ᠲᠡᠦᠭᠡᠨ ᠣᠯᠠᠷᠢᠯ ︵ᠠᠷᠪᠠᠨ ᠲᠠᠪᠤ︶ | | | 1994 ᠤᠨ | 1 ᠰᠠᠷ᠎ᠠ ᠶᠢᠨ 1 ᠤ ᠡᠳᠦᠷ᠂ ᠦᠬᠠᠢ ᠬᠤᠳᠠ ᠭᠠᠵᠠᠷ ᠤᠷᠤᠨ ᠤ ᠠᠮᠤ ᠪᠤᠳᠠᠭ᠎ᠠ ᠶᠢ ᠨᠦᠭᠡᠴᠡᠯᠡᠨ | ᠬᠠᠳᠠᠭᠠᠯᠠᠬᠤ ᠠᠵᠢᠯ ᠢ ᠬᠢᠵᠤ᠂ ᠵᠠᠰᠠᠭ ᠤᠨ ᠤᠷᠳᠤᠨ ᠠᠴᠠ ᠠᠮᠤ ᠪᠤᠳᠠᠭᠠᠨ ᠤ ᠬᠤᠷᠸ᠎ᠠ ᠬᠠᠮᠢᠶᠠᠷᠤᠯᠳᠠ ᠪᠠᠨ | ᠴᠢᠩᠭᠠᠳᠬᠠᠵᠠᠢ᠃ | 1 ᠰᠠᠷ᠎ᠠ ᠶᠢᠨ 10 ᠤ ᠡᠳᠦᠷ᠂ ᠦᠬᠠᠢ ᠬᠤᠳᠠ ᠶᠢᠨ ᠲᠤᠮᠳᠠᠳᠤ ᠭᠠᠳᠠᠭᠠᠳᠤ ᠪᠡᠯᠡ ᠬᠠᠮᠳᠤᠷᠠᠭᠰᠠᠨ ᠠᠵᠤ | ᠠᠬᠤᠶᠢᠯᠠᠯ — ᠦᠪᠦᠷ ᠮᠤᠩᠭᠤᠯ ᠤᠨ ᠳ᠋ᠠ ᠯᠢ ᠬᠢᠮᠢ ᠶᠢᠨ ᠦᠢᠯᠡᠳᠪᠦᠷᠢᠯᠡᠯ ᠤᠨ ᠬᠢᠵᠠᠭᠠᠷᠳᠤ ᠺᠤᠮᠫᠠᠨᠢ ᠠᠰᠢᠭᠯᠠᠯᠳᠠ | ᠳᠤ ᠤᠷᠤᠵᠠᠢ᠃ ᠲᠤᠰ ᠺᠤᠮᠫᠠᠨᠢ ᠨᠢ ᠬᠤᠳᠠ ᠶᠢᠨ ᠬᠢᠮᠢ ᠶᠢᠨ ᠠᠵᠤ ᠦᠢᠯᠡᠳᠪᠦᠷᠢ ᠬᠢᠭᠡᠳ ᠰᠢᠶᠠᠩᠭᠠᠩ ᠤᠨ ᠳ᠋ᠠ | ᠿᠦᠩ ᠺᠤᠮᠫᠠᠨᠢ ᠬᠠᠮᠳᠤᠷᠠᠨ 300 ᠲᠦᠮᠡᠨ ᠲᠦᠭᠦᠷᠢᠭ ᠤᠨ ᠪᠡᠯᠡ ᠤᠷᠤᠭᠤᠯᠵᠤ ᠪᠠᠶᠢᠭᠤᠯᠵᠠᠢ᠂ ᠭᠤᠤᠯᠳᠠᠭᠤ | ᠬᠡᠯᠪᠡᠶᠢᠭᠦᠦ ᠴᠠᠭᠢᠭᠤᠷ ᠬᠦᠴᠢᠯ ᠤᠨ ᠨᠠᠲ᠋ᠤᠷᠢ ᠦᠢᠯᠡᠳᠪᠦᠷᠢᠯᠡᠨ᠎ᠡ᠃ | 1 ᠰᠠᠷ᠎ᠠ ᠶᠢᠨ 20 ᠤ ᠡᠳᠦᠷ᠂ ᠤᠯᠤᠰ ᠤᠨ ᠦᠨᠳᠦᠰᠦᠳᠡᠨ ᠤ ᠭᠡᠷᠡᠭ ᠡᠷᠭᠢᠯᠡᠬᠦ ᠵᠦᠪᠯᠡᠯ ᠬᠢᠭᠡᠳ ᠤᠯᠤᠰ | ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠵᠦᠪᠯᠡᠯ ᠠᠴᠠ ᠬᠦᠯᠦᠨ ᠪᠤᠶᠢᠷ ᠠᠶᠢᠮᠠᠭ᠂ ᠦᠬᠠᠢ ᠬᠤᠳᠠ ᠵᠡᠷᠭᠡ 7 | ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠢ ᠤᠯᠤᠰ ᠤᠨ ᠲᠦᠷᠦᠬᠦᠦ ᠪᠦᠯᠦᠭ ᠤᠨ ᠦᠭᠡᠷᠡᠴᠢᠯᠡᠯᠳᠡ | ᠶᠢᠨ ᠲᠤᠷᠰᠢᠯᠳᠠ ᠶᠢᠨ ᠤᠷᠤᠨ ᠢᠶᠠᠷ ᠲᠤᠭᠳᠠᠭᠠᠵᠤ᠂ ︽ᠬᠦᠯᠦᠨ ᠪᠤᠶᠢᠷ ᠠᠶᠢᠮᠠᠭ ᠵᠡᠷᠭᠡ ᠦᠨᠳᠦᠰᠦᠳᠡᠨ ᠤ | ᠦᠪᠡᠷᠳᠡᠭᠡᠨ ᠵᠠᠰᠠᠬᠤ ᠭᠠᠵᠠᠷ ᠤᠷᠤᠨ ᠢ ᠦᠭᠡᠷᠡᠴᠢᠯᠡᠯᠳᠡ ᠶᠢᠨ ᠲᠤᠷᠰᠢᠯᠳᠠ ᠶᠢᠨ ᠤᠷᠤᠨ ᠢᠶᠠᠷ ᠵᠢᠭᠰᠠᠭᠠᠬᠤ ᠶᠢ | ᠵᠦᠪᠰᠢᠶᠡᠷᠡᠭᠰᠡᠨ ᠲᠤᠬᠠᠢ ᠴᠤᠬᠤᠯᠪᠤᠷᠢ︾ ᠶᠢ ᠪᠠᠭᠤᠯᠭᠠᠵᠠᠢ᠃ | 4 ᠰᠠᠷ᠎ᠠ ᠶᠢᠨ 8 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠬᠤᠷᠢᠶᠠᠨ ᠰᠢᠢᠳᠪᠦᠷᠢ᠄ ᠰᠢᠷ᠎ᠠ ᠶᠢᠨ ᠲᠤᠮᠳᠠᠳᠤ ᠤᠯᠤᠰ ᠤᠨ ᠡᠪ ᠬᠠᠮᠳᠤ ᠨᠠᠮ | ᠤᠨ ᠦᠬᠠᠢ ᠬᠤᠳᠠ ᠶᠢᠨ ᠬᠤᠷᠢᠶᠠᠨ ᠤ ᠱᠦᠵᠢ ᠶᠢᠨ ᠲᠤᠰᠢᠶᠠᠯ᠂ ᠹᠧᠩ ᠱᠢ ᠯᠢᠶᠠᠩ ᠤᠨ ᠲᠡᠳ᠋ ᠱᠦᠵᠢ ᠶᠢᠨ | ᠲᠤᠰᠢᠶᠠᠯ ᠢ ᠤᠭᠴᠠᠷᠠᠭᠤᠯᠵᠤ᠂ ᠪᠠᠭᠠᠳᠤᠷ ᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ | ᠬᠤᠷᠢᠶᠠᠨ ᠤ ᠱᠦᠵᠢ ᠪᠠᠷ᠂ ᠬᠤᠤ ᠵᠢᠢ ᠶᠧ ᠶᠢ ᠲᠡᠳ᠋ ᠱᠦᠵᠢ ᠪᠠᠷ ᠲᠤᠮᠢᠯᠠᠵᠠᠢ᠃ | 4 ᠰᠠᠷ᠎ᠠ ᠶᠢᠨ 11 ᠤ ᠡᠳᠦᠷ᠂ ᠦᠬᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠵᠦᠪᠯᠡᠯ ᠠᠴᠠ ᠬᠤᠤ ᠵᠢᠢ ᠶᠧ ᠶᠢ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ | ᠲᠡᠳ᠋ ᠲᠠᠷᠤᠭ᠎ᠠ᠂ ᠤᠷᠤᠯᠠᠭᠴᠢ ᠬᠤᠳᠠ ᠶᠢᠨ ᠲᠠᠷᠤᠭ᠎ᠠ ᠶᠢᠨ ᠰᠢᠢᠳᠪᠦᠷᠢ ᠶᠢ ᠪᠠᠳᠤᠯᠠᠵᠤ᠂ ᠹᠧᠩ ᠱᠢ ᠯᠢᠶᠠᠩ ᠤᠨ | ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠶᠢᠨ ᠲᠠᠷᠤᠭ᠎ᠠ ᠶᠢᠨ ᠲᠤᠰᠢᠶᠠᠯ ᠠᠴᠠ ᠪᠠᠨ | ᠪᠠᠭᠤᠬᠤ ᠭᠤᠶᠤᠴᠢᠯᠠᠯ ᠢ ᠬᠦᠯᠢᠶᠡᠨ ᠠᠪᠬᠤ ᠰᠢᠢᠳᠪᠦᠷᠢ ᠶᠢ ᠪᠠᠳᠤᠯᠠᠵᠠᠢ᠃ | 5 ᠰᠠᠷ᠎ᠠ ᠶᠢᠨ 19 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ ᠲᠦᠷᠪᠡᠳᠦᠭᠡᠷ | ᠬᠤᠭᠤᠴᠠᠭᠠᠨ ᠤ ᠬᠡᠰᠢᠭᠦᠳ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠰᠢᠨ᠎ᠡ ᠨᠢᠭᠡᠨ ᠡᠭᠡᠯᠵᠢ | ᠶᠢᠨ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠪᠠᠶᠢᠭᠤᠯᠤᠮᠵᠢ ᠰᠤᠩᠭᠤᠭᠤᠯᠢ ᠪᠠᠷ ᠲᠤᠳᠤᠷᠠᠵᠤ᠂ ᠯᠢᠦ | ᠽᠦᠩ ᠵᠠᠩ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠪᠠᠷ ᠰᠤᠩᠭᠤᠭᠳᠠᠵᠠᠢ᠃ | 5 ᠰᠠᠷ᠎ᠠ ᠶᠢᠨ 20 ~ 27 ᠤ ᠡᠳᠦᠷ᠂ ᠦᠬᠠᠢ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠰᠢᠨ᠎ᠡ ᠨᠢᠭᠡᠨ ᠡᠭᠡᠯᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠵᠦᠪᠯᠡᠯ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠬᠤᠳᠠ ᠶᠢᠨ ᠲᠤᠮᠳᠠ ᠵᠡᠷᠭᠡ ᠶᠢᠨ ᠰᠢᠭᠦᠭᠦ | ᠬᠤᠷᠢᠶ᠎ᠡ᠂ ᠬᠤᠳᠠ ᠶᠢᠨ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠶᠢᠭᠤᠯᠤᠮᠵᠢ ᠰᠤᠩᠭᠤᠭᠤᠯᠢ ᠪᠠᠷ ᠲᠤᠳᠤᠷᠠᠵᠤ᠂ | ᠪᠠᠭᠠᠳᠤᠷ ᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠵᠦᠪᠯᠡᠯ ᠤᠨ | ᠡᠷᠭᠢᠯᠡᠭᠴᠢ᠂ ᠵᠢᠶᠠ ᠭᠤᠸᠠᠩ ᠶᠤᠸᠠᠨ ᠢ ᠬᠤᠳᠠ ᠶᠢᠨ ᠲᠤᠮᠳᠠ ᠵᠡᠷᠭᠡ ᠶᠢᠨ ᠰᠢᠭᠦᠭᠦ ᠬᠤᠷᠢᠶᠠᠨ ᠤ ᠬᠤᠷᠢᠶᠠᠨ | ᠲᠠᠷᠤᠭ᠎ᠠ᠂ ᠯᠢᠦ ᠦ᠋ ᠽᠠᠢ ᠶᠢ ᠬᠤᠳᠠ ᠶᠢᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠠᠷᠤᠭ᠎ᠠ ᠪᠠᠷ ᠰᠤᠩᠭᠤᠨ | ᠭᠠᠷᠭᠠᠵᠠᠢ᠃ | 5 ᠰᠠᠷ᠎ᠠ ᠳᠤ᠂ ᠦᠬᠠᠢ ᠬᠤᠳᠠ ᠨᠢ ᠪᠡᠭᠡᠵᠢᠩ ᠤᠨ ᠰᠢᠦᠸᠠᠨ ᠦ᠋ ᠲᠤᠭᠤᠷᠢᠭ ᠲᠠᠢ ᠨᠦᠭᠦᠷᠰᠡᠭ ᠬᠤᠳᠠ | ᠲᠤᠭᠤᠷᠢᠭ ᠤᠨ ᠬᠠᠷᠢᠴᠠᠭ᠎ᠠ ᠪᠠᠶᠢᠭᠤᠯᠵᠠᠢ᠃ | 6 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ︽︿ᠤᠷᠠᠨ | ᠪᠢᠴᠢᠯᠭᠡ ᠶᠢᠨ ᠬᠤᠳᠠ﹀ ᠶᠢ ᠴᠤᠭᠴᠠᠯᠠᠨ ᠪᠠᠶᠢᠭᠤᠯᠬᠤ ᠲᠤᠬᠠᠢ ᠰᠢᠢᠳᠪᠦᠷᠢ︾ ᠶᠢ ᠭᠠᠷᠭᠠᠵᠠᠢ᠃ | 7 ᠰᠠᠷ᠎ᠠ ᠶᠢᠨ 1 ᠤ ᠡᠳᠦᠷ᠂ ᠦᠬᠠᠢ ᠬᠤᠳᠠ ᠬᠤᠳᠠ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ | ᠰᠢᠢᠳᠪᠦᠷᠢᠯᠡᠬᠦ ᠰᠦᠢᠳᠭᠡᠯ ᠡᠬᠢᠯᠡᠨ ᠬᠤᠷᠢᠶᠠᠬᠤ ᠪᠤᠯᠵᠤ᠂ ᠰᠠᠭᠤᠭᠠᠯᠢ ᠠᠷᠠᠳ ᠤᠨ ᠠᠷᠢᠭᠤᠨ ᠴᠡᠪᠡᠷ ᠤᠨ | ᠰᠦᠢᠳᠭᠡᠯ ᠤᠨ ᠪᠠᠷᠢᠮᠵᠢᠶ᠎ᠡ ᠶᠢ ᠤᠤᠯ ᠤᠨ ᠬᠦᠮᠦᠨ ᠪᠦᠷᠢ ᠶᠢᠨ 0.3 ᠲᠦᠭᠦᠷᠢᠭ ᠤᠨ ᠰᠠᠷ᠎ᠠ ᠶᠢᠨ ᠰᠦᠢᠳᠭᠡᠯ ᠢ | 0.6 ᠲᠦᠭᠦᠷᠢᠭ ᠪᠤᠯᠭᠠᠵᠠᠢ᠃ | 8 ᠰᠠᠷ᠎ᠠ ᠶᠢᠨ 29 ᠤ ᠡᠳᠦᠷ᠂ ᠦᠬᠠᠢ ᠬᠤᠳᠠ ᠶᠢᠨ ᠭᠡᠭᠡᠨ ᠵᠤᠤ ᠨᠡᠭᠦᠷᠡᠰᠦᠨ ᠠᠭᠤᠷᠬᠠᠢ ᠤᠨᠴᠠ ᠶᠡᠭᠡ | ᠬᠦᠨᠦᠭᠡᠯ ᠲᠠᠢ ᠤᠰᠤ ᠨᠡᠪᠳᠡᠷᠡᠭᠰᠡᠨ ᠠᠶᠤᠯ ᠭᠠᠷᠴᠤ᠂ 6 ᠠᠭᠤᠷᠬᠠᠢ ᠶᠢᠨ ᠬᠤᠳᠳᠤᠭ ᠵᠢᠪᠴᠦ᠂ 24 ᠠᠭᠤᠷᠬᠠᠢ | ᠶᠢᠨ ᠠᠵᠢᠯᠴᠢᠨ ᠠᠳᠡᠵᠡᠢ᠃ | 9 ᠰᠠᠷ᠎ᠠ ᠶᠢᠨ 8 ᠤ ᠡᠳᠦᠷ᠂ ᠦᠬᠠᠢ ᠬᠤᠳᠠ ᠶᠢᠨ ᠤᠯᠤᠰ ᠤᠨ ᠭᠠᠶᠢᠯᠢ ᠶᠢᠨ ᠲᠤᠪᠴᠢᠶ᠎ᠡ ᠪᠠ ᠭᠠᠵᠠᠷ | ᠤᠷᠤᠨ ᠤ ᠭᠠᠶᠢᠯᠢ ᠶᠢᠨ ᠲᠤᠪᠴᠢᠶ᠎ᠡ ᠫᠠᠶᠢᠰᠠ ᠡᠯᠬᠦᠨ ᠪᠠᠶᠢᠭᠤᠯᠤᠭᠳᠠᠪᠠ᠃ | 10 ᠰᠠᠷ᠎ᠠ ᠶᠢᠨ 10 ᠤ ᠡᠳᠦᠷ᠂ ᠦᠬᠠᠢ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠪᠠᠩᠭᠢ ᠶᠢᠨ | ᠬᠠᠳᠠᠭᠠᠯᠠᠮᠵᠢ ᠶᠢᠨ ᠵᠤᠭᠤᠰ ᠠᠩᠬ᠎ᠠ ᠤᠳᠠᠭ᠎ᠠ ᠳ᠋ᠦᠩᠰᠢᠭᠤᠷ ᠲᠦᠭᠦᠷᠢᠭ ᠤᠨ ᠪᠤᠭᠤᠮᠳᠠ ᠶᠢ ᠲᠠᠪᠠᠵᠤ᠂ 1.0225 | ᠳ᠋ᠦᠩᠰᠢᠭᠤᠷ ᠲᠦᠭᠦᠷᠢᠭ ᠲᠤ ᠬᠦᠷᠴᠡᠢ᠃ | 11 ᠰᠠᠷ᠎ᠠ ᠶᠢᠨ 5 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠨ ᠤ | ᠬᠤᠳᠠ ᠶᠢᠨ ᠬᠠᠮᠢᠶᠠᠷᠤᠯᠳᠠ ᠶᠢᠨ ᠬᠠᠤᠯᠢ ᠶᠢᠨ ᠲᠢᠩᠭᠢᠮ — ᠬᠠᠶᠢᠷᠤᠪ ᠤᠨ ᠲᠤᠬᠤᠢ ᠶᠢᠨ ᠬᠤᠳᠠ ᠶᠢᠨ | ᠬᠠᠮᠢᠶᠠᠷᠤᠯᠳᠠ ᠶᠢᠨ ᠬᠠᠤᠯᠢ ᠶᠢᠨ ᠲᠢᠩᠭᠢᠮ ᠪᠠᠶᠢᠭᠤᠯᠤᠭᠳᠠᠵᠤ᠂ ᠬᠠᠶᠢᠷᠤᠪ ᠤᠨ ᠲᠤᠬᠤᠢ ᠲᠤᠭᠤᠷᠢᠭ ᠤᠨ ᠠᠷᠠᠳ | ᠤᠨ ᠰᠢᠬᠦᠬᠦ ᠬᠤᠷᠢᠶᠠᠨ ᠤ ᠲᠤᠮᠢᠯᠠᠭᠰᠠᠨ ᠪᠠᠶᠢᠭᠤᠯᠤᠮᠵᠢ ᠪᠤᠯᠭᠠᠵᠠᠢ᠃ | 11 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠭᠠᠳᠠᠭᠠᠳᠤ ᠲᠠᠢ ᠶᠠᠪᠤᠯᠴᠠᠬᠤ ᠨᠦᠭᠦᠷᠯᠡᠯ ᠤᠨ | ᠬᠤᠷᠠᠯ ᠪᠠᠶᠢᠭᠤᠯᠤᠭᠳᠠᠪᠠ᠃ | △ ᠦᠬᠠᠢ ᠬᠤᠳᠠ ᠶᠢᠨ ᠬᠤᠳᠠ ᠲᠤᠭᠤᠶᠢᠯᠠᠭᠰᠠᠨ ᠨᠡᠶᠢᠳᠡ ᠶᠢᠨ ᠮᠠᠰᠢᠨ ᠲᠡᠷᠭᠡ ᠨᠡᠪᠳᠡᠷᠡᠵᠡᠢ᠃ ᠠᠩᠬ᠎ᠠ | ᠨᠡᠪᠳᠡᠷᠡᠭᠰᠡᠨ ᠨᠢᠭᠡᠳᠦᠭᠡᠷ ᠵᠠᠮ ᠤᠨ ᠲᠡᠷᠭᠡ ᠪᠠ ᠵᠢᠷᠭᠤᠳᠤᠭᠠᠷ ᠵᠠᠮ ᠤᠨ ᠲᠡᠷᠭᠡ ᠨᠢ ᠲᠤᠰ ᠲᠤᠰ ᠭᠠᠯᠳᠤ ᠲᠡᠷᠭᠡᠨ | ᠦᠷᠳᠡᠭᠡ ᠬᠢᠭᠡᠳ ᠡᠮᠦᠨ᠎ᠡ ᠰᠤᠯᠢᠪᠴᠠᠮᠠᠯ ᠬᠦᠭᠦᠷᠭᠡ ᠠᠴᠠ ᠠᠵᠤ ᠦᠢᠯᠡᠳᠪᠦᠷᠢᠯᠠᠯ ᠤᠨ ᠪᠠᠭᠠᠵᠢ ᠶᠢᠨ ᠦᠢᠯᠡᠳᠪᠦᠷᠢ | ᠪᠤᠯᠤᠨ ᠴᠠᠬᠢᠯᠭᠠᠨ ᠱᠠᠳᠤᠨ ᠤ ᠦᠢᠯᠡᠳᠪᠦᠷᠢ ᠬᠦᠷᠬᠦ ᠪᠤᠯᠤᠨ᠎ᠠ᠃ | 12 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠯᠳᠡ ᠶᠢ ᠰᠤᠳᠤᠯᠬᠤ ᠲᠦᠪ᠂ ᠤᠯᠤᠰ | ᠤᠨ ᠲᠤᠭ᠎ᠠ ᠪᠦᠷᠢᠳᠬᠡᠯ ᠤᠨ ᠲᠣᠪᠴᠢᠶᠠᠨ ᠠᠴᠠ ᠨᠡᠶᠢᠳᠡᠯᠡᠭᠰᠡᠨ 1994 ᠤᠨ ᠤ ᠠᠵᠤ ᠦᠢᠯᠡᠳᠪᠦᠷᠢᠯᠠᠯ ᠤᠨ | ᠠᠵᠤ ᠠᠬᠤᠶᠢᠯᠠᠯ ᠤᠨ ᠬᠢᠨᠠᠨ ᠲᠤᠭᠳᠠᠭᠠᠯ ᠢᠶᠠᠷ᠂ ᠬᠠᠶᠢᠷᠤᠪ ᠤᠨ ᠲᠤᠬᠤᠢ ᠶᠢᠨ ᠰᠢᠯ ᠤᠨ ᠦᠢᠯᠡᠳᠪᠦᠷᠢ ᠨᠢ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠮᠤᠭ ᠰᠠᠶᠢᠨ ᠦᠷ᠎ᠡ ᠠᠰᠢᠭ ᠲᠠᠢ ᠠᠵᠤ ᠦᠢᠯᠡᠳᠪᠦᠷᠢᠯᠠᠯ ᠤᠨ | ᠠᠵᠤ ᠠᠬᠤᠶᠢᠯᠠᠯ ᠤᠨ ᠲᠤᠳᠤᠷ᠎ᠠ ᠲᠦᠷᠦᠭᠦᠨ ᠳᠤ ᠵᠢᠭᠰᠠᠭᠠᠭᠳᠠᠵᠠᠢ᠃ | | | 1995 ᠤᠨ | 1 ᠰᠠᠷ᠎ᠠ ᠶᠢᠨ 19 ᠤ ᠡᠳᠦᠷ᠂ ᠦᠬᠠᠢ ᠬᠤᠳᠠ ᠶᠢᠨ ᠵᠠᠯᠠᠭᠤᠴᠤᠳ ᠤᠨ ᠰᠠᠶᠢᠨ ᠲᠤᠷᠠᠴᠤᠳ ᠤᠨ | ᠨᠡᠶᠢᠭᠡᠮᠯᠢᠭ ᠪᠠᠶᠢᠭᠤᠯᠤᠭᠳᠠᠪᠠ᠃ | 3 ᠰᠠᠷ᠎ᠠ ᠶᠢᠨ 24 ~ 29 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ | ᠲᠦᠷᠪᠡᠳᠦᠭᠡᠷ ᠬᠤᠭᠤᠴᠠᠭᠠᠨ ᠤ ᠬᠡᠰᠢᠭᠦᠳ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠤᠯᠤᠰ | ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠣᠣ ᠮᠠᠤ ᠰᠧᠨ ᠪᠠᠶᠢᠩᠭᠤ ᠶᠢᠨ ᠵᠦᠪᠯᠡᠯ ᠤᠨ ᠠᠵᠢᠯ ᠤᠨ | ᠮᠡᠳᠡᠭᠦᠯᠦᠯᠳᠡ ᠬᠢᠵᠦ᠂ ᠲᠡᠳ᠋ ᠲᠡᠷᠢᠭᠦᠯᠡᠭᠴᠢ ᠬᠤ᠋ ᠲᠢᠩ ᠯᠢ ᠰᠠᠨᠠᠯ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ | ᠮᠡᠳᠡᠭᠦᠯᠦᠯᠳᠡ ᠬᠢᠵᠡᠢ᠃ | 3 ᠰᠠᠷ᠎ᠠ ᠶᠢᠨ 25 ~ 30 ᠤ ᠡᠳᠦᠷ᠂ ᠦᠬᠠᠢ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠪᠠᠭᠠᠳᠤᠷ ᠢ ᠦᠬᠠᠢ ᠬᠤᠳᠠ ᠶᠢᠨ ᠬᠤᠳᠠ ᠶᠢᠨ ᠲᠠᠷᠤᠭ᠎ᠠ ᠪᠠᠷ ᠰᠤᠩᠭᠤᠵᠠᠢ᠃ | 4 ᠰᠠᠷ᠎ᠠ ᠶᠢᠨ 2 ᠤ ᠡᠳᠦᠷ᠂ ᠦᠬᠠᠢ ᠬᠤᠳᠠ ᠶᠢᠨ ᠰᠤᠶᠤᠯ ᠲᠠᠮᠢᠷ ᠨᠠᠭᠠᠳᠤᠮ ᠨᠠᠶᠢᠷ ᠤᠨ ᠬᠤᠳᠠ ᠶᠢᠨ | ᠪᠠᠷᠢᠯᠭ᠎ᠠ ᠰᠠᠭᠤᠷᠢ ᠲᠠᠯᠪᠢᠵᠠᠢ᠃ ᠡᠵᠡᠯᠡᠭᠦ ᠭᠠᠵᠠᠷ ᠤᠨ ᠶᠡᠷᠦᠩᠬᠡᠢ ᠲᠠᠯᠠᠪᠠᠢ ᠨᠢ 60 000 ᠭᠠᠷᠤᠢ ᠲᠡᠭᠰᠢ | ᠲᠦᠷᠪᠡᠯᠵᠢᠨ ᠮᠧᠲᠷ᠂ ᠪᠠᠷᠢᠯᠭ᠎ᠠ ᠶᠢᠨ ᠪᠦᠬᠦ ᠲᠠᠯᠠᠪᠠᠢ ᠨᠢ 25 000 ᠲᠡᠭᠰᠢ ᠲᠦᠷᠪᠡᠯᠵᠢᠨ ᠮᠧᠲᠷ᠂ ᠨᠡᠶᠢᠳᠡ ᠶᠢᠨ | ᠪᠠᠶᠢᠷᠢ᠂ ᠵᠠᠯᠠᠭᠤ ᠪᠠᠭᠠᠴᠤᠳ ᠤᠨ ᠬᠦᠳᠡᠯᠭᠡᠭᠡᠨ ᠤ ᠲᠦᠪ ᠪᠤᠯᠤᠨ ᠤᠮᠪᠠᠯᠳᠠ ᠶᠢᠨ ᠤᠷᠳᠤᠨ ᠵᠡᠷᠭᠡ ᠲᠦᠬᠦᠭᠡᠷᠦᠮᠵᠢ | ᠲᠠᠢ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠤ 3 500 ᠲᠦᠮᠡᠨ ᠲᠦᠭᠦᠷᠢᠭ ᠤᠨ ᠪᠡᠯᠡ ᠤᠷᠤᠭᠤᠯᠤᠨ᠎ᠠ᠃ | 6 ᠰᠠᠷ᠎ᠠ ᠶᠢᠨ 18 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ | ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠭᠦᠨ᠂ ᠲᠦᠪ ᠤᠨ ᠱᠦᠵᠢ ᠶᠢᠨ ᠭᠠᠵᠠᠷ ᠤᠨ ᠱᠦᠵᠢ ᠬᠤ᠋ ᠶᠢᠨ | ᠲᠤᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢᠦ ᠮᠢᠩ ᠽᠦ᠂ | ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠦᠯᠵᠡᠢ ᠶᠢᠨ ᠪᠠᠷᠠᠳᠠᠯᠭ᠎ᠠ ᠪᠠᠷ ᠦᠬᠠᠢ ᠬᠤᠳᠠ ᠳᠤ ᠢᠷᠡᠵᠦ | ᠪᠠᠶᠢᠴᠠᠭᠠᠯᠳᠠ ᠬᠢᠵᠠᠢ᠂ ᠤᠷᠢᠳ ᠬᠤᠵᠢᠳ ᠬᠤᠳᠠ ᠵᠢᠨᠨᠡᠶᠢᠳᠡᠮ ᠬᠡᠷᠡᠭᠴᠡᠭᠡᠨ ᠤ ᠮᠠᠰᠢᠨ ᠤ ᠬᠤᠶᠠᠳᠤᠭᠠᠷ | ᠦᠢᠯᠡᠳᠪᠦᠷᠢ᠂ ᠨᠡᠭᠦᠷᠡᠰᠦ ᠬᠡᠦᠷᠡᠰᠦᠨ ᠤ ᠦᠢᠯᠡᠳᠪᠦᠷᠢ᠂ ᠬᠠᠶᠢᠷᠤᠪ ᠤᠨ ᠲᠤᠬᠤᠢ ᠶᠢᠨ ᠰᠢᠯ ᠤᠨ ᠦᠢᠯᠡᠳᠪᠦᠷᠢ᠂ | ᠨᠡᠶᠢᠳᠡᠮ ᠬᠡᠷᠡᠭᠴᠡᠭᠡᠨ ᠤ ᠮᠠᠰᠢᠨ ᠤ ᠨᠢᠭᠡᠳᠦᠭᠡᠷ ᠦᠢᠯᠡᠳᠪᠦᠷᠢ ᠵᠡᠷᠭᠡ ᠠᠵᠤ ᠠᠬᠤᠶᠢᠯᠠᠯ ᠢ ᠲᠤᠭᠤᠷᠢᠨ ᠦᠵᠡᠵᠦ᠂ | ᠦᠬᠠᠢ ᠬᠤᠳᠠ ᠶᠢᠨ ᠠᠵᠢᠯ ᠤᠨ ᠮᠡᠳᠡᠭᠦᠯᠦᠯᠳᠡ ᠶᠢ ᠰᠤᠨᠤᠰᠤᠭᠰᠠᠨ ᠤ ᠲᠠᠷᠠᠭ᠎ᠠ᠂ ᠬᠤ᠋ ᠶᠢᠨ ᠲᠤᠤ᠂ ︽ᠦᠬᠠᠢ | ᠬᠤᠳᠠ ᠨᠢ ᠠᠵᠤ ᠠᠬᠤᠢ ᠪᠠᠷ ᠦᠨᠳᠦᠰᠦ ᠪᠤᠯᠭᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ | ᠬᠢᠬᠦ ᠶᠢᠨ ᠬᠠᠮᠳᠤ ᠨᠡᠶᠢᠭᠡᠮ ᠤᠨ ᠠᠮᠤᠷ ᠲᠤᠭᠳᠠᠭᠤᠨ ᠤ ᠠᠵᠢᠯ ᠢ ᠴᠦ ᠰᠠᠶᠢᠳᠤᠷ ᠬᠢᠬᠦ ᠬᠡᠷᠡᠭᠳᠡᠢ ᠮᠦᠷᠳᠡᠭᠡᠨ ᠨᠠᠮ | ᠤᠨ ᠪᠠᠶᠢᠭᠤᠯᠤᠯᠳᠠ ᠶᠢᠨ ᠠᠵᠢᠯ᠂ ᠤᠨᠴᠠᠭᠠᠶᠢᠯᠠᠨ ᠤᠳᠤᠷᠢᠳᠬᠤ ᠪᠠᠭ ᠤᠨ ᠪᠠᠶᠢᠭᠤᠯᠤᠯᠳᠠ ᠶᠢ ᠰᠠᠶᠢᠳᠤᠷ ᠠᠳᠬᠤᠬᠤ | ᠬᠡᠷᠡᠭᠳᠡᠢ》 ᠭᠡᠵᠦ ᠵᠢᠭᠠᠨ ᠭᠠᠷᠭᠠᠵᠠᠢ᠃ | 7 ᠰᠠᠷ᠎ᠠ ᠶᠢᠨ 3 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶ᠎ᠠ | ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠵᠠᠩ ᠡᠯ ᠮᠤᠤ ᠠᠴᠠ ᠲᠠᠭᠠᠨ ᠰᠤᠷᠤᠯᠴᠠᠬᠤ ᠬᠦᠳᠡᠯᠭᠡᠭᠡᠨ ᠢ | ᠦᠷᠨᠢᠭᠦᠯᠬᠦ ᠰᠢᠢᠳᠪᠦᠷᠢ ᠶᠢ ᠭᠠᠷᠭᠠᠵᠠᠢ᠃ ᠵᠠᠩ ᠡᠯ ᠮᠤᠤ ᠪᠤᠯ ᠤᠳᠠ ᠶᠢᠨ ᠠᠭᠤᠷᠬᠠᠢ ᠶᠢᠨ ᠶᠠᠪᠤᠳᠠᠯ ᠤᠨ | ᠲᠤᠪᠴᠢᠶᠠᠨ ᠤ ᠬᠤᠸᠠᠩ ᠪᠠᠢ ᠽᠢ ᠨᠡᠭᠦᠷᠡᠰᠦᠨ ᠠᠭᠤᠷᠬᠠᠢ ᠶᠢᠨ ᠠᠵᠢᠯᠳᠠᠨ᠂ ᠪᠦᠬᠦ ᠤᠯᠤᠰ ᠤᠨ ᠬᠦᠳᠡᠯᠮᠦᠷᠢ ᠶᠢᠨ | ᠵᠢᠱᠢᠶᠡᠴᠢ᠃ | 7 ᠰᠠᠷ᠎ᠠ ᠶᠢᠨ 7 ᠤ ᠡᠳᠦᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ | ᠰᠢᠬᠦᠭᠦ ᠬᠤᠷᠢᠶᠠᠨ ᠠᠴᠠ ᠦᠬᠠᠢ ᠬᠤᠳᠠ ᠶᠢᠨ ᠭᠠᠵᠠᠷ ᠰᠢᠷᠦᠢ ᠶᠢᠨ ᠦᠮᠴᠢᠯᠡᠯ ᠤᠨ ᠡᠷᠭᠡ ᠶᠢᠨ ᠲᠤᠬᠠᠢ ᠠᠩᠬᠠᠨ ᠤ | ᠵᠢᠭᠤᠷᠠᠭᠠᠨ ᠢ ᠰᠢᠬᠦᠨ ᠲᠠᠰᠤᠯᠪᠠ᠃ | 8 ᠰᠠᠷ᠎ᠠ ᠶᠢᠨ 15 ᠤ ᠡᠳᠦᠷ᠂ ᠦᠬᠠᠢ ᠬᠤᠳᠠ ᠶᠢᠨ ᠨᠠᠰᠤᠳᠠᠶᠢᠴᠤᠳ ᠤᠨ ᠰᠤᠳᠤᠯᠭᠠᠨ ᠤ ᠨᠡᠶᠢᠭᠡᠮᠯᠢᠭ | ᠪᠠᠶᠢᠭᠤᠯᠤᠭᠳᠠᠪᠠ᠃ | 8 ᠰᠠᠷ᠎ᠠ ᠶᠢᠨ 21 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ | ᠬᠤᠷᠢᠶ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ | ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠤᠬᠢᠷᠠᠭᠤᠯᠭ᠎ᠠ ᠶᠢᠨ ᠬᠤᠷᠠᠯ ᠬᠢᠵᠦ᠂ ︽ᠭᠤᠷᠪᠠ ᠶᠢ ᠲᠤᠭᠳᠠᠭᠠᠬᠤ | ︵ᠬᠦᠮᠦᠨ᠂ ᠤᠷᠤᠨ ᠲᠤᠭ᠎ᠠ᠂ ᠠᠵᠢᠯ ᠤᠨ ᠪᠠᠶᠢᠷᠢ ᠶᠢ ᠲᠤᠭᠳᠠᠭᠠᠬᠤ︶︾ ᠠᠵᠢᠯ ᠢ ᠪᠠᠳᠤᠯᠠᠵᠤ᠂ ᠨᠠᠮ ᠤᠨ | ᠬᠤᠷᠢᠶᠠᠨ ᠤ ᠠᠵᠢᠯ ᠤᠨ ᠰᠠᠯᠠᠭ᠎ᠠ ᠮᠦᠴᠢᠷ ᠢ 7᠂ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ 30 | ᠪᠤᠯᠭᠠᠨ ᠲᠤᠭᠳᠠᠭᠠᠵᠠᠢ᠃ ᠲᠤᠬᠢᠷᠠᠭᠤᠯᠤᠯᠳᠠ ᠶᠢᠨ ᠲᠠᠷᠠᠭ᠎ᠠ ᠬᠤᠳᠠ᠂ ᠲᠤᠭᠤᠷᠢᠭ᠂ ᠵᠡᠭᠡᠯᠢ ᠭᠤᠳᠤᠮᠵᠢ ᠶᠢᠨ ᠬᠡᠷᠡᠭ | ᠡᠷᠭᠢᠯᠡᠬᠦ ᠭᠠᠵᠠᠷ ︵ᠰᠢᠶᠠᠩ︶ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠪᠦᠬᠦ ᠤᠷᠤᠨ ᠲᠤᠭ᠎ᠠ ᠶᠢ 1 648 | ᠬᠦᠮᠦᠨ ︵ᠤᠯᠤᠰ ᠲᠦᠷᠦ ᠬᠠᠥᠯᠢ ᠴᠠᠭᠠᠵᠠ ᠬᠢᠭᠡᠳ ᠭᠠᠶᠢᠯᠢ ᠶᠢᠨ ᠦᠢᠯᠡᠰ ᠤᠨ ᠤᠷᠤᠨ ᠲᠤᠭ᠎ᠠ ᠶᠢ ᠪᠠᠭᠳᠠᠭᠠᠬᠤ | ᠦᠭᠡᠢ︶᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠤᠨ | ᠤᠷᠤᠨ ᠲᠤᠭ᠎ᠠ ᠶᠢ 197 ᠬᠦᠮᠦᠨ ᠢᠶᠠᠷ ᠲᠤᠭᠳᠠᠭᠠᠵᠠᠢ᠃ | 8 ᠰᠠᠷ᠎ᠠ ᠶᠢᠨ 31 ᠤ ᠡᠳᠦᠷ᠂ ᠦᠬᠠᠢ ᠬᠤᠳᠠ ᠶᠢᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠵᠤ | ᠠᠬᠤᠶᠢᠯᠠᠯ ᠤᠨ ᠲᠤᠪᠴᠢᠶ᠎ᠡ ᠪᠠᠶᠢᠭᠤᠯᠤᠭᠳᠠᠪᠠ᠃ | 9 ᠰᠠᠷ᠎ᠠ ᠶᠢᠨ 12 ᠤ ᠡᠳᠦᠷ᠂ ᠦᠬᠠᠢ ᠬᠤᠳᠠ ᠶᠢᠨ ᠨᠡᠭᠦᠷᠡᠰᠦ ᠬᠡᠦᠷᠡᠰᠦᠨ ᠤ ᠠᠵᠤ ᠦᠢᠯᠡᠳᠪᠦᠷᠢ ᠶᠢᠨ | ᠬᠠᠮᠢᠶᠠᠷᠤᠯᠳᠠ ᠶᠢᠨ ᠲᠤᠪᠴᠢᠶ᠎ᠡ ᠪᠠᠶᠢᠭᠤᠯᠤᠭᠳᠠᠪᠠ᠃ | 9 ᠰᠠᠷ᠎ᠠ ᠶᠢᠨ 18 ᠤ ᠡᠳᠦᠷ᠂ ᠦᠬᠠᠢ ᠬᠤᠳᠠ ᠶᠢᠨ ᠠᠩᠬᠠᠨ ᠤ ᠠᠷᠠᠳ ᠠᠴᠠ ᠡᠷᠭᠢᠯᠡᠭᠰᠡᠨ ᠲᠡᠭᠡᠳᠦ | ᠵᠡᠷᠭᠡ ᠶᠢᠨ ᠰᠤᠷᠭᠠᠭᠤᠯᠢ — ᠴᠢᠩ ᠱᠠᠨ ᠶᠡᠭᠡ ᠰᠤᠷᠭᠠᠭᠤᠯᠢ ᠶᠢᠨ ᠦᠬᠠᠢ ᠬᠤᠳᠠ ᠶᠢᠨ ᠬᠤᠪᠢᠶᠠᠷᠢ ᠰᠤᠷᠭᠠᠭᠤᠯᠢ | ᠪᠠᠶᠢᠭᠤᠯᠤᠭᠳᠠᠪᠠ᠃ | 9 ᠰᠠᠷ᠎ᠠ ᠶᠢᠨ 22 ᠤ ᠡᠳᠦᠷ᠂ ᠦᠬᠠᠢ ᠬᠤᠳᠠ ᠨᠢ ᠲᠢᠶᠡᠨᠵᠢᠨ ᠬᠤᠳᠠ ᠶᠢᠨ ᠬᠠᠨ ᠬᠦ᠋ ᠲᠤᠭᠤᠷᠢᠭ ᠲᠠᠢ | ᠨᠦᠭᠦᠷᠰᠡᠭ ᠬᠤᠳᠠ ᠲᠤᠭᠤᠷᠢᠭ ᠤᠨ ᠬᠠᠷᠢᠴᠠᠭ᠎ᠠ ᠪᠠᠶᠢᠭᠤᠯᠪᠠ᠃ | 10 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠰᠢᠦᠳᠠᠨ ᠲᠤᠪᠴᠢᠶᠠᠨ ᠤ 23 ᠳ᠋ᠤᠭᠠᠷ ᠲᠤᠪᠴᠢᠶ᠎ᠡ | ᠫᠷᠦᠭᠷᠡᠮᠳᠤ ᠳ᠋ᠢᠶᠠᠩᠬᠤᠸᠠ ᠤᠭᠳᠤᠯᠤᠨ ᠵᠠᠯᠭᠠᠵᠤ ᠨᠡᠪᠳᠡᠷᠡᠵᠡᠢ᠃ ᠡᠨᠡ ᠦᠶ᠎ᠡ ᠪᠤᠯᠳᠠᠯ᠎ᠠ ᠦᠬᠠᠢ ᠬᠤᠳᠠ ᠶᠢᠨ 5 | ᠲᠦᠮᠡᠨ ᠫᠷᠦᠭᠷᠡᠮᠳᠤ ᠳ᠋ᠢᠶᠠᠩᠬᠤᠸᠠ ᠶᠢ ᠦᠭᠡᠷᠡᠴᠢᠯᠡᠬᠦ ᠢᠨᠵᠧᠨᠧᠷᠢᠩ ᠤᠨ ᠠᠵᠢᠯ ᠢ ᠴᠦᠮ ᠲᠠᠭᠤᠰᠴᠠᠢ᠃ | | | 1996 ᠤᠨ | 1 ᠰᠠᠷ᠎ᠠ ᠶᠢᠨ 8 ᠤ ᠡᠳᠦᠷ᠂ ᠦᠬᠠᠢ ᠬᠤᠳᠠ ᠶᠢᠨ ᠰᠤᠶᠤᠯ ᠤᠨ ᠲᠤᠷᠠᠰᠬᠠᠯᠳᠤ ᠡᠳ᠋ ᠤᠨ ᠰᠤᠯᠢᠯᠴᠠᠭᠠᠨ | ᠤ ᠲᠦᠪ ᠪᠠᠶᠢᠭᠤᠯᠤᠭᠳᠠᠪᠠ᠃ | 4 ᠰᠠᠷ᠎ᠠ ᠶᠢᠨ 1 ᠤ ᠡᠳᠦᠷ᠂ ᠬᠠᠶᠢᠷᠤᠪ ᠤᠨ ᠲᠤᠬᠤᠢ ᠲᠤᠭᠤᠷᠢᠭ᠂ ᠤᠳᠠ ᠲᠤᠭᠤᠷᠢᠭ᠂ ᠬᠠᠶᠢᠨᠠᠨ | ᠲᠤᠭᠤᠷᠢᠭ ᠤᠨ ᠠᠷᠠᠳ ᠤᠨ ᠵᠡᠪᠰᠡᠭᠳᠦ ᠬᠡᠯᠳᠡᠰ ᠵᠢᠩᠭᠢᠨᠢ ᠪᠠᠷ ᠴᠡᠷᠢᠭ ᠠᠩᠭᠢ ᠶᠢᠨ ᠪᠠᠶᠢᠭᠤᠯᠤᠮᠵᠢ ᠳᠤ ᠤᠷᠤᠵᠠᠢ᠃ | 4 ᠰᠠᠷ᠎ᠠ ᠶᠢᠨ 8 ~ 13 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ | ᠲᠦᠷᠪᠡᠳᠦᠭᠡᠷ ᠬᠤᠭᠤᠴᠠᠭᠠᠨ ᠤ ᠬᠡᠰᠢᠭᠦᠳ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠷᠠᠯ | ᠠᠴᠠ ᠶᠢᠨ ᠸᠧᠨ ᠬᠤᠸᠠ ᠶᠢᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠶᠢᠨ | ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠵᠤᠪᠰᠢᠶᠡᠷᠡᠵᠦ᠂ ᠯᠢᠦ ᠶᠦᠩ ᠹᠦ᠋ ᠶᠢ ᠤᠯᠤᠰ ᠲᠦᠷᠦ | ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠪᠠᠷ ᠰᠤᠩᠭᠤᠵᠠᠢ᠃ | 4 ᠰᠠᠷ᠎ᠠ ᠶᠢᠨ 9 ~ 13 ᠤ ᠡᠳᠦᠷ᠂ ᠦᠬᠠᠢ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠵᠢᠶᠠ ᠭᠤᠸᠠᠩ ᠶᠤᠸᠠᠨ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠵᠦᠪᠯᠡᠯ ᠤᠨ ᠲᠡᠳ᠋ ᠡᠷᠭᠢᠯᠡᠭᠴᠢ ᠪᠠᠷ᠂ ᠸᠠᠩ ᠬᠤ᠋ ᠶᠢ ᠬᠤᠳᠠ ᠶᠢᠨ ᠲᠤᠮᠳᠠ ᠵᠡᠷᠭᠡ ᠶᠢᠨ ᠠᠷᠠᠳ ᠤᠨ ᠰᠢᠬᠦᠬᠦ | ᠬᠤᠷᠢᠶᠠᠨ ᠤ ᠬᠤᠷᠢᠶᠠᠨ ᠲᠠᠷᠤᠭ᠎ᠠ ᠪᠠᠷ ᠰᠤᠩᠭᠤᠵᠠᠢ᠃ | 5 ᠰᠠᠷ᠎ᠠ ᠶᠢᠨ 2 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ︽ᠤᠯᠤᠰ | ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠦᠷᠨᠢᠭᠦᠯᠭᠦ ᠲᠤᠬᠠᠢ ᠰᠢᠢᠳᠪᠦᠷᠢ︾ ᠭᠠᠷᠭᠠᠵᠤ᠂ ᠰᠠᠷ᠎ᠠ | ᠪᠦᠷᠢ ᠶᠢᠨ ᠡᠴᠦᠰ ᠤᠨ ᠨᠢᠭᠡ ᠭᠠᠷᠠᠭ ᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠤ | ᠭᠠᠷᠠᠭ ᠪᠤᠯᠭᠠᠨ ᠲᠤᠭᠳᠠᠭᠠᠵᠤ᠂ ᠭᠠᠷᠠᠭ ᠪᠦᠷᠢ ᠶᠢᠨ ᠲᠠᠪᠤᠨ ᠳᠤ ᠤᠷᠴᠢᠨ ᠲᠤᠭᠤᠷᠢᠨ ᠠᠷᠢᠭᠤᠨ ᠴᠡᠪᠡᠷ ᠢ | ᠪᠠᠶᠢᠴᠠᠭᠠᠬᠤ ᠡᠳᠦᠷ ᠬᠡᠮᠡᠨ ᠲᠤᠭᠳᠠᠭᠠᠵᠠᠢ᠃ | 5 ᠰᠠᠷ᠎ᠠ ᠶᠢᠨ 5 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠠᠴᠠ | ᠤᠯᠠᠮᠵᠢᠯᠠᠨ ᠲᠠᠷᠬᠠᠭᠠᠭᠰᠠᠨ ᠤᠯᠤᠰ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ | ᠶᠠᠮᠤᠨ᠂ ᠡᠷᠡᠭᠦᠯ ᠬᠠᠮᠠᠭᠠᠯᠠᠯ ᠤᠨ ᠶᠠᠮᠤᠨ ᠤ ︽ᠠᠵᠢᠯᠳᠠᠨ ᠤ ᠡᠮ ᠡᠮᠨᠡᠯᠭᠡ ᠶᠢᠨ ᠲᠠᠭᠠᠳᠬᠠᠯ ᠤᠨ ᠲᠦᠷᠢᠮ ᠤᠨ | ᠦᠭᠡᠷᠡᠴᠢᠯᠡᠯᠳᠡ ᠶᠢᠨ ᠲᠤᠷᠰᠢᠯᠳᠠ ᠶᠢᠨ ᠴᠡᠭ ᠢ ᠦᠷᠭᠡᠳᠭᠡᠬᠦ ᠲᠤᠬᠠᠢ ᠰᠠᠨᠠᠯ︾ ᠳᠤ ᠦᠬᠠᠢ ᠬᠤᠳᠠ ᠶᠢ ᠪᠦᠬᠦ | ᠤᠯᠤᠰ ᠤᠨ 57 ᠦᠷᠭᠡᠳᠭᠡᠭᠰᠡᠨ ᠲᠤᠷᠰᠢᠯᠳᠠ ᠶᠢᠨ ᠴᠡᠭ ᠤᠨ ᠨᠢᠭᠡ ᠪᠠᠷ ᠲᠤᠭᠳᠠᠭᠠᠵᠠᠢ᠃ | 6 ᠰᠠᠷ᠎ᠠ ᠶᠢᠨ 14 ᠤ ᠡᠳᠦᠷ᠂ ᠦᠬᠠᠢ ᠬᠤᠳᠠ ᠬᠠᠦᠯᠢ ᠶᠤᠰᠤᠭᠠᠷ ᠪᠠᠭ᠎ᠠ ᠵᠢᠵᠢᠭ ᠰᠢᠷᠦᠢ ᠶᠢᠨ ᠬᠡᠦᠷᠡᠰᠦ | ᠦᠢᠯᠡᠳᠪᠦᠷᠢᠯᠡᠬᠦ ᠵᠤᠤᠬ᠎ᠠ ᠶᠢ ᠴᠡᠭᠴᠡᠯᠡᠨ ᠣᠰᠠᠳᠬᠠᠬᠤ ᠠᠵᠢᠯ ᠡᠬᠢᠯᠡᠬᠦᠯᠵᠡᠢ᠃ | 6 ᠰᠠᠷ᠎ᠠ ᠶᠢᠨ 25 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠠᠴᠠ ᠦᠬᠠᠢ ᠬᠤᠳᠠ ᠳᠤ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ | ᠲᠤᠬᠠᠢ ᠶᠢᠨ ᠲᠠᠯᠠᠪᠤᠷ ᠤᠨ ᠬᠤᠷᠠᠯᠳᠤᠭᠠᠨ ᠬᠢᠵᠡᠢ᠂ ᠬᠤᠷᠠᠯ ᠤᠨ ᠠᠭᠤᠯᠭ᠎ᠠ ᠨᠢ ᠭᠤᠤᠯᠳᠠᠭᠤ ᠦᠬᠠᠢ ᠬᠤᠳᠠ᠂ | ᠶᠡᠭᠡ ᠵᠤᠤ ᠠᠶᠢᠮᠠᠭ ᠬᠤᠶᠠᠷ ᠭᠠᠵᠠᠷ ᠤᠨ ᠵᠢᠵᠢᠭ ᠨᠡᠭᠦᠷᠡᠰᠦᠨ ᠠᠭᠤᠷᠬᠠᠢ᠂ ᠬᠡᠦᠷᠡᠰᠦ ᠦᠢᠯᠡᠳᠪᠦᠷᠢᠯᠡᠬᠦ ᠰᠢᠷᠦᠢ ᠶᠢᠨ | ᠵᠤᠤᠬ᠎ᠠ᠂ ᠨᠡᠭᠦᠷᠡᠰᠦ ᠤᠬᠢᠶᠠᠬᠤ ᠵᠢᠵᠢᠭ ᠦᠢᠯᠡᠳᠪᠦᠷᠢ ᠶᠢ ᠴᠡᠭᠴᠡᠯᠡᠨ ᠣᠰᠠᠳᠬᠠᠬᠤ ᠶᠠᠪᠤᠳᠠᠯ ᠪᠤᠯᠤᠨ᠎ᠠ᠃ | 6 ᠰᠠᠷ᠎ᠠ ᠶᠢᠨ 25 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ | ᠭᠤᠷᠪᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠢᠭᠡᠳ ᠭᠤᠷᠪᠠᠳᠤᠭᠠᠷ ᠬᠤᠭᠤᠴᠠᠭᠠᠨ ᠤ | ᠨᠢᠭᠡᠳᠦᠭᠡᠷ ᠤᠳᠠᠭᠠᠨ ᠤ ᠪᠦᠬᠦᠳᠡ ᠬᠤᠷᠠᠯᠳᠤᠭᠠᠨ ᠢ ᠬᠤᠷᠠᠯᠳᠤᠭᠤᠯᠵᠤ᠂ ᠪᠠᠭᠠᠳᠤᠷ ᠢ ᠦᠬᠠᠢ ᠬᠤᠳᠠ ᠶᠢᠨ ᠨᠠᠮ | ᠤᠨ ᠬᠤᠷᠢᠶᠠᠨ ᠤ ᠱᠦᠵᠢ ᠪᠠᠷ ᠰᠤᠩᠭᠤᠵᠠᠢ᠃ | 6 ᠰᠠᠷ᠎ᠠ ᠳᠤ᠂ ᠶᠠᠫᠤᠨ ᠤ ᠾᠢᠷᠠᠲ᠋ᠠ ᠰᠤᠳᠤᠯᠭᠠᠨ ᠤ ᠬᠤᠷᠠᠯ ᠠᠴᠠ 85 ᠲᠦᠮᠡᠨ ᠶᠠᠫᠤᠨ ᠵᠤᠭᠤᠰ | ᠲᠤᠰᠠᠯᠠᠵᠤ᠂ ᠦᠬᠠᠢ ᠬᠤᠳᠠ ᠶᠢᠨ ᠦᠨᠳᠦᠰᠦᠳᠡᠨ ᠤ ᠲᠤᠮᠳᠠᠳᠤ ᠰᠤᠷᠭᠠᠭᠤᠯᠢ ᠳᠤ ᠺᠤᠮᠫᠢᠦ᠋ᠲ᠋ᠧᠷ ᠤᠨ ᠲᠠᠰᠤᠭ | ᠪᠠᠶᠢᠭᠤᠯᠵᠤ ᠦᠭᠭᠦᠰᠡᠨ ᠢᠶᠠᠷ ᠬᠤᠳᠠ ᠶᠢᠨ ᠦᠨᠳᠦᠰᠦᠳᠡᠨ ᠤ ᠲᠤᠮᠳᠠᠳᠤ ᠰᠤᠷᠭᠠᠭᠤᠯᠢ ᠡᠴᠡᠡᠨᠡᠬᠦ ᠺᠤᠮᠫᠢᠦ᠋ᠲ᠋ᠧᠷ ᠤᠨ | ᠲᠠᠰᠤᠭ ᠵᠶ᠋ᠡᠨᠾᠢᠷᠠᠲ᠋ᠠ ᠶᠢᠨ ᠨᠡᠷ᠎ᠡ ᠪᠠᠷ ᠨᠡᠷᠡᠶᠢᠳᠴᠡᠢ᠃ ᠲᠠᠷᠠᠭ᠎ᠠ ᠵᠢᠯ ᠳᠤᠨᠢ ᠾᠢᠷᠠᠲ᠋ᠠ ᠶᠢᠨ ᠠᠶᠢᠯᠴᠢᠯᠠᠯᠳᠠ ᠶᠢᠨ | ᠪᠦᠯᠭᠦᠮ ᠦᠬᠠᠢ ᠬᠤᠳᠠ ᠶᠢᠨ ᠦᠨᠳᠦᠰᠦᠳᠡᠨ ᠤ ᠲᠤᠮᠳᠠᠳᠤ ᠰᠤᠷᠭᠠᠭᠤᠯᠢ ᠳᠤ ᠲᠡᠭᠢᠡ 30 ᠲᠦᠮᠡᠨ ᠶᠠᠫᠤᠨ | ᠵᠤᠭᠤᠰ ᠲᠤᠰᠠᠯᠠᠵᠠᠢ᠃ | 7 ᠰᠠᠷ᠎ᠠ ᠶᠢᠨ 2 ᠤ ᠡᠳᠦᠷ᠂ ᠠᠷᠠᠳ ᠤᠨ ᠲᠤᠮᠳᠠᠬᠢ ᠨᠡᠶᠢᠭᠡᠮ ᠤᠨ ᠪᠦᠯᠬᠦᠮ — ᠦᠬᠠᠢ ᠬᠤᠳᠠ ᠶᠢᠨ | ᠬᠠᠳᠤᠨ ᠭᠤᠤᠯ ᠰᠤᠶᠤᠯ ᠠᠵᠤ ᠠᠬᠤᠢ ᠶᠢᠨ ᠰᠤᠳᠤᠯᠭᠠᠨ ᠤ ᠨᠡᠶᠢᠭᠡᠮᠯᠢᠭ ᠪᠠᠶᠢᠭᠤᠯᠤᠭᠳᠠᠪᠠ᠃ | 8 ᠰᠠᠷ᠎ᠠ ᠶᠢᠨ 8 ᠤ ᠡᠳᠦᠷ᠂ ᠬᠠᠶᠢᠨᠠᠨ — 654 — ᠬᠦᠨ ᠤᠰᠤ ᠬᠦᠷᠭᠦ ᠬᠤᠶᠠᠳᠤᠭᠠᠷ ᠵᠡᠷᠭᠡ ᠶᠢᠨ | ᠵᠠᠰᠠᠮᠠᠯ ᠵᠠᠮ ᠲᠡᠪᠢᠰᠦᠭᠳᠡᠨ ᠲᠡᠷᠭᠡ ᠨᠡᠪᠳᠡᠷᠡᠵᠡᠢ᠂ ᠲᠤᠰ ᠬᠡᠰᠡᠭ ᠵᠠᠮ ᠢ ᠲᠡᠪᠢᠰᠬᠦ ᠳᠤ 1 247 ᠲᠦᠮᠡᠨ | ᠲᠦᠭᠦᠷᠢᠭ ᠵᠠᠷᠤᠴᠠᠭᠤᠯᠵᠤ᠂ ᠵᠠᠮ ᠤᠨ ᠪᠦᠬᠦ ᠤᠷᠳᠤ ᠨᠢ 11.143 ᠺᠢᠯᠦᠮᠧᠲᠷ᠃ | 8 ᠰᠠᠷ᠎ᠠ ᠶᠢᠨ 13 ᠤ ᠡᠳᠦᠷ᠂ ᠪᠦᠬᠦ ᠤᠯᠤᠰ ᠤᠨ ᠠᠵᠤ ᠠᠬᠤᠶᠢᠯᠠᠯ ᠤᠨ ᠬᠦᠷᠦᠩᠬᠡ ᠶᠢᠨ ᠪᠦᠳᠦᠴᠡ ᠶᠢᠨ | ᠰᠢᠯᠢᠳᠡᠭᠵᠢᠭᠦᠯᠤᠯ ᠤᠨ ᠲᠤᠷᠰᠢᠯᠳᠠ ᠶᠢᠨ ᠴᠡᠭ ᠬᠤᠳᠠ 1996 ᠤᠨ ᠤ 1 ᠰᠠᠷ᠎ᠠ ᠶᠢᠨ 23 ᠤ ᠡᠳᠦᠷ 50 | ᠭᠡᠵᠦ ᠲᠤᠭᠳᠠᠭᠠᠭᠳᠠᠭᠰᠠᠨ ᠠᠴᠠ ᠪᠠᠨ ᠦᠷᠭᠡᠵᠢᠭᠡᠳ 111 ᠪᠤᠯᠵᠤ᠂ ᠦᠬᠠᠢ ᠬᠤᠳᠠ ᠲᠤᠷᠰᠢᠯᠳᠠ ᠶᠢᠨ ᠴᠡᠭ | ᠬᠤᠳᠠ ᠶᠢᠨ ᠨᠢᠭᠡ ᠪᠤᠯᠵᠠᠢ᠃ | 9 ᠰᠠᠷ᠎ᠠ ᠶᠢᠨ 22 ᠤ ᠡᠳᠦᠷ᠂ ᠦᠬᠠᠢ ᠬᠤᠳᠠ ᠶᠢᠨ ᠲᠠᠪᠤᠳᠤᠭᠠᠷ ᠲᠤᠮᠳᠠᠳᠤ ᠰᠤᠷᠭᠠᠭᠤᠯᠢ | ᠪᠠᠶᠢᠭᠤᠯᠤᠭᠳᠠᠪᠠ᠃ | 9 ᠰᠠᠷ᠎ᠠ ᠶᠢᠨ 24 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠦᠯᠢ ᠴᠠᠭᠠᠵᠠ | ᠶᠢᠨ ᠲᠢᠩᠭᠢᠮ ᠤᠨ ᠵᠦᠪᠰᠢᠶᠡᠷᠡᠯ ᠢᠶᠠᠷ ᠦᠬᠠᠢ ᠬᠤᠳᠠ ᠶᠢᠨ ᠬᠦᠨᠳᠡᠯᠡᠨ ᠠᠴᠠ ᠲᠠᠰᠤᠯᠠᠨ ᠰᠢᠢᠳᠪᠦᠷᠢᠯᠡᠬᠦ ᠵᠦᠪᠯᠡᠯ | ᠪᠠᠶᠢᠭᠤᠯᠤᠭᠳᠠᠪᠠ᠃ |