ᠦᠢᠯᠡᠴᠢᠯᠡᠭᠡᠨ ᠤ ᠨᠡᠷᠡᠶᠢᠳᠤᠯ᠄ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ | ᠲᠤᠭᠲᠠᠭᠠᠭᠰᠡᠨ ᠦᠨᠳᠤᠰᠦᠯᠡᠯ᠄ | ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ | ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠲᠦᠷ ᠴᠠᠭ ᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾᠃ | ᠭᠤᠶᠤᠴᠢᠯᠠᠬᠤ ᠨᠦᠭᠦᠴᠡᠯ᠄ | 1. ᠪᠦᠬᠦᠯᠢ16 ᠨᠠᠰᠦ ᠬᠦᠷᠦᠭᠰᠡᠨ ᠰᠠᠭᠤᠭᠠᠯᠢ ᠠᠷᠠᠳ ᠪᠤᠶᠤ ᠠᠩᠬᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ | ᠪᠠᠶᠢᠬᠤ ᠪᠦᠭᠡᠳ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠰᠤᠯᠢᠭᠠᠳᠤᠢ ᠰᠠᠭᠤᠭᠠᠯᠢ ᠠᠷᠠᠳ | 2. ᠪᠦᠬᠦᠯᠢ16 ᠨᠠᠰᠦ ᠦᠯᠦ ᠬᠦᠷᠦᠭᠰᠡᠳ᠂ ᠰᠠᠶᠢᠨ ᠳᠤᠷ᠎ᠠ ᠠᠴᠠ ᠪᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠭᠤᠶᠤᠴᠢᠯᠠᠨ ᠠᠪᠬᠤ ᠠᠷᠠᠳ ᠢᠷᠭᠡᠨ | 3. ᠴᠡᠷᠢᠭ ᠠᠩᠬᠢ ᠠᠴᠠ ᠪᠠᠭᠤᠵᠦ᠂ ᠴᠡᠷᠢᠭ ᠠᠴᠠ ᠰᠢᠯᠵᠢᠭᠰᠡᠳ᠂ ᠦᠩᠭᠡᠷᠡᠭᠰᠡᠨ ᠳᠤ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠭᠤᠶᠤᠴᠢᠯᠠᠭᠰᠡᠨ ᠦᠭᠡᠢ᠂ ᠡᠷᠤᠬᠡ ᠠᠮᠠ ᠤᠷᠤᠬᠤ ᠭᠠᠷ ᠭᠦᠢᠴᠡᠳᠭᠡᠯ ᠬᠢᠬᠦ ᠦᠶ᠎ᠡ ᠳᠤ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ | 4. ᠰᠢᠶᠠᠩᠭᠠᠩ ᠤᠨ ᠠᠬ᠎ᠠ ᠳᠡᠭᠦᠤ᠂ ᠤᠤᠮᠧᠨ ᠤ ᠠᠬ᠎ᠠ ᠳᠡᠭᠦᠤ᠂ ᠲᠠᠶᠢᠸᠠᠨ ᠤ ᠠᠬ᠎ᠠ ᠳᠡᠭᠦᠤ ᠲᠤᠳᠤᠷ ᠭᠠᠵᠠᠷ | ᠨᠡᠭᠦᠨ ᠤᠷᠤᠬᠤ᠂ ᠲᠤᠮᠳᠠᠳᠤ ᠶᠢᠨ ᠬᠠᠷᠢᠶᠠᠳᠤ ᠤᠯᠤᠰ ᠲᠠᠭᠠᠨ ᠪᠤᠴᠠᠨ ᠨᠤᠳᠤᠭᠰᠢᠨ ᠰᠠᠭᠤᠬᠤ ᠵᠢᠴᠢ ᠭᠠᠳᠠᠭᠠᠳᠤ | ᠶᠢᠨ ᠬᠦᠮᠦᠨ᠂ ᠤᠯᠤᠰ ᠤᠨ ᠬᠠᠷᠢᠶ᠎ᠠ ᠦᠭᠡᠢ ᠬᠦᠮᠦᠨ ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ | ᠳᠤᠲᠤᠷ᠎ᠠ ᠰᠠᠭᠤᠷᠢᠰᠢᠵᠦ ᠪᠠᠶᠢᠭ᠎ᠠ ᠪᠦᠭᠡᠳ ᠤᠯᠤᠰ ᠤᠨ ᠬᠠᠷᠢᠶᠠᠨ ᠳᠤ ᠣᠷᠤᠬᠤ ᠪᠠᠷ ᠵᠦᠪᠰᠢᠶᠡᠷᠡᠭᠳᠡᠭᠰᠡᠨ ᠪᠤᠶᠤ | ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠯᠤᠰ ᠤᠨ ᠬᠠᠷᠢᠶ᠎ᠠ ᠪᠠᠨ ᠰᠡᠷᠭᠦᠭᠡᠬᠦ᠂ ᠪᠠᠶᠢᠩᠭᠤ ᠶᠢᠨ | ᠡᠷᠤᠬᠡ ᠠᠮᠠ ᠶᠢᠨ ᠳᠠᠩᠰᠠᠯᠠᠯᠲᠠ ᠶᠢᠨ ᠦᠶ᠎ᠡ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ᠎ᠠ | ᠭᠦᠢᠴᠡᠳᠭᠡᠬᠦ ᠮᠠᠲ᠋ᠧᠷᠢᠶᠠᠯ᠄ | 1. ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠬᠦᠰᠦᠨᠦᠭ︾ ᠢ ᠬᠠᠷᠭᠤᠭᠤᠯᠤᠨ | ᠦᠵᠡᠬᠦ ᠪᠦᠭᠡᠳ ᠭᠠᠷ ᠤᠨ ᠦᠰᠦᠭ ᠵᠢᠷᠤᠨ᠎ᠠ | 2. ᠰᠠᠭᠤᠭᠠᠯᠢ ᠠᠷᠠᠳ ᠤᠨ ᠡᠷᠤᠬᠡ ᠠᠮᠠ ᠶᠢᠨ ᠳᠡᠪᠲᠡᠷ ᠢᠶᠠᠨ ᠪᠠᠶᠢᠴᠠᠭᠠᠯᠭᠠᠬᠤ | 3. ᠪᠦᠬᠦᠯᠢ 16 ᠨᠠᠰᠦ ᠦᠯᠦ ᠬᠦᠷᠦᠭᠰᠡᠳ᠂ ᠬᠢᠨᠠᠨ ᠬᠠᠮᠠᠭᠠᠯᠠᠭᠴᠢ ᠨᠢ ᠲᠡᠭᠦᠨ ᠢ ᠤᠷᠤᠯᠠᠵᠦ ᠰᠠᠭᠤᠭᠠᠯᠢ ᠠᠷᠠᠳ | ᠤᠨ ᠪᠡᠶ᠎ᠡ ᠶᠢᠨ ᠦᠨᠡᠮᠯᠡᠯ ᠭᠤᠶᠤᠴᠢᠯᠠᠨ᠎ᠠ᠂ ᠬᠢᠨᠠᠨ ᠬᠠᠮᠠᠭᠠᠯᠠᠭᠴᠢ ᠨᠢ ᠪᠠᠰᠠ ᠬᠤᠪᠢ ᠬᠦᠮᠦᠨ ᠤ ᠪᠡᠶ᠎ᠡ ᠶᠢᠨ | ᠦᠨᠡᠮᠯᠡᠯ ᠪᠤᠯᠤᠨ ᠬᠢᠨᠠᠨ ᠬᠠᠮᠠᠭᠠᠯᠠᠭᠳᠠᠭᠴᠢ ᠯᠤᠭ᠎ᠠ ᠶᠢᠨ ᠬᠠᠷᠢᠴᠠᠭᠠᠨ ᠤ ᠭᠡᠷᠡᠴᠢ ᠢᠶᠠᠨ ᠭᠠᠷᠭᠠᠨ᠎ᠠ ︵ᠵᠢᠱᠢᠶᠡᠯᠡᠪᠡᠯ᠄ | ᠲᠦᠷᠦᠭᠰᠡᠨ ᠭᠡᠷᠡᠴᠢ᠂ ᠭᠠᠭᠴᠠ ᠬᠡᠤᠬᠡᠳ ᠤᠨ ᠭᠡᠷᠡᠴᠢ ᠪᠤᠶᠤ ᠡᠷᠤᠬᠡ ᠠᠮᠠ ᠶᠢᠨ ᠳᠠᠩᠰᠯᠠᠯ ᠨᠢ ᠠᠳᠠᠯᠢ ᠨᠢᠭᠡᠨ | ᠳᠡᠪᠲᠡᠷ ᠳᠡᠭᠡᠷ᠎ᠡ ᠪᠠᠶᠢᠬᠤ ᠡᠷᠤᠬᠡ ᠠᠮᠠ ᠶᠢᠨ ᠳᠡᠪᠲᠡᠷ ᠵᠡᠷᠭᠡ︶ | ᠭᠦᠢᠴᠡᠳᠭᠡᠬᠦ ᠠᠵᠢᠯ ᠤᠨ ᠶᠠᠪᠤᠴᠠ᠄ | ᠲᠤᠰ ᠬᠦᠮᠦᠨ ᠡᠷᠤᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠲᠤᠮᠢᠯᠠᠭᠰᠡᠨ ᠰᠠᠯᠪᠤᠷᠢ ᠳᠤ ᠭᠤᠶᠤᠴᠢᠯᠠᠨ᠎ᠠ᠂ | ᠠᠷᠠᠳ ᠢᠷᠭᠡᠳ ᠤᠨ ᠪᠡᠶ᠎ᠡ ᠶᠢᠨ ᠬᠢᠷᠢ ᠬᠡᠮ ᠢ ᠨᠤᠳᠠᠯᠠᠵᠦ᠂ ᠦᠨᠡᠮᠯᠡᠯ ᠤᠨ ᠦᠷᠳᠡᠭ ᠤᠨ ᠵᠠᠷᠤᠳᠠᠯ ᠲᠤᠰᠢᠶᠠᠬᠤ | ᠵᠢᠴᠢ ᠵᠢᠷᠤᠭ ᠲᠦᠷᠰᠤᠳᠤ ᠮᠡᠳᠡᠭᠡ ᠵᠠᠩᠬᠢ ᠴᠤᠭᠯᠠᠭᠤᠯᠬᠤ | ᠴᠠᠭ ᠤᠨ ᠬᠢᠵᠠᠭᠠᠷ ᠄ 60 ᠠᠵᠢᠯᠯᠠᠬᠤ ᠡᠳᠤᠷ | ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 8᠄ 30 —12᠄ | 00᠂ ᠦᠳᠡ ᠶᠢᠨ ᠬᠤᠶᠢᠨ᠎ᠠ 15᠄ 00 —18᠄ 00 | ᠰᠦᠢᠳᠭᠡᠯ ᠬᠤᠷᠢᠶᠠᠬᠤ ᠪᠠᠶᠢᠳᠠᠯ᠄ ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠬᠤᠷᠢᠶ᠎ᠠ᠂ ᠡᠳ᠋ ᠤᠨ | ᠵᠠᠰᠠᠭ ᠤᠨ ᠶᠠᠮᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠵᠢᠴᠢ | ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ ︵ᠬᠦᠭᠵᠢᠭᠦᠯᠦᠯᠲᠡ ᠦᠭᠡᠷᠡᠴᠢᠯᠡᠯᠲᠡ ᠶᠢᠨ ᠦᠨ᠎ᠡ | ᠬᠠᠩᠰᠢ ﹇2003﹈ 2322 ᠳ᠋ᠤᠭᠠᠷ︶ | ᠭᠦᠢᠴᠡᠳᠭᠡᠬᠦ ᠭᠠᠵᠠᠷ᠄ ᠡᠷᠤᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠲᠤᠳᠤᠭᠠᠳᠤ ᠬᠠᠮᠠᠭᠠᠯᠠᠬᠤ ᠲᠤᠮᠢᠯᠠᠭᠰᠡᠨ | ᠰᠠᠯᠪᠤᠷᠢ | ᠬᠠᠷᠢᠭᠤᠴᠠᠯᠭᠠᠳᠤ ᠰᠠᠯᠠᠭ᠎ᠠ ᠮᠦᠴᠢᠷ᠄ ᠦᠬᠠᠢ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ | ᠬᠠᠷᠢᠯᠴᠠᠬᠤ ᠤᠳᠠᠰᠤ᠄ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠦᠨᠳᠦᠰᠦᠨ ᠱᠠᠳᠣᠨ ᠤ | ᠰᠠᠭᠤᠷᠢ ᠰᠠᠯᠪᠤᠷᠢ ᠠᠩᠭᠢ ᠶᠢᠨ ᠯᠠᠪᠯᠠᠬᠤ ᠣᠳᠠᠰᠣ᠄ 0473 — 2052736︔ ᠬᠠᠶᠢᠷᠣᠪ ᠤᠨ ᠲᠤᠬᠤᠢ | ᠲᠤᠭᠤᠷᠢᠭ ᠤᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠡᠷᠦᠭᠡ ᠠᠮᠠ ᠶᠢᠨ ᠲᠠᠩᠰᠠᠨ ᠤ ᠲᠤᠬᠠᠶᠢᠯᠠᠭᠰᠠᠨ ᠠᠵᠢᠯ | ᠤᠨ ᠯᠠᠪᠯᠠᠬᠤ ᠣᠳᠠᠰᠣ᠄ 0473 — 2997579︔ ᠣᠳᠠ ᠲᠤᠭᠤᠷᠢᠭ ᠤᠨ ᠠᠮᠤᠷ ᠢ ᠬᠠᠮᠠᠭᠠᠯᠠᠬᠤ ᠶᠡᠭᠡ | ᠠᠩᠭᠢ ᠶᠢᠨ ᠡᠷᠦᠭᠡ ᠠᠮᠠ ᠶᠢᠨ ᠲᠠᠩᠰᠠᠨ ᠤ ᠲᠤᠬᠠᠶᠢᠯᠠᠭᠰᠠᠨ ᠠᠵᠢᠯ ᠤᠨ ᠯᠠᠪᠯᠠᠬᠤ ᠣᠳᠠᠰᠣ᠄ 0473 — | 3988251︔ ᠬᠠᠶᠢᠨᠠᠨ ᠲᠤᠭᠤᠷᠢᠭ ᠤᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠡᠷᠦᠭᠡ ᠠᠮᠠ ᠶᠢᠨ ᠲᠠᠩᠰᠠᠨ | ᠤ ᠲᠤᠬᠠᠶᠢᠯᠠᠭᠰᠠᠨ ᠠᠵᠢᠯ ᠤᠨ ᠯᠠᠪᠯᠠᠬᠤ ᠣᠳᠠᠰᠣ᠄ 0473 — 4021126 | |