ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠭᠤᠤᠯᠯᠠᠨ ᠡᠷᠬᠢᠯᠡᠭᠰᠡᠨ ︽ | ᠥᠪᠥᠷ ᠮᠣᠩᠭᠤᠯ ᠤᠨ ᠰᠠᠶᠢᠨ ᠡᠮᠴᠢ ᠥᠪᠥᠷ ᠮᠣᠩᠭᠤᠯ ᠤᠨ ᠰᠠᠶᠢᠨ ᠰᠤᠪᠢᠯᠠᠭᠴᠢ︾ ᠶᠢᠨ ᠲᠤᠬᠠᠶ ᠶᠢᠨ ᠲᠠᠯᠠᠪᠠᠢ ᠶᠢᠨ | ᠰᠣᠯᠢᠯᠴᠠᠭᠠᠨ ᠤ ᠠᠵᠢᠯᠯᠠᠭ᠎ᠠ ᠰᠢᠯᠢ ᠶᠢᠨ ᠭᠤᠤᠯ ᠠᠶᠢᠮᠠᠭ ᠲᠤ ᠶᠠᠪᠤᠭᠳᠠᠵᠤ᠂ ᠬᠤᠲᠠ ᠶᠢᠨ ᠮᠣᠩᠭᠤᠯ ᠬᠢᠲᠠᠳ | ᠡᠮᠨᠡᠯᠭᠡ ᠶᠢᠨ ᠬᠤᠷᠢᠶᠠᠨ ᠤ ᠵᠠᠩ ᠰᠢᠶᠠ᠂ ᠪᠠᠶ ᠸᠧᠨ ᠯᠢ ᠲᠣᠰ ᠲᠣᠰ 8 ᠰᠠᠷ᠎ᠠ᠂ 9 ᠰᠠᠷ᠎ᠠ ᠳᠤ ︽ᠥᠪᠥᠷ | ᠮᠣᠩᠭᠤᠯ ᠤᠨ ᠰᠠᠶᠢᠨ ᠡᠮᠴᠢ ᠥᠪᠥᠷ ᠮᠣᠩᠭᠤᠯ ᠤᠨ ᠰᠠᠶᠢᠨ ᠰᠤᠪᠢᠯᠠᠭᠴᠢ︾ ᠶᠢᠨ ᠨᠡᠷᠡᠰ ᠤᠨ ᠵᠢᠭᠰᠠᠭᠠᠯᠲᠠ ᠳᠤ | ᠣᠷᠣᠪᠠ᠃ | ᠵᠠᠩ ᠰᠢᠶᠠ ᠪᠣᠯ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭᠠᠨ ᠤ | ᠰᠤᠪᠢᠯᠠᠭᠴᠢ ᠶᠢᠨ ᠳᠠᠷᠤᠭ᠎ᠠ ᠪᠠᠶᠢᠵᠤ᠂ ᠰᠤᠪᠢᠯᠠᠭᠴᠢ ᠶᠢᠨ ᠠᠵᠢᠯ ᠤᠨ ᠪᠠᠶᠢᠷᠢᠨ ᠳᠤ 14 ᠵᠢᠯ ᠦᠭᠡ ᠳᠠᠭᠤᠨ | ᠦᠭᠡᠢ ᠪᠠᠷ ᠵᠢᠳᠬᠦᠪᠡ᠃ ᠠᠵᠢᠯ ᠤᠨ ᠳᠤᠮᠳᠠ᠂ ᠲᠡᠷᠡ ᠶᠡᠷᠦ ᠨᠢ ᠡᠮᠦᠨ᠎ᠡ ᠨᠢ ᠭᠠᠪᠰᠢᠭᠠᠶᠢᠯᠠᠵᠤ᠂ ᠬᠦᠨᠳᠦ | ᠲᠦᠭᠰᠢᠭᠦᠷᠢᠲᠡᠶ ᠡᠪᠡᠳᠴᠢᠲᠡᠨ ᠢ ᠪᠦᠬᠦ ᠬᠦᠴᠦ ᠪᠠᠷ ᠢᠶᠠᠨ ᠠᠪᠤᠷᠠᠨ ᠲᠤᠰᠠᠯᠠᠳᠠᠭ᠃ ᠪᠠᠶ ᠸᠧᠨ ᠯᠢ ᠪᠣᠯ ᠬᠤᠲᠠ ᠶᠢᠨ | ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠤᠰᠬᠢᠨᠠᠭ ᠭᠡᠳᠡᠰᠦᠨ ᠤ ᠰᠠᠯᠠᠭᠠᠨ ᠤ ᠰᠤᠪᠢᠯᠠᠭᠴᠢ᠂ ᠬᠡᠳᠦ᠋ᠢᠪᠡᠷ | 30 ᠨᠠᠰᠤᠲᠠᠶ ᠪᠣᠯᠪᠠᠴᠤ ᠰᠤᠪᠢᠯᠠᠭᠴᠢ ᠶᠢᠨ ᠠᠵᠢᠯ ᠤᠨ ᠪᠠᠶᠢᠷᠢᠨ ᠳᠤ 9 ᠵᠢᠯ ᠠᠵᠢᠯᠯᠠᠵᠠᠶ᠃ ᠠᠵᠢᠯ ᠤᠨ ᠳᠤᠮᠳᠠ᠂ | ᠲᠡᠷᠡ ᠡᠪᠡᠳᠴᠢᠲᠡᠨ ᠨᠢᠭᠡᠪᠦᠷᠢ ᠳᠤ ᠬᠠᠯᠠᠭᠤᠮᠰᠤᠭ ᠢᠶᠠᠷ ᠦᠢᠯᠡᠴᠢᠯᠡᠵᠦ᠂ ᠡᠪᠡᠳᠴᠢᠲᠡᠨ ᠤ ᠳᠤᠷᠠᠳᠤᠭᠰᠠᠨ | ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠵᠤ᠂ ᠡᠪᠡᠳᠴᠢᠲᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ |