ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ︽ᠡᠷᠭᠢᠨ ᠬᠠᠷᠠᠬᠤ︾ ᠪᠠᠶᠢᠳᠠᠯ ᠳᠤ | ᠴᠢᠭᠯᠡᠭᠦᠯᠦᠨ᠂ ᠮᠠᠨ ᠤ ᠬᠤᠲᠠ ᠦᠳᠲᠡᠷ ᠲᠦᠷᠭᠡᠨ ᠬᠥᠳᠡᠯᠦᠯᠴᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢ | ᠴᠢᠩᠭ᠎ᠠ ᠵᠢᠷᠤᠮᠯᠠᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ | ᠪᠠᠶᠢᠩᠭᠤᠵᠢᠭᠰᠠᠨ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠡᠷᠡᠰ ᠪᠦᠷᠢᠯᠳᠦᠭᠦᠯᠵᠦ᠂ ᠠᠭᠤᠷᠬᠠᠢ ᠶᠢᠨ ᠣᠷᠣᠨ ᠤ | ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ | ᠮᠠᠨ ᠤ ᠬᠤᠲᠠ ᠶᠢᠨ ᠬᠠᠷᠢᠶ᠎ᠠ ᠲᠣᠭᠤᠷᠢᠭ ᠲᠤ ᠨᠡᠭᠦᠷᠡᠰᠦᠨ ᠠᠭᠤᠷᠬᠠᠶ ᠮᠠᠰᠢ ᠣᠯᠠᠨ ᠪᠠᠶᠢᠵᠤ᠂ | ᠰᠢᠢᠳᠪᠦᠷᠢᠯᠡᠬᠦ ᠳᠤ ᠬᠦᠴᠢᠷᠳᠡᠯ ᠶᠡᠭᠡ᠂ ᠣᠷᠴᠢᠨ ᠲᠣᠭᠤᠷᠢᠨ ᠢ ᠵᠠᠰᠠᠬᠤ ᠥᠪᠡᠷ ᠤᠨ ᠥᠷᠳᠡᠭ ᠥᠨᠳᠥᠷ ᠪᠠᠶᠢᠬᠤ | ᠠᠰᠠᠭᠤᠳᠠᠯ ᠣᠷᠣᠰᠢᠵᠤ ᠪᠠᠶᠢᠨ᠎ᠠ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ | ᠬᠢᠭᠡᠳ ᠲᠤᠯᠭᠠᠮ᠎ᠠ ᠴᠢᠨᠠᠷ᠂ ᠬᠠᠲᠠᠭᠤ ᠪᠡᠷᠬᠡᠲᠦ ᠴᠢᠨᠠᠷ ᠪᠣᠯᠤᠨ ᠪᠤᠲᠤᠯᠢᠶᠠᠨᠲᠦ ᠴᠢᠨᠠᠷ ᠢ ᠭᠦᠢᠴᠡᠳ ᠲᠠᠨᠢᠵᠤ᠂ | ᠬᠦᠴᠢᠷ ᠢ ᠬᠦᠴᠦᠯᠡᠨ ᠢᠯᠠᠨ ᠳᠠᠪᠠᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠪᠡ᠃ | ᠠᠭᠤᠷᠬᠠᠢ ᠶᠢᠨ ᠠᠵᠤ ᠠᠬᠤᠶᠢᠯᠠᠯ ᠪᠣᠯ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠭᠠᠯ | ᠤᠨᠲᠠᠷᠠᠭᠠᠬᠤ ᠥᠬᠡᠶ ᠪᠣᠯ ᠦᠢᠯᠡᠳᠪᠦᠷᠢᠯᠡᠬᠦ ᠥᠬᠡᠶ᠂ ᠤᠷᠢᠳᠠᠪᠠᠷ ᠭᠠᠯ ᠤᠨᠲᠠᠷᠠᠭᠠᠵᠤ ᠳᠠᠷᠠᠭ᠎ᠠ ᠨᠢ ᠦᠢᠯᠡᠳᠪᠦᠷᠢᠯᠡᠬᠦ | ︾ ᠵᠠᠷᠴᠢᠮ ᠢ ᠪᠠᠷᠢᠮᠲᠠᠯᠠᠨ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠰᠠᠯᠠᠭ᠎ᠠ ᠮᠥᠴᠢᠷ ᠤᠳ | ᠬᠠᠮᠲᠤᠷᠠᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ | ᠴᠢᠩᠭᠠᠳᠬᠠᠨ᠎ᠠ᠄ ᠥᠪᠡᠰᠦᠪᠡᠨ ᠰᠢᠲᠠᠬᠤ ᠶᠢ ᠵᠠᠰᠠᠬᠤ ᠶᠠᠪᠤᠴᠠ ᠳᠤ ᠢᠯᠡᠷᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠰᠢᠳᠭᠡᠨ ᠲᠣᠷᠭᠠᠬᠤ ᠡᠷᠴᠢᠮ ᠢᠶᠠᠨ ᠴᠢᠩᠭᠠᠷᠠᠭᠤᠯᠵᠤ᠂ ᠦᠢᠯᠡ ᠪᠠᠶᠢᠳᠠᠯ ᠨᠢ ᠬᠦᠨᠳᠦ | ᠨᠣᠴᠢᠲᠠᠶ ᠪᠠᠶᠢᠪᠠᠯ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠵᠤ | ᠴᠢᠨᠠᠭᠰᠢᠯᠠᠨ ᠡᠭᠦᠳᠡ ᠶᠢ ᠨᠢ ᠬᠠᠭᠠᠯᠭᠠᠨ᠎ᠠ︔ ᠰᠢᠷᠣᠶ ᠭᠠᠳᠠᠭᠰᠢᠯᠠᠭᠤᠯᠬᠤ ᠲᠠᠯᠠᠪᠠᠢ ᠠᠶᠠᠨᠳᠠᠭᠠᠨ ᠰᠢᠲᠠᠬᠤ ᠳᠤ᠂ | ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠥᠭᠡᠷᠡᠴᠢᠯᠡᠬᠦ ᠶᠢ ᠪᠠᠷᠢᠮᠲᠠᠯᠠᠵᠤ᠂ ᠴᠠᠭ ᠢᠮᠠᠭᠲᠠ ᠢᠯᠡᠷᠡᠭᠦᠯᠵᠦ ᠴᠠᠭ | ᠢᠮᠠᠭᠲᠠ ᠵᠠᠰᠠᠬᠤ ᠶᠢ ᠪᠡᠶᠡᠯᠡᠭᠦᠯᠬᠦ ᠬᠡᠷᠡᠭᠲᠡᠶ︔ ᠵᠢᠯ ᠤᠨ ᠵᠠᠰᠠᠬᠤ ᠲᠥᠯᠥᠪᠯᠡᠭᠡ ᠶᠢ ᠲᠣᠭᠲᠠᠭᠠᠵᠤ᠂ ᠲᠥᠷᠥᠯ | ᠵᠦᠢᠯ ᠤᠨ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ᠂ ︽ᠨᠢᠭᠡ ᠠᠵᠤ ᠠᠬᠤᠶᠢᠯᠠᠯ ᠤᠨ ᠨᠢᠭᠡ ᠳᠠᠩᠰᠠ | ᠡᠪᠬᠡᠮᠡᠯ︾ ᠶᠢ ᠪᠡᠶᠡᠯᠡᠭᠦᠯᠦᠨ᠎ᠡ᠃ ᠲᠡᠷᠡᠴᠢᠯᠡᠨ ᠬᠠᠮᠢᠶ᠎ᠠ ᠪᠦᠬᠦᠢ ᠬᠥᠮᠦᠰ ᠢ ᠢᠳᠡᠪᠬᠢᠲᠡᠢ ᠵᠣᠬᠢᠶᠠᠨ ᠪᠠᠶᠢᠭᠤᠯᠵᠤ᠂ | ᠵᠠᠰᠠᠯᠲᠠ ᠶᠢᠨ ᠭᠠᠵᠠᠷ ᠣᠷᠣᠨ ᠳᠤ ᠬᠦᠷᠴᠦ᠂ ᠠᠮᠵᠢᠯᠲᠠ ᠲᠠᠢ ᠵᠠᠰᠠᠯᠲᠠ ᠶᠢᠨ ᠲᠤᠷᠰᠢᠯᠭ᠎ᠠ ᠪᠣᠯᠤᠨ ᠠᠷᠭ᠎ᠠ | ᠠᠪᠴᠠᠯ ᠢ ᠨᠢ ᠰᠤᠷᠤᠯᠴᠠᠨ ᠰᠣᠯᠢᠯᠴᠠᠵᠤ᠂ ᠦᠷ᠎ᠡ ᠪᠦᠲᠦᠮᠵᠢ ᠣᠯᠤᠭᠰᠠᠨ ᠵᠠᠰᠠᠯᠲᠠ ᠶᠢᠨ ᠲᠥᠷᠥᠯ ᠵᠦᠢᠯ ᠢ | ᠲᠣᠭᠤᠷᠢᠨ ᠦᠵᠡᠵᠦ᠂ ᠰᠠᠶᠢᠨ ᠠᠷᠭ᠎ᠠ᠂ ᠠᠷᠭ᠎ᠠ ᠠᠯᠬᠤᠮ᠂ ᠲᠤᠷᠰᠢᠯᠭ᠎ᠠ᠂ ᠪᠠᠷᠢᠮᠵᠢᠶ᠎ᠠ ᠶᠢ ᠮᠠᠨ ᠤ ᠬᠤᠲᠠ ᠶᠢᠨ | ᠠᠭᠤᠷᠬᠠᠢ ᠶᠢᠨ ᠣᠷᠣᠨ ᠤ ᠥᠪᠡᠰᠦᠪᠡᠨ ᠰᠢᠲᠠᠬᠤ ᠶᠢ ᠵᠠᠰᠠᠬᠤ ᠠᠵᠢᠯ ᠳᠤ ᠬᠡᠷᠡᠭᠯᠡᠵᠦ᠂ ᠵᠠᠰᠠᠯᠲᠠ ᠶᠢᠨ ᠠᠵᠢᠯ ᠢ | ᠨᠠᠩ ᠰᠠᠶᠢᠨ ᠪᠡᠶᠡᠯᠡᠭᠦᠯᠬᠦ ᠶᠢ ᠪᠠᠲᠤᠯᠠᠪᠠ᠃ | ᠣᠳᠣᠬᠠᠨ ᠪᠣᠯᠲᠠᠯ᠎ᠠ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠠᠵᠤ | ᠦᠢᠯᠡᠳᠪᠦᠷᠢ ᠶᠢᠨ ᠳᠤᠪᠴᠢᠶᠠᠨ ᠤ ︽ᠨᠡᠭᠦᠷᠡᠰᠦᠨ ᠠᠭᠤᠷᠬᠠᠶ ︵ᠨᠡᠭᠦᠷᠡᠰᠦᠨ ᠣᠪᠣᠭ᠎ᠠ︶ ᠶᠢᠨ ᠭᠠᠯ ᠤᠨ ᠴᠡᠭ ᠢ | ᠵᠠᠰᠠᠵᠤ ᠰᠢᠯᠭᠠᠨ ᠠᠪᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠶᠣᠰᠣᠭᠠᠷ᠂ 341 ᠨᠡᠭᠦᠷᠡᠰᠦᠨ ᠠᠭᠤᠷᠬᠠᠶ | ︵ᠨᠡᠭᠦᠷᠡᠰᠦᠨ ᠣᠪᠣᠭ᠎ᠠ︶ ᠶᠢᠨ ᠭᠠᠯ ᠤᠨ ᠴᠡᠭ ᠢ ᠢᠯᠠ ᠭᠠᠯ ᠤᠨᠲᠠᠷᠠᠭᠰᠠᠨ᠂ ᠤᠲᠤᠭ᠎ᠠ ᠭᠠᠷᠤᠭᠰᠠᠨ ᠥᠬᠡᠶ᠂ | ᠢᠯᠴᠢ ᠬᠠᠳᠠᠭᠠᠯᠠᠬᠤ ᠦᠵᠡᠭᠳᠡᠯ ᠣᠷᠣᠰᠢᠬᠤ ᠥᠬᠡᠶ ᠪᠠᠶᠢᠳᠠᠯ ᠤᠨ ᠰᠢᠯᠭᠠᠨ ᠠᠪᠬᠤ ᠪᠠᠷᠢᠮᠵᠢᠶ᠎ᠠ ᠶᠣᠰᠤᠭᠠᠷ ᠨᠡᠶᠢᠲᠡ | 328 ᠶᠢ ᠰᠢᠯᠭᠠᠨ ᠠᠪᠴᠤ᠂ ᠰᠢᠯᠭᠠᠨ ᠠᠪᠤᠭᠰᠠᠨ ᠨᠣᠷᠮ᠎ᠠ ᠨᠢ 96.2 % ᠲᠤ ᠬᠦᠷᠴᠡᠶ᠃ ᠲᠥᠯᠥᠪᠯᠡᠭᠡ ᠨᠢ | 2019 ᠣᠨ ᠤ ᠡᠴᠦᠰ ᠠᠴᠠ ᠡᠮᠦᠨ᠎ᠡ 6 ᠨᠡᠭᠦᠷᠡᠰᠦᠨ ᠳᠠᠪᠬᠤᠷᠭ᠎ᠠ ᠶᠢᠨ ᠥᠪᠡᠰᠦᠪᠡᠨ ᠨᠣᠴᠣᠬᠤ ᠴᠡᠭ ᠢ ᠵᠠᠰᠠᠬᠤ | ᠡᠭᠦᠷᠭᠡ ᠶᠢ ᠪᠡᠶᠡᠯᠡᠭᠦᠯᠵᠦ᠂ ᠲᠠᠪᠤᠳᠤᠭᠠᠷ ᠰᠠᠷ᠎ᠠ ᠶᠢᠨ ᠳᠤᠮᠳᠠᠴᠢ ᠪᠣᠯᠬᠤ ᠳᠤ ᠨᠢᠭᠡᠨᠲᠡ 2039.53 ᠲᠦᠮᠡᠨ | ᠪᠣᠰᠤᠭ᠎ᠠ ᠳᠥᠷᠪᠡᠯᠵᠢᠨ ᠮᠧᠲᠷ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠵᠠᠰᠠᠬᠤ ᠪᠠᠯᠠ ᠮᠥᠩᠭᠦ ᠪᠠᠷᠤᠭ 2.7 | ᠳ᠋ᠦᠩᠰᠢᠭᠤᠷ ᠲᠥᠭᠦᠷᠢᠭ ᠣᠷᠣᠭᠤᠯᠵᠠᠶ᠃ 2020 ᠣᠨ ᠤ ᠵᠢᠯ ᠤᠨ ᠡᠴᠦᠰ ᠠᠴᠠ ᠡᠮᠦᠨ᠎ᠡ ᠨᠡᠭᠦᠷᠡᠰᠦᠨ | ᠳᠠᠪᠬᠤᠷᠭ᠎ᠠ ᠶᠢᠨ ᠥᠪᠡᠰᠦᠪᠡᠨ ᠨᠣᠴᠣᠬᠤ ᠴᠡᠭ ᠢ ᠵᠠᠰᠠᠬᠤ 7 ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ᠂ | ᠲᠠᠪᠤᠳᠤᠭᠠᠷ ᠰᠠᠷ᠎ᠠ ᠶᠢᠨ ᠳᠤᠮᠳᠠᠴᠢ ᠪᠣᠯᠬᠤ ᠳᠤ ᠪᠠᠷᠢᠯᠭ᠎ᠠ ᠶᠢᠨ ᠬᠡᠮᠵᠢᠶ᠎ᠡ ᠶᠢ ᠨᠡᠶᠢᠲᠡ 151 ᠲᠦᠮᠡᠨ ᠪᠣᠰᠤᠭ᠎ᠠ | ᠳᠥᠷᠪᠡᠯᠵᠢᠨ ᠮᠧᠲᠷ ᠪᠡᠶᠡᠯᠡᠭᠦᠯᠪᠡ᠃ | ᠵᠠᠰᠠᠬᠤ ᠮᠡᠷᠭᠡᠵᠢᠯ ᠤᠨ ᠬᠢᠵᠠᠭᠠᠷᠯᠠᠯ ᠠᠴᠠ ᠪᠣᠯᠵᠤ᠂ ᠰᠢᠷᠣᠶ ᠭᠠᠳᠠᠭᠰᠢᠯᠠᠭᠤᠯᠬᠤ ᠲᠠᠯᠠᠪᠠᠢ ᠳᠤ ᠰᠢᠨ᠎ᠡ | ᠥᠪᠡᠰᠦᠪᠡᠨ ᠰᠢᠲᠠᠬᠤ ᠪᠠ ᠳᠠᠬᠢᠨ ᠨᠣᠴᠣᠬᠤ ᠦᠵᠡᠭᠳᠡᠯ ᠵᠢᠴᠢ ᠮᠠᠨ ᠤ ᠬᠤᠲᠠ ᠶᠢᠨ ᠠᠭᠤᠷᠬᠠᠢ ᠶᠢᠨ ᠣᠷᠣᠨ ᠤ | ᠤᠯᠠᠮᠵᠢᠯᠠᠯᠲᠤ ᠨᠡᠭᠦᠷᠡᠰᠦᠨ ᠴᠢᠯᠠᠭᠤ ᠶᠢ ᠵᠠᠰᠠᠬᠤ ᠠᠷᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠵᠠᠯᠭᠠᠭᠠᠳ᠂ | ᠮᠠᠨ ᠤ ᠬᠤᠲᠠ ᠶᠢᠨ ᠡᠯ᠎ᠡ ᠰᠠᠯᠠᠭ᠎ᠠ ᠮᠥᠴᠢᠷ ᠬᠢᠨᠠᠨ ᠵᠢᠯᠣᠭᠤᠳᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠵᠠᠰᠠᠬᠤ ᠭᠤᠤᠯ ᠴᠣᠭᠴᠠ ᠶᠢᠨ ᠬᠠᠷᠢᠭᠤᠴᠠᠯᠭᠠᠲᠤ ᠰᠡᠳᠬᠢᠯᠭᠡ᠂ ᠵᠠᠰᠠᠬᠤ | ᠠᠬᠢᠴᠠ ᠪᠠᠨ ᠲᠦᠷᠭᠡᠳᠭᠡᠪᠡ︔ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠰᠢᠨ᠎ᠡ ᠮᠡᠷᠭᠡᠵᠢᠯ᠂ ᠰᠢᠨ᠎ᠡ | ᠠᠷᠭ᠎ᠠ ᠶᠢᠨ ᠰᠤᠳᠤᠯᠭᠠᠨ ᠤ ᠣᠷᠣᠭᠤᠯᠤᠯᠲᠠ ᠶᠢ ᠨᠡᠮᠡᠭᠳᠡᠭᠦᠯᠵᠦ᠂ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ | ᠠᠰᠢᠭᠯᠠᠬᠤ ᠨᠣᠷᠮ᠎ᠠ ᠢᠶᠠᠨ ᠳᠡᠭᠡᠭᠰᠢᠯᠡᠭᠦᠯᠵᠦ᠂ ᠬᠠᠶᠠᠭᠳᠠᠮᠠᠯ ᠢ ᠡᠷᠳᠡᠨᠢ ᠪᠣᠯᠭᠠᠨ ᠬᠤᠪᠢᠷᠠᠭᠤᠯᠵᠤ᠂ ᠠᠭᠤᠷᠬᠠᠢ ᠶᠢᠨ | ᠣᠷᠣᠨ ᠤ ᠰᠢᠷᠣᠶ ᠭᠠᠳᠠᠭᠰᠢᠯᠠᠭᠤᠯᠬᠤ ᠲᠠᠯᠠᠪᠠᠢ ᠵᠢᠴᠢ ᠨᠡᠭᠦᠷᠡᠰᠦᠨ ᠴᠢᠯᠠᠭᠤ ᠣᠪᠣᠭᠠᠯᠠᠬᠤ ᠲᠠᠯᠠᠪᠠᠢ ᠶᠢᠨ ᠨᠡᠭᠦᠷᠡᠰᠦᠨ | ᠴᠢᠯᠠᠭᠤ ᠶᠢ ᠬᠠᠳᠠᠭᠠᠯᠠᠬᠤ ᠬᠡᠮᠵᠢᠶ᠎ᠡ ᠶᠢ ᠦᠨᠳᠦᠰᠦᠨ ᠠᠴᠠ ᠨᠢ ᠪᠠᠭᠠᠰᠬᠠᠵᠤ᠂ ᠥᠪᠡᠰᠦᠪᠡᠨ ᠰᠢᠲᠠᠬᠤ ᠦᠵᠡᠭᠳᠡᠯ | ᠭᠠᠷᠬᠤ ᠶᠢ ᠪᠠᠭᠠᠰᠬᠠᠬᠤ ᠪᠤᠶᠤ ᠴᠢᠨᠠᠭᠰᠢᠯᠠᠪᠠᠯ ᠬᠤᠷᠢᠭᠯᠠᠬᠤ ᠬᠡᠷᠡᠭᠲᠡᠶ︔ ᠮᠠᠨ ᠤ ᠬᠤᠲᠠ ᠶᠢᠨ ᠣᠨᠴᠠᠭᠠᠢ ᠭᠠᠵᠠᠷ | ᠰᠢᠨᠵᠢᠯᠡᠭᠡᠨ ᠤ ᠨᠥᠬᠦᠴᠡᠯ ᠳᠤ ᠲᠣᠬᠢᠷᠠᠭᠰᠠᠨ ᠨᠡᠭᠦᠷᠡᠰᠦᠨ ᠳᠠᠪᠬᠤᠷᠭ᠎ᠠ ᠶᠢᠨ ᠥᠪᠡᠰᠦᠪᠡᠨ ᠰᠢᠲᠠᠬᠤ ᠶᠢ | ᠰᠢᠢᠳᠪᠦᠷᠢᠯᠡᠬᠦ ᠮᠡᠷᠭᠡᠵᠢᠯ ᠢ ᠦᠷᠭᠦᠯᠵᠢᠯᠡᠨ ᠰᠤᠳᠤᠯᠤᠨ ᠰᠦᠪᠡᠭᠴᠢᠯᠡᠨ᠎ᠡ᠃ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠨᠢ ᠭᠠᠵᠠᠷ ᠣᠷᠣᠨ ᠤ | ᠠᠯᠤᠰ ᠬᠡᠲᠦ ᠶᠢᠨ ᠬᠥᠭᠵᠢᠯᠲᠡ ᠲᠠᠢ ᠬᠤᠯᠪᠣᠭᠳᠠᠵᠤ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ | ᠲᠣᠭᠤᠷᠢᠨ ᠤ ᠰᠠᠶᠢᠵᠢᠷᠠᠯᠲᠠ ᠲᠠᠢ ᠬᠤᠯᠪᠣᠭᠳᠠᠨ᠎ᠠ᠃ ᠪᠦᠬᠦ ᠬᠤᠲᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠪᠣᠯᠤᠨ ︽ | ᠡᠷᠭᠢᠨ ᠬᠠᠷᠠᠬᠤ︾ ᠶᠢ ᠡᠷᠡᠰ ᠰᠠᠶᠢᠲᠤᠷ ᠠᠳᠬᠤᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠵᠢᠭᠠᠨ ᠭᠠᠷᠭᠠᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ | ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠨᠡᠶᠢᠭᠡᠮ ᠤᠨ ᠦᠷ᠎ᠡ ᠠᠰᠢᠭ᠂ ᠣᠷᠴᠢᠨ ᠲᠣᠭᠤᠷᠢᠨ ᠤ ᠦᠷ᠎ᠡ | ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠦ | ᠵᠢᠭᠠᠵᠤ ᠭᠠᠷᠭᠠᠪᠠ᠃ |