1997 ᠤᠨ | | 1 ᠰᠠᠷ᠎ᠠ ᠶᠢᠨ 20 ᠤ ᠡᠳᠦᠷ᠂ ᠦᠪᠡᠷᠳᠡᠭᠡᠨ ᠵᠠᠰᠠᠬᠤ ᠤᠷᠤᠨ ᠤ ᠰᠢᠶᠠᠩ ᠪᠠᠯᠭᠠᠰᠤᠨ ᠤ ᠠᠵᠤ ᠠᠬᠤᠶᠢᠯᠠᠯ | ᠤᠨ ᠠᠵᠢᠯ ᠤᠨ ᠬᠤᠷᠠᠯ ᠲᠡᠭᠡᠷ᠎ᠡ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ᠰᠢᠶᠠᠩ ᠪᠠᠯᠭᠠᠰᠤᠨ ᠤ | ᠠᠵᠤ ᠠᠬᠤᠶᠢᠯᠠᠯ ᠢ ᠬᠦᠭᠵᠢᠭᠦᠯᠦᠭᠰᠡᠨ ᠲᠡᠷᠢᠭᠦᠨ ᠤ ᠨᠢᠭᠡᠴᠡ ᠶᠢ ᠶᠡᠭᠡ ᠪᠠᠷ ᠱᠠᠩᠨᠠᠬᠤ ᠳᠤ ᠦᠬᠠᠢ ᠬᠤᠳᠠ ᠭᠤᠷᠪᠠᠨ | ᠶᠡᠭᠡ ᠱᠠᠩᠨᠠᠯ ᠲᠤᠰᠴᠠᠢ᠂ ᠲᠠᠷᠤᠢ᠄ ᠦᠬᠠᠢ ᠬᠤᠳᠠ ᠶᠢᠨ ᠰᠢᠶᠠᠩ ᠪᠠᠯᠭᠠᠰᠤᠨ ᠤ ᠠᠵᠤ ᠠᠬᠤᠶᠢᠯᠠᠯ ᠢ | ᠬᠦᠭᠵᠢᠭᠦᠯᠦᠭᠰᠡᠨ ᠬᠤᠷᠳᠤᠴᠠ ᠪᠠ ᠦᠷ᠎ᠡ ᠠᠰᠢᠭ ᠨᠢ 12 ᠠᠶᠢᠮᠠᠭ ᠬᠤᠳᠠ ᠳᠤ ᠲᠦᠷᠦᠭᠦᠯᠡᠵᠡᠢ︔ ᠬᠠᠶᠢᠷᠤᠪ ᠤᠨ | ᠲᠤᠬᠤᠢ ᠲᠤᠭᠤᠷᠢᠭ ᠤᠨ ᠰᠢᠶᠠᠩ ᠪᠠᠯᠭᠠᠰᠤᠨ ᠤ ᠠᠵᠤ ᠠᠬᠤᠶᠢᠯᠠᠯ ᠢ ᠬᠦᠭᠵᠢᠭᠦᠯᠦᠭᠰᠡᠨ ᠬᠤᠷᠳᠤᠴᠠ ᠪᠠ ᠦᠷ᠎ᠡ | ᠠᠰᠢᠭ ᠨᠢ ᠪᠦᠬᠦ ᠤᠷᠤᠨ ᠤ ᠬᠤᠰᠢᠭᠤ᠂ ᠰᠢᠶᠠᠨ᠂ ᠲᠤᠭᠤᠷᠢᠭ ᠤᠨ ᠲᠤᠳᠤᠷ᠎ᠠ ᠨᠢᠭᠡᠳᠦᠭᠡᠷ ᠪᠠᠶᠢᠷᠢᠨ ᠳᠤ ᠵᠢᠭᠰᠠᠵᠠᠢ | ︔ ᠬᠠᠶᠢᠨᠠᠨ ᠲᠤᠭᠤᠷᠢᠭ ᠤᠨ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠬᠦᠮᠦᠨ ᠲᠤᠮᠳᠠᠴᠢ ᠶᠢᠨ | ᠲᠡᠭᠰᠢᠳᠭᠡᠭᠰᠡᠨ ᠴᠠᠯᠢᠩ ᠬᠦᠯᠦᠰᠦ ᠨᠢ ᠪᠦᠬᠦ ᠤᠷᠤᠨ ᠤ ᠬᠤᠰᠢᠭᠤ᠂ ᠰᠢᠶᠠᠨ᠂ ᠲᠤᠭᠤᠷᠢᠭ ᠤᠨ ᠲᠤᠳᠤᠷ᠎ᠠ | ᠬᠤᠶᠠᠳᠤᠭᠠᠷ ᠪᠠᠶᠢᠷᠢᠨ ᠳᠤ ᠵᠢᠭᠰᠠᠵᠠᠢ᠃ | 3 ᠰᠠᠷ᠎ᠠ ᠶᠢᠨ 13 ~ 14 ᠤ ᠡᠳᠦᠷ᠂ ᠦᠷ ᠰᠦᠨᠢ ᠪᠠᠷ ᠬᠠᠶᠢᠷᠤᠪ ᠤᠨ ᠲᠤᠬᠤᠢ ᠲᠤᠭᠤᠷᠢᠭ ᠲᠤ | ᠬᠤᠶᠠᠷ ᠤᠳᠠᠭ᠎ᠠ ᠬᠤᠪᠤᠷ ᠲᠤᠬᠢᠶᠠᠯᠳᠤᠬᠤ ᠴᠠᠭ ᠠᠭᠤᠷ ᠤᠨ ᠪᠠᠶᠢᠳᠠᠯ ᠢᠯᠡᠷᠡᠵᠦ᠂ ᠴᠠᠬᠢᠯᠭᠠᠨ ᠴᠠᠬᠢᠯᠵᠤ ᠠᠶᠤᠩᠭ᠎ᠠ | ᠨᠢᠵᠢᠭᠢᠨᠡᠨ᠂ ᠴᠠᠬᠢᠯᠭᠠᠨ ᠤᠳᠠᠰᠤ ᠠᠶᠤᠩᠭᠠᠨ ᠳᠤ ᠲᠠᠭᠠᠷᠢᠭᠳᠠᠨ ᠲᠠᠰᠤᠷᠠᠵᠤ᠂ ᠲᠧᠯᠸᠢᠰ ᠤᠨ ᠳᠠᠮᠵᠢᠭᠤᠯᠬᠤ | ᠰᠦᠯᠵᠢᠶ᠎ᠡ ᠶᠢᠨ ᠴᠢᠬᠤᠯᠠ ᠲᠤᠨᠤᠭ ᠲᠦᠭᠦᠭᠡᠷᠦᠮᠵᠢ ᠡᠪᠳᠡᠭᠳᠡᠨ᠂ ᠬᠠᠭᠠᠰ ᠠᠴᠠ ᠲᠡᠭᠡᠭᠡᠭᠰᠢᠬᠢ ᠠᠶᠢᠯ ᠡᠷᠦᠭᠡ ᠶᠢᠨ | ᠲᠧᠯᠸᠢᠰ ᠨᠦᠯᠦᠭᠡᠯᠡᠭᠳᠡᠨ᠂ 200 ᠭᠠᠷᠦᠢ ᠲᠧᠯᠸᠢᠰ ᠬᠢᠭᠡᠳ 200 ᠤᠷᠴᠢᠮ ᠳ᠋ᠢᠶᠠᠩᠬᠤᠸᠠ ᠡᠪᠳᠡᠭᠳᠡᠵᠤ | ᠰᠦᠢᠳᠴᠡᠢ᠃ | 3 ᠰᠠᠷ᠎ᠠ ᠶᠢᠨ 24 ~ 28 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ | ᠲᠦᠷᠪᠡᠳᠦᠭᠡᠷ ᠬᠤᠭᠤᠴᠠᠭᠠᠨ ᠤ ᠬᠡᠰᠢᠭᠦᠳ ᠤᠨ ᠲᠦᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠷᠠᠯ | ᠠᠴᠠ ᠠᠵᠢᠯ ᠤᠨ ᠮᠡᠳᠡᠭᠦᠯᠦᠯᠳᠡ ᠬᠢᠭᠡᠳ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ | ᠰᠤᠨᠤᠰᠴᠠᠢ᠃ | 3 ᠰᠠᠷ᠎ᠠ ᠶᠢᠨ 25 ~ 29 ᠤ ᠡᠳᠦᠷ᠂ ᠦᠬᠠᠢ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠠᠢ ᠵᠧᠨ ᠶᠢᠩ ᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠵᠦᠪᠯᠡᠯ ᠤᠨ ᠲᠡᠳ᠋ ᠡᠷᠭᠢᠯᠡᠭᠴᠢ ᠪᠠᠷ ᠨᠦᠭᠦᠨ ᠰᠤᠩᠭᠤᠵᠠᠢ᠃ | 3 ᠰᠠᠷ᠎ᠠ ᠶᠢᠨ 31 ᠤ ᠡᠳᠦᠷ᠂ ᠬᠦᠬᠡᠬᠤᠳᠠ ᠶᠢᠨ ᠲᠡᠮᠦᠷ ᠵᠠᠮ ᠤᠨ ᠲᠤᠪᠴᠢᠶᠠᠨ ᠠᠴᠠ ᠦᠬᠠᠢ ᠬᠤᠳᠠ | ᠶᠢᠨ ᠭᠠᠯᠳᠤ ᠲᠡᠷᠭᠡᠨ ᠦᠷᠳᠡᠭᠡᠨ ᠳᠤ 542 ᠡᠭᠡᠯᠵᠢ ᠶᠢᠨ ᠰᠢᠭᠤᠳ ᠬᠤᠷᠳᠤᠨ ᠤ ᠠᠶᠠᠨᠴᠢᠳ ᠤᠨ ᠲᠡᠷᠭᠡ ᠠᠩᠬ᠎ᠠ | ᠬᠦᠳᠡᠯᠭᠦ ᠶᠤᠰᠤᠯᠠᠯ ᠶᠠᠪᠤᠭᠳᠠᠭᠤᠯᠵᠠᠢ᠃ ᠦᠳᠡ ᠶᠢᠨ ᠡᠮᠦᠨ᠎ᠡ ᠶᠢᠨ 7 ᠴᠠᠭ 40 ᠮᠢᠨᠦ᠋ᠲ ᠲᠤ ᠦᠠᠬᠠᠢ ᠶᠢᠨ | ᠪᠠᠷᠠᠭᠤᠨ ᠦᠷᠳᠡᠭᠡᠨ ᠠᠴᠠ ᠪᠡᠭᠡᠵᠢᠩ ᠤᠨ ᠡᠮᠦᠨᠡᠳᠦ ᠦᠷᠳᠡᠭᠡ ᠬᠦᠷᠭᠦ 542 ᠡᠭᠡᠯᠵᠢ ᠶᠢᠨ ᠰᠢᠭᠤᠳ ᠬᠤᠷᠳᠤᠨ ᠤ | ᠠᠶᠠᠨᠴᠢᠳ ᠤᠨ ᠲᠡᠷᠭᠡ ᠦᠬᠠᠢ ᠦᠷᠳᠡᠭᠡᠨ ᠠᠴᠠ ᠬᠦᠳᠡᠯᠵᠦ ᠪᠡᠭᠡᠵᠢᠩ ᠵᠦᠭ ᠴᠢᠭᠯᠡᠵᠡᠢ ︵ᠡᠰᠡᠷᠭᠦ ᠲᠠᠯ᠎ᠠ ᠶᠢᠨ | 541 ᠡᠭᠡᠯᠵᠢ ᠶᠢᠨ ᠲᠡᠷᠭᠡ ᠨᠢ ᠪᠡᠭᠡᠵᠢᠩ ᠤᠨ ᠡᠮᠦᠨᠡᠳᠦ ᠦᠷᠳᠡᠭᠡᠨ ᠠᠴᠠ ᠦᠠᠬᠠᠢ ᠶᠢᠨ ᠪᠠᠷᠠᠭᠤᠨ ᠦᠷᠳᠡᠭᠡ | ᠬᠦᠷᠦᠨ᠎ᠡ︶᠂ ᠦᠬᠠᠢ ᠤᠷᠤᠨ ᠠᠴᠠ ᠪᠡᠭᠡᠵᠢᠩ ᠬᠦᠷᠭᠦ ᠡᠭᠢᠯᠡᠯᠳᠡ ᠶᠢᠨ ᠦᠷᠳᠡᠭᠡ ᠪᠠᠶᠢᠬᠤ ᠦᠭᠡᠢ ᠲᠡᠦᠬᠡ ᠡᠭᠦᠪᠡᠷ | ᠡᠴᠦᠰᠯᠡᠪᠡ᠃ | 4 ᠰᠠᠷ᠎ᠠ ᠶᠢᠨ 29 ᠤ ᠡᠳᠦᠷ ᠤᠨ ᠲᠡᠭ ᠴᠠᠭ ᠲᠤ᠂ ᠬᠠᠶᠢᠷᠤᠪ ᠤᠨ ᠲᠤᠬᠤᠢ ᠶᠢᠨ ᠠᠭᠤᠷᠬᠠᠢ ᠶᠢᠨ | ᠶᠠᠪᠤᠳᠠᠯ ᠤᠨ ᠲᠤᠪᠴᠢᠶᠠᠨ ᠤ ᠠᠭᠤᠷᠬᠠᠢ ᠶᠢᠨ ᠪᠠᠶᠢᠭᠤᠯᠤᠯᠳᠠ ᠶᠢᠨ ᠨᠢᠭᠡᠳᠦᠭᠡᠷ ᠭᠡᠯᠳᠡᠰ ᠤᠨ ᠰᠢᠩ ᠳ᠋ᠠ ᠨᠡᠭᠦᠷᠡᠰᠦᠨ | ᠠᠭᠤᠷᠬᠠᠢ ᠤᠰᠤ ᠨᠡᠪᠳᠡᠷᠡᠭᠰᠡᠨ ᠭᠡᠷᠡᠭ ᠭᠠᠷᠴᠤ᠂ ᠠᠭᠤᠷᠬᠠᠢ ᠶᠢᠨ ᠬᠤᠳᠳᠤᠭ ᠲᠤ ᠠᠵᠢᠯᠯᠠᠵᠤ ᠪᠠᠶᠢᠭᠰᠠᠨ 4 | ᠬᠦᠮᠦᠨ ᠠᠳᠡᠵᠦ᠂ 16 ᠲᠦᠮᠡᠨ ᠲᠦᠭᠦᠷᠢᠭ ᠤᠨ ᠠᠵᠤ ᠠᠬᠤᠢ ᠶᠢᠨ ᠰᠢᠭᠤᠳ ᠰᠦᠢᠳᠦᠯ ᠳᠤ ᠭᠠᠷᠴᠠᠢ᠃ | 4 ᠰᠠᠷ᠎ᠠ ᠳᠤ᠂ ᠦᠬᠠᠢ ᠬᠤᠳᠠ ᠶᠢᠨ ᠰᠢᠭᠤᠳ ᠬᠠᠷᠢᠶ᠎ᠠ ᠠᠵᠤ ᠠᠬᠤᠶᠢᠯᠠᠯ ᠤᠨ ᠪᠠᠶᠢᠭᠤᠯᠤᠭᠰᠠᠨ 10 | ᠰᠤᠷᠭᠠᠭᠤᠯᠢ ᠶᠢ ᠡᠯ᠎ᠡ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠮᠢᠶᠠᠷᠤᠯᠳᠠ ᠳᠤ ᠤᠷᠤᠭᠤᠯᠵᠠᠢ᠃ | 5 ᠰᠠᠷ᠎ᠠ ᠶᠢᠨ 29 ᠤ ᠡᠳᠦᠷ ᠤᠨ 17 ᠴᠠᠭ 40 ᠮᠢᠨᠦ᠋ᠲ ᠲᠤ᠂ ᠦᠬᠠᠢ ᠬᠤᠳᠠ ᠶᠢᠨ ᠪᠠᠶᠠᠨᠳᠤᠬᠤᠢ | ᠰᠢᠶᠠᠩ ᠤᠨ ᠳ᠋ᠢᠯᠪᠠᠩ ᠨᠡᠭᠦᠷᠡᠰᠦᠨ ᠠᠭᠤᠷᠬᠠᠢ ᠳᠤ ᠭᠠᠰ ᠬᠡᠢ ᠲᠡᠯᠪᠡᠷᠡᠭᠰᠡᠨ ᠭᠡᠷᠡᠭ ᠭᠠᠷᠴᠤ᠂ 30 ᠬᠦᠮᠦᠨ | ᠠᠳᠡᠵᠠᠢ᠃ | 6 ᠰᠠᠷ᠎ᠠ ᠶᠢᠨ 3 ᠤ ᠡᠳᠦᠷ᠂ ᠦᠬᠠᠢ ᠬᠤᠳᠠ ᠤᠯᠤᠰ ᠤᠨ ᠦᠮᠴᠢᠯᠡᠯᠳᠦ ᠭᠠᠵᠠᠷ ᠰᠢᠷᠦᠢ ᠶᠢᠨ ᠦᠮᠴᠢᠯᠡᠬᠦ | ᠡᠷᠭᠡ ᠶᠢ ᠠᠩᠬ᠎ᠠ ᠦᠨ᠎ᠡ ᠬᠠᠶᠠᠯᠴᠠᠨ ᠬᠤᠳᠠᠯᠳᠤᠵᠠᠢ᠂ ᠨᠡᠶᠢᠳᠡ ᠳᠤ ᠵᠠᠷᠯᠠᠨ ᠦᠨ᠎ᠡ ᠬᠠᠶᠠᠯᠴᠠᠨ ᠬᠤᠳᠠᠯᠳᠠᠳᠤᠭᠰᠠᠨ | ᠭᠠᠵᠠᠷ ᠨᠢ ᠲᠤᠰ ᠲᠤᠰ ᠬᠠᠶᠢᠷᠤᠪ ᠤᠨ ᠲᠤᠬᠤᠢ ᠲᠤᠭᠤᠷᠢᠭ ᠤᠨ ᠴᠡᠭᠡᠯ ᠠᠭᠤᠯᠠ ᠶᠢᠨ ᠵᠡᠭᠦᠨ ᠵᠡᠭᠡᠯᠢ ᠶᠢᠨ ᠡᠮᠦᠨ᠎ᠡ | ᠲᠠᠯ᠎ᠠ ᠬᠢᠭᠡᠳ ᠴᠡᠴᠡᠷᠯᠢᠭ ᠤᠨ ᠠᠷᠤ ᠵᠠᠮ ᠤᠨ ᠨᠢᠭᠡ ᠬᠡᠰᠡᠭ᠂ ᠪᠦᠬᠦᠳᠡ 1 640.96 ᠲᠡᠭᠰᠢ ᠲᠦᠷᠪᠡᠯᠵᠢᠨ | ᠮᠧᠲᠷ᠂ 20 ᠬᠡᠰᠡᠭ ᠠᠷᠠᠯᠵᠢᠶ᠎ᠠ ᠬᠤᠳᠠᠯᠳᠤᠭᠠᠨ ᠳᠤ ᠬᠡᠷᠡᠭᠯᠡᠬᠦ ᠭᠠᠵᠠᠷ ᠪᠤᠢ᠂ 229 ᠲᠦᠮᠡᠨ ᠲᠦᠭᠦᠷᠢᠭ ᠬᠦᠷᠴᠡᠢ | ᠂ ᠲᠡᠭᠰᠢ ᠲᠦᠷᠪᠡᠯᠵᠢᠨ ᠮᠧᠲᠷ ᠪᠦᠷᠢ ᠶᠢᠨ ᠲᠡᠭᠰᠢᠳᠭᠡᠭᠰᠡᠨ ᠦᠨ᠎ᠡ ᠨᠢ 1 396 ᠲᠦᠭᠦᠷᠢᠭ᠃ | 7 ᠰᠠᠷ᠎ᠠ ᠶᠢᠨ 1 ᠤ ᠡᠳᠦᠷ᠂ ᠦᠬᠠᠢ ᠬᠤᠳᠠ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠠᠮᠤᠭ | ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠲᠦᠷᠢᠮ ᠢ ᠬᠡᠷᠡᠭᠵᠢᠭᠦᠯᠵᠡᠢ᠂ ᠪᠠᠳᠤᠯᠠᠭ᠎ᠠ ᠶᠢᠨ ᠪᠠᠷᠢᠮᠵᠢᠶ᠎ᠠ ᠨᠢ ᠬᠦᠮᠦᠨ | ᠪᠦᠷᠢ ᠰᠠᠷ᠎ᠠ ᠨᠢᠭᠡᠪᠦᠷᠢ90 ᠲᠦᠭᠦᠷᠢᠭ᠂ ᠲᠤᠬᠠᠢ ᠶᠢᠨ ᠵᠢᠯ ᠤᠨ ᠬᠢᠨᠠᠨ ᠲᠤᠭᠳᠠᠭᠠᠭᠰᠠᠨ ᠲᠤᠰᠠᠯᠠᠮᠵᠢ ᠬᠦᠷᠳᠡᠭᠦ | ᠶᠤᠰᠤᠳᠠᠢ ᠬᠦᠮᠦᠨ ᠨᠡᠶᠢᠳᠡ 674 ᠬᠦᠮᠦᠨ ᠪᠠᠶᠢᠵᠤ᠂ ᠬᠦᠳᠡᠯᠦᠩᠭᠦᠢ ᠬᠠᠮᠢᠶᠠᠷᠤᠯᠳᠠ ᠶᠢᠨ ᠬᠡᠯᠪᠡᠷᠢ ᠪᠠᠷ | ᠠᠵᠢᠯ ᠢᠶᠠᠨ ᠦᠷᠨᠢᠭᠦᠯᠵᠡᠢ᠃ | 7 ᠰᠠᠷ᠎ᠠ ᠶᠢᠨ 17 ᠤ ᠡᠳᠦᠷ᠂ ᠦᠪᠦᠷ ᠮᠤᠩᠭᠤᠯ ᠤᠨ ᠪᠠᠷᠠᠭᠤᠨ ᠤᠷᠠᠨ ᠲᠦᠰᠢ ᠠᠭᠤᠯᠠ ᠶᠢᠨ ᠱᠦᠢᠨᠢ | ᠶᠢᠨ ᠦᠢᠯᠡᠳᠪᠦᠷᠢ ᠶᠢᠨ ᠦᠢᠯᠡᠳᠪᠦᠷᠢᠯᠡᠭᠰᠡᠨ ︽ᠲᠠᠯ᠎ᠠ ᠨᠤᠳᠤᠭ︾ ᠲᠡᠮᠳᠡᠭᠳᠦ ᠱᠦᠢᠨᠢ ᠨᠢ ᠤᠯᠤᠰ ᠤᠨ ᠬᠢᠯᠢ ᠶᠢ | ᠠᠩᠬ᠎ᠠ ᠲᠠᠪᠠᠵᠤ ᠮᠤᠩᠭᠤᠯ ᠤᠯᠤᠰ ᠤᠨ ᠰᠡᠯᠡᠩᠭᠡ ᠠᠶᠢᠮᠠᠭ ᠤᠨ ᠬᠤᠳᠠᠯᠠ ᠬᠤᠳᠠ ᠳᠤ ᠪᠤᠷᠤᠯᠠᠭᠤᠯᠤᠭᠳᠠᠪᠠ᠃ | 8 ᠰᠠᠷ᠎ᠠ ᠶᠢᠨ 2 ᠤ ᠡᠳᠦᠷ᠂ ᠦᠬᠠᠢ ᠬᠤᠳᠠ ᠶᠢᠨ ᠲᠠᠷᠢᠶᠠᠯᠠᠩ ᠤᠨ ᠪᠦᠳᠦᠭᠡᠭᠳᠡᠭᠦᠨ ᠢ ᠰᠢᠭᠤᠳ | ᠪᠤᠷᠤᠯᠠᠭᠤᠯᠬᠤ ᠬᠠᠮᠤᠭ ᠤᠨ ᠲᠤᠮᠤ ᠵᠠᠬ᠎ᠠ ᠲᠡᠯᠭᠡᠭᠦᠷ — ᠦᠬᠠᠢ ᠬᠤᠳᠠ ᠶᠢᠨ ᠲᠠᠷᠢᠶᠠᠯᠠᠩ ᠤᠨ ᠪᠦᠳᠦᠭᠡᠭᠳᠡᠭᠦᠨ ᠤ | ᠵᠠᠬ᠎ᠠ ᠲᠡᠯᠭᠡᠭᠦᠷ ᠠᠰᠢᠭᠯᠠᠯᠳᠠ ᠳᠤ ᠤᠷᠤᠵᠠᠢ᠃ ᠲᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠲᠡᠯᠭᠡᠭᠦᠷ ᠨᠢ ᠬᠠᠢ | ᠪᠸᠢ ᠰᠤᠯᠢᠪᠴᠢᠮᠠᠯ ᠬᠦᠭᠦᠷᠭᠡ ᠶᠢᠨ ᠵᠡᠭᠦᠨ ᠲᠠᠯ᠎ᠠ ᠳᠤ ᠪᠠᠶᠢᠷᠢᠯᠠᠵᠤ᠂ ᠡᠵᠡᠯᠡᠬᠦ ᠲᠠᠯᠠᠪᠠᠢ ᠨᠢ 2 300 ᠲᠡᠭᠰᠢ | ᠲᠦᠷᠪᠡᠯᠵᠢᠨ ᠮᠧᠲᠷ᠂ 1 250 ᠲᠦᠮᠡᠨ ᠲᠦᠭᠦᠷᠢᠭ ᠤᠨ ᠪᠡᠯᠡ ᠤᠷᠤᠭᠤᠯᠵᠠᠢ᠃ ᠬᠠᠶᠢᠷᠤᠪ ᠤᠨ ᠲᠤᠬᠤᠢ | ᠲᠡᠷᠢᠶᠡᠯᠡᠩ ᠤᠨ ᠲᠠᠯᠠᠪᠠᠢ ᠠᠴᠠ ᠪᠡᠯᠡ ᠴᠤᠭᠯᠠᠭᠤᠯᠤᠨ ᠪᠠᠷᠢᠭᠰᠠᠨ ᠲᠤᠮᠤ ᠬᠡᠯᠪᠡᠷᠢ ᠶᠢᠨ ᠲᠠᠷᠶᠠᠯᠠᠩ ᠬᠤᠯᠢᠰᠢᠨ | ᠢᠳᠡᠭᠡᠨ ᠤ ᠪᠦᠳᠦᠭᠡᠭᠳᠡᠭᠦᠨ ᠢ ᠪᠦᠭᠡᠮ ᠢᠶᠠᠷ ᠪᠤᠶᠤ ᠰᠤᠯᠠ ᠪᠠᠷ ᠬᠤᠳᠠᠯᠳᠤᠬᠤ ᠵᠠᠬ᠎ᠠ ᠲᠡᠯᠭᠡᠭᠦᠷ ᠪᠤᠯᠤᠨ᠎ᠠ᠃ | ᠲᠠᠷᠢᠶᠠᠴᠢᠳ ᠲᠠᠯᠠᠪᠤᠷ ᠲᠤ ᠤᠷᠤᠵᠦ ᠡᠵᠡᠩᠨᠡᠪᠡᠯ ᠭᠤᠷᠪᠠᠨ ᠵᠢᠯ ᠳᠤ ᠠᠯᠢᠪᠠ ᠭᠠᠶᠢᠯᠢ ᠶᠢ ᠬᠡᠯᠳᠦᠷᠢᠭᠦᠯᠵᠦ᠂ | ᠲᠠᠷᠢᠶᠠᠴᠢᠳ ᠠᠴᠠ ᠪᠤᠰᠤ ᠬᠦᠮᠦᠰ ᠤᠨ ᠨᠢᠭᠡ ᠵᠢᠯ ᠤᠨ ᠭᠠᠶᠢᠯᠢ ᠶᠢ ᠬᠡᠯᠳᠦᠷᠢᠬᠦᠯᠦᠨ᠎ᠡ ᠬᠡᠵᠦ ᠲᠤᠭᠳᠠᠭᠠᠵᠠᠢ᠃ | 8 ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠶᠢᠨ ᠢᠦᠢ ᠴᠠᠭᠢᠭᠤᠷ ᠤᠨ ᠦᠢᠯᠡᠰ ᠤᠨ | ᠬᠢᠵᠠᠭᠠᠷᠳᠤ ᠺᠤᠮᠫᠠᠨᠢ ᠶᠢᠨ ᠲᠡᠮᠦᠷᠯᠢᠭ ᠬᠠᠶᠢᠯᠤᠭᠤᠯᠬᠤ ᠦᠢᠯᠡᠳᠪᠦᠷᠢ ᠠᠰᠢᠭᠯᠠᠯᠳᠠ ᠳᠤ ᠤᠷᠤᠵᠠᠢ᠃ ᠲᠤᠰ ᠺᠤᠮᠫᠠᠨᠢ | ᠪᠤᠯ ᠦᠬᠠᠢ ᠬᠤᠳᠠ ᠶᠢᠨ ᠴᠠᠭᠢᠯᠭᠠᠨ ᠦᠢᠯᠡᠰ ᠤᠨ ᠲᠤᠪᠴᠢᠶᠠᠨ ᠤ ᠤᠯᠠᠨ ᠲᠦᠷᠦᠯᠳᠦ ᠡᠵᠡᠩᠨᠡᠯᠳᠡ ᠶᠢᠨ ᠺᠤᠮᠫᠠᠨᠢ | ᠬᠢᠭᠡᠳ ᠰᠢᠶᠠᠩᠭᠠᠩ ᠤᠨ ᠿᠦᠨ ᠵᠦᠩ ᠤᠯᠠᠨ ᠤᠯᠤᠰ ᠤᠨ ᠬᠢᠵᠠᠭᠠᠷᠳᠤ ᠺᠤᠮᠫᠠᠨᠢ ᠨᠢ ᠬᠠᠶᠢᠨᠠᠨ ᠲᠤᠭᠤᠷᠢᠭ ᠲᠠᠢ | ᠬᠠᠮᠳᠤᠷᠠᠨ ᠡᠵᠡᠩᠨᠡᠭᠰᠡᠨ ᠺᠤᠮᠫᠠᠨᠢ ᠪᠤᠯᠤᠨ᠎ᠠ᠂ ᠨᠡᠶᠢᠳᠡ 2 700 ᠲᠦᠮᠡᠨ ᠲᠦᠭᠦᠷᠢᠭ ᠤᠨ ᠪᠡᠯᠡ ᠤᠷᠤᠭᠤᠯᠵᠤ᠂ | ᠬᠤᠭᠤᠴᠠᠭ᠎ᠠ ᠬᠤᠪᠢᠶᠠᠨ 6 ᠰᠠᠭᠤᠷᠢ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠶᠢᠨ ᠴᠠᠭᠢᠭᠤᠷ ᠶᠢᠨ | ᠠᠭᠤᠷᠬᠠᠢ ᠶᠢᠨ ᠬᠠᠯᠠᠭᠤᠨ ᠵᠤᠤᠬ᠎ᠠ ᠪᠠᠷᠢᠬᠤ ᠪᠤᠯᠤᠨ᠎ᠠ᠃ ᠺᠤᠮᠫᠠᠨᠢ ᠨᠢ ᠬᠤᠶᠢᠨᠠᠨ ᠲᠤᠭᠤᠷᠢᠭ ᠤᠨ 654 ᠭᠠᠵᠠᠷ | ᠲᠤ᠂ 6 ᠾᠺᠲ᠋ᠧᠷ ᠭᠠᠵᠠᠷ ᠡᠵᠡᠯᠡᠵᠦ ᠴᠠᠭᠢᠭᠤᠷ ᠤᠨ ᠦᠢᠯᠡᠰ ᠦᠢᠯᠡᠳᠪᠦᠷᠢᠯᠡᠬᠦ ᠪᠠᠷ ᠭᠤᠤᠯ ᠪᠤᠯᠭᠠᠵᠤ | ᠦᠢᠯᠡᠳᠪᠦᠷᠢ ᠠᠷᠠᠯᠵᠢᠶ᠎ᠠ ᠶᠢ ᠬᠠᠮᠳᠤᠷᠠᠭᠤᠯᠵᠠᠢ᠂ ᠦᠢᠯᠡᠳᠪᠦᠷᠢᠯᠡᠵᠦ ᠭᠠᠷᠭᠠᠭᠰᠠᠨ ᠠᠵᠤ ᠦᠢᠯᠡᠳᠪᠦᠷᠢ ᠶᠢᠨ | ᠴᠠᠭᠢᠭᠤᠷ ᠤᠨ ᠦᠢᠯᠡᠳᠬᠦᠨ ᠢ ᠴᠦᠮ ᠰᠢᠶᠠᠩᠭᠠᠩ ᠤᠨ ᠲᠠᠯ᠎ᠠ ᠠᠴᠠ ᠬᠠᠷᠢᠭᠤᠴᠠᠨ ᠠᠮᠧᠷᠢᠺᠠ᠂ ᠶᠠᠫᠤᠨ ᠵᠡᠷᠭᠡ | ᠤᠯᠤᠰ ᠤᠳ ᠢᠶᠠᠷ ᠪᠣᠷᠤᠯᠠᠭᠤᠯᠬᠤ ᠪᠣᠯᠤᠨ᠎ᠠ᠃ | △ ᠦᠬᠠᠢ ᠶᠢᠨ ᠲᠠᠢ ᠳ᠋ᠠ ᠨᠠᠲ᠋ᠤᠷᠢ ᠦᠢᠯᠡᠳᠪᠦᠷᠢᠯᠡᠬᠦ ᠬᠢᠵᠠᠭᠠᠷᠳᠤ ᠬᠠᠷᠢᠭᠤᠴᠠᠭᠠᠳᠤ ᠺᠤᠮᠫᠠᠨᠢ ᠶᠢᠨ ᠵᠢᠯ ᠳᠤ | 5 000 ᠲᠤᠨ ᠲᠡᠮᠦᠷᠯᠢᠭ ᠨᠠᠲ᠋ᠤᠷᠢ ᠦᠢᠯᠡᠳᠪᠦᠷᠢᠯᠡᠬᠦ ᠪᠠᠷᠢᠯᠭ᠎ᠠ ᠨᠢ ᠦᠪᠡᠷᠳᠡᠭᠡᠨ ᠵᠠᠰᠠᠬᠤ ᠤᠷᠤᠨ ᠤ ᠰᠢᠯᠭᠠᠯᠳᠠ | ᠶᠢ ᠦᠩᠭᠡᠷᠡᠭᠡᠵᠡᠢ᠂ ᠲᠤᠰ ᠺᠤᠮᠫᠠᠨᠢ ᠨᠢ ᠵᠢᠷᠠᠳᠠᠢ ᠶᠢᠨ ᠲᠠᠪᠤᠰᠤ ᠬᠢᠮᠢ ᠶᠢᠨ ᠦᠢᠯᠡᠳᠪᠦᠷᠢᠯᠡᠯ ᠤᠨ ᠪᠦᠯᠦᠭᠯᠡᠯᠳᠦ | ᠺᠤᠮᠫᠠᠨᠢ ᠪᠤᠯᠤᠨ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠡᠯᠡ ᠨᠡᠶᠢᠯᠡᠭᠦᠯᠵᠦ ᠪᠠᠶᠢᠭᠤᠯᠤᠭᠰᠠᠨ | ᠠᠽᠢᠶ᠎ᠠ ᠲᠢᠪ ᠲᠤ ᠬᠠᠮᠤᠭ ᠲᠤᠮᠤ ᠲᠡᠮᠦᠷᠯᠢᠭ ᠨᠠᠲ᠋ᠤᠷᠢ ᠦᠢᠯᠡᠳᠪᠦᠷᠢᠯᠡᠬᠦ ᠠᠵᠤ ᠠᠬᠤᠶᠢᠯᠠᠯ ᠪᠤᠯᠤᠨ᠎ᠠ᠃ | 9 ᠰᠠᠷ᠎ᠠ ᠶᠢᠨ 18 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ | ᠬᠤᠷᠢᠶ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠤᠪᠢ ᠶᠢᠨ ᠠᠵᠡᠩᠨᠡᠯᠳᠡ ᠶᠢᠨ ᠠᠵᠤ ᠠᠬᠤᠶᠢᠯᠠᠯ | ᠠᠴᠠ ᠬᠤᠷᠢᠶᠠᠬᠤ ᠵᠠᠷᠢᠮ ᠰᠦᠢᠳᠭᠡᠯ ᠳᠤ ᠲᠤᠬᠢᠷᠠᠭᠤᠯᠤᠯᠳᠠ ᠬᠢᠵᠡᠢ᠂ ᠡᠭᠦᠨ ᠳᠤ 10 ᠲᠦᠷᠦᠯ ᠤᠨ ᠰᠦᠢᠳᠭᠡᠯ ᠢ | ᠦᠭᠡᠶᠢᠰᠭᠡᠵᠦ᠂ 16 ᠲᠦᠷᠦᠯ ᠤᠨ ᠰᠦᠢᠳᠭᠡᠯ ᠢ ᠪᠠᠷᠢᠮᠵᠢᠶ᠎ᠠ ᠪᠠᠭᠤᠷᠠᠭᠤᠯᠤᠨ᠂ 1 ᠲᠦᠷᠦᠯ ᠤᠨ ᠰᠦᠢᠳᠭᠡᠯ ᠢ | ᠲᠦᠷ ᠬᠤᠷᠢᠶᠠᠬᠤ ᠦᠭᠡᠢ ᠪᠠᠷ ᠲᠤᠭᠳᠠᠭᠠᠵᠤ᠂ ᠲᠤᠭᠢᠷᠠᠭᠤᠯᠤᠯᠳᠠ ᠶᠢᠨ ᠲᠠᠷᠠᠭᠠᠬᠢ ᠰᠦᠢᠳᠭᠡᠯ ᠬᠤᠷᠢᠶᠠᠬᠤ | ᠪᠠᠷᠢᠮᠵᠢᠶ᠎ᠠ ᠬᠡᠭᠡᠳ ᠲᠦᠷᠦᠯ ᠵᠦᠢᠯ ᠢ ᠭᠤᠷᠪᠠᠨ ᠵᠢᠯ ᠢᠶᠠᠷ᠂ ᠲᠠᠷᠤᠢ 1997 ᠤᠨ ᠤ 10 ᠰᠠᠷ᠎ᠠ ᠶᠢᠨ 1 ᠤ | ᠡᠳᠦᠷ ᠠᠴᠠ 2000 ᠤᠨ ᠤ ᠡᠴᠦᠰ ᠬᠦᠷᠳᠡᠯ᠎ᠡ ᠭᠡᠵᠦ ᠲᠤᠭᠳᠠᠭᠠᠵᠠᠢ᠃ | 11 ᠰᠠᠷ᠎ᠠ ᠶᠢᠨ 3 ᠤ ᠡᠳᠦᠷ᠂ ᠬᠠᠶᠢᠷᠤᠪ ᠤᠨ ᠲᠤᠬᠤᠢ ᠶᠢᠨ ᠠᠭᠤᠷᠬᠠᠢ ᠶᠢᠨ ᠶᠠᠪᠤᠳᠠᠯ ᠤᠨ | ᠲᠣᠪᠴᠢᠶᠠᠨ ᠤ ᠤᠯᠠᠨ ᠲᠦᠷᠦᠯᠳᠦ ᠡᠵᠡᠩᠨᠡᠯᠳᠡ ᠶᠢᠨ ᠺᠤᠮᠫᠠᠨᠢ ᠶᠢᠨ ᠹᠧᠩ ᠯᠦᠩ ᠨᠡᠭᠦᠷᠡᠰᠦ ᠤᠬᠢᠶᠠᠬᠤ | ᠦᠢᠯᠡᠳᠪᠦᠷᠢ ᠶᠢᠨ ᠲᠤᠤᠷᠠᠬᠢ ᠹᠧᠩ ᠯᠦᠩ ᠨᠡᠭᠦᠷᠡᠰᠦᠨ ᠠᠭᠤᠷᠬᠠᠢ ᠳᠤ ᠭᠠᠰ ᠬᠡᠢ ᠲᠡᠯᠪᠡᠷᠡᠭᠰᠡᠨ ᠭᠡᠷᠡᠭ ᠭᠠᠷᠴᠤ᠂ | 8 ᠬᠦᠮᠦᠨ ᠠᠳᠡᠵᠦ᠂ 2 ᠬᠦᠮᠦᠨ ᠬᠦᠨᠳᠦ ᠰᠢᠷᠬᠠᠳᠤᠵᠤ᠂ 2 ᠬᠦᠮᠦᠨ ᠬᠦᠩᠭᠡᠨ ᠰᠢᠷᠬᠠᠳᠤᠵᠠᠢ᠃ | 11 ᠰᠠᠷ᠎ᠠ ᠶᠢᠨ 25 ᠤ ᠡᠳᠦᠷ᠂ ᠲᠤᠮᠳᠠᠳᠤ ᠤᠯᠤᠰ ᠤᠨ ᠲᠠᠸᠠᠷ ᠰᠢᠯᠭᠠᠨ ᠪᠠᠶᠢᠴᠠᠭᠠᠬᠤ ᠲᠤᠪᠴᠵᠶ᠎ᠡ | ᠬᠢᠭᠡᠳ ᠦᠪᠦᠷ ᠮᠤᠩᠭᠤᠯ ᠤᠨ ᠲᠠᠸᠠᠷ ᠰᠢᠯᠭᠠᠨ ᠪᠠᠶᠢᠴᠠᠭᠠᠬᠤ ᠲᠤᠪᠴᠵᠶ᠎ᠡ ᠬᠦᠬᠡᠬᠤᠳᠠ ᠳᠤ ᠦᠨᠡᠮᠯᠡᠯ ᠭᠠᠷᠳᠠᠭᠤᠯᠬᠤ | ᠶᠤᠰᠤᠯᠠᠯ ᠶᠠᠪᠤᠭᠳᠠᠭᠤᠯᠵᠤ᠂ ᠦᠬᠠᠢ ᠬᠤᠳᠠ ᠶᠢᠨ ᠹᠸᠢ ᠳ᠋ᠠ ᠭᠤᠸᠠᠨᠲᠸᠦ ᠢᠳᠡᠭᠡᠨ ᠤ ᠦᠢᠯᠡᠳᠪᠦᠷᠢ ᠳᠤ ᠲᠤᠮᠳᠠᠳᠤ | ᠤᠯᠤᠰ ᠤᠨ ᠲᠠᠸᠠᠷ ᠰᠢᠯᠭᠠᠨ ᠪᠠᠶᠢᠴᠠᠭᠠᠬᠤ ᠴᠢᠨᠠᠷ ᠴᠢᠨᠰᠠᠭ᠎ᠠ ᠶᠢ ᠦᠨᠡᠯᠡᠨ ᠲᠤᠭᠳᠠᠭᠠᠬᠤ ᠲᠦᠪ ᠠᠴᠠ | ᠵᠦᠪᠰᠢᠶᠡᠷᠡᠭᠰᠡᠨ ︽ISO — 9002 ᠴᠢᠨᠠᠷ ᠴᠢᠨᠰᠠᠭᠠᠨ ᠤ ᠰᠢᠰᠲ᠋ᠧᠮ ᠤᠨ ᠲᠠᠩᠰᠠᠯᠠᠭᠰᠠᠡ ᠦᠨᠡᠮᠯᠡᠯ ︾ | ᠭᠠᠷᠳᠠᠭᠤᠯᠵᠠᠢ᠃ ᠹᠸᠢ ᠳ᠋ᠠ ᠭᠤᠸᠠᠨᠲᠸᠦ ᠢᠳᠡᠭᠡᠨ ᠤ ᠦᠢᠯᠡᠳᠪᠦᠷᠢ ᠨᠢ ᠲᠤᠰ ᠦᠨᠡᠮᠯᠡᠯ ᠭᠠᠷᠳᠠᠭᠰᠠᠨ ᠦᠪᠡᠷᠳᠡᠭᠡᠨ | ᠵᠠᠰᠠᠬᠤ ᠤᠷᠤᠨ ᠤ ᠬᠤᠶᠠᠳᠤᠭᠠᠷ ᠠᠵᠤ ᠠᠬᠤᠶᠢᠯᠠᠯ ᠪᠤᠯᠤᠨ᠎ᠠ᠃ | 11 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠶᠠᠳᠠᠭᠤ ᠶᠢ ᠲᠡᠳᠭᠦᠭᠦ ᠠᠩᠬᠠᠨ ᠤ ᠵᠠᠰᠠᠮᠠᠯ ᠵᠠᠮ | — ᠦ᠋ ᠲᠤᠤ ᠵᠠᠰᠠᠮᠠᠯ ᠵᠠᠮ ︵ᠦᠬᠠᠢ ᠠᠴᠠ ᠲᠤᠤ ᠯᠧ ᠰᠢᠶᠠᠨ ᠤ ᠳ᠋ᠦ᠋ ᠺᠸᠦ ᠶᠢᠨ ᠭᠠᠰᠢᠭᠤᠨ ᠤᠰᠤᠨ ᠭᠤᠣᠯ | ᠬᠦᠷᠭᠦ ᠬᠡᠰᠡᠭ︶ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠲᠠᠭᠤᠰᠴᠤ ᠲᠡᠷᠭᠡ ᠨᠡᠪᠳᠡᠷᠡᠪᠡ᠂ ᠵᠠᠮ ᠤᠨ ᠪᠦᠬᠦ | ᠤᠷᠳᠤ ᠨᠢ 22.16 ᠺᠢᠯᠦᠮᠧᠲᠷ᠂ ᠪᠦᠬᠦ ᠪᠡᠯᠡ ᠤᠷᠤᠭᠤᠯᠤᠯᠳᠠ ᠨᠢ 1 392 ᠲᠦᠮᠡᠨ ᠲᠦᠭᠦᠷᠢᠭ᠂ | ᠭᠤᠷᠪᠠᠳᠤᠭᠠᠷ ᠲᠡᠰ ᠤᠨ ᠵᠠᠰᠠᠮᠠᠯ ᠵᠠᠮ ᠳᠤ ᠪᠠᠭᠳᠠᠨ᠎ᠠ᠃ ᠲᠤᠰ ᠢᠨᠵᠧᠨᠧᠷᠢᠩ ᠪᠤᠯ ᠦᠬᠠᠢ ᠬᠤᠳᠠ ᠶᠢᠨ ᠨᠡᠯᠢᠶᠡᠳ | ᠲᠤᠮᠤ ᠶᠠᠳᠠᠭᠤ ᠶᠢ ᠲᠡᠳᠭᠦᠭᠦ ᠢᠨᠵᠧᠨᠧᠷᠢᠩ ᠪᠤᠯᠤᠨ᠎ᠠ᠂ 7 ᠰᠠᠷ᠎ᠠ ᠶᠢᠨ 25 ᠤ ᠡᠳᠦᠷ ᠪᠠᠷᠢᠯᠭ᠎ᠠ ᠡᠬᠢᠯᠡᠵᠦ᠂ | ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠤ 635 ᠲᠦᠮᠡᠨ ᠲᠦᠭᠦᠷᠢᠭ ᠪᠡᠯᠡ ᠣᠷᠤᠭᠤᠯᠵᠠᠢ᠃ 2000 ᠤᠨ ᠤ | 5 ᠰᠠᠷ᠎ᠠ 21 ᠤ ᠡᠳᠦᠷ ᠴᠢᠨᠠᠷ ᠴᠢᠨᠰᠠᠭ᠎ᠠ ᠶᠢᠨ ᠰᠢᠯᠭᠠᠯᠳᠠ ᠶᠢ ᠦᠩᠭᠡᠷᠡᠭᠡᠭᠡᠳ᠂ ᠰᠢᠯᠢᠳᠡᠭ ᠢᠨᠵᠧᠨᠧᠷᠢᠩ ᠢᠶᠠᠷ | ᠦᠨᠡᠯᠡᠭᠳᠡᠵᠡᠢ᠃ | 1997 ᠤᠨ ᠳᠤ᠂ ᠦᠬᠠᠢ ᠬᠤᠳᠠ ᠪᠠᠩᠬᠢ ᠠᠴᠠ 4 000 ᠲᠦᠮᠡᠨ ᠲᠦᠭᠦᠷᠢᠭ ᠤᠨ ᠵᠢᠭᠡᠯᠡᠯᠭᠡ | ᠲᠠᠯᠪᠢᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠦᠪᠡᠷ ᠢᠶᠠᠨ 6 000 ᠲᠦᠮᠡᠨ ᠲᠦᠭᠦᠷᠢᠭ | ᠤᠨ ᠪᠡᠯᠡ ᠴᠤᠭᠯᠠᠭᠤᠯᠵᠤ᠂ 15 ᠲᠦᠮᠡᠨ ᠲᠡᠭᠰᠢ ᠲᠦᠷᠪᠡᠯᠵᠢᠨ ᠮᠧᠲᠷ ᠤᠨ ᠠᠮᠤᠭᠤᠯᠠᠩ ᠰᠠᠭᠤᠴᠠ ᠶᠢᠨ ᠪᠠᠶᠢᠰᠢᠩ | ᠡᠬᠢᠯᠡᠨ ᠪᠠᠷᠢᠵᠦ᠂ 6 ᠠᠮᠤᠭᠤᠯᠠᠩ ᠰᠠᠭᠤᠴᠠ ᠶᠢᠨ ᠤᠷᠤᠨ ᠰᠠᠭᠤᠴᠠ ᠶᠢᠨ ᠲᠤᠭᠤᠷᠢᠭ ᠬᠤᠪᠢᠶᠠᠵᠤ᠂ ᠪᠠᠶᠢᠰᠢᠩ | ᠪᠦᠷᠢ ᠶᠢᠨ ᠲᠠᠯᠠᠪᠠᠢ ᠨᠢ 65 ~75 ᠲᠡᠭᠰᠢ ᠲᠦᠷᠪᠡᠯᠵᠢᠨ ᠮᠧᠲᠷ ᠪᠠᠷ ᠲᠦᠯᠦᠪᠯᠡᠵᠦ᠂ 6 ᠰᠠᠷ᠎ᠠ ᠳᠤ ᠡᠬᠢᠯᠡᠭᠦᠯᠦᠨ | ᠂ ᠵᠢᠯ ᠤᠨ ᠡᠴᠦᠰ ᠲᠠᠭᠤᠰᠬᠠᠬᠤ ᠪᠠᠷ ᠪᠤᠯᠵᠠᠢ᠃ | | | 1998 ᠤᠨ | | | 1 ᠰᠠᠷ᠎ᠠ ᠶᠢᠨ 15 ᠤ ᠡᠳᠦᠷ᠂ ᠬᠠᠶᠢᠨᠠᠨ ᠲᠤᠭᠤᠷᠢᠭ ᠤᠨ ᠪᠠᠶᠠᠨᠳᠤᠬᠤᠢ ᠰᠢᠶᠠᠩ ᠤᠨ ᠫᠷᠣᠭ᠍ᠷᠠᠮᠲᠦ | ᠳ᠋ᠢᠶᠠᠩᠬᠤᠧᠠ᠂ ᠨᠡᠭᠦᠳᠡᠯ ᠬᠤᠯᠪᠤᠭ᠎ᠠ ᠴᠤᠭᠭᠠᠷ ᠨᠡᠪᠳᠡᠷᠡᠵᠠᠢ᠃ ᠡᠨᠡᠬᠦ ᠢᠨᠵᠧᠨᠧᠷᠢᠩ ᠢ 1997 ᠤᠨ ᠤ 8 ᠰᠠᠷ᠎ᠠ | ᠳᠤ ᠡᠬᠢᠯᠡᠬᠦᠯᠵᠦ᠂ 665 ᠲᠦᠮᠡᠨ ᠲᠦᠭᠦᠷᠢᠭ ᠪᠡᠯᠡ ᠤᠷᠤᠭᠤᠯᠵᠠᠢ᠃ | 2 ᠰᠠᠷ᠎ᠠ ᠶᠢᠨ 19 ~ 20 ᠤ ᠡᠳᠦᠷ᠂ ᠦᠬᠠᠢ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠵᠦᠪᠯᠡᠯ ᠤᠨ ᠬᠤᠷᠢᠨ ᠭᠤᠷᠪᠠᠳᠤᠭᠠᠷ ᠤᠳᠠᠭᠠᠨ ᠤ | ᠬᠤᠷᠠᠯ ᠢ ᠬᠤᠷᠠᠯᠳᠤᠭᠤᠯᠵᠤ᠂ ᠬᠤᠷᠠᠯ ᠠᠴᠠ ᠰᠢᠢᠳᠪᠦᠷᠢ ᠪᠠᠳᠤᠯᠠᠵᠤ᠂ ᠵᠤᠤ ᠵᠦᠩ ᠢ ᠦᠬᠠᠢ ᠬᠤᠳᠠ ᠶᠢᠨ ᠠᠷᠠᠳ | ᠤᠨ ᠵᠠᠰᠠᠭ ᠤᠨ ᠤᠷᠳᠤᠨ ᠤ ᠤᠷᠤᠯᠠᠭᠴᠢ ᠬᠤᠳᠠ ᠶᠢᠨ ᠲᠠᠷᠤᠭ᠎ᠠ ᠪᠠᠷ ᠲᠤᠮᠢᠯᠠᠬᠤ ᠪᠠᠷ ᠲᠤᠭᠳᠠᠵᠤ᠂ ᠪᠠᠭᠠᠳᠤᠷ ᠤᠨ | ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠶᠢᠨ ᠲᠠᠷᠤᠭ᠎ᠠ ᠶᠢᠨ ᠲᠤᠰᠢᠶᠠᠯ ᠠᠴᠠ ᠪᠠᠨ | ᠪᠠᠭᠤᠬᠤ ᠭᠤᠶᠤᠴᠢᠯᠠᠯ ᠢ ᠬᠦᠯᠢᠶᠡᠨ ᠵᠦᠪᠰᠢᠶᠡᠷᠡᠵᠡᠢ᠃ | 3 ᠰᠠᠷ᠎ᠠ ᠶᠢᠨ 6 ᠤ ᠡᠳᠦᠷ᠂ ᠦᠬᠠᠢ ᠶᠢᠨ ᠰᠢᠨ᠎ᠡ ᠸᠧᠢ ᠡᠯ ᠦᠵᠦᠮ ᠤᠨ ᠠᠷᠢᠬᠢᠨ ᠤ ᠦᠢᠯᠡᠰ ᠤᠨ | ᠬᠢᠵᠠᠭᠠᠷᠳᠤ ᠺᠤᠮᠫᠠᠨᠢ ᠨᠢ ᠬᠠᠶᠢᠷᠤᠪ ᠤᠨ ᠲᠤᠬᠤᠢ ᠶᠢᠨ ᠰᠢᠶᠠᠩ ᠵᠡᠭᠡᠯᠢ ᠶᠢᠨ ᠠᠵᠤ ᠠᠬᠤᠶᠢᠯᠠᠯ ᠤᠨ ᠵᠢᠱᠢᠶ᠎ᠡ | ᠦᠵᠡᠭᠦᠯᠬᠦ ᠬᠦᠷᠢᠶᠡᠯᠡᠩ ᠳᠤ ᠪᠠᠷᠢᠯᠭ᠎ᠠ ᠡᠬᠢᠯᠡᠬᠦᠯᠵᠦ ᠰᠠᠭᠤᠷᠢ ᠲᠠᠯᠪᠢᠬᠤ ᠶᠤᠰᠤᠯᠠᠯ ᠶᠠᠪᠤᠭᠳᠠᠭᠤᠯᠵᠠᠢ᠂ ᠲᠤᠰ | ᠺᠤᠮᠫᠠᠨᠢ ᠪᠤᠯ ᠨᠢᠭᠡᠨ ᠦᠵᠦᠮ ᠤᠨ ᠬᠠᠷ᠎ᠠ ᠠᠷᠢᠭᠢ᠂ ᠤᠯᠠᠭᠠᠨ ᠠᠷᠢᠭᠢ᠂ ᠦᠨᠳᠦᠷ ᠲᠡᠰ ᠤᠨ ᠦᠵᠦᠮ ᠤᠨ ᠠᠷᠢᠬᠢ | ᠦᠢᠯᠡᠳᠪᠦᠷᠢᠯᠡᠬᠦ ︵ᠨᠡᠷᠡᠬᠦ︶ ᠠᠵᠤ ᠠᠬᠤᠶᠢᠯᠠᠯ ᠪᠤᠯᠤᠨ᠎ᠠ᠂ ᠨᠡᠶᠢᠳᠡ 2 500 ᠤᠨ ᠲᠦᠮᠡᠨ ᠲᠦᠭᠦᠷᠢᠭ ᠪᠡᠯᠡ | ᠤᠷᠤᠭᠤᠯᠵᠦ᠂ ᠭᠤᠷᠪᠠᠨ ᠬᠤᠭᠤᠴᠠᠭ᠎ᠠ ᠬᠤᠪᠢᠶᠠᠨ ᠪᠠᠷᠢᠵᠦ ᠲᠠᠭᠤᠰᠬᠠᠨ᠎ᠠ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ | ᠨᠢ ᠲᠤᠬᠠᠢ ᠶᠢᠨ ᠵᠢᠯ ᠤᠨ 10 ᠰᠠᠷ᠎ᠠ ᠶᠢᠨ 6 ᠤ ᠡᠳᠦᠷ ᠲᠠᠭᠤᠰᠴᠤ ᠠᠰᠢᠭᠯᠠᠯᠳᠠ ᠳᠤ ᠣᠷᠤᠵᠤ ᠪᠤᠯᠤᠨ᠎ᠠ᠂ | ᠡᠳᠦᠷ ᠲᠤ 60 ᠭᠠᠷᠤᠢ ᠲᠤᠨ ᠦᠵᠦᠮ ᠤᠨ ᠠᠷᠢᠬᠢ ᠦᠢᠯᠡᠳᠪᠦᠷᠢᠯᠡᠬᠦ ᠪᠤᠯᠤᠨ᠎ᠠ᠃ | 3 ᠰᠠᠷ᠎ᠠ ᠶᠢᠨ 17 ᠤ ᠡᠳᠦᠷ᠂ ᠦᠬᠠᠢ ᠬᠤᠳᠠ ᠶᠢᠨ ᠬᠡᠪᠯᠡᠯ ᠤᠨ ᠦᠢᠯᠡᠳᠪᠦᠷᠢ ᠶᠢ ᠤᠯᠤᠰ ᠤᠨ ᠰᠤᠨᠢᠨ | ᠮᠡᠳᠡᠭᠡ ᠬᠡᠪᠯᠡᠯ ᠤᠨ ᠶᠠᠮᠤᠨ ᠠᠴᠠ ᠨᠤᠮ ᠰᠡᠳᠭᠦᠯ ᠬᠡᠪᠯᠡᠵᠦ ᠲᠠᠷᠤᠮᠯᠠᠬᠤ ᠤᠯᠤᠰ ᠤᠨ ᠲᠡᠰ ᠤᠨ ᠲᠤᠭᠳᠠᠭᠠᠭᠰᠠᠨ | ᠠᠵᠤ ᠠᠬᠤᠶᠢᠯᠠᠯ ᠭᠡᠵᠦ ᠨᠡᠷᠡᠶᠢᠳᠴᠡᠢ᠃ | 3 ᠰᠠᠷ᠎ᠠ ᠶᠢᠨ 23 ᠤ ᠡᠳᠦᠷ᠂ ᠦᠬᠠᠢ ᠬᠤᠳᠠ ᠶᠢᠨ ᠤᠷᠤᠭᠤᠯᠵᠤ ᠭᠠᠷᠭᠠᠬᠤ ᠲᠠᠸᠠᠷ ᠤᠨ ᠰᠢᠯᠭᠠᠨ | ᠪᠠᠶᠢᠴᠠᠭᠠᠬᠤ ᠲᠤᠪᠴᠵᠶ᠎ᠡ ᠫᠠᠶᠢᠰᠠ ᠡᠯᠬᠦᠨ ᠪᠠᠶᠢᠭᠤᠯᠤᠭᠳᠠᠪᠠ᠃ | 4 ᠰᠠᠷ᠎ᠠ ᠶᠢᠨ 1 ᠤ ᠡᠳᠦᠷ᠂ ᠦᠬᠠᠢ ᠬᠤᠳᠠ ᠬᠤᠳᠠ ᠶᠢᠨ ᠰᠠᠭᠤᠭᠠᠯᠢ ᠠᠷᠠᠳ ᠤᠨ ᠬᠠᠮᠤᠭ ᠲᠤᠤᠷ᠎ᠠ | ᠠᠮᠢᠳᠤᠷᠠᠯ ᠤᠨ ᠪᠠᠳᠤᠯᠠᠭ᠎ᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠭᠦᠯᠵᠦ᠂ ᠤᠤᠯ ᠤᠨ ᠨᠢᠭᠡ ᠪᠦᠯᠦᠭ ᠤᠨᠴᠠ | ᠬᠦᠴᠢᠷᠳᠡᠯ ᠲᠠᠢ ᠰᠠᠭᠤᠭᠠᠯᠢ ᠠᠷᠠᠳ ᠤᠨ ᠲᠤᠮᠳᠠ ᠬᠡᠷᠡᠭᠵᠢᠭᠦᠯᠵᠦ ᠪᠠᠶᠢᠭᠰᠠᠨ ᠬᠠᠮᠤᠭ ᠲᠤᠤᠷ᠎ᠠ ᠠᠮᠢᠳᠤᠷᠠᠯ ᠤᠨ | ᠪᠠᠳᠤᠯᠠᠭ᠎ᠠ ᠶᠢᠨ ᠲᠦᠷᠢᠮ ᠤᠨ ᠰᠠᠭᠤᠷᠢᠨ ᠲᠡᠭᠡᠷ᠎ᠡ᠂ ᠲᠡᠳᠬᠦᠬᠦ ᠡᠳᠡᠭᠡᠳ ᠤᠨ ᠬᠦᠷᠢᠶ᠎ᠡ ᠬᠡᠪᠴᠢᠶ᠎ᠡ ᠶᠢ ᠦᠷᠭᠡᠳᠭᠡᠵᠠᠢ | ᠂ ᠪᠠᠳᠤᠯᠠᠭ᠎ᠠ ᠶᠢᠨ ᠮᠦᠩᠭᠦ ᠶᠢ ᠬᠤᠳᠠ᠂ ᠲᠤᠭᠤᠷᠢᠭ᠂ ᠠᠵᠤ ᠠᠬᠤᠶᠢᠯᠠᠯ ᠲᠤᠭᠳᠠᠭᠠᠯ ᠶᠤᠰᠤᠭᠠᠷ ᠬᠠᠮᠳᠤᠪᠡᠷ | ᠲᠠᠭᠠᠭᠠᠴᠢᠯᠠᠨ᠎ᠠ᠃ | 4 ᠰᠠᠷ᠎ᠠ ᠶᠢᠨ 6 ᠤ ᠡᠳᠦᠷ᠂ ᠦᠬᠠᠢ ᠬᠤᠳᠠ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠯ ᠤᠨ ᠲᠠᠷᠢᠵᠤ | ᠤᠷᠭᠤᠭᠤᠯᠬᠤ ᠲᠤᠷᠰᠢᠯᠳᠠ ᠶᠢᠨ ᠲᠠᠷᠢᠶ᠎ᠠ ᠶᠢ ᠠᠩᠬ᠎ᠠ ᠤᠳᠠᠭ᠎ᠠ ᠤᠯᠠᠭᠠᠨ ᠰᠢᠶᠠᠩ ᠳᠤ ᠫᠠᠶᠢᠰᠠ ᠡᠯᠬᠦᠨ ᠲᠤᠷᠰᠢᠨ | ᠲᠠᠷᠢᠪᠠ᠂ ᠠᠩᠬ᠎ᠠ ᠲᠤᠷᠰᠢᠨ ᠲᠠᠷᠢᠬᠤ ᠦᠷ᠎ᠡ ᠨᠢ ᠦᠪᠡᠷᠳᠡᠭᠡᠨ ᠵᠠᠰᠠᠬᠤ ᠤᠷᠤᠨ ᠠᠴᠠ ᠬᠠᠩᠭᠠᠭᠰᠠᠨ ︽ᠲᠠᠷᠢᠵᠤ | ᠤᠷᠭᠤᠭᠤᠯᠬᠤ ᠲᠤᠷᠰᠢᠯᠳᠠ ᠶᠢᠨ ᠤᠷᠤᠨ — 8 ᠨᠤᠮᠧᠷᠳᠦ︾ ᠡᠷᠳᠡᠨᠢ ᠰᠢᠰᠢ ᠶᠢᠨ ᠦᠷ᠎ᠡ ᠪᠤᠯᠤᠨ᠎ᠠ᠂ ᠡᠨᠡ | ᠡᠬᠦᠯᠳᠡᠷ ᠤᠨ ᠡᠷᠳᠡᠨᠢ ᠰᠢᠰᠢ ᠶᠢᠨ ᠤᠨᠠᠯᠳᠠ ᠨᠢ ᠦᠬᠠᠢ ᠶᠢᠨ ᠲᠤᠬᠠᠢ ᠶᠢᠨ ᠭᠠᠵᠠᠷ ᠤᠨ ᠡᠷᠳᠡᠨᠢ ᠰᠢᠰᠢ ᠶᠢᠨ | ᠤᠨᠠᠯᠳᠠ ᠠᠴᠠ 2 ~ 3 ᠲᠠᠬᠢᠨ ᠪᠠᠶᠢᠳᠠᠭ᠃ | 4 ᠰᠠᠷ᠎ᠠ ᠶᠢᠨ 7 ~ 11 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ | ᠲᠦᠷᠪᠡᠳᠦᠭᠡᠷ ᠬᠤᠭᠤᠴᠠᠭᠠᠨ ᠤ ᠬᠡᠰᠢᠭᠦᠳ ᠤᠨ ᠲᠠᠪᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠤᠯᠤᠰ | ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠣᠣ ᠮᠠᠤ ᠰᠧᠨ ᠪᠠᠶᠢᠩᠭᠤ ᠶᠢᠨ ᠵᠦᠪᠯᠡᠯ ᠤᠨ ᠠᠵᠢᠯ ᠤᠨ | ᠮᠡᠳᠡᠭᠦᠯᠦᠯᠳᠡ ᠬᠢᠵᠦ᠂ ᠲᠡᠳ᠋ ᠲᠡᠷᠢᠭᠦᠯᠡᠭᠴᠢ ᠬᠤ᠋ ᠶᠠᠨ ᠯᠢ ᠲᠤᠷᠠᠳᠤᠯᠭ᠎ᠠ ᠶᠢᠨ ᠠᠵᠢᠯ ᠤᠨ ᠪᠠᠶᠢᠳᠠᠯ ᠤᠨ | ᠮᠡᠳᠡᠭᠦᠯᠦᠯᠳᠡ ᠬᠢᠵᠡᠢ᠂ ᠬᠤᠷᠠᠯ ᠠᠴᠠ ᠰᠦᠨ ᠫᠸᠢ ᠢ ᠶᠢ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ | ᠪᠠᠷ ᠰᠤᠩᠭᠤᠵᠠᠢ᠃ | 4 ᠰᠠᠷ᠎ᠠ ᠶᠢᠨ 8 ~ 12 ᠤ ᠡᠳᠦᠷ᠂ ᠦᠬᠠᠢ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠵᠤᠤ ᠵᠦᠩ ᠢ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠶᠢᠨ | ᠲᠠᠷᠤᠭ᠎ᠠ ᠪᠠᠷ᠂ ᠭᠤᠤ ᠢ ᠶᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠡᠳ᠋ ᠡᠷᠭᠢᠯᠡᠭᠴᠢ ᠪᠠᠷ ᠰᠤᠩᠭᠤᠵᠠᠢ᠃ | 5 ᠰᠠᠷ᠎ᠠ ᠶᠢᠨ 4 ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠰᠢᠨ ᠳ᠋ᠢ ᠰᠢᠶᠠᠩ ᠪᠠᠶᠢᠭᠤᠯᠤᠭᠳᠠᠪᠠ | ᠂ 12 ᠵᠠᠰᠠᠭ ᠵᠠᠬᠢᠷᠭᠠᠨ ᠤ ᠲᠤᠰᠬᠤᠨ ᠢ ᠪᠠᠭᠳᠠᠭᠠᠵᠤ᠂ ᠪᠦᠬᠦ ᠲᠠᠯᠠᠪᠠᠢ ᠨᠢ 33.294 ᠲᠡᠭᠰᠢ ᠲᠦᠷᠪᠡᠯᠵᠢᠨ | ᠺᠢᠯᠦᠮᠧᠲᠷ᠂ ᠪᠦᠬᠦ ᠬᠦᠮᠦᠨ ᠠᠮᠠ ᠨᠢ 1.25 ᠲᠦᠮᠡᠨ ᠬᠦᠮᠦᠨ ᠲᠠᠢ᠃ ᠡᠭᠦᠪᠡᠷ᠂ ᠬᠤᠳᠠ ᠶᠢᠨ 3 ᠲᠤᠭᠤᠷᠢᠭ | ᠲᠤ ᠴᠦᠮ ᠨᠢᠭᠡ ᠰᠢᠶᠠᠩ ᠤᠨ ᠲᠡᠰ ᠤᠨ ᠠᠷᠠᠳ ᠤᠨ ᠵᠠᠰᠠᠭ ᠤᠨ ᠤᠷᠳᠤᠨ ᠲᠠᠢ ᠪᠤᠯᠵᠠᠢ᠃ | 5 ᠰᠠᠷ᠎ᠠ ᠶᠢᠨ 10 ᠤ ᠡᠳᠦᠷ᠂ ᠦᠬᠠᠢ ᠬᠤᠳᠠ ᠶᠢᠨ ᠲᠦᠷᠢᠶᠡᠰᠦᠨ ᠮᠠᠰᠢᠨ ᠲᠡᠷᠭᠡᠨ ᠤ ᠲᠦᠷᠢᠶᠡᠰᠦᠨ | ᠦᠨ᠎ᠡ ᠶᠢ ᠪᠠᠭᠤᠷᠠᠭᠤᠯᠵᠠᠢ᠃ ᠡᠩ ᠤᠨ ᠪᠠᠭ᠎ᠠ ᠮᠠᠰᠢᠨ ᠲᠡᠷᠭᠡ᠂ ᠡᠩ ᠤᠨ ᠪᠠᠭ᠎ᠠ ᠬᠡᠯᠪᠡᠷᠢ ᠶᠢᠨ ᠮᠢᠶᠠᠨᠪᠤᠤ ᠲᠡᠷᠭᠡ | ᠶᠢᠨ ᠡᠬᠢᠯᠡᠯᠳᠡ ᠶᠢᠨ ᠦᠨ᠎ᠡ ᠨᠢ 2 ᠺᠢᠯᠦᠮᠧᠲᠷ ᠪᠦᠷᠢ ᠳᠤ 3 ᠲᠦᠭᠦᠷᠢᠭ᠂ ᠶᠡᠬᠡᠮᠰᠦᠭ ᠬᠡᠯᠪᠡᠷᠢ ᠬᠢᠭᠡᠳ ᠬᠡᠳᠦ | ᠶᠡᠬᠡᠮᠰᠦᠭ ᠬᠡᠯᠪᠡᠷᠢ ᠶᠢᠨ ᠪᠠᠭ᠎ᠠ ᠮᠠᠰᠢᠨ ᠲᠡᠷᠭᠡᠨ ᠤ ᠡᠬᠢᠯᠡᠯᠳᠡ ᠶᠢᠨ ᠦᠨ᠎ᠡ ᠨᠢ 3 ᠺᠢᠯᠦᠮᠧᠲᠷ ᠪᠦᠷᠢ ᠳᠤ 5 | ᠲᠦᠭᠦᠷᠢᠭ ᠭᠡᠵᠦ ᠪᠠᠭᠤᠷᠠᠭᠤᠯᠤᠨ ᠲᠤᠭᠳᠠᠭᠠᠵᠠᠢ᠃ ᠺᠢᠯᠦᠮᠧᠲᠷ ᠪᠦᠷᠢ ᠶᠢᠨ ᠲᠦᠷᠢᠶᠡᠰᠦᠨ ᠦᠨ᠎ᠡ ᠨᠢ ᠡᠩ ᠤᠨ | ᠪᠠᠭ᠎ᠠ ᠮᠠᠰᠢᠨ ᠲᠡᠷᠭᠡ 1.2 ᠲᠦᠭᠦᠷᠢᠭ᠂ ᠡᠩ ᠤᠨ ᠪᠠᠭ᠎ᠠ ᠬᠡᠯᠪᠡᠷᠢ ᠶᠢᠨ ᠮᠢᠶᠠᠨᠪᠤᠤ ᠲᠡᠷᠭᠡ 1 ᠲᠦᠭᠦᠷᠢᠭ᠂ | ᠶᠡᠬᠡᠮᠰᠦᠭ ᠬᠡᠯᠪᠡᠷᠢ ᠪᠠᠭ᠎ᠠ ᠮᠠᠰᠢᠨ ᠲᠡᠷᠭᠡ 1.5 ᠲᠦᠭᠦᠷᠢᠭ᠂ ᠬᠡᠳᠦ ᠶᠡᠬᠡᠮᠰᠦᠭ ᠬᠡᠯᠪᠡᠷᠢ ᠶᠢᠨ ᠪᠠᠭ᠎ᠠ ᠮᠠᠰᠢᠨ ᠲᠡᠷᠭᠡ | 2 ᠲᠦᠭᠦᠷᠢᠭ ᠨᠤᠭᠳᠠᠨ᠎ᠠ᠃ | 5 ᠰᠠᠷ᠎ᠠ ᠶᠢᠨ 20 ᠤ ᠡᠳᠦᠷ᠂ ᠦᠳᠡ ᠶᠢᠨ ᠬᠤᠶᠢᠨ᠎ᠠ ᠶᠢᠨ 13 ᠴᠠᠭ ~ 16 ᠴᠠᠭ ᠤᠨ ᠬᠤᠭᠤᠷᠤᠨᠳᠤ᠂ | ᠬᠠᠶᠢᠨᠠᠨ ᠲᠤᠭᠤᠷᠢᠭ ᠤᠨ ᠪᠠᠶᠠᠨᠳᠤᠬᠤᠢ ᠰᠢᠶᠠᠩ ᠳᠤ ᠲᠤᠭᠰᠢᠨ ᠪᠤᠷᠤᠭᠠᠨ ᠤᠷᠤᠵᠤ᠂ ᠪᠦᠬᠦ ᠰᠢᠶᠠᠩ ᠤᠨ 16 | ᠲᠤᠰᠬᠤᠨ ᠤ 13 ᠲᠤᠰᠬᠤᠨ ᠨᠢ ᠭᠠᠮᠰᠢᠭᠳᠠᠵᠤ᠂ 7 ᠲᠤᠰᠬᠤᠨ ᠬᠦᠨᠳᠦ ᠨᠤᠴᠢᠳᠠᠢ ᠠᠪᠳᠠᠵᠤ᠂ 17 ᠡᠷᠦᠭᠡ ᠶᠢᠨ | ᠬᠡᠷ ᠪᠠᠶᠢᠰᠢᠩ ᠨᠤᠷᠠᠵᠤ᠂ ᠦᠶᠡᠷ ᠢ ᠬᠠᠰᠢᠬᠤ ᠲᠠᠯᠠᠩ᠂ ᠭᠦᠭᠦᠷᠭᠡ᠂ ᠵᠠᠰᠠᠮᠠᠯ ᠵᠠᠮ᠂ ᠦᠨᠳᠦᠷ ᠲᠠᠷᠤᠯᠳᠠᠳᠤ | ᠴᠠᠭᠢᠯᠭᠠᠨ ᠤᠳᠠᠰᠤ ᠵᠡᠷᠭᠡ ᠰᠦᠢᠳᠴᠦ᠂ 560 ᠲᠦᠮᠡᠨ ᠲᠦᠭᠦᠷᠢᠭ ᠤᠨ ᠬᠤᠬᠢᠷᠠᠯ ᠭᠠᠷᠴᠠᠢ᠃ | △ ᠦᠬᠠᠢ ᠬᠤᠳᠠ ᠶᠢᠨ ᠬᠠᠳᠤᠨ ᠭᠤᠤᠯ ᠦᠢᠯᠡᠳᠪᠦᠷᠢ ᠠᠷᠠᠯᠵᠢᠶᠠᠨ ᠤ ᠪᠦᠯᠦᠭᠯᠡᠯᠳᠦ ᠺᠤᠮᠫᠠᠨᠢ ᠶᠢᠨ | ᠨᠡᠭᠦᠷᠡᠰᠦᠨ ᠠᠭᠤᠷᠬᠠᠢ ᠶᠢᠨ ᠨᠢᠭᠡᠳᠦᠭᠡᠷ ᠬᠤᠳᠳᠤᠭ ᠦᠶᠡᠷ ᠲᠤ ᠠᠪᠳᠠᠵᠠᠢ᠃ ᠬᠤᠳᠳᠤᠭ ᠲᠤᠤᠷ᠎ᠠ ᠠᠵᠢᠯᠯᠠᠵᠤ | ᠪᠠᠶᠢᠭᠰᠠᠨ 13 ᠨᠡᠷᠡᠰ ᠠᠭᠤᠷᠬᠠᠢ ᠶᠢᠨ ᠠᠵᠢᠯᠴᠢᠨ ᠪᠦᠬᠦᠳᠡᠭᠡᠷ ᠢᠶᠠᠨ ᠠᠳᠡᠯ ᠳᠤ ᠤᠴᠠᠷᠠᠵᠠᠢ᠃ 34 ᠡᠳᠦᠷ ᠤᠨ | ᠪᠠᠴᠢᠮ ᠤᠰᠤ ᠲᠠᠳᠠᠯᠳᠠ ᠶᠢ ᠦᠩᠭᠡᠷᠡᠭᠡᠭᠡᠳ᠂ ᠬᠠᠩ ᠫᠢᠩ ᠬᠡᠮᠡᠬᠦ ᠨᠡᠷ᠎ᠡ ᠲᠠᠢ ᠠᠭᠤᠷᠬᠠᠢ ᠶᠢᠨ ᠠᠵᠢᠯᠴᠢᠨ ᠨᠢᠭᠡ | ᠯᠠᠭᠤᠰᠠ ᠶᠢᠨ ᠮᠢᠬ᠎ᠠ ᠪᠤᠯᠤᠨ ᠬᠤᠩᠬᠢᠯ ᠳᠤ ᠬᠢ ᠤᠰᠤ ᠪᠠᠷ ᠠᠮᠢ ᠵᠢᠭᠤᠵᠤ᠂ 6 ᠰᠠᠷ᠎ᠠ ᠶᠢᠨ 23 ᠤ ᠡᠳᠦᠷ | ᠠᠪᠤᠷᠠᠭᠳᠠᠵᠠᠢ᠃ 12 ᠰᠠᠷ᠎ᠠ ᠶᠢᠨ 11 ᠤ ᠡᠳᠦᠷ ᠬᠠᠩ ᠫᠢᠩ ᠢ ᠲᠦᠪ ᠲᠧᠯᠸᠢᠰ ᠤᠨ ᠰᠤᠨᠢᠨ ᠮᠡᠳᠡᠭᠡ | ᠰᠢᠭᠦᠮᠵᠢᠯᠡᠨ ᠶᠠᠷᠢᠯᠴᠠᠬᠤ ᠬᠡᠯᠳᠡᠰ ᠤᠨ ︽ᠦᠨᠡᠨ ᠢ ᠪᠤᠳᠠᠳᠠᠢ ᠪᠠᠷ ᠶᠠᠷᠢᠬᠤ︾ ᠪᠤᠯᠤᠩ ᠠᠴᠠ ᠠᠮᠢ ᠨᠠᠰᠤᠨ ᠤ | ᠦᠨ᠎ᠡ ᠴᠡᠨ᠎ᠡ ᠶᠢᠨ ᠲᠤᠬᠠᠢ ᠫᠷᠦᠭᠷᠡᠮ ᠰᠢᠩᠭᠡᠵᠦ᠂ ᠰᠡᠭᠦᠯᠡᠷ ᠨᠢ ᠱᠠᠩᠬᠠᠢ ᠶᠢᠨ ᠲᠤᠮᠤ ᠶᠢᠷᠳᠢᠨᠴᠦ ᠬᠢᠨᠢᠰ ᠤᠨ | ᠶᠡᠷᠦᠩᠭᠡᠢ ᠭᠡᠯᠳᠡᠰ ᠠᠴᠠ ︽ᠬᠤᠳᠳᠤᠭ ᠲᠤᠤᠷ᠎ᠠ ᠬᠠᠮᠤᠭ ᠤᠷᠳᠤ ᠬᠤᠭᠤᠴᠠᠭ᠎ᠠ ᠠᠮᠢᠳᠤᠷᠠᠵᠤ ᠴᠢᠳᠠᠭᠰᠠᠨ ᠬᠦᠮᠦᠨ︾ | ᠤ ᠲᠤᠭᠠᠨ ᠳᠤ ᠵᠢᠭᠰᠠᠭᠠᠵᠤ᠂ ᠦᠬᠠᠢ ᠬᠤᠳᠠ ᠶᠢᠨ ᠬᠠᠮᠤᠭ ᠠᠩᠬᠠᠨ ᠤ ᠬᠢᠨᠢᠰ ᠤᠨ ᠲᠡᠮᠳᠡᠭᠯᠡᠯ ᠳᠤ | ᠲᠡᠮᠳᠡᠭᠯᠡᠭᠳᠡᠭᠰᠡᠨ ᠬᠦᠮᠦᠨ ᠪᠤᠯᠵᠠᠢ᠃ | 7 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠨᠠᠰᠤᠳᠠᠶᠢᠴᠤᠳ ᠤᠨ ᠶᠡᠭᠡ ᠰᠤᠷᠭᠠᠭᠤᠯᠢ ᠫᠠᠶᠢᠰᠠ | ᠡᠯᠬᠦᠨ ᠪᠠᠶᠢᠭᠤᠯᠤᠭᠳᠠᠪᠠ᠃ | 7 ᠰᠠᠷ᠎ᠠ ᠶᠢᠨ 6 ᠤ ᠡᠳᠦᠷ᠂ ᠦᠬᠠᠢ ᠬᠤᠳᠠ ᠶᠢᠨ ᠡᠯᠡᠰᠦᠨ ᠲᠤᠮᠳᠠᠬᠢ ᠪᠤᠯᠠᠭ ᠫᠢᠸᠤ᠋ ᠶᠢᠨ ᠦᠢᠯᠡᠳᠪᠦᠷᠢ | ᠨᠢ ᠤᠬᠠᠭᠤᠯᠭ᠎ᠠ ᠬᠢᠬᠦ ᠨᠡᠷᠡᠳᠦ ᠲᠡᠮᠳᠡᠭ ᠪᠤᠯᠵᠤ᠂ 31 ᠲᠦᠮᠡᠨ ᠲᠦᠭᠦᠷᠢᠭ ᠭᠠᠷᠭᠠᠨ᠂ ᠦᠬᠠᠢ ᠶᠢᠨ ᠪᠠᠷᠠᠭᠤᠨ | ᠦᠷᠳᠡᠭᠡ ᠠᠴᠠ ᠪᠡᠭᠡᠵᠢᠩ ᠤᠨ ᠡᠮᠦᠨᠡᠳᠦ ᠦᠷᠳᠡᠭᠡ ᠬᠦᠷᠭᠦ 541/ 542 ᠳ᠋ᠤᠭᠠᠷ ᠡᠭᠡᠯᠵᠢ᠂ ᠦᠬᠠᠢ ᠶᠢᠨ | ᠪᠠᠷᠠᠭᠤᠨ ᠦᠷᠳᠡᠭᠡ ᠠᠴᠠ ᠪᠤᠭᠤᠳᠤ ᠶᠢᠨ ᠵᠡᠭᠦᠨ ᠦᠷᠳᠡᠭᠡ ᠬᠦᠷᠭᠦ 607/ 608 ᠳ᠋ᠤᠭᠠᠷ ᠡᠭᠡᠯᠵᠢ ᠶᠢᠨ ᠭᠠᠯᠳᠤ | ᠲᠡᠷᠭᠡᠨ ᠤ ᠲᠢᠳᠢᠮᠯᠡᠨ ᠨᠡᠷᠡᠶᠢᠳᠬᠦ ᠡᠷᠭᠡ ᠶᠢ ᠬᠤᠳᠠᠯᠳᠤᠨ ᠠᠪᠴᠤ᠂ ᠬᠤᠶᠠᠷ ᠡᠭᠡᠯᠵᠢ ᠶᠢᠨ ᠲᠡᠷᠭᠡ ᠶᠢ ︽ᠡᠯᠡᠰᠦᠨ | ᠲᠤᠮᠳᠠᠬᠢ ᠪᠤᠯᠠᠭ︾ ᠬᠡᠮᠡᠨ ᠨᠡᠷᠡᠶᠢᠳᠴᠠᠢ᠃ | 8 ᠰᠠᠷ᠎ᠠ ᠶᠢᠨ 12 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠠᠴᠠ ᠦᠬᠠᠢ ᠬᠤᠳᠠ ᠳᠤ ᠦᠨᠳᠦᠷ ᠬᠤᠷᠤᠭᠳᠠᠯᠳᠤ ᠡᠨᠧᠷᠭᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠪᠠᠶᠢᠭᠤᠯᠬᠤ ᠪᠠᠷ ᠲᠤᠭᠳᠠᠵᠤ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠦᠭᠴᠡᠢ᠃ 9 ᠰᠠᠷ᠎ᠠ ᠶᠢᠨ | 4 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶ᠎ᠠ᠂ ᠬᠤᠳᠠ ᠶᠢᠨ | ᠵᠠᠰᠠᠭ ᠤᠨ ᠤᠷᠳᠤᠨ ᠠᠴᠠ ᠬᠦᠬᠡᠬᠤᠳᠠ ᠶᠢᠨ ᠰᠢᠨ᠎ᠡ ᠬᠤᠳᠠ ᠵᠤᠴᠢᠳ ᠤᠨ ᠪᠠᠭᠤᠳᠠᠯ ᠳᠤ ᠦᠬᠠᠢ ᠬᠤᠳᠠ ᠳᠤ | ᠦᠨᠳᠦᠷ ᠬᠤᠷᠤᠭᠳᠠᠯᠳᠤ ᠡᠨᠧᠷᠭᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠪᠠᠶᠢᠭᠤᠯᠬᠤ ᠰᠤᠨᠢᠨ ᠮᠡᠳᠡᠭᠡ | ᠨᠡᠶᠢᠳᠡᠯᠡᠬᠦ ᠬᠤᠷᠠᠯ ᠬᠢᠵᠠᠢ᠃ | 9 ᠰᠠᠷ᠎ᠠ ᠶᠢᠨ 10 ᠤ ᠡᠳᠦᠷ᠂ ᠦᠬᠠᠢ ᠬᠤᠳᠠ ᠶᠢᠨ ᠮᠡᠷᠭᠡᠵᠢᠯ ᠤᠨ ᠠᠵᠢᠯᠳᠠᠨ ᠤ ᠰᠤᠷᠭᠠᠭᠤᠯᠢ | ᠪᠠᠶᠢᠭᠤᠯᠤᠭᠳᠠᠪᠠ᠂ ᠲᠤᠰ ᠰᠤᠷᠭᠠᠭᠤᠯᠢ ᠨᠢ ᠬᠤᠳᠠ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠤᠷᠭᠠᠭᠤᠯᠢ᠂ | ᠬᠤᠳᠠ ᠶᠢᠨ ᠲᠠᠷᠢᠶᠠᠯᠠᠩ ᠤᠢ ᠰᠢᠭᠤᠢ ᠶᠢᠨ ᠮᠡᠷᠭᠡᠵᠢᠯ ᠤᠨ ᠰᠤᠷᠭᠠᠭᠤᠯᠢ᠂ ᠬᠤᠳᠠ ᠶᠢᠨ ᠰᠠᠭᠤᠷᠢ ᠪᠦᠳᠦᠭᠡᠨ | ᠪᠠᠶᠢᠭᠤᠯᠤᠯᠳᠠ ᠶᠢᠨ ᠮᠡᠷᠭᠡᠵᠢᠯ ᠤᠨ ᠰᠤᠷᠭᠠᠭᠤᠯᠢ᠂ ᠬᠤᠳᠠ ᠶᠢᠨ ᠬᠤᠳᠠᠯᠳᠤᠭᠠᠨ ᠠᠮᠤ ᠶᠢᠨ ᠮᠡᠷᠭᠡᠵᠢᠯ ᠤᠨ | ᠰᠤᠷᠭᠠᠭᠤᠯᠢ ᠪᠤᠯᠤᠨ ᠵᠠᠮ ᠬᠠᠷᠢᠯᠴᠠᠭᠠᠨ ᠤ ᠮᠡᠷᠭᠡᠵᠢᠯ ᠤᠨ ᠰᠤᠷᠭᠠᠭᠤᠯᠢ ᠵᠡᠷᠭᠡ ᠲᠠᠪᠤᠨ ᠰᠤᠷᠭᠠᠭᠤᠯᠢ ᠶᠢ | ᠨᠢᠭᠡᠳᠭᠡᠭᠡᠳ ᠪᠠᠶᠢᠭᠤᠯᠤᠭᠰᠠᠨ ᠰᠤᠷᠭᠠᠭᠤᠯᠢ ᠪᠤᠯᠤᠨ᠎ᠠ᠃ | 10 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠰᠢᠦᠳᠠᠨ ᠲᠤᠪᠴᠢᠶ᠎ᠠ ᠶᠢ ᠰᠢᠦᠳᠠᠨ ᠦᠢᠯᠡᠰ | ᠬᠢᠭᠡᠳ ᠴᠠᠬᠢᠯᠭᠠᠨ ᠬᠤᠯᠪᠤᠭᠠᠨ ᠤ ᠦᠢᠯᠡᠰ ᠬᠡᠬᠦ ᠬᠤᠶᠠᠷ ᠪᠠᠶᠢᠭᠤᠯᠤᠮᠵᠢ ᠬᠤᠪᠢᠶᠠᠷᠢᠯᠠᠨ᠂ ᠦᠬᠠᠢ ᠬᠤᠳᠠ ᠶᠢᠨ | ᠰᠢᠦᠳᠠᠨ ᠲᠤᠪᠴᠢᠶ᠎ᠠ᠂ ᠦᠬᠠᠢ ᠬᠤᠳᠠ ᠶᠢᠨ ᠴᠢᠭᠢᠯᠭᠠᠨ ᠬᠤᠯᠪᠤᠭᠠᠨ ᠤ ᠲᠤᠪᠴᠢᠶ᠎ᠠ ᠫᠠᠶᠢᠰᠠ ᠡᠯᠬᠦᠨ | ᠪᠠᠶᠢᠭᠤᠯᠤᠭᠳᠠᠪᠠ᠃ | 11 ᠰᠠᠷ᠎ᠠ ᠶᠢᠨ 12 ᠤ ᠡᠳᠦᠷ᠂ ᠤᠯᠤᠰ ᠤᠨ ᠰᠤᠷᠠᠭ ᠴᠢᠮᠡᠭᠡ ᠰᠤᠷᠠᠭᠯᠠᠨ ᠲᠠᠭᠤᠳᠠᠬᠤ ᠦᠬᠠᠢ ᠶᠢᠨ | ᠬᠤᠪᠢᠶᠠᠷᠢ ᠺᠤᠮᠫᠠᠨᠢ ᠪᠠᠶᠢᠭᠤᠯᠤᠭᠳᠠᠪᠠ᠃ | 1998 ᠤᠨ ᠳᠤ᠂ ᠦᠬᠠᠢ ᠬᠤᠳᠠ ᠠᠴᠠ 4 861 ᠶᠠᠳᠠᠭᠤ ᠬᠦᠴᠢᠷᠳᠡᠯ ᠲᠠᠢ ᠰᠤᠷᠤᠭᠴᠢ ᠶᠢᠨ | ᠰᠤᠷᠤᠯᠭ᠎ᠠ ᠶᠢᠨ ᠰᠦᠢᠳᠭᠡᠯ 158 ᠲᠦᠮᠡᠨ ᠲᠦᠭᠦᠷᠢᠭ ᠵᠤᠭᠤᠰ ᠢ ᠰᠢᠢᠳᠪᠦᠷᠢᠯᠡᠵᠦ ᠦᠭᠴᠡᠢ᠃ | | | 1999 ᠤᠨ | | | 1 ᠰᠠᠷ᠎ᠠ ᠶᠢᠨ 1 ᠤ ᠡᠳᠦᠷ᠂ ᠦᠬᠠᠢ ᠬᠤᠳᠠ ᠬᠤᠳᠠ ᠶᠢᠨ ᠰᠠᠭᠤᠭᠠᠯᠢ ᠠᠷᠠᠳ ᠤᠨ ᠬᠠᠮᠤᠭ ᠲᠤᠤᠷ᠎ᠠ | ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠶᠢᠨ ᠰᠠᠷ᠎ᠠ ᠪᠤᠯᠭᠠᠨ ᠤ 90 ᠲᠦᠭᠦᠷᠢᠭ ᠢ 100 | ᠲᠦᠭᠦᠷᠢᠭ ᠪᠤᠯᠭᠠᠨ ᠦᠰᠭᠡᠪᠡ᠃ | 2 ᠰᠠᠷ᠎ᠠ ᠶᠢᠨ 11 ᠤ ᠡᠳᠦᠷ᠂ ᠦᠬᠠᠢ ᠶᠢᠨ ᠮᠧᠩ ᠳ᠋ᠠ ᠹᠸᠢ ᠭᠤᠸᠠᠨᠲᠸᠦ ᠢᠳᠡᠭᠡᠨ ᠤ ᠦᠢᠯᠡᠳᠪᠦᠷᠢ ᠶᠢᠨ | ᠦᠢᠯᠡᠳᠪᠦᠷᠢᠯᠡᠭᠰᠡᠨ ︽ᠳ᠋ᠠ ᠮᠧᠩ ᠹᠸᠢ︾ ᠲᠡᠮᠳᠡᠭᠳᠦ ᠲᠦᠪᠡᠳ ᠬᠠᠰᠢ ᠶᠢᠨ ᠵᠢᠶᠠᠩ ᠨᠢ ᠠᠮᠧᠷᠢᠺᠠ ᠶᠢᠨ FDA | ᠶᠢᠨ ᠬᠢᠨᠠᠨ ᠪᠠᠶᠢᠴᠠᠭᠠᠯᠳᠠ ᠶᠢ ᠦᠩᠭᠡᠷᠡᠵᠦ ᠂ ᠠᠮᠧᠷᠢᠺᠠ ᠶᠢᠨ ᠵᠠᠬ᠎ᠠ ᠲᠡᠯᠭᠡᠭᠦᠷ ᠲᠤ ᠬᠦᠷᠪᠡ᠃ | 2 ᠰᠠᠷ᠎ᠠ ᠶᠢᠨ 26 ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠠᠭᠤᠷᠬᠠᠢ ᠶᠢᠨ ᠶᠠᠪᠤᠳᠠᠯ ᠤᠨ | ᠲᠣᠪᠴᠢᠶᠠᠨ ᠤ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ — ᠦᠬᠠᠢ ᠬᠤᠳᠠ ᠶᠢᠨ | ᠿᠦᠢ ᠳ᠋ᠧ ᠬᠢᠮᠢ ᠶᠢᠨ ᠦᠢᠯᠡᠳᠪᠦᠷᠢ ᠲᠤᠷᠰᠢᠨ ᠦᠢᠯᠡᠳᠪᠦᠷᠢᠯᠡᠬᠦ ᠪᠤᠯᠵᠠᠢ᠂ ᠲᠤᠰ ᠲᠦᠷᠦᠯ ᠵᠦᠢᠯ ᠳᠤ ᠨᠡᠶᠢᠳᠡ | 1 900 ᠲᠦᠮᠡᠨ ᠲᠦᠭᠦᠷᠢᠭ ᠪᠡᠯᠡ ᠤᠷᠤᠭᠤᠯᠵᠦ᠂ ᠵᠢᠯ ᠳᠤ 3 000 ᠲᠤᠨ ᠮᠦᠰᠦᠯᠢᠭ ᠲᠠᠯᠠᠰᠳᠤ ᠴᠢᠯᠠᠭᠤ᠂ | 6 000 ᠲᠤᠨ ᠤᠰᠤᠨ ᠰᠢᠯ᠂ 1 200 ᠲᠤᠨ ᠴᠠᠭᠠᠨ ᠬᠦ᠋ ᠦᠢᠯᠡᠳᠪᠦᠷᠢᠯᠡᠨ᠂ ᠵᠢᠯ ᠤᠨ ᠦᠢᠯᠡᠳᠪᠦᠷᠢᠯᠡᠬᠦ | ᠦᠷᠳᠡᠭ 2 700 ᠲᠦᠮᠡᠨ ᠲᠦᠭᠦᠷᠢᠭ᠂ ᠠᠰᠢᠭ ᠤᠷᠤᠯᠭ᠎ᠠ ᠨᠢ 450 ᠲᠦᠮᠡᠨ ᠲᠦᠭᠦᠷᠢᠭ ᠬᠦᠷᠴᠦ᠂ 300 | ᠠᠵᠢᠯ ᠠᠯᠳᠠᠭᠰᠠᠳ ᠲᠤ ᠠᠵᠢᠯ ᠤᠯᠭᠤᠵᠠᠢ᠃ | 3 ᠰᠠᠷ᠎ᠠ ᠶᠢᠨ 24 ~ 27 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ | ᠲᠠᠪᠤᠳᠤᠭᠠᠷ ᠬᠤᠭᠤᠴᠠᠭᠠᠨ ᠤ ᠬᠡᠰᠢᠭᠦᠳ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠴᠢ ᠹᠧᠩ | ᠱᠠᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠠᠪᠤᠳᠤᠭᠠᠷ ᠬᠤᠭᠤᠴᠠᠭᠠᠨ ᠤ ᠲᠡᠷᠢᠭᠦᠯᠡᠭᠴᠢ ᠪᠠᠷ | ᠰᠤᠩᠭᠤᠭᠳᠠᠵᠠᠢ᠃ | 3 ᠰᠠᠷ᠎ᠠ ᠶᠢᠨ 25 ~ 28 ᠤ ᠡᠳᠦᠷ᠂ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠪᠠᠭᠠᠳᠤᠷ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠭᠤᠴᠠᠭᠠᠨ ᠤ ᠡᠷᠭᠢᠯᠡᠭᠴᠢ ᠪᠠᠷ᠂ ᠵᠤᠤ ᠵᠦᠩ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠠᠷᠤᠭ᠎ᠠ ᠪᠠᠷ᠂ | ᠵᠠᠩ ᠿᠦᠢ ᠬᠤᠳᠠ ᠶᠢᠨ ᠲᠤᠮᠳᠠ ᠵᠡᠷᠭᠡ ᠶᠢᠨ ᠰᠢᠭᠦᠭᠦ ᠬᠤᠷᠢᠶ᠎ᠡ ᠶᠢᠨ ᠬᠤᠷᠢᠶᠠᠨ ᠲᠠᠷᠤᠭ᠎ᠠ ᠪᠠᠷ᠂ ᠳ᠋ᠦ᠋ ᡁᠢ ᠭᠠᠩ | ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠲᠠᠷᠤᠭ᠎ᠠ ᠪᠠᠷ ᠲᠤᠰ ᠲᠤᠰ ᠰᠤᠩᠭᠤᠭᠳᠠᠵᠠᠢ᠃ | 5 ᠰᠠᠷ᠎ᠠ ᠶᠢᠨ 29 ᠤ ᠡᠳᠦᠷ᠂ ᠦᠬᠠᠢ ᠬᠤᠳᠠ ᠶᠢᠨ ᠵᠠᠯᠠᠭᠤᠴᠤᠳ ᠪᠠᠭᠠᠴᠤᠳ ᠤᠨ ᠤᠷᠳᠤᠨ | ᠠᠰᠢᠭᠯᠠᠯᠳᠠ ᠳᠤ ᠤᠷᠤᠪᠠ᠃ | 6 ᠰᠠᠷ᠎ᠠ ᠶᠢᠨ 29 ᠤ ᠡᠳᠦᠷ᠂ ᠦᠬᠠᠢ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠵᠦᠪᠯᠡᠯ ᠠᠴᠠ ᠺᠠᠳ᠋ᠷ ᠢ ᠲᠡᠪᠰᠢᠭᠦᠯᠦᠨ ᠬᠡᠷᠡᠭᠯᠡᠬᠦ ᠠᠴᠠ ᠡᠮᠦᠨ᠎ᠡ ᠬᠠᠦᠯᠢ ᠴᠠᠭᠠᠵᠠ ᠶᠢᠨ | ᠰᠢᠯᠭᠠᠯᠳᠠ ᠬᠢᠬᠦ ᠲᠦᠷᠢᠮ ᠢ ᠭᠡᠷᠡᠭᠵᠢᠭᠦᠯᠵᠠᠢ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ 27 ᠨᠡᠷᠡᠰ | ᠲᠡᠪᠰᠢᠭᠦᠯᠦᠨ ᠬᠡᠷᠡᠭᠯᠡᠬᠦ ᠬᠡᠵᠦ ᠪᠠᠶᠢᠭ᠎ᠠ ᠡᠯ᠎ᠡ ᠪᠠᠶᠢᠭᠤᠯᠤᠯᠭ᠎ᠠ ᠶᠢᠨ ᠬᠠᠷᠢᠭᠤᠴᠠᠯᠭᠠᠳᠠᠨ ᠺᠠᠳᠠᠷᠴᠤᠳ ᠢ ᠲᠤᠰᠢᠶᠠᠯ ᠳᠤ | ᠲᠤᠮᠢᠯᠠᠬᠤ ᠠᠴᠠ ᠡᠮᠦᠨ᠎ᠡ ᠬᠠᠦᠯᠢ ᠴᠠᠭᠠᠵᠠ ᠶᠢᠨ ᠰᠢᠯᠭᠠᠯᠳᠠ ᠬᠢᠵᠦ᠂ ᠬᠤᠶᠠᠷ ᠤᠳᠠᠭ᠎ᠠ ᠰᠢᠯᠭᠠᠭᠠᠳ ᠬᠢᠷᠢ | ᠲᠡᠩᠴᠡᠭᠰᠡᠨ ᠦᠬᠡᠢ ᠬᠦᠮᠦᠨ ᠢ ᠲᠤᠮᠢᠯᠠᠭᠰᠠᠨ ᠦᠭᠡᠢ᠃ | 7 ᠰᠠᠷ᠎ᠠ ᠶᠢᠨ 1 ᠤ ᠡᠳᠦᠷ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠣᠪᠴᠢᠶᠠᠨ ᠤ ᠦᠨᠳᠦᠷ | ᠬᠦᠬᠦᠷᠳᠦ ᠨᠡᠭᠦᠷᠡᠰᠦ ᠦᠢᠯᠡᠳᠪᠦᠷᠢᠯᠡᠳᠡᠭ ᠬᠤᠸᠠᠩ ᠪᠠᠢ ᠽᠢ ᠨᠡᠭᠦᠷᠡᠰᠦᠨ ᠠᠭᠤᠷᠬᠠᠢ ᠶᠢ ᠨᠡᠶᠢᠳᠡᠮ ᠳᠤᠨᠢ ᠬᠠᠭᠠᠪᠠ᠃ | | 9 ᠰᠠᠷ᠎ᠠ ᠶᠢᠨ 9 ᠤ ᠡᠳᠦᠷ᠂ ᠬᠠᠳᠤᠨ ᠭᠤᠤᠯ ᠦᠢᠯᠡᠳᠪᠦᠷᠢ ᠠᠷᠠᠯᠵᠢᠶᠠᠨ ᠤ ᠪᠦᠯᠦᠭᠯᠡᠯᠳᠦ | ᠬᠡᠦᠷᠡᠰᠦᠵᠢᠭᠦᠯᠤᠯᠳᠡ ᠶᠢᠨ ᠺᠤᠮᠫᠠᠨᠢ ᠶᠢᠨ 26 ᠲᠦᠮᠡᠨ ᠲᠤᠨ ᠬᠡᠦᠷᠡᠰᠦᠨ ᠵᠤᠤᠬ᠎ᠠ ᠠᠰᠢᠭᠯᠠᠯᠳᠠ ᠳᠤ ᠤᠷᠤᠪᠠ᠃ | ᠠᠰᠢᠭᠯᠠᠯᠳᠠ ᠳᠤ ᠤᠷᠤᠭᠰᠠᠨ ᠤ ᠲᠠᠷᠠᠭ᠎ᠠ᠂ ᠲᠤᠭᠳᠠᠮᠠᠯ ᠬᠦᠷᠦᠩᠭᠡ ᠨᠢ ᠨᠡᠮᠡᠭᠳᠡᠭᠡᠳ 1.1 ᠳ᠋ᠦᠩᠰᠢᠭᠤᠷ ᠲᠦᠭᠦᠷᠢᠭ | ᠲᠤ ᠬᠦᠷᠴᠦ᠂ ᠵᠢᠯ ᠤᠨ ᠦᠢᠯᠡᠳᠪᠦᠷᠢᠯᠡᠬᠦ ᠦᠷᠳᠡᠭ 900 ᠳ᠋ᠦᠩᠰᠢᠭᠤᠷ ᠲᠦᠭᠦᠷᠢᠭ᠂ ᠰᠢᠭᠤᠳ ᠠᠰᠢᠭ | ᠤᠷᠤᠯᠭ᠎ᠠ ᠨᠢ 900 ᠭᠠᠷᠤᠢ ᠲᠦᠮᠡᠨ ᠲᠦᠭᠦᠷᠢᠭ ᠲᠤ ᠬᠦᠷᠬᠦ ᠪᠤᠯᠤᠨ᠎ᠠ᠃ | 9 ᠰᠠᠷ᠎ᠠ ᠶᠢᠨ 16 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠷᠳᠤᠨ ᠠᠴᠠ ᠪᠡᠯᠡ ᠭᠠᠷᠭᠠᠵᠤ | ᠂ ᠪᠦᠬᠦ ᠤᠯᠤᠰ ᠤᠨ ᠰᠢᠯᠢᠳᠡᠭ ᠡᠮᠡᠭᠳᠡᠢ ᠠᠵᠤ ᠠᠬᠤᠶᠢᠯᠠᠯᠳᠠᠨ᠂ ᠦᠬᠠᠢ ᠬᠤᠳᠠ ᠶᠢᠨ ᠬᠠᠢ ᠲᠤᠩ ᠦᠢᠯᠡᠳᠪᠦᠷᠢ | ᠠᠷᠠᠯᠵᠢᠶᠠᠨ ᠤ ᠺᠤᠮᠫᠠᠨᠢ ᠶᠢᠨ ᠶᠡᠷᠦᠩᠬᠡᠢ ᠲᠠᠭᠠᠭᠠᠮᠠᠯ ᠯᠢ ᠲᠤᠤ ᠬᠤᠸᠠ ᠮᠦᠩᠬᠦ ᠭᠠᠷᠭᠠᠵᠤ᠂ ᠪᠠᠶᠠᠨᠳᠤᠬᠤᠢ | ᠰᠢᠶᠠᠩ ᠳᠤ ᠲᠤᠤ ᠬᠤᠸᠠ ᠪᠠᠭ᠎ᠠ ᠰᠤᠷᠭᠠᠭᠤᠯᠢ ᠪᠠᠶᠢᠭᠤᠯᠪᠠ᠃ | 9 ᠰᠠᠷ᠎ᠠ ᠶᠢᠨ 20 ᠤ ᠡᠳᠦᠷ᠂ ᠦᠬᠠᠢ ᠬᠤᠳᠠ ᠶᠢᠨ ᠠᠮᠢ ᠠᠬᠤᠢ ᠤᠷᠴᠢᠨ ᠲᠤᠭᠤᠷᠢᠨ ᠤ ᠪᠦᠳᠦᠭᠡᠨ | ᠪᠠᠶᠢᠭᠤᠯᠤᠯᠳᠠ ᠶᠢᠨ ᠢᠨᠵᠧᠨᠧᠷᠢᠩ ᠪᠠᠷᠢᠯᠭ᠎ᠠ ᠡᠬᠢᠯᠡᠬᠦᠯᠵᠠᠢ᠂ ᠲᠤᠰ ᠢᠨᠵᠧᠨᠧᠷᠢᠩ ᠳᠤ ᠨᠡᠶᠢᠳᠡ 1 400 ᠲᠦᠮᠡᠨ | ᠲᠦᠭᠦᠷᠢᠭ ᠪᠡᠯᠡ ᠤᠷᠤᠭᠤᠯᠵᠦ᠂ ᠨᠢᠭᠡᠨᠳᠡ 6 967 ᠾᠧᠺᠲ᠋ᠤᠷ᠂ ᠬᠦᠮᠦᠨ ᠤ ᠬᠦᠴᠦ ᠪᠠᠷ ᠤᠶᠢᠵᠢᠭᠤᠯᠤᠭᠰᠠᠨ | ᠲᠠᠯᠠᠪᠠᠢ 1 351 ᠾᠧᠺᠲ᠋ᠤᠷ᠂ ᠮᠦᠬᠦᠬᠦ ᠰᠢᠬᠠᠭᠰᠠᠨ ᠤᠷᠭᠤᠮᠠᠯ ᠢ ᠬᠠᠮᠠᠭᠠᠯᠠᠬᠤ ᠪᠢᠳᠡᠭᠦᠮᠵᠢᠯᠡᠯᠳᠡ ᠶᠢᠨ ᠤᠢ 4 | 933 ᠾᠧᠺᠲ᠋ᠤᠷ᠂ ᠭᠠᠵᠠᠷ ᠰᠢᠷᠦᠢ ᠶᠢᠨ ᠨᠡᠭᠡᠭᠡᠨ ᠠᠰᠢᠭᠯᠠᠭᠰᠠᠨ ᠲᠠᠯᠠᠪᠠᠢ ᠨᠢ 666 ᠾᠧᠺᠲ᠋ᠤᠷ ᠲᠤ ᠬᠦᠷᠴᠡᠢ | ᠃ | 9 ᠰᠠᠷ᠎ᠠ ᠶᠢᠨ 27 ᠤ ᠡᠳᠦᠷ᠂ ︽ᠦᠬᠠᠢ ᠶᠢᠨ ᠨᠡᠭᠡᠭᠡᠨ ᠠᠰᠢᠭᠯᠠᠯᠳᠠ ᠪᠤᠯᠤᠨ ᠪᠦᠳᠦᠭᠡᠨ ᠪᠠᠶᠢᠭᠤᠯᠤᠯᠳᠠ︾ | ᠬᠡᠬᠦ ᠨᠤᠮ ᠬᠡᠪᠯᠡᠭᠳᠡᠵᠦ ᠲᠠᠷᠬᠠᠭᠠᠭᠳᠠᠪᠠ᠃ | 9 ᠰᠠᠷ᠎ᠠ ᠶᠢᠨ 29 ᠤ ᠡᠳᠦᠷ᠂ ᠦᠬᠠᠢ ᠬᠤᠳᠠ ᠶᠢᠨ ᠬᠤᠶᠠᠷ ᠲᠦᠷᠦᠯ ᠤᠨ ᠵᠠᠰᠠᠮᠠᠯ ᠵᠠᠮ ᠤᠨ ᠪᠦᠳᠦᠭᠡᠨ | ᠪᠠᠶᠢᠭᠤᠯᠤᠯᠳᠠ ᠶᠢᠨ ᠪᠠᠷᠢᠯᠭ᠎ᠠ ᠲᠠᠭᠤᠰᠴᠤ ᠲᠡᠷᠭᠡ ᠨᠡᠪᠳᠡᠷᠡᠵᠡᠢ᠃ ᠲᠠᠷᠤᠢ᠂ ᠤᠯᠤᠰ ᠤᠨ ᠵᠠᠮ ᠤᠨ 110 ᠱᠤᠭᠤᠮ | ᠤᠨ ᠰᠢᠨ ᠳ᠋ᠢ ᠠᠴᠠ ᠲᠤᠰᠤᠳᠤ ᠬᠦᠷᠭᠦ ᠵᠠᠰᠠᠨ ᠦᠭᠡᠷᠡᠴᠢᠯᠡᠭᠰᠡᠨ ᠵᠠᠮ ᠤᠨ ᠢᠨᠵᠧᠨᠧᠷᠢᠩ ᠬᠢᠭᠡᠳ ᠦᠬᠠᠢ ᠠᠴᠠ | ᠨᠢᠩᠰᠢᠶᠠ ᠶᠢᠨ ᠲᠤᠤ ᠯᠧ ᠰᠢᠶᠠᠨ ᠬᠦᠷᠭᠦ ᠰᠢᠨ᠎ᠡ ᠵᠠᠰᠠᠭᠰᠠᠨ ᠵᠠᠰᠠᠮᠠᠯ ᠵᠠᠮ ᠤᠨ ᠢᠨᠵᠧᠨᠧᠷᠢᠩ᠂ ᠢᠨᠵᠧᠨᠧᠷᠢᠩ ᠤᠨ | ᠪᠦᠬᠦ ᠪᠡᠯᠡ ᠤᠷᠤᠭᠤᠯᠤᠯᠳᠠ ᠨᠢ ᠲᠤᠰ ᠲᠤᠰ 1 700 ᠲᠦᠮᠡᠨ ᠲᠦᠭᠦᠷᠢᠭ ᠬᠢᠭᠡᠳ 550 ᠲᠦᠮᠡᠨ ᠲᠦᠭᠦᠷᠢᠭ᠃ | | 10 ᠰᠠᠷ᠎ᠠ ᠶᠢᠨ 11 ᠤ ᠡᠳᠦᠷ᠂ ᠦᠬᠠᠢ ᠬᠤᠳᠠ ᠶᠢᠨ ᠨᠠᠰᠤᠳᠠᠶᠢᠴᠤᠳ ᠤᠨ ᠠᠰᠠᠷᠠᠮᠵᠢ ᠶᠢᠨ ᠭᠠᠵᠠᠷ | ᠪᠠᠶᠢᠭᠤᠯᠤᠭᠳᠠᠵᠤ ᠠᠰᠢᠭᠯᠠᠯᠳᠠ ᠳᠤ ᠤᠷᠤᠪᠠ᠃ ᠬᠤᠳᠠ ᠶᠢᠨ ᠨᠠᠰᠤᠳᠠᠶᠢᠴᠤᠳ ᠤᠨ ᠠᠰᠠᠷᠠᠮᠵᠢ ᠶᠢᠨ ᠭᠠᠵᠠᠷ ᠲᠤ | ᠨᠢᠭᠡᠳᠦᠭᠡᠷ ᠠᠯᠬᠤᠮ ᠳᠤ 28 ᠬᠦᠮᠦᠨ ᠤᠷᠤᠵᠤ ᠰᠠᠭᠤᠵᠠᠢ᠂ ᠪᠦᠬᠦ ᠲᠠᠯᠠᠪᠠᠢ ᠨᠢ 2 057 ᠲᠡᠭᠰᠢ ᠲᠦᠷᠪᠡᠯᠵᠢᠨ | ᠮᠧᠲᠷ᠂ 100 ᠤᠷᠤ ᠲᠠᠢ᠃ | 10 ᠰᠠᠷ᠎ᠠ ᠶᠢᠨ 16 ᠤ ᠡᠳᠦᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠲᠤᠤᠷ᠎ᠠ | ᠬᠠᠶᠢᠷᠤᠪ ᠤᠨ ᠲᠤᠬᠤᠢ ᠪᠠᠯᠭᠠᠰᠤ ᠫᠠᠶᠢᠰᠠ ᠡᠯᠬᠦᠨ ᠪᠠᠶᠢᠭᠤᠯᠤᠭᠳᠠᠪᠠ᠃ ᠪᠠᠯᠭᠠᠰᠤᠨ ᠤ ᠪᠦᠬᠦ ᠲᠠᠯᠠᠪᠠᠢ ᠨᠢ 52 | ᠲᠡᠭᠰᠢ ᠲᠦᠷᠪᠡᠯᠵᠢᠨ ᠺᠢᠯᠦᠮᠧᠲᠷ ᠪᠠᠶᠢᠵᠤ᠂ ᠵᠠᠰᠠᠭ ᠵᠠᠭᠢᠷᠭᠠᠨ᠂ ᠠᠵᠤ ᠠᠬᠤᠶᠢᠯᠠᠯ ᠠᠵᠢᠯ ᠶᠠᠪᠤᠳᠠᠯ ᠤᠨ | ᠪᠠᠶᠢᠭᠤᠯᠤᠯᠭ᠎ᠠ 67᠂ ᠰᠠᠭᠤᠭᠠᠯᠢ ᠠᠷᠠᠳ ᠤᠨ ᠵᠦᠪᠯᠡᠯ 15᠂ ᠨᠡᠶᠢᠲᠡ 31 258 ᠬᠦᠮᠦᠨ ᠠᠮᠠ ᠲᠠᠢ᠂ | ᠬᠠᠶᠢᠷᠤᠪ ᠤᠨ ᠲᠤᠬᠤᠢ ᠲᠤᠭᠤᠷᠢᠭ ᠤᠨ ᠢᠳᠡᠰᠢᠨ ᠨᠤᠭᠤᠭᠠᠨ ᠤ ᠪᠦᠳᠦᠭᠡᠭᠳᠡᠬᠦᠨ ᠤ ᠰᠠᠭᠤᠷᠢᠨ ᠭᠠᠵᠠᠷ ᠪᠤᠯᠤᠨ᠎ᠠ᠃ | 10 ᠰᠠᠷ᠎ᠠ ᠶᠢᠨ 17 ᠤ ᠡᠳᠦᠷ᠂ ᠦᠬᠠᠢ ᠬᠤᠳᠠ ᠶᠢᠨ ᠵᠢᠦ ᠫᠧᠩ ᠬᠤᠳᠠᠯᠳᠤᠭᠠᠨ ᠤ ᠠᠰᠠᠷ ᠠᠵᠢᠯ | ᠡᠬᠢᠯᠡᠭᠦᠯᠵᠠᠢ᠂ ᠡᠵᠡᠩᠨᠡᠯᠳᠡ ᠶᠢᠨ ᠲᠠᠯᠠᠪᠠᠢ ᠨᠢ 5 600 ᠲᠡᠭᠰᠢ ᠲᠦᠷᠪᠡᠯᠵᠢᠨ ᠮᠧᠲᠷ᠂ ᠭᠠᠵᠠᠷ ᠲᠡᠭᠡᠷ᠎ᠡ 4 | ᠲᠡᠭᠳᠡᠷ᠂ ᠭᠠᠵᠠᠷ ᠲᠤᠤᠷ᠎ᠠ ᠨᠢᠭᠡ ᠲᠡᠭᠳᠡᠷ᠂ ᠦᠬᠠᠢ ᠶᠢᠨ ᠠᠩᠬᠠᠨ ᠤ ᠡᠷᠭᠢᠯᠳᠦᠳᠦ ᠴᠠᠬᠢᠯᠭᠠᠨ ᠱᠠᠳᠤ ᠶᠢ ᠠᠳᠡ | ᠤᠭᠰᠠᠷᠠᠵᠠᠢ᠃ | 10 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠰᠢᠨ ᠳ᠋ᠢ | ᠰᠢᠶᠠᠩ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠢᠭᠡᠳᠦᠭᠡᠷ ᠪᠦᠯᠦᠭ ᠤᠨ ᠪᠠᠭ᠎ᠠ ᠬᠤᠳᠠ | ᠪᠠᠯᠭᠠᠰᠤᠨ ᠤ ᠪᠦᠳᠦᠭᠡᠨ ᠪᠠᠶᠢᠭᠤᠭᠤᠯᠤᠯᠳᠠ ᠶᠢᠨ ᠪᠡᠯᠡ ᠤᠷᠤᠭᠤᠯᠬᠤ ᠲᠦᠯᠦᠪᠯᠡᠭᠡᠨ ᠳᠤ ᠵᠢᠭᠰᠠᠭᠠᠭᠳᠠᠵᠠᠢ᠃ | △ ᠪᠠᠶᠠᠨᠳᠤᠬᠤᠢ ᠰᠢᠶᠠᠩ ᠤᠨ ᠬᠦᠰᠡᠯ ᠪᠠᠭ᠎ᠠ ᠰᠤᠷᠭᠠᠭᠤᠯᠢ ᠪᠠᠶᠢᠭᠤᠯᠤᠭᠳᠠᠪᠠ᠂ ᠡᠨᠡ ᠨᠢ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ᠦᠬᠠᠢ ᠬᠤᠳᠠ ᠳᠤ ᠪᠠᠶᠢᠭᠤᠯᠤᠭᠰᠠᠨ ᠬᠠᠮᠤᠭ ᠠᠩᠬᠠᠨ ᠤ | ᠬᠦᠰᠡᠯ ᠪᠠᠭ᠎ᠠ ᠰᠤᠷᠭᠠᠭᠤᠯᠢ ᠪᠤᠯᠤᠨ᠎ᠠ᠃ | 11 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠤᠳᠠ ᠲᠤᠭᠤᠷᠢᠭ ᠤᠨ ᠴᠢᠶᠤᠤ ᠰᠢ ᠵᠧᠨ ︵ | ᠬᠦᠭᠦᠷᠭᠡ ᠶᠢᠨ ᠪᠠᠷᠠᠭᠤᠨᠳᠠᠬᠢ︶ ᠪᠠᠯᠭᠠᠰᠤ ᠫᠠᠶᠢᠰᠠ ᠡᠯᠬᠦᠨ ᠪᠠᠶᠢᠭᠤᠯᠤᠭᠳᠠᠪᠠ᠃ ᠪᠠᠯᠭᠠᠰᠤᠨ ᠤ ᠪᠦᠬᠦ ᠲᠠᠯᠠᠪᠠᠢ ᠨᠢ | 37 ᠲᠡᠭᠰᠢ ᠳᠦᠷᠪᠡᠯᠵᠢ ᠺᠢᠯᠦᠮᠧᠲᠷ ᠪᠠᠶᠢᠵᠤ᠂ ᠵᠠᠰᠠᠭ ᠵᠠᠭᠢᠷᠭᠠᠨ᠂ ᠠᠵᠤ ᠠᠬᠤᠶᠢᠯᠠᠯ ᠠᠵᠢᠯ ᠶᠠᠪᠤᠳᠠᠯ ᠤᠨ | ᠪᠠᠶᠢᠭᠤᠯᠤᠯᠭ᠎ᠠ 9᠂ ᠨᠡᠶᠢᠲᠡ 8 600 ᠭᠠᠷᠦᠢ ᠬᠦᠮᠦᠨ ᠠᠮᠠ ᠲᠠᠢ᠂ ᠤᠳᠠ ᠲᠤᠭᠤᠷᠢᠭ ᠤᠨ ᠢᠳᠡᠰᠢᠨ | ᠨᠤᠭᠤᠭᠠᠨ ᠤ ᠪᠦᠳᠦᠭᠡᠭᠳᠡᠬᠦᠨ ᠤ ᠰᠠᠭᠤᠷᠢᠨ ᠭᠠᠵᠠᠷ ᠪᠤᠯᠤᠨ᠎ᠠ᠃ | 11 ᠰᠠᠷ᠎ᠠ ᠶᠢᠨ 2 ᠤ ᠡᠳᠦᠷ᠂ ᠦᠪᠦᠷ ᠮᠤᠩᠭᠤᠯ ᠤᠨ ᠰᠢᠨᠬᠤᠸᠠ ᠨᠤᠮ ᠤᠨ ᠲᠡᠯᠭᠡᠭᠦᠷ ᠤᠨ ᠪᠦᠯᠦᠭᠯᠡᠯ | ᠤᠨ ᠦᠬᠠᠢ ᠶᠢᠨ ᠬᠤᠪᠢᠶᠠᠷᠢ ᠲᠡᠯᠭᠡᠭᠦᠷ ᠤᠨ ᠶᠡᠷᠦᠩᠭᠡᠶᠢᠯᠡᠭᠰᠡᠨ ᠡᠵᠡᠩᠨᠡᠯᠳᠡ ᠶᠢᠨ ᠠᠰᠠᠷ ᠡᠷᠦᠭᠡ ᠪᠠᠨ ᠰᠡᠭᠦᠭᠡᠪᠡ᠃ | ᠲᠤᠰ ᠨᠤᠮ ᠤᠨ ᠲᠡᠯᠭᠡᠭᠦᠷ ᠨᠢ ᠦᠬᠠᠢ ᠬᠤᠳᠠ ᠶᠢᠨ ᠲᠦᠷᠦᠯ ᠵᠦᠢᠯ ᠢᠶᠠᠷ ᠬᠠᠮᠤᠭ ᠤᠯᠠᠨ᠂ ᠡᠵᠡᠩᠨᠡᠯᠳᠡ ᠶᠢᠨ | ᠲᠠᠯᠠᠪᠠᠢ ᠪᠠᠷ ᠬᠠᠮᠤᠭ ᠲᠤᠮᠤ ᠤᠯᠤᠰ ᠤᠨ ᠡᠵᠡᠩᠨᠡᠯᠳᠦ ᠨᠤᠮ ᠤᠨ ᠲᠡᠯᠭᠡᠭᠦᠷ ᠪᠤᠯᠤᠨ᠎ᠠ᠃ | 11 ᠰᠠᠷ᠎ᠠ ᠶᠢᠨ 18 ᠤ ᠡᠳᠦᠷ᠂ ᠦᠬᠠᠢ ᠶᠢᠨ ᠾᠧᠯᠤᠷᠳᠦ ᠱᠦᠯᠳᠦ ᠶᠢᠨ ᠢᠨᠵᠧᠨᠧᠷᠢᠩ ᠤᠨ 9 ᠲᠦᠮᠡᠨ | ᠲᠤᠨ ᠴᠠᠬᠢᠯᠠᠭᠤᠷ ᠴᠢᠯᠠᠭᠤᠨ ᠤ ᠲᠦᠷᠦᠯ ᠵᠦᠢᠯ ᠤᠨ ᠪᠠᠷᠢᠯᠭ᠎ᠠ ᠡᠬᠢᠯᠡᠵᠡᠢ᠂ ᠲᠤᠰ ᠲᠦᠷᠦᠯ ᠤᠨ ᠪᠠᠷᠢᠯᠭ᠎ᠠ ᠳᠤ | ᠨᠡᠶᠢᠳᠡ 2.1 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠠᠰᠢᠭᠯᠠᠯᠳᠠ ᠳᠤ ᠤᠷᠤᠭᠰᠠᠨ ᠤ ᠲᠠᠷᠠᠭ᠎ᠠ ᠵᠢᠯ | ᠤᠨ ᠪᠤᠷᠤᠯᠠᠭᠤᠯᠤᠯᠳᠠ ᠶᠢᠨ ᠤᠷᠤᠯᠭ᠎ᠠ 1.6 ᠳ᠋ᠦᠩᠰᠢᠭᠤᠷ ᠲᠦᠭᠦᠷᠢᠭ᠂ ᠭᠠᠶᠢᠯᠢ ᠶᠢᠨ ᠤᠷᠤᠯᠭ᠎ᠠ 6 100 | ᠲᠦᠮᠡᠨ ᠲᠦᠭᠦᠷᠢᠭ ᠢ ᠪᠡᠶᠡᠯᠡᠬᠦᠯᠵᠤ᠂ ᠾᠧᠯᠤᠷᠳᠦ ᠱᠦᠯᠳᠦ ᠶᠢᠨ ᠢᠨᠵᠧᠨᠧᠷᠢᠩ ᠳᠤ ᠬᠦᠢᠴᠡᠳ ᠬᠠᠩᠭᠠᠯᠳᠠᠳᠠᠢ | ᠰᠠᠶᠢᠨ ᠴᠢᠨᠠᠷ ᠤᠨ ᠴᠠᠬᠢᠯᠠᠭᠤᠷ ᠴᠢᠯᠠᠭᠤᠨ ᠤ ᠲᠦᠭᠦᠭᠡᠢ ᠡᠳ᠋ ᠬᠠᠩᠭᠠᠵᠤ ᠲᠡᠶᠢᠯᠦᠨ᠎ᠡ᠃ ᠮᠦᠨᠴᠦ ᠦᠪᠦᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠤ ᠬᠡᠪᠴᠢᠶ᠎ᠡ ᠪᠠᠷ ᠬᠠᠮᠤᠭ ᠲᠤᠮᠤ᠂ ᠮᠡᠷᠭᠡᠵᠢᠯ ᠤᠷᠠᠯᠢᠭ ᠢᠶᠠᠷ ᠲᠠᠪᠰᠢᠭᠰᠠᠨ | ᠴᠠᠬᠢᠯᠠᠭᠤᠷ ᠴᠢᠯᠠᠭᠤᠨ ᠤ ᠲᠦᠷᠦᠯ ᠵᠦᠢᠯ ᠪᠤᠯᠤᠨ᠎ᠠ᠃ | 11 ᠰᠠᠷ᠎ᠠ ᠶᠢᠨ 23 ᠤ ᠡᠳᠦᠷ᠂ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠯᠤᠭᠰᠢᠳᠠᠷ ᠪᠠᠯᠭᠠᠰᠤ | ᠫᠠᠶᠢᠰᠠ ᠡᠯᠬᠦᠨ ᠪᠠᠶᠢᠭᠤᠯᠤᠭᠳᠠᠪᠠ᠃ ᠪᠠᠯᠭᠠᠰᠤᠨ ᠳᠤ ᠰᠠᠭᠤᠵᠤ ᠪᠠᠶᠢᠭ᠎ᠠ ᠲᠤᠮᠳᠠ ᠬᠡᠯᠪᠡᠷᠢ ᠶᠢᠨ ᠠᠵᠤ ᠠᠬᠤᠶᠢᠯᠠᠯ | ᠠᠴᠠ ᠭᠠᠳᠠᠨ᠎ᠠ᠂ ᠰᠢᠶᠠᠩ ᠪᠠᠯᠭᠠᠰᠤᠨ ᠤ ᠠᠵᠤ ᠠᠬᠤᠶᠢᠯᠠᠯ 18 ᠡᠷᠦᠭᠡ ᠪᠠᠶᠢᠵᠤ᠂ ︽ᠬᠤᠶᠠᠷ ᠡᠷᠦᠭᠡ ︵ | ᠲᠠᠷᠢᠶᠠᠴᠢᠨ ᠪᠠ ᠲᠡᠷᠢᠶᠠᠴᠢᠨ ᠪᠤᠰᠤ︶︾ ᠶᠢᠨ ᠬᠦᠮᠦᠨ ᠠᠮᠠ 1 233 ᠪᠠᠶᠢᠵᠤ᠂ ᠪᠦᠬᠦ ᠬᠦᠮᠦᠨ ᠠᠮᠠ 1.5 | ᠲᠦᠮᠡ ᠪᠤᠢ᠂ ᠨᠢᠭᠡᠨ ᠠᠭᠤᠷᠬᠠᠢ ᠶᠢᠨ ᠡᠬᠢ ᠪᠠᠶᠠᠯᠢᠭ ᠲᠦᠪᠯᠡᠷᠡᠭᠰᠡᠨ ᠭᠠᠵᠠᠷ ᠤᠷᠤᠨ ᠪᠤᠯᠤᠨ᠎ᠠ᠃ | 11 ᠰᠠᠷ᠎ᠠ ᠶᠢᠨ 23 ~ 24 ᠤ ᠡᠳᠦᠷ᠂ ᠬᠤᠯᠠᠨᠳ᠋ ᠶᠢᠨ ᠤᠷᠴᠢᠨ ᠲᠤᠭᠤᠷᠢᠨ ᠪᠠ ᠠᠯᠤᠰ ᠡᠵᠡᠮᠰᠢᠭᠦᠷ ︵ | ᠰᠡᠷᠡᠯ︶ ᠺᠤᠮᠫᠠᠨᠢ ᠶᠢᠨ ᠶᠡᠷᠦᠩᠬᠡᠢ ᠲᠠᠭᠠᠭᠠᠮᠠᠯ ᠿᠦᠳᠧᠯᠢ᠂ ᠳ᠋ᠤᠺᠲ᠋ᠤᠷ ᠠᠲ᠋ᠦ᠋᠂ ᠬᠤᠯᠠᠨᠳ᠋ ᠶᠢᠨ ᠭᠠᠵᠠᠷ ᠰᠢᠨᠵᠢᠯᠡᠭᠡᠨ | ᠤ ᠪᠠᠶᠢᠴᠠᠭᠠᠬᠤ ᠲᠤᠪᠴᠢᠶᠠᠨ ᠤ ᠳ᠋ᠤᠺᠲ᠋ᠤᠷ ᠬᠠᠹᠤᠸ᠋᠂ ᠬᠤᠯᠠᠨᠳ᠋ ᠶᠢᠨ ᠤᠯᠠᠨ ᠤᠯᠤᠰ ᠤᠨ ᠰᠠᠨᠰᠠᠷ ᠠᠭᠠᠷ ᠤᠨ | ᠠᠶᠠᠯᠠᠯ ᠤᠨ ᠬᠡᠮᠵᠢᠯᠳᠡ ᠬᠢᠭᠡᠳ ᠲᠡᠯᠡᠬᠡᠢ ᠶᠢᠨ ᠪᠦᠮᠪᠦᠷᠴᠡᠭ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠳ᠋ᠤᠺᠲ᠋ᠤᠷ ᠸᠧᠢᠺᠧᠳᠢ ᠨᠠᠷ ᠪᠡᠭᠡᠵᠢᠩ ᠤᠨ ᠭᠠᠵᠠᠷ ᠰᠢᠷᠦᠢ ᠡᠬᠢ ᠪᠠᠶᠠᠯᠢᠭ ᠤᠨ ᠠᠯᠤᠰ ᠡᠵᠡᠮᠰᠢᠭᠦᠷ ᠺᠤᠮᠫᠠᠨᠢ ᠶᠢᠨ | ᠤᠷᠢᠯᠭ᠎ᠠ ᠪᠠᠷ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠳᠤ ᠢᠷᠡᠵᠦ᠂ ᠤᠳᠠ ᠶᠢᠨ ᠭᠠᠵᠠᠷ | ᠲᠤᠤᠷᠠᠬᠢ ᠨᠡᠭᠦᠷᠡᠰᠦᠨ ᠤ ᠰᠢᠳᠠᠵᠤ ᠪᠠᠶᠢᠭ᠎ᠠ ᠪᠠᠶᠢᠳᠠᠯ ᠳᠤ ᠰᠢᠨᠵᠢᠯᠡᠯᠳᠡ ᠬᠢᠵᠦ᠂ ᠭᠠᠯ ᠤᠨᠳᠠᠷᠭᠠᠬᠤ ᠢᠨᠵᠧᠨᠧᠷᠢᠩ | ᠢ ᠬᠠᠮᠳᠤᠷᠠᠨ ᠬᠢᠬᠦ ᠵᠤᠷᠢᠯᠳᠠ ᠲᠣᠭᠲᠠᠭᠠᠵᠠᠢ᠃ | 11 ᠰᠠᠷ᠎ᠠ ᠶᠢᠨ 30 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠤᠭᠤᠯᠵᠤ | ᠭᠠᠷᠭᠠᠬᠤ ᠬᠢᠨᠠᠨ ︵ᠰᠢᠯᠭᠠᠨ︶ ᠪᠠᠶᠢᠴᠠᠭᠠᠬᠤ ᠲᠤᠪᠴᠢᠶ᠋ᠶᠠᠨ ᠤ ᠦᠬᠠᠢ ᠳᠠᠬᠢ ᠬᠡᠷᠡᠭ ᠡᠷᠭᠢᠯᠡᠬᠦ ᠵᠦᠪᠯᠡᠯ ᠫᠠᠶᠢᠰᠠ | ᠡᠯᠬᠦᠨ ᠪᠠᠶᠢᠭᠤᠯᠤᠭᠳᠠᠪᠠ᠃ ᠡᠨᠡ ᠨᠢ ᠠᠷᠠᠯᠵᠢᠶᠠᠨ ᠤ ᠬᠢᠨᠠᠨ ᠪᠠᠶᠢᠴᠠᠭᠠᠯᠳᠠ᠂ ᠠᠮᠢᠳᠠᠨ ᠤᠷᠭᠤᠮᠠᠯ ᠤᠨ ᠬᠢᠨᠠᠨ | ᠪᠠᠶᠢᠴᠠᠭᠠᠯᠳᠠ᠂ ᠡᠷᠡᠭᠦᠯ ᠬᠠᠮᠠᠭᠠᠯᠠᠯ ᠤᠨ ᠬᠢᠨᠠᠨ ᠪᠠᠶᠢᠴᠠᠭᠠᠯᠳᠠ ᠵᠡᠷᠭᠡ 3 ᠰᠠᠯᠠᠭ᠎ᠠ ᠮᠦᠴᠢᠷ ᠠᠴᠠ ︽ᠭᠤᠷᠪᠠᠨ | ᠬᠢᠨᠠᠯᠳᠠ ᠶᠢ ᠨᠢᠭᠡᠳᠭᠡᠭᠰᠡᠨ︾ ᠬᠢᠨᠠᠨ ᠪᠠᠶᠢᠴᠠᠭᠠᠯᠳᠠ᠂ ᠬᠢᠵᠢᠭ ᠤᠨ ᠬᠢᠨᠠᠨ ᠪᠠᠶᠢᠴᠠᠭᠠᠯᠳᠠ ᠶᠢᠨ ᠰᠠᠯᠠᠭ᠎ᠠ ᠮᠦᠴᠢᠷ | ᠪᠤᠯᠤᠨ᠎ᠠ᠃ | 12 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠨᠡᠭᠦᠷᠡᠰᠦ ᠬᠡᠦᠷᠡᠰᠦᠨ ᠤ ᠦᠢᠯᠡᠳᠪᠦᠷᠢ ᠲᠦᠷᠢᠮ ᠤᠨ | ᠦᠭᠡᠷᠡᠴᠢᠯᠡᠯᠳᠡ ᠬᠢᠵᠦ᠂ ᠦᠪᠦᠷ ᠮᠤᠩᠭᠤᠯ ᠤᠨ ᠦᠬᠠᠢ ᠶᠢᠨ ᠬᠤᠸᠠ ᠰᠢ ᠬᠡᠦᠷᠡᠰᠦ ᠦᠢᠯᠡᠳᠪᠦᠷᠢᠯᠡᠬᠦ ᠬᠢᠵᠠᠭᠠᠷᠳᠤ | ᠺᠤᠮᠫᠠᠨᠢ ᠬᠡᠵᠦ ᠦᠬᠡᠷᠡᠴᠢᠯᠡᠪᠡ᠃ | 12 ᠰᠠᠷ᠎ᠠ ᠶᠢᠨ 5 ᠤ ᠡᠳᠦᠷ᠂ ᠦᠬᠠᠢ ᠬᠤᠳᠠ ᠶᠢᠨ ᠭᠤᠤᠯᠳᠠᠯᠭᠠᠳᠤ ᠪᠦᠳᠦᠭᠡᠨ ᠪᠠᠶᠢᠭᠤᠯᠤᠯᠳᠠ ᠶᠢᠨ | ᠲᠦᠷᠦᠯ ᠵᠦᠢᠯ — ᠦᠬᠠᠢ ᠶᠢᠨ ᠢᠯᠴᠢ ᠴᠠᠭᠢᠯᠭᠠᠨ ᠤ ᠢᠨᠵᠧᠨᠧᠷᠢᠩ ᠪᠠᠷᠢᠯᠭ᠎ᠠ ᠡᠬᠢᠯᠡᠬᠦᠯᠵᠡᠢ᠂ ᠲᠤᠰ | ᠢᠨᠵᠧᠨᠧᠷᠢᠩ ᠨᠢ ᠨᠡᠶᠢᠳᠡ 5 800 ᠲᠦᠮᠡᠨ ᠲᠦᠭᠦᠷᠢᠭ ᠪᠡᠯᠡ ᠶᠢ ᠦᠪᠡᠷᠰᠡᠳ ᠢᠶᠠᠨ ᠴᠤᠭᠯᠠᠭᠤᠯᠵᠤ | ᠤᠷᠤᠭᠤᠯᠤᠨ᠎ᠠ᠃ ᠢᠯᠴᠢ ᠶᠢᠨ ᠲᠤᠤᠷ ᠤᠨ ᠪᠦᠬᠦ ᠤᠷᠳᠤ ᠨᠢ 14.4 ᠺᠢᠯᠦᠮᠧᠲᠷ᠂ ᠭᠤᠤᠯ ᠱᠤᠭᠤᠮ ᠨᠢ 5.3 | ᠺᠢᠯᠦᠮᠧᠲᠷ᠂ ᠢᠯᠴᠢ ᠬᠠᠩᠭᠠᠬᠤ ᠦᠷᠳᠡᠭᠡ 18 ᠪᠠᠶᠢᠵᠤ᠂ ᠪᠦᠬᠦᠨ ᠢ ᠠᠦ᠋ᠲ᠋ᠤ᠋ ᠡᠵᠡᠮᠰᠢᠬᠦᠷ ᠢᠶᠠᠷ ᠡᠵᠡᠮᠳᠡᠬᠦ ᠪᠤᠯᠤᠨ᠎ᠠ | ᠃ ᠪᠠᠷᠢᠯᠭ᠎ᠠ ᠲᠠᠭᠤᠰᠤᠭᠰᠠᠨ ᠤ ᠲᠠᠷᠠᠭ᠎ᠠ᠂ 240 ᠲᠦᠮᠡᠨ ᠲᠡᠭᠰᠢ ᠲᠦᠷᠪᠡᠯᠵᠢᠨ ᠮᠧᠲᠷ ᠤᠨ ᠲᠤᠯᠠᠭᠠᠯᠭ᠎ᠠ | ᠬᠠᠩᠭᠠᠵᠤ᠂ ᠵᠢᠯ ᠳᠤ 6 120 ᠲᠤᠨ ᠭᠥᠭᠦᠷ ᠤᠨ ᠳᠠᠪᠬᠤᠷ ᠢᠰᠤᠯ ᠢ ᠭᠠᠳᠠᠭᠰᠢᠯᠠᠭᠤᠯᠬᠤ ᠬᠡᠮᠵᠢᠶ᠎ᠡ ᠬᠢᠭᠡᠳ | ᠠᠭᠠᠷ ᠮᠠᠨᠳᠠᠯ ᠳᠠᠬᠢ ᠬᠦᠪᠦᠮᠡᠯ ᠮᠦᠬᠦᠯᠢᠭᠳᠦ ᠪᠤᠳᠠᠰ ᠢ ᠬᠢᠵᠠᠭᠠᠷᠯᠠᠵᠤ ᠴᠢᠳᠠᠨ᠎ᠠ᠃ | 12 ᠰᠠᠷ᠎ᠠ ᠶᠢᠨ 13 ~ 14 ᠤ ᠡᠳᠦᠷ᠂ ᠦᠬᠠᠢ ᠬᠤᠳᠠ ᠴᠠᠭᠢᠯᠭᠠᠨ ᠲᠠᠷᠤᠯᠳᠠ ᠶᠢᠨ ᠲᠡᠰ ᠬᠠᠮᠤᠭ | ᠦᠨᠳᠦᠷ ᠴᠠᠭᠢᠯᠭᠠᠨ ᠦᠷᠳᠡᠭᠡ — ᠬᠠᠶᠢᠷᠤᠪ ᠤᠨ ᠲᠤᠬᠤᠢ ᠶᠢᠨ ᠶᠡᠭᠡ 220 ᠺᠢᠯᠤᠸᠤᠯᠲ ᠶᠢᠨ ᠴᠠᠭᠢᠯᠭᠠᠨ | ᠦᠷᠳᠡᠭᠡ ᠠᠰᠢᠭᠯᠠᠯᠳᠠ ᠳᠤ ᠤᠷᠤᠪᠠ᠃ ᠴᠠᠭᠢᠯᠭᠠᠨ ᠦᠷᠲᠡᠭᠡᠨ ᠤ ᠡᠵᠡᠯᠡᠬᠦ ᠲᠠᠯᠠᠪᠠᠢ ᠨᠢ 32 938 ᠲᠡᠭᠰᠢ | ᠲᠦᠷᠪᠡᠯᠵᠢᠨ ᠮᠧᠲᠷ᠂ ᠦᠬᠠᠢ ᠶᠢᠨ ᠬᠤᠳᠠ ᠶᠢᠨ ᠲᠤᠤᠷ ᠤᠨ ᠦᠬᠡᠷᠡᠴᠢᠯᠡᠯᠳᠡ ᠶᠢᠨ ᠢᠨᠵᠧᠨᠧᠷᠢᠩ ᠤᠨ ᠲᠦᠷᠦᠯ | ᠵᠦᠢᠯ ᠳᠤ ᠪᠠᠭᠳᠠᠵᠤ᠂ ᠪᠠᠷᠤᠭᠴᠠᠭᠠᠯᠠᠪᠠᠯ 4 993 ᠲᠦᠮᠡᠨ ᠲᠦᠭᠦᠷᠢᠭ ᠪᠡᠯᠡ ᠤᠷᠤᠭᠤᠯᠤᠨ᠎ᠠ᠃ ᠦᠪᠦᠷ ᠮᠤᠩᠭᠤᠯ | ᠤᠨ ᠪᠠᠷᠠᠭᠤᠨ ᠬᠡᠰᠡᠭ ᠤᠨ ᠴᠠᠭᠢᠯᠭᠠᠨ ᠲᠤᠤᠷ ᠤᠨ ᠨᠢᠭᠡᠳᠦᠭᠡᠷ ᠰᠠᠦᠷᠢ ᠶᠡᠷᠦᠩᠭᠡᠶᠢᠯᠡᠭᠰᠡᠨ ᠬᠡᠯᠪᠡᠷᠢ ᠶᠢᠨ | ᠠᠦ᠋ᠲ᠋ᠦᠴᠢᠯᠠᠭᠰᠠᠨ ᠰᠢᠰᠲ᠋ᠧᠮ ᠤᠨ ᠴᠠᠭᠢᠯᠭᠠᠨ ᠦᠷᠳᠡᠭᠡ ᠪᠤᠯᠤᠨ᠎ᠠ᠃ | 12 ᠰᠠᠷ᠎ᠠ ᠶᠢᠨ 18 ᠤ ᠡᠳᠦᠷ᠂ ᠦᠬᠠᠢ ᠬᠤᠳᠠ ᠶᠢᠨ ᠰᠢᠦᠳᠠᠨ ᠲᠤᠪᠴᠢᠶᠠᠨ ᠤ ᠭᠤᠷᠪᠠᠨ ᠲᠡᠰ ᠤᠨ | ᠰᠢᠦᠳᠠᠨ ᠶᠠᠪᠤᠳᠠᠯ ᠰᠢᠢᠳᠪᠦᠷᠢᠯᠡᠬᠦ ᠲᠦᠪ ᠤᠨ ᠶᠡᠭᠡ ᠠᠰᠠᠷ ᠠᠰᠢᠭᠯᠠᠯᠳᠠ ᠳᠤ ᠤᠷᠤᠪᠠ᠃ ᠲᠤᠰ ᠲᠦᠪ ᠤᠨ | ᠡᠵᠡᠯᠡᠬᠦ ᠲᠠᠯᠠᠪᠠᠢ ᠨᠢ 2 717 ᠲᠡᠭᠰᠢ ᠲᠦᠷᠪᠡᠯᠵᠢᠨ ᠮᠧᠲᠷ ᠂ ᠪᠠᠷᠢᠯᠭ᠎ᠠ ᠶᠢᠨ ᠲᠠᠯᠠᠪᠠᠢ ᠨᠢ 13 496 ᠲᠡᠭᠰᠢ | ᠲᠦᠷᠪᠡᠯᠵᠢᠨ ᠮᠧᠲᠷ᠂ ᠰᠢᠦᠳᠠᠨ ᠶᠡᠭᠡ ᠠᠰᠠᠷ ᠤᠨ ᠭᠤᠤᠯ ᠴᠤᠭᠴᠠ ᠨᠢ 10 ᠲᠡᠭᠳᠡᠷ᠂ ᠦᠨᠳᠦᠷ ᠢᠶᠠᠷ ᠢᠶᠠᠨ 41. | 9 ᠮᠧᠲᠷ᠂ ᠨᠡᠶᠢᠳᠡ 3 000 ᠤᠷᠴᠢᠮ ᠲᠦᠮᠡᠨ ᠲᠦᠭᠦᠷᠢᠭ ᠤᠨ ᠪᠡᠯᠡ ᠤᠷᠤᠭᠤᠯᠵᠠᠢ᠃ | 12 ᠰᠠᠷ᠎ᠠ ᠶᠢᠨ 28 ᠤ ᠡᠳᠦᠷ᠂ ᠲᠡᠯᠡᠬᠡᠢ ᠶᠢᠨ ᠲᠠᠪᠰᠢᠭᠰᠠᠨ ᠮᠡᠷᠭᠡᠵᠢᠯ ᠲᠠᠢ᠂ ᠤᠯᠠᠨ ᠲᠦᠷᠦᠯ ᠤᠨ | ᠲᠤᠰᠬᠠᠢ ᠠᠰᠢᠭ ᠤᠨ ᠮᠡᠷᠭᠡᠵᠢᠯ ᠤᠯᠤᠭᠰᠠᠨ ᠪᠤᠯᠤ ᠵᠠᠮ ᠤᠨ ᠰᠢᠯᠤᠭᠤᠨ ᠨᠤᠭᠤᠯᠤᠭᠠᠳᠤ ᠠᠶᠤᠯᠬᠦᠢ ᠰᠢᠯ | ᠦᠢᠯᠡᠳᠪᠦᠷᠢᠯᠡᠬᠦ ᠱᠤᠭᠤᠮ᠂ ᠬᠠᠢ ᠵᠢᠩ ᠰᠢᠯ ᠤᠨ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ ᠶᠢᠨ ᠬᠦᠦ ᠺᠤᠮᠫᠠᠨᠢ | — ᠬᠠᠢ ᠵᠢᠶᠠ ᠠᠶᠤᠯᠬᠦᠢ ᠰᠢᠯ ᠤᠨ ᠬᠠᠷᠢᠭᠤᠴᠠᠯᠭᠠᠳᠤ ᠬᠢᠵᠠᠭᠠᠷᠳᠤ ᠺᠤᠮᠫᠠᠨᠢ ᠪᠠᠷᠢᠯᠭ᠎ᠠ ᠡᠬᠢᠯᠡᠬᠦᠯᠵᠡᠢ᠂ ᠲᠣᠰ | ᠪᠠᠷᠢᠯᠭ᠎ᠠ ᠪᠤᠯ ᠪᠠᠷᠠᠭᠤᠨ ᠬᠤᠶᠢᠳᠦ ᠤᠷᠤᠨ ᠤ ᠴᠣᠷ ᠤᠨ ᠭᠠᠭᠴᠠ ᠲᠤᠰ ᠬᠡᠯᠪᠡᠷᠢ ᠶᠢᠨ ᠦᠢᠯᠡᠳᠪᠦᠷᠢᠯᠡᠬᠦ ᠱᠤᠭᠤᠮ | ᠪᠤᠯᠤᠨ᠎ᠠ᠂ 500 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠠᠶᠤᠯᠬᠦᠢ ᠰᠢᠯ ᠤᠨ ᠰᠢᠷᠢᠰ ᠪᠦᠳᠦᠭᠡᠭᠳᠡᠭᠦᠨ | ᠬᠢᠭᠡᠳ ᠬᠦᠨᠳᠡᠢ ᠲᠠᠢ ᠰᠢᠯ᠂ ᠳᠠᠪᠬᠤᠷ ᠰᠢᠯ᠂ ᠰᠡᠶᠢᠯᠦᠮᠡᠯ ᠪᠦᠳᠠᠬᠢ ᠰᠢᠯ ᠵᠡᠷᠭᠡ ᠶᠢ ᠦᠢᠯᠡᠳᠪᠦᠷᠢᠯᠡᠳᠡᠭ᠃ | 12 ᠰᠠᠷ᠎ᠠ ᠶᠢᠨ 28 ᠡᠳᠦᠷ᠂ ᠲᠠᠯ᠎ᠠ ᠨᠤᠳᠤᠭ ᠱᠦᠢᠨᠢ ᠶᠢᠨ ᠬᠤᠪᠢ ᠤᠷᠤᠭᠤᠯᠤᠭᠰᠠᠨ ᠬᠢᠵᠠᠭᠠᠷᠳᠤ | ᠺᠤᠮᠫᠠᠨᠢ ᠶᠢᠨ ᠦᠯᠡᠭᠦᠦ ᠢᠯᠴᠢ ᠪᠠᠷ ᠴᠠᠭᠢᠯᠭᠠᠨ ᠭᠠᠷᠭᠠᠬᠤ ᠪᠠᠷᠢᠯᠭ᠎ᠠ ᠶᠢᠨ ᠨᠡᠶᠢᠯᠡᠬᠦᠯᠦᠨ ᠬᠦᠳᠡᠯᠭᠡᠬᠦ ᠲᠡᠷᠭᠡ ᠶᠢᠨ | ᠲᠤᠷᠰᠢᠯᠳᠠ ᠠᠮᠵᠢᠯᠳᠠ ᠤᠯᠵᠠᠢ᠃ ᠪᠠᠷᠢᠯᠭ᠎ᠠ ᠨᠢ 3×6 000 ᠺᠢᠯᠦᠸ᠋ᠲ ᠶᠢᠨ ᠮᠠᠰᠢᠨ ᠲᠤᠭᠤᠶᠢᠯᠠᠪᠤᠷᠢ ᠪᠠᠷ | ᠴᠠᠭᠢᠯᠭᠠᠨ ᠭᠠᠷᠭᠠᠵᠤ᠂ ᠠᠵᠢᠯᠯᠠᠬᠤ ᠰᠢᠰᠲ᠋ᠧᠮ ᠨᠢ ᠠᠦ᠋ᠲ᠋ᠦᠴᠢᠯᠠᠭᠰᠠᠨ ᠺᠤᠮᠫᠢᠦᠲ᠋ᠧᠷ ᠢᠶᠠᠷ ᠬᠢᠨᠡᠨ ᠡᠵᠡᠮᠳᠡᠬᠦ ᠶᠢ | ᠪᠡᠶᠡᠯᠡᠬᠦᠯᠵᠡᠢ᠂ ᠨᠡᠶᠢᠳᠡ 8 000 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠲᠤᠨ ᠪᠦᠷᠢ ᠶᠢᠨ ᠱᠦᠢᠨᠢ ᠶᠢᠨ | ᠦᠪᠡᠷ ᠤᠨ ᠦᠷᠳᠡᠭ ᠢ 30 ᠲᠦᠭᠦᠷᠢᠭ ᠤᠷᠴᠢᠮ ᠪᠠᠭᠤᠷᠠᠭᠤᠯᠵᠤ᠂ ᠵᠢᠯ ᠪᠦᠷᠢ 2 000 ᠭᠠᠷᠦᠢ ᠲᠦᠮᠡᠨ | ᠲᠦᠭᠦᠷᠢᠭ ᠤᠨ ᠴᠠᠭᠢᠯᠭᠠᠨ ᠰᠦᠢᠳᠭᠡᠯ ᠠᠷᠪᠢᠯᠡᠵᠦ᠂ 12 ᠲᠦᠮᠡᠨ ᠲᠡᠭᠰᠢ ᠲᠦᠷᠪᠡᠯᠵᠢᠨ ᠮᠧᠲᠷ ᠤᠨ ᠲᠡᠯᠡᠪᠡᠢ ᠶᠢᠨ | ᠦᠢᠯᠡᠳᠪᠦᠷᠢᠯᠡᠯ ᠪᠠ ᠠᠨᠮᠢᠳᠤᠷᠠᠯ ᠤᠨ ᠲᠤᠯᠠᠭᠠᠠᠯᠭᠠ ᠶᠢ ᠬᠠᠩᠭᠠᠵᠤ ᠲᠡᠶᠢᠯᠬᠦ ᠪᠤᠯᠵᠠᠢ᠃ | 12 ᠰᠠᠷ᠎ᠠ᠂ ᠬᠠᠰᠪᠠᠭᠠᠨ᠎ᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ ᠬᠤᠷᠢᠶ᠎ᠠ | ᠶᠢᠨ ᠱᠦᠵᠢ ᠪᠠᠷ ᠰᠤᠩᠭᠤᠭᠳᠠᠪᠠ᠃ | 1999 ᠤᠨ ᠳᠤ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠰᠠᠭᠤᠭᠠᠯᠢ ᠠᠷᠠᠳ | ᠦᠪᠡᠷ ᠢᠶᠠᠨ ᠪᠡᠯᠡ ᠴᠤᠭᠯᠠᠭᠤᠯᠵᠤ᠂ ᠦᠨᠳᠦᠷ ᠪᠠᠷᠢᠮᠵᠢᠶᠠᠨ ᠤ ᠤᠰᠤ ᠪᠠᠷ ᠶᠠᠪᠤᠭᠤᠯᠬᠤ ᠵᠤᠷᠯᠤᠩ 7 ᠪᠠᠶᠢᠭᠤᠯᠵᠤ᠂ | 9 ᠨᠡᠷᠡᠰ ᠠᠵᠢᠯ ᠠᠯᠳᠠᠭᠰᠠᠳ ᠲᠤ ᠠᠵᠢᠯ ᠣᠯᠭᠤᠵᠠᠢ᠃ | |