᠨ ᠤ ᠲᠦᠬᠡᠷᠢᠭᠳᠡᠯ ᠢ ᠠᠷᠢᠯᠭᠠᠵᠥ᠂ | ᠮᠠᠷᠺᠰ ᠤᠨ ᠦᠵᠡᠯ ᠤᠨ ᠲᠤᠮᠳᠠᠳᠤ ᠤᠯᠤᠰᠴᠢᠯᠠᠯᠳᠠ ᠴᠠᠭ ᠦᠶᠡᠴᠢᠯᠡᠯᠳᠡ ᠤᠯᠠᠨ ᠲᠦᠮᠡᠨᠴᠢᠯᠠᠯᠳᠠ ᠶᠢ ᠲᠠᠰᠤᠷᠠᠯᠳᠡ | ᠦᠭᠡᠢ ᠠᠬᠢᠭᠤᠯᠵᠥ᠂ ᠮᠠᠷᠺᠰ ᠤᠨ ᠦᠵᠡᠯ ᠤᠨ ᠬᠦᠭᠵᠢᠯᠳᠡ ᠶᠢᠨ ᠰᠢᠨ᠎ᠡ ᠠᠬᠤᠢ ᠪᠠᠶᠢᠲᠠᠯ ᠢ ᠲᠠᠰᠤᠷᠠᠯᠳᠡ ᠦᠭᠡᠢ | ᠨᠡᠬᠡᠬᠡᠬᠦ ᠬᠡᠷᠡᠭᠳᠡᠢ᠃ ᠤᠷᠤᠭᠰᠢᠯᠠᠯᠳᠠ ᠶᠢᠨ ᠵᠠᠮ ᠲᠡᠭᠡᠷ᠎ᠡ ᠪᠠᠨ᠂ ᠪᠢᠳᠡ ᠡᠷᠬᠡᠪᠰᠢ ᠮᠠᠷᠺᠰ ᠯᠧᠨᠢᠨ ᠤ ᠦᠵᠡᠯ᠂ ᠮᠠᠤ | ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠥᠬᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ ᠰᠢᠨ᠎ᠠ ᠴᠠᠭ ᠦᠶ ᠡ ᠶᠢᠨ ᠲᠤᠮᠳᠠᠳᠤ | ᠤᠯᠤᠰ ᠤᠨ ᠤᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ | ᠦᠵᠡᠯ ᠰᠠᠨᠠᠭ᠎ᠠ ᠪᠠᠨ ᠴᠢᠯᠥᠬᠡᠯᠡᠬᠦ ᠪᠠ ᠦᠨᠡᠨ ᠢ ᠪᠠᠷᠢᠮᠳᠠᠯᠠᠬᠤ ᠶᠢᠨ ᠤᠷᠭᠠᠨᠢᠭ ᠨᠢᠬᠡᠳᠤᠯ ᠢ ᠪᠠᠷᠢᠮᠳᠠᠯᠠᠬᠤ ᠬᠡᠷᠡᠭᠳᠡᠢ᠃ | 21 ᠳ᠋ᠤᠭᠠᠷ ᠵᠠᠭᠤᠨ ᠤ ᠮᠠᠷᠺᠰ ᠤᠨ ᠦᠵᠡᠯ᠂ ᠤᠳᠤ ᠦᠶ ᠡ ᠶᠢᠨ ᠲᠤᠮᠳᠠᠳᠤ ᠤᠯᠤᠰ ᠤᠨ ᠮᠠᠷᠺᠰ ᠤᠨ ᠦᠵᠡᠯ ᠢ | ᠬᠦᠭᠵᠢᠬᠦᠯᠬᠦ ᠪᠤᠯ ᠤᠳᠤ ᠦᠶ᠎ᠡ ᠶᠢᠨ ᠲᠤᠮᠳᠠᠳᠤ ᠤᠯᠤᠰ ᠤᠨ ᠡᠪ ᠬᠠᠮᠳᠤᠴᠤᠳ ᠤᠨ ᠵᠠᠶᠢᠯᠠᠭᠤᠯᠵᠥ ᠪᠤᠯᠤᠰᠢ ᠦᠭᠡᠢ | ᠲᠡᠤᠬᠡᠳᠤ ᠡᠬᠦᠷᠬᠡ ᠮᠥᠨ᠃ ᠪᠢᠳᠡ ᠠᠰᠠᠭᠤᠳᠠᠯ ᠤᠨ ᠤᠬᠠᠮᠰᠠᠷ᠂ ᠴᠠᠭ ᠦᠶ ᠡ ᠶᠢᠨ ᠤᠬᠠᠮᠰᠠᠷ᠂ ᠪᠠᠶᠢᠯᠳᠤᠬᠤ | ᠪᠤᠳᠤᠯᠭ᠎ᠠ ᠶᠢᠨ ᠤᠬᠠᠮᠰᠠᠷ ᠢᠶᠠᠨ ᠴᠢᠩᠭᠠᠷᠠᠭᠤᠯᠵᠥ᠂ ᠬᠦᠨ ᠬᠦᠨᠵᠡᠭᠡᠢ ᠲᠡᠤᠬᠡ ᠶᠢᠨ ᠬᠠᠷᠠᠴᠠ᠂ ᠦᠷᠬᠡᠨ ᠲᠡᠯᠬᠡᠷ | ᠲᠡᠯᠡᠬᠡᠢ ᠶᠢᠨ ᠬᠠᠷᠠᠭᠠᠰᠤ ᠠᠴᠠ ᠬᠡᠷᠡᠭ ᠪᠤᠳᠠᠰ ᠤᠨ ᠬᠦᠭᠵᠢᠯᠳᠡ ᠶᠢᠨ ᠮᠥᠨ ᠴᠢᠨᠠᠷ ᠪᠤᠯᠤᠨ ᠲᠤᠳᠤᠭᠠᠳᠤ | ᠬᠤᠯᠪᠤᠭ᠎ᠠ ᠶᠢ ᠡᠵᠡᠮᠳᠡᠵᠥ᠂ ᠲᠦᠭ ᠲᠦᠮᠡᠨ ᠠᠷᠠᠳ ᠲᠦᠮᠡᠨ ᠤ ᠪᠦᠳᠦᠬᠡᠯᠴᠢ ᠴᠢᠨᠠᠷᠳᠠᠢ ᠦᠢᠯᠡᠳᠦᠯᠬᠡ ᠶᠢ ᠨᠢᠬᠳᠠ | ᠮᠦᠷᠳᠡᠵᠥ᠂ ᠬᠦᠮᠥᠨ ᠲᠦᠷᠦᠯᠬᠢᠳᠡᠨ ᠤ ᠠᠯᠢᠪᠠ ᠰᠢᠯᠢᠳᠡᠭ ᠪᠤᠯᠪᠠᠰᠤᠨ ᠤ ᠦᠷ᠎ᠡ ᠪᠦᠳᠦᠬᠡᠯ ᠢᠶᠠᠷ ᠲᠤᠯᠢ ᠪᠤᠯᠭᠠᠨ | ᠰᠢᠩᠬᠡᠬᠡᠨ ᠠᠪᠴᠦ᠂ ᠴᠠᠭ ᠦᠶ᠎ᠡ ᠪᠤᠯᠤᠨ ᠦᠢᠯᠡᠳᠦᠯᠬᠡ ᠠᠴᠠ ᠪᠢᠳᠡᠨ ᠳᠤ ᠲᠤᠷᠠᠳᠤᠭᠰᠠᠠ ᠰᠢᠨ᠎ᠡ ᠴᠢᠬᠤᠯᠠ ᠶᠡᠭᠡ | ᠰᠡᠳᠤᠪ ᠲᠤ ᠲᠠᠰᠤᠷᠠᠯᠳᠡ ᠦᠭᠡᠢ ᠬᠠᠷᠢᠭᠤᠯᠳᠡ ᠦᠭᠴᠦ᠂ ᠤᠳᠤ ᠦᠶ᠎ᠡ ᠶᠢᠨ ᠲᠤᠮᠳᠠᠳᠤ ᠤᠯᠤᠰ ᠤᠨ ᠮᠠᠷᠺᠰ ᠤᠨ | ᠦᠵᠡᠯ ᠢ ᠨᠡᠩ ᠬᠡᠷᠡᠯ ᠰᠠᠴᠤᠷᠠᠩᠭᠤᠢ ᠦᠨᠡᠨ ᠶᠤᠰᠤᠨ ᠤ ᠬᠢᠯᠪᠠᠭ᠎ᠠ ᠰᠠᠴᠤᠷᠠᠭᠤᠯᠬᠤ ᠬᠡᠷᠡᠭᠳᠡᠢ᠃ | ᠲᠦᠷᠪᠡᠳᠤᠭᠡᠷ ᠲᠤ᠂ ᠡᠷᠬᠡᠪᠰᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠢᠶᠠᠷ | ᠵᠠᠮᠨᠠᠬᠤ ᠶᠢ ᠪᠠᠷᠢᠮᠳᠠᠯᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠢ ᠲᠠᠰᠤᠷᠠᠯᠳᠡ | ᠦᠭᠡᠢ ᠪᠠᠷᠢᠮᠳᠠᠯᠠᠨ ᠬᠦᠭᠵᠢᠬᠦᠯᠬᠦ ᠬᠡᠷᠡᠭᠳᠡᠢ᠃ ᠴᠢᠭᠯᠡᠯ ᠢᠷᠡᠬᠡᠳᠤᠢ ᠶᠢ ᠲᠤᠭᠳᠠᠭᠠᠵᠥ᠂ ᠵᠠᠮ ᠬᠤᠪᠢ ᠵᠠᠶᠠᠭ᠎ᠠ ᠶᠢ | ᠲᠤᠭᠳᠠᠭᠠᠨ᠎ᠠ ᠬᠡᠳᠡᠭ ᠵᠦ᠋ᠭᠡᠷᠡᠴᠢᠯᠡᠯᠳᠡ ᠨᠡᠬᠡᠬᠡᠯᠳᠡ ᠬᠢᠭᠰᠡᠡ 40 ᠵᠢᠯ ᠤᠨ ᠦᠢᠯᠡᠳᠦᠯᠬᠡ ᠪᠢᠳᠡᠨ ᠳᠤ | ᠰᠡᠩᠬᠡᠷᠡᠬᠦᠯᠥᠭᠰᠡᠡ ᠪᠠᠶᠢᠨ᠎ᠠ᠃ ᠪᠢᠳᠡ ᠬᠤᠪᠢ ᠵᠠᠶᠠᠭ᠎ᠠ ᠪᠠᠨ ᠦᠪᠡᠷ ᠤᠨ ᠭᠠᠷ ᠲᠠᠭᠠᠨ ᠡᠵᠡᠮᠳᠡᠬᠦ ᠳᠤ᠂ | ᠵᠤᠷᠢᠯᠲᠠ ᠪᠠᠨ ᠬᠤᠪᠢᠷᠠᠭᠤᠯᠬᠤ ᠦᠭᠡᠢ᠂ ᠵᠠᠮ ᠢᠶᠠᠨ ᠬᠤᠪᠢᠷᠠᠭᠤᠯᠬᠤ ᠦᠭᠡᠢ ᠪᠠᠶᠢᠬᠤ ᠪᠠᠳᠤ ᠵᠤᠷᠢᠭ ᠲᠠᠢ ᠪᠠᠶᠢᠬᠤ | ᠬᠡᠷᠡᠭᠳᠡᠢ᠃ ᠦᠬᠡᠷᠡᠴᠢᠯᠡᠯᠳᠡ ᠨᠡᠬᠡᠬᠡᠯᠳᠡ ᠬᠢᠭᠰᠡᠡ 40 ᠵᠢᠯ ᠤᠨ ᠲᠤᠷᠰᠢ᠂ ᠮᠠᠨ ᠤ ᠨᠠᠮ ᠤᠨ ᠪᠦᠬᠦ ᠤᠨᠤᠯ ᠤᠨ ᠪᠠ | ᠦᠢᠯᠡᠳᠦᠯᠬᠡ ᠶᠢᠨ ᠭᠤᠤᠯ ᠰᠡᠳᠤᠪ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ | ᠬᠦᠭᠵᠢᠬᠦᠯᠦᠭᠰᠡᠡ ᠶᠠᠪᠤᠳᠠᠯ ᠪᠤᠯᠤᠨ᠎ᠠ᠃ ᠲᠤᠮᠳᠠᠳᠤ ᠤᠯᠤᠰ ᠰᠢᠭ᠋ ᠡᠶᠢᠮᠤ 5000 ᠭᠠᠷᠤᠢ ᠵᠢᠯ ᠤᠨ ᠪᠤᠯᠪᠠᠰᠤᠨ ᠤ | ᠲᠡᠤᠬᠡ ᠲᠠᠢ᠂ 13 ᠳ᠋ᠦᠩᠰᠢᠭᠤᠷ ᠭᠠᠷᠤᠢ ᠬᠦᠮᠥᠨ ᠠᠮᠠ ᠲᠠᠢ ᠲᠤᠮᠤ ᠤᠯᠤᠰ ᠲᠤ ᠦᠭᠡᠷᠡᠴᠢᠯᠡᠯᠳᠡ ᠨᠡᠬᠡᠬᠡᠯᠳᠡ ᠶᠢ | ᠠᠬᠢᠭᠤᠯᠬᠤ ᠳᠤ᠂ ᠬᠤᠪᠢᠷᠠᠰᠢ ᠤᠶᠢᠭᠡᠢ ᠬᠠᠤᠯᠢ ᠶᠤᠰᠤ ᠲᠠᠢ ᠰᠤᠷᠭᠠᠯ ᠪᠢᠴᠢᠭ ᠬᠡᠵᠥ ᠦᠭᠡᠢ᠂ ᠳᠤᠮᠳᠠᠳᠤ | ᠤᠯᠤᠰ ᠤᠨ ᠠᠷᠠᠳ ᠲᠦᠮᠡᠨ ᠳᠤ ᠪᠠᠷᠳᠠᠮᠨᠠᠨ ᠵᠠᠬᠢᠷᠬᠤ ᠪᠠᠭᠰᠢᠳᠠᠨ ᠴᠤ ᠪᠠᠶᠢᠬᠤ ᠦᠭᠡᠢ᠃ ᠯᠥ ᠰᠢᠶᠦ᠋ᠨ ᠠᠪᠤᠭᠠᠢ᠄ | ︽ᠵᠠᠮ ᠬᠡᠵᠥ ᠶᠠᠭᠤ ᠪᠤᠢ︖ ᠵᠠᠮ ᠦᠭᠡᠢ ᠭᠠᠵᠠᠷ ᠬᠡᠰᠬᠢᠵᠥ ᠪᠠᠶᠢᠭᠠᠳ ᠭᠠᠷᠭᠠᠭᠰᠠᠠ᠂ ᠦᠷᠬᠡᠰᠤ ᠰᠤᠨᠳᠤᠤ ᠲᠠᠢ | ᠭᠠᠵᠠᠷ ᠶᠠᠪᠤᠵᠤ ᠪᠠᠶᠢᠭᠠᠳ ᠨᠡᠬᠡᠬᠡᠭᠰᠡᠡ ᠶᠤᠮ︾ ᠬᠡᠵᠥ ᠬᠡᠯᠡᠵᠥ ᠦᠩᠬᠡᠷᠡᠪᠡ᠃ ᠲᠤᠮᠲᠠᠲᠦ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠪᠤᠯ ᠤᠲᠤ ᠦᠶ᠎ᠡ ᠶᠢᠨ ᠲᠤᠮᠲᠠᠲᠦ ᠤᠯᠤᠰ ᠲᠤᠮᠤ ᠠᠯᠬᠤᠮ ᠢᠶᠠᠷ ᠴᠠᠭ | ᠦᠶ᠎ᠡ ᠶᠢ ᠬᠦᠭᠡᠭᠡᠨ ᠭᠦᠢᠴᠡᠬᠦ᠂ ᠴᠠᠭ ᠦᠶ᠎ᠡ ᠶᠢᠨ ᠬᠦᠭᠵᠢᠯᠲᠡ ᠶᠢ ᠬᠦᠲᠦᠯᠦᠨ ᠲᠠᠭᠠᠭᠤᠯᠬᠤ ᠰᠠᠷᠠᠭᠤᠯ ᠲᠠᠷᠲᠠᠩ | ᠵᠠᠮ ᠮᠦᠨ᠂ ᠡᠨᠡ ᠵᠠᠮ ᠢᠶᠠᠷ ᠡᠷᠬᠡᠪᠰᠢ ᠡᠷᠡᠰ ᠭᠤᠶᠢᠪᠢᠰᠢ ᠦᠭᠡᠢ ᠪᠠᠷ ᠦᠷᠬᠦᠯᠵᠢᠯᠡᠨ ᠵᠠᠮᠨᠠᠬᠤ ᠬᠡᠷᠡᠭᠲᠡᠢ᠃ | ᠤᠷᠤᠭᠰᠢᠯᠠᠯᠳᠠ ᠶᠢᠨ ᠵᠠᠮ ᠲᠡᠬᠡᠷ᠎ᠡ ᠪᠠᠨ᠂ ᠪᠢᠳᠡ ᠡᠷᠬᠡᠪᠰᠢ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ | ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ︽ᠲᠦᠷᠪᠡᠨ ᠢᠳᠡᠬᠡᠯ︾ ᠢᠶᠠᠨ ᠴᠢᠩᠭᠠᠳᠬᠠᠵᠥ᠂ | ᠦᠬᠡᠷᠡᠴᠢᠯᠡᠯᠳᠡ ᠨᠡᠬᠡᠬᠡᠯᠳᠡ ᠶᠢᠨ ᠤᠷᠤᠭᠰᠢᠯᠠᠯᠳᠠ ᠶᠢᠨ ᠴᠢᠭᠯᠡᠯ ᠢ ᠪᠠᠳᠤ ᠡᠵᠡᠮᠳᠡᠬᠦ ᠬᠡᠷᠡᠭᠳᠡᠢ᠃ ᠶᠠᠭᠤ ᠶᠢ | ᠦᠭᠡᠷᠡᠴᠢᠯᠡᠬᠦ᠂ ᠶᠠᠭᠠᠬᠢᠵᠥ ᠦᠬᠡᠷᠡᠴᠢᠯᠡᠬᠦ ᠭᠡᠳᠡᠭ ᠲᠤ ᠡᠷᠬᠡᠪᠰᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠪᠠᠶᠢᠭᠤᠯᠤᠯ ᠢ ᠲᠡᠬᠦᠯᠳᠡᠷᠵᠢᠬᠦᠯᠬᠦ ᠪᠠ ᠬᠦᠭᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ | ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠡᠷᠤᠩᠬᠡᠢ ᠬᠠᠷᠠᠯᠳᠠ ᠲᠠᠢ ᠨᠡᠶᠢᠴᠡᠬᠦ ᠡᠰᠡᠬᠦ ᠪᠠᠷ | ᠦᠨᠳᠦᠰᠦᠨ ᠪᠠᠷᠢᠮᠵᠢᠶ᠎ᠠ ᠪᠤᠯᠭᠠᠵᠥ᠂ ᠦᠭᠡᠷᠡᠴᠢᠯᠡᠬᠦ ᠴᠢᠬᠤᠯᠠᠲᠠᠢ᠂ ᠦᠭᠡᠷᠡᠴᠢᠯᠡᠵᠥ ᠲᠡᠶᠢᠯᠬᠦ ᠶᠢ ᠨᠢ ᠪᠢᠳᠡ ᠡᠷᠡᠰ | ᠦᠭᠡᠷᠡᠴᠢᠯᠡᠵᠥ᠂ ᠦᠭᠡᠷᠡᠴᠢᠯᠡᠬᠦ ᠴᠢᠬᠤᠯᠠ ᠦᠭᠡᠢ᠂ ᠦᠭᠡᠷᠡᠴᠢᠯᠡᠵᠥ ᠪᠤᠯᠬᠤ ᠦᠭᠡᠢ ᠶᠢ ᠨᠢ ᠡᠷᠡᠰ ᠦᠭᠡᠷᠡᠴᠢᠯᠡᠬᠦ | ᠦᠭᠡᠢ ᠪᠠᠶᠢᠬᠤ ᠬᠡᠷᠡᠭᠳᠡᠢ᠃ ᠪᠢᠳᠡ ᠨᠠᠮ ᠤᠨ ᠦᠨᠳᠦᠰᠦᠨ ᠱᠤᠭᠤᠮ ᠢ ᠪᠠᠷᠢᠮᠳᠠᠯᠠᠵᠥ᠂ ᠠᠵᠥ ᠠᠬᠤᠢ ᠶᠢᠨ | ᠪᠦᠳᠦᠬᠡᠨ ᠪᠠᠶᠢᠭᠤᠯᠤᠯᠳᠡ ᠪᠠᠷ ᠭᠤᠤᠯᠲᠠᠯᠭ᠎ᠠ ᠪᠤᠯᠭᠠᠬᠤ ᠶᠢ ᠲᠦᠷᠪᠡᠨ ᠦᠨᠳᠦᠰᠦᠨ ᠵᠠᠷᠴᠢᠮ ᠢ ᠪᠠᠷᠢᠮᠳᠠᠯᠠᠬᠤ᠂ | ᠦᠭᠡᠷᠡᠴᠢᠯᠡᠯᠳᠡ ᠨᠡᠬᠡᠬᠡᠯᠳᠡ ᠶᠢ ᠪᠠᠷᠢᠮᠳᠠᠯᠠᠬᠤ ᠡᠨᠡ ᠬᠤᠶᠠᠷ ᠦᠨᠳᠦᠰᠦᠨ ᠵᠦᠢᠯ ᠢ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠦᠢᠯᠡᠳᠦᠯᠬᠡ ᠲᠠᠢ ᠨᠢᠬᠡᠳᠬᠡᠵᠥ᠂ | ᠤᠷᠳᠤ ᠬᠤᠭᠤᠴᠠᠭ᠎ᠠ ᠪᠠᠷ ᠪᠠᠷᠢᠮᠳᠠᠯᠠᠵᠥ᠂ ᠭᠤᠶᠢᠪᠢᠰᠢ ᠦᠭᠡᠢ ᠪᠠᠷᠢᠮᠳᠠᠯᠠᠬᠤ ᠬᠡᠷᠡᠭᠳᠡᠢ᠃ | ᠲᠠᠪᠤᠳᠤᠭᠠᠷ ᠲᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ | ᠲᠡᠬᠦᠯᠳᠡᠷᠵᠢᠬᠦᠯᠬᠦ ᠪᠠ ᠬᠦᠭᠵᠢᠬᠦᠯᠬᠦ ᠶᠢ ᠡᠷᠬᠡᠪᠰᠢ ᠪᠠᠷᠢᠮᠳᠠᠯᠠᠵᠥ᠂ ᠮᠠᠨ ᠤ ᠤᠯᠤᠰ ᠤᠨ ᠪᠠᠶᠢᠭᠤᠯᠤᠯ ᠤᠨ | ᠲᠠᠪᠠᠭᠤᠯᠢᠭ ᠢ ᠲᠠᠰᠤᠷᠠᠯᠳᠡ ᠦᠬᠡᠢ ᠪᠠᠳᠠᠷᠠᠭᠤᠯᠬᠤ ᠪᠠ ᠴᠢᠩᠭᠠᠳᠬᠠᠬᠤ ᠬᠡᠷᠡᠭᠳᠡᠢ᠃ ᠪᠠᠶᠢᠭᠤᠯᠤᠯ ᠪᠤᠯ ᠨᠠᠮ ᠪᠤᠯᠤᠨ | ᠤᠯᠤᠰ ᠤᠨ ᠠᠵᠢᠯ ᠦᠢᠯᠡᠰ ᠤᠨ ᠬᠦᠭᠵᠢᠯᠳᠡ ᠳᠤ ᠬᠤᠯᠪᠤᠭᠳᠠᠬᠤ ᠦᠨᠳᠦᠰᠦᠨ ᠴᠢᠨᠠᠷᠳᠠᠢ᠂ ᠪᠦᠬᠦ ᠲᠡᠯ᠎ᠡ ᠶᠢᠨ | ᠴᠢᠨᠠᠷᠳᠠᠢ᠂ ᠲᠤᠭᠳᠠᠭᠤᠨ ᠴᠢᠨᠠᠷᠳᠠᠢ᠂ ᠤᠷᠳᠤ ᠬᠤᠭᠤᠴᠠᠭᠠᠨ ᠤ ᠴᠢᠨᠠᠷᠳᠠᠢ ᠠᠰᠠᠭᠤᠳᠠᠯ ᠮᠥᠨ ᠭᠡᠳᠡᠭ | ᠵᠦ᠋ᠬᠡᠷᠡᠴᠢᠯᠡᠯᠳᠡ ᠨᠡᠬᠡᠬᠡᠯᠳᠡ ᠶᠢᠨ 40 ᠵᠢᠯ ᠤᠨ ᠦᠢᠯᠡᠳᠦᠯᠬᠡ ᠪᠢᠳᠡᠨ ᠳᠤ ᠰᠡᠩᠬᠡᠷᠡᠬᠦᠯᠥᠭᠰᠡᠡ ᠪᠠᠶᠢᠨ᠎ᠠ᠃ ᠪᠢᠳᠡ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠲᠡᠬᠦᠯᠳᠡᠷᠵᠢᠬᠦᠯᠬᠦ ᠪᠠ ᠬᠦᠭᠵᠢᠬᠦᠯᠬᠦ | ᠭᠡᠳᠡᠭ ᠡᠨᠡᠬᠦ ᠵᠠᠩᠬᠢᠯᠠᠭ᠎ᠠ ᠶᠢ ᠴᠢᠩᠭ᠎ᠠ ᠠᠳᠬᠤᠵᠥ᠂ ᠨᠡᠶᠢᠬᠡᠮ ᠤᠨ ᠦᠢᠯᠡᠳᠪᠤᠷᠢᠯᠡᠯ ᠤᠨ ᠬᠦᠴᠦᠨ ᠢ ᠴᠢᠯᠥᠬᠡᠯᠡᠬᠦ ᠪᠠ | ᠬᠦᠭᠵᠢᠬᠦᠯᠬᠦ᠂ ᠨᠡᠶᠢᠬᠡᠮ ᠤᠨ ᠠᠮᠢᠵᠢᠷᠡᠯ ᠤᠨ ᠬᠦᠴᠦᠨ ᠢ ᠴᠢᠯᠥᠬᠡᠯᠡᠬᠦ ᠪᠠ ᠴᠢᠩᠭᠠᠷᠠᠭᠤᠯᠬᠤ᠂ ᠨᠠᠮ ᠪᠤᠯᠤᠨ | ᠤᠯᠤᠰ ᠤᠨ ᠠᠮᠢᠵᠢᠷᠡᠯ ᠤᠨ ᠬᠦᠴᠦᠨ ᠢ ᠦᠨᠢᠳᠡ ᠪᠠᠳᠤᠯᠠᠬᠤ ᠳᠤ ᠬᠦᠴᠦᠳᠠᠢ ᠪᠠᠳᠤᠯᠠᠭ᠎ᠠ ᠬᠠᠩᠭᠠᠵᠥ᠂ ᠨᠡᠶᠢᠬᠡᠮ ᠤᠨ | ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠬᠤ᠂ ᠠᠷᠠᠳ ᠲᠦᠮᠡᠨ ᠤ ᠠᠮᠤᠷ ᠲᠠᠶᠢᠪᠤᠩ ᠠᠵᠥ ᠲᠦᠷᠦᠬᠦ ᠶᠢ ᠪᠠᠳᠤᠯᠠᠬᠤ | ᠂ ᠤᠯᠤᠰ ᠤᠨ ᠠᠮᠤᠷ ᠲᠦᠪᠰᠢᠨ ᠢ ᠪᠠᠳᠤᠯᠠᠬᠤ ᠳᠤ ᠬᠦᠴᠦᠳᠠᠢ ᠪᠠᠳᠤᠯᠠᠭ᠎ᠠ ᠬᠠᠩᠭᠠᠵᠥ᠂ ᠬᠦᠳᠡᠯᠮᠤᠷᠢ᠂ ᠮᠡᠳᠡᠯᠬᠡ᠂ | ᠮᠡᠷᠬᠡᠵᠢᠯ᠂ ᠬᠠᠮᠢᠶᠠᠷᠤᠯᠳᠠ ᠵᠡᠷᠬᠡ ᠠᠯᠢᠪᠠ ᠭᠤᠤᠯ ᠡᠯᠧᠮᠧᠨ᠋ᠲ ᠤᠨ ᠠᠮᠢᠵᠢᠷᠡᠯ ᠤᠨ ᠬᠦᠴᠦᠨ ᠢ ᠬᠦᠭᠵᠢᠭᠡᠵᠤ᠂ | ᠠᠯᠢᠪᠠ ᠨᠡᠶᠢᠬᠡᠮ ᠤᠨ ᠡᠳ᠋ ᠪᠠᠶᠠᠯᠢᠭ ᠢ ᠡᠬᠦᠳᠦᠨ ᠪᠦᠳᠦᠬᠡᠬᠦ ᠡᠬᠢ ᠪᠤᠯᠠᠭ ᠢ ᠬᠦᠢᠴᠡᠳ ᠤᠷᠭᠢᠯᠠᠭᠤᠯᠬᠤ ᠳᠤ | ᠠᠮᠢᠵᠢᠷᠡᠯ ᠤᠨ ᠬᠦᠴᠦᠨ ᠢᠶᠠᠷ ᠪᠢᠯᠬᠠᠭᠰᠠᠠ ᠪᠠᠶᠢᠭᠤᠯᠤᠮᠵᠢ ᠲᠤᠭᠳᠠᠴᠠ ᠶᠢ ᠲᠠᠰᠤᠷᠠᠯᠲᠠ ᠦᠭᠡᠢ ᠪᠠᠶᠢᠭᠤᠯᠪᠠ᠃ | ᠤᠷᠤᠭᠰᠢᠯᠠᠯᠳᠡ ᠶᠢᠨ ᠵᠠᠮ ᠲᠡᠬᠡᠷ᠎ᠡ ᠪᠠᠨ᠂ ᠪᠢᠳᠡ ᠡᠷᠬᠡᠪᠰᠢ ᠨᠡᠶᠢᠳᠡ ᠶᠢᠨ ᠦᠮᠴᠢᠯᠡᠯ ᠤᠨ ᠠᠵᠥ ᠠᠬᠤᠢ ᠶᠢ ᠡᠷᠡᠰ | ᠭᠤᠶᠢᠪᠢᠰᠢ ᠦᠭᠡᠢ ᠪᠠᠬᠢᠵᠢᠬᠦᠯᠦᠨ ᠬᠦᠭᠵᠢᠬᠦᠯᠵᠥ᠂ ᠨᠡᠶᠢᠳᠡ ᠶᠢᠨ ᠦᠮᠴᠢᠯᠡᠯ ᠤᠨ ᠪᠤᠰᠤ ᠠᠵᠥ ᠠᠬᠤᠢ ᠶᠢᠨ | ᠬᠦᠭᠵᠢᠯᠳᠡ ᠶᠢ ᠡᠷᠡᠰ ᠭᠤᠶᠢᠪᠢᠰᠢ ᠦᠭᠡᠢ ᠪᠠᠷ ᠵᠤᠷᠢᠬᠵᠢᠭᠤᠯᠵᠥ᠂ ᠲᠡᠮᠵᠢᠵᠥ᠂ ᠬᠦᠳᠦᠯᠥᠨ ᠲᠠᠭᠠᠭᠤᠯᠵᠥ᠂ ᠡᠬᠢ | ᠪᠠᠶᠠᠯᠢᠭ ᠢ ᠲᠤᠬᠢᠷᠠᠭᠤᠯᠬᠤ ᠲᠤᠮᠳᠠᠬᠢ ᠵᠠᠬ᠎ᠠ ᠲᠡᠯᠬᠡᠬᠦᠷ ᠤᠨ ᠰᠢᠢᠳᠪᠤᠷᠢᠯᠡᠬᠦ ᠴᠢᠨᠠᠷᠳᠠᠢ ᠦᠢᠯᠡᠳᠦᠯ ᠢ ᠬᠦᠢᠴᠡᠳ | ᠪᠠᠳᠠᠷᠠᠭᠤᠯᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠲᠤᠷ ᠪᠠᠲᠠᠷᠠᠭᠤᠯᠵᠤ᠂ ᠵᠠᠬ᠎ᠠ ᠲᠡᠯᠭᠡᠭᠦᠷ ᠤᠨ ᠡᠯ᠎ᠡ | ᠵᠦᠢᠯ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ ᠬᠡᠷᠡᠭᠳᠡᠢ᠃ ᠪᠢᠳᠡ ᠡᠷᠬᠡᠪᠰᠢ ᠨᠠᠮ ᠤᠨ | ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠥ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢᠨ | ᠤᠷᠭᠠᠨᠢᠭ ᠨᠢᠬᠡᠳᠤᠯ ᠢ ᠪᠠᠷᠢᠮᠳᠠᠯᠠᠵᠥ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠭᠤᠯᠤᠯ᠂ | ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠠ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ | ᠲᠦᠷᠦ ᠶᠢᠨ ᠵᠦᠪᠯᠡᠯᠬᠡ ᠬᠢᠬᠦ ᠪᠠᠶᠢᠭᠤᠯᠤᠯ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ᠂ | ᠦᠨᠳᠦᠰᠦᠨ ᠱᠠᠳᠤᠨ ᠤ ᠤᠯᠠᠨ ᠲᠦᠮᠡᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠵᠥ᠂ | ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠡᠯ᠎ᠡ ᠪᠠᠷ ᠠᠬᠢᠭᠤᠯᠵᠥ᠂ ᠬᠠᠮᠤᠭ ᠤᠨ ᠦᠷᠬᠡᠨ ᠲᠡᠯᠬᠡᠷᠡᠩᠭᠦᠢ | ᠤᠯᠤᠰ ᠢᠶᠠᠨ ᠬᠠᠶᠢᠷᠠᠯᠠᠬᠤ ᠨᠢᠬᠡᠳᠤᠮᠡᠯ ᠹᠷᠤᠨᠲ ᠢ ᠪᠠᠬᠢᠵᠢᠬᠦᠯᠥᠨ ᠬᠦᠭᠵᠢᠬᠦᠯᠵᠥ᠂ ᠨᠡᠶᠢᠬᠡᠮ ᠵᠢᠷᠤᠮ ᠤᠨ ᠵᠦᠪᠯᠡᠬᠦ | ᠠᠷᠠᠳᠴᠢᠯᠠᠯ ᠢ ᠬᠦᠭᠵᠢᠬᠦᠯᠵᠥ᠂ ᠪᠠᠶᠢᠭᠤᠯᠤᠯ ᠤᠨ ᠰᠢᠰᠲ᠋ᠧᠮ ᠢᠶᠠᠷ ᠠᠷᠠᠳ ᠲᠦᠮᠡᠨ ᠤ ᠡᠷᠬᠡ ᠮᠡᠳᠡᠵᠥ ᠡᠵᠡᠨ | ᠰᠠᠭᠤᠬᠤ ᠶᠢ ᠪᠠᠳᠤᠯᠠᠬᠤ ᠬᠡᠷᠡᠭᠳᠡᠢ᠃ ᠪᠢᠳᠡ ᠰᠤᠶᠤᠯ ᠤᠨ ᠬᠦᠷᠢᠶᠡᠨ ᠤ ᠳᠦᠷᠢᠮ ᠤᠨ ᠪᠠᠶᠢᠭᠤᠯᠤᠯᠳᠠ ᠶᠢ | ᠴᠢᠩᠭᠠᠳᠬᠠᠵᠥ᠂ ᠲᠤᠭ ᠢᠶᠠᠨ ᠮᠠᠨᠳᠤᠭᠤᠯᠵᠥ᠂ ᠠᠷᠠᠳ ᠤᠨ ᠰᠡᠳᠬᠢᠯ ᠢ ᠨᠢᠬᠳᠠᠷᠠᠭᠤᠯᠵᠥ᠂ ᠰᠢᠨ᠎ᠡ ᠬᠦᠮᠥᠨ ᠢ | ᠬᠦᠮᠥᠵᠢᠬᠦᠯᠵᠥ᠂ ᠰᠤᠶᠤᠯ ᠢᠶᠠᠨ ᠴᠡᠴᠡᠭᠯᠡᠭᠦᠯᠵᠤ᠂ ᠲᠦᠷᠢ ᠲᠦᠷᠬᠦ ᠪᠠᠨ ᠢᠯᠡᠷᠡᠭᠦᠯᠵᠤ᠂ ᠨᠡᠶᠢᠬᠡᠮ ᠵᠢᠷᠤᠮ ᠤᠨ | ᠭᠤᠤᠯᠯᠠᠭᠴᠢ ᠦᠷᠳᠡᠭ ᠤᠨ ᠦᠵᠡᠯᠳᠡ ᠶᠢ ᠢᠳᠡᠪᠬᠢᠳᠡᠢ ᠪᠤᠶᠢᠵᠢᠭᠤᠯᠤᠨ ᠦᠢᠯᠡᠳᠦᠯᠬᠡᠵᠢᠬᠦᠯᠵᠥ᠂ ᠲᠤᠮᠳᠠᠳᠤ ᠶᠢᠨ | ᠰᠢᠯᠢᠳᠡᠭ ᠤᠯᠠᠮᠵᠢᠯᠠᠯᠳᠤ ᠰᠤᠶᠤᠯ ᠢ ᠪᠦᠳᠦᠬᠡᠯᠴᠢ ᠪᠠᠷ ᠬᠤᠪᠢᠷᠠᠭᠤᠯᠬᠤ᠂ ᠰᠢᠨᠡᠴᠢᠯᠡᠯᠳᠡ ᠬᠢᠵᠥ ᠬᠦᠭᠵᠢᠬᠦᠯᠬᠦ ᠶᠢ | ᠠᠬᠢᠭᠤᠯᠵᠥ᠂ ᠬᠤᠪᠢᠰᠬᠠᠯᠳᠤ ᠰᠤᠶᠤᠯ ᠢ ᠵᠠᠯᠭᠠᠮᠵᠢᠯᠠᠵᠥ᠂ ᠲᠡᠷᠢᠬᠦᠨ ᠤ ᠰᠤᠶᠤᠯ ᠢ ᠬᠦᠭᠵᠢᠬᠦᠯᠵᠥ᠂ ᠴᠠᠭ ᠦᠶ᠎ᠡ ᠶᠢ | ᠭᠡᠷᠡᠯᠲᠦᠬᠦᠯᠦᠭᠰᠡᠡ᠂ ᠲᠡᠯᠡᠬᠡᠢ ᠳ᠋ᠠᠬᠢᠨ ᠢ ᠬᠡᠷᠡᠯᠳᠦᠬᠦᠯᠥᠭᠰᠡᠡ ᠲᠤᠮᠳᠠᠳᠤ ᠶᠢᠨ ᠰᠤᠶᠤᠯ ᠢ ᠴᠢᠷᠮᠡᠶᠢᠨ ᠡᠬᠦᠳᠬᠦ ᠬᠡᠷᠡᠭᠳᠡᠢ | ᠃ ᠪᠢᠳᠡ ᠨᠡᠶᠢᠬᠡᠮ ᠤᠨ ᠵᠠᠰᠠᠯᠳᠠ ᠶᠢᠨ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠥ᠂ ᠨᠡᠶᠢᠬᠡᠮ ᠤᠨ ᠲᠦᠪ | ᠭᠤᠤᠯᠴᠢ ᠰᠢᠳᠤᠷᠭᠤ ᠶᠤᠰᠤ ᠶᠢ ᠲᠠᠰᠤᠷᠠᠯᠳᠡ ᠦᠭᠡᠢ ᠠᠬᠢᠭᠤᠯᠵᠥ᠂ ᠨᠡᠶᠢᠬᠡᠮ ᠤᠨ ᠠᠮᠤᠷ ᠲᠤᠭᠳᠠᠭᠤᠨ ᠡᠮᠬᠢ | ᠲᠢᠭᠯᠢᠮ ᠲᠠᠢ ᠪᠠᠶᠢᠬᠤ ᠶᠢ ᠪᠠᠳᠤᠯᠠᠬᠤ ᠬᠡᠷᠡᠭᠳᠡᠢ᠃ ᠪᠢᠳᠡ ᠠᠮᠢ ᠠᠬᠤᠢ ᠶᠢᠨ ᠪᠤᠯᠪᠠᠰᠤᠨ ᠤ ᠲᠦᠷᠢᠮ ᠤᠨ | ᠪᠠᠶᠢᠭᠤᠯᠤᠯᠳᠠ ᠶᠢ ᠴᠢᠩᠭᠠᠳᠬᠠᠵᠥ᠂ ᠬᠠᠮᠤᠭ ᠤᠨ ᠴᠢᠩᠭ᠎ᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠦᠷᠢᠮ ᠢ ᠬᠡᠷᠡᠭᠵᠢᠬᠦᠯᠬᠦ ᠬᠡᠷᠡᠭᠳᠡᠢ᠃ ᠪᠢᠳᠡ ᠬᠦᠭᠵᠢᠯᠳᠡ ᠶᠢ ᠬᠠᠷᠰᠢᠯᠠᠵᠥ ᠪᠠᠶᠢᠭ᠎ᠠ ᠠᠯᠢᠪᠠ ᠪᠠᠶᠢᠭᠤᠯᠤᠮᠵᠢ | ᠲᠤᠭᠳᠠᠴᠠ ᠶᠢᠨ ᠬᠠᠷᠰᠢ ᠰᠠᠭᠠᠳ ᠪᠤᠯᠤᠨ ᠠᠰᠢᠭ ᠲᠤᠰᠠ ᠶᠢᠨ ᠬᠠᠯᠬᠠᠪᠴᠢ ᠶᠢ ᠠᠷᠢᠯᠭᠠᠵᠥ᠂ ᠰᠢᠰᠲ᠋ᠧᠮ | ᠪᠦᠷᠢᠨᠰᠢᠭᠰᠡᠡ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠪᠦᠳᠦᠮᠵᠢᠳᠡᠢ ᠲᠦᠷᠢᠮ ᠤᠨ ᠰᠢᠰᠲ᠋ᠧᠮ ᠢ | ᠲᠦᠷᠬᠡᠨ ᠪᠦᠷᠢᠯᠳᠦᠬᠦᠯᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠲᠦ ᠪᠠᠶᠢᠭᠤᠯᠤᠯ ᠤᠨ ᠤᠯᠠᠮ | ᠪᠤᠯᠪᠠᠰᠤᠷᠠᠩᠭᠤᠢ ᠤᠯᠠᠮ ᠲᠤᠭᠲᠠᠪᠤᠷᠢᠵᠢᠨ ᠬᠡᠯᠪᠡᠷᠢᠵᠢᠬᠦ ᠶᠢ ᠠᠬᠢᠭᠤᠯᠬᠤ ᠬᠡᠷᠡᠭᠳᠡᠢ᠃ | ᠵᠢᠷᠭᠤᠳᠤᠭᠠᠷ ᠲᠤ᠂ ᠡᠷᠬᠡᠪᠰᠢ ᠬᠦᠭᠵᠢᠯᠳᠡ ᠪᠠᠷ ᠲᠡᠷᠢᠬᠦᠨ ᠴᠢᠬᠤᠯᠠ ᠡᠬᠦᠷᠬᠡ ᠪᠤᠯᠭᠠᠬᠤ ᠶᠢ ᠪᠠᠷᠢᠮᠳᠠᠯᠠᠵᠥ᠂ | ᠮᠠᠨ ᠤ ᠤᠯᠤᠰ ᠤᠨ ᠶᠡᠷᠤᠩᠬᠡᠶᠢᠯᠡᠭᠰᠡᠡ ᠤᠯᠤᠰ ᠤᠨ ᠬᠦᠴᠦᠨ ᠢ ᠲᠠᠰᠤᠷᠠᠯᠳᠡ ᠦᠭᠡᠢ ᠴᠢᠩᠭᠠᠷᠠᠭᠤᠯᠬᠤ ᠬᠡᠷᠡᠭᠳᠡᠢ᠃ | ᠨᠡᠶᠢᠬᠡᠮ ᠤᠨ ᠦᠢᠯᠡᠳᠪᠤᠷᠢᠯᠡᠯ ᠤᠨ ᠬᠦᠴᠦᠨ ᠢ ᠴᠢᠯᠥᠬᠡᠯᠡᠬᠦ ᠪᠡ ᠬᠦᠭᠵᠢᠬᠦᠯᠵᠤ᠂ ᠨᠡᠶᠢᠬᠡᠮ ᠵᠢᠷᠤᠮᠳᠤ ᠤᠯᠤᠰ ᠤᠨ | ᠶᠡᠷᠤᠩᠬᠡᠶᠢᠯᠡᠭᠰᠡᠡ ᠤᠯᠤᠰ ᠤᠨ ᠬᠦᠴᠦᠨ ᠢ ᠴᠢᠩᠭᠠᠷᠠᠭᠤᠯᠬᠤ ᠪᠤᠯ ᠨᠡᠶᠢᠬᠡᠮ ᠵᠢᠷᠤᠮ ᠤᠨ ᠮᠥᠨ ᠴᠢᠨᠠᠷ ᠤᠨ | ᠱᠠᠭᠠᠷᠳᠠᠯᠭ᠎ᠠ ᠪᠤᠯᠤᠨ ᠦᠨᠳᠦᠰᠦᠨ ᠡᠬᠦᠷᠬᠡ ᠪᠤᠯᠤᠨ᠎ᠠ ᠭᠡᠳᠡᠭ ᠵᠦ᠋ᠭᠡᠷᠡᠴᠢᠯᠡᠯᠳᠡ ᠨᠡᠬᠡᠬᠡᠯᠳᠡ ᠶᠢᠨ 40 ᠵᠢᠯ ᠤᠨ | ᠦᠢᠯᠡᠳᠦᠯᠬᠡ ᠪᠢᠳᠡᠨ ᠳᠤ ᠰᠡᠩᠬᠡᠷᠡᠬᠦᠯᠥᠭᠰᠡᠡ ᠪᠠᠶᠢᠨ᠎ᠠ᠃ ᠠᠵᠥ ᠠᠬᠤᠢ ᠶᠢᠨ ᠪᠦᠳᠦᠬᠡᠨ ᠪᠠᠶᠢᠭᠤᠯᠤᠯᠳᠡ ᠬᠡᠬᠦ ᠡᠨᠡᠬᠦ | ᠭᠤᠤᠯᠳᠠᠯᠭ᠎ᠠ ᠶᠢ ᠪᠠᠳᠤ ᠡᠵᠡᠮᠳᠡᠵᠥ᠂ ᠬᠦᠭᠵᠢᠬᠦᠯᠬᠦ ᠪᠤᠯ ᠬᠠᠳᠠᠭᠤ ᠶᠤᠰᠤ ᠮᠥᠨ᠂ ᠬᠦᠭᠵᠢᠯᠳᠡ ᠨᠢ ᠰᠢᠨᠵᠢᠯᠡᠬᠦ | ᠤᠬᠠᠭᠠᠨᠴᠢ ᠬᠦᠭᠵᠢᠯᠳᠡ ᠪᠡ ᠴᠢᠨᠠᠷ ᠰᠠᠶᠢᠳᠠᠢ ᠬᠦᠭᠵᠢᠯᠳᠡ ᠪᠠᠶᠢᠬᠤ ᠬᠡᠷᠡᠭᠳᠡᠢ ᠬᠡᠳᠡᠭ ᠪᠠᠶᠢᠯᠳᠤᠬᠤ ᠪᠤᠳᠤᠯᠭ᠎ᠠ ᠶᠢᠨ | ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠥ᠂ ᠠᠵᠥ ᠠᠬᠤᠢ ᠨᠡᠶᠢᠬᠡᠮ ᠤᠨ ᠦᠷᠬᠦᠯᠵᠢᠯᠡᠨ | ᠡᠷᠡᠬᠦᠯ ᠢᠶᠠᠷ ᠬᠦᠭᠵᠢᠬᠦ ᠶᠢ ᠠᠬᠢᠭᠤᠯᠮᠠᠨᠵᠢᠨ ᠰᠠᠶ᠋ᠢ ᠮᠠᠨ ᠤ ᠤᠯᠤᠰ ᠤᠨ ᠠᠵᠥ ᠠᠬᠤᠢ ᠶᠢᠨ ᠪᠤᠳᠠᠳᠤ ᠬᠦᠴᠦᠨ᠂ | ᠰᠢᠨᠵᠢᠯᠡᠬᠦ ᠤᠬᠠᠭᠠᠨ ᠮᠡᠷᠬᠡᠵᠢᠯ ᠤᠨ ᠪᠤᠳᠠᠳᠤ ᠬᠦᠴᠦᠨ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠤᠳᠠᠳᠤ | ᠬᠦᠴᠦᠨ᠂ ᠶᠡᠷᠤᠩᠬᠡᠶᠢᠯᠡᠭᠰᠬᠤᠯᠤᠰ ᠤᠨ ᠬᠦᠴᠦᠨ ᠢ ᠪᠦᠬᠦ ᠲᠡᠯ᠎ᠡ ᠪᠠᠷ ᠴᠢᠩᠭᠠᠷᠠᠭᠤᠯᠵᠤ᠂ ᠰᠠᠶᠢᠢ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠲᠤᠮᠳᠠᠳᠤ ᠶᠢᠨ ᠦᠨᠳᠦᠰᠦᠳᠡᠨ ᠤ | ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ ᠡᠯᠪᠡᠭ ᠪᠠᠶᠠᠯᠢᠭ ᠪᠤᠳᠠᠰ ᠤᠨ ᠰᠠᠭᠤᠷᠢ ᠶᠢ ᠲᠠᠯᠪᠢᠵᠥ | ᠦᠭᠴᠤ ᠴᠢᠳᠠᠨ᠎ᠠ᠃ ᠤᠷᠤᠭᠰᠢᠯᠠᠯᠳᠠ ᠶᠢᠨ ᠵᠠᠮ ᠲᠡᠭᠡᠷ᠎ᠡ ᠪᠠᠨ᠂ ᠪᠢᠳᠠ ᠡᠷᠬᠡᠪᠰᠢ ᠠᠷᠠᠳ ᠲᠦᠮᠡᠨ ᠤ ᠡᠳᠦᠷ | ᠢᠷᠠᠬᠦᠶᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠭᠡᠷᠡᠭᠴᠡᠭᠡ ᠱᠠᠭᠠᠷᠲᠠᠯᠭ᠎ᠠ ᠬᠢᠭᠡᠳ | ᠲᠡᠩᠴᠡᠬᠦᠷᠢ ᠦᠭᠡᠢ ᠬᠦᠢᠴᠡᠳ ᠦᠭᠡᠢ ᠬᠦᠭᠵᠢᠯᠳᠠ ᠶᠢᠨ ᠬᠤᠭᠤᠷᠤᠨᠳᠤᠬᠢ ᠵᠦᠷᠢᠴᠡᠯ ᠭᠡᠬᠦ ᠡᠨᠡ ᠬᠦ ᠨᠡᠶᠢᠭᠡᠮ ᠤᠨ | ᠭᠤᠤᠯ ᠪᠤᠯᠬᠤ ᠵᠦᠷᠢᠴᠡᠯ ᠢ ᠰᠠᠶᠢᠳᠤᠷ ᠰᠢᠢᠳᠪᠤᠷᠢᠯᠡᠬᠦ ᠶᠢᠨ ᠲᠤᠭᠤᠷᠢᠨ ᠳᠤ᠂ ᠰᠢᠨ᠎ᠡ ᠶᠢ ᠡᠬᠦᠳᠬᠦ᠂ ᠵᠤᠬᠢᠴᠠᠩᠭᠤᠢ᠂ | ᠪᠤᠬᠢᠷᠳᠤᠯ ᠦᠭᠡᠢ᠂ ᠨᠡᠭᠡᠭᠡᠯᠳᠠᠳᠠᠢ᠂ ᠬᠠᠮᠳᠤ ᠪᠠᠷ ᠡᠳ᠋ᠯᠡᠬᠦ ᠬᠦᠭᠵᠢᠯᠳᠠ ᠶᠢᠨ ᠤᠶᠢᠢᠯᠠᠭᠠᠬᠳᠠᠬᠤᠨ ᠢ ᠡᠷᠡᠰ | ᠲᠤᠭᠤᠱᠢᠯᠠᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠠᠷᠤᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ | ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠵᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ᠰᠢᠨ᠎ᠡ | ᠮᠠᠶᠢᠭ ᠤᠨ ᠠᠵᠤ ᠦᠢᠯᠡᠳᠪᠤᠷᠢᠵᠢᠯᠳᠠ᠂ ᠮᠡᠳᠡᠭᠡ ᠵᠠᠩᠭᠢᠵᠢᠯᠳᠠ᠂ ᠬᠤᠳᠠ ᠪᠠᠯᠭᠠᠰᠤᠵᠢᠯᠳᠠ᠂ ᠬᠦᠳᠡᠭᠡ ᠠᠵᠤ | ᠠᠬᠤᠢ ᠶᠢᠨ ᠤᠳᠤᠬᠢᠴᠢᠯᠠᠯᠳᠠ ᠢᠵᠢᠯᠢ ᠠᠯᠬᠤᠮ ᠢᠶᠠᠷ ᠬᠦᠭᠵᠢᠬᠦ ᠶᠢ ᠠᠬᠢᠭᠤᠯᠵᠤ᠂ ᠤᠳᠤᠬᠢᠴᠢᠯᠠᠬᠰᠡᠨ ᠠᠵᠤ | ᠠᠬᠤᠢ ᠶᠢᠨ ᠰᠢᠰᠲᠧᠮ ᠢ ᠲᠦᠷᠭᠡᠳᠭᠡᠨ ᠪᠠᠶᠢᠭᠤᠯᠵᠤ᠂ ᠨᠡᠩ ᠴᠢᠨᠠᠷ ᠰᠠᠶᠢᠳᠠᠢ᠂ ᠨᠡᠩ ᠦᠷ᠎ᠡ ᠪᠦᠳᠦᠮᠵᠢᠳᠠᠢ᠂ ᠨᠡᠩ | ᠲᠦᠪ ᠭᠤᠤᠯᠴᠢ᠂ ᠨᠡᠩ ᠦᠷᠬᠦᠯᠵᠢᠯᠡᠬᠦ ᠬᠦᠭᠵᠢᠯᠳᠠ ᠶᠢ ᠴᠢᠷᠮᠠᠶᠢᠨ ᠪᠠᠶᠠᠯᠡᠬᠦᠯᠬᠦ ᠭᠡᠷᠡᠭᠲᠠᠢ᠃ ᠪᠢᠳᠠ | ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠠ ᠪᠠᠷ ᠭᠤᠤᠯ ᠱᠤᠭᠤᠮ ᠪᠤᠯᠭᠠᠬᠤ ᠶᠢ | ᠪᠠᠷᠢᠮᠳᠠᠯᠠᠵᠤ᠂ ᠬᠦᠭᠵᠢᠯᠳᠠ ᠶᠢᠨ ᠠᠷᠭ᠎ᠠ ᠬᠡᠯᠪᠡᠷᠢ ᠪᠠᠨ ᠢᠳᠡᠪᠬᠢᠳᠠᠢ ᠬᠤᠪᠢᠷᠠᠭᠤᠯᠵᠤ᠂ ᠠᠵᠤ ᠠᠬᠤᠢ ᠶᠢᠨ | ᠪᠦᠳᠦᠴᠠ ᠪᠠᠨ ᠰᠢᠯᠢᠳᠡᠭᠵᠢᠬᠦᠯᠵᠤ᠂ ᠨᠡᠮᠡᠭᠳᠡᠯ ᠤᠨ ᠬᠦᠳᠡᠯᠭᠡᠬᠦ ᠬᠦᠴᠦᠨ ᠢᠶᠠᠨ ᠰᠤᠯᠢᠬᠳᠠᠭᠤᠯᠵᠤ᠂ ᠲᠤᠳᠤᠭᠠᠳᠤ | ᠭᠡᠷᠡᠭᠴᠡᠭᠡ ᠶᠢ ᠢᠳᠡᠪᠬᠢᠳᠠᠢ ᠦᠷᠭᠡᠳᠭᠡᠵᠤ᠂ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠬᠦᠯᠬᠦ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠨᠠᠮᠲᠠᠭᠤᠯᠬᠤ᠂ ᠤᠨᠢᠨ ᠲᠡᠭᠡᠷ᠎ᠡ ᠨᠢ | ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ | ᠡᠷᠡᠰ ᠰᠠᠶᠢᠳᠤᠷ ᠬᠢᠬᠦ ᠭᠡᠷᠡᠭᠳᠠᠢ᠃ ᠪᠢᠳᠠ ᠡᠷᠭᠡᠪᠰᠢ ᠰᠢᠨ᠎ᠡ ᠶᠢ ᠡᠬᠦᠳᠬᠦ ᠪᠤᠯ ᠨᠢᠭᠡᠳᠦᠭᠡᠷ ᠬᠦᠳᠡᠯᠭᠡᠬᠦ ᠬᠦᠴᠦᠨ᠂ | ᠴᠢᠳᠠᠪᠤᠷᠢᠳᠠᠨ ᠪᠤᠯ ᠨᠢᠭᠡᠳᠦᠭᠡᠷ ᠡᠬᠢ ᠪᠠᠶᠠᠯᠢᠭ ᠭᠡᠬᠦ ᠤᠶᠢᠢᠯᠠᠭᠠᠬᠳᠠᠬᠤᠨ ᠢ ᠪᠠᠷᠢᠮᠳᠠᠯᠠᠵᠤ᠂ ᠰᠢᠨ᠎ᠡ ᠶᠢ ᠡᠬᠦᠳᠬᠦ ᠪᠠᠷ | ᠬᠦᠳᠡᠯᠭᠡᠬᠦᠷ ᠪᠤᠯᠭᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠤ᠂ ᠤᠯᠤᠰ ᠤᠨ ᠰᠢᠨ᠎ᠡ ᠶᠢ | ᠡᠬᠦᠳᠬᠦ ᠰᠢᠰᠲ᠋ᠧᠮ ᠢ ᠲᠡᠬᠦᠯᠳᠡᠷᠵᠢᠬᠦᠯᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠠᠶ᠎ᠡ ᠪᠠᠨ ᠲᠠᠭᠠᠭᠠᠵᠤ | ᠰᠢᠨ᠎ᠡ ᠶᠢ ᠡᠬᠦᠳᠬᠦ ᠶᠢ ᠲᠦᠷᠭᠡᠳᠭᠡᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠰᠢᠨ᠎ᠡ ᠬᠦᠳᠡᠯᠭᠡᠬᠦᠷ | ᠪᠤᠶᠢᠵᠢᠭᠤᠯᠬᠤ ᠭᠡᠷᠡᠭᠲᠠᠢ᠃ ᠪᠢᠳᠠ ᠡᠷᠭᠡᠪᠰᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂ | ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠡᠭᠬᠦᠨ ᠠᠭᠤᠯᠠ ᠭᠡᠬᠦ ᠤᠶᠢᠢᠯᠠᠭᠠᠬᠳᠠᠬᠤᠨ ᠢ ᠪᠠᠳᠤ ᠪᠤᠢ | ᠪᠤᠯᠭᠠᠵᠤ᠂ ᠪᠤᠬᠢᠷᠳᠤᠯ ᠦᠭᠡᠢ ᠬᠦᠭᠵᠢᠯᠳᠠ ᠶᠢᠨ ᠠᠷᠭ᠎ᠠ ᠬᠡᠯᠪᠡᠷᠢ ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠶᠢ | ᠪᠦᠷᠢᠯᠳᠦᠬᠦᠯᠵᠤ᠂ ᠮᠠᠨ ᠤ ᠠᠭᠤᠤ ᠶᠡᠭᠡ ᠡᠭᠡ ᠤᠯᠤᠰ ᠢᠶᠠᠨ ᠨᠡᠩ ᠦᠵᠡᠰᠬᠦᠯᠠᠩᠳᠦ ᠰᠠᠶᠢᠬᠠᠨ ᠪᠤᠯᠭᠠᠨ ᠪᠦᠳᠦᠭᠡᠨ | ᠪᠠᠶᠢᠭᠤᠯᠵᠤ᠂ ᠠᠷᠠᠳ ᠲᠦᠮᠡᠨ ᠢ ᠲᠡᠭᠷᠢ ᠨᠢ ᠨᠡᠩ ᠬᠦᠭᠡ᠂ ᠠᠭᠤᠯᠠ ᠨᠢ ᠨᠡᠩ ᠬᠦᠭᠡᠮᠳᠦᠭ᠂ ᠤᠰᠤ ᠨᠢ ᠨᠡᠩ | ᠲᠤᠩᠭᠠᠯᠠᠭ ᠭᠤᠴᠤ ᠰᠠᠶᠢᠬᠠᠨ ᠤᠷᠴᠢᠨ ᠲᠤᠭᠤᠷᠢᠨ ᠳᠤ ᠤᠷᠤᠰᠢᠨ ᠠᠮᠢᠳᠤᠷᠠᠭᠤᠯᠬᠤ ᠭᠡᠷᠡᠭᠲᠠᠢ᠃ | ᠲᠤᠯᠤᠳᠤᠭᠠᠷ ᠲᠤ᠂ ᠡᠷᠬᠡᠪᠰᠢ ᠨᠡᠭᠡᠭᠡᠯᠳᠠ ᠪᠠᠨ ᠦᠷᠭᠡᠳᠭᠡᠬᠦ ᠶᠢ ᠪᠠᠷᠢᠮᠳᠠᠯᠠᠵᠤ᠂ ᠬᠦᠮᠦᠨ ᠲᠦᠷᠦᠯᠬᠢᠳᠠᠨ ᠤ | ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠬᠠᠮᠳᠤ ᠪᠠᠷ ᠪᠠᠶᠢᠭᠤᠯᠬᠤ ᠶᠢ ᠲᠠᠰᠤᠷᠠᠯᠳᠠ ᠦᠭᠡᠢ ᠠᠬᠢᠭᠤᠯᠬᠤ | ᠭᠡᠷᠡᠭᠲᠠᠢ᠃ ᠨᠡᠭᠡᠭᠡᠯᠳᠠ ᠬᠢᠪᠡᠯ ᠲᠠᠪᠰᠢᠯᠳᠠ ᠶᠢ ᠠᠪᠴᠢᠷᠠᠵᠤ᠂ ᠡᠬᠦᠳᠠ ᠬᠠᠭᠠᠯᠭ᠎ᠠ ᠪᠠᠨ ᠲᠦᠭᠵᠢᠪᠡᠯ ᠵᠠᠶᠢᠯᠠᠰᠢ | ᠦᠭᠡᠢ ᠬᠤᠴᠤᠷᠤᠨᠡ ᠭᠡᠳᠡᠭ ᠵᠦ᠋ᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠦᠢᠯᠡᠳᠦᠯᠭᠡ ᠮᠠᠨ ᠳᠤ | ᠰᠡᠩᠭᠡᠷᠡᠬᠦᠯᠦᠭᠰᠡᠨ ᠪᠠᠶᠢᠨ᠎ᠠ᠃ ᠲᠤᠮᠳᠠᠳᠤ ᠤᠯᠤᠰ ᠤᠨ ᠬᠦᠭᠵᠢᠯᠳᠠ ᠲᠡᠯᠡᠭᠡᠢ ᠳ᠋ᠠᠬᠢᠨ ᠠᠴᠠ ᠰᠠᠯᠵᠤ ᠴᠢᠳᠠᠬᠤ ᠦᠭᠡᠢ | ᠂ ᠲᠡᠯᠡᠭᠡᠢ ᠳ᠋ᠡᠬᠢᠨ ᠤ ᠬᠦᠭᠵᠢᠯ ᠴᠡᠴᠡᠭᠯᠡᠯ ᠨᠢ ᠪᠠᠰᠠ ᠲᠤᠮᠳᠠᠳᠤ ᠤᠯᠤᠰ ᠢ ᠭᠡᠷᠡᠭᠰᠡᠨ᠎ᠡ᠃ ᠪᠢᠳᠠ ᠤᠯᠤᠰ ᠤᠨ | ᠲᠤᠳᠤᠭᠠᠳᠤ ᠪᠠ ᠲᠡᠯᠡᠭᠡᠢ ᠶᠢᠨ ᠡᠨᠡ ᠬᠦ ᠬᠤᠶᠠᠷ ᠶᠡᠭᠡ ᠲᠠᠯ᠎ᠠ ᠶᠢ ᠨᠢᠭᠡᠳᠦᠯᠳᠠᠢ ᠲᠦᠯᠦᠪᠵᠢᠬᠦᠯᠵᠤ᠂ ᠭᠠᠳᠠᠭᠠᠳᠤ | ᠨᠡᠭᠡᠭᠡᠯᠳᠠ ᠶᠢᠨ ᠦᠨᠳᠦᠰᠤᠨ ᠤᠯᠤᠰ ᠤᠨ ᠪᠤᠳᠤᠯᠭ᠎ᠠ ᠶᠢ ᠪᠠᠷᠢᠮᠳᠠᠯᠠᠵᠤ᠂ ᠢᠳᠡᠪᠬᠢᠳᠠᠢ ᠰᠠᠨᠠᠭᠠᠴᠢᠯᠠᠭ᠎ᠠ ᠲᠠᠢ ᠪᠠᠷ | ᠨᠡᠭᠡᠭᠡᠯᠳᠠ ᠬᠢᠬᠦ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠤ᠂ ᠪᠦᠬᠦ ᠲᠠᠯ᠎ᠡ ᠶᠢᠨ᠂ ᠤᠯᠠᠨ ᠲᠠᠪᠬᠤᠷᠭ᠎ᠠ ᠶᠢᠨ᠂ | ᠦᠷᠭᠡᠨ ᠬᠡᠪᠴᠢᠶᠠᠨ ᠳᠠᠬᠢ ᠪᠦᠬᠦ ᠲᠠᠯ᠎ᠡ ᠪᠠᠷ ᠨᠡᠭᠡᠭᠡᠯᠳᠠ ᠬᠢᠬᠦ ᠰᠢᠨ᠎ᠡ ᠪᠠᠶᠢᠷᠢᠰᠢᠯ ᠢ ᠪᠦᠷᠢᠯᠳᠦᠬᠦᠯᠦᠭᠡᠳ᠂ ᠮᠠᠨ ᠤ | ᠤᠯᠤᠰ ᠲᠠᠭᠠᠨ ᠰᠠᠶᠢᠨ ᠰᠠᠶᠢᠬᠠᠨ ᠲᠡᠯᠡᠭᠡᠢ ᠶᠢᠨ ᠤᠷᠴᠢᠨ ᠲᠤᠭᠤᠷᠢᠨ ᠢ ᠪᠤᠢ ᠪᠤᠯᠭᠠᠵᠤ᠂ ᠦᠷᠭᠡᠨ ᠠᠭᠤᠳᠠᠮ | ᠬᠦᠭᠵᠢᠯᠳᠠ ᠶᠢᠨ ᠤᠷᠤᠨ ᠵᠠᠢ ᠶᠢ ᠨᠡᠭᠡᠭᠡᠪᠠ᠃ ᠤᠷᠤᠬᠰᠢᠯᠠᠯᠳᠠ ᠶᠢᠨ ᠵᠠᠮ ᠲᠡᠭᠡᠷ᠎ᠡ ᠪᠠᠨ᠂ ᠪᠢᠳᠠ ᠡᠷᠬᠡᠪᠰᠢ ᠡᠩᠭᠡ | ᠲᠠᠶᠢᠪᠤᠩ᠂ ᠬᠦᠭᠵᠢᠯᠳᠠ᠂ ᠬᠠᠮᠳᠤᠷᠠᠯᠴᠠᠭ᠎ᠠ᠂ ᠬᠠᠮᠳᠤ ᠪᠠᠷ ᠠᠰᠢᠭ ᠬᠦᠷᠳᠡᠬᠦ ᠲᠤᠭ ᠢ ᠦᠨᠳᠦᠷ ᠮᠠᠨᠲᠤᠭᠤᠯᠵᠦ᠂ | ᠲᠠᠯᠠᠭᠡᠢ ᠶᠢᠨ ᠡᠩᠭᠡ ᠲᠠᠶᠢᠪᠤᠩ ᠢ ᠬᠠᠮᠠᠭᠠᠯᠠᠬᠤ᠂ ᠬᠠᠮᠳᠤ ᠪᠠᠷ ᠬᠦᠭᠵᠢᠬᠦ ᠶᠢ ᠠᠬᠢᠭᠤᠯᠬᠤ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠤᠳᠤᠯᠭ᠎ᠠ ᠵᠤᠷᠢᠯᠳᠠ ᠶᠢ ᠵᠢᠷᠤᠮᠯᠠᠵᠤ᠂ ᠬᠠᠷᠢᠯᠴᠠᠨ ᠬᠦᠨᠳᠦᠳᠭᠡᠬᠦ᠂ ᠲᠦᠪ ᠭᠤᠤᠯᠴᠢ ᠰᠢᠳᠤᠷᠭᠤ | ᠶᠤᠰᠤᠨ ᠪ᠊᠂ ᠬᠠᠮᠳᠤᠷᠠᠯᠴᠠᠵᠤ ᠬᠠᠮᠳᠤ ᠪᠠᠷ ᠠᠰᠢᠭ ᠬᠦᠷᠳᠡᠬᠦ ᠰᠢᠨ᠎ᠡ ᠮᠠᠶᠢᠭ ᠤᠨ ᠤᠯᠠᠨ ᠤᠯᠤᠰ ᠤᠨ | ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠬᠤ ᠭᠡᠷᠡᠭᠲᠠᠢ᠃ ᠪᠢᠳᠠ ᠡᠯ᠎ᠡ ᠤᠯᠤᠰ ᠤᠨ ᠠᠷᠠᠳ ᠲᠦᠮᠡᠨ ᠤ | ᠦᠪᠡᠷᠳᠡᠭᠡᠨ ᠡᠵᠡᠨ ᠮᠡᠳᠡᠵᠤ ᠬᠦᠭᠵᠢᠯᠳᠠ ᠶᠢᠨ ᠵᠠᠮ ᠢᠶᠠᠨ ᠰᠤᠩᠭᠤᠬᠤ ᠡᠷᠭᠡ ᠲᠠᠢ ᠪᠠᠶᠢᠬᠤ ᠶᠢ ᠬᠦᠨᠳᠦᠳᠭᠡᠵᠤ᠂ | ᠲᠡᠯᠡᠭᠡᠢ ᠶᠢᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠵᠤ᠂ ᠲᠡᠯᠡᠭᠡᠢ ᠶᠢᠨ ᠬᠠᠷᠢᠯᠴᠠᠭᠠᠨ ᠤ | ᠠᠷᠠᠳᠴᠢᠯᠠᠯᠳᠠ ᠶᠢ ᠰᠠᠨᠠᠭᠠᠴᠢᠯᠠᠵᠤ᠂ ᠦᠪᠡᠷ ᠤᠨ ᠰᠠᠨᠠᠭ᠎ᠠ ᠵᠤᠷᠢᠯᠲᠠ ᠪᠠᠨ ᠪᠤᠰᠤᠳ ᠲᠤ ᠠᠯᠪᠠ ᠪᠠᠷ ᠲᠤᠬᠤᠬᠤ ᠶᠢ | ᠡᠰᠡᠷᠬᠦᠴᠡᠵᠤ᠂ ᠪᠤᠰᠤᠳ ᠤᠯᠤᠰ ᠤᠨ ᠲᠤᠳᠤᠭᠠᠳᠤ ᠵᠠᠰᠠᠭ ᠲᠤ ᠭᠠᠷ ᠲᠦᠷᠦᠬᠦ ᠶᠢ ᠡᠰᠡᠷᠬᠦᠴᠡᠵᠤ᠂ | ᠬᠦᠴᠦᠷᠭᠡᠭ ᠢᠶᠠᠷ ᠪᠠᠭᠤᠷᠠᠢ ᠶᠢ ᠲᠠᠷᠤᠯᠠᠬᠤ ᠶᠢ ᠡᠰᠡᠷᠬᠦᠴᠡᠬᠦ ᠭᠡᠷᠡᠭᠲᠠᠢ᠃ ᠪᠢᠳᠠ ᠬᠠᠷᠢᠭᠤᠴᠠᠯᠭ᠎ᠠ ᠲᠠᠢ ᠪᠠᠶᠢᠬᠤ ᠶᠡᠭᠡ | ᠤᠯᠤᠰ ᠤᠨ ᠦᠢᠯᠡᠳᠦᠯ ᠢᠶᠠᠨ ᠪᠠᠳᠠᠷᠠᠭᠤᠯᠵᠤ᠂ ᠦᠷᠭᠡᠨ ᠤᠯᠠᠨ ᠬᠦᠭᠵᠢᠵᠤ ᠪᠠᠶᠢᠭ᠎ᠠ ᠤᠯᠤᠰ ᠤᠳ ᠤᠨ | ᠬᠦᠭᠵᠢᠯᠳᠠ ᠶᠢ ᠲᠠᠮᠵᠢᠵᠤ᠂ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲᠧᠮ ᠤᠨ ᠦᠭᠡᠷᠡᠴᠢᠯᠡᠯᠳᠠ ᠪᠤᠯᠤᠨ | ᠪᠠᠶᠢᠭᠤᠯᠤᠯᠳᠠ ᠳᠤ ᠢᠳᠡᠪᠬᠢᠳᠠᠢ ᠤᠷᠤᠯᠴᠠᠵᠤ᠂ ᠦᠨᠢ ᠤᠳᠠᠭᠠᠨ ᠡᠩᠭᠡ ᠲᠠᠶᠢᠪᠤᠩ᠂ ᠨᠡᠶᠢᠳᠠᠮ ᠠᠮᠤᠷ ᠲᠦᠪᠰᠢᠨ᠂ | ᠬᠠᠮᠳᠤ ᠶᠢᠨ ᠬᠦᠭᠵᠢᠯ ᠴᠡᠴᠡᠭᠯᠡᠯ ᠲᠠᠢ᠂ ᠨᠡᠭᠡᠭᠡᠯᠳᠠᠳᠠᠢ ᠪᠠᠭᠳᠠᠭᠠᠮᠵᠢᠳᠠᠢ᠂ ᠠᠷᠢᠭᠤᠨ ᠴᠡᠪᠡᠷ ᠦᠵᠠᠰᠬᠦᠯᠠᠩᠳᠤ | ᠰᠠᠶᠢᠬᠠᠨ ᠲᠡᠯᠡᠭᠡᠢ ᠶᠢᠷᠳᠢᠨᠴᠤ ᠶᠢ ᠪᠠᠶᠢᠭᠤᠯᠬᠤ ᠶᠢᠨ ᠲᠦᠯᠦᠭᠡ ᠲᠡᠮᠡᠴᠡᠬᠦ ᠭᠡᠷᠡᠭᠲᠠᠢ᠃ ᠪᠢᠳᠠ ᠨᠡᠭᠡᠭᠡᠯᠳᠡᠳᠠᠢ᠂ ᠢᠯᠡ | ᠲᠤᠳᠤᠷᠬᠠᠢ᠂ ᠪᠠᠭᠳᠠᠭᠠᠮᠵᠢᠳᠠᠢ᠂ ᠭᠠᠳᠠᠭᠤᠷᠴᠢᠯᠡᠯ ᠦᠭᠡᠢ ᠤᠯᠠᠨ ᠲᠠᠯᠠᠳᠤ ᠠᠷᠠᠯᠵᠢᠶᠠᠨ ᠤ ᠲᠤᠬᠳᠠᠴᠠ ᠶᠢ ᠲᠠᠮᠵᠢᠵᠤ | ᠂ ᠠᠷᠠᠯᠵᠢᠶᠠᠨ ᠤ ᠪᠡᠯᠡ ᠤᠷᠤᠭᠤᠯᠤᠯᠳᠠ ᠶᠢᠨ ᠴᠢᠯᠦᠭᠡᠵᠢᠯᠳᠠ ᠲᠦᠬᠦᠮᠵᠢᠯᠳᠠ ᠶᠢ ᠠᠬᠢᠭᠤᠯᠵᠤ᠂ ᠠᠵᠤ ᠠᠬᠤᠢ ᠶᠢᠨ | ᠲᠠᠯᠡᠭᠡᠶᠢᠵᠢᠯᠳᠠ ᠶᠢᠨ ᠨᠡᠩ ᠨᠡᠭᠡᠭᠡᠯᠳᠠᠳᠠᠢ᠂ ᠪᠠᠭᠳᠠᠭᠠᠮᠵᠢᠳᠠᠢ᠂ ᠲᠦᠭᠡᠮᠡᠯ ᠠᠰᠢᠭ ᠬᠦᠷᠳᠡᠭᠡᠬᠦ᠂ ᠲᠡᠩᠴᠡᠬᠦᠷᠢᠳᠠᠢ᠂ | ᠬᠠᠮᠳᠤ ᠪᠠᠷ ᠠᠰᠢᠭ ᠬᠦᠷᠳᠡᠬᠦ ᠴᠢᠭᠯᠡᠯ ᠲᠠᠶᠢᠰᠢ ᠬᠦᠭᠵᠢᠬᠦ ᠶᠢ ᠠᠬᠢᠭᠤᠯᠬᠤ ᠭᠡᠷᠡᠭᠲᠠᠢ᠃ ᠪᠢᠳᠠ ︽ᠨᠢᠭᠡ ᠪᠦᠰᠡ | ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠪᠠᠷ ᠭᠤᠤᠯᠳᠠᠯᠭ᠎ᠠ ᠪᠤᠯᠭᠠᠵᠤ᠂ ᠡᠯ᠎ᠡ ᠡᠳᠡᠭᠡᠳ ᠤᠨ ᠬᠢᠨ ᠲᠠᠢ | ᠬᠠᠮᠳᠤ ᠪᠠᠷ ᠤᠯᠠᠨ ᠤᠯᠤᠰ ᠤᠨ ᠬᠠᠮᠳᠤᠷᠠᠯᠴᠠᠭᠠᠨ ᠤ ᠰᠢᠨ᠎ᠡ ᠲᠠᠪᠴᠠᠩ ᠢ ᠪᠠᠶᠢᠭᠤᠯᠵᠤ᠂ ᠲᠡᠯᠡᠭᠡᠢ ᠶᠢᠨ ᠬᠠᠮᠳᠤ ᠶᠢᠨ | ᠬᠦᠭᠵᠢᠯᠳᠠ ᠳᠤ ᠰᠢᠨ᠎ᠡ ᠬᠦᠳᠡᠯᠭᠡᠬᠦ ᠬᠦᠴᠦᠨ ᠨᠡᠮᠡᠷᠢᠯᠡᠬᠦ ᠭᠡᠷᠡᠭᠲᠠᠢ᠃ ᠲᠤᠮᠳᠠᠳᠤ ᠤᠯᠤᠰ ᠶᠠᠭᠠᠬᠢᠬᠰᠡᠨ ᠴᠤ | ᠪᠤᠰᠤᠳ ᠤᠯᠤᠰ ᠤᠨ ᠠᠰᠢᠭ ᠲᠤᠰᠠ ᠶᠢ ᠬᠤᠬᠢᠷᠠᠭᠤᠯᠬᠤ ᠪᠠᠷ ᠦᠨ᠎ᠡ ᠦᠷᠳᠡᠭ ᠪᠤᠯᠭᠠᠵᠤ ᠦᠪᠡᠷ ᠢ ᠪᠠᠨ | ᠬᠦᠭᠵᠢᠬᠦᠯᠬᠦ ᠦᠭᠡᠢ᠂ ᠦᠪᠡᠷ ᠤᠨ ᠢᠶᠠᠨ ᠵᠦᠢ ᠶᠤᠰᠤᠨ ᠤ ᠡᠷᠭᠡ ᠠᠰᠢᠭ ᠢᠶᠠᠨ ᠪᠠᠰᠠ ᠶᠠᠭᠠᠬᠢᠭᠰᠠᠠ ᠴᠤ | ᠲᠠᠶᠠᠭᠲᠠᠬᠤ ᠦᠭᠡᠢ᠃ ᠲᠤᠮᠳᠠᠳᠤ ᠤᠯᠤᠰ ᠰᠡᠷᠭᠡᠶᠢᠯᠡᠯᠳᠠ ᠶᠢᠨ ᠴᠢᠨᠠᠷᠳᠠᠢ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠲᠦᠷᠦ ᠶᠢᠨ ᠪᠤᠳᠤᠯᠭ᠎ᠠ ᠶᠢ ᠭᠡᠷᠡᠭᠵᠢᠬᠦᠯᠦᠨ᠎ᠡ᠂ ᠲᠤᠮᠳᠠᠳᠤ ᠤᠯᠤᠰ ᠤᠨ ᠭᠦᠭᠵᠢᠯᠳᠠ ᠶᠠᠮᠠᠷᠪᠡ ᠤᠯᠤᠰ ᠲᠤ ᠴᠤ | ᠰᠦᠷᠳᠡᠬᠦᠯᠦᠯ ᠪᠤᠯᠬᠤ ᠦᠭᠡᠢ᠃ ᠲᠤᠮᠳᠠᠳᠤ ᠤᠯᠤᠰ ᠬᠦᠭᠵᠢᠭᠡᠳ ᠶᠠᠮᠠᠷ ᠬᠡᠮᠵᠢᠶᠠᠨ ᠳᠤ ᠬᠦᠷᠦᠭᠰᠡᠨ ᠴᠤ ᠬᠡᠵᠢᠶᠠᠳᠠ | ᠡᠵᠡᠷᠭᠡᠭᠴᠢ ᠪᠤᠯᠬᠤ ᠦᠭᠡᠢ᠃ | ᠨᠠᠶᠢᠮᠠᠳᠤᠭᠠᠷ ᠲᠤ᠂ ᠡᠷᠬᠡᠪᠰᠢ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠵᠤ᠂ ᠨᠠᠮ ᠤᠨ | ᠪᠦᠳᠦᠭᠡᠯᠴᠢ ᠬᠦᠴᠦᠨ᠂ ᠨᠢᠬᠳᠠᠷᠠᠯ ᠤᠨ ᠬᠦᠴᠦᠨ᠂ ᠲᠠᠶᠢᠴᠢᠨ ᠬᠦᠴᠤᠨ ᠢ ᠲᠠᠰᠤᠷᠠᠯᠳᠠ ᠦᠭᠡᠢ ᠲᠡᠭᠡᠭᠰᠢᠯᠡᠬᠦᠯᠬᠦ | ᠭᠡᠷᠡᠭᠲᠠᠢ᠃ ᠲᠡᠮᠤᠷ ᠢ ᠲᠠᠪᠳᠠᠬᠤ ᠳᠤ ᠦᠪᠡᠷ ᠢᠶᠠᠨ ᠡᠷᠬᠡᠪᠰᠢ ᠬᠠᠳᠠᠭᠤ ᠪᠠᠶᠢᠬᠤ ᠬᠡᠷᠡᠭᠲᠠᠢ ᠭᠡᠳᠡᠭ ᠵᠦ᠋ᠭᠡᠷᠡᠴᠢᠯᠡᠯᠳᠠ | ᠨᠡᠭᠡᠭᠡᠯᠳᠠ ᠬᠢᠭᠰᠡᠨ 40 ᠵᠢᠯ ᠤᠨ ᠦᠢᠯᠡᠳᠦᠯᠭᠡ ᠪᠢᠳᠠᠨ ᠳᠤ ᠰᠠᠩᠭᠡᠷᠡᠬᠦᠯᠦᠭᠰᠡᠨ ᠪᠠᠶᠢᠨ᠎ᠠ᠃ ᠲᠤᠮᠳᠠᠳᠤ ᠤᠯᠤᠰ ᠤᠨ | ᠶᠠᠪᠤᠳᠠᠯ ᠢ ᠰᠠᠶᠢᠳᠤᠷ ᠬᠢᠬᠦ ᠳᠤ ᠵᠠᠩᠭᠢᠯᠠᠭ᠎ᠠ ᠨᠢ ᠨᠠᠮ ᠳᠤ ᠪᠠᠶᠢᠵᠤ᠂ ᠵᠠᠩᠭᠢᠯᠠᠭ᠎ᠠ ᠨᠢ ᠨᠠᠮ ᠨᠢ ᠨᠠᠮ ᠢ ᠬᠠᠮᠢᠶᠠᠷᠬᠤ᠂ | ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠬᠤ ᠳᠤ ᠪᠠᠶᠢᠨ᠎ᠡ᠃ ᠮᠠᠨ ᠤ ᠨᠠᠮ ᠭᠠᠭᠴᠠ ᠬᠦ | ᠦᠭᠡᠷᠡᠴᠢᠯᠡᠯᠳᠠ ᠨᠡᠭᠡᠭᠡᠯᠳᠠ ᠪᠤᠯᠤᠨ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ | ᠠᠭᠤᠤ ᠶᠡᠭᠡ ᠨᠡᠶᠢᠭᠡᠮ ᠤᠨ ᠬᠤᠪᠢᠰᠬᠠᠯ ᠢ ᠤᠳᠤᠷᠢᠳᠬᠤ ᠶᠢᠨ ᠵᠡᠷᠭᠡ ᠪᠠᠷ᠂ ᠨᠠᠮ ᠤᠨ ᠠᠭᠤᠤ ᠶᠡᠭᠡ ᠦᠪᠡᠷ ᠤᠨ | ᠬᠤᠪᠢᠰᠬᠠᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠡᠷᠡᠬᠦᠯ ᠮᠠᠬᠠᠪᠤᠳ ᠢ ᠢᠳᠡᠭᠳᠡᠬᠦᠯᠬᠦᠠᠯᠢᠪᠠ | ᠡᠪᠡᠳᠴᠢᠨ ᠤ ᠬᠤᠤᠷ ᠢ ᠵᠤᠷᠢᠬᠳᠠᠢ ᠠᠷᠢᠯᠭᠠᠵᠤ᠂ ᠨᠠᠮ ᠢ ᠲᠠᠰᠤᠷᠠᠯᠳᠠ ᠦᠭᠡᠢ ᠦᠪᠡᠷ ᠢ ᠪᠠᠨ ᠴᠡᠪᠡᠷᠰᠢᠭᠦᠯᠵᠤ᠂ | ᠦᠪᠡᠷ ᠢ ᠪᠠᠨ ᠲᠡᠬᠦᠯᠳᠡᠷᠵᠢᠭᠦᠯᠵᠤ᠂ ᠦᠪᠡᠷ ᠢ ᠪᠠᠨ ᠰᠢᠨᠠᠳᠭᠡᠵᠤ᠂ ᠦᠪᠡᠷ ᠢ ᠪᠠᠨ ᠲᠡᠭᠡᠭᠰᠢᠯᠡᠬᠦᠯᠵᠤ᠂ ᠨᠠᠮ ᠤᠨ | ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠤᠨ ᠲᠠᠭᠠᠭᠤᠯᠬᠤ ᠬᠦᠴᠦᠨ᠂ ᠤᠯᠠᠨ | ᠲᠦᠮᠡᠨ ᠢ ᠵᠤᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠳᠠ ᠦᠭᠡᠢ | ᠴᠢᠩᠭᠠᠳᠬᠠᠪᠡᠯ ᠰᠠᠶᠢ ᠨᠠᠮ ᠤᠨ ᠠᠷᠠᠳ ᠲᠦᠮᠡᠨ ᠯᠦᠭᠡ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠬᠳᠠ ᠪᠠᠳᠤᠯᠠᠵᠤ | ᠴᠢᠳᠠᠨ᠎ᠡ᠃ ᠤᠷᠤᠬᠰᠢᠯᠠᠯᠳᠠ ᠶᠢᠨ ᠵᠠᠮ ᠲᠡᠭᠡᠷ᠎ᠡ ᠪᠠᠨ᠂ ᠪᠢᠳᠠ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠢᠨ ᠶᠤᠰᠤᠭᠠᠷ ᠤᠯᠤᠰ ᠲᠦᠷᠦ ᠶᠢᠨ ᠪᠠᠶᠢᠭᠤᠯᠤᠯᠳᠠ ᠪᠠᠷ | ᠶᠡᠷᠤᠩᠭᠡᠶᠢᠯᠡᠨ ᠵᠢᠯᠤᠭᠤᠲᠤᠭᠤᠯᠵᠤ᠂ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ | ᠲᠠᠰᠤᠷᠠᠯᠳᠠ ᠦᠭᠡᠢ ᠠᠬᠢᠭᠤᠯᠵᠤ᠂ ᠪᠦᠬᠦ ᠨᠠᠮ ᠤᠨ ᠪᠦᠯᠬᠦᠮᠳᠡᠯ ᠨᠢᠭᠡᠲᠦᠯ ᠪᠠ ᠡᠬᠦᠳᠤᠨ ᠪᠦᠳᠦᠭᠡᠬᠦ ᠠᠮᠢᠵᠢᠷᠠᠯ ᠤᠨ | ᠬᠦᠴᠤᠨ ᠢ ᠲᠠᠰᠤᠷᠠᠯᠳᠠ ᠦᠭᠡᠢ ᠴᠢᠩᠭᠠᠳᠬᠠᠵᠤ᠂ ᠪᠦᠬᠦ ᠨᠠᠮ ᠤᠨ ᠲᠦᠷᠦ ᠪᠠᠷᠢᠬᠤ ᠴᠢᠳᠠᠪᠤᠷᠢ ᠶᠢ ᠲᠠᠰᠤᠷᠠᠯᠳᠠ | ᠦᠭᠡᠢ ᠴᠢᠩᠭᠠᠳᠬᠠᠵᠤ᠂ ᠨᠠᠮ ᠢ ᠨᠡᠩ ᠡᠷᠡᠰ ᠪᠠᠳᠤ᠂ ᠨᠡᠩ ᠬᠦᠴᠦᠨ ᠲᠠᠢ ᠪᠤᠯᠭᠠᠨ ᠪᠦᠳᠦᠭᠡᠨ ᠪᠠᠶᠢᠭᠤᠯᠬᠤ | ᠭᠡᠷᠡᠭᠲᠠᠢ᠃ ᠪᠢᠳᠠ ᠡᠷᠬᠡᠪᠰᠢ ᠰᠢᠨ᠎ᠡ ᠴᠠᠭ ᠦᠶ᠎ᠡ ᠶᠢᠨ ᠬᠦᠭᠵᠢᠯᠳᠠ ᠶᠢᠨ ᠱᠠᠭᠠᠷᠳᠠᠯᠭ᠎ᠠ ᠪᠠᠷ ᠦᠪᠡᠷ ᠢ ᠪᠠᠨ ᠬᠢᠨᠠᠵᠤ᠂ | ᠴᠢᠩᠭ᠎ᠠ ᠲᠤᠯᠭᠠᠮ ᠰᠠᠨᠠᠭᠠᠰᠢᠷᠠᠨ ᠵᠤᠪᠠᠨᠢᠬᠤ ᠤᠬᠠᠮᠰᠠᠷ ᠢᠶᠠᠷ ᠦᠪᠡᠷ ᠢ ᠪᠠᠨ ᠰᠡᠷᠡᠮᠵᠢᠯᠡᠬᠦᠯᠵᠤ᠂ ᠦᠭᠡᠷᠡᠴᠢᠯᠡᠯᠳᠠ | ᠬᠢᠵᠤ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠠᠷ ᠦᠪᠡᠷ ᠢ ᠪᠠᠨ ᠴᠢᠩᠭᠠᠳᠬᠠᠬᠤ ᠪᠡ ᠲᠡᠬᠦᠯᠳᠡᠷᠵᠢᠬᠦᠯᠵᠤ᠂ ᠠᠶᠤᠯ | ᠲᠦᠭᠰᠢᠬᠦᠷᠢ ᠦᠷᠢᠰᠦᠯᠳᠦᠭᠡᠨ ᠢ ᠠᠷᠭᠠᠴᠠᠭᠠᠬᠤ ᠲᠤᠮᠳᠠ ᠦᠪᠡᠷ ᠢ ᠪᠠᠨ ᠪᠤᠯᠪᠠᠰᠤᠷᠠᠭᠤᠯᠤᠨ ᠲᠡᠭᠡᠭᠰᠢᠯᠡᠬᠦᠯᠵᠤ᠂ | ᠨᠠᠮ ᠤᠨ ᠲᠤᠳᠤᠭᠠᠳᠤ ᠳᠤ ᠤᠷᠤᠰᠢᠵᠤ ᠪᠠᠶᠢᠭ᠎ᠠ ᠲᠤᠪᠤᠶᠢᠮ᠎ᠡ ᠵᠦᠷᠢᠴᠡᠯ ᠪᠤᠯᠤᠨ ᠠᠰᠠᠭᠤᠳᠠᠯ ᠢ ᠰᠢᠢᠳᠪᠤᠷᠢᠯᠡᠬᠦ | ᠲᠤᠮᠳᠠ ᠦᠪᠡᠷ ᠢ ᠪᠠᠨ ᠠᠷᠢᠭᠤᠳᠬᠠᠨ ᠴᠡᠪᠡᠷᠰᠢᠬᠦᠯᠵᠤ᠂ ᠨᠠᠮ ᠢ ᠬᠠᠮᠢᠶᠠᠷᠬᠤ ᠨᠠᠮ ᠢ ᠵᠠᠰᠠᠬᠤ ᠲᠦᠪᠰᠢᠨ ᠢᠶᠠᠨ | ᠲᠠᠰᠤᠷᠠᠯᠳᠠ ᠦᠭᠡᠢ ᠲᠡᠭᠡᠭᠰᠢᠯᠡᠬᠦᠯᠬᠦ ᠭᠡᠷᠡᠭᠲᠠᠢ᠃ ᠪᠢᠳᠠ ᠮᠤᠷᠠᠯ ᠴᠢᠳᠠᠪᠤᠷᠢ ᠬᠤᠤᠰᠯᠠᠬᠰᠡᠨ᠂ ᠮᠤᠷᠠᠯ ᠢ | ᠲᠡᠷᠢᠬᠦᠨ ᠳᠤ ᠲᠠᠯᠪᠢᠬᠤ᠂ ᠡᠷᠳᠡᠮ ᠴᠢᠳᠠᠪᠤᠷᠢ ᠪᠠᠷ ᠨᠢ ᠬᠡᠷᠡᠭᠯᠡᠬᠦ ᠶᠢ ᠪᠠᠷᠢᠮᠲᠠᠯᠠᠵᠤ᠂ ᠦᠨᠠᠨᠴᠢ ᠰᠢᠳᠤᠷᠭᠤ ᠠᠷᠢᠭᠤᠨ | ᠴᠡᠪᠡᠷ ᠡᠬᠦᠷᠭᠡᠯᠡᠯ ᠲᠠᠢ ᠦᠨᠳᠦᠷ ᠬᠡᠪ ᠰᠤᠷᠳᠠᠯ ᠲᠠᠢ ᠺᠠᠳ᠋ᠷ ᠤᠨ ᠡᠩᠭᠨᠡᠭᠡ ᠪᠠ ᠠᠤᠭ᠎ᠠ ᠶᠡᠭᠡ ᠴᠢᠳᠠᠪᠤᠷᠢᠳᠠᠨ ᠤ | ᠡᠩᠨᠡᠭᠡ ᠶᠢ ᠬᠦᠴᠦᠯᠠᠨ ᠬᠦᠮᠤᠵᠢᠬᠦᠯᠬᠦ ᠭᠡᠷᠡᠭᠲᠠᠢ᠃ ᠪᠢᠳᠠ ᠢᠯᠵᠢᠷᠠᠯ ᠢ ᠡᠰᠡᠷᠬᠦᠴᠡᠬᠦ ᠲᠡᠮᠡᠴᠡᠯ ᠢ ᠡᠬᠦᠷᠢᠳᠠ | ᠵᠤᠭᠰᠤᠰᠢ ᠦᠭᠡᠢ ᠶᠠᠪᠤᠬᠳᠠᠭᠤᠯᠬᠤ ᠲᠡᠰᠪᠤᠷᠢ ᠪᠠ ᠪᠠᠷᠢᠮᠳᠠᠯᠠᠯ ᠢᠶᠠᠷ ᠦᠡᠭᠭᠡᠨ ᠲᠠᠯ᠎ᠠ ᠠᠴᠠ ᠵᠠᠰᠠᠬᠤ ᠪᠡ | ᠦᠨᠳᠤᠰᠤᠨ ᠠᠴᠠ ᠨᠢ ᠵᠠᠰᠠᠬᠤ ᠶᠢ ᠬᠦᠨᠵᠡᠭᠡᠶᠢᠷᠠᠬᠦᠯᠵᠤ᠂ ᠠᠯᠢᠪᠠ ᠢᠯᠵᠢᠷᠠᠮᠠᠯ ᠡᠳᠡᠭᠡᠳ ᠢ ᠡᠷᠡᠰ ᠠᠷᠢᠯᠭᠠᠵᠤ᠂ | ᠺᠠᠳ᠋ᠷᠴᠤᠳ ᠴᠢᠭᠡᠴᠢ ᠲᠦᠪ᠂ ᠵᠠᠰᠠᠬ ᠤᠨ ᠤᠷᠳᠤᠨ ᠠᠷᠢᠭᠤᠨ ᠴᠢᠬᠡᠴᠢ᠂ ᠤᠯᠤᠰ ᠳᠦᠷᠦ ᠢᠯᠡ ᠳᠤᠳᠤ ᠪᠠᠶᠢᠬᠤ ᠶᠢ | ᠪᠠᠳᠤᠯᠠᠵᠤ᠂ ᠦᠭᠡᠷᠡᠴᠢᠯᠡᠯᠳᠠ ᠨᠡᠭᠡᠭᠡᠯᠳᠡ ᠶᠢ ᠦᠷᠬᠦᠯᠵᠢᠯᠠᠨ ᠠᠬᠢᠭᠤᠯᠬᠤ ᠳᠤ ᠠᠮᠤᠷ ᠲᠤᠬᠳᠠᠭᠤᠨ ᠠᠷᠢᠭᠤᠨ ᠴᠡᠪᠡᠷ | ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠭᠡᠷᠡᠭᠲᠠᠢ᠃ | ᠶᠢᠰᠦᠳᠦᠭᠡᠷ ᠲᠤ᠂ ᠡᠷᠬᠡᠪᠰᠢ ᠪᠤᠳᠠᠰᠴᠢ ᠬᠤᠪᠢᠰᠤᠩᠭᠤᠢ ᠦᠵᠡᠯ ᠪᠠ ᠲᠡᠤᠭᠡ ᠶᠢᠨ ᠪᠤᠳᠠᠰᠴᠢ ᠦᠵᠡᠯ ᠤᠨ | ᠶᠢᠷᠳᠢᠨᠴᠤ ᠶᠢᠨ ᠦᠵᠡᠯᠳᠠ ᠪᠤᠯᠤᠨ ᠠᠷᠭ᠎ᠠ ᠶᠢᠨ ᠤᠨᠤᠯ ᠢ ᠪᠠᠷᠢᠮᠳᠠᠯᠠᠵᠤ᠂ ᠦᠭᠡᠷᠡᠴᠢᠯᠡᠯᠳᠠ ᠬᠦᠭᠵᠢᠯᠳᠠ | ᠲᠤᠬᠳᠠᠭᠤᠨ ᠤ ᠬᠠᠷᠢᠴᠠᠭ᠎ᠠ ᠶᠢ ᠵᠦᠪ ᠰᠢᠢᠳᠪᠤᠷᠢᠯᠡᠬᠦ ᠭᠡᠷᠡᠭᠲᠠᠢ᠃ ᠮᠠᠨ ᠤ ᠤᠯᠤᠰ ᠪᠤᠯ ᠨᠢᠭᠡ ᠲᠤᠮᠤ ᠤᠯᠤᠰ ᠮᠦᠨ | ᠂ ᠦᠨᠳᠦᠰᠦᠨ ᠴᠢᠨᠠᠷᠳᠠᠢ ᠠᠰᠠᠭᠤᠳᠠᠯ ᠲᠡᠭᠡᠷ᠎ᠡ ᠶᠠᠭᠠᠬᠢᠬᠰᠡᠨ ᠴᠤ ᠨᠤᠷᠠᠭᠠᠯᠳᠠ ᠶᠢᠨ ᠴᠢᠨᠠᠷᠳᠠᠢ ᠠᠯᠳᠠᠭ᠎ᠠ ᠭᠠᠷᠭᠠᠵᠤ | ᠪᠤᠯᠬᠤ ᠦᠭᠡᠢ ᠭᠡᠳᠡᠭ ᠵᠦ᠋ᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠦᠢᠯᠡᠳᠦᠯᠭᠡ ᠪᠢᠳᠠᠨ ᠳᠤ | ᠰᠡᠩᠭᠡᠷᠡᠬᠦᠯᠦᠭᠰᠡᠨ ᠪᠠᠶᠢᠨ᠎ᠠ᠃ ᠪᠢᠳᠠ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠠᠷᠠᠳ ᠲᠦᠮᠡᠨ ᠤ | ᠡᠬᠦᠳᠦᠨ ᠪᠦᠲᠦᠭᠡᠬᠦ ᠵᠤᠷᠢᠭ ᠰᠠᠨᠠᠭ᠎ᠠ ᠶᠢ ᠬᠦᠨᠳᠦᠳᠭᠡᠬᠦ ᠶᠢ ᠬᠠᠷᠢᠯᠴᠠᠨ ᠤᠶᠠᠯᠳᠤᠭᠤᠯᠵᠤ᠂ ︽ᠴᠢᠯᠠᠭᠤ ᠲᠡᠮᠲᠡᠷᠢᠵᠤ | ᠭᠤᠤᠯ ᠭᠠᠲᠤᠯᠬᠤ︾ ᠪᠠ ᠦᠵᠤ ᠲᠦᠯᠦᠪᠯᠡᠭᠡ ᠬᠢᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢ ᠨᠢᠭᠡᠳᠭᠡᠬᠦ ᠶᠢ | ᠪᠠᠷᠢᠮᠳᠠᠯᠠᠵᠤ᠂ ᠲᠤᠷᠰᠢᠯᠳᠠ ᠶᠢᠨ ᠴᠡᠭ ᠲᠤ ᠤᠷᠢᠳ ᠢᠶᠠᠷ ᠬᠡᠷᠡᠭᠵᠢᠬᠦᠯᠬᠦ ᠪᠤᠯᠤᠨ ᠪᠦᠬᠦ ᠲᠠᠯ᠎ᠡ ᠪᠠᠷ ᠠᠬᠢᠭᠤᠯᠬᠤ ᠶᠢ | ᠬᠠᠷᠢᠯᠴᠠᠨ ᠠᠬᠢᠭᠤᠯᠵᠤ᠂ ᠵᠤᠷᠢᠬᠳᠠᠢ ᠪᠠᠷ ᠲᠤᠷᠰᠢᠬᠤ᠂ ᠵᠤᠷᠢᠬᠳᠠᠢ ᠪᠠᠷ ᠬᠢᠬᠦ ᠶᠢ ᠵᠤᠷᠢᠬᠵᠢᠭᠤᠯᠬᠤ ᠪᠦᠭᠡᠳ ᠪᠠᠰᠠ | ᠦᠨᠡᠨ ᠠᠴᠠ ᠵᠦᠪ ᠢ ᠡᠷᠢᠬᠦ᠂ ᠴᠢᠳᠠᠮᠠᠭᠠᠢ ᠬᠢᠵᠤ ᠴᠢᠳᠠᠮᠠᠭᠠᠢ ᠪᠦᠳᠦᠭᠡᠬᠦ ᠶᠢ ᠪᠠᠷᠢᠮᠳᠠᠯᠠᠭᠠᠳ᠂ ᠦᠭᠡᠷᠡᠴᠢᠯᠡᠯᠳᠠ | ᠨᠡᠭᠡᠭᠡᠯᠳᠠ ᠶᠢᠨ ᠲᠤᠬᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠳᠤᠯᠠᠪᠠ᠃ ᠤᠷᠤᠬᠰᠢᠯᠠᠯᠳᠠ ᠶᠢᠨ ᠵᠠᠮ | ᠲᠡᠭᠡᠷ᠎ᠡ ᠪᠠᠨ᠂ ᠪᠢᠳᠠ ᠡᠷᠬᠡᠪᠰᠢ ᠪᠠᠶᠢᠯᠳᠤᠬᠤ ᠪᠤᠳᠤᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ | ᠰᠢᠨ᠎ᠡ ᠶᠢ ᠡᠬᠦᠳᠬᠦ ᠰᠡᠳᠬᠢᠬᠦᠢ᠂ ᠬᠠᠤᠯᠢᠵᠢᠯ ᠤᠨ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠪᠠᠨ | ᠴᠢᠩᠭᠠᠳᠬᠠᠵᠤ᠂ ᠬᠤᠷᠸ᠎ᠡ ᠰᠡᠳᠬᠢᠬᠦ ᠪᠠ ᠦᠵᠤ ᠲᠦᠯᠦᠪᠯᠡᠭᠡ ᠪᠠᠨ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠮᠠᠨ ᠤ ᠤᠯᠤᠰ ᠤᠨ ᠬᠦᠭᠵᠢᠯᠳᠠ ᠳᠤ ᠲᠤᠯᠭᠠᠠᠷᠠᠵᠤ ᠪᠠᠶᠢᠭ᠎ᠠ | ᠲᠤᠪᠤᠶᠢᠮ᠎ᠡ ᠵᠦᠷᠢᠴᠡᠯ ᠪᠤᠯᠤᠨ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠤ᠂ ᠬᠦᠨᠵᠡᠭᠡᠢ ᠪᠠᠶᠢᠴᠠᠭᠠᠨ | ᠰᠤᠳᠤᠯᠤᠯᠳᠠ ᠬᠢᠵᠤ᠂ ᠦᠨᠳᠦᠰᠤᠨ ᠱᠠᠳᠤᠨ ᠤ ᠵᠤᠷᠢᠬᠳᠠᠢ ᠬᠠᠶᠢᠨ ᠰᠦᠪᠡᠭᠴᠢᠯᠡᠯᠳᠠ ᠬᠢᠬᠦ ᠶᠢ ᠵᠤᠷᠢᠬᠵᠢᠭᠤᠯᠵᠤ᠂ | ᠦᠭᠡᠷᠡᠴᠢᠯᠡᠯᠳᠠ ᠶᠢᠨ ᠰᠢᠢᠳᠪᠤᠷᠢᠳᠤ ᠪᠤᠳᠤᠯᠭ᠎ᠠ ᠲᠤᠬᠳᠠᠭᠠᠬᠤ ᠪᠤᠯᠤᠨ ᠬᠠᠤᠯᠢ ᠲᠤᠬᠳᠠᠭᠠᠬᠤ ᠰᠢᠢᠳᠪᠤᠷᠢᠳᠤ | ᠪᠤᠳᠤᠯᠭ᠎ᠠ ᠶᠢ ᠬᠠᠷᠢᠯᠴᠠᠨ ᠵᠤᠯᠭᠠᠭᠤᠯᠵᠤ᠂ ᠦᠭᠡᠷᠡᠴᠢᠯᠡᠯᠳᠠ ᠶᠢᠨ ᠰᠢᠢᠳᠪᠤᠷᠢᠳᠤ ᠪᠤᠳᠤᠯᠭ᠎ᠠ ᠶᠢᠨ ᠰᠢᠨᠵᠢᠯᠡᠬᠦ | ᠤᠬᠠᠭᠠᠨᠴᠢ ᠴᠢᠨᠠᠷ ᠢ ᠲᠡᠰᠤᠷᠠᠯᠳᠠ ᠦᠭᠡᠢ ᠲᠡᠭᠡᠭᠰᠢᠯᠡᠬᠦᠯᠬᠦ ᠭᠡᠷᠡᠭᠲᠠᠢ᠃ | ᠪᠢᠳᠠ ᠲᠡᠮᠦᠷ ᠢ ᠠᠳᠬᠤᠪᠠᠯ ᠤᠷᠤᠮ ᠭᠠᠷᠭᠠᠬᠤ ᠴᠢᠯᠠᠭᠤᠨ ᠳᠤ ᠭᠢᠰᠬᠢᠪᠡᠯ ᠮᠦᠷ ᠦᠯᠡᠳᠡᠭᠡᠬᠦ ᠬᠠᠳᠠᠨ | ᠵᠤᠷᠢᠭ ᠢᠶᠠᠷ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠨᠡᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠤ᠂ ᠡᠯ᠎ᠡ | ᠵᠦᠢᠯ ᠤᠨ ᠴᠢᠬᠤᠯᠠ ᠶᠡᠭᠡ ᠦᠭᠡᠷᠡᠴᠢᠯᠡᠯᠳᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠦᠷ᠎ᠡ ᠪᠦᠳᠦᠮᠵᠢ | ᠭᠠᠷᠭᠠᠬᠤ ᠶᠢ ᠦᠨᠡᠨ ᠪᠠᠳᠤᠯᠠᠬᠤ ᠭᠡᠷᠡᠭᠲᠠᠢ᠃ ᠪᠢᠳᠠ ᠵᠤᠷᠢᠬᠳᠠᠢ ᠪᠠᠷ ᠲᠦᠷᠦᠬᠦᠯᠡᠵᠤ᠂ ᠵᠤᠷᠢᠬᠳᠠᠢ ᠪᠠᠷ ᠬᠢᠵᠤ | ᠵᠤᠷᠢᠬᠳᠠᠢ ᠪᠠᠷ ᠲᠤᠷᠰᠢᠬᠤ ᠪᠦᠭᠡᠳ ᠪᠠᠰᠠ ᠢᠳᠡᠪᠬᠢᠳᠠᠢ ᠯᠠᠪᠲᠠᠭᠤᠨ ᠠᠯᠬᠤᠭ᠎ᠠ ᠪᠠᠷ᠂ ᠦᠭᠡᠷᠡᠴᠢᠯᠡᠯᠳᠠ ᠬᠦᠭᠵᠢᠯᠳᠠ | ᠲᠤᠬᠳᠠᠭᠤᠨ ᠢ ᠨᠢᠭᠡᠳᠦᠭᠦᠯᠵᠤ᠂ ᠴᠢᠭᠯᠡᠯ ᠬᠤᠪᠢᠷᠠᠬᠤ ᠦᠭᠡᠢ᠂ ᠵᠠᠮ ᠬᠠᠵᠠᠶᠢᠬᠤ ᠦᠭᠡᠢ᠂ ᠡᠷᠴᠢᠮ ᠰᠤᠯᠠᠷᠠᠬᠤ | ᠦᠭᠡᠢ ᠪᠠᠶᠢᠬᠤ ᠶᠢ ᠪᠠᠷᠢᠮᠳᠠᠯᠠᠵᠤ᠂ ᠰᠢᠨ᠎ᠡ ᠴᠠᠭ ᠦᠶ᠎ᠡ ᠶᠢᠨ ᠦᠭᠡᠷᠡᠴᠢᠯᠡᠯᠳᠠ ᠨᠡᠭᠡᠭᠡᠯᠳᠠ ᠶᠢᠨ ᠨᠡᠩ ᠲᠤᠬᠳᠠᠭᠤᠨ᠂ | ᠨᠡᠩ ᠬᠤᠯᠠ ᠠᠶᠠᠯᠠᠬᠤ ᠶᠢ ᠠᠬᠢᠭᠤᠯᠬᠤ ᠭᠡᠷᠡᠭᠲᠠᠢ᠃ | ᠨᠦᠬᠦᠳ ᠡ᠂ ᠨᠠᠶᠢᠵᠠ ᠨᠠᠷ ᠡ︕ ᠤᠯᠤᠰ ᠢᠶᠠᠨ ᠪᠠᠶᠠᠵᠢᠭᠤᠯᠬᠤ ᠪᠤᠯᠤᠨ ᠴᠡᠷᠢᠭ ᠢᠶᠠᠨ | ᠬᠦᠴᠦᠷᠭᠡᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠮᠠᠨ ᠤ ᠤᠯᠤᠰ ᠤᠨ ᠲᠡᠯᠡᠬᠡᠢ ᠳᠠᠬᠢ ᠪᠠᠶᠢᠷᠢ | ᠰᠠᠭᠤᠷᠢ ᠲᠠᠢ ᠨᠡᠶᠢᠴᠡᠭᠰᠡᠨ᠂ ᠤᠯᠤᠰ ᠤᠨ ᠠᠮᠤᠷ ᠲᠦᠪᠰᠢᠨ ᠪᠤᠯᠤᠨ ᠬᠦᠭᠵᠢᠯᠲᠡ ᠶᠢᠨ ᠠᠰᠢᠭ ᠲᠤᠰᠠ ᠲᠠᠢ | ᠲᠤᠬᠢᠷᠠᠯᠴᠠᠭᠰᠠᠨ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠴᠡᠷᠢᠭ ᠠᠩᠭᠢ ᠶᠢ | ᠪᠠᠶᠢᠭᠤᠯᠬᠤ ᠪᠤᠯ ᠮᠠᠨ ᠤ ᠤᠯᠤᠰ ᠤᠨ ᠨᠡᠶᠢᠭᠡᠮ ᠵᠢᠷᠤᠮᠲᠤ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠤᠨ᠎ᠠ᠃ ᠪᠢᠳᠡ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ | ᠬᠦᠴᠦᠷᠭᠡᠭᠵᠢᠭᠦᠯᠬᠦ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠴᠡᠷᠢᠭ ᠠᠩᠭᠢ ᠳᠠᠬᠢ | ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠳᠡᠯᠡᠬᠡᠢ ᠶᠢᠨ ᠰᠢᠨ᠎ᠡ ᠴᠡᠷᠢᠭ ᠤᠨ ᠶᠠᠪᠤᠳᠠᠯ ᠤᠨ | ᠬᠤᠪᠢᠰᠬᠠᠯ ᠤᠨ ᠬᠦᠭᠵᠢᠯᠲᠠ ᠶᠢᠨ ᠬᠠᠨᠳᠤᠰᠢ ᠶᠢ ᠡᠵᠡᠮᠳᠡᠵᠦ᠂ ᠳᠤᠮᠳᠠᠳᠤ ᠤᠯᠤᠰ ᠤᠨ ᠤᠨᠴᠠᠯᠢᠭ ᠲᠠᠢ ᠴᠡᠷᠢᠭ ᠢ | ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ | ᠠᠩᠭᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠲᠦᠷᠦ ᠪᠠᠷ ᠴᠡᠷᠢᠭ ᠢ ᠪᠠᠶᠢᠭᠤᠯᠬᠤ | ᠂ ᠦᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ | ᠬᠦᠭᠵᠢᠭᠦᠯᠬᠦ᠂ ᠬᠠᠤᠯᠢ ᠶᠤᠰᠤᠭᠠᠷ ᠴᠡᠷᠢᠭ ᠢ ᠵᠠᠰᠠᠬᠤ ᠶᠢ ᠠᠬᠢᠭᠤᠯᠵᠤ᠂ ᠨᠢᠭᠡᠨ ᠰᠠᠯᠠᠭ᠎ᠠ ᠨᠠᠮ ᠤᠨ | ᠵᠢᠯᠤᠭᠤᠳᠤᠯᠭ᠎ᠠ ᠶᠢ ᠳᠠᠭᠠᠬᠤ᠂ ᠢᠯᠭᠤᠭᠰᠠᠨ ᠳᠠᠶᠢᠨ ᠬᠢᠵᠦ ᠴᠢᠳᠠᠬᠤ᠂ ᠰᠢᠯᠢᠳᠡᠭ ᠬᠡᠪ ᠰᠤᠷᠲᠠᠯ ᠲᠠᠢ ᠠᠷᠠᠳ ᠤᠨ | ᠴᠡᠷᠢᠭ ᠠᠩᠭᠢ ᠶᠢ ᠪᠠᠶᠢᠭᠤᠯᠵᠤ᠂ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠶᠢ ᠴᠢᠷᠮᠠᠶᠢᠨ ᠪᠠᠶᠢᠭᠤᠯᠵᠤ᠂ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠦᠭᠵᠢᠯᠲᠡ ᠶᠢᠨ ᠠᠰᠢᠭ ᠲᠤᠰᠠ ᠶᠢ ᠬᠠᠮᠠᠭᠠᠠᠯᠠᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠦᠮᠦᠭ | ᠲᠦᠰᠢᠭ ᠬᠠᠨᠭ᠍ᠭᠠᠬᠤ ᠬᠡᠷᠡᠭᠲᠡᠢ᠃ | ︽ᠨᠢᠭᠡ ᠤᠯᠤᠰ ᠬᠤᠶᠠᠷ ᠪᠠᠶᠢᠭᠤᠯᠤᠯ︾ ᠤᠨ ᠠᠭᠤᠤ ᠶᠡᠭᠡ ᠪᠤᠳᠤᠯᠬᠢᠯᠠᠯ ᠪᠤᠯ ᠬᠦᠴᠦᠷᠬᠡᠭ ᠶᠡᠭᠡ | ᠠᠮᠢᠵᠢᠷᠠᠯ ᠤᠨ ᠬᠦᠴᠦᠨ ᠲᠠᠢ ᠶᠤᠮ᠃ ᠪᠢᠳᠡ ︽ᠨᠢᠭᠡ ᠤᠯᠤᠰ ᠬᠤᠶᠠᠷ ᠪᠠᠶᠢᠭᠤᠯᠤᠯ︾᠂ ︽ᠰᠢᠶᠠᠩᠭᠠᠡᠭᠴᠤᠳ | ᠰᠢᠶᠠᠩᠭᠠᠩ ᠢᠶᠠᠨ ᠵᠠᠰᠠᠬᠤ︾᠂ ︽ᠤᠤᠮᠧᠨᠴᠤᠳ ᠤᠤᠮᠸᠡ ᠢᠶᠠᠨ ᠵᠠᠰᠠᠬᠤ︾᠂ ᠳᠡᠭᠡᠲᠦ ᠬᠡᠮᠵᠢᠶ᠎ᠡ ᠪᠠᠷ ᠦᠪᠡᠷᠲᠡᠭᠡᠨ | ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠤᠨᠤᠪᠴᠢᠲᠠᠢ ᠲᠤᠭᠤᠰᠢᠯᠠᠭᠤᠯᠵᠤ᠂ ᠦᠨᠳᠦᠰᠦᠨ ᠬᠠᠤᠯᠢ ᠪᠤᠯᠤᠨ | ᠦᠨᠳᠦᠰᠦ ᠪᠤᠯᠬᠤ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠦᠨᠳᠤᠰᠤ ᠪᠤᠯᠬᠤ ᠬᠠᠤᠯᠢ ᠶᠢ ᠬᠡᠷᠡᠭᠵᠢᠭᠦᠯᠬᠦ ᠲᠠᠢ | ᠬᠤᠯᠪᠤᠭᠳᠠᠯ ᠪᠦᠬᠦᠢ ᠳᠦᠷᠢᠮ ᠪᠤᠯᠤᠨ ᠲᠤᠭᠲᠠᠴᠠ ᠶᠢ ᠲᠡᠭᠦᠯᠳᠡᠷᠵᠢᠭᠦᠯᠵᠦ᠂ ᠰᠢᠶᠠᠩᠭᠠᠩ᠂ ᠤᠤᠮᠧᠨ ᠤ ᠤᠷᠲᠤ | ᠬᠤᠭᠤᠴᠠᠭᠠᠨ ᠤ ᠬᠦᠭᠵᠢᠯ ᠴᠡᠴᠡᠭᠯᠡᠯ ᠪᠠ ᠲᠤᠭᠲᠠᠭᠤᠨ ᠪᠠᠶᠢᠳᠠᠯ ᠢ ᠪᠠᠲᠤᠯᠠᠵᠤ᠂ ᠰᠢᠶᠠᠩᠭᠠᠩ᠂ ᠤᠤᠮᠧᠨ ᠤ | ᠤᠯᠤᠰ ᠤᠨ ᠬᠦᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠬᠤ ᠶᠢ ᠳᠡᠮᠵᠢᠨ ᠠᠬᠢᠭᠤᠯᠵᠤ᠂ | ᠰᠢᠶᠠᠩᠭᠠᠩ ᠤᠤᠮᠧᠨ ᠤ ᠠᠬ᠎ᠠ ᠳᠡᠭᠦᠦ ᠨᠠᠷ ᠢ ᠡᠬᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠤᠬᠡᠲᠦ ᠬᠠᠷᠢᠭᠤᠴᠠᠯᠭ᠎ᠠ ᠶᠢ ᠡᠭᠦᠷᠭᠡᠯᠡᠵᠦ᠂ ᠡᠬᠡ ᠤᠯᠤᠰ ᠤᠨ | ᠬᠦᠭᠵᠢᠯ ᠬᠦᠴᠦᠷᠬᠡᠭᠵᠢᠯ ᠤᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠭᠦᠯᠬᠦ ᠬᠡᠷᠡᠭᠲᠡᠢ᠃ ᠡᠬᠡ | ᠤᠯᠤᠰ ᠤᠨ ᠪᠦᠷᠢᠨ ᠨᠢᠭᠡᠲᠦᠯ ᠢ ᠪᠡᠶᠡᠯᠡᠭᠦᠯᠬᠦ ᠪᠤᠯ ᠪᠦᠬᠦ᠋ᠢᠯᠡ ᠳᠤᠮᠳᠠᠳᠤ ᠶᠢᠨ ᠬᠦᠪᠡᠭᠦᠳ ᠦᠬᠢᠳ ᠤᠨ | ᠬᠠᠮᠲᠤ ᠶᠢᠨ ᠬᠦᠰᠡᠯ ᠰᠠᠨᠠᠭ᠎ᠠ ᠪᠤᠯᠤᠨ᠎ᠠ᠂ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠪᠤᠯᠤᠨ᠎ᠠ᠃ | ᠪᠢᠳᠡ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠤᠯᠤᠨ ︽ᠶᠡᠷᠡᠨ ᠬᠤᠶᠠᠷ ᠤᠨ ᠤ ᠬᠠᠮᠲᠤ ᠶᠢᠨ ᠲᠠᠨᠢᠯᠲᠠ︾ ᠶᠢ | ᠪᠠᠷᠢᠮᠲᠠᠯᠠᠵᠤ᠂ ᠬᠤᠶᠠᠷ ᠬᠦᠪᠡᠭᠡ ᠶᠢᠨ ᠡᠩᠭᠡ ᠲᠠᠶᠢᠪᠤᠩ ᠬᠦᠭᠵᠢᠯᠲᠡ ᠶᠢᠨ ᠰᠠᠭᠤᠷᠢ ᠶᠢ ᠪᠠᠬᠢᠵᠢᠭᠦᠯᠦᠨ | ᠬᠦᠭᠵᠢᠭᠦᠯᠵᠦ᠂ ᠬᠤᠶᠠᠷ ᠬᠦᠪᠡᠭᠡ ᠶᠢᠨ ᠠᠵᠤ ᠠᠬᠤᠢ ᠰᠤᠶᠤᠯ ᠤᠨ ᠰᠤᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠬᠤᠶᠠᠷ ᠬᠦᠪᠡᠭᠡ ᠶᠢᠨ ᠠᠬ᠎ᠠ ᠳᠡᠭᠦᠦ ᠨᠠᠷ ᠲᠤ ᠪᠤᠶᠠᠨ ᠦᠢᠯᠡᠳᠬᠦ ᠬᠡᠷᠡᠭᠲᠡᠢ᠃ ᠪᠢᠳᠡ | ᠤᠯᠤᠰ ᠤᠨ ᠡᠷᠬᠡ ᠮᠡᠳᠡᠯ ᠪᠤᠯᠤᠨ ᠨᠤᠲᠤᠭ ᠳᠡᠪᠢᠰᠭᠡᠷ ᠤᠨ ᠪᠦᠷᠢᠨ ᠪᠦᠲᠦᠨ ᠢ ᠬᠠᠮᠠᠭᠠᠯᠠᠬᠤ ᠡᠷᠡᠰ ᠪᠠᠳᠤ ᠤᠯᠤᠰ | ᠲᠦᠷᠦ ᠶᠢᠨ ᠰᠦᠰᠦ ᠵᠤᠷᠢᠭ ᠪᠤᠯᠤᠨ ᠬᠦᠴᠦᠷᠬᠡᠭ ᠶᠡᠭᠡ ᠴᠢᠳᠠᠪᠤᠷᠢ ᠲᠠᠢ ᠪᠠᠶᠢᠭ᠎ᠠ ᠶᠤᠮ᠂ ᠡᠬᠡ ᠤᠯᠤᠰ ᠤᠨ | ᠠᠷᠢᠭᠤᠨ ᠳᠠᠷᠬᠠᠨ ᠨᠤᠲᠤᠭ ᠳᠡᠪᠢᠰᠭᠡᠷ ᠢ ᠨᠢᠭᠡ ᠢᠮᠠᠬᠤ ᠴᠤ ᠬᠠᠭᠠᠴᠠᠨ ᠰᠠᠯᠭᠠᠵᠤ ᠪᠤᠯᠬᠤ ᠦᠭᠡᠢ︕ | ᠨᠦᠬᠦᠳ ᠡ᠂ ᠨᠠᠶᠢᠵᠠ ᠨᠠᠷ ᠡ︕ ᠳᠤᠮᠳᠠᠳᠤ ᠤᠯᠤᠰ ᠤᠨ ᠠᠷᠠᠳ ᠲᠦᠮᠡᠨ ᠠᠭᠤᠤ ᠶᠡᠭᠡ ᠬᠦᠰᠡᠯ | ᠵᠡᠭᠦᠳᠦ ᠵᠤᠷᠢᠭ ᠰᠠᠨᠠᠭ᠎ᠠ ᠲᠠᠢ ᠶᠤᠮ᠂ ᠳᠤᠮᠳᠠᠳᠤ ᠶᠢᠨ ᠦᠨᠳᠦᠰᠦᠲᠡᠨ ᠬᠤᠪᠢᠰᠤᠯᠲᠠ ᠪᠤᠯᠤᠨ ᠨᠡᠬᠡᠭᠡᠯᠲᠡ ᠶᠢᠨ | ᠵᠤᠷᠢᠭ ᠰᠠᠨᠠᠭ᠎ᠠ ᠪᠠᠷ ᠪᠢᠯᠬᠠᠮ᠎ᠠ ᠪᠠᠶᠢᠭ᠎ᠠ ᠶᠤᠮ᠃ ᠬᠡᠳᠦᠨ ᠮᠢᠩᠭᠠᠨ ᠵᠢᠯ ᠤᠨ ᠡᠮᠦᠨ᠎ᠡ᠂ ᠳᠤᠮᠳᠠᠳᠤ ᠶᠢᠨ | ᠦᠨᠳᠦᠰᠦᠲᠡᠨ ᠤ ᠡᠪᠦᠭᠡ ᠳᠡᠭᠡᠳᠦᠰ ︽ᠵᠸᠦ ᠬᠡᠳᠦ᠋ᠢᠪᠡᠷ ᠬᠠᠭᠤᠴᠢᠨ ᠤᠯᠤᠰ ᠪᠤᠯᠪᠠᠴᠤ ᠰᠢᠨᠡᠴᠢᠯᠡᠯᠲᠡ ᠪᠠᠷ | ᠡᠭᠦᠷᠭᠡ ᠪᠠᠨ ᠪᠤᠯᠭᠠᠮᠤᠢ︾ ᠭᠡᠬᠦ ᠵᠤᠷᠢᠭ ᠰᠠᠨᠠᠭ᠎ᠠ ᠶᠢ ᠵᠢᠷᠤᠮᠯᠠᠵᠤ᠂ ᠳᠤᠮᠳᠠᠳᠤ ᠶᠢᠨ ᠪᠤᠯᠪᠠᠰᠤᠨ ᠢ ᠴᠤᠭᠴᠠᠯᠠᠬᠤ | ᠠᠭᠤᠤ ᠶᠡᠭᠡ ᠦᠢᠯᠡᠳᠦᠯᠭᠡ ᠶᠢ ᠡᠬᠢᠯᠡᠭᠦᠯᠵᠠᠢ᠃ ᠡᠷᠲᠡᠨ ᠠᠴᠠ ᠨᠠᠭᠠᠰᠢ᠂ ᠳᠤᠮᠳᠠᠳᠤ ᠤᠯᠤᠰ ᠤᠨ ᠡᠬᠡ ᠭᠠᠵᠠᠷ | ᠳᠡᠭᠡᠷ᠎ᠡ ᠲᠤᠭᠠᠯᠠᠰᠢ ᠦᠭᠡᠢ ᠤᠯᠠᠨ ᠬᠠᠤᠯᠢ ᠶᠢᠨ ᠦᠭᠡᠷᠡᠴᠢᠯᠡᠯᠲᠡ ᠬᠤᠪᠢᠰᠤᠯᠲᠠ ᠤᠯᠤᠰ ᠢᠶᠠᠨ ᠬᠦᠴᠦᠷᠬᠡᠭᠵᠢᠭᠦᠯᠬᠦ | ᠬᠦᠳᠡᠯᠭᠡᠭᠡᠨ ᠡᠭᠦᠰᠴᠦ᠂ ︽ᠤᠯᠤᠰ ᠭᠦᠷᠦᠨ ᠢ ᠵᠠᠰᠠᠬᠤᠢ ᠳᠤᠷ ᠬᠡᠪᠰᠢᠮᠡᠯ ᠠᠷᠭ᠎ᠠ ᠶᠢ ᠬᠡᠷᠡᠭᠯᠡᠵᠤ ᠦᠯᠦ ᠪᠤᠯᠤᠮᠤᠢ᠂ | ᠬᠡᠪᠰᠢᠮᠡᠯ ᠠᠷᠭ᠎ᠠ ᠲᠠᠯᠭᠠᠷᠳᠠᠬᠰᠠᠨ ᠪᠠᠶᠢᠳᠠᠯ ᠳᠤ ᠰᠢᠨᠡᠴᠢᠯᠡᠯᠳᠡ ᠬᠢᠬᠦ ᠵᠤᠬᠢᠰᠳᠠᠢ ᠠᠵᠤᠭᠤ︾ ᠵᠡᠷᠭᠡ ᠤᠮᠤᠭ | ᠲᠡᠭᠦᠯᠳᠡᠷ ᠲᠤᠩᠬᠠᠭ ᠢ ᠦᠯᠡᠳᠡᠭᠡᠭᠰᠡᠨ ᠪᠠᠶᠢᠭ᠎ᠠ ᠶᠤᠮ᠃ ᠡᠷᠲᠡᠨ ᠠᠴᠠ ᠨᠠᠭᠠᠰᠢ᠂ ᠳᠤᠮᠳᠠᠳᠤ ᠶᠢᠨ ᠦᠨᠳᠦᠰᠦᠲᠡᠨ ︽ | ᠳᠡᠯᠡᠬᠡᠢ ᠳᠠᠶᠠᠭᠠᠷ ᠡᠶ᠎ᠡ ᠨᠠᠶᠢᠷᠲᠠᠢ︾ ᠪᠤᠯᠬᠤ᠂ ︽ᠠᠷᠠᠳ ᠲᠦᠮᠡᠨ ᠡᠶᠡᠯᠰᠡᠭ ᠢᠶᠠᠷ ᠶᠠᠪᠤᠯᠴᠠᠵᠤ᠂ ᠤᠯᠤᠰ ᠭᠦᠷᠦᠨ | ᠨᠦᠬᠦᠷᠰᠡᠭ ᠢᠶᠠᠷ ᠶᠠᠪᠤᠯᠴᠠᠬᠤ︾ ᠠᠭᠤᠴᠢ ᠪᠤᠳᠤᠯ᠂ ᠢᠲᠡᠭᠡᠯ ᠵᠤᠷᠢᠭ ᠠᠭᠤᠳᠠᠮ ᠪᠠᠭᠲᠠᠭᠠᠮᠵᠢ ᠪᠠᠷ ᠬᠠᠷᠢ | ᠦᠨᠳᠦᠰᠦᠲᠡᠨ ᠲᠠᠢ ᠶᠠᠪᠤᠯᠴᠠᠭ᠎ᠠ ᠪᠠ ᠰᠤᠶᠤᠯ ᠤᠨ ᠰᠤᠯᠢᠯᠴᠠᠭ᠎ᠠ ᠦᠷᠨᠢᠭᠦᠯᠵᠦ᠂ ᠲᠡᠮᠡᠭᠡᠨ ᠵᠢᠩ ᠤᠨ ᠬᠤᠨᠭ᠍ᠬᠤ | ᠲᠦᠮᠡᠨ ᠭᠠᠵᠠᠷ ᠳᠠᠭᠤᠷᠢᠰᠤᠭᠰᠠᠨ ᠰᠦᠷ ᠵᠢᠪᠬᠤᠯᠠᠩᠲᠤ ᠲᠤᠷᠭᠠᠨ ᠵᠠᠮ ᠤᠨ ᠳᠠᠭᠤᠤ ᠶᠢ ᠪᠢᠴᠢᠭᠯᠡᠵᠦ ᠦᠡᠭᠭᠡᠷᠡᠭᠰᠡᠨ | ᠶᠤᠮ᠂ ᠲᠡᠷᠡᠴᠢᠯᠡᠨ ᠲᠦᠷᠪᠡᠨ ᠵᠦᠭ ᠤᠨ ᠬᠦᠮᠦᠰ ᠴᠠᠩ ᠠᠨ ᠳᠤ ᠴᠤᠭᠯᠠᠷᠠᠭᠰᠠᠨ ᠲᠠᠩ ᠤᠯᠤᠰ ᠤᠨ ᠪᠠᠳᠠᠷᠠᠯᠳᠤ | ᠪᠠᠶᠢᠳᠠᠯ ᠢ ᠡᠭᠦᠳᠦᠨ ᠪᠦᠲᠦᠭᠡᠵᠦ ᠦᠡᠭᠭᠡᠷᠡᠭᠰᠡᠨ ᠶᠤᠮ᠃ ᠡᠶᠢᠮᠦᠷᠭᠦᠦ ︽ᠲᠡᠭᠷᠢ ᠶᠢᠨ ᠬᠦᠴᠦᠷᠬᠡᠭ ᠢ ᠲᠠᠭᠤᠷᠢᠶᠠᠨ | ᠡᠷᠳᠡᠮᠳᠡᠨ ᠮᠡᠷᠭᠡᠳ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ︾᠂ ︽ᠭᠠᠵᠠᠷ ᠤᠨ ᠬᠠᠳᠠᠭᠤ ᠶᠢ ᠪᠤᠳᠤᠨ | ᠡᠷᠳᠡᠮᠲᠡᠨ ᠮᠡᠷᠭᠡᠳ ᠡᠷᠳᠡᠮ ᠨᠤᠮ ᠰᠤᠷᠴᠤ ᠬᠦᠨᠳᠤ ᠡᠭᠦᠷᠭᠡ ᠡᠭᠦᠷᠭᠡᠯᠡᠬᠦ︾ ᠬᠤᠪᠢᠰᠤᠯᠲᠠ ᠪᠤᠯᠤᠨ ᠨᠡᠬᠡᠭᠡᠯᠲᠡ ᠶᠢᠨ | ᠵᠤᠷᠢᠭ ᠰᠠᠨᠠᠭ᠎ᠠ ᠨᠢ ᠳᠤᠮᠳᠠᠳᠤ ᠶᠢᠨ ᠪᠤᠯᠪᠠᠰᠤᠨ ᠢ ᠬᠦᠮᠦᠨ ᠲᠦᠷᠦᠯᠬᠢᠲᠡᠨ ᠤ ᠲᠡᠤᠬᠡᠨ ᠳᠡᠭᠡᠷᠡᠬᠢ ᠴᠤᠷ ᠤᠨ ᠭᠠᠭᠴᠠ | 5000 ᠭᠠᠷᠤᠢ ᠵᠢᠯ ᠠᠴᠠ ᠡᠳᠦᠭᠡ ᠪᠤᠯᠲᠠᠯ᠎ᠠ ᠲᠠᠰᠤᠷᠠᠯᠲᠠ ᠦᠭᠡᠢ ᠦᠷᠭᠦᠯᠵᠢᠯᠡᠭᠰᠡᠨ ᠭᠡᠷᠡᠯ ᠰᠠᠴᠤᠷᠠᠩᠭᠤᠢ | ᠪᠤᠯᠪᠠᠰᠤᠨ ᠪᠤᠯᠭᠠᠪᠠ᠃ | ᠬᠡᠳᠦᠨ ᠮᠢᠩᠭᠠᠨ ᠵᠢᠯ ᠤᠨ ᠲᠡᠤᠬᠡ ᠶᠢ ᠠᠵᠢᠬᠯᠠᠪᠠᠯ᠂ ᠬᠤᠪᠢᠰᠤᠯᠲᠠ ᠪᠤᠯᠤᠨ ᠨᠡᠬᠡᠭᠡᠯᠲᠡ ᠨᠢ | ᠶᠡᠷᠦᠩᠬᠡᠢ ᠳᠡᠭᠡᠨ ᠳᠤᠮᠳᠠᠳᠤ ᠤᠯᠤᠰ ᠤᠨ ᠲᠡᠤᠬᠡ ᠶᠢᠨ ᠬᠡᠪ ᠤᠨ ᠪᠠᠶᠢᠳᠠᠯ ᠪᠤᠯᠤᠬᠰᠠᠭᠠᠷ ᠢᠷᠡᠵᠠᠢ᠃ ᠳᠤᠮᠳᠠᠳᠤ ᠶᠢᠨ | ᠦᠨᠳᠦᠰᠦᠲᠡᠨ ᠦᠭᠡᠷᠡᠴᠢᠯᠡᠯᠲᠡ ᠨᠡᠬᠡᠭᠡᠯᠲᠡ ᠶᠢᠨ ᠳᠦᠷᠢ ᠪᠠᠶᠢᠳᠠᠯ ᠢᠶᠠᠷ ᠢᠷᠡᠭᠡᠳᠦᠢ ᠵᠦᠭ ᠦᠷᠭᠦᠯᠵᠢᠯᠡᠨ | ᠤᠷᠤᠭᠰᠢᠯᠠᠬᠤ ᠳᠤ ᠭᠦᠨ ᠵᠤᠵᠠᠭᠠᠨ ᠲᠡᠤᠬᠡ ᠶᠢᠨ ᠡᠬᠢ ᠰᠤᠷᠪᠤᠯᠵᠢ ᠲᠠᠢ᠂ ᠬᠦᠨ ᠵᠤᠵᠠᠭᠠᠨ ᠰᠤᠶᠤᠯ ᠤᠨ ᠦᠨᠳᠦᠰᠦ | ᠰᠠᠭᠤᠷᠢ ᠲᠠᠢ ᠪᠠᠶᠢᠭ᠎ᠠ ᠶᠤᠮ᠃ ᠮᠠᠨ ᠤ ᠰᠢᠬ ᠡᠶᠢᠮᠦ ᠶᠡᠭᠡ ᠤᠯᠤᠰ ᠠᠤᠭ᠎ᠠ ᠰᠠᠨᠠᠭ᠎ᠠ ᠡᠷᠡᠯᠬᠡᠭ ᠵᠤᠷᠢᠭ ᠲᠠᠢ ᠪᠠᠶᠢᠪᠠᠯ | ᠵᠤᠬᠢᠨ᠎ᠠ᠃ ᠮᠠᠦ ᠽᠧ ᠳ᠋ᠦᠩ ᠨᠦᠬᠦᠷ᠄ ︽ᠤᠯᠤᠰ ᠲᠠᠶᠠᠭᠠᠷ ᠤᠨ ᠢᠯᠠᠯᠲᠠ ᠶᠢ ᠲᠡᠮᠡᠴᠡᠨ ᠤᠯᠬᠤ ᠨᠢ ᠲᠦᠮᠡᠨ | ᠭᠠᠵᠠᠷ ᠤᠨ ᠠᠶᠠᠨ ᠳᠠᠶᠢᠨ ᠤ ᠲᠦᠷᠦᠭᠦᠦ ᠨᠢᠭᠡ ᠠᠯᠬᠤᠮ ᠢ ᠶᠠᠪᠤᠬᠰᠠᠨ ᠲᠡᠳᠦᠢ ᠶᠤᠮ᠃ ᠬᠡᠷᠪᠡ ᠡᠨᠡ ᠨᠢᠭᠡ | ᠠᠯᠬᠤᠮ ᠢᠶᠠᠨ ᠪᠠᠰᠠ ᠤᠮᠤᠭᠰᠢᠭᠤᠰᠢᠳᠠᠢ ᠵᠦᠢᠯ ᠭᠡᠪᠡᠯ᠂ ᠡᠨᠡ ᠨᠢ ᠶᠠᠯᠢᠮ ᠦᠭᠡᠢ ᠵᠦᠯ ᠪᠤᠯᠤᠨ᠎ᠠ᠃ ᠨᠡᠩ | ᠤᠮᠤᠭᠰᠢᠭᠤᠰᠢᠲᠠᠢ ᠨᠢ ᠬᠤᠶᠢᠨ᠎ᠠ ᠪᠠᠶᠢᠨ᠎ᠠ᠃ ᠬᠡᠳᠦᠨ ᠠᠷᠪᠠᠨ ᠵᠢᠯ ᠤᠨ ᠬᠤᠶᠢᠨ᠎ᠠ ᠳᠤᠮᠳᠠᠳᠤ ᠤᠯᠤᠰ ᠤᠨ ᠠᠷᠠᠳ | ᠲᠦᠮᠡᠨ ᠤ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠡᠷᠭᠢᠵᠤ ᠦᠵᠡᠪᠡᠯ᠂ ᠲᠡᠷᠡ ᠨᠢ ᠨᠢᠭᠡᠨ ᠤᠷᠲᠤ | ᠵᠦᠴᠦᠭᠡ ᠶᠢᠨ ᠤᠬᠤᠷᠬᠠᠨ ᠲᠦᠷᠦᠭᠦᠦ ᠬᠦᠰᠢᠭᠡ ᠮᠡᠳᠤ ᠰᠠᠨᠠᠬᠳᠠᠬᠤ ᠪᠤᠯᠤᠨ᠎ᠠ᠃ ᠵᠦᠴᠦᠭᠡ ᠪᠤᠯ ᠵᠠᠪᠠᠯ ᠲᠦᠷᠦᠭᠦᠦ | ᠬᠦᠰᠢᠭᠡ ᠠᠴᠠ ᠪᠠᠨ ᠡᠬᠢᠯᠡᠳᠡᠭ᠂ ᠭᠡᠪᠡᠴᠤ ᠲᠦᠷᠦᠭᠦᠦ ᠬᠦᠰᠢᠭᠡ ᠨᠢ ᠤᠷᠭᠢᠯ ᠪᠢᠰᠢ ᠶᠤᠮ᠃︾᠂ ︽ᠪᠢᠳᠡ | ᠬᠠᠭᠤᠴᠢᠨ ᠶᠢᠷᠳᠢᠨᠴᠤ ᠶᠢ ᠡᠪᠳᠡᠬᠦ ᠳᠤ ᠴᠢᠳᠠᠮᠠᠭᠠᠢ ᠪᠠᠶᠢᠬᠤ ᠪᠠᠷ ᠪᠠᠷᠠᠬᠤ ᠦᠭᠡᠢ᠂ ᠪᠠᠰᠠ ᠰᠢᠨ᠎ᠡ ᠶᠢᠷᠳᠢᠨᠴᠤ ᠶᠢ | ᠪᠠᠶᠢᠭᠤᠯᠬᠤ ᠳᠤ ᠴᠢᠳᠠᠮᠠᠭᠠᠢ ᠪᠠᠶᠢᠬᠤ ᠬᠡᠷᠡᠭᠲᠡᠢ︾ ᠭᠡᠵᠦ ᠬᠡᠯᠡᠪᠡ᠃ ᠦᠭᠡᠷᠡᠴᠢᠯᠡᠯᠲᠡ ᠨᠡᠬᠡᠭᠡᠯᠲᠡ ᠶᠢᠨ ᠡᠬᠢᠨ ᠤ | ᠦᠶ᠎ᠡ ᠳᠤ᠂ ᠬᠡᠳᠦ᠋ᠢᠪᠡᠷ ᠮᠠᠨ ᠤ ᠤᠯᠤᠰ ᠵᠩᠡ᠂ ᠬᠦᠮᠦᠨ ᠠᠮᠠ ᠤᠯᠠᠨ ᠪᠤᠯᠪᠠᠴᠤ ᠰᠠᠭᠤᠷᠢ ᠨᠢᠮᠭᠡᠨ ᠪᠠᠶᠢᠵᠤ ᠤᠯᠠᠨ | ᠬᠦᠴᠢᠷ ᠪᠡᠷᠬᠡᠰᠢᠶᠡᠯ ᠪᠤᠯᠤᠨ ᠦᠷᠢᠰᠦᠯᠳᠦᠭᠡᠨ ᠳᠤ ᠲᠤᠯᠭᠠᠷᠠᠵᠦ ᠪᠠᠶᠢᠯ᠎ᠠ᠂ ᠭᠡᠪᠡᠴᠦ ᠪᠢᠳᠡ ᠢᠷᠡᠭᠡᠳᠦᠢ ᠳᠡᠭᠡᠨ | ᠢᠲᠡᠭᠡᠯ ᠲᠡᠭᠦᠯᠳᠡᠷ ᠪᠠᠶᠢᠵᠤ᠂ 70 ᠭᠠᠷᠤᠢ ᠵᠢᠯ ᠬᠡᠷᠡᠭᠰᠡᠵᠦ᠂ ᠭᠤᠷᠪᠠᠨ ᠠᠯᠬᠤᠮ ᠬᠤᠪᠢᠶᠠᠨ ᠶᠠᠪᠤᠵᠤ ᠨᠡᠶᠢᠭᠡᠮ | ᠵᠢᠷᠤᠮ ᠤᠨ ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠠᠤᠭ᠎ᠠ ᠲᠦᠰᠦᠪ ᠢ ᠵᠢᠷᠤᠵᠤ ᠲᠦᠯᠦᠪᠯᠡᠪᠠ᠂ | ᠬᠡᠷᠪᠡ ᠶᠠᠷᠦ ᠪᠤᠰᠤ ᠶᠢᠨ ᠰᠦᠰᠦ ᠵᠤᠷᠢᠭ᠂ ᠡᠷᠡᠰ ᠪᠠᠲᠤ ᠢᠲᠡᠭᠡᠯ ᠪᠠᠶᠢᠬᠤ ᠦᠭᠡᠢ ᠪᠤᠯ ᠡᠶᠢᠮᠦᠷᠬᠦᠦ ᠠᠤᠭ᠎ᠠ ᠶᠡᠭᠡ | ᠠᠯᠤᠰ ᠬᠤᠯᠠ ᠶᠢᠨ ᠪᠤᠲᠤᠯᠬᠢᠯᠠᠯ ᠪᠤᠯᠤᠨ ᠰᠢᠢᠳᠪᠦᠷᠢᠲᠦ ᠪᠤᠳᠤᠯᠭ᠎ᠠ ᠶᠢ ᠭᠠᠷᠭᠠᠵᠤ ᠳᠡᠶᠢᠯᠬᠦ ᠦᠭᠡᠢ ᠶᠤᠮ᠃ 40 | ᠵᠢᠯ ᠤᠨ ᠳᠤᠷᠰᠢ᠂ ᠪᠢᠳᠡ ᠰᠠᠨᠠᠭᠰᠠᠨ ᠳᠠᠭᠠᠨ ᠬᠦᠷᠬᠦ ᠦᠭᠡᠢ ᠪᠤᠯ ᠵᠤᠭᠰᠤᠬᠤ ᠦᠭᠡᠢ ᠪᠠᠶᠢᠬᠤ ᠬᠠᠲᠠᠨ ᠪᠠᠲᠦ | ᠵᠤᠷᠢᠭ ᠢᠶᠠᠷ ᠰᠠᠯᠬᠢ ᠪᠤᠷᠤᠭᠠᠨ ᠳᠤ ᠬᠤᠷᠢᠬᠯᠠᠭᠲᠠᠰᠢ ᠦᠭᠡᠢ ᠪᠠᠷ ᠡᠨᠡ ᠬᠦ ᠠᠭᠤᠤ ᠶᠡᠭᠡ ᠬᠠᠷᠠᠯᠲᠠ ᠵᠦᠭ ᠢᠶᠠᠨ | ᠤᠷᠤᠭᠰᠢᠯᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠮᠠᠨ ᠤ ᠤᠯᠤᠰ ᠤᠨ ᠬᠦᠭᠵᠢᠯᠲᠡ ᠳᠤ ᠨᠡᠩ | ᠶᠡᠭᠡ ᠲᠡᠮᠡᠴᠡᠬᠦ ᠬᠠᠷᠠᠯᠲᠠ ᠳᠤᠷᠠᠳᠤᠨ ᠦᠭᠴᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠠᠴᠠ | ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ᠂ ᠳᠠᠬᠢᠨ ᠨᠡᠶᠢᠭᠡᠮ ᠵᠢᠷᠤᠮᠲᠤ ᠤᠳᠤᠬᠢᠴᠢᠯᠠᠭᠰᠠᠨ ᠬᠦᠴᠦᠷᠭᠡᠭ | ᠤᠯᠤᠰ ᠢ ᠪᠦᠬᠦ ᠲᠠᠯ᠎ᠠ ᠪᠠᠷ ᠪᠠᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠲᠠ ᠶᠢ ᠪᠦᠷᠢᠯᠳᠦᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠬᠠᠮᠤᠭ ᠤᠨ ᠬᠦᠴᠦᠷᠭᠡᠭ ᠳᠠᠭᠤᠨ ᠢ ᠳᠠᠭᠤᠷᠢᠰᠢᠭᠤᠯᠪᠠ᠃ ᠡᠷᠲᠡᠨ ᠤ ᠬᠦᠮᠦᠰ᠄ ︽ᠠᠯᠢᠪᠠ ᠠᠵᠢᠯ | ᠦᠢᠯᠡᠰ ᠢ ᠴᠦᠮ ᠨᠠᠷᠢᠨ ᠲᠦᠯᠦᠪᠵᠢᠬᠦᠯᠵᠤ ᠨᠢᠮᠪᠠᠢ ᠪᠤᠳᠤᠯᠬᠢᠯᠠᠬᠤ ᠠᠴᠠ ᠡᠬᠢᠯᠡᠵᠤ᠂ ᠰᠢᠷᠭᠠᠭᠤ ᠠᠵᠢᠯᠯᠠᠪᠠᠯ | ᠪᠦᠲᠦᠵᠦ᠂ ᠤᠮᠤᠷᠬᠠᠭᠯᠠᠨ ᠪᠠᠷᠳᠠᠮᠨᠠᠪᠠᠯ ᠢᠯᠠᠭᠳᠠᠮᠤᠢ︾ ᠭᠡᠵᠦ ᠬᠡᠯᠡᠵᠦ ᠦᠡᠭᠭᠡᠷᠡᠪᠡ᠃ ᠠᠭᠤᠤ ᠶᠡᠭᠡ ᠬᠦᠰᠡᠯ | ᠵᠡᠭᠦᠳᠦ ᠨᠢ ᠬᠦᠯᠢᠶᠡᠭᠡᠳ ᠢᠷᠡᠳᠡᠭ᠂ ᠬᠠᠰᠭᠢᠷᠤᠭᠠᠳ ᠢᠷᠡᠳᠡᠭ ᠪᠢᠰᠢ᠂ ᠬᠠᠷᠢᠨ ᠲᠡᠮᠡᠴᠡᠵᠦ ᠪᠠᠶᠢᠵᠤ ᠢᠷᠡᠳᠡᠭ᠂ | ᠠᠵᠢᠯᠯᠠᠵᠤ ᠪᠠᠶᠢᠵᠤ ᠢᠷᠡᠳᠡᠭ ᠶᠤᠮ᠃ | ᠪᠢᠳᠡ ᠤᠳᠤ ᠶᠠᠭ ᠤᠡᠭᠭᠤᠴᠠ ᠤᠷᠤᠰᠬᠠᠯ ᠳᠤᠮᠳᠠ ᠤᠷᠤᠭᠠᠳ ᠤᠷᠤᠰᠬᠠᠯ ᠨᠡᠩ ᠰᠢᠷᠦᠬᠦᠨ᠂ ᠬᠦᠮᠦᠨ | ᠠᠭᠤᠯᠠᠨ ᠬᠢᠷ᠎ᠠ ᠳᠤ ᠭᠠᠷᠤᠭᠠᠳ ᠤᠷᠤᠭᠰᠢ ᠵᠠᠮ ᠨᠡᠩ ᠡᠭᠴᠡ ᠪᠤᠯᠤᠭᠰᠠᠠ ᠴᠠᠭ ᠦᠶ᠎ᠡ᠂ ᠤᠷᠤᠬᠰᠢᠯᠠᠬᠤ ᠳᠤᠳᠤᠮ | ᠬᠦᠴᠢᠷ᠂ ᠤᠷᠤᠬᠰᠢᠯᠠᠬᠤ ᠳᠤᠳᠤᠮ ᠢᠶᠠᠨ ᠪᠡᠷᠬᠡ ᠠᠳᠠᠯ᠎ᠠ ᠤᠷᠤᠬᠰᠢᠯᠠᠬᠤ ᠦᠬᠡᠢ ᠪᠤᠯ ᠤᠬᠤᠷᠢᠬᠤ᠂ ᠤᠷᠤᠬᠰᠢᠯᠠᠬᠤ | ᠦᠬᠡᠢ ᠪᠤᠯ ᠦᠯᠦ ᠪᠤᠯᠬᠤ ᠴᠠᠭ ᠦᠶ᠎ᠡ ᠳᠤ ᠤᠷᠤᠰᠢᠵᠤ ᠪᠤᠢ᠃ ᠦᠭᠡᠷᠡᠴᠢᠯᠡᠯᠲᠡ ᠨᠡᠬᠡᠭᠡᠯᠲᠡ ᠨᠢᠭᠡᠨᠳᠡ ᠲᠦᠮᠡᠨ | ᠪᠡᠷᠬᠡ ᠮᠢᠩᠭᠠᠨ ᠪᠠᠷᠲᠠᠭ᠎ᠠ ᠶᠢ ᠲᠤᠭᠤᠯᠤᠭᠰᠠᠨ ᠪᠤᠯᠪᠠᠴᠤ ᠮᠦᠨ ᠯᠠ ᠠᠭᠤᠯᠠ ᠳᠠᠪᠠᠵᠤ ᠤᠰᠤ ᠭᠠᠲᠤᠯᠬᠤ | ᠴᠢᠬᠤᠯᠠᠲᠠᠢ ᠪᠠᠶᠢᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠮᠦᠨ᠎ᠡ | ᠲᠠᠯᠪᠢᠭᠳᠠᠵᠤ ᠪᠠᠶᠢᠭ᠎ᠠ ᠡᠭᠦᠷᠭᠡ ᠬᠠᠷᠢᠭᠤᠴᠠᠯᠭ᠎ᠠ ᠨᠡᠩ ᠢᠷᠠᠭᠤ ᠠᠯᠳᠠᠷᠲᠠᠢ᠂ ᠡᠭᠦᠷᠭᠡ ᠨᠡᠩ ᠬᠠᠲᠠᠭᠤ ᠪᠡᠷᠬᠡ᠂ | ᠦᠷᠢᠰᠦᠯᠳᠦᠭᠡᠨ ᠨᠡᠩ ᠬᠦᠨᠳᠦ ᠭᠡᠴᠡᠭᠦᠤ᠂ ᠠᠵᠢᠯ ᠨᠡᠩ ᠠᠭᠤᠤ ᠶᠡᠭᠡ ᠪᠠᠶᠢᠭ᠎ᠠ ᠶᠤᠮ᠃ ᠡᠨᠡ ᠬᠦ ᠮᠢᠩᠭᠠᠨ | ᠳᠠᠷᠪᠠᠭᠤᠯ ᠦᠷᠢᠰᠦᠯᠳᠦᠨ ᠤᠷᠤᠭᠰᠢᠯᠠᠵᠤ᠂ ᠵᠠᠭᠤᠨ ᠤᠡᠭᠭᠤᠴᠠ ᠤᠷᠤᠯᠳᠤᠨ ᠠᠶᠠᠯᠠᠭᠰᠠᠨ ᠴᠠᠭ ᠦᠶ᠎ᠡ ᠳᠤ᠂ | ᠪᠢᠳᠡ ᠦᠴᠦᠬᠡᠨ ᠴᠦ ᠬᠡᠰᠡᠨ ᠤᠮᠤᠷᠬᠠᠭᠯᠠᠨ ᠪᠠᠷᠳᠠᠮᠨᠠᠵᠤ ᠰᠡᠳᠭᠢᠯ ᠬᠠᠨᠤᠵᠤ ᠪᠤᠯᠬᠤ ᠦᠭᠡᠢ᠂ ᠬᠡᠪᠰᠢᠮᠡᠯ ᠬᠦᠰᠢᠭᠦᠨ | ᠪᠠᠶᠢᠵᠤ ᠦᠪᠡᠷ ᠢ ᠪᠠᠨ ᠪᠢᠲᠡᠭᠦᠮᠵᠢᠯᠡᠵᠤ ᠲᠦᠭᠵᠢᠵᠤ ᠪᠤᠯᠬᠤ ᠦᠭᠡᠢ᠂ ᠪᠠᠰᠠ ᠦᠴᠦᠬᠡᠨ ᠴᠦ ᠭᠡᠰᠡᠨ ᠡᠷᠡᠭᠡᠯᠵᠡᠨ | ᠲᠠᠲᠠᠭᠠᠯᠵᠠᠵᠤ ᠪᠤᠯᠬᠤ ᠦᠭᠡᠢ᠂ ᠡᠷᠬᠡᠪᠰᠢ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ | ᠦᠢᠯᠡᠰ᠂ ᠠᠭᠤᠤ ᠶᠡᠭᠡ ᠵᠡᠭᠦᠳᠦ ᠪᠠᠷ ᠵᠢᠯᠤᠭᠤᠲᠤᠭᠤᠯᠵᠤ᠂ ᠤᠷᠤᠰᠬᠠᠯ ᠤᠨ ᠡᠮᠦᠨ᠎ᠡ ᠭᠠᠪᠰᠢᠭᠠᠶᠢᠢᠯᠠᠵᠤ᠂ | ᠡᠷᠡᠯᠬᠡᠭᠯᠡᠨ ᠤᠷᠤᠭᠰᠢᠯᠠᠬᠤ ᠬᠡᠷᠡᠭᠲᠡᠢ᠃ ᠢᠲᠡᠭᠡᠯ ᠪᠢᠰᠢᠷᠡᠯ᠂ ᠢᠲᠡᠭᠡᠯ ᠵᠤᠷᠢᠭ᠂ ᠢᠲᠡᠭᠡᠯ ᠨᠢ ᠶᠠᠮᠠᠷᠪᠠ ᠴᠠᠭ | ᠦᠶ᠎ᠡ ᠳᠤ ᠴᠦ ᠭᠡᠰᠡᠨ ᠴᠦᠮ ᠮᠠᠰᠢ ᠴᠢᠬᠤᠯᠠ ᠶᠤᠮ᠃ ᠪᠠᠭ᠎ᠠ ᠠᠴᠠ ᠨᠢᠭᠡ ᠬᠦᠮᠦᠨ᠂ ᠨᠢᠭᠡ ᠬᠠᠮᠲᠤ ᠨᠡᠶᠢᠲᠡ᠂ | ᠶᠡᠭᠡ ᠠᠴᠠ ᠨᠢᠭᠡ ᠲᠦᠷᠦ ᠶᠢᠨ ᠨᠠᠮ᠂ ᠨᠢᠭᠡ ᠦᠨᠳᠦᠰᠦᠲᠡᠨ᠂ ᠨᠢᠭᠡ ᠤᠯᠤᠰ᠂ ᠬᠡᠷᠪᠡ ᠢᠲᠡᠭᠡᠯ ᠪᠢᠰᠢᠷᠡᠯ᠂ ᠢᠲᠡᠭᠡᠯ | ᠵᠤᠷᠢᠭ᠂ ᠢᠲᠡᠭᠡᠯ ᠲᠠᠢ ᠯᠠ ᠪᠠᠶᠢᠪᠠᠯ ᠳᠠᠷᠤᠢ ᠢᠯᠠᠭᠳᠠᠬᠤ ᠳᠤᠲᠤᠮ ᠲᠡᠮᠡᠴᠡᠯ ᠤᠨ ᠵᠤᠷᠢᠭ ᠪᠠᠳᠠᠷᠠᠵᠤ᠂ ᠪᠠᠶᠢᠯᠳᠤᠬᠤ | ᠳᠤᠲᠤᠮ ᠡᠷᠡᠯᠬᠡᠭ ᠪᠤᠯᠬᠤ ᠪᠤᠯᠤᠨ᠎ᠠ᠂ ᠡᠰᠡ ᠪᠦᠭᠡᠰᠦ ᠪᠠᠶᠢᠯᠳᠤᠬᠤ ᠦᠭᠡᠢ ᠪᠠᠷ ᠢᠯᠠᠭᠳᠠᠵᠤ᠂ ᠴᠤᠬᠢᠬᠤ ᠦᠭᠡᠢ ᠪᠠᠷ | ᠦᠪᠡᠷ ᠢᠶᠠᠨ ᠨᠤᠷᠠᠬᠤ ᠪᠤᠯᠤᠨ᠎ᠠ᠃ ᠦᠡᠭᠭᠡᠷᠡᠭᠰᠡᠨ ᠳᠤ ᠭᠡᠰᠡᠨ ᠦᠭᠡᠢ᠂ ᠤᠳᠤᠬᠠᠨ ᠳᠤ ᠭᠡᠰᠡᠨ ᠦᠭᠡᠢ | ᠢᠷᠡᠭᠡᠳᠦᠢ ᠳᠤ ᠴᠤ ᠭᠡᠰᠡᠨ ᠦᠭᠡᠢ᠂ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠵᠤᠷᠢᠭ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠤᠷᠢᠭ ᠨᠢ ᠴᠦᠮ ᠳᠤᠮᠳᠠᠳᠤ ᠤᠯᠤᠰ ᠤᠨ ᠠᠷᠠᠳ ᠲᠦᠮᠡᠨ ᠤ ᠪᠤᠰᠴᠤ | ᠵᠤᠭᠰᠤᠬᠤ᠂ ᠪᠠᠶᠠᠵᠢᠬᠤ᠂ ᠬᠦᠴᠦᠷᠬᠡᠭᠵᠢᠬᠦ ᠠᠭᠤᠤ ᠶᠡᠭᠡ ᠵᠤᠷᠢᠭ ᠰᠠᠨᠠᠭᠠᠨ ᠤ ᠬᠦᠴᠦᠨ ᠢ ᠵᠢᠯᠤᠭᠤᠳᠴᠤ | ᠲᠤᠯᠭᠠᠭᠤᠷᠢᠯᠠᠵᠤ ᠪᠠᠶᠢᠳᠠᠭ᠃ | ᠨᠦᠭᠦᠳ ᠡ᠂ ᠨᠠᠶᠢᠵᠠ ᠨᠠᠷ ᠡ︕ ᠳᠦᠴᠢᠨ ᠵᠢᠯ ᠤᠨ ᠲᠤᠷᠰᠢ ᠪᠢᠲᠠ ᠲᠤᠭᠰᠢᠨ ᠳᠠᠪᠠᠯᠭᠠᠨ ᠢ ᠰᠦᠷᠦᠨ | ᠠᠯᠤᠰ ᠤᠨ ᠵᠤᠷᠢᠯᠲᠠ ᠠᠤᠭ᠎ᠠ ᠬᠦᠰᠡᠯᠡᠩ ᠢ ᠡᠪᠦᠷᠯᠡᠨ ᠤᠷᠤᠭᠰᠢᠯᠠᠪᠠ᠃ ᠮᠦᠷᠡᠨ ᠭᠤᠤᠯ ᠴᠠᠪᠴᠢᠮ᠎ᠠ ᠬᠠᠳᠠ | ᠬᠠᠪᠴᠢᠯ ᠠᠮᠠ ᠶᠢ ᠳᠠᠭᠠᠷᠢᠨ ᠲᠤᠯᠭᠢᠶᠠᠯᠠᠨ ᠤᠷᠤᠰᠴᠤ ᠴᠢᠳᠠᠳᠠᠭ ᠤᠨ ᠰᠢᠯᠳᠠᠭᠠᠨ ᠨᠢ ᠳᠠᠷᠤᠢ ᠲᠦᠮᠡ ᠮᠢᠩᠭᠠᠨ | ᠳᠤᠯᠭᠢᠶᠠᠨ ᠳᠠᠪᠠᠯᠭᠠᠨ ᠢ ᠬᠤᠷᠠᠮᠳᠠᠭᠤᠯᠤᠭᠰᠠᠨ ᠠᠤᠭ᠎ᠠ ᠬᠦᠴᠦᠨ ᠳᠤ ᠪᠤᠢ᠃ ᠤᠷᠴᠢᠨ ᠦᠶ᠎ᠡ ᠠᠴᠠ ᠨᠠᠭᠠᠰᠢᠬᠢ | ᠤᠷᠲᠤ ᠤᠳᠠᠭᠠᠨ ᠲᠡᠤᠬᠡᠨ ᠠᠬᠢᠴᠠ ᠲᠤᠮᠲᠠ᠂ ᠳᠤᠮᠳᠠᠳᠤ ᠤᠯᠤᠰ ᠤᠨ ᠠᠷᠠᠳ ᠲᠦᠮᠡᠨ ᠤᠯᠠᠨ ᠬᠠᠯᠠ ᠲᠠᠮᠤ | ᠠᠮᠰᠠᠵᠤ᠂ ᠮᠠᠰᠢ ᠤᠯᠠᠨ ᠦᠷᠡᠭᠳᠡᠯ ᠭᠠᠷᠭᠠᠵᠤ᠂ ᠮᠠᠰᠢ ᠤᠯᠠᠨ ᠲᠡᠮᠡᠴᠡᠯ ᠬᠢᠪᠡ᠃ ᠤᠳᠤ᠂ ᠳᠤᠮᠳᠠᠳᠤ ᠤᠯᠤᠰ ᠤᠨ | ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠤ ᠲᠡᠤᠬᠡᠨ ᠶᠠᠪᠤᠴᠠ ᠳᠤ ᠬᠤᠷᠠᠮᠳᠠᠭᠤᠯᠤᠭᠰᠠᠨ ᠬᠦᠴᠦᠷᠬᠡᠭ | ᠶᠡᠭᠡ ᠡᠨᠧᠷᠬᠢ ᠨᠢᠭᠡᠨᠲᠡ ᠭᠦᠢᠴᠡᠳ ᠤᠷᠬᠢᠯᠤᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠬᠤᠷᠢᠬᠯᠠᠭᠳᠠᠰᠢ ᠦᠭᠡᠢ ᠲᠠᠯᠠᠶᠢᠴᠠ ᠶᠡᠭᠡ ᠬᠦᠴᠦᠨ ᠢ ᠬᠠᠨᠭ᠍ᠭᠠᠪᠠ᠃ ᠨᠡᠶᠢᠭᠡᠮ | ᠵᠢᠷᠤᠮᠲᠤ ᠤᠳᠤᠬᠢᠴᠢᠯᠠᠭᠰᠠᠨ ᠬᠦᠴᠦᠷᠬᠡᠭ ᠤᠯᠤᠰ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠪᠤᠯ ᠨᠢᠭᠡᠨ ᠪᠤᠤᠬᠢᠶ᠎ᠠ ᠳᠠᠮᠵᠢᠭᠤᠯᠬᠤ ᠤᠷᠤᠯᠳᠤᠭᠠᠨ ᠶᠤᠮ᠂ ᠪᠢᠳᠡ ᠨᠢᠭᠡ ᠨᠢᠭᠡ | ᠪᠤᠤᠬᠢᠶ᠎ᠠ ᠪᠠᠷ ᠳᠠᠮᠵᠢᠭᠤᠯᠤᠨ ᠬᠦᠶᠦᠵᠦ᠂ ᠦᠶ᠎ᠡ ᠨᠢᠭᠡ ᠪᠦᠷᠢ ᠶᠢᠨ ᠬᠦᠮᠦᠰ ᠨᠢ ᠴᠦᠮ ᠬᠤᠶᠢᠴᠢ ᠦᠶ᠎ᠡ ᠶᠢᠨ | ᠬᠦᠮᠦᠰ ᠲᠡᠭᠡᠨ ᠰᠠᠶᠢᠨ ᠬᠢᠷᠢ ᠪᠦᠲᠦᠮᠵᠢ ᠦᠯᠡᠳᠡᠭᠡᠵᠦ ᠦᠭᠬᠦ ᠬᠡᠷᠡᠭᠲᠡᠢ ᠪᠠᠶᠢᠳᠠᠭ᠃ | ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠦᠪ ᠬᠤᠷᠢᠶᠠᠨ ᠤ | ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠦᠭᠡᠷᠡᠴᠢᠯᠡᠯᠲᠡ ᠨᠡᠬᠡᠭᠡᠯᠲᠡ ᠶᠢ ᠡᠴᠦᠰ ᠲᠤᠨᠢ ᠲᠤᠯᠲᠠᠯ᠎ᠠ ᠬᠢᠵᠦ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠵᠦ᠂ ᠰᠢᠨ᠎ᠡ ᠴᠠᠭ ᠦᠶ᠎ᠡ ᠳᠤ | ᠳᠤᠮᠳᠠᠳᠤ ᠶᠢᠨ ᠦᠨᠳᠦᠰᠦᠲᠡᠨ ᠤ ᠰᠢᠨ᠎ᠡ ᠠᠭᠤᠤ ᠶᠡᠭᠡ ᠭᠠᠶᠢᠬᠠᠮᠰᠢᠭ ᠢ ᠡᠬᠦᠳᠰᠦᠬᠡᠢ︕ ᠳᠡᠯᠡᠬᠡᠢ ᠳ᠋ᠠᠬᠢᠨ ᠢ | ᠭᠠᠶᠢᠬᠠᠨ ᠪᠢᠰᠢᠷᠡᠭᠦᠯᠦᠮ᠎ᠡ ᠰᠢᠨ᠎ᠡ ᠨᠡᠩ ᠶᠡᠭᠡ ᠭᠠᠶᠢᠬᠠᠮᠰᠢᠭ ᠢ ᠡᠬᠦᠳᠰᠦᠬᠡᠢ︕ |