ᠡᠨᠡ ᠵᠢᠯ ᠠᠴᠠ ᠨᠠᠭᠠᠰᠢ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠬᠤᠲᠠ ᠲᠣᠭᠤᠷᠢᠭ ᠢ ᠨᠢᠭᠡ ᠴᠣᠭᠴᠠᠵᠢᠭᠤᠯᠬᠤ ᠠᠵᠢᠯ ᠤᠨ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ | ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠦᠴᠦᠨ ᠴᠢᠳᠠᠪᠤᠷᠢ ᠪᠠ ᠬᠢᠨᠠᠨ ᠪᠠᠶᠢᠴᠠᠭᠠᠬᠤ ᠶᠠᠰᠤ ᠴᠢᠨᠠᠷ ᠢ | ᠯᠠᠪᠳᠠᠭᠤᠨ ᠢᠶᠠᠷ ᠳᠡᠭᠡᠭᠰᠢᠯᠡᠭᠦᠯᠵᠦ᠂ ᠠᠵᠢᠯ ᠤᠨ ᠣᠶᠢᠯᠠᠭᠠᠭᠳᠠᠬᠤᠨ᠂ ᠲᠣᠭᠲᠠᠴᠠ᠂ ᠠᠷᠭ᠎ᠠ ᠪᠠᠷᠢᠯ ᠪᠠ | ᠴᠢᠳᠠᠪᠤᠷᠢ ᠶᠢ ᠪᠥᠬᠦ ᠲᠠᠯ᠎ᠠ ᠪᠠᠷ ᠳᠡᠰ ᠳᠡᠪᠰᠢᠭᠦᠯᠵᠦ᠂ ᠪᠥᠬᠦ ᠬᠤᠲᠠ ᠶᠢᠨ ᠤᠯᠤᠰ ᠲᠥᠷᠥ ᠶᠢᠨ ᠠᠮᠢ ᠠᠬᠤᠶ ᠶᠢ | ᠴᠡᠪᠡᠷᠰᠢᠭᠦᠯᠬᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ | | ᠲᠤᠰᠬᠠᠶ ᠵᠠᠰᠠᠯᠲᠠ ᠶᠢ ᠭᠦᠨᠵᠡᠭᠡᠶᠢᠷᠡᠭᠦᠯᠦᠨ᠎ᠡ᠃ | ᠡᠨᠡ ᠵᠢᠯ ᠠᠴᠠ ᠨᠠᠭᠠᠰᠢ᠂ ᠮᠠᠨ ᠤ ᠬᠤᠲᠠ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠱᠠᠲᠤ ᠬᠤᠪᠢᠶᠠᠨ ᠰᠣᠩᠭᠤᠨ ᠪᠠᠶᠢᠴᠠᠭᠠᠵᠤ ᠲᠤᠰᠢᠶᠠᠯ ᠤᠨ ᠮᠡᠳᠡᠭᠦᠯᠦᠯᠲᠡ ᠬᠢᠬᠦ᠂ ᠨᠠᠮ | ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ ᠬᠠᠮᠲᠤ ᠪᠠᠷ ᠶᠠᠷᠢᠯᠴᠠᠬᠤ᠂ ᠵᠢᠯ ᠤᠨ ᠬᠢᠨᠠᠨ ᠰᠢᠯᠭᠠᠯᠲᠠ ᠳᠤ | ᠡᠴᠦᠰ ᠤᠨ ᠪᠠᠶᠢᠷᠢ ᠳᠤ ᠪᠠᠶᠢᠭ᠎ᠠ ᠨᠥᠬᠦᠳ ᠲᠠᠢ ᠪᠣᠯᠵᠣᠨ ᠶᠠᠷᠢᠯᠴᠠᠬᠤ ᠵᠡᠷᠭᠡ ᠠᠵᠢᠯ ᠢ ᠡᠮᠬᠢ ᠵᠢᠷᠤᠮ ᠲᠠᠢ ᠪᠠᠷ | ᠥᠷᠨᠢᠭᠦᠯᠵᠦ᠂ ᠪᠦᠬᠦ ᠬᠤᠲᠠ ᠶᠢᠨ ᠰᠠᠯᠠᠭ᠎ᠠ ᠮᠥᠴᠢᠷ ᠪᠠ ᠨᠢᠭᠡᠴᠢ ᠶᠢᠨ 1339 ᠤᠳᠤᠷᠢᠳᠬᠤ ᠺᠠᠳ᠋ᠷ ᠲᠠᠢ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠰᠠᠨᠠᠭᠤᠯᠤᠮᠵᠢ ᠥᠭᠴᠦ ᠶᠠᠷᠢᠯᠴᠠᠨ᠂ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ ᠴᠢᠩᠭ᠎ᠠ ᠠᠳᠬᠤᠪᠠ᠃ | ᠦᠨᠳᠦᠰᠦᠨ ᠱᠠᠲᠤᠨ ᠤ ᠢᠯᠵᠢᠷᠡᠯ ᠪᠠ ᠰᠤᠷᠲᠠᠯ ᠤᠨ ᠠᠰᠠᠭᠤᠳᠠᠯ ᠢ ᠪᠦᠲᠦᠮᠵᠢᠲᠡᠢ ᠬᠤᠷᠢᠭᠯᠠᠵᠤ᠂ ᠲᠤᠰᠬᠠᠢ | ᠵᠠᠰᠠᠨ ᠴᠡᠭᠴᠡᠯᠡᠯᠲᠡ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠳᠠᠭᠠᠭᠠᠴᠢᠯᠠᠨ | ᠬᠤᠯᠪᠣᠭᠠᠯᠠᠵᠤ ᠲᠤᠰᠬᠠᠢ ᠵᠠᠰᠠᠨ ᠴᠡᠭᠴᠡᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰᠬᠠᠢ ᠵᠠᠰᠠᠨ ᠴᠡᠭᠴᠡᠯᠡᠬᠦ | ᠠᠵᠢᠯ ᠤᠨ ᠭᠤᠣᠯᠳᠠᠯᠭ᠎ᠠ ᠶᠢ ᠳᠣᠪᠣᠶᠢᠯᠭᠠᠬᠤ ᠶᠢ ᠪᠠᠲᠤᠯᠠᠵᠤ᠂ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠤᠨ᠎ᠠ᠃ | ᠲᠣᠭᠲᠠᠭᠠᠯ ᠠᠴᠠ ᠵᠥᠷᠢᠴᠡᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠢ ᠳᠠᠩᠰᠠᠨ ᠠᠴᠠ ᠲᠠᠶᠢᠯᠬᠤ ᠪᠠ | ᠲᠣᠭᠲᠠᠭᠠᠯ ᠠᠴᠠ ᠵᠥᠷᠢᠴᠡᠨ ᠨᠡᠮᠡᠭᠦᠷᠢ ᠮᠥᠩᠭᠦ ᠨᠥᠬᠦᠪᠥᠷᠢ ᠮᠥᠩᠭᠦ ᠥᠭᠬᠦ ᠠᠰᠠᠭᠤᠳᠠᠯ ᠢ ᠴᠡᠭᠴᠡᠯᠡᠨ ᠵᠠᠰᠠᠬᠤ ᠶᠢ | ᠦᠷᠭᠦᠯᠵᠢᠯᠡᠨ ᠠᠬᠢᠭᠤᠯᠵᠤ᠂ ᠲᠣᠭᠲᠠᠭᠠᠯ ᠠᠴᠠ ᠵᠥᠷᠢᠴᠡᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠢ | ᠨᠡᠶᠢᠲᠡ 443.56 ᠲᠦᠮᠡᠨ ᠲᠥᠭᠦᠷᠢᠭ ᠪᠤᠴᠠᠭᠠᠯᠭᠠᠵᠤ᠂ ᠲᠣᠭᠲᠠᠭᠠᠯ ᠠᠴᠠ ᠵᠥᠷᠢᠴᠡᠨ ᠨᠡᠮᠡᠭᠦᠷᠢ ᠮᠥᠩᠭᠦ | ᠨᠥᠬᠦᠪᠥᠷᠢ ᠮᠥᠩᠭᠦ᠂ ᠠᠰᠠᠷᠠᠮᠵᠢ ᠶᠢᠨ ᠵᠠᠷᠤᠳᠠᠯ 1407.02 ᠲᠦᠮᠡᠨ ᠲᠥᠭᠦᠷᠢᠭ ᠪᠤᠴᠠᠭᠠᠯᠭᠠᠪᠠ᠃ ᠶᠠᠳᠠᠭᠤ ᠶᠢ | ᠲᠡᠳᠬᠦᠬᠦ ᠪᠡᠯᠡ ᠮᠥᠩᠭᠦ ᠰᠠᠭᠠᠲᠠᠬᠤ ᠰᠤᠯᠠ ᠪᠠᠶᠢᠬᠤ ᠠᠰᠠᠭᠤᠳᠠᠯ ᠢ ᠲᠤᠰᠬᠠᠶ ᠵᠦᠢᠯ ᠢᠶᠠᠷ ᠪᠠᠶᠢᠴᠠᠭᠠᠨ ᠰᠤᠳᠤᠯᠵᠤ | ᠬᠢᠨᠠᠨ ᠵᠢᠯᠣᠭᠤᠳᠬᠤ ᠶᠢ ᠥᠷᠨᠢᠭᠦᠯᠵᠦ᠂ ᠶᠠᠳᠠᠭᠤ ᠶᠢ ᠲᠡᠳᠬᠦᠬᠦ ᠡᠯ᠎ᠡ ᠲᠥᠷᠥᠯ ᠤᠨ ᠪᠡᠯᠡ ᠮᠥᠩᠭᠦ ᠶᠢ ᠬᠢᠨᠠᠨ | ᠬᠠᠮᠢᠶᠠᠷᠴᠤ ᠬᠡᠷᠡᠭᠯᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠡᠨᠡ ᠵᠢᠯ ᠠᠴᠠ ᠨᠠᠭᠠᠰᠢ᠂ ᠪᠥᠬᠦ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠤᠰᠬᠠᠶᠢᠯᠠᠨ ᠵᠠᠰᠠᠬᠤ ᠠᠰᠠᠭᠤᠳᠠᠯ ᠤᠨ | ᠰᠦᠪᠡᠭᠴᠢ ᠶᠢ ᠨᠡᠶᠢᠲᠡ 318 ᠰᠢᠢᠳᠪᠦᠷᠢᠯᠡᠵᠦ᠂ 40 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ | ᠶᠠᠪᠤᠳᠠᠯ ᠤᠨ ᠰᠢᠳᠭᠡᠯ ᠥᠭᠴᠦ᠂ 71 ᠬᠥᠮᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠵᠦ᠂ 10 ᠪᠦᠯᠦᠭ 12 | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠵᠦ ᠢᠯᠡᠴᠢᠯᠡᠪᠡ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠲᠣᠤᠷ ᠡᠪᠳᠡᠵᠦ ᠰᠢᠬᠦᠷ ᠴᠣᠬᠢᠬᠤ︾ | ᠭᠤᠤᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠬᠢᠨ ᠲᠡᠷᠡ ᠳᠠᠷᠤᠶ ᠳᠤᠨᠢ ᠬᠤᠲᠠ ᠲᠣᠭᠤᠷᠢᠭ ᠬᠤᠶᠠᠷ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠭᠤᠤᠯᠯᠠᠭᠴᠢ ᠬᠦᠴᠦᠨ ᠳᠤ ︽ᠲᠣᠤᠷ ᠡᠪᠳᠡᠵᠦ ᠰᠢᠬᠦᠷ | ᠴᠣᠬᠢᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠤᠰᠬᠠᠶ ᠬᠡᠷᠡᠭ ᠤᠨ ᠳᠤᠭᠤᠶᠢᠯᠠᠩ ᠢ ᠪᠠᠶᠢᠭᠤᠯᠵᠤ᠂ ᠵᠢᠭᠠᠨ | ᠲᠣᠭᠲᠠᠭᠠᠵᠤ ᠪᠠᠶᠢᠴᠠᠭᠠᠨ ᠰᠢᠢᠳᠪᠦᠷᠢᠯᠡᠬᠦ᠂ ᠲᠡᠰ ᠳᠡᠪᠰᠢᠭᠦᠯᠵᠦ ᠪᠠᠶᠢᠴᠠᠭᠠᠨ ᠰᠢᠢᠳᠪᠦᠷᠢᠯᠡᠬᠦ᠂ ᠫᠠᠶᠢᠰᠠ ᠡᠯᠭᠦᠨ | ᠱᠠᠯᠠᠪᠳᠠᠭᠤᠯᠤᠨ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ᠂ ᠬᠡᠷᠡᠭ ᠰᠢᠢᠳᠪᠦᠷᠢᠯᠡᠬᠦ ᠬᠠᠷᠰᠢ ᠰᠠᠭᠠᠳ ᠢ | ᠪᠠᠭᠠᠰᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠲᠦᠷᠭᠡᠨ ᠪᠠᠶᠢᠴᠠᠭᠠᠵᠤ | ᠲᠦᠷᠭᠡᠨ ᠰᠢᠢᠳᠪᠦᠷᠢᠯᠡᠬᠦ᠂ ᠲᠦᠷᠭᠡᠨ ᠰᠢᠢᠳᠪᠦᠷᠢᠯᠡᠵᠦ ᠲᠦᠷᠭᠡᠨ ᠮᠡᠳᠡᠭᠦᠯᠬᠦ ᠬᠡᠷᠡᠭᠲᠡᠶ᠃ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠲᠦᠷᠦᠭᠦᠯᠡᠨ ᠬᠠᠤᠯᠢ ᠪᠠᠶᠢᠴᠠᠭᠠᠬᠤ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠬᠤᠯᠪᠣᠭᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠬᠡᠷᠡᠭ ᠢ ᠰᠢᠭᠰᠢᠨ ᠪᠠᠶᠢᠴᠠᠭᠠᠬᠤ ᠬᠠᠮᠲᠤᠷᠠᠭᠰᠠᠨ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠲᠤᠰᠬᠠᠢ ᠭᠤᠣᠯᠯᠠᠭᠴᠢ ᠡᠲᠡᠭᠡᠳ ᠬᠠᠮᠲᠤᠷᠠᠨ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠬᠤᠲᠠ ᠶᠢᠨ | ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠵᠢᠴᠢ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠪᠦᠬᠦ ᠬᠤᠲᠠ ᠶᠢᠨ ᠨᠥᠯᠥᠭᠡ ᠮᠠᠭᠤ᠂ ᠣᠯᠠᠨ ᠲᠦᠮᠡᠨ ᠤ ᠲᠤᠰᠬᠠᠯ ᠴᠢᠩᠭ᠎ᠠ ᠬᠦᠨᠳᠦ ᠶᠡᠭᠡ | ᠡᠷᠡᠭᠦᠦ ᠶᠢᠨ ᠬᠡᠷᠡᠭ ᠢ ᠨᠢᠭᠡᠳ ᠨᠢᠭᠡ ᠪᠠᠷ ᠰᠢᠭᠰᠢᠨ ᠪᠠᠶᠢᠴᠠᠭᠠᠵᠤ ᠡᠮᠬᠢᠯᠡᠪᠡ᠃ ᠣᠳᠣᠬᠠᠨ ᠳᠤ᠂ ᠨᠢᠭᠡᠨᠲᠡ | ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ 66 ᠬᠥᠮᠦᠨ ᠢ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ | ᠰᠢᠢᠳᠪᠦᠷᠢᠯᠡᠵᠦ᠂ 27 ᠬᠥᠮᠥᠨ ︵ᠰᠢᠶᠠᠨ ᠤ 5 ᠬᠥᠮᠥᠨ︶ ᠳᠤ ᠨᠠᠮ ᠤᠨ ᠰᠠᠬᠢᠯᠭ᠎ᠠ ᠪᠠᠲᠤ ᠵᠠᠰᠠᠭ ᠤᠨ | ᠶᠠᠪᠤᠳᠠᠯ ᠤᠨ ᠰᠢᠳᠭᠡᠯ ᠥᠭᠴᠦ᠂ 4 ᠬᠥᠮᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠵᠡᠢ᠃ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠪᠠᠰᠠ ᠲᠥᠪ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠤᠳᠠᠭᠠᠨ ᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠬᠤ ᠶᠢ ᠢᠳᠡᠪᠬᠢᠲᠡᠢ ᠱᠠᠯᠠᠪᠳᠠᠭᠤᠯᠤᠨ ᠱᠠᠭᠠᠷᠳᠠᠵᠤ᠂ ᠣᠳᠣᠬᠠᠨ ᠳᠤ᠂ ᠰᠢᠯᠵᠢᠭᠦᠯᠦᠨ ᠬᠦᠷᠭᠡᠭᠰᠡᠨ ᠪᠠ | ᠲᠤᠰᠢᠶᠠᠨ ᠰᠢᠢᠳᠪᠦᠷᠢᠯᠡᠭᠦᠯᠦᠭᠰᠡᠨ ᠰᠦᠪᠡᠭᠴᠢ ᠶᠢ ᠪᠦᠬᠦᠨ ᠢ ᠰᠢᠢᠳᠪᠦᠷᠢᠯᠡᠵᠦ᠂ ᠳᠣᠯᠣᠳᠤᠭᠠᠷ ᠬᠤᠭᠤᠴᠠᠭᠠᠨ ᠤ | ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢ ᠪᠡᠶᠡᠯᠡᠭᠦᠯᠵᠦ᠂ 13 | ᠰᠠᠯᠠᠭ᠎ᠠ ᠮᠥᠴᠢᠷ ᠲᠤ ᠤᠯᠤᠰ ᠲᠥᠷᠦ ᠶᠢᠨ ᠪᠠᠶᠢᠴᠠᠭᠠᠯᠲᠠ ᠬᠢᠵᠦ᠂ 125 ᠠᠰᠠᠭᠤᠳᠠᠯ ᠢ ᠢᠯᠡᠷᠡᠭᠦᠯᠵᠦ᠂ 32 | ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠪᠠ︔ ︽ᠭᠤᠷᠪᠠᠨ ᠴᠢᠬᠤᠯᠠ ᠨᠢᠭᠡ ᠶᠡᠭᠡ︾ ︽ᠭᠤᠷᠪᠠᠨ | ᠬᠤᠷᠠᠯ ᠨᠢᠭᠡ ᠬᠢᠴᠢᠶᠡᠯ︾ ᠤᠨ ᠬᠤᠯᠪᠣᠭᠳᠠᠯ ᠪᠦᠬᠦᠢ ᠠᠰᠠᠭᠤᠳᠠᠯ 169 ᠢ ᠴᠡᠭᠴᠡᠯᠡᠨ ᠰᠠᠶᠢᠵᠢᠷᠠᠭᠤᠯᠬᠤ ᠶᠢ | ᠱᠠᠯᠠᠪᠳᠠᠭᠤᠯᠪᠠ︔ ᠬᠤᠲᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠤᠨ ᠤᠳᠤᠷᠢᠳᠬᠤ ᠪᠠᠭ ᠨᠡᠶᠢᠲᠡ 99 ᠪᠦᠯᠦᠭ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ᠂ | ᠺᠠᠳ᠋ᠷ ᠤᠨ ᠨᠡᠷ᠎ᠡ ᠶᠢ ᠲᠥᠪ ᠪᠣᠯᠭᠠᠬᠤ ᠪᠠᠶᠢᠩᠭᠤᠵᠢᠭᠰᠠᠨ ᠲᠣᠭᠲᠠᠴᠠ ᠶᠢ ᠰᠦᠪᠡᠭᠴᠢᠯᠡᠨ ᠲᠣᠭᠲᠠᠭᠠᠵᠤ᠂ ᠺᠠᠳ᠋ᠷ ᠤᠨ | ᠪᠠᠶᠢᠳᠠᠯ ᠢ ᠬᠥᠭᠵᠢᠭᠡᠪᠡ︔ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠠᠮᠢᠶ᠎ᠠ ᠪᠦᠬᠦᠢ ᠰᠦᠪᠡᠭᠴᠢ ᠶᠢ 70 | ᠬᠤᠪᠢ ᠰᠢᠢᠳᠪᠦᠷᠢᠯᠡᠵᠦ᠂ 13 ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠳᠭᠡᠯ ᠥᠭᠴᠦ᠂ | 57 ᠬᠥᠮᠦᠨ ᠢ ᠵᠣᠬᠢᠶᠠᠨ ᠪᠠᠶᠢᠭᠤᠯᠤᠨ ᠰᠢᠢᠳᠪᠦᠷᠢᠯᠡᠪᠡ᠃ ᠲᠡᠷᠡ ᠪᠠᠰᠠ ︽ᠠᠷᠢᠭᠤᠨ ᠴᠢᠬᠡᠴᠢ ᠺᠠᠳ᠋ᠷ︾ ᠢ ᠨᠡᠶᠢᠲᠡ | 803 ᠬᠥᠮᠦᠨ ᠰᠣᠩᠭᠤᠵᠤ᠂ ︽ᠢᠳᠡᠪᠬᠢ ᠬᠦᠴᠦᠨ︾ ᠢ ᠪᠦᠬᠦ ᠨᠡᠶᠢᠭᠡᠮ ᠳᠤ ᠥᠷᠭᠡᠨ ᠢᠶᠠᠷ ᠳᠠᠮᠵᠢᠭᠤᠯᠪᠠ᠃ | | ︽ᠶᠡᠭᠡ ᠬᠢᠨᠠᠯᠲᠠ ᠲᠠᠯᠪᠢᠬᠤ︾ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ | ᠡᠳᠦᠷ ᠲᠤᠲᠤᠮ ᠤᠨ ᠬᠢᠨᠠᠯᠲᠠ ᠶᠢ ᠨᠠᠩ ᠣᠨᠣᠪᠴᠢᠲᠠᠶ ᠪᠥᠭᠡᠳ ᠪᠦᠲᠦᠮᠵᠢᠲᠡᠶ ᠪᠣᠯᠭᠠᠬᠤ ᠶᠢᠨ ᠲᠥᠯᠥᠭᠡ᠂ | ᠮᠠᠨ ᠤ ᠬᠤᠲᠠ ︽323︾ ᠬᠢᠨᠠᠯᠲᠠ ᠲᠠᠯᠪᠢᠬᠤ ᠬᠠᠤᠯᠢ ᠶᠢ ᠰᠦᠪᠡᠭᠴᠢᠯᠡᠨ ᠪᠠᠶᠢᠭᠤᠯᠪᠠ᠃ 3 ᠬᠢᠨᠠᠯᠲᠠ ᠲᠠᠯᠪᠢᠬᠤ | ᠪᠦᠯᠬᠦᠮ ᠢᠶᠠᠷ ᠰᠠᠭᠤᠷᠢ ᠪᠣᠯᠭᠠᠵᠤ᠂ ᠤᠯᠤᠰ ᠲᠥᠷᠥ ᠶᠢᠨ ᠬᠢᠨᠠᠯᠲᠠ ᠲᠠᠯᠪᠢᠬᠤ ᠪᠠᠷ ᠭᠤᠤᠯ ᠪᠣᠯᠭᠠᠭᠰᠠᠨ ︽ᠨᠠᠷᠢᠨ | ᠳᠠᠩᠰᠠ︾ ᠶᠢ ᠨᠢᠭᠡᠳᠦᠯᠲᠡᠶ ᠲᠣᠭᠲᠠᠭᠠᠵᠤ᠂ ᠬᠢᠨᠠᠯᠲᠠ ᠲᠠᠯᠪᠢᠭᠳᠠᠵᠤ ᠪᠠᠶᠢᠭ᠎ᠠ ᠨᠢᠭᠡᠴᠡ ᠶᠢᠨ ᠡᠭᠦᠷᠭᠡ ᠴᠢᠳᠠᠪᠤᠷᠢ ᠶᠢ | ᠦᠨᠳᠦᠰᠦᠯᠡᠨ ︽ᠥᠪᠡᠷᠮᠢᠴᠡ ᠴᠢᠨᠠᠷ ᠤᠨ ᠨᠠᠷᠢᠨ ᠳᠠᠩᠰᠠ︾ ᠶᠢ ᠲᠣᠭᠲᠠᠭᠠᠵᠤ᠂ ︽ᠵᠢᠯ ᠤᠨ ᠡᠬᠢᠨ ᠳᠤ | ᠶᠠᠷᠢᠯᠴᠠᠵᠤ ᠰᠡᠷᠡᠮᠵᠢᠯᠡᠭᠦᠯᠦᠨ ᠬᠠᠷᠢᠭᠤᠴᠠᠯᠭ᠎ᠠ ᠶᠢ ᠳᠠᠷᠤᠬᠤ᠂ ᠵᠢᠯ ᠤᠨ ᠳᠤᠮᠳᠠ ᠮᠥᠷᠳᠡᠨ ᠬᠢᠨᠠᠯᠲᠠ ᠲᠠᠯᠪᠢᠵᠤ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠵᠢᠯ ᠤᠨ ᠡᠴᠦᠰ ᠲᠤ ᠬᠢᠨᠠᠨ ᠰᠢᠯᠭᠠᠵᠤ ᠦᠨᠡᠯᠡᠯᠲᠡ ᠬᠢᠵᠦ ᠦᠷ᠎ᠡ | ᠪᠦᠲᠦᠮᠵᠢ ᠶᠢ ᠠᠰᠠᠭᠤᠬᠤ︾ 3 ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠬᠦᠴᠦᠯᠡᠵᠦ | ᠂ ᠲᠦᠯ ᠤᠨ ᠣᠨᠣᠪᠴᠢᠲᠠᠶ ᠪᠠᠷ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ︽ᠶᠡᠭᠡ ᠬᠢᠨᠠᠯᠲᠠ ᠲᠠᠯᠪᠢᠬᠤ︾ | ᠰᠢᠰᠲ᠋ᠧᠮ ᠤᠨ ᠪᠦᠷᠬᠦᠴᠡ ᠳᠣᠤᠷ᠎ᠠ᠂ ᠡᠨᠡ ᠵᠢᠯ ᠠᠴᠠ ᠨᠠᠰᠢ᠂ ᠮᠠᠨ ᠤ ᠬᠤᠲᠠ 1213 ᠳᠠᠩᠰᠠ ᠡᠪᠬᠡᠮᠡᠯ | ᠪᠠᠶᠢᠭᠤᠯᠵᠤ ᠱᠠᠯᠠᠪᠳᠠᠭᠤᠯᠤᠨ ᠪᠠᠶᠢᠴᠠᠭᠠᠵᠤ ᠵᠠᠰᠠᠪᠤᠷᠢ ᠣᠷᠣᠭᠤᠯᠤᠭᠰᠠᠨ ᠠᠰᠠᠭᠤᠳᠠᠯ ᠢ ᠢᠯᠡᠷᠡᠭᠦᠯᠵᠦ᠂ 56 | ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠪᠠ ︽ᠳᠥᠷᠪᠡᠨ ᠰᠤᠷᠲᠠᠯ︾ ᠤᠨ ᠠᠰᠠᠭᠤᠳᠠᠯ ᠤᠨ ᠨᠡᠶᠢᠲᠡᠯᠢᠭ | ᠬᠡᠷᠡᠭ ᠤᠨ ᠵᠢᠱᠢᠶ᠎ᠡ ᠶᠢ 9 ᠪᠦᠯᠦᠭ 13 ᠤᠳᠠᠭ᠎ᠠ ᠵᠠᠷᠯᠠᠨ ᠮᠡᠳᠡᠭᠳᠡᠪᠡ᠃ | ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠣᠯ ᠬᠢᠨᠠᠯᠲᠠ ᠲᠠᠯᠪᠢᠬᠤ ᠰᠢᠰᠲ᠋ᠧᠮ ᠳᠠᠬᠢ ᠳᠤᠲᠠᠭᠳᠠᠵᠤ | ᠪᠣᠯᠤᠰᠢ ᠦᠭᠡᠢ ᠨᠢᠭᠡ ᠭᠤᠭᠴᠤᠭ᠎ᠠ ᠪᠣᠯᠤᠨ᠎ᠠ᠃ ᠮᠠᠨ ᠤ ᠬᠤᠲᠠ ᠦᠬᠠᠶ ᠬᠤᠲᠠ ᠶᠢᠨ ᠤᠶᠤᠨᠲᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠥᠪ ᠢ ᠪᠠᠶᠢᠭᠤᠯᠵᠤ᠂ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ | ᠲᠠᠪᠴᠠᠩ᠂ ᠤᠶᠤᠨᠲᠤ ᠲᠡᠮᠳᠡᠭᠯᠡᠯ ᠵᠡᠷᠭᠡ ᠬᠥᠩᠭᠡᠨ ᠲᠡᠰ ᠤᠨ ᠬᠡᠷᠡᠭᠯᠡᠭᠡᠨ ᠤ ᠪᠦᠯᠦᠭᠯᠡᠯ ᠢ ᠨᠡᠭᠡᠭᠡᠨ ᠬᠥᠭᠵᠢᠭᠦᠯᠵᠦ᠂ | ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠠᠮᠵᠢᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ | ᠠᠯᠪᠠᠨ ᠲᠡᠷᠭᠡ ᠶᠢ ᠬᠤᠪᠢ ᠪᠠᠷ ᠢᠶᠠᠨ ᠬᠡᠷᠡᠭᠯᠡᠬᠦ ᠠᠰᠠᠭᠤᠳᠠᠯ ᠤᠨ ᠰᠦᠪᠡᠭᠴᠢ ᠶᠢ 11 ᠣᠯᠵᠤ ᠮᠡᠳᠡᠭᠰᠡᠨ ᠪᠥᠭᠡᠳ | ᠲᠦᠷᠭᠡᠨ ᠪᠠᠶᠢᠴᠠᠭᠠᠵᠤ᠂ ᠪᠦᠬᠦ ᠬᠤᠲᠠ ᠶᠢᠨ ᠶᠠᠳᠠᠭᠤ ᠬᠦᠴᠢᠷᠳᠡᠯᠲᠡᠶ ᠡᠷᠦᠬᠡ ᠶᠢᠨ ᠲᠤᠭ᠎ᠠ ᠪᠠᠷᠢᠮᠲᠠ ᠶᠢ | ᠬᠠᠷᠭᠤᠭᠤᠯᠤᠨ ᠪᠠᠶᠢᠴᠠᠭᠠᠬᠤ ᠰᠡᠵᠢᠭᠲᠡᠶ ᠴᠡᠭ ᠤᠨ ᠮᠡᠳᠡᠭᠡ ᠵᠠᠩᠭᠢ ᠪᠠ ᠠᠰᠠᠭᠤᠳᠠᠯ ᠤᠨ ᠰᠦᠪᠡᠭᠴᠢ ᠶᠢ ᠪᠤᠳᠤᠪᠠᠯ᠂ | ︽ᠬᠥᠮᠦᠨ ᠬᠠᠷᠠᠵᠤ ᠰᠠᠬᠢᠬᠤ︾ ᠶᠢ ︽ᠲᠤᠭ᠎ᠠ ᠪᠠᠷᠢᠮᠲᠠ ᠶᠢ ᠬᠠᠷᠠᠵᠤ ᠰᠡᠷᠭᠡᠶᠢᠯᠡᠬᠦ︾ ᠲᠡᠶᠢᠰᠢ ᠬᠤᠪᠢᠷᠠᠭᠤᠯᠬᠤ ᠶᠢ | ᠠᠬᠢᠭᠤᠯᠪᠠ᠃ | | ᠬᠡᠷᠡᠭ ᠰᠢᠢᠳᠪᠦᠷᠢᠯᠡᠬᠦ ᠰᠢᠯᠢᠳᠡᠭ ᠡᠩᠨᠡᠭᠡ ᠶᠢ ᠳᠠᠪᠲᠠᠨ ᠪᠣᠯᠪᠠᠰᠤᠷᠠᠭᠤᠯᠬᠤ᠃ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠠᠴᠠ ᠪᠦᠬᠦ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢ ᠴᠠᠭ ᠲᠤᠬᠠᠶ ᠳᠤᠨᠢ ᠳᠠᠭᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ | ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠰᠤᠷᠤᠯᠴᠠᠨ ᠰᠡᠳᠬᠢᠨ ᠰᠡᠳᠬᠢᠵᠦ ᠦᠢᠯᠡᠳᠦᠯᠭᠡᠵᠢᠭᠦᠯᠦᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ | ᠪᠠᠷᠢᠮᠲᠠᠯᠠᠵᠤ᠂ ︽ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠲᠤᠰᠬᠠᠶ ᠰᠡᠳᠦᠪ ᠢ ᠨᠠᠷᠢᠨ ᠬᠢᠨᠠᠮᠠᠭᠠᠶ | ᠥᠷᠨᠢᠭᠦᠯᠵᠦ᠂ 7 ᠤᠳᠠᠭ᠎ᠠ ᠶᠢᠨ ᠤᠨᠤᠯ ᠰᠤᠷᠤᠯᠴᠠᠬᠤ ᠭᠤᠤᠯ ᠳᠤᠭᠤᠶᠢᠯᠠᠩ ᠢ ᠵᠣᠬᠢᠶᠠᠨ ᠪᠠᠶᠢᠭᠤᠯᠵᠤ | ᠳᠠᠭᠠᠭᠤᠯᠤᠨ ᠰᠤᠷᠤᠯᠴᠠᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠤᠨ ᠤᠷᠢᠳᠴᠢᠯᠠᠨ ᠬᠠᠯᠠᠮᠵᠢᠯᠠᠵᠤ᠂ | ᠰᠤᠷᠤᠯᠴᠠᠬᠤ ᠶᠢᠨ ᠳᠠᠭᠠᠤ ᠬᠡᠷᠡᠭᠯᠡᠵᠦ᠂ ᠬᠡᠷᠡᠭᠯᠡᠬᠦ ᠪᠠᠷ ᠰᠤᠷᠬᠤ ᠶᠢ ᠠᠬᠢᠭᠤᠯᠵᠤ᠂ ᠰᠤᠷᠴᠤ ᠬᠡᠷᠡᠭᠯᠡᠬᠦ ᠶᠢ ᠵᠡᠷᠭᠡᠪᠡᠷ | ᠰᠠᠶᠢᠵᠢᠷᠠᠭᠤᠯᠪᠠ︔ ᠠᠵᠢᠯᠯᠠᠵᠤ ᠰᠤᠷᠤᠯᠴᠠᠬᠤ ᠶᠢ ᠤᠶᠠᠯᠳᠤᠭᠤᠯᠤᠨ ᠦᠷ᠎ᠡ ᠪᠦᠲᠦᠭᠡᠯ ᠭᠠᠷᠭᠠᠬᠤ ᠶᠢ ᠪᠠᠷᠢᠮᠲᠠᠯᠠᠵᠤ᠂ | ᠰᠡᠳᠦᠪ ᠢ ᠳᠠᠭᠠᠭᠤᠯᠤᠨ 5 ᠪᠠᠯᠭᠠᠰᠤ᠂ 15 ᠵᠡᠭᠡᠯᠢ ᠭᠤᠳᠤᠮᠵᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠵᠦ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢ ᠵᠢᠯᠣᠭᠤᠳᠤᠨ | ᠳᠠᠭᠠᠭᠤᠯᠵᠤ ᠪᠠᠶᠢᠭᠠᠳ ᠨᠠᠮ ᠤᠨ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠰᠠᠨᠠᠭ᠎ᠠ ᠠᠬᠤᠢ ᠶᠢᠨ | ᠬᠠᠶᠢᠷ᠎ᠠ ᠰᠡᠳᠬᠢᠯᠭᠡ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠣᠯᠭᠠᠨ ᠬᠤᠪᠢᠷᠠᠭᠤᠯᠪᠠ᠃ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠵᠢᠯ ᠤᠨ ᠡᠬᠢᠨ ᠳᠤ ︽ᠴᠢᠨᠠᠷ | ᠰᠠᠶᠢᠲᠠᠢ ᠪᠠᠷ ᠬᠡᠷᠡᠭ ᠰᠢᠳᠭᠡᠬᠦ ᠵᠢᠯ︾ ᠤᠨ ᠠᠵᠢᠯᠯᠠᠭ᠎ᠠ ᠶᠢᠨ ᠪᠠᠶᠢᠯᠳᠤᠭᠠᠨ ᠤ ᠵᠢᠷᠤᠭ ᠲᠥᠯᠥᠪᠯᠡᠭᠡ ᠶᠢ ᠲᠣᠭᠲᠠᠭᠠᠵᠤ | ᠂ ᠬᠠᠷᠠᠯᠲᠠ ᠡᠭᠦᠷᠭᠡ ᠶᠢ ᠲᠣᠭᠲᠠᠭᠠᠬᠤ᠂ ᠠᠵᠢᠯ ᠤᠨ ᠬᠠᠷᠢᠭᠤᠴᠠᠯᠭ᠎ᠠ ᠶᠢ ᠠᠵᠢᠯ ᠤᠨ ᠪᠠᠶᠢᠷᠢᠨ ᠳᠤ ᠲᠠᠯᠪᠢᠬᠤ᠂ | ᠠᠷᠭ᠎ᠠ ᠵᠠᠮ ᠤᠨ ᠭᠦᠢᠴᠡᠳᠬᠡᠯ ᠲᠤᠭ᠎ᠠ ᠶᠢ ᠳᠠᠩᠰᠠᠯᠠᠬᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ | ᠵᠥᠪᠳᠡᠯᠴᠡᠬᠦ ᠶᠢ ᠬᠡᠷᠡᠭᠵᠢᠭᠦᠯᠪᠡ᠃ ᠣᠳᠣᠬᠠᠨ ᠳᠤ ᠨᠢᠭᠡᠨᠲᠡ ᠰᠢᠰᠲ᠋ᠧᠮ ᠤᠨ ᠳᠣᠲᠣᠷ᠎ᠠ ᠲᠤᠬᠠᠶᠢᠯᠠᠭᠰᠠᠨ ᠠᠵᠢᠯ ᠶᠢᠨ | ᠤᠷ᠎ᠠ ᠴᠢᠳᠠᠪᠤᠷᠢ᠂ ᠮᠡᠳᠡᠭᠡ ᠵᠠᠩᠭᠢᠵᠢᠯᠲᠠ ᠶᠢᠨ ᠰᠣᠷᠢᠯᠲᠠ ᠵᠢᠴᠢ ᠰᠣᠷᠢᠯᠲᠠ ᠶᠢ 13 ᠤᠳᠠᠭ᠎ᠠ᠂ 660 ᠭᠠᠷᠤᠶ | ᠬᠥᠮᠦᠨ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 1 ᠢᠵᠢ ᠦᠨᠡᠯᠡᠬᠦ ᠪᠠᠷᠢᠮᠵᠢᠶ᠎ᠠ᠂ 3 ᠠᠵᠢᠯᠯᠠᠬᠤ ᠠᠷᠭ᠎ᠠ᠂ | 4 ᠳᠡᠪᠲᠡᠷ ᠳᠦᠷᠢᠮᠵᠢᠭᠰᠡᠨ᠂ 9 ᠲᠤᠬᠠᠶᠢᠯᠠᠭᠰᠠᠨ ᠠᠵᠢᠯ ᠶᠢᠨ ᠴᠤᠪᠤᠷᠠᠯ ᠵᠢᠷᠤᠭ ᠵᠡᠷᠭᠡ ᠳᠦᠷᠢᠮ ᠤᠨ ᠦᠷ᠎ᠡ | ᠪᠦᠲᠦᠭᠡᠯ ᠢ ᠪᠣᠶ ᠪᠣᠯᠭᠠᠪᠠ᠃ ᠲᠦᠷᠦᠭᠦᠤ ᠪᠦᠯᠦᠭ ᠤᠨ 60 ᠨᠡᠷᠡᠰ ᠬᠡᠷᠡᠭ ᠰᠢᠢᠳᠪᠦᠷᠢᠯᠡᠬᠦ ᠴᠢᠳᠠᠪᠤᠷᠢᠲᠠᠨ ᠢ | ᠲᠣᠭᠲᠠᠭᠠᠵᠤ᠂ ︽ᠠᠬᠠᠮᠠᠳ ᠴᠡᠷᠢᠭ ᠲᠤᠷᠰᠢᠯᠭ᠎ᠠ ᠤᠯᠠᠮᠵᠢᠯᠠᠬᠤ᠂ ᠴᠢᠳᠠᠪᠤᠷᠢᠲᠠᠨ ᠤᠯᠠᠮᠵᠢᠯᠠᠬᠤ ᠤᠷ᠎ᠠ ᠳᠡᠮ︾ ᠢ | ᠬᠡᠷᠡᠭᠵᠢᠭᠦᠯᠵᠦ᠂ ᠪᠦᠬᠦ ᠲᠠᠯ᠎ᠠ ᠪᠠᠷ ᠳᠠᠶᠢᠴᠢᠯᠠᠬᠤ᠂ ᠲᠤᠬᠠᠶᠢᠯᠠᠭᠰᠠᠨ ᠠᠵᠢᠯ ᠶᠢᠨ ᠤᠷ᠎ᠠ ᠴᠢᠳᠠᠪᠤᠷᠢ ᠶᠢ ᠪᠦᠬᠦ | ᠲᠠᠯ᠎ᠠ ᠪᠠᠷ ᠳᠠᠶᠢᠴᠢᠯᠠᠬᠤ᠂ ᠠᠵᠢᠯ ᠶᠢᠨ ᠰᠤᠷᠲᠠᠯ ᠢ ᠪᠦᠬᠦ ᠲᠠᠯ᠎ᠠ ᠪᠠᠷ ᠳᠠᠶᠢᠴᠢᠯᠠᠬᠤ ᠠᠵᠢᠯᠯᠠᠭ᠎ᠠ ᠥᠷᠨᠢᠭᠦᠯᠵᠦ᠂ | ᠶᠠᠷᠢᠯᠴᠠᠭ᠎ᠠ ᠶᠢ ᠬᠥᠭᠵᠢᠭᠦᠯᠦᠨ ᠬᠤᠰᠢᠭᠤᠴᠢ ᠴᠡᠷᠢᠭ ᠤᠨ ᠡᠩᠨᠡᠭᠡ ᠶᠢ ᠰᠢᠪᠲᠤᠯᠵᠤ᠂ ︽ᠲᠤᠭ᠎ᠠ ᠪᠦᠷᠢᠳᠬᠡᠭᠴᠢ︾ | ᠶᠢᠨ ᠪᠦᠬᠦ ᠠᠵᠢᠯᠲᠠᠨ ᠤ ᠬᠡᠷᠡᠭ ᠰᠢᠢᠳᠪᠦᠷᠢᠯᠡᠬᠦ ᠶᠢ ᠠᠬᠢᠭᠤᠯᠵᠤ᠂ ᠨᠢᠭᠤᠴᠠ ᠮᠡᠳᠡᠭᠡ ᠶᠢ ᠵᠣᠬᠢᠶᠠᠨ ᠪᠠᠶᠢᠭᠤᠯᠵᠤ | ᠬᠤᠰᠢᠭᠤᠴᠢ ᠴᠡᠷᠢᠭ ᠤᠨ ᠡᠩᠨᠡᠭᠡ ᠶᠢ ᠵᠠᠳᠠᠯᠪᠠ᠃ | ᠡᠭᠦᠨ ᠠᠴᠠ ᠭᠠᠳᠠᠨ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠪᠠᠰᠠ ᠨᠠᠩ ᠨᠠᠷᠢᠯᠢᠭ ᠴᠢᠩᠭ᠎ᠠ ᠬᠠᠮᠢᠶᠠᠷᠤᠨ ᠡᠵᠡᠮᠳᠡᠵᠦ᠂ ᠡᠯ᠎ᠡ ᠲᠥᠷᠥᠯ ᠤᠨ ᠰᠦᠪᠡᠭᠴᠢ ᠶᠢᠨ ︽ᠳᠠᠩ | ᠪᠣᠯᠭᠠᠬᠤ︾ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠠᠯᠠᠪᠤᠷ ᠭᠠᠵᠠᠷ ᠪᠠ ᠬᠠᠷᠠᠵᠤ ᠰᠤᠪᠢᠯᠠᠭᠴᠢ ᠶᠢᠨ | ᠬᠠᠮᠢᠶᠠᠷᠤᠯᠲᠠ ᠶᠢ ᠴᠢᠩᠳᠠᠯᠠᠵᠤ᠂ ᠬᠡᠷᠡᠭ ᠰᠢᠢᠳᠪᠦᠷᠢᠯᠡᠬᠦ ᠲᠦᠭᠰᠢᠭᠦᠷᠢ ᠶᠢ ᠭᠦᠢᠴᠡᠳ ᠦᠨᠡᠯᠡᠨ ᠵᠢᠱᠢᠵᠦ᠂ ᠭᠦᠢᠴᠡᠳ | ᠪᠡᠯᠡᠳᠬᠡᠪᠡ᠃ | ᠡᠭᠦᠨ ᠠᠴᠠ ᠭᠠᠳᠠᠨ᠎ᠠ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠮᠵᠢ | ᠲᠣᠭᠲᠠᠴᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠶᠢᠨ ᠲᠥᠯᠥᠭᠡ᠂ ᠮᠠᠨ ᠤ ᠬᠤᠲᠠ ︽ | ᠭᠤᠷᠪᠠᠨ ᠵᠦᠢᠯ ᠤᠨ ᠥᠭᠡᠷᠡᠴᠢᠯᠡᠯᠲᠡ︾ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠲᠣᠮᠢᠯᠠᠨ | ᠰᠠᠭᠤᠯᠭᠠᠬᠤ ᠪᠠᠶᠢᠭᠤᠯᠤᠮᠵᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠦᠯ ᠢ ᠲᠣᠭᠲᠠᠭᠠᠵᠤ᠂ 8 ᠰᠠᠷ᠎ᠠ ᠶᠢᠨ ᠰᠡᠭᠦᠯᠴᠢ ᠪᠠᠷ ᠪᠡᠶᠡᠯᠡᠭᠦᠯᠬᠦ ᠪᠠᠷ ᠲᠥᠯᠥᠪᠯᠡᠵᠦ | ᠪᠠᠶᠢᠨ᠎ᠠ᠃ ︽ᠭᠤᠷᠪᠠ ᠪᠠᠷ ᠭᠤᠤᠯ ᠪᠣᠯᠭᠠᠬᠤ︾ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠢᠨᠠᠨ ᠪᠠᠶᠢᠴᠠᠭᠠᠬᠤ ᠵᠥᠪᠯᠡᠯ ᠵᠢᠴᠢ ᠬᠤᠲᠠ ᠶᠢᠨ ᠬᠠᠷᠢᠶ᠎ᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠬᠢᠨᠠᠨ | ᠰᠢᠯᠭᠠᠬᠤ ᠠᠷᠭ᠎ᠠ ᠶᠢ ᠰᠤᠳᠤᠯᠤᠨ ᠲᠣᠭᠲᠠᠭᠠᠪᠠ︔ ᠪᠦᠬᠦ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠵᠣᠯᠭᠠᠯᠳᠤᠭᠤᠯᠬᠤ ᠶᠢᠨ ᠬᠠᠮᠲᠤ ᠰᠢᠨ᠎ᠡ ᠪᠠᠷ ᠵᠣᠬᠢᠶᠠᠨ ᠪᠠᠶᠢᠭᠤᠯᠵᠤ ᠲᠣᠬᠢᠷᠠᠭᠤᠯᠤᠯᠲᠠ ᠬᠢᠭᠰᠡᠨ ᠰᠠᠯᠠᠭ᠎ᠠ ᠮᠥᠴᠢᠷ ᠢ | ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠮᠠᠨ ᠤ ᠬᠤᠲᠠ ᠪᠠᠰᠠ | ᠬᠢᠨᠠᠨ ᠪᠠᠶᠢᠴᠠᠭᠠᠬᠤ ᠡᠷᠬᠡ ᠶᠢ ᠦᠨᠳᠦᠰᠦᠨ ᠱᠠᠲᠤ ᠲᠡᠰᠢ ᠤᠷᠲᠤᠳᠬᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ | ᠰᠢ ᠵᠧᠨ ︵ᠵᠡᠭᠡᠯᠢ ᠭᠤᠳᠤᠮᠵᠢ︶ ᠠᠴᠠ ᠬᠢᠨᠠᠨ ᠪᠠᠶᠢᠴᠠᠭᠠᠬᠤ ᠠᠯᠪᠠᠨ ᠭᠡᠷ ᠲᠣᠮᠢᠯᠠᠨ 16 ᠠᠰᠠᠭᠤᠳᠠᠯ ᠤᠨ | ᠰᠦᠪᠡᠭᠴᠢ ᠶᠢ ᠳᠠᠭᠠᠭᠠᠨ ᠬᠢᠯᠭᠡᠵᠦ᠂ 18 ᠬᠡᠷᠡᠭ ᠢ ᠥᠪᠡᠷ ᠢᠶᠠᠨ ᠰᠢᠢᠳᠪᠦᠷᠢᠯᠡᠵᠦ᠂ ᠵᠢᠯ ᠤᠨ ᠡᠬᠢᠨ ᠳᠤ | ᠲᠣᠭᠲᠠᠭᠠᠭᠰᠠᠨ 3 ᠲᠠᠯ᠎ᠠ᠂ 17 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠨᠲᠡ ᠲᠦᠯᠬᠢᠨ | ᠠᠬᠢᠭᠤᠯᠤᠭᠰᠠᠨ ᠪᠥᠭᠡᠳ 12 ᠵᠦᠢᠯ ᠤᠨ ᠠᠬᠢᠴᠠ ᠲᠠᠢ ᠪᠣᠯᠭᠠᠵᠤ᠂ 9 ᠬᠤᠯᠪᠣᠭᠳᠠᠯ ᠪᠦᠬᠦᠢ ᠳᠦᠷᠢᠮ ᠢ | ᠪᠠᠶᠢᠭᠤᠯᠪᠠ᠃ | | | | |