ᠲᠡᠦᠭᠡᠨ ᠣᠯᠠᠷᠢᠯ ︵ᠠᠷᠪᠠᠨ ᠲᠦᠷᠪᠡ︶ | | | 1992 ᠣᠨ | | | 1 ᠰᠠᠷ᠎ᠠ ᠶᠢᠨ 25 ᠤ ᠡᠳᠦᠷ᠂ ᠬᠠᠶᠢᠷᠣᠪ ᠤᠨ ᠲᠤᠬᠤᠢ ᠲᠤᠭᠤᠷᠢᠭ ᠤᠨ ᠬᠥᠳᠡᠯᠮᠦᠷᠢ ᠶᠢᠨ | ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠺᠤᠮᠢᠰ ᠠᠴᠠ ᠪᠦᠬᠦ ᠲᠤᠭᠤᠷᠢᠭ ᠤᠨ ᠠᠵᠢᠯᠳᠠᠨ ᠤ ᠠᠵᠢᠯ ᠤᠨ | ᠭᠡᠮᠲᠦᠯ ᠠᠴᠠ ᠪᠤᠯᠵᠤ ᠠᠵᠢᠯ ᠠᠴᠠ ᠪᠠᠨ ᠬᠦᠬᠡᠬᠡᠭᠳᠡᠭᠰᠡᠨ ᠰᠢᠢᠳᠭᠡᠯ ᠢ ᠬᠦᠯᠢᠶᠡᠬᠦ ᠦᠭᠡᠢ ᠠᠴᠠ ᠡᠭᠦᠰᠦᠭᠰᠡᠨ | ᠠᠩᠬᠠᠳᠠᠭᠴᠢ ᠵᠢᠱᠢᠶᠡᠨ ᠤ ᠬᠡᠷᠡᠭ ᠢ ᠢᠯᠡ ᠪᠠᠷ ᠬᠦᠨᠳᠡᠯᠡᠨ ᠲᠠᠰᠣᠯᠪᠠ᠃ | 1 ᠰᠠᠷ᠎ᠠ ᠶᠢᠨ 28 ᠤ ᠡᠳᠦᠷ᠂ ᠦᠬᠠᠢ ᠤᠷᠤᠨ ᠤ ᠬᠠᠲᠤᠨ ᠭᠤᠤᠯ ᠤᠨ ᠣᠰᠣᠨ ᠲᠦᠪᠰᠢᠨ ᠦᠳᠳᠡᠷ | ᠲᠡᠭᠡᠭᠡᠭᠰᠢᠯᠡᠵᠦ᠂ ᠤᠷᠢᠳᠣᠬᠢ ᠵᠢᠯ ᠤᠨ ᠮᠦᠰᠦᠨ ᠲᠦᠪᠰᠢᠨ ᠠᠴᠠ 2 ᠮᠧᠲᠷ ᠲᠠᠪᠠᠪᠠ᠂ ᠤᠷᠢᠳ ᠬᠤᠵᠢᠳ | 4500 ᠮᠤ᠋ ᠲᠠᠷᠢᠶᠠᠨ ᠭᠠᠵᠠᠷ ᠣᠰᠣᠨ ᠳᠤ ᠠᠪᠳᠠᠵᠤ᠂ 10 ᠭᠠᠷᠣᠢ ᠡᠷᠦᠬᠡ ᠰᠠᠭᠤᠭᠠᠯᠢ ᠠᠷᠠᠳ ᠤᠨ ᠪᠠᠷ | ᠪᠠᠶᠢᠰᠢᠩ᠂ 4 ᠮᠠᠰᠢᠨ ᠤ ᠭᠡᠷ᠂ ᠵᠠᠷᠢᠮ ᠦᠨᠳᠦᠷ ᠬᠦᠴᠦᠳᠡᠯᠲᠤ ᠴᠠᠬᠢᠯᠭᠠᠨ ᠬᠦᠷᠭᠡᠬᠦ ᠭᠡᠯᠬᠢᠶ᠎ᠡ ᠠᠳᠠᠯᠢ ᠪᠤᠰᠣ | ᠬᠡᠮᠵᠢᠶ᠎ᠡ ᠪᠠᠷ ᠡᠪᠳᠡᠭᠳᠡᠪᠡ᠃ | 2 ᠰᠠᠷ᠎ᠠ ᠶᠢᠨ 20 ᠤ ᠡᠳᠦᠷ᠂ ᠬᠠᠶᠢᠷᠣᠪ ᠤᠨ ᠲᠤᠬᠤᠢ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ | ᠤ ᠵᠠᠳᠠᠭᠠᠢ ᠨᠡᠭᠦᠷᠡᠰᠦᠨ ᠠᠭᠤᠷᠬᠠᠢ ᠲᠤᠮᠲᠠᠲᠤ ᠤᠯᠤᠰ ᠤᠨ ᠨᠡᠭᠦᠷᠡᠰᠦᠨ ᠤ ᠶᠡᠷᠦᠩᠬᠡᠢ ᠺᠤᠮᠫᠠᠨᠢ ᠶᠢᠨ ᠶᠠᠰᠣ ᠴᠢᠨᠠᠷ | ᠤᠨ ᠪᠠᠷᠢᠮᠵᠢᠶᠠᠵᠢᠭᠤᠯᠣᠯᠳᠠ ᠶᠢᠨ ᠰᠢᠯᠭᠠᠠ ᠠᠪᠬᠤ ᠪᠦᠯᠬᠦᠮ ᠤᠨ ᠰᠢᠯᠭᠠᠯᠳᠠ ᠪᠠᠷ ᠦᠵᠡᠬᠦ ᠳᠤ᠂ ᠡᠯ᠎ᠡ ᠲᠦᠷᠦᠯ | ᠤᠨ ᠭᠦᠢᠴᠡᠳᠬᠡᠬᠦ ᠲᠤᠭ᠎ᠠ ᠨᠢ ᠣᠨᠴᠠ ᠲᠡᠰ ᠤᠨ ᠪᠠᠷᠢᠮᠵᠢᠶ᠎ᠠ ᠳᠤ ᠬᠦᠷᠪᠡ᠃ | 2 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠲᠠᠩᠰᠠ ᠡᠪᠭᠡᠮᠡᠯ ᠤᠨ ᠲᠤᠪᠴᠢᠶ᠎ᠠ ᠠᠴᠠ | ᠠᠩᠬᠠᠳᠣᠭᠠᠷ ᠪᠦᠯᠦᠭ ᠤᠨ 486 ᠪᠤᠳᠢ ᠲᠠᠩᠰᠠ ᠡᠪᠬᠡᠮᠡᠯ ᠢ ᠨᠡᠶᠢᠭᠡᠮ ᠲᠠᠶᠠᠭᠠᠷ ᠲᠤ ᠨᠡᠭᠡᠭᠡᠪᠡ᠃ | 2 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠠᠩᠬᠠᠳᠣᠭᠠᠷ ᠬᠤᠭᠤᠴᠠᠭᠠᠨ ᠤ ᠦᠭᠡᠷᠡᠴᠢᠯᠡᠯᠳᠡ ᠶᠢᠨ ᠲᠤᠷᠰᠢᠯᠳᠠ ᠶᠢᠨ ᠣᠷᠣᠨ ᠤ ᠪᠦᠲᠦᠭᠡᠨ ᠪᠠᠶᠢᠭᠤᠯᠤᠯᠳᠠ ᠶᠢᠨ | ᠲᠡᠷᠢᠬᠦᠨ ᠤ ᠬᠠᠮᠲᠤ᠂ ᠢᠳᠡᠪᠬᠢᠳᠡᠨ ᠢ ᠬᠦᠬᠢᠭᠦᠯᠬᠦ ᠶᠡᠭᠡ ᠬᠤᠷᠠᠯ ᠬᠢᠪᠡ᠂ 24 ᠲᠡᠷᠢᠬᠦᠨ ᠤ ᠬᠠᠮᠲᠤ᠂ 16 ᠨᠡᠷᠡᠰ | ᠬᠦᠳᠡᠯᠮᠦᠷᠢ ᠶᠢᠨ ᠵᠢᠱᠢᠶᠡᠴᠢ ᠪᠤᠯᠤᠨ 134 ᠨᠡᠷᠡᠰ ᠢᠳᠡᠪᠬᠢᠳᠡᠨ ᠬᠦᠬᠢᠬᠦᠯᠦᠯ ᠬᠦᠷᠳᠡᠪᠡ᠃ | 3 ᠰᠠᠷ᠎ᠠ ᠶᠢᠨ 11 ᠤ ᠡᠳᠦᠷ᠂ ᠬᠤᠳᠠ ᠶᠢᠨ ᠬᠤᠤᠷ ᠴᠠᠭᠠᠵᠠᠯᠠᠬᠤ ᠤᠳᠣᠷᠢᠣᠠᠬᠤ ᠲᠣᠭᠤᠢᠢᠯᠠᠩ | ᠪᠠᠶᠢᠭᠤᠯᠤᠭᠳᠠᠪᠠ᠃ | 3 ᠰᠠᠷ᠎ᠠ ᠶᠢᠨ 15 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ | ᠨᠠᠢᠮᠠᠳᠣᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠦᠬᠠᠢ ᠬᠤᠳᠠ ᠶᠢᠨ ᠠᠵᠤ ᠠᠬᠤᠢ ᠶᠢᠨ ᠨᠡᠭᠡᠭᠡᠯᠳᠡ ᠶᠢᠨ | ᠣᠷᠣᠨ ᠪᠠᠶᠢᠭᠤᠯᠬᠤ ᠶᠢ ᠵᠦᠪᠰᠢᠶᠡᠷᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠮᠡᠳᠡᠭᠦᠯᠵᠦ ᠫᠠᠶᠢᠰᠠ ᠡᠯᠬᠦᠪᠡ᠂ | ᠲᠠᠭᠠᠣ ᠳᠤᠨᠢ ᠦᠬᠠᠢ ᠬᠤᠳᠠ ᠶᠢᠨ ᠲᠤᠷᠰᠢᠯᠳᠠ ᠶᠢᠨ ᠣᠷᠣᠨ ᠤ ᠬᠠᠮᠢᠶᠠᠷᠣᠯᠳᠠ ᠶᠢᠨ ᠡᠷᠬᠡ ᠮᠠᠳᠠᠯ ᠤᠨ ᠬᠡᠪᠴᠢᠶ᠎ᠡ | ᠶᠢ ᠦᠷᠭᠡᠳᠭᠡᠬᠦ ᠵᠢᠴᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠲᠤᠬᠠᠢ ᠲᠤᠭᠳᠠᠭᠠᠯ ᠭᠠᠷᠭᠠᠪᠠ᠃ | 4 ᠰᠠᠷ᠎ᠠ ᠶᠢᠨ 1 ᠤ ᠡᠳᠦᠷ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶ᠎ᠠ | ᠂ ᠠᠷᠠᠳ ᠤᠨ ᠵᠠᠰᠠᠭ ᠤᠨ ᠣᠷᠳᠣᠨ ᠠᠴᠠ ︽ᠰᠢᠨᠵᠢᠯᠡᠭᠡ ᠮᠡᠷᠭᠡᠵᠢᠯ ᠢᠶᠠᠷ ᠬᠤᠳᠠ ᠪᠠᠨ ᠴᠡᠴᠡᠭᠯᠡᠨ ᠬᠦᠭᠵᠢᠬᠦᠯᠬᠦ | ᠲᠤᠬᠠᠢ ᠰᠢᠢᠳᠪᠦᠷᠢ︾ ᠲᠤᠭᠳᠠᠭᠠᠪᠠ᠃ | 4 ᠰᠠᠷ᠎ᠠ ᠶᠢᠨ 10 ᠤ ᠡᠳᠦᠷ᠂ ᠦᠬᠠᠢ ᠬᠤᠳᠠ ᠶᠢᠨ ᠨᠡᠭᠦᠷᠡᠰᠦ ᠬᠡᠦᠷᠰᠢᠭᠦᠯᠬᠦ ᠦᠢᠯᠡᠳᠪᠦᠷᠢ ᠶᠢ ᠡᠬᠢᠯᠡᠵᠦ | ᠪᠠᠶᠢᠭᠤᠯᠪᠠ᠃ ᠦᠢᠯᠡᠳᠪᠦᠷᠢᠯᠡᠯ ᠳᠤ ᠤᠷᠤᠭᠰᠠᠨ ᠠᠴᠠ ᠰᠡᠭᠦᠯᠡᠷ ᠵᠢᠯ ᠳᠤ 20 ᠲᠦᠮᠡᠨ ᠲᠤᠨ ᠲᠠᠮᠦᠷᠯᠵᠭ | ᠪᠤᠯᠪᠠᠰᠤᠷᠠᠭᠤᠯᠬᠤ ᠬᠡᠦᠷᠡᠰᠦ᠂ 1100 ᠲᠤᠨ ᠦᠨᠳᠦᠷ ᠲᠣᠯᠠᠭᠠᠨ ᠤ ᠨᠡᠬᠦᠷᠡᠰᠣᠨ ᠬᠡᠣᠳᠣᠰᠣ᠂ 2700 ᠲᠤᠨ | 20% ᠶᠢᠨ ᠥᠳᠬᠡᠨ ᠰᠢᠪᠲᠦᠷ ᠤᠨ ᠤᠰᠤ᠂ 2500 ᠲᠤᠨ ᠪᠦᠳᠦᠬᠦᠯᠢᠭ ᠪᠧᠨ᠋ᠽᠧᠨ ᠬᠢᠬᠡᠳ 70 ᠲᠤᠨ ᠨᠠᠲᠷᠢ | ᠹᠧᠷᠤᠼᠢᠶᠠᠨᠢᠳ᠋ ᠦᠢᠯᠡᠳᠪᠦᠷᠢᠯᠡᠵᠦ᠂ ᠵᠢᠯ ᠪᠦᠷᠢ 9000 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠠᠷᠠᠳ ᠤᠨ | ᠪᠤᠯᠤᠨ ᠠᠵᠤ ᠦᠢᠯᠡᠳᠪᠦᠷᠢ ᠶᠢᠨ ᠬᠡᠷᠡᠭᠯᠡᠬᠦ ᠨᠡᠭᠦᠷᠡᠰᠦᠨ ᠬᠡᠢ ᠶᠢ ᠬᠠᠩᠭᠠᠵᠦ ᠴᠢᠳᠠᠬᠤ ᠪᠤᠯᠤᠨ᠎ᠠ᠃ | 5 ᠰᠠᠷ᠎ᠠ ᠶᠢᠨ 7 ᠤ ᠡᠳᠦᠷ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠦᠯᠵᠡᠢ ᠦᠬᠠᠢ ᠳᠤ | ᠢᠷᠡᠵᠦ ᠠᠵᠢᠯ ᠪᠠᠶᠢᠴᠠᠭᠠᠪᠠ᠃ | 5 ᠰᠠᠷ᠎ᠠ ᠶᠢᠨ 11 ᠤ ᠡᠳᠦᠷ᠂ ᠦᠬᠠᠢ ᠬᠤᠳᠠ ᠪᠤᠯᠤᠨ ᠮᠤᠩᠭᠤᠯ ᠤᠯᠤᠰ ᠤᠨ ᠵᠡᠭᠦᠨ ᠭᠤᠪᠢ ᠠᠶᠢᠮᠠᠭ | ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠭᠠᠷ ᠤᠨ ᠦᠰᠦᠭ ᠵᠢᠷᠣᠬᠤ ᠶᠤᠰᠤᠯᠠᠯ ᠶᠠᠪᠤᠭᠤᠯᠪᠠ᠃ ᠬᠤᠶᠠᠷ | ᠲᠠᠯ᠎ᠠ ᠪᠠᠷ ᠢᠶᠠᠨ ︽ᠡᠷᠬᠡ ᠳᠡᠭᠰᠢ ᠬᠠᠷᠢᠯᠴᠠᠠ ᠠᠰᠢᠬᠳᠠᠢ᠂ ᠪᠠᠶᠢᠬᠤ ᠦᠭᠡᠢ ᠪᠠᠨ ᠰᠣᠯᠢᠯᠴᠠᠬᠤ᠂ ᠰᠠᠶᠢᠠ ᠳᠠᠯ᠎ᠠ ᠶᠢ | ᠨᠢ ᠠᠪᠴᠤ ᠳᠣᠳᠠᠬᠳᠠᠯ ᠲᠠᠢ ᠳᠠᠯ᠎ᠠ ᠪᠠᠨ ᠨᠦᠬᠦᠬᠦ᠂ ᠪᠤᠳᠠᠳᠤ ᠦᠷ᠎ᠠ ᠪᠦᠳᠣᠮᠵᠢ ᠶᠢ ᠡᠷᠬᠡᠪᠰᠢ ᠱᠠᠭᠠᠷᠳᠠᠬᠤ︾ | ᠵᠠᠷᠴᠢᠮ ᠢ ᠵᠦᠪᠰᠢᠶᠡᠷᠡᠵᠦ᠂ ᠤᠵᠪᠠᠷ ᠤᠵᠪᠠᠷ ᠤᠨ ᠲᠠᠪᠠᠭᠤᠯᠢᠭ ᠲᠡᠯ᠎ᠠ ᠪᠠᠨ ᠠᠰᠢᠭᠯᠠᠵᠦ ᠦᠢᠯᠡᠴᠢᠯᠡᠭᠡᠨ ᠤ ᠦᠢᠯᠡᠰ | ᠤᠨ ᠬᠠᠮᠲᠤᠷᠠᠵᠤ᠂ ᠪᠡᠯᠡ ᠨᠡᠶᠢᠯᠡᠬᠦᠯᠵᠦ ᠠᠶᠠᠠᠴᠵᠯᠠᠯ ᠤᠨ ᠬᠤᠷᠵᠶ᠎ᠡ ᠬᠢᠬᠡᠳ ᠵᠢᠭᠤᠯᠴᠢᠯᠠᠯ ᠤᠨ ᠲᠡᠯᠭᠡᠭᠦᠷ ᠵᠡᠷᠭᠡ ᠶᠢ | ᠪᠠᠶᠢᠭᠤᠯᠤᠨ᠎ᠠ ᠬᠡᠵᠦ ᠲᠤᠭᠳᠠᠪᠠ᠃ | 5 ᠰᠠᠷ᠎ᠠ ᠶᠢᠨ 25 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠬᠠᠢ ᠬᠤᠳᠠ ᠶᠢ | ᠭᠠᠳᠠᠭᠠᠳᠤ ᠤᠯᠤᠰ ᠤᠨ ᠬᠥᠮᠦᠨ ᠳᠤ ᠨᠡᠬᠡᠬᠡᠭᠦ ᠬᠤᠳᠠ ᠤᠷᠤᠨ ᠪᠤᠯᠬᠤ ᠶᠢ ᠵᠦᠪᠰᠢᠶᠡᠷᠡᠪᠡ᠃ | 5 ᠰᠠᠷ᠎ᠠ ᠶᠢᠨ 27 ᠤ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ᠬᠤᠳᠠ ᠶᠢᠨ ᠬᠦᠳᠠᠯᠮᠤᠷᠢ | ᠠᠵᠵᠯᠳᠠᠡ ᠤ ᠲᠤᠪᠴᠵᠶ᠎ᠡ᠂ ᠠᠵᠤ ᠠᠬᠤᠢ ᠶᠢᠨ ᠵᠦᠪᠯᠠᠯ᠂ ᠪᠠᠶᠢᠭᠤᠯᠤᠯ ᠤᠨ ᠥᠭᠡᠷᠡᠴᠢᠯᠡᠯᠲᠡ ᠶᠢᠨ ᠵᠥᠪᠯᠡᠯ ᠪᠤᠯᠤᠨ | ᠬᠤᠳᠠ ᠶᠢᠨ ᠠᠵᠵᠯᠳᠠᠡ ᠤ ᠶᠠᠷᠤᠩᠭᠡᠢ ᠡᠪᠯᠠᠯ ᠤᠨ ︽ᠠᠵᠤ ᠠᠬᠤᠶᠢᠯᠠᠯ ᠤᠨ ᠬᠦᠳᠡᠯᠮᠦᠷᠢ ᠠᠵᠢᠯᠲᠠᠨ᠂ ᠴᠠᠯᠢᠩ ᠤᠨ | ᠬᠤᠪᠢᠶᠠᠷᠢᠯᠠᠯᠲᠠ᠂ ᠨᠡᠶᠢᠭᠡᠮ ᠤᠨ ᠲᠠᠭᠠᠳᠬᠠᠯ ᠤᠨ ᠶᠡᠷᠦᠩᠬᠡᠶᠢᠯᠡᠭᠰᠡᠨ ᠳᠦᠬᠦᠷ ᠦᠬᠡᠷᠠᠴᠢᠯᠠᠯᠳᠠ ᠶᠢᠨ | ᠲᠤᠬᠢᠷᠠᠭᠤᠯᠤᠯᠳᠠ ᠶᠢ ᠬᠦᠨᠵᠡᠭᠡᠶᠢᠷᠡᠭᠦᠯᠬᠦ ᠲᠤᠬᠠᠢ ᠲᠤᠭᠳᠠᠭᠠᠯ︾ ᠢ ᠵᠦᠪᠰᠢᠶᠡᠷᠡᠪᠡ᠃ | 6 ᠰᠠᠷ᠎ᠠ ᠶᠢᠨ 10 ᠤ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ︽ᠭᠠᠳᠠᠭᠠᠳᠤ ᠲᠠᠢ ᠴᠢᠯᠦᠭᠡᠲᠡᠢ | ᠶᠠᠪᠤᠯᠴᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠰᠢᠢᠳᠪᠦᠷᠢ︾᠂ ︽ᠭᠦᠨᠳᠡᠯᠡᠨ ᠠᠴᠠ ᠠᠵᠤ | ᠠᠬᠤᠢ ᠶᠢᠨ ᠮᠡᠷᠭᠡᠵᠢᠯ ᠤᠨ ᠬᠤᠯᠪᠤᠭᠠᠨ ᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠲᠤᠬᠠᠢ ᠰᠢᠢᠳᠪᠦᠷᠢ︾ | ᠶᠢ ᠲᠤᠭᠳᠠᠭᠠᠵᠦ᠂ ᠭᠠᠳᠠᠭᠠᠲᠤ ᠶᠢᠨ ᠬᠤᠳᠠᠯᠳᠤᠭᠠᠴᠢᠨ ᠵᠢᠴᠢ ᠦᠬᠠᠢ ᠳᠤ ᠪᠡᠯᠡ ᠣᠷᠣᠯᠠᠭᠤᠯᠬᠤ ᠠᠵᠤ ᠠᠬᠤᠶᠢᠯᠠᠯ | ᠭᠠᠵᠠᠷ ᠰᠢᠷᠣᠢ ᠬᠡᠷᠡᠭᠯᠡᠬᠦ᠂ ᠭᠠᠶᠢᠯᠢ ᠠᠰᠢᠭ ᠵᠡᠷᠭᠡ ᠲᠠᠯ᠎ᠠ ᠪᠠᠷ ᠪᠦᠷ ᠬᠠᠷᠠᠭᠠᠯᠵᠠᠯ ᠤᠨ ᠲᠦᠷᠦ ᠶᠢ ᠪᠤᠳᠤᠯᠭ᠎ᠠ ᠶᠢ | ᠬᠦᠷᠳᠡᠵᠦ ᠪᠤᠯᠤᠨ᠎ᠠ ᠬᠡᠪᠡ᠃ | 7 ᠰᠠᠷ᠎ᠠ ᠶᠢᠨ 1 ᠤ ᠡᠳᠦᠷ᠂ ᠦᠬᠠᠢ ᠬᠤᠳᠠ ᠪᠦᠬᠦ ᠲᠠᠯ᠎ᠠ ᠪᠠᠷ ᠠᠮᠤ ᠲᠤᠰᠣᠨ ᠤ ᠦᠨ᠎ᠠ ᠬᠠᠩᠰᠢ ᠶᠢ | ᠴᠢᠯᠣᠬᠡᠳᠠᠢ ᠪᠤᠯᠭᠠᠵᠤ᠂ ᠵᠠᠬ᠎ᠠ ᠲᠡᠯᠭᠡᠭᠦᠷ ᠤᠨ ᠳᠣᠬᠢᠷᠠᠭᠤᠯᠭ᠎ᠠ ᠶᠢ ᠬᠡᠷᠡᠭᠵᠢᠭᠦᠯᠪᠡ᠃ | 7 ᠰᠠᠷ᠎ᠠ ᠶᠢᠨ 4 ᠤ ᠡᠳᠦᠷ᠂ ᠦᠪᠡᠷᠳᠡᠭᠡᠨ ᠵᠠᠰᠠᠬᠤ ᠤᠷᠤᠨ ᠤ ᠬᠠᠮᠤᠭ ᠠᠩᠬᠠᠨ ᠤ ᠬᠤᠪᠢ | ᠤᠷᠤᠭᠤᠯᠤᠭᠰᠠᠨ ᠲᠦᠷᠢᠮ ᠤᠨ ᠴᠠᠬᠢᠯᠭᠠᠨ ᠬᠦᠴᠦᠨ ᠤ ᠠᠵᠤ ᠠᠬᠤᠶᠢᠯᠠᠯ — ᠬᠠᠶᠢᠷᠣᠪ ᠤᠨ ᠲᠤᠬᠤᠢ ᠶᠢᠨ | ᠴᠠᠬᠢᠯᠭᠠᠨ ᠬᠦᠴᠦᠨ ᠤ ᠬᠤᠪᠢ ᠤᠷᠤᠭᠤᠯᠤᠭᠰᠠᠡ ᠭᠢᠵᠠᠭᠠᠷᠳᠤ ᠺᠤᠮᠫᠠᠨᠢ ᠶᠢᠨ ᠬᠠᠶᠢᠷᠣᠪ ᠤᠨ ᠲᠤᠬᠤᠢ ᠴᠠᠬᠢᠯᠭᠠᠨ | ᠭᠠᠷᠭᠠᠬᠤ ᠦᠢᠯᠡᠳᠪᠦᠷᠢ ᠶᠢ ᠪᠠᠶᠢᠭᠤᠯᠪᠠ᠃ | 7 ᠰᠠᠷ᠎ᠠ ᠶᠢᠨ 15 ~ 17 ᠤ ᠡᠳᠦᠷ᠂ ︽92︾ ᠬᠠᠶᠢᠷᠣᠪ ᠤᠨ ᠲᠤᠬᠤᠢ ᠬᠤᠨᠳᠠᠭᠠᠲᠤ ᠪᠦᠬᠦ ᠣᠯᠣᠰ | ᠤᠨ ᠠᠯᠬᠤᠯᠳᠡ ᠶᠢᠨ ᠤᠷᠢᠯᠭ᠎ᠠ ᠶᠢᠨ ᠤᠷᠤᠯᠳᠤᠭᠠᠡ ᠬᠠᠶᠢᠷᠣᠪ ᠤᠨ ᠲᠤᠬᠤᠢ ᠳᠤ ᠶᠠᠪᠤᠭᠳᠠᠪᠠ᠂ ᠵᠢᠶᠠᠩᠰᠣ᠂ | ᠵᠢᠶᠠᠩᠰᠢ᠂ ᠠᠨ ᠾᠦᠢ᠂ ᠪᠡᠭᠡᠵᠢᠩ᠂ ᠬᠤᠪᠸᠢ᠂ ᠦᠪᠦᠷ ᠮᠤᠩᠭᠤᠯ ᠵᠡᠷᠭᠡ ᠮᠤᠵᠢ ᠬᠤᠳᠠ ᠦᠪᠡᠷᠳᠡᠭᠡᠨ ᠵᠠᠰᠠᠬᠤ | ᠤᠷᠤᠨ ᠤ 14 ᠪᠡᠶ᠎ᠡ ᠶᠢᠨ ᠲᠠᠮᠢᠷ ᠤᠨ ᠠᠩᠭᠢ ᠤᠷᠤᠯᠴᠠᠪᠠ᠂ ᠦᠬᠠᠢ ᠬᠤᠳᠠ ᠶᠢᠨ ᠲᠠᠮᠢᠷᠴᠢᠨ ᠸᠠᠩ ᠵᠢᠶᠦ᠋ᠨ | 30km ᠤᠨ ᠠᠯᠬᠤᠯᠳᠠ ᠶᠢᠨ ᠣᠷᠣᠯᠳᠣᠭᠠᠨ ᠳᠤ ᠲᠡᠷᠢᠬᠦᠯᠡᠪᠡ᠃ | 7 ᠰᠠᠷ᠎ᠠ ᠶᠢᠨ 16 ᠤ ᠡᠳᠦᠷ᠂ ᠦᠬᠠᠢ ᠬᠤᠳᠠ ᠶᠢᠨ ᠲᠤᠲᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ | ᠠᠴᠠ ᠬᠤᠤᠷ ᠴᠠᠭᠠᠵᠠᠯᠠᠬᠤ ᠬᠦᠳᠡᠯᠭᠡᠭᠡᠨ ᠦᠷᠨᠢᠭᠦᠯᠵᠦ᠂ ᠨᠡᠶᠢᠳᠡ ᠬᠠᠣᠯᠢ ᠪᠤᠰᠣ ᠪᠠᠷ ᠬᠠᠷ᠎ᠠ ᠲᠠᠮᠠᠬᠢ ᠲᠠᠷᠢᠭᠰᠠᠨ 5 | ᠡᠷᠦᠬᠡ ᠶᠢ ᠪᠠᠶᠢᠴᠠᠭᠠᠨ ᠭᠠᠷᠭᠠᠵᠦ᠂ 300 ᠭᠠᠷᠣᠢ ᠰᠠᠭᠤᠷᠢ ᠬᠠᠷ᠎ᠠ ᠲᠠᠮᠠᠬᠢᠨ ᠴᠢᠬᠢ ᠶᠢ ᠬᠤᠰᠤᠨ ᠠᠷᠢᠯᠭᠠᠪᠠ᠂ | 850 ᠺᠢᠯᠣᠭ᠍ᠷᠠᠮ ᠺᠣᠹᠧᠶᠢᠨ᠂ 15 ᠭᠷᠠᠮ ᠬᠠᠷ᠎ᠠ ᠲᠠᠮᠠᠬᠢ ᠤᠯᠵᠠᠯᠠᠪᠠ᠃ 24 ᠬᠤᠤᠷ ᠲᠠᠲᠠᠭᠴᠢᠳ᠂ 6 ᠬᠤᠤᠷ | ᠰᠠᠷᠢᠭᠠᠯᠠᠭᠴᠢᠳ ᠢ ᠪᠠᠶᠢᠴᠠᠭᠠᠨ ᠭᠠᠷᠭᠠᠵᠤ᠂ 5 ᠬᠦᠮᠦᠨ ᠢ ᠬᠤᠷᠢᠶᠠᠮᠵᠢᠯᠠᠨ ᠪᠠᠶᠢᠴᠠᠭᠠᠪᠠ᠃ | 7 ᠰᠠᠷ᠎ᠠ ᠶᠢᠨ 19 ᠤ ᠡᠳᠦᠷ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠪᠤᠸᠠᠩ ᠪᠠᠢ | ᠽᠢ ᠨᠡᠭᠦᠷᠡᠰᠦᠨ ᠠᠭᠤᠷᠬᠠᠢ ᠳᠤ ᠭᠠᠰ ᠲᠡᠯᠪᠡᠷᠡᠵᠦ᠂ 4 ᠬᠦᠮᠦᠨ ᠦᠬᠦᠵᠦ᠂ 2 ᠬᠦᠮᠦᠨ ᠬᠦᠨᠳᠦ ᠰᠢᠷᠬᠠᠳᠣᠵᠣ᠂ | 2 ᠬᠦᠮᠦᠨ ᠬᠦᠩᠭᠡᠨ ᠰᠢᠷᠠᠬᠠᠳᠣᠪᠠ᠃ | 7 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ | ᠠᠴᠠ ︽ᠺᠠᠳᠠᠷ ᠠᠵᠢᠯᠳᠠᠨ ᠤ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠭᠦᠯᠬᠦ ᠲᠤᠬᠠᠢ ᠳᠦᠷ ᠭᠡᠷᠡᠭᠵᠢᠬᠦᠯᠬᠦ | ᠳᠦ᠋ᠭ᠌ᠳᠡᠭᠠᠯ︾ ᠭᠠᠷᠭᠠᠪᠠ᠃ | 8 ᠰᠠᠷ᠎ᠠ ᠶᠢᠨ 3 ᠤ ᠡᠳᠦᠷ᠂ ᠦᠬᠠᠢ ᠬᠤᠳᠠ ᠶᠢᠨ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ | ᠠᠵᠤ ᠠᠬᠤᠶᠢᠯᠠᠯ — ᠹᠸᠢ ᠳ᠋ᠠ ᠭᠤᠸᠠᠨᠲᠸᠤ ᠶᠢᠨ ᠦᠢᠯᠡᠳᠪᠦᠷᠢ ᠦᠢᠯᠡᠳᠪᠦᠷᠢᠯᠡᠯ ᠳᠤ ᠣᠷᠣᠪᠠ᠃ ᠲᠤᠰ | ᠦᠢᠯᠡᠳᠪᠦᠷᠢ ᠪᠤᠯ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶ᠎ᠠ ᠪᠤᠯᠤᠨ ᠹᠷᠠᠨᠼᠢ ᠶᠢᠨ ᠰᠦᠸ᠋ᠹᠸᠧᠰ | ᠬᠢᠵᠠᠭᠠᠷᠲᠤ ᠺᠤᠮᠫᠠᠨᠢ ︵ᠰᠢᠶᠠᠩᠭᠠᠩ︶ ᠲᠠᠢ ᠬᠠᠮᠲᠤᠷᠠᠨ ᠪᠠᠶᠢᠭᠤᠯᠤᠭᠰᠠᠨ ᠶᠤᠮ᠂ ᠢᠲ᠋ᠠᠯᠢ ᠶᠢᠨ FENCO | ᠺᠤᠮᠫᠠᠨᠢ ᠶᠢᠨ ᠲᠦᠪᠠᠤᠡ ᠬᠠᠰᠢ ᠪᠣᠯᠪᠠᠰᠤᠷᠠᠭᠤᠯᠬᠤ ᠲᠦᠭᠦᠭᠡᠷᠦᠮᠵᠢ ᠤᠷᠤᠭᠤᠯᠵᠤ᠂ ᠵᠢᠯ ᠳᠤ 3000 ᠲᠤᠨ | ᠭᠠᠲᠠᠭᠠᠲᠤ ᠳᠤ ᠭᠠᠷᠭᠠᠬᠤ ᠲᠦᠪᠠᠤᠡ ᠬᠠᠰᠢ ᠶᠢᠨ ᠵᠵᠶᠠᠩ ᠦᠢᠯᠡᠳᠪᠦᠷᠢᠯᠡᠬᠦ ᠪᠤᠯᠤᠨ᠎ᠠ᠃ | 8 ᠰᠠᠷ᠎ᠠ ᠶᠢᠨ 18 ᠤ ᠡᠳᠦᠷ᠂ 109 ᠣᠯᠣᠰ ᠤᠨ ᠵᠠᠮ ᠤᠨ ᠬᠠᠶᠢᠨᠠᠨ ᠲᠤᠭᠤᠷᠢᠭ ᠤᠨ ᠷᠠᠰᠠᠩ ᠱᠦᠮᠡ | ᠠᠴᠠ ᠨᠢᠩᠰᠢᠶᠠ ᠶᠢᠨ ᠱᠢ ᠽᠦᠢ ᠱᠠᠨ ᠤ ᠬᠡᠰᠡᠭ ᠪᠠᠶᠢᠭᠤᠯᠤᠭᠳᠠᠵᠤ ᠲᠡᠷᠭᠡ ᠨᠡᠪᠳᠡᠷᠡᠪᠡ᠂ ᠲᠤᠰ ᠬᠡᠰᠡᠭ ᠵᠠᠮ ᠪᠤᠯ | ᠦᠪᠦᠷ ᠮᠤᠩᠭᠤᠯ ᠬᠢᠭᠡᠳ ᠨᠢᠩᠰᠢᠶᠠ ᠶᠢ ᠬᠤᠯᠪᠤᠬᠤ ᠵᠠᠮ ᠬᠠᠷᠢᠯᠴᠠᠭᠠᠨ ᠤ ᠴᠢᠬᠤᠯᠠ ᠱᠤᠭᠤᠮ ᠮᠦᠨ᠂ ᠪᠦᠬᠦ | ᠤᠷᠲᠤ ᠨᠢ 11.318 ᠺᠢᠯᠤᠮᠧᠲᠷ ᠪᠤᠯᠤᠨ᠎ᠠ᠃ | 9 ᠰᠠᠷ᠎ᠠ ᠶᠢᠨ 11 ᠤ ᠡᠳᠦᠷ᠂ ᠦᠪᠦᠷ ᠮᠤᠩᠭᠤᠯ ᠤᠨ ᠨᠢᠭᠡᠳᠦᠭᠡᠷ ᠨᠠᠶᠢᠳᠠᠮ ᠭᠡᠷᠡᠭᠴᠠᠭᠡᠳᠤ ᠮᠠᠰᠵᠡ ᠤ | ᠤᠶᠢᠯᠡᠳᠪᠤᠷᠢ ᠦᠪᠦᠷ ᠮᠤᠩᠭᠤᠯ ᠤᠨ ᠪᠠᠭᠠᠵᠢ ᠶᠢᠨ ᠦᠢᠯᠡᠳᠪᠦᠷᠢ᠂ ᠴᠠᠬᠢᠯᠭᠠᠨ ᠱᠠᠳᠣᠨ ᠤ ᠦᠢᠯᠡᠳᠪᠦᠷᠢ ᠶᠢ | ᠬᠠᠮᠲᠤᠳᠬᠠᠨ ᠠᠪᠤᠪᠠ᠃ | 9 ᠰᠠᠷ᠎ᠠ ᠶᠢᠨ 12 ᠤ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ︽ᠦᠬᠠᠢ ᠬᠤᠳᠠ ᠶᠢᠨ ᠠᠷᠠᠳ | ᠤᠨ ᠵᠠᠰᠠᠭ ᠤᠨ ᠣᠷᠳᠣᠨ ᠨᠡᠭᠦᠷᠡᠰᠤᠨ ᠤᠳᠤᠭᠠᠨ ᠤ ᠬᠡᠯᠪᠡᠷᠢ ᠶᠢᠨ ᠠᠭᠠᠷ ᠮᠠᠨᠳᠠᠯ ᠤᠨ ᠪᠤᠵᠠᠷᠳᠠᠯ ᠢ ᠶᠡᠷᠦᠩᠬᠡᠶᠢᠯᠡᠨ | ᠴᠡᠭᠴᠡᠯᠡᠬᠦ ᠲᠤᠬᠠᠢ ᠲᠦᠷ ᠬᠡᠷᠡᠭᠵᠢᠬᠦᠯᠬᠦ ᠲᠤᠭᠳᠠᠭᠠᠯ︾ ᠭᠠᠷᠭᠠᠪᠠ᠂ ᠤᠳᠤᠭ᠎ᠠ ᠪᠠᠭᠠᠰᠬᠠᠬᠤ ᠡᠨᠧᠷᠬᠢ ᠠᠷᠪᠢᠯᠠᠬᠤ | ᠵᠤᠤᠬ᠎ᠠ ᠬᠡᠷᠡᠭᠰᠡᠯ᠂ ᠤᠳᠣᠭᠠᠬᠦᠢ ᠨᠡᠭᠦᠷᠡᠰᠦ ᠬᠡᠷᠡᠭᠯᠡᠬᠦ ᠶᠢ ᠵᠤᠷᠢᠭᠵᠢᠭᠤᠯᠵᠤ᠂ ᠲᠦᠪᠯᠡᠷᠡᠭᠦᠯᠦᠨ ᠢᠯᠴᠢ ᠬᠠᠩᠭᠠᠬᠤ᠂ | ᠬᠤᠯᠪᠤᠭᠠᠯᠠᠨ ᠲᠤᠯᠠᠭᠠᠯᠠᠬᠤ᠂ ᠬᠠᠮᠲᠤ ᠨᠡᠶᠢᠳᠡ ᠶᠢᠨ ᠬᠦᠸᠧᠯᠤ ᠶᠢᠨ ᠬᠠᠮᠢᠶᠠᠷᠤᠯᠳᠠ ᠶᠢ ᠴᠢᠩᠭᠠᠳᠬᠠᠬᠤ ᠵᠡᠷᠭᠡ | ᠠᠷᠭ᠎ᠠ ᠠᠪᠴᠢᠯ ᠢᠶᠠᠷ ᠠᠭᠠᠷ ᠮᠠᠨᠳᠠᠯ ᠤᠨ ᠣᠷᠴᠢᠨ ᠢ ᠰᠠᠶᠢᠵᠢᠷᠠᠭᠤᠯᠪᠠ᠃ | 9 ᠰᠠᠷ᠎ᠠ ᠶᠢᠨ 20 ᠤ ᠡᠳᠦᠷ᠂ ᠦᠬᠠᠢ ᠬᠤᠳᠠ ᠶᠢᠨ ᠲᠦᠯᠠᠢ ᠶᠠᠪᠠᠴᠤᠤᠡ ᠤᠨ ᠰᠤᠷᠭᠠᠭᠤᠯᠢ | ᠪᠠᠶᠢᠭᠤᠯᠤᠭᠳᠠᠪᠠ᠂ ᠬᠠᠮᠤᠭ ᠠᠩᠬᠠᠨ ᠤ ᠪᠦᠯᠦᠭ ᠤᠨ 23 ᠰᠣᠷᠣᠭᠴᠢ ᠡᠯᠰᠡᠪᠡ᠃ | 10 ᠰᠠᠷ᠎ᠠ ᠶᠢᠨ 18 ᠤ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ︽ᠦᠬᠠᠢ ᠬᠤᠳᠠ ᠶᠢᠨ | ᠭᠠᠵᠠᠷ ᠰᠢᠷᠣᠢ ᠶᠢ ᠬᠡᠷᠡᠭᠯᠡᠬᠦ ᠲᠦᠷᠢᠮ ᠤᠨ ᠦᠭᠡᠷᠡᠴᠢᠯᠡᠯᠳᠡ ᠶᠢᠨ ᠲᠦᠰᠦᠯ︾ ᠭᠠᠷᠭᠠᠵᠤ᠂ 1993 ᠣᠨ ᠤ 11 | ᠰᠠᠷ᠎ᠠ ᠶᠢᠨ 1 ᠠᠴᠠ ᠣᠯᠣᠰ ᠤᠨ ᠦᠮᠴᠢᠯᠡᠯᠳᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠬᠦᠯᠦᠨ | ᠬᠤᠳᠠᠯᠳᠣᠬᠤ᠂ ᠰᠢᠯᠵᠢᠬᠦᠯᠣᠠ ᠦᠭᠴᠦ ᠪᠤᠯᠤᠨ᠎ᠠ ᠭᠡᠪᠡ᠃ | 10 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠮᠦᠩᠬᠦᠨ ᠬᠦᠢᠯᠭᠡᠭᠡᠨ ᠤ ᠵᠠᠬ᠎ᠠ ᠲᠡᠯᠭᠡᠭᠦᠷ ᠠᠵᠢᠯ | ᠡᠬᠢᠯᠡᠪᠡ᠃ ᠲᠤᠰ ᠵᠠᠬ᠎ᠠ ᠲᠡᠯᠭᠡᠭᠦᠷ ᠪᠤᠯ ᠲᠤᠮᠳᠠᠲᠤ ᠤᠯᠤᠰ ᠤᠨ ᠠᠷᠠᠳ ᠤᠨ ᠪᠠᠩᠬᠢ ᠶᠢᠨ ᠦᠬᠠᠢ ᠶᠢᠨ ᠬᠤᠪᠢᠶᠠᠷᠢ | ᠪᠠᠩᠬᠢ ᠠᠴᠠ ᠲᠤᠯᠤᠭᠠᠶᠢᠯᠠᠵᠤ᠂ ᠡᠯ᠎ᠡ ᠲᠤᠰᠬᠠᠢ ᠪᠠᠩᠬᠢ᠂ ᠲᠠᠭᠠᠳᠬᠠᠯ ᠤᠨ ᠺᠤᠮᠫᠠᠨᠢ ᠪᠤᠯᠤᠨ ᠪᠤᠰᠣᠳ ᠮᠦᠩᠬᠦᠨ | ᠬᠦᠢᠯᠭᠡᠭᠡᠨ ᠤ ᠨᠢᠭᠡᠴᠢ ᠰᠠᠶᠢᠨ ᠲᠤᠷ᠎ᠠ ᠠᠴᠠ ᠪᠠᠨ ᠤᠷᠤᠯᠴᠠᠪᠠ᠃ | 11 ᠰᠠᠷ᠎ᠠ ᠶᠢᠨ 4 ~ 7 ᠤ ᠡᠳᠦᠷ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠤ ᠬᠤᠷᠢᠶᠠᠨ ᠤ ᠱᠦᠵᠢ ᠸᠠᠩ ᠴᠢᠶᠦ᠋ᠨ᠂ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠲᠡᠳ᠋ ᠲᠡᠷᠢᠬᠦᠯᠡᠭᠴᠢ ᠰᠦᠩ ᡁᠢ ᠮᠢᠨ ᠦᠬᠠᠢ ᠳᠤ ᠢᠷᠡᠵᠦ ᠠᠵᠢᠯ ᠪᠠᠶᠢᠴᠠᠭᠠᠪᠠ᠂ ᠬᠤᠳᠠ | ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠣᠨ ᠤ ᠠᠵᠢᠯ ᠤᠨ ᠢᠯᠡᠳᠭᠡᠯ ᠢ ᠰᠣᠨᠣᠰᠴᠣ᠂ ᠵᠠᠷᠢᠮ | ᠠᠵᠤ ᠠᠬᠤᠶᠢᠯᠠᠯ ᠬᠢᠭᠡᠳ ᠭᠤᠷᠪᠠᠨ ᠶᠡᠭᠡ ᠵᠠᠬ᠎ᠠ ᠲᠡᠯᠭᠡᠭᠦᠷ ᠢ ᠪᠠᠶᠢᠴᠠᠭᠠᠨ ᠦᠵᠡᠪᠡ᠃ | 11 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠢᠳᠡᠭᠡᠨ ᠤ ᠲᠦᠪ ᠠᠵᠢᠯ ᠡᠬᠢᠯᠡᠪᠡ᠂ ᠲᠤᠰ | ᠲᠦᠪ ᠪᠤᠯ ᠪᠦᠬᠦ ᠬᠤᠳᠠ ᠶᠢᠨ ᠬᠠᠮᠤᠭ ᠶᠡᠭᠡ ᠢᠳᠡᠭᠡᠨ ᠪᠤᠷᠤᠯᠠᠭᠤᠯᠬᠤ ᠵᠠᠬ᠎ᠠ ᠲᠡᠯᠭᠡᠭᠦᠷ ᠪᠤᠯᠬᠤ ᠶᠤᠮ᠂ 23600 | ᠲᠡᠭᠰᠢ ᠲᠦᠷᠪᠡᠯᠵᠢᠨ ᠮᠧᠲᠷ ᠤᠨ ᠭᠠᠵᠠᠷ ᠡᠵᠡᠯᠡᠵᠦ ᠪᠤᠢ᠃ | 12 ᠰᠠᠷ᠎ᠠ ᠶᠢᠨ 20᠂ ᠲᠤᠰ ᠡᠳᠦᠷ ᠪᠤᠯᠳᠠᠯ᠎ᠠ ᠬᠤᠳᠠ ᠶᠢᠨ ᠡᠳ᠋ ᠤᠨ ᠵᠠᠰᠠᠭ ᠤᠨ ᠤᠷᠤᠯᠭ᠎ᠠ ᠨᠡᠶᠢᠳᠡ | 10213 ᠲᠦᠮᠡᠨ ᠲᠦᠭᠦᠷᠢᠭ ᠪᠡᠶᠡᠯᠡᠬᠦᠯᠵᠦ᠂ ᠠᠩᠬᠠᠳᠣᠭᠠᠷ ᠤᠳᠠᠭ᠎ᠠ 1 ᠳ᠋ᠦᠩᠰᠢᠭᠤᠷ ᠢ ᠳᠠᠪᠠᠪᠠ᠃ | 12 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠭᠤᠣᠯᠳᠠᠯᠭ᠎ᠠ ᠲᠠᠢ ᠪᠠᠷᠢᠯᠭ᠎ᠠ — ᠦᠬᠠᠢ ᠬᠤᠳᠠ | ᠶᠢᠨ ᠭᠠᠯᠲᠤ ᠲᠡᠷᠭᠡᠨ ᠦᠷᠳᠡᠭᠡ ᠪᠠᠶᠢᠭᠤᠯᠤᠭᠳᠠᠵᠤ ᠬᠡᠷᠡᠭᠯᠡᠯᠳᠡ ᠳᠤ ᠣᠷᠣᠪᠠ᠂ ᠦᠷᠳᠡᠭᠡᠨ ᠤ ᠪᠠᠷᠢᠯᠭ᠎ᠠ ᠶᠢᠨ | ᠲᠠᠯᠠᠪᠠᠢ 5870 ᠲᠡᠭᠰᠢ ᠲᠦᠷᠪᠡᠯᠵᠢᠨ ᠮᠧᠲᠷ ᠪᠠᠶᠢᠵᠤ᠂ ᠬᠦᠬᠡᠬᠤᠳᠠ ᠶᠢᠨ ᠲᠡᠮᠦᠷ ᠵᠠᠮ ᠤᠨ ᠲᠤᠪᠴᠢᠶ᠎ᠠ ᠬᠢᠭᠡᠳ | ᠦᠬᠠᠢ ᠬᠤᠳᠠ ᠬᠠᠮᠲᠤᠷᠠᠨ ᠪᠠᠶᠢᠭᠤᠯᠤᠭᠰᠠᠨ ᠶᠤᠮ᠃ | ᠲᠤᠰ ᠵᠢᠯ᠂ ᠬᠤᠳᠠ ᠶᠢᠨ ᠭᠠᠳᠠᠭᠠᠲᠤ ᠶᠠᠪᠤᠳᠠᠯ ᠤᠨ ᠰᠠᠯᠠᠭ᠎ᠠ ᠮᠦᠴᠢᠷ ᠠᠮᠧᠷᠢᠺᠠ᠂ ᠹᠷᠠᠨᠼᠢ᠂ ᠭᠧᠷᠮᠠᠨ᠂ | ᠢᠲ᠋ᠠᠯᠢ᠂ ᠮᠤᠩᠭᠤᠯ᠂ ᠳᠣᠰᠠᠭᠠᠷ ᠤᠯᠤᠰ ᠤᠨ ᠬᠤᠯᠪᠤᠭᠠᠳᠣ ᠴᠤᠭᠴᠠ᠂ ᠰᠣᠯᠣᠩᠭᠤᠰ᠂ ᠺᠣᠷᠢᠶᠠ ᠵᠡᠷᠭᠡ ᠤᠯᠤᠰ | ᠠᠴᠠ ᠢᠷᠡᠭᠰᠡᠨ 134 ᠬᠦᠮᠦᠨ ᠢ ᠬᠦᠯᠢᠶᠠᠨ ᠠᠪᠴᠣ᠂ ᠦᠬᠠᠢ ᠬᠤᠳᠠ ᠳᠤ ᠢᠷᠡᠵᠦ ᠠᠷᠠᠯᠵᠢᠶ᠎ᠠ ᠬᠤᠳᠠᠯᠳᠤᠭ᠎ᠠ | ᠬᠢᠳᠡᠭ 25 ᠰᠢᠶᠠᠩᠭᠠᠩ᠂ ᠤᠤᠮᠧᠨ᠂ ᠲᠠᠶᠢᠸᠠᠨ ᠤ ᠠᠬ᠎ᠠ ᠲᠡᠭᠦᠦ ᠨᠠᠷ ᠢ ᠬᠦᠯᠢᠶᠠᠨ ᠠᠪᠴᠣ ᠵᠤᠴᠢᠯᠠᠪᠠ᠃ | ▲ ᠬᠠᠶᠢᠷᠣᠪ ᠤᠨ ᠲᠤᠬᠤᠢ ᠠᠴᠠ ᠬᠠᠶᠢᠨᠠᠨ᠂ ᠯᠤᠭᠰᠠᠳᠠᠷ᠂ ᠬᠦᠬᠤᠰᠣ᠂ ᠣᠳᠤᠭ ᠬᠤᠰᠢᠭᠤ ᠬᠦᠷᠬᠦ | ᠪᠢᠴᠢᠯ ᠳᠣᠯᠭᠢᠶᠠᠨ ᠤ ᠰᠠᠯᠪᠤᠷᠢ ᠱᠣᠭᠤᠮ ᠪᠠᠶᠢᠭᠤᠯᠤᠭᠳᠠᠵᠤ᠂ ᠪᠦᠬᠦ ᠬᠤᠳᠠ ᠶᠢᠨ ᠷᠠᠳ᠋ᠵᠤ᠋᠂ ᠲᠧᠯᠸᠵᠰ ᠤᠨ | ᠪᠦᠷᠬᠦᠴᠡ ᠦᠪᠡᠷᠳᠡᠭᠡᠨ ᠵᠠᠰᠠᠬᠤ ᠤᠷᠤᠨ ᠤ ᠡᠯ᠎ᠡ ᠠᠶᠢᠮᠠᠭ ᠬᠤᠳᠠ ᠶᠢᠨ ᠲᠤᠲᠤᠷ᠎ᠠ ᠬᠠᠮᠤᠭ ᠤᠨ ᠠᠩᠬ᠎ᠠ 100% | ᠳᠤ ᠬᠦᠷᠪᠡ᠃ | | | 1993 ᠣᠨ | | | 3 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠬᠤᠳᠠᠯᠳᠤᠭᠠᠴᠵᠡ ᠤᠷᠵᠬᠤ ᠪᠦᠯᠬᠦᠮ ᠪᠡᠭᠡᠵᠢᠩ ᠳᠤ | ᠦᠬᠠᠢ ᠶᠢᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠬᠤᠳᠠᠯᠳᠣᠭᠠᠴᠢᠨ ᠤᠷᠢᠬᠤ ᠵᠦᠪᠳᠠᠠ ᠬᠡᠯᠠᠯᠴᠠᠬᠦ | ᠬᠤᠷᠠᠯ ᠬᠢᠪᠡ᠃ ᠶᠠᠫᠤᠨ ᠤ ᠺᠠᠸᠠ ᠽᠢᠺᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠠᠮᠧᠷᠢᠺᠠ ᠶᠢᠨ | ᠪᠣᠰᠲ᠋ᠣᠨ ᠤ ᠽᠦᠢ ᠳ᠋ᠧ ᠯᠢᠩ ᠺᠤᠮᠫᠠᠨᠢ᠂ ᠶᠠᠫᠣᠨ ᠤ ᠰᠠᠨ ᠬᠤᠸᠠᠨ ᠰᠢᠶᠠᠩ ᠮᠦᠸᠧ ᠰᠢᠨ᠎ᠡ ᠮᠡᠷᠭᠡᠵᠢᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠤᠮᠫᠠᠨᠢ᠂ ᠺᠦᠮᠠᠢ ᠬᠤᠳᠠᠯᠳᠣᠭᠠᠨ ᠶᠠᠪᠤᠳᠠᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠤᠮᠫᠠᠨᠢ᠂ ᠠᠥ᠋ᠰᠲᠷᠠᠯᠢᠶᠠ ᠶᠢᠨ ᠹᠧᠰᠹᠧᠨ ᠺᠤᠮᠫᠠᠨᠢ᠂ ᠶᠠᠫᠣᠨ ᠤ ᠰᠢᠮᠠᠲ᠋ᠠ ᠬᠤᠳᠠᠯᠳᠣᠭᠠᠨ ᠤ ᠶᠠᠪᠣᠳᠠᠯ᠂ | ᠶᠠᠫᠤᠨ ᠤ ᠵᠢᠦᠢ ᠰᠢᠩ ᠪᠡᠯᠡ ᠣᠷᠣᠭᠤᠯᠣᠯᠳᠠ ᠶᠢᠨ ᠺᠤᠮᠫᠠᠨᠢ᠂ ᠲᠤᠤᠺᠢᠣ᠋ ᠶᠢᠨ ᠮᠠᠷᠣ ᠢᠴᠢ ᠬᠤᠳᠠᠯᠳᠣᠭᠠᠨ ᠤ | ᠶᠠᠪᠤᠳᠠᠯ᠂ ᠺᠠᠨᠠᠳᠠ ᠶᠢᠨ ᠹᠦᠷᠠᠶᠢᠨᠠᠷᠢ ᠺᠣᠮᠫᠠᠨᠢ ᠵᠡᠷᠭᠡ 28 ᠭᠠᠳᠠᠭᠠᠳᠤ ᠶᠢᠨ ᠬᠤᠳᠠᠯᠳᠤᠭᠠᠴᠢᠳ ᠬᠤᠷᠠᠯ ᠳᠤ | ᠣᠷᠣᠯᠴᠠᠪᠠ᠃ | 3 ᠰᠠᠷ᠎ᠠ ᠶᠢᠨ 17 ᠤ ᠡᠳᠦᠷ᠂ ᠦᠬᠠᠢ ᠬᠤᠳᠠ ᠶᠢᠨ ᠭᠤᠷᠪᠠᠳᠣᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠣᠭᠠᠷ ᠤᠳᠠᠭᠠᠨ ᠤ | ᠬᠤᠷᠠᠯ ᠢᠶᠠᠷ ᠵᠢᠯ ᠪᠦᠷᠢ ᠶᠢᠨ 4 ᠰᠠᠷ᠎ᠠ ᠶᠢᠨ 1 ᠤ ᠡᠳᠦᠷ ᠢ ᠦᠬᠠᠢ ᠬᠤᠳᠠ ᠶᠢᠨ ᠮᠤᠲᠤ ᠵᠠᠶᠢᠯᠠᠬᠤ ᠡᠳᠦᠷ ᠢᠶᠠᠷ | ᠲᠤᠭᠳᠠᠭᠠᠪᠠ᠃ | 4 ᠰᠠᠷ᠎ᠠ ᠶᠢᠨ 3 ᠤ ᠡᠳᠦᠷ᠂ ᠬᠠᠶᠢᠷᠣᠪ ᠤᠨ ᠲᠤᠬᠤᠢ ᠲᠤᠭᠤᠷᠢᠭ ᠤᠨ ᠵᠢᠦ ᠳ᠋ᠦᠩ ᠭᠸᠣ ᠶᠢᠨ ᠰᠢᠨ | ᠯᠢᠶᠠᠩ ᠬᠠᠮᠲᠤ ᠶᠢᠨ ᠵᠢᠵᠢᠭ ᠨᠡᠭᠦᠷᠡᠰᠦᠨ ᠠᠭᠤᠷᠬᠠᠢ ᠳᠤ ᠭᠠᠰ ᠲᠡᠯᠪᠡᠷᠡᠵᠦ 8 ᠬᠦᠮᠦᠨ ᠦᠬᠦᠪᠡ᠃ | 4 ᠰᠠᠷ᠎ᠠ ᠶᠢᠨ 24 ᠤ ᠡᠳᠦᠷ᠂ ᠬᠠᠶᠢᠷᠣᠪ ᠤᠨ ᠲᠤᠬᠤᠢ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ | ᠨᠢᠭᠡᠳᠦᠭᠡᠷ ᠬᠤᠭᠤᠴᠠᠭᠠᠨ ᠤ 2 ×10 ᠲᠦᠮᠡᠨ ᠺᠢᠯᠤᠸᠠᠲ ᠤᠨ ᠮᠠᠰᠢᠨ ᠴᠣᠭᠴᠠᠯᠠᠪᠤᠷᠢ ᠶᠢᠨ ᠪᠠᠷᠢᠯᠭ᠎ᠠ ᠶᠢ | ᠡᠬᠢᠯᠡᠵᠦ ᠪᠠᠶᠢᠭᠤᠯᠪᠠ᠃ | ▲ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠡᠳ᠋ ᠡᠷᠬᠢᠯᠡᠭᠴᠢ ᠵᠠᠩ ᠽᠠᠨ ᠭᠦᠩ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ | ᠲᠡᠳ᠋ ᠲᠡᠷᠢᠬᠦᠯᠡᠭᠴᠢ ᠯᠢᠦ ᠽᠦᠸᠧ ᠬᠤᠢ᠂ ᠦᠪᠡᠷᠳᠡᠭᠡᠨ ᠵᠠᠰᠠᠬᠤ ᠤᠷᠤᠨ ᠤ ᠴᠠᠬᠢᠯᠭᠠᠨ ᠬᠠᠮᠢᠶᠠᠷᠠᠬᠤ ᠲᠤᠪᠴᠢᠶᠠᠨ | ᠤ ᠤᠳᠤᠷᠢᠳᠤᠯᠭ᠎ᠠ ᠬᠠᠶᠢᠷᠣᠪ ᠤᠨ ᠲᠤᠬᠤᠢ ᠶᠢᠨ ᠴᠠᠬᠢᠯᠭᠠᠨ ᠭᠠᠷᠭᠠᠬᠤ ᠦᠢᠯᠡᠳᠪᠦᠷᠢ ᠳᠤ ᠲᠤᠬᠠᠢ ᠶᠢᠨ ᠭᠠᠵᠠᠷ ᠤᠨ | ᠠᠵᠢᠯ ᠤᠨ ᠬᠤᠷᠠᠯ ᠬᠢᠵᠦ᠂ ᠪᠦᠲᠦᠭᠡᠨ ᠪᠠᠶᠢᠭᠤᠯᠤᠯᠳᠠ ᠶᠢᠨ ᠲᠤᠮᠳᠠᠭᠢ ᠪᠤᠲᠠᠲᠤ ᠠᠰᠠᠭᠤᠳᠠᠯ ᠢ ᠬᠠᠪᠰᠣᠷᠠᠨ | ᠰᠢᠢᠳᠪᠦᠷᠢᠯᠡᠵᠦ ᠦᠭᠪᠡ᠃ | 4 ᠰᠠᠷ᠎ᠠ ᠶᠢᠨ 30 ᠤ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ︽ᠦᠬᠠᠢ ᠬᠤᠳᠠ ᠶᠢᠨ ᠤᠯᠤᠰ | ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠤ ᠡᠮᠨᠡᠯᠭᠡ ᠶᠢᠨ ᠵᠠᠷᠣᠳᠠᠯ ᠳᠤ ᠶᠡᠭᠡ ᠡᠪᠡᠳᠴᠢᠨ ᠢ | ᠨᠵᠭᠡᠳᠤᠯᠳᠠᠢ ᠲᠦᠯᠤᠪᠯᠠᠡ᠂ ᠪᠠᠭ᠎ᠠ ᠡᠪᠡᠳᠴᠢᠨ ᠢ ᠨᠦᠬᠦᠪᠦᠷᠢᠯᠡᠬᠦ ᠶᠢ ᠬᠡᠷᠡᠭᠵᠢᠬᠦᠯᠬᠦ ᠳᠦᠷ ᠭᠡᠷᠡᠭᠵᠢᠬᠦᠯᠬᠦ ᠳᠦ᠋ᠭ᠌ᠳᠡᠭᠠᠯ | ︾ ᠭᠠᠷᠭᠠᠪᠠ᠂ 1993 ᠣᠨ ᠤ 5 ᠰᠠᠷ᠎ᠠ ᠶᠢᠨ 1 ᠠᠴᠠ ᠡᠬᠢᠯᠡᠵᠦ ᠬᠡᠷᠡᠭᠵᠢᠬᠦᠯᠦᠨ᠎ᠡ᠃ | 5 ᠰᠠᠷ᠎ᠠ ᠶᠢᠨ 5 ᠤ ᠡᠳᠦᠷ᠂ ᠦᠬᠠᠢ ᠬᠤᠲᠠᠨ ᠳᠤ ᠬᠤᠪᠤᠷ ᠲᠤᠬᠢᠶᠠᠯᠳᠣᠬᠤ ᠡᠯᠡᠰᠦᠨ ᠰᠢᠭᠤᠷᠭᠠᠨ | ᠲᠡᠭᠳᠡᠪᠡ᠂ ᠰᠠᠯᠬᠢᠨ ᠤ ᠬᠤᠷᠳᠣᠴᠠ 24 ᠮᠧᠲᠷ / ᠰᠧᠺᠦ᠋ᠨ᠋ᠳ᠋ ᠪᠠᠶᠢᠵᠤ᠂ ᠬᠤᠷᠤᠮᠬᠠᠡ ᠵᠠᠭᠤᠷ᠎ᠡ ᠶᠢᠨ ᠰᠠᠯᠬᠢᠨ ᠤ | ᠬᠦᠴᠦ 10 ᠲᠡᠰ ᠲᠤ ᠬᠦᠷᠴᠦ᠂ ᠲᠠᠷᠢᠮᠠᠯ ᠤᠨ ᠵᠦᠢᠯᠡᠰ ᠬᠦᠨᠲᠤ ᠨᠤᠴᠢᠳᠠᠢ ᠬᠤᠬᠢᠷᠠᠯ ᠳᠤ ᠤᠴᠠᠷᠠᠪᠠ᠃ | 5 ᠰᠠᠷ᠎ᠠ ᠶᠢᠨ 12 ᠤᠨ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ︽ᠵᠢᠵᠢᠭ ᠨᠡᠭᠦᠷᠡᠰᠦᠨ | ᠠᠭᠤᠷᠬᠠᠢ ᠶᠢᠨ ᠲᠤᠷ᠎ᠠ ᠪᠠᠷ ᠮᠠᠯᠳᠠᠬᠤ ᠶᠢ ᠬᠤᠷᠢᠭᠯᠠᠵᠤ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠬᠦ | ᠶᠢ ᠪᠠᠲᠤᠯᠠᠬᠤ ᠰᠠᠨᠠᠭᠤᠯᠭ᠎ᠠ ᠶᠢᠨ ᠲᠤᠬᠠᠢ ᠮᠡᠳᠡᠭᠳᠡᠯ︾ ᠲᠠᠷᠬᠠᠭᠠᠵᠤ᠂ ᠪᠦᠬᠦ ᠬᠤᠳᠠ ᠶᠢᠨ ᠵᠢᠵᠢᠭ ᠨᠡᠭᠦᠷᠡᠰᠦᠨ | ᠠᠭᠤᠷᠬᠠᠢ ᠳᠤ ᠴᠡᠭᠴᠡᠯᠡᠯᠳᠡ ᠬᠢᠪᠡ᠃ | ▲ ᠦᠬᠠᠢ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠬᠡ ᠳᠤ ᠰᠠᠭᠤᠬᠤ ᠶᠡᠭᠡ ᠠᠰᠠᠷ | ᠪᠠᠶᠢᠭᠤᠯᠤᠭᠳᠠᠪᠠ᠃ ᠡᠮᠨᠡᠯᠬᠡ ᠳᠤ ᠰᠠᠭᠤᠬᠤ ᠠᠰᠠᠷ ᠤᠨ ᠶᠡᠷᠦᠩᠬᠡᠢ ᠲᠠᠯᠠᠪᠠᠢ 1 ᠲᠦᠮᠡᠨ ᠲᠡᠭᠰᠢ ᠲᠦᠷᠪᠡᠯᠵᠢᠨ | ᠮᠧᠲᠷ ᠪᠤᠯᠤᠨ᠎ᠠ᠃ | 5 ᠰᠠᠷ᠎ᠠ ᠶᠢᠨ 28 ᠤ ᠡᠳᠦᠷ᠂ ︽ᠦᠬᠠᠢ ᠶᠢᠨ ᠪᠢᠴᠢᠯᠭᠡ ᠵᠢᠷᠤᠭ᠂ ᠬᠠᠳᠠᠨ ᠵᠢᠷᠤᠭ ᠤᠨ ᠦᠵᠡᠰᠬᠦᠯᠡᠩ︾ | ᠪᠡᠭᠡᠵᠢᠩ ᠤᠨ ᠲᠤᠮᠳᠠᠲᠤ ᠤᠯᠤᠰ ᠤᠨ ᠣᠷᠠᠨ ᠵᠢᠷᠤᠭ ᠤᠨ ᠣᠷᠳᠣᠨ ᠳᠤ ᠲᠡᠯᠭᠡᠨ ᠦᠵᠡᠬᠦᠯᠪᠡ᠂ ᠨᠡᠶᠢᠳᠡ 120 | ᠬᠤᠪᠢ ᠪᠢᠴᠢᠯᠬᠡ ᠵᠢᠷᠤᠭ ᠤᠨ ᠪᠦᠳᠦᠭᠡᠯ᠂ 108 ᠬᠤᠪᠢ ᠬᠠᠳᠠᠨ ᠵᠢᠷᠤᠭ ᠤᠨ ᠲᠠᠷᠤᠮᠠᠯ ᠤᠨ ᠬᠠᠭᠤᠳᠠᠰᠣ᠂ ᠬᠡᠷᠡᠯ | ᠵᠢᠷᠤᠭ ᠢ ᠲᠡᠯᠭᠡᠨ ᠦᠵᠡᠬᠦᠯᠪᠡ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ ᠪᠦᠬᠡ᠂ ᠰᠣᠶᠣᠯ ᠤᠨ ᠶᠠᠮᠤᠨ ᠤ ᠲᠡᠳ᠋ ᠰᠠᠶᠢᠳ ᠴᠧᠨ | ᠴᠠᠩ ᠪᠧᠨ ᠵᠡᠷᠭᠡ ᠤᠳᠤᠷᠢᠳᠤᠯᠭ᠎ᠠ ᠠᠴᠠ ᠵᠢᠷᠤᠭ ᠤᠨ ᠦᠵᠡᠰᠬᠦᠯᠡᠩ ᠢ ᠰᠣᠨᠢᠷᠬᠠᠪᠠ᠃ | 6 ᠰᠠᠷ᠎ᠠ ᠶᠢᠨ 12 ~ 14 ᠤ ᠡᠳᠦᠷ᠂ ᠶᠠᠫᠤᠨ ᠤ ᠺᠢᠤᠲ᠋ᠤ᠋ ᠰᠢᠨᠵᠯᠡᠬᠦ ᠤᠬᠠᠭᠠᠨ ᠤ ᠬᠤᠪᠢ | ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠺᠤᠺᠠᠸᠠ ᠮᠠᠰᠠᠬᠢᠺᠤ᠂ ᠶᠠᠫᠣᠨ ᠤ NHK ᠲᠧᠯᠸᠢᠰ ᠬᠤᠷᠢᠶᠠᠨ ᠤ | ᠶᠠᠮᠠᠸᠦ᠋ᠴᠢ ᠮᠠᠰᠠᠬᠢᠺᠤ ᠶᠢᠨ ᠨᠢᠭᠡ ᠪᠦᠯᠦᠭ ᠬᠦᠮᠦᠰ ᠲᠤᠮᠳᠠᠲᠤ ᠣᠯᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠣᠯᠣᠰ ᠤᠨ ᠪᠠᠳᠤᠯᠠᠡ ᠬᠠᠮᠠᠭᠠᠯᠠᠯᠳᠡ ᠶᠢᠨ ᠡᠷᠳᠠᠮ ᠰᠢᠠᠵᠢᠯᠠᠬᠡᠠ ᠤ ᠰᠣᠯᠢᠯᠴᠠᠭᠠᠨ ᠤ ᠲᠦᠪ ᠤᠨ ᠬᠠᠮᠢᠶ᠎ᠠ ᠪᠦᠬᠦᠢ | ᠬᠦᠮᠦᠰ ᠤᠨ ᠪᠠᠷᠠᠳᠠᠯᠭ᠎ᠠ ᠪᠠᠷ ᠲᠤᠰᠬᠠᠶᠢᠯᠠᠨ ᠦᠬᠠᠢ ᠳᠤ ᠢᠷᠡᠵᠦ ᠣᠷᠠᠨ ᠲᠦᠰᠢ ᠠᠭᠤᠯᠠᠨ ᠤ ᠬᠠᠳᠠᠨ ᠵᠢᠷᠤᠭ ᠲᠤ | ᠪᠠᠶᠢᠴᠠᠭᠠᠯᠳᠠ ᠬᠢᠪᠡ᠃ | 6 ᠰᠠᠷ᠎ᠠ ᠶᠢᠨ 18 ~ 19 ᠤ ᠡᠳᠦᠷ᠂ ᠰᠢᠶᠠᠩᠭᠠᠩ ᠤᠨ ︽ᠸᠧᠨ ᠬᠤᠢ ᠰᠣᠨᠢᠨ︾᠂ ︽ᠲᠤᠮᠳᠠᠳᠤ ᠶᠢᠨ | ᠬᠠᠷᠵᠶᠠᠳᠤ ᠶᠢᠨ ᠡᠳᠦᠷ ᠤᠨ ᠰᠣᠨᠢᠨ︾᠂ ︽ᠰᠢᠩ ᠳ᠋ᠣᠣ ᠡᠳᠦᠷ ᠤᠨ ᠰᠤᠨᠢᠨ︾᠂ ︽ᠲᠢᠶᠠᠨ ᠲᠢᠶᠠᠨ ᠡᠳᠦᠷ ᠤᠨ | ᠰᠣᠨᠢᠨ︾ ᠤ ᠰᠣᠷᠪᠣᠯᠵᠢᠯᠠᠭᠴᠢ ᠦᠬᠠᠢ ᠶᠢᠨ ᠵᠤᠨ ᠤ ᠰᠣᠨᠢᠨ ᠮᠡᠳᠡᠭᠡᠨ ᠤ ᠪᠢᠷ ᠤᠨ ᠴᠢᠭᠤᠯᠭᠠᠨ ᠳᠤ ᠣᠷᠣᠯᠴᠠᠵᠤ᠂ | ᠰᠡᠭᠦᠯᠡᠷ ᠨᠢ ᠣᠯᠣᠰ ᠤᠨ ᠭᠠᠳᠠᠭᠠᠲᠤ ᠳᠤ ᠤᠷᠢᠳ ᠬᠤᠵᠢᠳ ᠵᠤᠬᠢᠶᠠᠯ ᠨᠡᠶᠢᠳᠡᠯᠡᠵᠦ ᠦᠬᠠᠢ ᠶᠢ ᠲᠠᠨᠢᠯᠴᠠᠭᠤᠯᠪᠠ᠃ | | 6 ᠰᠠᠷ᠎ᠠ ᠶᠢᠨ 22 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠦᠯᠵᠡᠢ ᠦᠬᠢᠠ | ᠲᠠᠢ ᠪᠠᠨ ᠢᠷᠡᠵᠦ ᠪᠠᠶᠢᠴᠠᠭᠠᠯᠳᠠ ᠬᠢᠪᠡ᠃ | ▲ ᠦᠬᠠᠢ ᠬᠤᠳᠠ ᠶᠢᠨ ᠠᠵᠤ ᠤᠵᠵᠯᠠᠤᠠᠪᠤᠷᠢ ᠬᠤᠳᠠᠯᠳᠤᠭᠠᠡ ᠤ ᠬᠤᠯᠪᠤᠭᠠᠳᠤ ᠬᠤᠷᠠᠯ ᠪᠠᠶᠢᠭᠤᠯᠤᠭᠳᠠᠪᠠ᠃ | | 7 ᠰᠠᠷ᠎ᠠ ᠶᠢᠨ 1 ᠤ ᠡᠳᠦᠷ ᠂ ᠦᠬᠠᠢ ᠶᠢᠨ ᠤᠳᠠᠰᠤᠳᠤ ᠲᠧᠯᠸᠵᠰ ᠨᠡᠪᠳᠡᠷᠡᠪᠡ᠃ | 7 ᠰᠠᠷ᠎ᠠ ᠶᠢᠨ 23 ᠤ ᠡᠳᠦᠷ᠂ ᠦᠬᠠᠢ ᠬᠤᠳᠠ ᠶᠢᠨ ᠳᠠᠶᠢᠯᠠᠨ ᠲᠠᠯ᠎ᠠ ᠶᠢᠨ ᠲᠤᠭᠤᠯᠭᠠᠨ ᠠᠭᠤᠷᠬᠠᠢ ᠶᠢᠨ | ᠴᠢᠩ ᠨᠢᠶᠠᠨ ᠬᠦᠳᠡᠯᠮᠦᠷᠢ ᠶᠢᠨ ᠦᠢᠯᠡᠴᠢᠯᠡᠭᠡᠨ ᠤ ᠦᠢᠯᠡᠳᠪᠦᠷᠢ ᠶᠢᠨ ᠨᠡᠭᠦᠷᠡᠰᠦᠨ ᠠᠭᠤᠷᠬᠠᠢ ᠳᠤ ᠭᠠᠰ ᠲᠡᠯᠪᠡᠷᠡᠵᠦ | ᠂ 9 ᠬᠦᠮᠦᠨ ᠦᠬᠦᠵᠦ᠂ 2 ᠬᠦᠮᠦᠨ ᠬᠦᠨᠳᠣ ᠰᠢᠷᠬᠠᠳᠣᠪᠠ᠃ | 7 ᠰᠠᠷ᠎ᠠ ᠶᠢᠨ 30 ᠤ ᠡᠳᠦᠷ᠂ ᠦᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ | ᠣᠷᠳᠣᠨ ᠠᠴᠠ ᠪᠦᠬᠦ ᠬᠤᠳᠠ ᠶᠢᠨ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ | ᠬᠤᠷᠠᠯᠳᠣᠭᠠᠨ ᠬᠢᠵᠤ᠂ ᠬᠤᠳᠠ ᠶᠢᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠣᠮᠵᠢ ᠶᠢᠨ | ᠦᠬᠡᠷᠠᠴᠢᠯᠠᠯᠳᠠ ᠶᠢᠨ ᠭᠡᠷᠡᠭᠵᠢᠬᠦᠯᠬᠦ ᠳᠦᠰᠣᠯ ᠢ ᠨᠡᠶᠢᠳᠡᠯᠡᠪᠡ᠃ | 8 ᠰᠠᠷ᠎ᠠ ᠶᠢᠨ 1 ᠤ ᠡᠳᠦᠷ ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠠᠵᠤ ᠠᠬᠤᠢ | ᠶᠢᠨ ᠵᠤᠷᠭᠠᠨ ᠤ ᠲᠤᠪᠴᠢᠶᠠᠨ ᠲᠠᠷᠤᠭ᠎ᠠ ᠸᠠᠩ ᠹᠦ᠋ ᠯᠢᠨ ᠦᠬᠠᠢ ᠳᠤ ᠢᠷᠡᠵᠦ ᠴᠦᠭᠡᠨ ᠲᠤᠭᠠᠲᠤ ᠦᠨᠳᠦᠰᠦᠳᠡᠨ ᠤ | ᠭᠠᠵᠠᠷ ᠣᠷᠣᠨ ᠤ ᠦᠬᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ ᠲᠤᠷᠰᠢᠯᠳᠠ ᠶᠢᠨ ᠣᠷᠣᠨ ᠤ ᠠᠰᠠᠭᠤᠳᠠᠯ ᠢ | ᠪᠠᠶᠢᠴᠠᠭᠠᠪᠠ᠃ | ᠲᠤᠰ ᠰᠠᠷ᠎ᠠ᠂ ᠦᠬᠠᠢ ᠬᠤᠳᠠ ᠶᠢᠨ ᠪᠠᠷᠠᠭᠤᠨ ᠤᠷᠠᠨ ᠲᠦᠰᠢ ᠠᠭᠤᠯᠠᠨ ᠤ ᠱᠦᠢᠨᠢ ᠶᠢᠨ ᠦᠢᠯᠡᠳᠪᠦᠷᠢ᠂ | ᠴᠠᠬᠢᠯᠭᠠᠨ ᠦᠢᠯᠡᠰ ᠤᠨ ᠲᠤᠪᠴᠢᠶ᠎ᠠ 1993 ᠣᠨ ᠤ ᠦᠪᠦᠷ ᠮᠤᠩᠭᠤᠯ ᠤᠨ ᠬᠠᠮᠤᠭ ᠤᠨ ᠰᠠᠶᠢᠨ ᠠᠵᠤ ᠠᠬᠤᠢ | ᠶᠢᠨ ᠦᠷ᠎ᠡ ᠠᠰᠢᠭ ᠲᠠᠢ ᠠᠵᠤ ᠦᠢᠯᠡᠳᠪᠦᠷᠢ ᠠᠵᠤ ᠠᠬᠤᠶᠢᠯᠠᠯ ᠬᠢᠭᠡᠳ ᠬᠠᠮᠤᠭ ᠶᠡᠭᠡ ᠬᠡᠪᠴᠢᠶᠠᠨ ᠤ ᠠᠵᠤ | ᠦᠢᠯᠡᠳᠪᠦᠷᠢ ᠠᠵᠤ ᠠᠬᠤᠶᠢᠯᠠᠯ ᠰᠢᠯᠭᠠᠷᠠᠭᠤᠯᠬᠤ ᠬᠦᠳᠡᠯᠭᠡᠭᠡᠨ ᠳᠤ ᠲᠤᠰ ᠪᠦᠷᠢ ᠲᠦᠷᠪᠡᠳᠦᠭᠡᠷ ᠪᠤᠯᠤᠨ | ᠵᠢᠷᠭᠤᠳᠣᠭᠠᠷ ᠪᠠᠶᠢᠷᠢᠨ ᠳᠤ ᠤᠷᠤᠪᠠ᠃ | 9 ᠰᠠᠷ᠎ᠠ ᠶᠢᠨ 3 ᠤ ᠡᠳᠦᠷ ᠂ ᠬᠠᠶᠢᠷᠣᠪ ᠤᠨ ᠲᠤᠬᠤᠢ ᠲᠤᠭᠤᠷᠢᠭ ᠤᠨ ᠡᠮᠦᠨᠡᠲᠦ ᠬᠤᠶᠢᠲᠤ ᠬᠤᠶᠠᠷ | ᠰᠠᠭᠤᠷᠢ ᠵᠥᠷᠢᠯᠢᠭ ᠬᠥᠭᠦᠷᠭᠡ ᠶᠢᠨ ᠪᠠᠷᠢᠯᠭ᠎ᠠ ᠲᠠᠭᠤᠰᠴᠤ ᠲᠡᠷᠭᠡ ᠨᠡᠪᠳᠡᠷᠡᠪᠡ᠃ | 9 ᠰᠠᠷ᠎ᠠ ᠶᠢᠨ 16 ᠤ ᠡᠳᠦᠷ᠂ ᠦᠬᠠᠢ ᠬᠤᠳᠠ ᠶᠢᠨ ᠠᠩᠬᠠᠳᠠᠭᠴᠢ ᠬᠤᠭᠤᠴᠠᠭᠠᠨ ᠤ ᠬᠠᠳᠣᠨ ᠭᠤᠤᠯ ᠤᠨ | ᠵᠢᠭᠤᠯᠴᠢᠯᠠᠯ ᠤᠨ ᠨᠠᠶᠢᠷ ᠡᠬᠢᠯᠡᠬᠦ ᠶᠣᠰᠣᠯᠠᠯ ᠬᠢᠪᠡ᠂ ᠡᠬᠢᠯᠡᠯᠳᠡ ᠶᠢᠨ ᠶᠤᠰᠣᠯᠠᠯ ᠳᠤ 360 ᠭᠠᠷᠣᠢ ᠲᠦᠪ᠂ | ᠦᠪᠡᠷᠳᠡᠭᠡᠨ ᠵᠠᠰᠠᠬᠤ ᠤᠷᠤᠨ᠂ ᠡᠯ᠎ᠡ ᠮᠤᠵᠢ ᠤᠷᠤᠨ ᠵᠢᠴᠢ ᠬᠤᠳᠠ ᠶᠢᠨ ᠤᠳᠣᠷᠢᠳᠣᠯᠭ᠎ᠠ ᠤᠷᠤᠯᠴᠠᠪᠠ᠃ | 9 ᠰᠠᠷ᠎ᠠ ᠶᠢᠨ 20 ᠤ ᠡᠳᠦᠷ᠂ ᠦᠬᠠᠢ ᠬᠤᠳᠠ ᠶᠢᠨ ᠴᠢᠳᠠᠪᠣᠷᠢᠳᠠᠨ ᠤ ᠬᠦᠳᠠᠯᠮᠤᠷᠢ ᠤᠵᠵᠯᠠᠴᠵᠯᠠᠭᠡᠡ ᠤ | ᠵᠠᠭ᠋᠎ᠠ ᠲᠠᠯᠭᠡᠬᠦᠷ ᠪᠠᠶᠢᠭᠤᠯᠤᠭᠳᠠᠪᠠ᠃ ᠪᠦᠬᠦ ᠬᠤᠳᠠ ᠶᠢᠨ ᠠᠩᠬᠠᠳᠣᠭᠠᠷ ᠬᠤᠭᠤᠴᠠᠭᠠᠨ ᠤ ᠴᠢᠳᠠᠪᠣᠷᠢᠳᠠᠨ ᠤ | ᠬᠦᠳᠠᠯᠮᠤᠷᠢ ᠤᠵᠵᠯᠠᠴᠵᠯᠠᠭᠡᠡ ᠤ ᠰᠣᠯᠢᠯᠴᠠᠬᠤ ᠬᠤᠷᠠᠯ ᠬᠠᠮᠲᠤ ᠳᠤᠨᠢ ᠶᠠᠪᠤᠭᠳᠠᠪᠠ᠃ | 9 ᠰᠠᠷ᠎ᠠ ᠶᠢᠨ 15 ~ 21 ᠤ ᠡᠳᠦᠷ᠂ 1993 ᠣᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠨᠠᠭᠠᠳᠣᠮ ᠤᠨ ᠲᠠᠯ᠎ᠠ ᠨᠤᠳᠤᠭ ᠤᠨ ᠵᠢᠭᠤᠯᠴᠢᠯᠠᠯ ᠤᠨ ᠨᠠᠶᠢᠷ ᠵᠢᠴᠢ ᠦᠬᠠᠢ ᠬᠤᠳᠠ ᠶᠢᠨ ᠠᠩᠬᠠᠳᠣᠭᠠᠷ | ᠬᠤᠭᠤᠴᠠᠭᠠᠨ ᠤ ᠦᠵᠦᠮ ᠤᠨ ᠨᠠᠶᠢᠷ ᠢ ᠡᠷᠬᠢᠯᠡᠵᠦ᠂ ᠣᠯᠣᠰ ᠤᠨ ᠲᠤᠲᠤᠭᠠᠲᠤ ᠭᠠᠳᠠᠭᠠᠲᠤ ᠶᠢᠨ 7000 ᠭᠠᠷᠣᠢ | ᠵᠤᠴᠢᠳ ᠢ ᠤᠭᠳᠣᠨ ᠠᠪᠤᠪᠠ᠃ | 10 ᠰᠠᠷ᠎ᠠ ᠶᠢᠨ 12 ᠤᠨ ᠡᠳᠦᠷ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ | ᠬᠤᠷᠢᠶᠠᠨ ᠤ ᠪᠠᠶᠢᠩᠭᠤ ᠶᠢᠨ ᠬᠡᠰᠢᠭᠦᠳ ︵ᠦᠷᠭᠡᠳᠭᠡᠭᠰᠡᠨ︶ ᠤᠨ ᠬᠤᠷᠠᠯ ᠢᠶᠠᠷ ︽ᠪᠦᠬᠦ ᠬᠤᠳᠠ ᠶᠢᠨ ᠨᠠᠮ ᠵᠠᠰᠠᠭ | ᠤᠨ ᠪᠠᠶᠢᠭᠤᠯᠭ᠎ᠠ ᠶᠢᠨ ᠲᠡᠳ᠋ ᠰᠢᠶᠠᠨ ᠠᠴᠠ ᠲᠡᠭᠡᠭᠰᠢᠬᠢ ᠤᠳᠣᠷᠢᠳᠬᠤ ᠺᠠᠳᠠᠷ ᠠᠷᠢᠭᠤᠨ ᠴᠢᠭᠴᠢ ᠶᠢ ᠪᠠᠲᠤᠯᠠᠵᠤ | ᠢᠯᠵᠠᠷᠠᠯ ᠢ ᠰᠡᠷᠭᠡᠶᠢᠯᠡᠬᠦ ᠲᠤᠭᠳᠠᠭᠠᠯ︾ ᠶᠢᠨ ᠶᠠᠷᠢᠯᠴᠠᠨ ᠲᠤᠭᠳᠠᠭᠠᠪᠠ᠃ | 11 ᠰᠠᠷ᠎ᠠ ᠶᠢᠨ 5 ᠤ ᠡᠳᠦᠷ᠂ ᠦᠬᠠᠢ ᠬᠤᠳᠠ ᠶᠢᠨ ᠤᠯᠤᠰ ᠤᠨ ᠤᠵᠮᠴᠵᠯᠠᠯᠳᠤ ᠡᠳ᠋ ᠬᠦᠷᠤᠩᠭᠡ ᠶᠢᠨ | ᠤᠵᠮᠴᠵᠯᠠᠬᠦ ᠡᠷᠭᠡ ᠠᠷᠠᠯᠵᠵᠶᠠᠯᠠᠬᠤ ᠭᠠᠵᠠᠷ ᠠᠵᠢᠯ ᠡᠷᠬᠢᠯᠡᠪᠡ᠃ | 12 ᠰᠠᠷ᠎ᠠ ᠶᠢᠨ 9 ᠤ ᠡᠳᠦᠷ ᠂ ᠬᠤᠳᠠ ᠶᠢᠨ ᠵᠠᠰᠠᠭ ᠤᠨ ᠣᠷᠳᠣᠨ ᠠᠴᠠ 1994 ᠣᠨ ᠤ 1 ᠰᠠᠷ᠎ᠠ | ᠶᠢᠨ 1 ᠤ ᠡᠳᠦᠷ ᠠᠴᠠ ᠡᠬᠢᠯᠡᠵᠦ ᠤᠷᠤᠨ ᠨᠤᠳᠤᠭ ᠤᠨ ᠠᠮᠤ ᠬᠦᠨᠡᠰᠦ ᠨᠥᠭᠡᠴᠡᠯᠡᠬᠦ ᠶᠢ ᠬᠡᠷᠡᠭᠵᠢᠬᠦᠯᠵᠦ᠂ ᠵᠠᠰᠠᠭ | ᠤᠨ ᠣᠷᠳᠣᠨ ᠠᠴᠠ ᠠᠮᠤ ᠪᠤᠳᠠᠭ᠎ᠠ ᠳᠤ ᠬᠤᠷᠸ᠎ᠠ ᠲᠤᠬᠢᠷᠠᠭᠤᠯᠤᠯᠳᠠ ᠬᠢᠵᠦ ᠡᠵᠡᠮᠳᠡᠬᠦ ᠶᠢ ᠴᠢᠩᠭᠠᠳᠬᠠᠪᠠ᠃ |