ᠭᠤᠤᠯ ᠡᠭᠦᠷᠭᠡ ᠬᠠᠷᠢᠭᠤᠴᠠᠯᠭ᠎ᠠ ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠤᠷᠤᠨ ᠪᠠ ᠦᠬᠠᠢ ᠬᠤᠲᠠ ᠶᠢᠨ ᠮᠠᠯ ᠲᠠᠷᠢᠶᠠᠯᠠᠩ ᠠᠵᠤ | ᠠᠬᠤᠢ ᠶᠢᠨ ᠥᠢᠯᠡᠰ ᠪᠠ ᠬᠥᠲᠡᠭᠡ ᠲᠤᠰᠬᠤᠨ ᠮᠠᠯᠵᠢᠬᠤ ᠤᠷᠤᠨ ᠤ ᠠᠵᠤ ᠠᠬᠤᠢ ᠶᠢᠨ ᠬᠥᠭᠵᠢᠭᠦᠯᠥᠯᠲᠡ ᠶᠢᠨ | ᠠᠵᠢᠯ ᠤᠨ ᠲᠤᠬᠠᠢ ᠴᠢᠭᠯᠡᠯᠲᠡ ᠲᠥᠷᠤ ᠶᠢᠨ ᠪᠤᠲᠤᠯᠭ᠎ᠠ᠂ ᠬᠠᠤᠯᠢ ᠴᠠᠭᠠᠵᠠ ᠬᠠᠤᠯᠢ ᠲᠥᠷᠢᠮ ᠢ ᠲᠤᠤᠱᠯᠠᠭᠤᠯᠤᠨ | ᠭᠡᠷᠡᠭᠵᠢᠬᠦᠯᠬᠦ ᠶᠢᠨ ᠬᠠᠮᠲᠤ ᠬᠢᠨᠠᠨ ᠨᠠᠶᠢᠲᠠᠪᠤᠷᠢᠵᠢᠭᠤᠯᠤᠨ᠎ᠠ︔ ᠪᠥᠬᠦ ᠬᠤᠲᠠ ᠶᠢᠨ ᠲᠠᠷᠢᠯᠭ᠎ᠠ ᠮᠠᠯ ᠤᠨ ᠥᠢᠯᠡᠰ᠂ | ᠮᠠᠯᠵᠢᠯ ᠤᠨ ᠥᠢᠯᠡᠰ᠂ ᠮᠠᠯ ᠲᠠᠷᠢᠶᠠᠯᠠᠩ ᠠᠵᠤ ᠠᠬᠤᠢ ᠶᠢᠨ ᠮᠧᠬᠠᠨᠢᠭᠵᠢᠭᠤᠯᠤᠯᠲᠠ᠂ ᠠᠲᠠᠷ ᠬᠠᠭᠠᠯᠪᠤᠷᠢᠯᠠᠬᠤ᠂ | ᠰᠤᠮᠤ ᠪᠠᠯᠭᠠᠰᠤ ᠶᠢᠨ ᠠᠵᠤ ᠠᠬᠤᠶᠢᠯᠠᠯ ᠵᠠᠷᠭᠡ ᠮᠠᠯ ᠲᠠᠷᠢᠶᠠᠯᠠᠩ ᠠᠵᠤ ᠠᠬᠤᠢ ᠶᠢᠨ ᠠᠵᠤ ᠥᠢᠯᠡᠰ ᠪᠠ ᠬᠥᠲᠡᠭᠡ | ᠲᠤᠰᠬᠤᠨ ᠮᠠᠯᠵᠢᠬᠤ ᠤᠷᠤᠨ ᠤ ᠠᠵᠤ ᠠᠬᠤᠢ ᠶᠢᠨ ᠬᠥᠭᠵᠢᠬᠦᠯᠥᠯᠲᠡ ᠶᠢᠨ ᠴᠢᠭᠯᠡᠯᠲᠡ ᠲᠥᠷᠤ ᠶᠢᠨ ᠪᠤᠲᠤᠯᠭ᠎ᠠ᠂ | ᠬᠥᠭᠵᠢᠭᠦᠯᠥᠯᠲᠡ ᠶᠢᠨ ᠲᠥᠯᠤᠪᠵᠢᠬᠦᠯᠭᠡ᠂ ᠵᠢᠯ ᠤᠨ ᠲᠥᠯᠤᠪᠯᠡᠭᠡ ᠶᠢ ᠰᠤᠲᠤᠯᠤᠨ ᠲᠤᠭᠲᠠᠭᠠᠬᠤ ᠶᠢᠨ ᠬᠠᠮᠲᠤ | ᠵᠤᠬᠢᠶᠠᠨ ᠪᠠᠶᠢᠭᠤᠯᠤᠨ ᠬᠡᠷᠡᠭᠵᠢᠬᠦᠯᠥᠨ᠎ᠡ︔ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠮᠠᠯᠵᠢᠯ ᠮᠠᠯᠵᠢᠬᠤ | ᠤᠷᠤᠨ ᠮᠠᠯᠴᠢᠨ ᠤ ᠡᠳ᠋ ᠤᠨ ᠵᠠᠰᠠᠭ ᠭᠠᠶᠢᠯᠠᠢ ᠶᠢᠨ ᠶᠠᠪᠤᠲᠠᠯ᠂ ᠥᠨ᠎ᠠ ᠬᠠᠩᠰᠢ᠂ ᠮᠥᠩᠬᠦᠨ ᠬᠥᠢᠯᠭᠡᠭᠡᠨ ᠤ | ᠲᠠᠭᠠᠳᠬᠠᠯ᠂ ᠭᠠᠲᠠᠭᠠᠲᠤ ᠠᠴᠠ ᠤᠷᠤᠭᠤᠯᠵᠤ ᠭᠠᠲᠠᠭᠠᠲᠤ ᠳᠤ ᠭᠠᠷᠭᠠᠬᠤ ᠵᠠᠷᠭᠡ ᠲᠥᠷᠤ ᠶᠢᠨ ᠪᠤᠲᠤᠯᠭ᠎ᠠ ᠪᠠ ᠠᠷᠭ᠎ᠠ | ᠬᠡᠮᠵᠢᠶ᠎ᠡ ᠲᠤᠭᠲᠠᠭᠠᠬᠤ ᠳᠤ ᠤᠷᠤᠯᠴᠠᠨ᠎ᠠ᠃ | ︵ᠬᠤᠶᠠᠷ︶ ᠬᠥᠲᠡᠭᠡ ᠲᠤᠰᠬᠤᠨ ᠮᠠᠯᠵᠢᠬᠤ ᠤᠷᠤᠨ ᠤ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠶᠢ | ᠰᠠᠶᠢᠵᠢᠷᠠᠭᠤᠯᠬᠤ ᠬᠠᠷᠢᠭᠤᠴᠠᠯᠭ᠎ᠠ ᠶᠢ ᠡᠬᠦᠷᠭᠡᠯᠡᠵᠤ᠂ ᠦᠬᠠᠢ ᠬᠤᠲᠠ ᠶᠢᠨ ᠬᠥᠲᠡᠭᠡ ᠲᠤᠰᠬᠤᠨ ᠮᠠᠯᠵᠢᠬᠤ | ᠤᠷᠤᠨ ᠤ ᠠᠵᠤ ᠠᠬᠤᠢ ᠶᠢᠨ ᠲᠤᠭᠲᠠᠯᠴᠠᠭ᠎ᠠ ᠶᠢᠨ ᠥᠭᠡᠷᠡᠴᠢᠯᠡᠯᠲᠡ ᠶᠢ ᠬᠥᠨᠵᠡᠭᠡᠶᠢᠷᠡᠬᠦᠯᠬᠦ ᠪᠠ ᠬᠥᠲᠡᠭᠡ ᠲᠤᠰᠬᠤᠨ | ᠮᠠᠯᠵᠢᠬᠤ ᠤᠷᠤᠨ ᠤ ᠥᠨᠲᠤᠰᠤᠨ ᠡᠵᠡᠩᠨᠡᠯᠲᠡ ᠶᠢᠨ ᠲᠥᠷᠢᠮ ᠢ ᠲᠤᠭᠲᠠᠭᠤᠨ ᠲᠡᠬᠦᠯᠲᠡᠷᠵᠢᠬᠦᠯᠬᠦ ᠲᠥᠷᠤ ᠶᠢᠨ | ᠪᠤᠲᠤᠯᠭ᠎ᠠ ᠰᠠᠨᠠᠭᠤᠯᠭ᠎ᠠ ᠰᠤᠲᠤᠯᠤᠨ ᠲᠤᠷᠠᠲᠤᠨᠠ︔ ᠦᠬᠠᠢ ᠬᠤᠲᠠ ᠶᠢᠨ ᠮᠠᠯ ᠲᠠᠷᠢᠶᠠᠯᠠᠩ ᠤᠨ ᠠᠵᠤ | ᠠᠬᠤᠢ ᠶᠢᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠥᠰᠤᠯ ᠢ ᠵᠤᠬᠢᠶᠠᠨ ᠪᠠᠶᠢᠭᠤᠯᠵᠤ ᠲᠤᠭᠤᠷᠪᠢᠨ | ᠲᠤᠭᠲᠠᠭᠠᠵᠤ᠂ ᠮᠠᠯ ᠲᠠᠷᠢᠶᠠᠯᠠᠩ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠭᠲᠠᠯᠴᠠᠭ᠎ᠠ ᠶᠢ | ᠲᠡᠬᠦᠯᠲᠡᠷᠵᠢᠭᠦᠯᠥᠨᠡ︔ ᠮᠠᠯ ᠲᠠᠷᠢᠶᠠᠯᠠᠩ ᠤᠨ ᠠᠵᠤ ᠠᠬᠤᠢ ᠶᠢᠨ ᠨᠠᠶᠢᠭᠡᠮᠴᠢᠯᠠᠯᠲᠠ ᠶᠢᠨ ᠥᠢᠯᠡᠴᠢᠯᠡᠭᠡᠨ ᠤ | ᠲᠤᠭᠲᠠᠯᠴᠠᠭ᠎ᠠ᠂ ᠬᠥᠲᠡᠭᠡ ᠲᠤᠰᠬᠤᠨ ᠮᠠᠯᠵᠢᠬᠤ ᠤᠷᠤᠨ ᠤ ᠬᠤᠷᠰᠢᠭᠰᠠᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠪᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠠᠵᠢᠯ | ᠲᠥᠷᠤᠯ ᠤᠨ ᠨᠡᠶᠢᠭᠡᠮᠯᠢᠭ ᠤᠨ ᠪᠠᠶᠢᠭᠤᠯᠤᠯᠲᠠ ᠪᠠ ᠬᠥᠭᠵᠢᠭᠦᠯᠥᠯᠲᠡ ᠶᠢ ᠲᠡᠮᠵᠢᠨ᠎ᠡ︔ ᠬᠥᠲᠡᠭᠡ ᠲᠤᠰᠬᠤᠨ | ᠮᠠᠯᠵᠢᠬᠤ ᠤᠷᠤᠨ ᠤ ᠭᠠᠵᠠᠷ ᠰᠢᠷᠤᠢ ᠨᠤᠲᠤᠭ ᠪᠡᠯᠴᠢᠭᠡᠷ ᠤᠨ ᠲᠠᠭᠠᠭᠠᠴᠢᠯᠠᠯᠲᠠ᠂ ᠲᠠᠷᠢᠶᠠᠨ ᠭᠠᠵᠠᠷ ᠤᠨ | ᠭᠡᠷᠡᠭᠯᠡᠯᠲᠡ ᠶᠢᠨ ᠡᠷᠭᠡ ᠶᠢᠨ ᠰᠢᠯᠵᠢᠬᠦᠯᠥᠯᠲᠡ ᠪᠠ ᠲᠠᠭᠠᠭᠠᠴᠢᠯᠠᠯᠲᠠ ᠶᠢᠨ ᠵᠢᠭᠤᠷᠠᠭᠠᠨ ᠤ ᠬᠥᠨᠲᠡᠯᠡᠨ | ᠲᠠᠰᠤᠯᠤᠯᠲᠠ ᠶᠢᠨ ᠬᠠᠮᠢᠶᠠᠷᠤᠯᠲᠠ ᠶᠢ ᠵᠢᠯᠤᠭᠤᠲᠤᠨ᠎ᠠ︔ ᠮᠠᠯᠴᠢᠨ ᠲᠠᠷᠢᠶᠠᠴᠢᠨ ᠤ ᠲᠠᠷᠤᠭᠠᠰᠤ ᠶᠢ ᠬᠥᠩᠭᠡᠯᠡᠬᠦ ᠪᠠ | ᠮᠠᠯᠴᠢᠨ ᠲᠠᠷᠢᠶᠠᠴᠢᠨ ᠤ ᠪᠡᠯᠡ ᠮᠥᠩᠭᠦ ᠬᠤᠷᠠᠮᠲᠠᠭᠤᠯᠬᠤ ᠬᠥᠲᠡᠯᠮᠤᠷᠢ ᠬᠥᠴᠤᠨ ᠴᠤᠭᠯᠠᠭᠤᠯᠬᠤ ᠬᠠᠮᠢᠶᠠᠷᠤᠯᠲᠠ ᠶᠢᠨ | ᠠᠵᠢᠯ ᠳᠤ ᠬᠢᠨᠠᠯᠲᠠ ᠲᠠᠯᠪᠢᠵᠤ᠂ ᠬᠥᠲᠡᠭᠡ ᠲᠤᠰᠬᠤᠨ ᠮᠠᠯᠵᠢᠬᠤ ᠤᠷᠤᠨ ᠤ ᠬᠠᠮᠲᠤ ᠶᠢᠨ ᠪᠡᠯᠡ ᠬᠥᠷᠤᠩᠭᠡ ᠪᠠ | ᠡᠳ᠋ ᠤᠨ ᠶᠠᠪᠤᠲᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ | ︵ᠭᠤᠷᠪᠠ︶ ᠠᠮᠤ ᠪᠤᠲᠠᠭ᠎ᠠ ᠵᠠᠷᠭᠡ ᠭᠤᠤᠯ ᠲᠠᠷᠢᠶᠠᠯᠠᠩ ᠤᠨ ᠪᠥᠲᠤᠭᠡᠭᠲᠡᠬᠦᠨ ᠤ ᠥᠢᠯᠡᠳᠪᠤᠷᠢᠯᠠᠯ ᠤᠨ | ᠬᠥᠭᠵᠢᠬᠦᠯᠥᠯᠲᠡ ᠶᠢ ᠠᠬᠢᠭᠤᠯᠬᠤ ᠬᠤᠯᠪᠤᠭᠲᠠᠯ ᠪᠥᠬᠦᠢ ᠲᠥᠷᠤ ᠶᠢᠨ ᠪᠤᠲᠤᠯᠭ᠎ᠠ ᠠᠷᠭ᠎ᠠ ᠪᠠᠷᠢᠯ ᠢ ᠵᠤᠬᠢᠶᠠᠨ | ᠪᠠᠶᠢᠭᠤᠯᠤᠨ ᠨᠠᠶᠢᠲᠠᠪᠤᠷᠢᠵᠢᠭᠤᠯᠬᠤ ᠶᠢ ᠬᠠᠷᠢᠭᠤᠴᠠᠵᠤ᠂ ᠲᠠᠷᠢᠶᠠᠯᠠᠩ ᠤᠨ ᠠᠵᠤ ᠥᠢᠯᠡᠰ ᠤᠨ ᠪᠥᠲᠤᠴᠨ ᠶᠢᠨ | ᠲᠤᠬᠢᠷᠠᠭᠤᠯᠤᠯᠲᠠ ᠪᠠ ᠪᠥᠲᠤᠭᠡᠭᠲᠡᠬᠦᠨ ᠤ ᠶᠠᠰᠤ ᠴᠢᠨᠠᠷ ᠢ ᠰᠠᠶᠢᠵᠢᠷᠠᠭᠤᠯᠬᠤ ᠶᠢ ᠵᠢᠯᠤᠭᠤᠲᠤᠨ᠎ᠠ︔ ᠬᠤᠯᠪᠤᠭᠲᠠᠯ | ᠪᠥᠬᠦᠢ ᠰᠠᠯᠠᠭ᠎ᠠ ᠮᠥᠴᠢᠷ ᠲᠠᠢ ᠬᠠᠮᠲᠤ ᠲᠠᠷᠢᠶᠠᠯᠠᠩ ᠤᠨ ᠪᠠᠷᠢᠮᠵᠢᠶᠠᠵᠢᠭᠤᠯᠤᠯᠲᠠ᠂ ᠭᠡᠪᠴᠢᠶᠡᠵᠢᠬᠦᠯᠥᠯᠲᠡ ᠶᠢᠨ | ᠥᠢᠯᠡᠳᠪᠤᠷᠢᠯᠡᠯ ᠢ ᠵᠢᠯᠤᠭᠤᠳᠴᠤ᠂ ᠦᠬᠠᠢ ᠬᠤᠲᠠ ᠶᠢᠨ ᠲᠤᠭᠲᠠᠭᠠᠭᠰᠠ ᠡᠷᠭᠡ ᠮᠡᠲᠡᠯ ᠤᠨ ᠬᠡᠪᠴᠢᠶᠠᠨ ᠳᠤ | ᠦᠬᠠᠢ ᠬᠤᠲᠠ ᠶᠢᠨ ᠲᠥᠯᠤᠪᠵᠢᠬᠦᠯᠭᠡ ᠶᠢᠨ ᠬᠡᠪᠴᠢᠶ᠎ᠠ ᠪᠠ ᠵᠢᠯ ᠤᠨ ᠲᠥᠯᠤᠪᠯᠡᠭᠡ ᠶᠢᠨ ᠬᠡᠪᠴᠢᠶᠠᠨ ᠲᠤᠲᠤᠷᠠᠬᠢ | ᠲᠤᠭᠲᠠᠮᠠᠯ ᠬᠥᠷᠤᠩᠭᠡ ᠶᠢᠨ ᠪᠡᠯᠡ ᠤᠷᠤᠭᠤᠯᠤᠯᠲᠠ ᠶᠢᠨ ᠵᠥᠢᠯ ᠢ ᠬᠢᠨᠠᠨ ᠵᠥᠪᠰᠢᠶᠡᠷᠡᠵᠤ ᠬᠠᠷᠭᠤᠭᠤᠯᠤᠨ᠎ᠠ︔ | ᠰᠠᠯᠠᠭ᠎ᠠ ᠮᠥᠴᠢᠷ ᠤᠨ ᠲᠥᠰᠤᠪ ᠢ ᠨᠠᠶᠢᠷᠠᠭᠤᠯᠤᠨ ᠮᠡᠲᠡᠬᠦᠯᠬᠦ ᠪᠥᠭᠡᠳ ᠵᠤᠬᠢᠶᠠᠨ ᠪᠠᠶᠢᠭᠤᠯᠤᠨ ᠭᠡᠷᠡᠭᠵᠢᠬᠦᠯᠵᠥ᠂ | ᠲᠠᠷᠢᠶᠠᠯᠠᠩ ᠤᠨ ᠥᠢᠯᠡᠰ᠂ ᠬᠥᠲᠡᠭᠡ ᠲᠤᠰᠬᠤᠨ ᠤ ᠬᠥᠭᠵᠢᠬᠦᠯᠥᠯᠲᠡ ᠶᠢ ᠲᠠᠮᠵᠢᠬᠦ ᠡᠳ᠋ ᠤᠨ ᠵᠠᠰᠠᠭ ᠤᠨ | ᠲᠥᠷᠤ ᠶᠢᠨ ᠪᠤᠲᠤᠯᠭ᠎ᠠ ᠪᠠ ᠲᠥᠷᠤᠯ ᠵᠥᠢᠯ ᠤᠨ ᠰᠠᠨᠠᠭᠤᠯᠭ᠎ᠠ ᠶᠢ ᠲᠤᠷᠠᠲᠤᠨ ᠭᠠᠷᠭᠠᠨ᠎ᠠ︔ ᠲᠠᠷᠢᠶᠠᠯᠠᠩ ᠤᠨ | ᠨᠡᠭᠡᠭᠡᠯᠲᠡ ᠶᠢᠨ ᠲᠥᠯᠤᠪᠵᠢᠬᠦᠯᠭᠡ ᠶᠢ ᠲᠤᠭᠤᠷᠪᠢᠨ ᠲᠤᠭᠲᠠᠭᠠᠬᠤ ᠶᠢᠨ ᠬᠠᠮᠲᠤ ᠬᠢᠨᠠᠨ ᠭᠡᠷᠡᠭᠵᠢᠬᠦᠯᠥᠨ᠎ᠡ︔ | ᠦᠬᠠᠢ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠶᠢ ᠬᠠᠮᠵᠢᠨ ᠲᠠᠷᠢᠶᠠᠯᠠᠩ ᠤᠨ ᠥᠢᠯᠡᠰ ᠤᠨ ᠶᠡᠷᠥᠩᠭᠡᠢ | ᠨᠡᠭᠡᠭᠡᠯᠲᠡ ᠶᠢᠨ ᠵᠥᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠥᠨ᠎ᠡ᠃ | ︵ᠲᠥᠷᠪᠡ︶ ᠮᠠᠯ ᠤᠨ ᠠᠵᠤ ᠠᠬᠤᠢ ᠶᠢᠨ ᠥᠢᠯᠡᠳᠪᠤᠷᠢᠯᠠᠯ ᠢ ᠠᠬᠢᠭᠤᠯᠬᠤ ᠬᠤᠯᠪᠤᠭᠲᠠᠯ ᠪᠥᠬᠦᠢ | ᠲᠥᠷᠤ ᠶᠢᠨ ᠪᠤᠲᠤᠯᠭ᠎ᠠ ᠠᠷᠭ᠎ᠠ ᠬᠡᠮᠵᠢᠶ᠎ᠠ ᠶᠢ ᠵᠤᠬᠢᠶᠠᠨ ᠪᠠᠶᠢᠭᠤᠯᠵᠤ ᠨᠠᠶᠢᠲᠠᠪᠤᠷᠢᠵᠢᠭᠤᠯᠬᠤ ᠶᠢ ᠬᠠᠷᠢᠭᠤᠴᠠᠨ᠂ | ᠮᠠᠯ ᠤᠨ ᠠᠵᠤ ᠠᠬᠤᠢ ᠶᠢᠨ ᠪᠥᠲᠤᠴᠨ ᠤᠨ ᠲᠤᠬᠢᠷᠠᠭᠤᠯᠤᠯᠲᠠ ᠪᠠ ᠭᠤᠤᠯ ᠪᠤᠯᠬᠤ ᠮᠠᠯ ᠤᠨ ᠠᠰᠢᠭ ᠰᠢᠮ᠎ᠡ ᠶᠢᠨ | ᠪᠥᠲᠤᠭᠡᠭᠲᠡᠬᠦᠨ ᠤ ᠶᠠᠰᠤ ᠴᠢᠨᠠᠷ ᠤᠨ ᠲᠡᠭᠡᠭᠰᠢᠯᠡᠯᠲᠡ ᠶᠢ ᠵᠢᠯᠤᠭᠤᠲᠤᠨ᠎ᠠ︔ ᠬᠤᠯᠪᠤᠭᠲᠠᠯ ᠪᠥᠬᠦᠢ ᠰᠠᠯᠠᠭ᠎ᠠ | ᠮᠥᠴᠢᠷ ᠲᠠᠢ ᠬᠠᠮᠲᠤ ᠪᠠᠷ ᠮᠠᠯ ᠤᠨ ᠠᠵᠤ ᠥᠢᠯᠡᠰ ᠤᠨ ᠤᠷᠤᠨ ᠪᠥᠰᠡ ᠶᠢᠨ | ᠪᠠᠶᠢᠷᠢᠯᠠᠭᠤᠯᠤᠯᠲᠠ ᠵᠢᠨᠰᠢᠯᠢᠲᠡᠭᠵᠢᠬᠦᠯᠥᠯᠲᠡ ᠶᠢ ᠵᠢᠯᠤᠭᠤᠳᠴᠤ᠂ ᠪᠠᠷᠢᠮᠵᠢᠶᠠᠵᠢᠭᠤᠯᠤᠯᠲᠠ᠂ | ᠬᠡᠪᠴᠢᠶᠡᠵᠢᠬᠦᠯᠥᠯᠲᠡ ᠶᠢᠨ ᠥᠢᠯᠡᠳᠪᠤᠷᠢᠯᠡᠯ ᠢ ᠵᠢᠯᠤᠭᠤᠲᠤᠨ᠎ᠠ︔ ᠰᠥ ᠶᠢᠨ ᠥᠢᠯᠡᠰ ᠤᠨ ᠥᠢᠯᠡᠳᠪᠤᠷᠢᠯᠠᠯ ᠤᠨ | ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠮᠠᠯ ᠤᠨ ᠠᠵᠤ ᠠᠬᠤᠢ ᠶᠢᠨ ᠥᠢᠯᠡᠳᠪᠤᠷᠢᠯᠠᠯ ᠤᠨ ᠰᠡᠷᠡᠮᠵᠢᠬᠦᠯᠤᠯᠲᠠ | ᠬᠢᠨᠠᠨ ᠰᠢᠯᠭᠠᠯᠲᠠ ᠵᠢᠴᠢ ᠭᠠᠮᠰᠢᠭ ᠢ ᠰᠡᠷᠭᠡᠶᠢᠯᠡᠨ ᠪᠠᠭᠠᠰᠬᠠᠬᠤ ᠠᠵᠢᠯ ᠢ ᠬᠠᠷᠢᠭᠤᠴᠠᠨ᠎ᠠ᠃ | ︵ᠲᠠᠪᠤ︶ ᠮᠠᠯ ᠲᠠᠷᠢᠶᠠᠯᠠᠩ ᠤᠨ ᠠᠵᠤ ᠠᠬᠤᠢ ᠶᠢᠨ ᠠᠵᠤ ᠥᠢᠯᠡᠰᠵᠢᠬᠦᠯᠥᠯᠲᠠ ᠶᠢᠨ ᠡᠵᠡᠩᠨᠡᠯᠲᠡ ᠶᠢᠨ | ᠲᠥᠷᠤ ᠶᠢᠨ ᠪᠤᠲᠤᠯᠭ᠎ᠠ᠂ ᠲᠥᠯᠤᠪᠵᠢᠬᠦᠯᠭᠡ ᠶᠢ ᠬᠠᠷᠢᠭᠤᠴᠠᠨ ᠲᠤᠭᠤᠷᠪᠢᠨ ᠲᠤᠭᠲᠠᠭᠠᠬᠤ ᠪᠥᠭᠡᠳ ᠵᠤᠬᠢᠶᠠᠨ | ᠪᠠᠶᠢᠭᠤᠯᠤᠨ ᠭᠡᠷᠡᠭᠵᠢᠬᠦᠯᠥᠨ᠎ᠡ︔ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠤᠯᠪᠠᠰᠤᠷᠠᠭᠤᠯᠤᠯ ᠤᠨ ᠥᠢᠯᠡᠰ ᠤᠨ | ᠪᠥᠲᠤᠴᠨ ᠤᠨ ᠲᠤᠬᠢᠷᠠᠭᠤᠯᠤᠯᠲᠠ᠂ ᠮᠡᠷᠭᠡᠵᠢᠯ ᠤᠨ ᠰᠢᠨᠡᠴᠢᠯᠠᠯᠲᠡ ᠪᠠ ᠥᠢᠯᠡᠴᠢᠯᠡᠭᠡᠨ ᠤ ᠲᠤᠭᠲᠠᠯᠴᠠᠭ᠎ᠠ ᠶᠢᠨ | ᠪᠠᠶᠢᠭᠤᠯᠤᠯᠲᠠ ᠶᠢ ᠵᠢᠯᠤᠭᠤᠲᠤᠨ᠎ᠠ︔ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠥᠭᠡᠮ ᠥᠢᠯᠡᠳᠬᠦᠨ ᠤ ᠵᠠᠬ᠎ᠠ | ᠲᠠᠯᠭᠡᠬᠦᠷ ᠤᠨ ᠲᠤᠭᠲᠠᠯᠴᠠᠭ᠎ᠠ ᠶᠢᠨ ᠪᠠᠶᠢᠭᠤᠯᠤᠯᠲᠠ ᠪᠠ ᠬᠥᠭᠵᠢᠬᠦᠯᠥᠯᠲᠡ ᠶᠢᠨ ᠲᠥᠯᠤᠪᠵᠢᠬᠦᠯᠭᠡ ᠶᠢ ᠰᠤᠲᠤᠯᠤᠨ | ᠲᠤᠭᠲᠠᠭᠠᠨ᠎ᠠ ︔ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠥᠲᠤᠭᠡᠭᠲᠡᠬᠦᠨ ᠤ ᠱᠤᠱᠢᠭ᠎ᠠ ᠶᠢ ᠪᠤᠶᠢᠵᠢᠭᠤᠯᠤᠨ | ᠬᠠᠮᠠᠭᠠᠯᠠᠨ᠎ᠠ︔ ᠰᠤᠮᠤ ᠪᠠᠯᠭᠠᠰᠤ ᠶᠢᠨ ᠠᠵᠤ ᠠᠬᠤᠶᠢᠯᠠᠯ ᠤᠨ ᠬᠥᠭᠵᠢᠬᠦᠯᠥᠯᠲᠡ ᠶᠢᠨ ᠲᠥᠯᠥᠪᠵᠢᠬᠦᠯᠭᠡ᠂ | ᠲᠥᠯᠥᠪᠯᠡᠭᠡ ᠶᠢ ᠲᠤᠭᠲᠠᠭᠠᠨ᠂ ᠬᠤᠰᠢᠭᠤ ᠶᠢᠨ ᠬᠡᠪᠴᠢᠶᠠᠨ ᠳᠠᠬᠢ ᠠᠵᠤ ᠠᠬᠤᠢ ᠶᠢᠨ ᠬᠥᠭᠵᠢᠬᠦᠯᠥᠯᠲᠡ ᠶᠢ | ᠵᠢᠯᠤᠭᠤᠲᠤᠨ᠎ᠠ︔ ᠰᠤᠮᠤ ᠪᠠᠯᠭᠠᠰᠤ ᠶᠢᠨ ᠠᠵᠤ ᠠᠬᠤᠶᠢᠠᠯᠠᠯ ᠤᠨ ᠲᠤᠰᠬᠠᠶᠢᠯᠠᠭᠰᠠᠨ ᠮᠡᠷᠭᠡᠵᠢᠯ ᠤᠨ ᠴᠢᠲᠠᠪᠤᠷᠢ ᠶᠢᠨ | ᠨᠡᠭᠡᠭᠡᠯᠲᠡ ᠶᠢᠨ ᠠᠵᠢᠯ ᠢ ᠵᠢᠯᠤᠭᠤᠲᠤᠨ᠎ᠠ᠃ | ︵ᠵᠢᠷᠭᠤᠭ᠎ᠠ︶ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠥᠲᠤᠭᠡᠭᠲᠡᠬᠦᠨ ᠤ ᠶᠠᠰᠤ ᠴᠢᠨᠠᠷ ᠤᠨ | ᠠᠶᠤᠯᠬᠦᠢ ᠶᠢᠨ ᠬᠢᠷᠢ ᠲᠥᠪᠰᠢᠨ ᠢ ᠲᠡᠭᠡᠭᠰᠢᠯᠡᠬᠦᠯᠬᠦ ᠬᠠᠷᠢᠭᠤᠴᠠᠯᠭ᠎ᠠ ᠶᠢ ᠡᠬᠦᠷᠭᠡᠯᠡᠵᠤ᠂ ᠮᠠᠯ ᠲᠠᠷᠢᠶᠠᠯᠠᠩ ᠤᠨ ᠠᠰᠢᠭ | ᠰᠢᠮ᠎ᠡ ᠤᠨ ᠪᠥᠲᠥᠭᠡᠭᠡᠬᠦᠨ ᠤ ᠠᠮᠤᠷ ᠲᠥᠪᠰᠢᠨ ᠤ ᠲᠥᠭᠰᠢᠭᠦᠷᠢ ᠶᠢᠨ ᠥᠨᠡᠯᠡᠯᠲᠠ ᠶᠢ ᠬᠠᠤᠯᠢ ᠶᠤᠰᠤᠭᠠᠷ | ᠥᠷᠨᠢᠬᠦᠯᠵᠤ᠂ ᠬᠤᠯᠪᠤᠭᠲᠠᠯ ᠪᠥᠬᠦᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠥᠲᠤᠭᠡᠭᠲᠡᠬᠦᠨ ᠤ ᠠᠮᠤᠷ | ᠲᠥᠪᠰᠢᠨ ᠤ ᠪᠠᠶᠢᠲᠠᠯ ᠤᠨ ᠵᠠᠩᠬᠢ ᠶᠢ ᠨᠠᠶᠢᠲᠡᠯᠡᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠥᠲᠤᠭᠡᠭᠲᠡᠬᠦᠨ ᠤ | ᠠᠮᠤᠷ ᠲᠥᠪᠰᠢᠨ ᠤ ᠬᠢᠨᠠᠯᠲᠠ ᠶᠢ ᠬᠠᠷᠢᠭᠤᠴᠠᠨ᠎ᠠ ︔ ᠮᠠᠯ ᠲᠠᠷᠢᠶᠠᠯᠠᠩ ᠤᠨ ᠥᠢᠯᠡᠰ ᠤᠨ ᠭᠧᠨ ᠬᠤᠪᠢᠷᠠᠭᠠᠬᠤ | ᠠᠮᠢᠲᠣ ᠪᠤᠲᠠᠰ ᠤᠨ ᠥᠢᠯᠡᠳᠪᠤᠷᠢᠯᠠᠯ ᠪᠤᠯᠪᠠᠰᠤᠷᠠᠭᠤᠯᠤᠯ ᠤᠨ ᠵᠥᠪᠰᠢᠶᠡᠷᠡᠯ ᠢ ᠬᠠᠷᠢᠭᠤᠴᠠᠨ ᠬᠢᠨᠠᠨ ᠵᠥᠪᠰᠢᠶᠡᠷᠡᠨ᠎ᠠ︔ | ᠬᠤᠯᠪᠤᠭᠲᠠᠯ ᠪᠥᠬᠦᠢ ᠰᠠᠯᠠᠭ᠎ᠠ ᠮᠥᠴᠢᠷ ᠲᠠᠢ ᠬᠠᠮᠲᠤ ᠪᠠᠷ ᠤᠯᠤᠰ ᠤᠨ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠥᠲᠤᠭᠡᠭᠲᠡᠬᠦᠨ ᠤ ᠠᠮᠤᠷ ᠲᠥᠪᠰᠢᠨ ᠤ ᠬᠠᠮᠢᠶ᠎ᠠ ᠪᠥᠬᠦᠢ ᠥᠨᠡᠯᠡᠯᠲᠠ ᠶᠢᠨ ᠪᠠᠷᠢᠮᠵᠢᠶ᠎ᠠ ᠶᠢ ᠵᠤᠬᠢᠶᠠᠨ ᠪᠠᠶᠢᠭᠤᠯᠤᠨ | ᠬᠡᠷᠡᠭᠵᠢᠬᠦᠯᠵᠥ᠂ ᠮᠠᠯ ᠲᠠᠷᠢᠶᠠᠯᠠᠩ ᠤᠨ ᠥᠢᠯᠡᠰ ᠤᠨ ᠰᠢᠯᠭᠠᠨ ᠪᠠᠶᠢᠴᠠᠭᠠᠯᠲᠠ ᠶᠢᠨ ᠲᠤᠭᠲᠠᠯᠴᠠᠭ᠎ᠠ ᠶᠢᠨ | ᠪᠠᠶᠢᠭᠤᠯᠤᠯᠲᠠ ᠶᠢ ᠵᠢᠯᠤᠭᠤᠳᠴᠤ᠂ ᠠᠮᠤᠷ ᠲᠥᠪᠰᠢᠨ ᠤ ᠪᠠᠷᠢᠮᠵᠢᠶ᠎ᠠ ᠳᠤ ᠨᠡᠶᠢᠴᠠᠬᠦ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠥᠲᠤᠭᠡᠭᠲᠡᠬᠦᠨ ᠤ ᠥᠨᠡᠯᠡᠯᠲᠠ ᠪᠠ ᠬᠢᠨᠠᠯᠲᠠ ᠬᠠᠮᠢᠶᠠᠷᠤᠯᠲᠠ ᠶᠢ ᠬᠠᠤᠯᠢ ᠶᠤᠰᠤᠭᠠᠷ ᠭᠡᠷᠡᠭᠵᠢᠬᠦᠯᠥᠨ᠎ᠡ᠃ | | ︵ᠲᠤᠯᠤᠭ᠎ᠠ) ᠲᠠᠷᠢᠶᠠᠯᠠᠩ ᠤᠨ ᠥᠢᠯᠡᠳᠪᠤᠷᠢᠯᠠᠯ ᠤᠨ ᠬᠡᠷᠡᠭᠰᠡᠯ ᠤᠨ ᠵᠠᠬ᠎ᠠ ᠲᠠᠯᠭᠡᠬᠦᠷ ᠤᠨ | ᠲᠤᠭᠲᠠᠯᠴᠠᠭ᠎ᠠ ᠶᠢᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ ᠵᠤᠬᠢᠴᠠᠭᠤᠯᠵᠤ᠂ ᠲᠠᠷᠢᠮᠠᠯ ᠤᠨ ᠥᠷ᠎ᠡ ︵ᠴᠢᠬᠢ︶᠂ | ᠡᠪᠡᠰᠤ ᠶᠢᠨ ᠥᠷ᠎ᠡ᠂ ᠡᠬᠦᠯᠲᠡᠷ ᠤᠨ ᠮᠠᠯ ᠵᠢᠬᠦᠷᠲᠡᠨ᠂ ᠲᠠᠷᠢᠶᠠᠨ ᠡᠮ᠂ ᠮᠠᠯ ᠤᠨ ᠡᠮ᠂ ᠪᠤᠷᠲᠤᠭ᠎ᠠ᠂ | ᠪᠤᠷᠲᠤᠭ᠎ᠠ ᠶᠢᠨ ᠨᠡᠮᠡᠯᠲᠡ ᠡᠳ᠋ ᠤᠨ ᠥᠢᠯᠡᠳᠪᠤᠷᠢᠯᠠᠯ ᠪᠠ ᠪᠤᠷᠤᠯᠠᠭᠤᠯᠤᠯᠲᠠ ᠶᠢᠨ ᠵᠥᠪᠰᠢᠶᠡᠷᠡᠯ ᠵᠢᠴᠢ ᠬᠢᠨᠠᠨ | ᠬᠠᠮᠢᠶᠠᠷᠤᠯᠲᠠ ᠶᠢ ᠬᠠᠤᠯᠢ ᠶᠤᠰᠤᠭᠠᠷ ᠥᠷᠨᠢᠬᠦᠯᠥᠨ᠎ᠠ︔ ᠮᠠᠯ ᠤᠨ ᠡᠮ ᠡᠮᠨᠡᠯᠭᠡ ᠶᠢᠨ ᠪᠠᠭᠠᠵᠢ ᠭᠡᠷᠡᠭᠰᠡᠯ ᠪᠠ | ᠬᠠᠮᠢᠶ᠎ᠠ ᠪᠥᠬᠦᠢ ᠪᠤᠷᠲᠤᠭᠤᠷ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ︔ ᠪᠤᠷᠲᠤᠭ᠎ᠠ ᠶᠢᠨ ᠡᠬᠢ | ᠰᠤᠷᠪᠤᠯᠵᠢ ᠶᠢᠨ ᠬᠠᠮᠠᠭᠠᠯᠠᠯᠲᠠ ᠪᠠ ᠵᠤᠬᠢᠰᠲᠠᠢ ᠨᠡᠭᠡᠭᠡᠨ ᠠᠰᠢᠭᠯᠠᠯᠲᠠ ᠶᠢᠨ ᠠᠵᠢᠯ ᠢ ᠵᠤᠬᠢᠶᠠᠨ ᠪᠠᠶᠢᠭᠤᠯᠤᠨ | ᠥᠷᠨᠢᠬᠦᠯᠵᠥ᠂ ᠪᠤᠷᠲᠤᠭ᠎ᠠ ᠶᠢᠨ ᠶᠠᠰᠤ ᠴᠢᠨᠠᠷ ᠪᠠ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ︔ ᠮᠠᠯ ᠲᠠᠷᠢᠶᠠᠯᠠᠩ ᠤᠨ ᠥᠢᠯᠡᠰ ᠤᠨ ᠮᠧᠬᠠᠨᠢᠭ ᠤᠨ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢ | ᠬᠠᠷᠢᠭᠤᠴᠠᠨ᠎ᠠ᠃ | ︵ᠨᠠᠢᠮᠠ︶ ᠲᠠᠷᠢᠮᠠᠯ ᠤᠨ ᠬᠤᠷᠤᠬᠠᠢ ᠶᠢᠨ ᠬᠥᠨᠤᠭᠡᠯ ᠪᠠ ᠮᠠᠯ ᠵᠢᠬᠦᠷᠲᠡᠨ ᠤ ᠬᠢᠵᠢᠭ ᠢ ᠰᠡᠷᠬᠡᠶᠢᠯᠡᠨ | ᠵᠠᠰᠠᠬᠤ ᠶᠢ ᠬᠠᠷᠢᠭᠤᠴᠠᠨ᠂ ᠬᠤᠯᠪᠤᠭᠲᠠᠯ ᠪᠥᠬᠦᠢ ᠰᠠᠯᠠᠭ᠎ᠠ ᠮᠥᠴᠢᠷ ᠲᠠᠢ ᠬᠠᠮᠲᠤ ᠪᠠᠷ ᠠᠮᠢᠲᠠᠨ ᠤᠷᠭᠤᠮᠠᠯ ᠤᠨ | ᠬᠢᠵᠢᠭ ᠢ ᠰᠡᠷᠭᠡᠶᠢᠯᠡᠨ ᠪᠠᠶᠢᠴᠠᠭᠠᠬᠤ ᠠᠷᠭ᠎ᠠ ᠪᠠᠷᠢᠯ ᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠵᠤ | ᠭᠡᠷᠡᠭᠵᠢᠬᠦᠯᠥᠨ᠎ᠡ︔ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠪᠠ ᠪᠠᠶᠢᠴᠠᠭᠠᠬᠤ ᠲᠤᠭᠲᠠᠯᠴᠠᠭ᠎ᠠ ᠶᠢ | ᠪᠠᠶᠢᠭᠤᠯᠵᠤ᠂ ᠪᠥᠬᠦ ᠬᠤᠲᠠ ᠶᠢᠨ ᠠᠮᠢᠲᠠᠨ ᠤᠷᠭᠤᠮᠠᠯ ᠤᠨ ᠬᠢᠵᠢᠭ ᠤᠨ ᠰᠡᠷᠭᠡᠶᠢᠯᠡᠯᠲᠡ ᠪᠠᠶᠢᠴᠠᠭᠠᠯᠲᠠ ᠶᠢᠨ | ᠠᠵᠢᠯ ᠢ ᠵᠤᠬᠢᠶᠠᠨ ᠪᠠᠶᠢᠭᠤᠯᠬᠤ ᠪᠥᠭᠡᠳ ᠬᠢᠨᠠᠯᠲᠠ ᠲᠠᠯᠪᠢᠵᠤ᠂ ᠬᠢᠵᠢᠭ ᠤᠨ ᠪᠠᠶᠢᠲᠠᠯ ᠢ ᠨᠠᠶᠢᠲᠡᠯᠡᠵᠤ᠂ ᠵᠤᠬᠢᠶᠠᠨ | ᠪᠠᠶᠢᠭᠤᠯᠤᠨ ᠤᠰᠠᠳᠬᠠᠬᠤ ᠠᠵᠢᠯ ᠢ ᠬᠠᠷᠢᠭᠤᠴᠠᠨ᠎ᠠ︔ ᠤᠷᠭᠤᠮᠠᠯ ᠤᠨ ᠪᠠᠶᠢᠴᠠᠭᠠᠯᠲᠠ ᠶᠢᠨ ᠴᠢᠨᠠᠷ ᠲᠠᠢ ᠬᠥᠨᠤᠭᠡᠯ | ᠲᠠᠢ ᠠᠮᠢᠲᠣ ᠪᠤᠲᠠᠰ ᠤᠨ ᠪᠠᠶᠢᠴᠠᠭᠠᠯᠲᠠ ᠶᠢ ᠬᠠᠷᠢᠭᠤᠴᠠᠨ᠎ᠠ︔ ᠮᠠᠯ ᠤᠨ ᠡᠮᠨᠡᠯᠭᠡ ᠶᠢᠨ ᠶᠠᠪᠤᠲᠠᠯ ᠮᠠᠯ ᠤᠨ ᠡᠮ ᠤᠨ | ᠶᠠᠪᠤᠲᠠᠯ ᠪᠠ ᠠᠮᠢᠲᠣ ᠪᠤᠲᠠᠰ ᠤᠨ ᠠᠶᠥᠯᠬᠦᠢ ᠠᠵᠢᠯ ᠢ ᠬᠠᠷᠢᠭᠤᠴᠠᠨ᠂ ᠠᠵᠢᠯ ᠡᠷᠬᠢᠯᠡᠭᠴᠢ ᠮᠠᠯ ᠤᠨ ᠡᠮᠴᠢ ᠤᠨ | ᠬᠠᠮᠢᠶᠠᠷᠤᠯᠲᠠ ᠶᠢ ᠬᠠᠷᠢᠭᠤᠴᠠᠨ᠎ᠠ᠃ | ︵ᠶᠢᠰᠤ︶ ᠮᠠᠯ ᠲᠠᠷᠢᠶᠠᠯᠠᠩ ᠤᠨ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠬᠠᠷᠢᠭᠤᠴᠠᠯᠭ᠎ᠠ ᠶᠢ ᠡᠭᠦᠷᠭᠡᠯᠡᠵᠤ᠂ ᠮᠠᠯ ᠲᠠᠷᠢᠶᠠᠯᠠᠩ ᠤᠨ ᠥᠢᠯᠡᠰ ᠤᠨ ᠭᠠᠮᠰᠢᠭ ᠤᠨ ᠪᠠᠶᠢᠲᠠᠯ ᠢ ᠬᠠᠷᠢᠭᠤᠴᠠᠨ | ᠬᠢᠨᠠᠨ ᠨᠡᠶᠢᠲᠡᠯᠡᠵᠦ᠂ ᠲᠠᠷᠢᠶᠠᠨ ᠥᠷ᠎ᠡ᠂ ᠬᠢᠮᠢ ᠶᠢᠨ ᠪᠤᠷᠲᠤᠭᠤᠷ ᠵᠡᠷᠭᠡ ᠭᠠᠮᠰᠢᠭ ᠠᠴᠠ ᠠᠪᠤᠷᠠᠬᠤ ᠡᠳ᠋ ᠪᠤᠲᠠᠰ ᠢ | ᠬᠠᠲᠠᠭᠠᠯᠠᠬᠤ ᠪᠠ ᠲᠤᠬᠢᠷᠠᠭᠤᠯᠬᠤ ᠶᠢ ᠵᠤᠬᠢᠶᠠᠨ ᠪᠠᠶᠢᠭᠤᠯᠤᠨ᠎ᠠ︔ ᠥᠢᠯᠡᠳᠪᠤᠷᠢᠯᠡᠯ ᠢᠶᠠᠷ ᠭᠠᠮᠰᠢᠭ ᠠᠴᠠ ᠠᠪᠤᠷᠠᠬᠤ | ᠪᠡᠯᠡ ᠮᠥᠩᠬᠦ ᠶᠢᠨ ᠲᠤᠬᠢᠷᠠᠭᠤᠯᠤᠯᠲᠠ ᠭᠡᠷᠡᠭᠯᠡᠯᠲᠡ ᠶᠢᠨ ᠰᠠᠨᠠᠭᠤᠯᠭ᠎ᠠ ᠲᠤᠷᠠᠲᠤᠨ ᠭᠠᠷᠭᠠᠵᠤ᠂ ᠭᠠᠮᠰᠢᠭ ᠠᠴᠠ ᠪᠠᠴᠢᠮ | ᠠᠪᠤᠷᠠᠬᠤ ᠪᠠ ᠭᠠᠮᠰᠢᠭ ᠤᠨ ᠲᠠᠷᠠᠭᠠᠬᠢ ᠥᠢᠯᠡᠳᠪᠤᠷᠢᠯᠡᠯ ᠤᠨ ᠰᠡᠷᠬᠦᠯᠲᠡ ᠶᠢ ᠵᠢᠯᠤᠭᠤᠲᠤᠨ᠎ᠠ᠃ | ︵ᠠᠷᠪᠠ︶ ᠮᠠᠯ ᠲᠠᠷᠢᠶᠠᠯᠠᠩ ᠤᠨ ᠥᠢᠯᠡᠰ ᠪᠠ ᠬᠥᠲᠡᠭᠡ ᠲᠤᠰᠬᠤᠨ ᠮᠠᠯᠵᠢᠬᠤ ᠤᠷᠤᠨ ᠤ ᠠᠵᠤ ᠠᠬᠤᠢ | ᠵᠠᠩᠬᠢ ᠶᠢᠨ ᠠᠵᠢᠯ ᠢ ᠬᠠᠷᠢᠭᠤᠴᠠᠨ ᠬᠠᠮᠢᠶᠠᠷᠴᠤ᠂ ᠮᠠᠯ ᠲᠠᠷᠢᠶᠠᠯᠠᠩ ᠤᠨ ᠥᠢᠯᠡᠰ ᠤᠨ ᠵᠠᠩᠬᠢ ᠶᠢᠨ | ᠲᠤᠭᠲᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠨ᠎ᠠ︔ ᠮᠠᠯ ᠲᠠᠷᠢᠶᠠᠯᠠᠩ ᠤᠨ ᠥᠢᠯᠡᠰ ᠪᠠ ᠬᠥᠲᠡᠭᠡ ᠲᠤᠰᠬᠤᠨ | ᠮᠠᠯᠵᠢᠬᠤ ᠤᠷᠤᠨ ᠤ ᠠᠵᠤ ᠠᠬᠤᠢ ᠶᠢᠨ ᠡᠷᠬᠢᠯᠲᠠ ᠶᠢᠨ ᠠᠵᠢᠯ ᠢ ᠡᠬᠦᠷᠭᠡᠯᠡᠨ ᠬᠢᠨᠠᠵᠤ ᠵᠠᠲᠠᠯᠤᠯᠲᠠ ᠬᠢᠵᠤ᠂ ᠮᠠᠯ | ᠲᠠᠷᠢᠶᠠᠯᠠᠩ ᠤᠨ ᠥᠢᠯᠡᠰ ᠤᠨ ᠲᠤᠭ᠎ᠠ ᠪᠥᠷᠢᠳᠭᠡᠯ ᠥᠷᠨᠢᠭᠦᠯᠵᠤ᠂ ᠮᠠᠯ ᠲᠠᠷᠢᠶᠠᠯᠠᠩ ᠤᠨ ᠥᠢᠯᠡᠰ ᠪᠠ ᠬᠥᠲᠡᠭᠡ | ᠲᠤᠰᠬᠤᠨ ᠮᠠᠯᠵᠢᠬᠤ ᠤᠷᠤᠨ ᠤ ᠠᠵᠤ ᠠᠬᠤᠢ ᠶᠢᠨ ᠵᠠᠩᠬᠢ ᠶᠢ ᠨᠠᠶᠢᠲᠡᠯᠡᠵᠤ᠂ ᠮᠠᠯ ᠲᠠᠷᠢᠶᠠᠯᠠᠩ ᠥᠢᠯᠡᠰ ᠤᠨ | ᠵᠠᠩᠬᠢ ᠶᠢᠨ ᠥᠢᠯᠡᠴᠢᠯᠡᠭᠡᠨ ᠢ ᠵᠢᠯᠤᠭᠤᠲᠤᠨ᠎ᠠ᠃ | ︵ᠠᠷᠪᠠᠨ ᠨᠢᠭᠡ︶ ᠦᠬᠠᠢ ᠬᠤᠲᠠ ᠶᠢᠨ ᠮᠠᠯ ᠲᠠᠷᠢᠶᠠᠯᠠᠩ ᠤᠨ ᠥᠢᠯᠡᠰ ᠤᠨ ᠰᠢᠨᠵᠢᠯᠡᠭᠡ ᠰᠤᠲᠤᠯᠤᠯ᠂ | ᠮᠠᠯ ᠲᠠᠷᠢᠶᠠᠯᠠᠩ ᠤᠨ ᠥᠢᠯᠡᠰ ᠤᠨ ᠮᠡᠷᠭᠡᠵᠢᠯ ᠤᠨ ᠲᠡᠯᠭᠡᠷᠡᠬᠦᠯᠥᠯᠲᠡ ᠶᠢᠨ ᠲᠥᠯᠤᠪᠵᠢᠬᠦᠯᠭᠡ᠂ ᠲᠥᠯᠤᠪᠯᠡᠭᠡ ᠪᠠ | ᠬᠤᠯᠪᠤᠭᠲᠠᠯ ᠪᠥᠬᠦᠢ ᠲᠥᠷᠤ ᠶᠢᠨ ᠪᠤᠲᠤᠯᠭ᠎ᠠ ᠶᠢ ᠬᠠᠷᠢᠭᠤᠴᠠᠨ ᠲᠤᠭᠲᠠᠭᠠᠵᠤ᠂ ᠬᠤᠯᠪᠤᠭᠲᠠᠯ ᠪᠥᠬᠦᠢ ᠰᠠᠯᠠᠭ᠎ᠠ | ᠮᠥᠴᠢᠷ ᠲᠠᠢ ᠬᠠᠮᠲᠤ ᠮᠠᠯ ᠲᠠᠷᠢᠶᠠᠯᠠᠩ ᠤᠨ ᠥᠢᠯᠡᠰ ᠤᠨ ᠰᠢᠨᠵᠢᠯᠡᠬᠦ ᠮᠡᠷᠭᠡᠵᠢᠯ ᠤᠨ ᠰᠢᠨ᠎ᠡ ᠡᠬᠦᠲᠤᠯᠲᠡ ᠶᠢᠨ | ᠲᠤᠭᠲᠠᠯᠴᠠᠭ᠎ᠠ ᠪᠠ ᠮᠠᠯ ᠲᠠᠷᠢᠶᠠᠯᠠᠩ ᠤᠨ ᠠᠵᠤ ᠠᠬᠤᠢ ᠶᠢᠨ ᠥᠢᠯᠡᠰ ᠤᠨ ᠮᠡᠷᠭᠡᠵᠢᠯ ᠤᠨ ᠲᠤᠭᠲᠠᠯᠴᠠᠭ᠎ᠠ ᠶᠢᠨ | ᠪᠠᠶᠢᠭᠤᠯᠤᠯᠲᠠ ᠶᠢ ᠵᠤᠬᠢᠶᠠᠨ ᠪᠠᠶᠢᠭᠤᠯᠤᠨ᠎ᠠ︔ ᠠᠵᠢᠯ ᠤᠨ ᠬᠤᠪᠢᠶᠠᠷᠢ ᠶᠤᠰᠤᠭᠠᠷ ᠮᠠᠯ ᠲᠠᠷᠢᠶᠠᠯᠠᠩ ᠤᠨ ᠥᠢᠯᠡᠰ ᠤᠨ | ᠴᠢᠬᠤᠯᠠ ᠶᠡᠭᠡ ᠲᠤᠰᠬᠠᠢ ᠰᠡᠲᠤᠪᠲᠤ ᠰᠢᠨᠵᠢᠯᠡᠭᠡ ᠰᠤᠲᠤᠯᠤᠯ ᠢ ᠵᠤᠬᠢᠶᠠᠨ ᠪᠠᠶᠢᠭᠤᠯᠤᠨ ᠭᠡᠷᠡᠭᠵᠢᠬᠦᠯᠵᠥ᠂ ᠮᠠᠯ | ᠲᠠᠷᠢᠶᠠᠯᠠᠩ ᠤᠨ ᠥᠢᠯᠡᠰ ᠤᠨ ᠬᠡᠪᠴᠢᠶᠠᠨ ᠤ ᠲᠡᠭᠡᠲᠤ ᠰᠢᠨ᠎ᠡ ᠮᠡᠷᠭᠡᠵᠢᠯ ᠪᠠ ᠭᠡᠷᠡᠭᠯᠡᠭᠡᠨ ᠤ ᠮᠡᠷᠭᠡᠵᠢᠯ ᠤᠨ | ᠰᠤᠲᠤᠯᠤᠯ᠂ ᠲᠠᠷᠢᠶᠠᠯᠠᠩ ᠤᠨ ᠮᠠᠯ ᠥᠢᠯᠡᠰ ᠤᠨ ᠰᠢᠨᠵᠢᠯᠡᠭᠡ ᠮᠡᠷᠭᠡᠵᠢᠯ ᠤᠨ ᠥᠷ᠎ᠡ ᠪᠥᠲᠤᠭᠡᠯ ᠤᠨ | ᠬᠤᠪᠢᠷᠠᠭᠤᠯᠤᠯᠲᠠ ᠪᠠ ᠮᠡᠷᠭᠡᠵᠢᠯ ᠤᠨ ᠲᠡᠯᠭᠡᠷᠡᠬᠦᠯᠥᠯᠲᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠥ᠂ ᠮᠠᠯ | ᠲᠠᠷᠢᠶᠠᠯᠠᠩ ᠶᠢᠨ ᠥᠢᠯᠡᠰ ᠤᠨ ᠰᠢᠨᠵᠢᠯᠡᠭᠡ ᠮᠡᠷᠭᠡᠵᠢᠯ ᠤᠨ ᠥᠷ᠎ᠡ ᠪᠥᠲᠤᠭᠡᠯ ᠤᠨ ᠬᠠᠮᠢᠶᠠᠷᠤᠯᠲᠠ ᠶᠢ ᠬᠠᠷᠢᠭᠤᠴᠠᠨ᠎ᠠ︔ | ᠭᠠᠲᠠᠭᠠᠲᠤ ᠶᠢᠨ ᠮᠠᠯ ᠲᠠᠷᠢᠶᠠᠯᠠᠩ ᠤᠨᠥᠢᠯᠡᠰ ᠤᠨ ᠲᠠᠷᠢᠬᠦᠨ ᠤ ᠮᠡᠷᠭᠡᠵᠢᠯ ᠢ ᠤᠷᠤᠭᠤᠯᠵᠤ᠂ ᠮᠠᠯ ᠲᠠᠷᠢᠶᠠᠯᠠᠩ ᠤᠨ | ᠥᠢᠯᠡᠰ ᠤᠨ ᠠᠷᠠᠯᠵᠢᠶ᠎ᠠ ᠶᠢᠨ ᠠᠬᠢᠭᠤᠯᠤᠯᠲᠠ ᠪᠠ ᠬᠠᠮᠢᠶ᠎ᠠ ᠪᠥᠬᠦᠢ ᠠᠵᠤ ᠠᠬᠤᠢ᠂ ᠮᠡᠷᠭᠡᠵᠢᠯ ᠤᠨ ᠰᠤᠯᠢᠯᠴᠠᠭ᠎ᠠ | ᠪᠠ ᠬᠤᠷᠰᠢᠯᠴᠠᠭ᠎ᠠ ᠶᠢ ᠥᠷᠨᠢᠬᠦᠯᠤᠨᠠ︔ ᠲᠠᠷᠢᠶᠠᠯᠠᠩ ᠤᠨ ᠮᠡᠷᠭᠡᠵᠢᠯ ᠢ ᠲᠡᠯᠭᠡᠷᠡᠬᠦᠯᠬᠦ ᠲᠤᠭᠲᠠᠯᠴᠠᠭ᠎ᠠ ᠶᠢᠨ | ᠥᠭᠡᠷᠡᠴᠢᠯᠠᠯᠲᠠ ᠪᠠ ᠪᠠᠶᠢᠭᠤᠯᠤᠯᠲᠠ ᠶᠢ ᠵᠢᠯᠤᠭᠤᠳᠴᠤ᠂ ᠮᠠᠯ ᠲᠠᠷᠢᠶᠠᠯᠠᠩ ᠤᠨ ᠥᠢᠯᠡᠰ ᠤᠨ ᠰᠢᠨ᠎ᠡ ᠲᠥᠷᠤᠯ | ᠵᠥᠢᠯ ᠤᠨ ᠬᠠᠮᠠᠭᠠᠯᠠᠯᠲᠠ ᠪᠠ ᠲᠠᠷᠢᠶᠠᠯᠠᠩ ᠮᠠᠯ ᠠᠵᠤ ᠠᠬᠤᠢ ᠶᠢᠨ ᠭᠧᠨ ᠬᠤᠪᠢᠷᠠᠭᠠᠬᠤ ᠪᠤᠲᠠᠰ ᠤᠨ ᠠᠶᠥᠯᠭᠦᠢ | ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠬᠥᠮᠤᠵᠢᠯ ᠪᠠ ᠲᠠᠷᠢᠶᠠᠯᠠᠩ ᠮᠠᠯ ᠠᠵᠤ | ᠠᠬᠤᠢ ᠶᠢᠨ ᠲᠤᠰᠬᠠᠢ ᠮᠠᠷᠭᠡᠵᠢᠯ ᠤᠨ ᠴᠢᠲᠠᠪᠤᠷᠢ ᠶᠢᠨ ᠨᠡᠭᠡᠭᠡᠯᠲᠡ ᠶᠢᠨ ᠠᠵᠢᠯ ᠢ ᠵᠤᠬᠢᠶᠠᠨ ᠪᠠᠶᠢᠭᠤᠯᠤᠨ | ᠵᠢᠯᠤᠭᠤᠳᠴᠤ᠂ ᠬᠥᠲᠡᠭᠡ ᠲᠤᠰᠬᠤᠨ ᠮᠠᠯᠵᠢᠬᠤ ᠤᠷᠤᠨ ᠤ ᠭᠡᠷᠡᠭᠴᠡᠭᠡᠲᠡᠢ ᠴᠢᠲᠠᠪᠤᠷᠢᠲᠠᠨ ᠤ ᠪᠤᠯᠪᠠᠰᠤᠷᠠᠯ ᠳᠤ | ᠤᠷᠤᠯᠴᠠᠨ᠂ ᠬᠥᠲᠡᠭᠡ ᠲᠤᠰᠬᠤᠨ ᠮᠠᠯᠵᠢᠬᠤ ᠤᠷᠤᠨ ᠤ ᠬᠥᠲᠡᠯᠮᠤᠷᠢ ᠬᠥᠴᠤᠨ ᠢ ᠰᠢᠯᠵᠢᠭᠦᠯᠤᠨ ᠠᠵᠢᠯ ᠤᠯᠭᠤᠬᠤ | ᠠᠵᠢᠯ ᠢ ᠡᠬᠦᠷᠭᠡᠯᠡᠨ᠎ᠡ︔ ᠬᠤᠯᠪᠤᠭᠲᠠᠯ ᠪᠥᠬᠦᠢ ᠰᠠᠯᠠᠭ᠎ᠠ ᠮᠥᠴᠢᠷ ᠢ ᠬᠠᠪᠰᠤᠷᠤᠨ ᠬᠥᠲᠡᠭᠡ ᠲᠤᠰᠬᠤᠨ ᠮᠠᠯᠵᠢᠬᠤ | ᠤᠷᠤᠨ ᠤ ᠴᠢᠲᠠᠪᠤᠷᠢᠲᠠᠨ ᠤ ᠲᠤᠰᠬᠠᠢ ᠮᠡᠷᠭᠡᠵᠢᠯ ᠤᠨ ᠴᠢᠲᠠᠪᠤᠷᠢ ᠶᠢᠨ ᠬᠢᠷᠢ ᠭᠡᠮ ᠪᠠ ᠠᠵᠢᠯ ᠡᠷᠬᠢᠯᠡᠬᠦ ᠬᠢᠷᠢ | ᠭᠡᠮ ᠤᠨ ᠬᠤᠯᠪᠤᠭᠲᠠᠯ ᠪᠥᠬᠦᠢ ᠬᠠᠮᠢᠶᠠᠷᠤᠯᠲᠠ ᠶᠢᠨ ᠠᠵᠢᠯ ᠢ ᠬᠠᠤᠯᠢ ᠶᠤᠰᠤᠭᠠᠷ ᠬᠡᠷᠡᠭᠵᠢᠭᠦᠯᠥᠨ᠎ᠡ᠃ | ︵ᠠᠷᠪᠠᠨ ᠭᠤᠷᠪᠠ︶ ᠮᠠᠯ ᠲᠠᠷᠢᠶᠠᠯᠠᠩ ᠤᠨ ᠥᠢᠯᠡᠰ ᠤᠨ ᠬᠡᠷᠡᠭᠯᠡᠭᠡᠨ ᠤ ᠭᠠᠵᠠᠷ᠂ ᠲᠠᠯ᠎ᠠ ᠨᠤᠲᠤᠭ᠂ ᠲᠠᠷᠢᠵᠤ | ᠮᠠᠯᠵᠢᠵᠤ ᠪᠥᠷ ᠪᠤᠯᠬᠤ ᠭᠤᠤᠯ ᠤᠨ ᠰᠠᠶᠢᠷᠭᠠᠯ᠂ ᠲᠠᠷᠢᠵᠤ ᠮᠠᠯᠵᠢᠵᠤ ᠪᠥᠷ ᠪᠤᠯᠬᠤ ᠲᠠᠴᠨ ᠭᠠᠵᠠᠷ ᠵᠢᠴᠢ ᠮᠠᠯ | ᠲᠠᠷᠢᠶᠠᠯᠠᠩ ᠤᠨ ᠥᠢᠯᠡᠰ ᠤᠨ ᠠᠮᠢᠲᠣ ᠪᠤᠲᠠᠰ ᠤᠨ ᠲᠥᠷᠰᠤ ᠶᠢᠨ ᠡᠭᠦᠰᠤᠯ ᠤᠨ ᠬᠠᠮᠠᠭᠠᠯᠠᠯᠲᠠ ᠪᠠ | ᠬᠠᠮᠢᠶᠠᠷᠤᠯᠲᠠ ᠶᠢ ᠵᠢᠯᠤᠭᠤᠳᠴᠤ᠂ ᠭᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠠᠵᠢᠯ ᠢ | ᠬᠠᠷᠢᠭᠤᠴᠠᠨ᠎ᠠ︔ ᠲᠠᠷᠢᠶᠠᠨ ᠭᠠᠵᠠᠷ ᠵᠢᠴᠢ ᠰᠠᠭᠤᠷᠢ ᠲᠠᠷᠢᠶᠠᠨ ᠭᠠᠵᠠᠷ ᠤᠨ ᠶᠠᠰᠤ ᠴᠢᠨᠠᠷ ᠤᠨ | ᠬᠠᠮᠠᠭᠠᠯᠠᠯᠲᠠ ᠵᠢᠨᠠᠷᠭ᠎ᠠ ᠬᠡᠮᠵᠢᠶ᠎ᠠ ᠶᠢ ᠲᠤᠭᠤᠷᠪᠢᠨ ᠲᠤᠭᠲᠠᠭᠠᠬᠤ ᠶᠢᠨ ᠬᠠᠮᠲᠤ ᠵᠢᠯᠤᠭᠤᠲᠤᠨ ᠭᠡᠷᠡᠭᠵᠢᠭᠦᠯᠵᠥ᠂ | ᠲᠠᠷᠢᠶᠠᠨ ᠭᠠᠵᠠᠷ ᠤᠨ ᠶᠠᠰᠤ ᠴᠢᠨᠠᠷ ᠢ ᠬᠠᠤᠯᠢ ᠶᠤᠰᠤᠭᠠᠷ ᠬᠠᠮᠢᠶᠠᠷᠤᠨ᠎ᠠ︔ ᠪᠠᠷᠢᠯᠭ᠎ᠠ ᠶᠢᠨ ᠲᠥᠬᠦᠭᠡᠷᠤᠮᠵᠢ᠂ | ᠲᠠᠷᠢᠶᠠᠯᠠᠩ ᠤᠨ ᠮᠡᠷᠭᠡᠵᠢᠯ᠂ ᠲᠠᠷᠢᠶᠠᠯᠠᠩ ᠤᠨᠮᠠᠰᠢᠨ᠂ ᠠᠮᠢᠲᠣ ᠪᠤᠲᠠᠰ ᠵᠡᠷᠭᠡ ᠠᠷᠭ᠎ᠠ ᠬᠡᠮᠵᠢᠶ᠎ᠠ ᠶᠢ ᠭᠡᠷᠡᠭᠯᠡᠨ | ᠤᠰᠤᠨ ᠳᠤ ᠠᠷᠪᠢᠲᠠᠢ ᠲᠠᠷᠢᠶᠠᠯᠠᠩ ᠢ ᠬᠥᠭᠵᠢᠬᠦᠯᠥᠨ᠎ᠡ᠃ | ︵ᠠᠷᠪᠠᠨ ᠲᠥᠷᠪᠡ︶ ᠮᠠᠯ ᠲᠠᠷᠢᠶᠠᠯᠠᠩ ᠤᠨ ᠥᠢᠯᠡᠰ ᠤᠨ ᠠᠮᠢ ᠠᠬᠤᠢ ᠶᠢᠨ ᠪᠠᠶᠢᠭᠤᠯᠤᠯᠲᠠ ᠶᠢᠨ | ᠲᠥᠯᠥᠪᠵᠢᠬᠦᠯᠭᠡ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢᠨ | ᠲᠥᠯᠤᠪᠵᠢᠬᠦᠯᠭᠡ ᠶᠢ ᠬᠠᠷᠢᠭᠤᠴᠠᠨ ᠬᠡᠷᠡᠭᠵᠢᠭᠦᠯᠵᠥ᠂ ᠲᠠᠯ᠎ᠠ ᠨᠤᠲᠤᠭ ᠤᠨ ᠬᠠᠮᠠᠭᠠᠯᠠᠯᠲᠠ᠂ ᠪᠠᠶᠢᠭᠤᠯᠤᠯᠲᠠ ᠪᠠ | ᠵᠤᠬᠢᠰᠲᠠᠢ ᠠᠰᠢᠭᠯᠠᠯᠲᠠ ᠶᠢᠨ ᠠᠵᠢᠯ ᠢ ᠵᠢᠯᠤᠭᠤᠳᠴᠤ᠂ ᠬᠥᠲᠡᠭᠡ ᠲᠤᠰᠬᠤᠨ ᠮᠠᠯᠵᠢᠬᠤ ᠤᠷᠤᠨ ᠤ ᠲᠠᠬᠢᠯᠲᠠ | ᠡᠨᠧᠷᠬᠢ ᠶᠢᠨ ᠶᠡᠷᠥᠩᠭᠡᠢ ᠨᠡᠭᠡᠭᠡᠯᠲᠡ ᠪᠠ ᠠᠰᠢᠭᠯᠠᠯᠲᠠ ᠶᠢ ᠵᠢᠯᠤᠭᠤᠲᠤᠨ᠎ᠠ︔ ᠮᠠᠯ ᠲᠠᠷᠢᠶᠠᠯᠠᠩ ᠤᠨ ᠥᠢᠯᠡᠰ ᠤᠨ | ᠠᠮᠢᠲᠣ ᠪᠤᠲᠠᠰ ᠤᠨ ᠴᠢᠨᠠᠷᠲᠠᠢ ᠠᠵᠤ ᠥᠢᠯᠡᠰ ᠤᠨ ᠬᠥᠭᠵᠢᠬᠦᠯᠥᠯᠲᠡ ᠪᠠ ᠮᠠᠯ ᠲᠠᠷᠢᠶᠠᠯᠠᠩ ᠤᠨ ᠥᠢᠯᠡᠰ ᠤᠨ | ᠬᠥᠲᠡᠭᠡ ᠲᠤᠰᠬᠤᠨ ᠮᠠᠯᠵᠢᠬᠤ ᠤᠷᠤᠨ ᠤ ᠡᠨᠧᠷᠬᠢ ᠠᠷᠪᠢᠯᠠᠨ ᠪᠤᠬᠢᠷᠲᠠᠯ ᠪᠠᠭᠠᠰᠬᠠᠬᠤ ᠶᠢ ᠵᠢᠯᠤᠭᠤᠳᠴᠤ᠂ ᠮᠠᠯ | ᠲᠠᠷᠢᠶᠠᠯᠠᠩ ᠤᠨ ᠥᠢᠯᠡᠰ ᠤᠨ ᠤᠰᠤᠨ ᠤ ᠡᠬᠢ ᠶᠢᠨ ᠪᠤᠬᠢᠷᠲᠤᠯ ᠪᠤᠬᠢᠷᠲᠤᠯ ᠢ ᠵᠠᠰᠠᠬᠤ ᠬᠤᠯᠪᠤᠭᠲᠠᠯ ᠪᠥᠬᠦᠢ | ᠠᠵᠢᠯ ᠢ ᠡᠬᠦᠷᠭᠡᠯᠡᠨ᠎ᠡ᠃ ᠠᠮᠢ ᠠᠬᠤᠢ ᠶᠢᠨ ᠮᠠᠯ ᠲᠠᠷᠢᠶᠠᠯᠠᠩ᠂ ᠡᠷᠬᠢᠯᠲᠡᠲᠤ ᠮᠠᠯ ᠲᠠᠷᠢᠶᠠᠯᠠᠩ ᠤᠨ ᠥᠢᠯᠡᠰ ᠤᠨ | ᠬᠥᠭᠵᠢᠬᠦᠯᠥᠯᠲᠡ ᠶᠢ ᠵᠢᠯᠤᠭᠤᠲᠤᠨ᠎ᠠ᠃ | ︵ᠠᠷᠪᠠᠨ ᠲᠠᠪᠤ︶ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠲᠤᠨ ᠪᠠ ᠥᠪᠡᠷᠲᠡᠭᠡᠨ ᠵᠠᠰᠠᠬᠤ | ᠤᠷᠤᠨ ᠤ ᠮᠠᠯ ᠲᠠᠷᠢᠶᠠᠯᠠᠩ ᠤᠨ ᠥᠢᠯᠡᠰ ᠤᠨ ᠲᠢᠩᠬᠢᠮ ᠤᠨ ᠲᠤᠰᠢᠶᠠᠭᠰᠠᠨ ᠪᠤᠰᠤᠳ ᠭᠡᠷᠡᠭ ᠶᠠᠪᠤᠲᠠᠯ ᠢ ᠲᠠᠭᠠᠭᠠᠨ | ᠡᠷᠬᠢᠯᠡᠨ᠎ᠠ᠃ |