ᠣᠶᠢᠷ᠎ᠠ ᠶᠢᠨ ᠡᠳᠦᠷ᠂ ᠬᠤᠲᠠ ᠶᠢᠨ ᠬᠦᠮᠦᠨ ᠤ ᠬᠦᠴᠦᠨ ᠤ ᠡᠭᠢ ᠪᠠᠶᠠᠯᠢᠭ ᠪᠠ ᠨᠡᠶᠢᠭᠡᠮ ᠤᠨ ᠪᠠᠳᠣᠯᠭ᠎ᠠ | ᠶᠢᠨ ᠲᠤᠪᠴᠢᠶ᠎ᠠ᠂ ᠰᠣᠷᠭᠠᠨ ᠬᠦᠮᠦᠵᠢᠯ ᠤᠨ ᠲᠣᠪᠴᠢᠶ᠎ᠠ᠂ ᠠᠷᠠᠳ ᠤᠨ ᠶᠠᠪᠣᠳᠠᠯ ᠤᠨ ᠲᠤᠪᠴᠢᠶ᠎ᠠ᠂ ᠠᠵᠦ | ᠦᠢᠯᠡᠳᠪᠦᠷᠢ ᠬᠤᠳᠠᠯᠳᠤᠭ᠎ᠠ ᠶᠠᠰᠣ ᠴᠢᠨᠠᠷ ᠲᠤ ᠬᠢᠨᠠᠯᠳᠠ ᠲᠠᠯᠪᠢᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠬᠠᠮᠳᠣᠷᠠᠨ | ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠣᠮᠵᠢ ᠳᠤ ᠲᠣᠰᠬᠠᠢ ᠲᠦᠷᠦᠯ ᠤᠨ ᠴᠡᠭᠴᠡᠯᠡᠯᠲᠡ ᠬᠢᠭᠰᠡᠨ | ᠪᠠᠶᠢᠨ᠎ᠠ᠃ | ᠲᠣᠰ ᠣᠳᠠᠭᠠᠨ ᠤ ᠲᠣᠰᠬᠠᠢ ᠲᠦᠷᠦᠯ ᠤᠨ ᠴᠡᠭᠴᠡᠯᠡᠯᠲᠡ ᠨᠢ ᠨᠢᠭᠡ ᠲᠠᠯ᠎ᠠ ᠪᠠᠷ ᠪᠦᠬᠦ ᠬᠤᠲᠠ ᠶᠢᠨ | ᠰᠣᠷᠭᠠᠭᠤᠯᠢ ᠪᠠᠶᠢᠭᠤᠯᠬᠤ ᠵᠦᠪᠰᠢᠶᠡᠷᠡᠯ ᠣᠯᠣᠭᠰᠠᠨ 14 ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ | ᠴᠢᠳᠠᠪᠣᠷᠢ ᠶᠢᠨ ᠪᠣᠯᠪᠠᠰᠣᠷᠠᠯ ᠤᠨ ᠪᠠᠶᠢᠭᠤᠯᠤᠮᠵᠢ ᠳᠤ ᠪᠠᠶᠢᠴᠠᠭᠠᠯᠲᠠ ᠦᠨᠡᠯᠡᠯᠲᠡ ᠬᠢᠵᠦ᠂ ᠨᠦᠭᠦᠭᠡ ᠲᠠᠯ᠎ᠠ ᠪᠠᠷ | ᠬᠠᠣᠯᠢ ᠪᠣᠰᠣ ᠪᠠᠷ ᠰᠣᠷᠭᠠᠭᠤᠯᠢ ᠪᠠᠶᠢᠭᠤᠯᠣᠭᠰᠨ ᠠᠵᠢᠯ ᠮᠡᠷᠭᠡᠵᠢᠯ ᠤᠨ ᠴᠢᠳᠠᠪᠣᠷᠢ ᠶᠢᠨ ᠪᠣᠯᠪᠠᠰᠣᠷᠠᠯ ᠤᠨ | ᠪᠠᠶᠢᠭᠤᠯᠤᠮᠵᠢ ᠪᠠᠷ ᠠᠶᠢᠯᠴᠢᠯᠠᠭᠰᠠᠨ ᠪᠠᠶᠢᠨ᠎ᠠ᠃ ᠪᠠᠶᠢᠴᠠᠭᠠᠯᠲᠠ ᠪᠠᠷ᠂ ᠰᠣᠷᠭᠠᠭᠤᠯᠢ ᠡᠷᠬᠢᠯᠡᠬᠦ ᠵᠦᠪᠰᠢᠶᠡᠷᠡᠯ | ᠣᠯᠣᠭᠰᠠᠨ 14 ᠠᠷᠠᠳ ᠠᠴᠠ ᠪᠠᠶᠢᠭᠤᠯᠣᠭᠰᠠᠨ ᠠᠵᠢᠯ ᠮᠡᠷᠭᠡᠵᠢᠯ ᠤᠨ ᠪᠣᠯᠪᠠᠰᠣᠷᠠᠯ ᠤᠨ ᠪᠠᠶᠢᠭᠤᠯᠤᠮᠵᠢ ᠳᠤ | ᠪᠠᠭᠰᠠᠢ ᠶᠢᠨ ᠬᠢᠷᠢ ᠬᠡᠮ᠂ ᠵᠢᠭᠠᠨ ᠰᠣᠷᠭᠠᠯᠲᠠ ᠶᠢᠨ ᠪᠣᠯᠪᠠᠰᠣᠷᠠᠯ ᠤᠨ ᠠᠭᠤᠯᠭ᠎ᠠ᠂ ᠲᠠᠯᠠᠪᠣᠷ ᠤᠨ ᠲᠠᠯᠠᠪᠠᠢ ᠳᠤ | ᠠᠰᠠᠭᠤᠳᠠᠯ ᠣᠷᠣᠰᠢᠵᠦ ᠪᠠᠶᠢᠭ᠎ᠠ ᠰᠣᠷᠭᠠᠭᠤᠯᠢ ᠶᠢ 1 ᠢᠯᠡᠷᠡᠭᠦᠯᠦᠨ᠂ ᠲᠣᠭᠳᠠᠭᠰᠠᠨ ᠬᠤᠭᠤᠴᠠᠭ᠎ᠠ ᠳᠣᠲᠣᠷ᠎ᠠ | ᠦᠭᠡᠷᠴᠢᠯᠡᠨ ᠵᠠᠰᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠡᠭᠦᠨ ᠠᠴᠠ ᠭᠠᠳᠠᠨ᠎ᠠ ᠪᠠᠰᠠ 2 ᠡᠷᠦᠬᠡ ᠬᠦᠮᠦᠨ | ᠤ ᠬᠦᠴᠦᠨ ᠤ ᠡᠭᠢ ᠪᠠᠶᠠᠯᠢᠭ ᠪᠠ ᠨᠡᠶᠢᠭᠡᠮ ᠤᠨ ᠪᠠᠳᠣᠯᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠵᠦᠪᠰᠢᠶᠡᠷᠡᠯ ᠢ ᠣᠯᠣᠭᠰᠠᠨ ᠦᠭᠡᠢ ᠠᠵᠢᠯ ᠮᠡᠷᠭᠡᠵᠢᠯ ᠤᠨ ᠪᠣᠯᠪᠠᠰᠣᠷᠠᠯ ᠤᠨ ᠪᠠᠶᠢᠭᠤᠯᠤᠮᠵᠢ ᠬᠠᠣᠯᠢ ᠪᠣᠰᠣ ᠪᠠᠷ | ᠰᠣᠷᠭᠠᠭᠤᠯᠢ ᠡᠷᠬᠢᠯᠡᠵᠦ ᠪᠠᠶᠢᠭ᠎ᠠ ᠶᠢ ᠢᠯᠡᠷᠡᠭᠦᠯᠵᠦ᠂ ᠲᠣᠭᠲᠠᠭᠠᠯ ᠶᠣᠰᠣᠭᠠᠷ ᠳᠠᠩᠰᠠ ᠪᠠᠶᠢᠭᠤᠯᠬᠤ ᠭᠠᠷ | ᠭᠦᠢᠴᠡᠳᠬᠡᠯ ᠬᠢᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ |