| | | | ᠮᠠᠨ ᠤ ᠬᠤᠲᠠ ᠳᠤ ᠡᠷᠬᠢᠯᠡᠭᠰᠡᠨ 2019 ᠤᠨ ᠤ ᠳᠤᠮᠳᠠᠳᠤ ᠣᠯᠣᠰ ᠤᠨ ᠪᠠᠷᠠᠭᠤᠨ ᠬᠡᠰᠡᠭ ᠤᠨ | ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠲᠡᠭᠡᠲᠤ ᠲᠡᠰ ᠤᠨ ᠶᠠᠷᠢᠶᠠᠨ ᠤ ᠲᠠᠪᠴᠠᠩ ᠵᠢᠴᠢ | ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠡ᠂ ᠳᠤᠮᠳᠠᠳᠤ | ᠣᠯᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠯᠠᠨᠵᠧᠤ ᠶᠡᠭᠡ ᠰᠤᠷᠭᠠᠭᠤᠯᠢ ᠶᠢᠨ ᠵᠠᠬᠢᠷᠤᠯ | ᠶᠠᠨ ᠴᠦᠨ ᠬᠤᠸᠠ ᠰᠤᠷᠪᠤᠯᠵᠢᠯᠠᠭᠴᠢ ᠳᠤ ᠬᠡᠯᠡᠭᠰᠡᠨ ᠨᠢ᠂ ︽ᠦᠬᠠᠶ ᠶᠢᠨ ᠨᠡᠭᠦᠷᠡᠰᠦ ᠨᠢ ᠶᠠᠰᠤ ᠴᠢᠨᠠᠷ᠂ | ᠬᠠᠳᠠᠭᠠᠯᠠᠬᠤ ᠬᠡᠯᠪᠡᠷᠢ᠂ ᠨᠡᠭᠡᠭᠡᠨ ᠮᠠᠯᠲᠠᠬᠤ ᠠᠷᠭ᠎ᠠ ᠮᠠᠶ᠋ᠢᠭ ᠤᠨ ᠲᠠᠯ᠎ᠠ ᠪᠠᠷ ᠥᠪᠡᠷᠮᠢᠴᠡ ᠣᠨᠴᠠᠯᠢᠭ ᠲᠠᠢ᠂ ᠳᠥᠭᠦᠮ | ᠳᠥᠲᠡ ᠴᠢᠨᠠᠷ ᠲᠠᠢ ᠪᠠᠶᠢᠳᠠᠭ᠃ ᠤᠷᠲᠤ ᠬᠤᠭᠤᠴᠠᠭᠠᠨ ᠤ ᠬᠥᠭᠵᠢᠯᠲᠡ ᠪᠠᠷ ᠳᠠᠮᠵᠢᠨ᠂ ᠦᠬᠠᠶ ᠶᠢᠨ ᠨᠡᠭᠦᠷᠡᠰᠦᠨ | ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠨᠢ ᠨᠢᠭᠡᠨᠲᠡ ᠥᠪᠡᠷᠮᠢᠴᠡ | ᠣᠨᠴᠠᠯᠢᠭ ᠲᠠᠢ ᠰᠢᠰᠲ᠋ᠧᠮ ᠢ ᠪᠦᠷᠢᠯᠳᠦᠭᠦᠯᠪᠡ᠃ ᠥᠨᠥᠳᠥᠷ ᠤᠨ ᠬᠤᠷᠠᠯ ᠨᠠᠩ ᠣᠯᠠᠨ ᠰᠢᠨ᠎ᠡ ᠦᠵᠡᠯ ᠰᠠᠨᠠᠭ᠎ᠠ ᠶᠢ | ᠪᠠᠳᠠᠷᠠᠭᠤᠯᠵᠤ᠂ ᠨᠠᠩ ᠣᠯᠠᠨ ᠦᠷ᠎ᠡ ᠪᠦᠲᠦᠮᠵᠢᠲᠡᠶ ᠦᠷ᠎ᠡ ᠪᠦᠲᠦᠭᠡᠯ ᠭᠠᠷᠭᠠᠬᠤ ᠶᠢ ᠬᠦᠰᠡᠵᠦ ᠪᠠᠶᠢᠨ᠎ᠠ︾ ᠬᠡᠵᠡᠢ᠃ | | ᠶᠠᠨ ᠴᠦᠨ ᠬᠤᠸᠠ ᠬᠡᠯᠡᠭᠰᠡᠨ ᠨᠢ᠂ ᠨᠡᠭᠦᠷᠡᠰᠦᠨ ᠤ ᠠᠵᠢᠯ ᠲᠥᠷᠥᠯ ᠤᠨ ᠪᠦᠷᠢᠯᠳᠦᠭᠰᠡᠨ ᠰᠢᠰᠲ᠋ᠧᠮ ᠨᠠᠩ | ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠪᠠ ᠪᠦᠬᠦ ᠲᠠᠯ᠎ᠠ ᠶᠢᠨ ᠬᠡᠷᠡᠭᠯᠡᠯᠲᠡ ᠳᠤ ᠬᠠᠨᠳᠤᠬᠤ ᠪᠣᠯ | ᠥᠷᠢᠰᠥᠯᠳᠦᠭᠡᠨ ᠪᠣᠯᠤᠨ ᠠᠵᠠ ᠲᠣᠬᠢᠶᠠᠯ ᠵᠡᠷᠭᠡᠪᠡᠷ ᠣᠷᠣᠰᠢᠵᠤ ᠪᠠᠶᠢᠭ᠎ᠠ ᠶᠤᠮ᠃ ᠡᠨᠡ ᠬᠦ ᠥᠷᠢᠰᠥᠯᠳᠦᠭᠡᠨ ᠨᠢ | ᠠᠵᠤ ᠦᠢᠯᠡᠰ ᠤᠨ ᠲᠤᠰ ᠪᠡᠶ᠎ᠡ ᠶᠢᠨ ᠬᠥᠭᠵᠢᠯᠲᠡ ᠳᠤ ᠲᠤᠯᠭᠠᠷᠠᠭᠰᠠᠨ ᠶᠠᠪᠤᠳᠠᠯ ᠪᠢᠰᠢ᠂ ᠬᠠᠷᠢᠨ ᠠᠵᠤ ᠦᠢᠯᠡᠰ ᠤᠨ | ᠡᠭᠦᠷᠭᠡᠯᠡᠬᠦ ᠨᠡᠶᠢᠭᠡᠮ ᠤᠨ ᠬᠠᠷᠢᠭᠤᠴᠠᠯᠭ᠎ᠠ ᠮᠥᠨ᠂ ᠡᠨᠡ ᠪᠣᠯ ᠳᠠᠷᠤᠶ ᠠᠮᠢ ᠠᠬᠤᠢ ᠶᠢᠨ ᠣᠷᠴᠢᠨ ᠨᠥᠬᠦᠴᠡᠯ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠶᠢᠨ ᠬᠠᠷᠢᠭᠤᠴᠠᠯᠭ᠎ᠠ ᠮᠥᠨ᠃ ᠨᠡᠭᠦᠷᠡᠰᠦ ᠶᠢ ᠬᠡᠷᠬᠢᠨ ᠪᠣᠬᠢᠷᠲᠤᠯ ᠦᠭᠡᠢ᠂ | ᠥᠨᠳᠥᠷ ᠪᠦᠲᠦᠮᠵᠢᠲᠡᠶ ᠬᠡᠷᠡᠭᠯᠡᠵᠦ ᠴᠢᠳᠠᠬᠤ ᠪᠤᠢ ᠭᠡᠳᠡᠭ ᠨᠢ ᠪᠢᠳᠡᠨ ᠳᠤ ᠠᠪᠴᠤ ᠬᠡᠯᠡᠪᠡᠯ ᠨᠢᠭᠡᠨ ᠴᠢᠬᠤᠯᠠ ᠰᠡᠳᠦᠪ | ᠪᠣᠯᠤᠨ᠎ᠠ ᠬᠡᠵᠡᠢ᠃ | ᠶᠠᠨ ᠴᠦᠨ ᠬᠤᠸᠠ ᠰᠠᠨᠠᠭᠤᠯᠤᠭᠰᠠᠨ ᠨᠢ᠂ ᠨᠡᠭᠦᠷᠡᠰᠦ ᠪᠠᠷ ᠪᠠᠶᠢᠭᠤᠯᠤᠭᠰᠠᠨ᠂ ᠨᠡᠭᠦᠷᠡᠰᠦ ᠪᠠᠷ ᠬᠥᠭᠵᠢᠭᠰᠡᠨ | ᠦᠬᠠᠶ ᠶᠢ ᠣᠯᠣᠰ ᠤᠨ ᠳᠣᠲᠣᠭᠠᠳᠤ ᠭᠠᠳᠠᠭᠠᠳᠤ ᠶᠢᠨ ᠶᠡᠭᠡ ᠲᠡᠭᠡᠲᠤ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠬᠢᠨ ᠢᠳᠡᠭ ᠢᠳᠡᠭ ᠢᠶᠠᠷ ᠨᠠᠶᠢᠳᠠᠪᠤᠷᠢᠵᠢᠭᠤᠯᠤᠨ ᠬᠤᠪᠢᠷᠠᠭᠤᠯᠵᠤ᠂ ᠦᠷ᠎ᠡ | ᠪᠦᠲᠦᠭᠡᠯ ᠢᠶᠠᠨ ᠬᠤᠪᠢᠷᠠᠭᠤᠯᠬᠤ ᠶᠠᠪᠤᠴᠠ ᠳᠤ ᠪᠠᠰᠠ ᠥᠪᠡᠷ ᠤᠨ ᠰᠤᠳᠤᠯᠤᠨ ᠨᠡᠭᠡᠭᠡᠬᠦ ᠰᠢᠰᠲ᠋ᠧᠮ ᠢ ᠪᠠᠶᠢᠭᠤᠯᠵᠤ᠂ | ᠰᠢᠨ᠎ᠡ ᠶᠢ ᠡᠭᠦᠳᠬᠦ ᠰᠤᠳᠤᠯᠭᠠᠨ ᠤ ᠪᠠᠶᠢᠭᠤᠯᠤᠮᠵᠢ ᠪᠤᠶᠤ ᠰᠤᠳᠤᠯᠭᠠᠨ ᠤ ᠲᠠᠪᠴᠠᠩ ᠢ ᠪᠠᠶᠢᠭᠤᠯᠬᠤ ᠬᠡᠷᠡᠭᠲᠡᠶ᠃ | ᠯᠠᠨᠵᠧᠤ ᠶᠡᠭᠡ ᠰᠤᠷᠭᠠᠭᠤᠯᠢ ᠶᠢᠨ ᠦᠬᠠᠶ ᠶᠢᠨ ᠮᠡᠷᠭᠡᠵᠢᠯ ᠢ ᠰᠢᠯᠵᠢᠭᠦᠯᠬᠦ ᠲᠥᠪ ᠪᠣᠯ ᠳᠠᠷᠤᠶ ᠬᠡᠷᠡᠭᠵᠢᠬᠦᠯᠵᠦ | ᠡᠭᠢᠯᠡᠭᠰᠡᠨ ᠠᠩᠬᠠᠨ ᠤ ᠠᠯᠬᠤᠮ ᠪᠣᠯᠤᠨ᠎ᠠ᠂ ᠬᠤᠶᠢᠰᠢᠳᠠ ᠨᠠᠩ ᠣᠯᠠᠨ ᠰᠤᠳᠤᠯᠭᠠᠨ ᠤ ᠬᠦᠷᠢᠶᠡᠯᠡᠩ ᠢ ᠦᠬᠠᠶ ᠳᠤ | ᠰᠠᠭᠤᠷᠢᠰᠢᠭᠤᠯᠵᠤ᠂ ᠪᠦᠬᠦᠶᠢᠯᠡ ᠬᠠᠳᠤᠨ ᠭᠤᠤᠯ ᠤᠨ ᠲᠡᠭᠡᠲᠤ ᠳᠤᠮᠳᠠ ᠳᠣᠣᠷᠠᠳᠤ ᠤᠷᠤᠰᠬᠠᠯ ᠤᠨ ᠨᠡᠭᠦᠷᠡᠰᠦᠨ ᠤ | ᠠᠵᠤ ᠦᠢᠯᠡᠰ ᠢ ᠡᠮᠬᠢ ᠵᠢᠷᠤᠮ ᠲᠠᠢ ᠪᠥᠭᠡᠳ ᠥᠨᠳᠥᠷ ᠪᠦᠲᠦᠮᠵᠢᠲᠡᠶ ᠲᠦᠷᠭᠡᠨ ᠬᠥᠭᠵᠢᠭᠦᠯᠬᠦ ᠶᠢ ᠪᠢ ᠢᠲᠡᠭᠡᠵᠦ | ᠪᠠᠶᠢᠨ᠎ᠠ ᠬᠡᠵᠡᠢ᠃ | ︽ᠬᠠᠳᠤᠨ ᠭᠤᠤᠯ ᠯᠠᠨᠵᠧᠤ ᠶᠡᠭᠡ ᠰᠤᠷᠭᠠᠭᠤᠯᠢ ᠪᠣᠯᠤᠨ ᠦᠬᠠᠶ ᠶᠢ ᠨᠢᠭᠲᠠ ᠬᠤᠯᠪᠣᠵᠤ᠂ ᠬᠠᠳᠤᠨ | ᠭᠤᠤᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯ ᠮᠠᠨ ᠤ ᠬᠥᠭᠵᠢᠯᠲᠡ ᠶᠢᠨ ᠴᠢᠭᠯᠡᠯ ᠮᠥᠨ᠂ | ᠡᠶᠢᠮᠦᠷᠬᠦ ᠬᠠᠷᠢᠭᠤᠴᠠᠯᠭᠠᠲᠤ ᠰᠡᠳᠬᠢᠯᠭᠡ ᠪᠠᠷ ᠦᠢᠯᠡᠳᠬᠦᠨ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠢ | ᠬᠥᠭᠵᠢᠭᠦᠯᠦᠭᠰᠡᠨ ᠠᠴᠠ ᠠᠶᠠᠨᠳᠠᠭᠠᠨ ᠦᠷ᠎ᠡ ᠬᠤᠶᠢᠴᠢᠰ ᠤᠨ ᠢᠶᠠᠨ ᠤᠴᠢᠷ ᠶᠠᠪᠤᠳᠠᠯ ᠢ ᠪᠣᠳᠣᠯᠬᠢᠯᠠᠵᠤ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠶᠢ ᠮᠠᠨ ᠤ ᠨᠡᠭᠦᠷᠡᠰᠦᠨ ᠬᠢᠮᠢ ᠶᠢᠨ ᠠᠵᠤ | ᠦᠢᠯᠡᠳᠪᠦᠷᠢ ᠶᠢᠨ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠬᠥᠭᠵᠢᠯᠲᠡ ᠲᠠᠢ ᠨᠢᠭᠡ ᠴᠣᠭᠴᠠ ᠪᠤᠯᠭᠠᠪᠠᠯ | ᠵᠤᠬᠢᠨ᠎ᠠ︾ ᠭᠡᠵᠡᠶ᠃ | |