8 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠦᠬᠠᠶ ᠬᠤᠲᠠ ᠶᠢᠨ ᠲᠤᠰᠬᠠᠶ ᠰᠣᠨᠢᠨ ᠮᠡᠳᠡᠭᠡ | ᠨᠡᠶᠢᠲᠡᠯᠡᠬᠦ ᠬᠤᠷᠠᠯ ᠬᠥᠬᠡᠬᠤᠲᠡ ᠳᠤ ᠶᠠᠪᠤᠭᠳᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠬᠤᠶ ᠲᠠᠯᠠᠪᠠᠢ ᠳᠤ᠂ | ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ︽ᠤᠭ ᠰᠠᠨᠠᠭ᠎ᠠ ᠪᠠᠨ ᠦᠯᠦ ᠮᠠᠷᠲᠠᠵᠤ᠂ | ᠡᠷᠡᠮᠡᠬᠡᠶᠢᠯᠡᠨ ᠤᠷᠤᠭᠰᠢᠯᠠᠵᠤ᠂ ᠦᠬᠠᠶ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ | ᠰᠣᠨᠢᠨ ᠮᠡᠳᠡᠭᠡ ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠱᠢ ᠬᠤᠩ᠂ ᠬᠤᠳᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠡᠰᠢᠬᠦᠨ᠂ ᠳᠡᠳ᠋ ᠬᠤᠲᠠ ᠶᠢᠨ ᠳᠠᠷᠤᠭ᠎ᠠ ᠴᠢᠤᠸᠠᠨ ᠵᠢᠤᠸᠠᠢ ᠮᠢᠨ ᠬᠤᠯᠪᠣᠭᠳᠠᠯ ᠪᠦᠬᠦᠢ | ᠠᠰᠠᠭᠤᠯᠲᠠ ᠶᠢ ᠬᠠᠷᠢᠭᠤᠯᠪᠠ᠃ | | 01 | ᠰᠢᠨᠬᠤᠸᠠ ᠰᠦᠯᠵᠢᠶᠡᠨ ᠤ ᠰᠤᠷᠪᠤᠯᠵᠢᠯᠠᠭᠴᠢ ᠱᠢ ᠢ᠄ ᠦᠬᠠᠶ ᠬᠤᠲᠠ ᠨᠢ ᠠᠵᠤ ᠦᠢᠯᠡᠳᠪᠦᠷᠢ ᠶᠢᠨ | ᠬᠤᠲᠠ ᠪᠠ ᠡᠬᠢ ᠪᠠᠶᠠᠯᠢᠭ ᠤᠨ ᠬᠡᠯᠪᠡᠷᠢ ᠶᠢᠨ ᠬᠤᠲᠠ ᠪᠣᠯᠤᠭᠰᠠᠨ ᠤ ᠬᠤᠪᠢ ᠳᠤ᠂ ᠣᠷᠴᠢᠨ ᠲᠣᠭᠤᠷᠢᠨ ᠤ | ᠬᠠᠮᠠᠭᠠᠯᠠᠯᠲᠠ ᠪᠠ ᠠᠵᠤ ᠠᠬᠤᠢ ᠶᠢᠨ ᠬᠥᠭᠵᠢᠯᠲᠡ ᠶᠢᠨ ᠳᠠᠪᠬᠤᠷ ᠳᠠᠷᠤᠯᠲᠠ ᠳᠤ ᠲᠤᠯᠭᠠᠷᠠᠵᠤ ᠪᠠᠶᠢᠨ᠎ᠠ᠃ ᠦᠬᠠᠶ | ᠬᠤᠲᠠ ᠬᠡᠷᠬᠢᠨ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠲᠤᠤᠱᠯᠠᠭᠤᠯᠵᠤ᠂ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠳᠤ ᠨᠡᠶᠢᠴᠡᠬᠦ ᠪᠥᠭᠡᠳ ᠪᠠᠰᠠ ᠦᠬᠠᠶ ᠶᠢᠨ ᠣᠨᠴᠠᠯᠢᠭ ᠲᠠᠢ ᠠᠮᠢ ᠠᠬᠤᠶ ᠶᠢ ᠤᠷᠢᠳ ᠢᠶᠠᠷ | ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠣᠶ︖ | | | | | ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠄ | | | | | ︵ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ︶ | ᠡᠨᠡᠬᠦ ᠰᠤᠷᠪᠤᠯᠵᠢᠯᠠᠭᠴᠢ ᠨᠠᠶᠢᠵᠠ ᠶᠢᠨ ᠦᠬᠠᠶ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠬᠠᠯᠠᠮᠵᠢᠯᠠᠨ ᠠᠩᠬᠠᠷᠴᠤ ᠪᠠᠶᠢᠭ᠎ᠠ ᠳᠤ ᠲᠠᠯᠠᠷᠬᠠᠵᠤ ᠪᠠᠶᠢᠨ᠎ᠠ᠃ ᠨᠢᠭᠡ ᠭᠠᠵᠠᠷ ᠣᠷᠣᠨ ᠤ ᠠᠵᠤ ᠠᠬᠤᠶ ᠨᠡᠶᠢᠭᠡᠮ ᠢ | ᠬᠥᠭᠵᠢᠭᠦᠯᠬᠦ ᠳᠤ ᠡᠷᠬᠡᠪᠰᠢ ᠵᠥᠪ ᠵᠠᠮ ᠢ ᠡᠷᠢᠬᠦ ᠬᠡᠷᠡᠭᠲᠡᠶ᠃ ᠦᠬᠠᠶ ᠬᠤᠲᠠ ᠡᠬᠢ ᠪᠠᠶᠠᠯᠢᠭ ᠤᠨ ᠬᠡᠯᠪᠡᠷᠢ ᠶᠢᠨ | ᠨᠡᠶᠢᠲᠡᠯᠢᠭ ᠠᠵᠤ ᠦᠢᠯᠡᠳᠪᠦᠷᠢ ᠶᠢᠨ ᠬᠤᠲᠠ ᠪᠣᠯᠤᠭᠰᠠᠨ ᠤ ᠬᠤᠪᠢ ᠳᠤ᠂ ᠬᠠᠮᠤᠭ ᠤᠨ ᠶᠡᠭᠡ ᠳᠠᠪᠠᠭᠤᠯᠢᠭ ᠪᠣᠯ | ᠡᠬᠢ ᠪᠠᠶᠠᠯᠢᠭ ᠪᠣᠯᠤᠨ᠎ᠠ᠂ ᠬᠠᠮᠤᠭ ᠤᠨ ᠲᠤᠪᠤᠶᠢᠮ᠎ᠠ ᠳᠤᠲᠠᠭᠤᠳᠠᠯ ᠪᠣᠯ ᠣᠷᠴᠢᠨ ᠲᠣᠭᠤᠷᠢᠨ ᠪᠣᠯᠤᠨ᠎ᠠ᠃ | ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠬᠡᠷᠬᠢᠨ ᠰᠢᠢᠳᠪᠦᠷᠢᠯᠡᠬᠦ ᠨᠢ ᠬᠥᠭᠵᠢᠯᠲᠡ ᠶᠢᠨ ᠵᠠᠮ ᠢ ᠵᠥᠪ | ᠡᠷᠢᠵᠦ ᠴᠢᠳᠠᠭᠰᠠᠨ ᠡᠰᠡᠬᠦ᠂ ᠬᠡᠷᠡᠭᠵᠢᠬᠦᠯᠵᠦ ᠲᠡᠶᠢᠯᠬᠦ ᠡᠰᠡᠬᠦ ᠶᠢ ᠲᠣᠭᠲᠠᠭᠠᠨ᠎ᠠ᠃ ᠨᠢᠭᠡ ᠬᠤᠭᠤᠴᠠᠭᠠᠨ ᠤ ᠲᠤᠷᠰᠢ᠂ | ᠪᠢᠳᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠬᠢ ᠪᠠᠶᠠᠯᠢᠭ ᠤᠨ ᠬᠡᠯᠪᠡᠷᠢ ᠶᠢᠨ | ᠠᠵᠤ ᠦᠢᠯᠡᠰ ᠢ ᠬᠥᠭᠵᠢᠭᠦᠯᠬᠦ ᠳᠤ ᠲᠦᠰᠢᠭᠯᠡᠨ ᠵᠣᠬᠢᠬᠤ ᠬᠡᠮᠵᠢᠶᠡᠨ ᠤ ᠠᠵᠤ ᠠᠬᠤᠢ ᠶᠢᠨ ᠦᠷ᠎ᠡ ᠠᠰᠢᠭ ᠪᠠ | ᠨᠡᠯᠢᠶᠡᠳ ᠲᠦᠷᠭᠡᠨ ᠨᠡᠮᠡᠭᠳᠡᠯ ᠤᠨ ᠬᠤᠷᠳᠤᠴᠠ ᠲᠠᠢ ᠪᠣᠯᠵᠠᠶ᠂ ᠭᠡᠪᠡᠴᠦ ᠡᠶᠢᠮᠦᠷᠬᠦᠦ ᠬᠥᠭᠵᠢᠯᠲᠡ ᠶᠢᠨ ᠬᠡᠪ ᠵᠠᠭᠪᠤᠷ | ᠨᠢ ᠦᠷᠭᠦᠯᠵᠢᠯᠡᠨ ᠬᠦᠭᠵᠢᠬᠦ ᠳᠤ ᠠᠰᠢᠭ ᠦᠭᠡᠢ ᠪᠠᠶᠢᠵᠤ᠂ ᠮᠠᠰᠢ ᠣᠯᠠᠨ ᠳᠠᠯᠳᠠ ᠭᠡᠮ ᠢ ᠦᠯᠡᠳᠡᠭᠡᠭᠰᠡᠨ ᠪᠠᠶᠢᠨ᠎ᠠ᠃ | ᠮᠠᠨ ᠤ ᠤᠯᠤᠰ ᠤᠨ ᠠᠵᠤ ᠠᠬᠤᠢ ᠶᠢᠨ ᠲᠦᠷᠭᠡᠨ ᠨᠡᠮᠡᠭᠳᠡᠯ ᠤᠨ ᠱᠠᠲᠤᠨ ᠠᠴᠠ ᠴᠢᠨᠠᠷ ᠰᠠᠶᠢᠲᠠᠶ ᠬᠥᠭᠵᠢᠯᠲᠡ ᠶᠢᠨ | ᠱᠠᠲᠤᠨ ᠳᠤ ᠰᠢᠯᠵᠢᠬᠦ ᠶᠢ ᠳᠠᠭᠠᠯᠳᠤᠨ᠂ ᠮᠠᠨ ᠤ ᠬᠤᠲᠠ ᠶᠢᠨ ᠬᠥᠭᠵᠢᠯᠲᠡ ᠶᠢᠨ ᠬᠠᠨᠳᠤᠰᠢ ᠠᠭᠠᠵᠢᠮ ᠢᠶᠠᠷ ᠪᠠᠭᠠᠰᠴᠤ | ᠂ ᠵᠠᠬ᠎ᠠ ᠳᠡᠯᠭᠡᠭᠦᠷ ᠤᠨ ᠭᠡᠳᠡᠷᠭᠦ ᠰᠢᠬᠠᠮᠳᠠᠭᠤᠯᠤᠯ ᠤᠨ ᠬᠡᠯᠪᠡᠷᠢ ᠪᠠᠨ ᠬᠤᠪᠢᠷᠠᠭᠤᠯᠬᠤ ᠳᠠᠷᠤᠯᠲᠠ ᠤᠯᠠᠮ ᠠᠴᠠ ᠤᠯᠠᠮ | ᠶᠡᠭᠡ ᠪᠣᠯᠵᠤ᠂ ᠪᠡᠯᠡ ᠣᠷᠣᠭᠤᠯᠤᠯᠲᠠ ᠶᠡᠭᠡ᠂ ᠬᠤᠷᠣᠭᠳᠠᠯ ᠶᠡᠭᠡ᠂ ᠡᠬᠢ ᠪᠠᠶᠠᠯᠢᠭ ᠲᠠᠢ ᠲᠡᠮᠡᠴᠡᠬᠦ᠂ ᠬᠡᠪᠴᠢᠶ᠎ᠡ ᠪᠠᠨ | ᠥᠷᠭᠡᠳᠬᠡᠬᠦ ᠪᠦᠳᠦᠭᠦᠯᠢᠭ ᠬᠡᠯᠪᠡᠷᠢ ᠶᠢᠨ ᠠᠵᠤ ᠠᠬᠤᠢ ᠶᠢᠨ ᠨᠡᠮᠡᠭᠳᠡᠯ ᠤᠨ ᠬᠡᠪ ᠵᠠᠭᠪᠤᠷ ᠨᠢᠭᠡᠨᠲᠡ ᠦᠷᠭᠦᠯᠵᠢᠯᠡᠬᠦᠶ᠎ᠡ | ᠪᠡᠷᠬᠡ ᠪᠣᠯᠪᠠ᠃ ᠡᠷᠬᠡᠪᠰᠢ ᠬᠥᠭᠵᠢᠯᠲᠡ ᠶᠢᠨ ᠠᠷᠭ᠎ᠠ ᠬᠡᠯᠪᠡᠷᠢ ᠪᠠᠨ ᠲᠦᠷᠭᠡᠨ ᠬᠤᠪᠢᠷᠠᠭᠤᠯᠵᠤ᠂ ᠡᠬᠢ ᠪᠠᠶᠠᠯᠢᠭ ᠤᠨ | ᠲᠦᠰᠢᠭᠯᠡᠯ ᠢ ᠡᠷᠡᠰ ᠠᠷᠢᠯᠭᠠᠵᠤ᠂ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠶ ᠳᠤ ᠲᠥᠯᠥᠪᠵᠢᠭᠦᠯᠵᠦ᠂ | ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ᠂ | ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠬᠦ ᠬᠡᠷᠡᠭᠲᠡᠶ᠃ ᠨᠠᠮ ᠤᠨ ᠠᠷᠪᠠᠨ | ᠨᠠᠢᠮᠠᠳᠣᠭᠠᠷ ᠶᠡᠭᠡ ᠬᠤᠷᠠᠯ ᠠᠴᠠ ᠨᠠᠰᠢ᠂ ᠮᠠᠨ ᠤ ᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ | ᠲᠤᠤᠱᠯᠠᠭᠤᠯᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ︽ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ︾᠂ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠣᠭᠤᠮᠲᠠ ᠰᠢᠪᠲᠤᠯᠬᠤ ᠣᠷᠣᠨ︾ ᠢ ᠪᠦᠲᠦᠭᠡᠨ ᠪᠠᠶᠢᠭᠤᠯᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠴᠢᠬᠤᠯᠠ ᠬᠠᠷᠠᠯᠲᠠ ᠪᠣᠯᠭᠠᠵᠤ᠂ ︽ᠳᠠᠪᠬᠤᠷ ᠳᠠᠷᠤᠯᠲᠠ︾ ᠶᠢ ᠢᠳᠡᠪᠬᠢᠲᠡᠢ ᠠᠷᠭᠠᠴᠠᠭᠠᠵᠤ᠂ ᠠᠵᠤ ᠠᠬᠤᠢ ᠶᠢᠨ | ᠴᠢᠨᠠᠷ ᠰᠠᠶᠢᠲᠠᠶ ᠬᠥᠭᠵᠢᠯᠲᠡ ᠪᠣᠯᠤᠨ ᠠᠮᠢ ᠠᠬᠤᠶ ᠣᠷᠴᠢᠨ ᠲᠣᠭᠤᠷᠢᠨ ᠤ ᠥᠨᠳᠥᠷ ᠲᠦᠪᠰᠢᠨ ᠪᠦᠬᠦᠢ | ᠬᠠᠮᠠᠭᠠᠯᠠᠯᠲᠠ ᠬᠠᠮᠵᠢᠯᠴᠠᠨ ᠵᠡᠷᠭᠡᠪᠡᠷ ᠤᠷᠤᠭᠰᠢᠯᠠᠬᠤ ᠶᠢ ᠴᠢᠷᠮᠠᠶᠢᠨ ᠠᠬᠢᠭᠤᠯᠪᠠ᠃ ᠪᠢᠳᠡ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠬᠡᠦᠷᠡᠰᠦᠨ ᠤ ᠬᠢᠮᠢ ᠶᠢᠨ ᠠᠵᠤ | ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠬᠤᠶᠠᠷ ᠶᠡᠭᠡ ᠰᠠᠭᠤᠷᠢᠨ ᠭᠠᠵᠠᠷ ᠤᠨ | ᠲᠥᠪᠯᠡᠷᠡᠯ ᠤᠨ ᠳᠠᠪᠠᠭᠤᠯᠢᠭ ᠠᠯᠬᠤᠮ ᠠᠯᠬᠤᠮ ᠢᠶᠠᠷ ᠴᠢᠩᠭᠠᠷᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠲᠣᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠲᠦᠷᠭᠡᠪᠴᠢᠯᠡᠨ ᠬᠥᠭᠵᠢᠵᠦ᠂ ᠭᠤᠷᠪᠠᠨ ᠠᠵᠤ ᠦᠢᠯᠡᠰ ᠤᠨ ᠪᠦᠲᠦᠴᠡ 2012 ᠣᠨ ᠳᠤ 0.9᠄ 73. | 4᠄ 25.7 ᠪᠠᠶᠢᠭᠰᠠᠨ ᠠᠴᠠ ᠪᠠᠨ 1᠄ 61.9᠄ 37.1 ᠪᠣᠯᠵᠤ ᠤᠯᠠᠷᠢᠨ ᠬᠥᠭᠵᠢᠪᠡ︔ ᠪᠢᠳᠡ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠢᠳᠡᠪᠬᠢᠲᠡᠢ ᠥᠷᠨᠢᠭᠦᠯᠵᠦ᠂ 2018 ᠣᠨ ᠤ | ᠭᠤᠤᠯ ᠬᠤᠲᠠ ᠶᠢᠨ ᠲᠣᠭᠤᠷᠢᠭ ᠤᠨ ᠠᠭᠠᠷ ᠤᠨ ᠴᠡᠪᠡᠷ ᠡᠳᠦᠷ ᠤᠨ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ | ᠨᠣᠷᠮ᠎ᠠ 76.3 % ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠠᠷᠠᠯᠲᠠ ᠡᠭᠦᠷᠭᠡ ᠠᠴᠠ 2. | 1 ᠵᠠᠭᠤᠨ ᠤ ᠨᠢᠭᠡᠴᠢ ᠥᠨᠳᠥᠷ ᠪᠣᠯᠪᠠ︔ ᠪᠢᠳᠡ ᠭᠤᠤᠯᠳᠠᠯᠭ᠎ᠠ ᠲᠠᠢ ᠣᠢ ᠰᠢᠭᠤᠶ ᠶᠢᠨ ᠢᠨᠵᠧᠨᠧᠷᠢᠩ ᠢ ᠭᠦᠨᠵᠡᠭᠡᠶ | ᠬᠡᠷᠡᠭᠵᠢᠭᠦᠯᠵᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠪᠦᠲᠦᠭᠡᠨ ᠪᠠᠶᠢᠭᠤᠯᠤᠭᠳᠠᠭᠰᠠᠨ ᠣᠷᠣᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ | ᠨᠣᠷᠮ᠎ᠠ 43 % ᠳᠤ ᠬᠦᠷᠴᠦ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠣᠯᠠᠨ ᠨᠡᠶᠢᠲᠡ ᠶᠢᠨ ᠨᠣᠭᠤᠭᠠᠨ | ᠭᠠᠵᠠᠷ ᠤᠨ ᠲᠠᠯᠠᠪᠠᠢ 19.9 ᠲᠡᠭᠰᠢ ᠳᠥᠷᠪᠡᠯᠵᠢᠨ ᠮᠧᠲᠷ ᠲᠤ ᠬᠦᠷᠴᠦ᠂ ᠮᠠᠨ ᠤ ᠬᠤᠲᠠ ᠪᠦᠬᠦ ᠤᠯᠤᠰ ᠤᠨ | ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ ᠪᠠ ᠤᠯᠤᠰ ᠤᠨ ᠴᠡᠴᠡᠷᠯᠢᠭ ᠬᠤᠲᠠ ᠶᠢᠨ ᠡᠩᠨᠡᠭᠡᠨ ᠳᠤ ᠳᠠᠪᠰᠢᠨ | ᠣᠷᠣᠵᠤ᠂ ᠠᠵᠤ ᠠᠬᠤᠢ ᠶᠢᠨ ᠬᠥᠭᠵᠢᠯᠲᠡ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠬᠡᠪᠴᠢᠶ᠎ᠡ ᠲᠠᠰᠤᠷᠠᠯᠲᠠ | ᠦᠭᠡᠢ ᠴᠢᠩᠭᠠᠷᠠᠵᠤ᠂ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠰᠠᠭᠤᠷᠢ ᠯᠠᠪᠳᠠᠭᠤᠨ ᠢᠶᠠᠷ ᠪᠠᠬᠢᠵᠢᠪᠡ᠃ | ᠬᠡᠳᠦ᠋ᠢᠪᠡᠷ ᠡᠶᠢᠮᠤ ᠪᠣᠯᠪᠠᠴᠤ᠂ ᠮᠠᠨ ᠤ ᠬᠤᠲᠠ ᠶᠢᠨ ᠠᠵᠤ ᠦᠢᠯᠡᠰ ᠤᠨ ᠪᠦᠲᠦᠴᠡ ᠶᠢᠨ ᠳᠠᠩ ᠴᠤᠯᠭᠤᠶ᠂ | ᠬᠦᠨᠳᠦ ᠬᠡᠯᠪᠡᠷᠢᠵᠢᠭᠰᠡᠨ ᠠᠰᠠᠭᠤᠳᠠᠯ ᠪᠦᠲᠦᠮᠵᠢᠲᠡᠢ ᠰᠢᠢᠳᠪᠦᠷᠢᠯᠡᠭᠡᠳᠦᠢ᠂ ᠠᠷᠭ᠎ᠠ ᠬᠡᠯᠪᠡᠷᠢ ᠪᠠᠨ ᠬᠤᠪᠢᠷᠠᠭᠤᠯᠬᠤ᠂ | ᠪᠦᠲᠦᠴᠡ ᠪᠠᠨ ᠲᠣᠬᠢᠷᠠᠭᠤᠯᠬᠤ ᠡᠭᠦᠷᠭᠡ ᠮᠥᠨ ᠯᠡ ᠬᠦᠨᠳᠦ ᠨᠦᠰᠡᠷ ᠪᠠᠶᠢᠭᠰᠠᠭᠠᠷ︔ ᠠᠮᠢ ᠠᠬᠤᠶ ᠣᠷᠴᠢᠨ | ᠲᠣᠭᠤᠷᠢᠨ ᠤ ᠲᠥᠷᠥᠯᠬᠢ ᠬᠡᠪᠡᠷᠡᠭ ᠪᠠᠶᠢᠭ᠎ᠠ ᠣᠳᠣᠬᠢ ᠪᠠᠶᠢᠳᠠᠯ ᠳᠤ ᠬᠠᠷᠠᠬᠠᠨ ᠦᠨᠳᠦᠰᠦᠨ ᠬᠤᠪᠢᠷᠠᠯᠲᠠ ᠭᠠᠷᠤᠭ᠎ᠠ | ᠦᠭᠡᠢ᠂ ᠣᠷᠣᠨ ᠪᠦᠰᠡ ᠶᠢᠨ ᠴᠢᠨᠠᠷᠲᠠᠶ᠂ ᠪᠦᠲᠦᠴᠡ ᠶᠢᠨ ᠴᠢᠨᠠᠷᠲᠠᠶ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ | ᠬᠦᠨᠳᠦ ᠵᠠᠮ ᠬᠤᠯᠠ ᠪᠠᠶᠢᠭᠰᠠᠭᠠᠷ᠃ ᠡᠳᠡᠭᠡᠷ ᠬᠥᠭᠵᠢᠯᠲᠡ ᠶᠢᠨ ᠲᠤᠮᠳᠠᠭᠢ ᠤᠷᠳᠤ ᠬᠤᠭᠤᠴᠠᠭᠠᠨ ᠤ | ᠬᠤᠷᠠᠮᠳᠤᠯᠭ᠎ᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠪᠠ ᠭᠦᠨ ᠳᠠᠪᠬᠤᠷᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠳᠤ ᠨᠢᠭᠡ ᠯᠡ ᠳᠡᠭᠡᠷ᠎ᠡ ᠠᠮᠵᠢᠯᠲᠠ ᠭᠠᠷᠭᠠᠵᠤ ᠴᠢᠳᠠᠬᠤ ᠦᠭᠡᠢ᠂ ᠡᠯ᠎ᠡ ᠲᠠᠯ᠎ᠠ ᠶᠢᠨ ᠬᠢᠨ | ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠶ ᠴᠢᠷᠮᠠᠶᠢᠬᠤ ᠬᠡᠷᠡᠭᠲᠡᠶ ᠭᠡᠳᠡᠭ ᠢ ᠪᠢᠳᠡ ᠭᠦᠨᠵᠡᠭᠡᠶ ᠣᠶᠢᠯᠠᠭᠠᠵᠤ | ᠪᠠᠶᠢᠨ᠎ᠠ᠃ ᠡᠭᠦᠨ ᠤ ᠲᠤᠯᠠᠳᠠ᠂ ᠪᠢᠳᠡ ᠴᠢᠨᠠᠷ ᠰᠠᠶᠢᠲᠠᠶ ᠬᠥᠭᠵᠢᠯᠲᠡ ᠭᠡᠬᠦ ᠡᠨᠡᠬᠦ ᠦᠨᠳᠦᠰᠦᠨ ᠱᠠᠭᠠᠷᠳᠠᠯᠭ᠎ᠠ ᠶᠢ | ᠪᠠᠲᠤ ᠡᠵᠡᠮᠳᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠭᠡᠬᠦ ᠡᠨᠡᠬᠦ | ᠢᠯᠠ ᠲᠣᠳᠣ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ | ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠯᠠᠪᠳᠠᠭᠤᠨ | ᠪᠠᠲᠤᠲᠠᠶ ᠠᠬᠢᠭᠤᠯᠵᠤ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠦᠬᠠᠶ ᠶᠢᠨ ᠣᠨᠴᠠᠯᠢᠭ ᠲᠠᠢ | ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠴᠢᠷᠮᠠᠶᠢᠨ ᠨᠡᠭᠡᠭᠡᠨ᠎ᠡ᠃ ᠨᠢᠭᠡ ᠳᠤ᠂ ᠣᠶᠢᠯᠠᠭᠠᠭᠳᠠᠬᠤᠨ ᠤ | ᠰᠢᠨᠡᠴᠢᠯᠡᠯᠲᠡ ᠪᠠᠷ ᠭᠤᠤᠯ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ | ᠰᠡᠳᠬᠢᠮᠵᠢ ᠶᠢ ᠲᠡᠭᠦᠯᠳᠡᠷᠵᠢᠭᠦᠯᠦᠨ᠎ᠡ᠃ ᠶᠡᠷᠦᠩᠬᠡᠶ ᠱᠦᠵᠢ ᠰᠢ ᠶᠢᠨ ᠫᠢᠩ ᠤᠨ ︽ᠠᠮᠢ ᠠᠬᠤᠶ ᠶᠢ ᠤᠷᠢᠳ ᠢᠶᠠᠷ | ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢ ᠬᠠᠶᠢᠨ ᠰᠦᠪᠡᠭᠴᠢᠯᠡᠶ᠎ᠡ︾ ᠵᠡᠷᠭᠡ ᠴᠢᠬᠤᠯᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠱᠠᠲᠤᠨ ᠤ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ | ᠬᠥᠭᠵᠢᠯᠲᠡ ᠨᠢ ᠡᠷᠬᠡᠪᠰᠢ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢᠨ ᠦᠵᠡᠯ ᠰᠠᠨᠠᠭ᠎ᠠ ᠶᠢ | ᠪᠠᠲᠤ ᠪᠣᠶ ᠪᠣᠯᠭᠠᠵᠤ᠂ ᠤᠷᠲᠤ ᠬᠤᠭᠤᠴᠠᠭᠠᠨ ᠤ ᠶᠡᠭᠡ ᠬᠠᠨᠳᠤᠰᠢ ᠠᠴᠠ ᠣᠳᠣᠬᠠᠨ ᠤ ᠪᠠᠶᠢᠳᠠᠯ ᠢ ᠲᠠᠨᠢᠬᠤ ᠶᠢ | ᠪᠠᠷᠢᠮᠲᠠᠯᠠᠵᠤ᠂ ᠬᠥᠭᠵᠢᠯᠲᠡ ᠪᠣᠯᠤᠨ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠵᠣᠷᠢᠭ | ᠰᠢᠭᠤᠳᠴᠤ ᠪᠠᠶᠢᠭᠠᠳ ᠪᠦᠲᠦᠴᠡ ᠪᠠᠨ ᠲᠤᠬᠢᠷᠠᠭᠤᠯᠤᠨ᠂ ᠬᠥᠳᠡᠯᠭᠡᠬᠦ ᠡᠨᠧᠷᠭᠢ ᠶᠢ ᠬᠤᠪᠢᠷᠠᠭᠤᠯᠤᠨ᠂ ᠶᠠᠰᠤ ᠴᠢᠨᠠᠷ | ᠢᠶᠠᠨ ᠳᠡᠭᠡᠭᠰᠢᠯᠡᠭᠦᠯᠬᠦ ᠬᠡᠷᠡᠭᠲᠡᠶ᠃ ︽ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ | ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠵᠤ᠂ ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ | ᠬᠠᠷᠠᠯᠲᠠ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠦᠬᠦ ᠲᠠᠯ᠎ᠠ ᠶᠢᠨ | ᠬᠤᠪᠢᠰᠤᠯᠲᠠ ᠶᠢ ᠬᠦᠴᠦᠯᠡᠨ ᠠᠬᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠪᠣᠯᠭᠠᠨ | ᠬᠤᠪᠢᠷᠠᠭᠤᠯᠬᠤ ᠪᠠᠷ ᠴᠢᠷᠮᠠᠶᠢᠨ᠎ᠠ᠃ ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠᠷ | ᠵᠠᠩᠭᠢᠯᠠᠭ᠎ᠠ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠣᠨᠴᠠᠯᠢᠭ ᠲᠠᠢ ᠠᠷᠭ᠎ᠠ ᠵᠠᠮ ᠢ | ᠰᠦᠪᠡᠭᠴᠢᠯᠡᠨ᠎ᠡ᠃ ᠰᠢ ᠶᠢᠨ ᠫᠢᠩ ᠶᠡᠷᠦᠩᠬᠡᠶ ᠱᠦᠵᠢ ᠶᠢᠨ ︽ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠭᠤᠤᠯᠳᠠᠯᠭ᠎ᠠ ᠶᠢ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠶᠢ ᠠᠬᠢᠭᠤᠯᠬᠤ ᠳᠡᠭᠡᠷ᠎ᠡ ᠲᠠᠯᠪᠢᠬᠤ ᠬᠡᠷᠡᠭᠲᠡᠶ︾ ᠭᠡᠬᠦ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠲᠠᠪᠤ ᠶᠢ ᠬᠤᠪᠢᠷᠠᠭᠤᠯᠬᠤ︾ ︵︽ | ᠰᠢᠨᠵᠢᠯᠡᠬᠦ ᠤᠬᠠᠭᠠᠨ ᠮᠡᠷᠭᠡᠵᠢᠯ ᠢ ᠳᠡᠭᠡᠭᠰᠢᠯᠡᠭᠦᠯᠦᠨ ᠬᠤᠪᠢᠷᠠᠭᠤᠯᠬᠤ︾᠂ ︽ᠵᠠᠯᠭᠠᠭᠤᠯᠬᠤ ᠥᠭᠡᠷᠡᠴᠢᠯᠡᠬᠦ ᠶᠢ | ᠬᠤᠪᠢᠷᠠᠭᠤᠯᠬᠤ︾᠂ ︽ᠨᠡᠮᠡᠭᠳᠡᠯ ᠤᠨ ᠬᠡᠮᠵᠢᠶ᠎ᠡ ᠶᠢ ᠣᠷᠣᠭᠤᠯᠤᠨ ᠬᠤᠪᠢᠷᠠᠭᠤᠯᠬᠤ︾᠂ ︽ᠪᠦᠲᠦᠴᠡ ᠶᠢ | ᠰᠢᠯᠢᠳᠡᠭᠵᠢᠭᠦᠯᠦᠨ ᠬᠤᠪᠢᠷᠠᠭᠤᠯᠬᠤ︾᠂ ︽ᠳᠠᠬᠢᠨ ᠵᠣᠬᠢᠶᠠᠨ ᠪᠠᠶᠢᠭᠤᠯᠵᠤ ᠬᠦᠴᠦᠷᠬᠡᠭᠵᠢᠭᠦᠯᠦᠨ ᠬᠤᠪᠢᠷᠠᠭᠤᠯᠬᠤ︾ | ︶ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠲᠡᠰᠢ ᠤᠷᠲᠤᠳᠬᠠᠬᠤ᠂ | ᠥᠷᠲᠡᠭ ᠤᠨ ᠬᠡᠯᠬᠢᠶ᠎ᠡ ᠶᠢ ᠳᠤᠮᠳᠠ ᠲᠡᠭᠡᠲᠤ ᠳᠡᠰ ᠲᠡᠰᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠡᠤᠷᠡᠰᠦ᠂ ᠡᠾᠯᠤᠷ | ᠱᠦᠯᠲᠦ ᠵᠡᠷᠭᠡ ᠤᠯᠠᠮᠵᠢᠯᠠᠯᠲᠤ ᠠᠵᠤ ᠦᠢᠯᠡᠰ ᠤᠨ ᠥᠷᠢᠰᠥᠯᠳᠦᠭᠡᠨ ᠤ ᠳᠠᠪᠠᠭᠤᠯᠢᠭ ᠢᠶᠠᠨ ᠪᠠᠳᠠᠷᠠᠭᠤᠯᠵᠤ᠂ ᠵᠢᠶᠠᠨ | ᠯᠦᠩ ᠸᠠᠨ ᠳ᠋ᠧᠩ ᠤᠨ 200 ᠲᠦᠮᠡᠨ ᠲᠣᠨ ᠪᠣᠯᠣᠳ ᠲᠡᠮᠦᠷ ᠢ ᠳᠠᠬᠢᠨ ᠵᠣᠬᠢᠶᠠᠨ ᠪᠠᠶᠢᠭᠤᠯᠬᠤ ᠵᠡᠷᠭᠡ ᠲᠥᠷᠥᠯ | ᠵᠦᠢᠯ ᠢᠶᠠᠷ ᠵᠢᠯᠣᠭᠤᠳᠤᠮᠵᠢ ᠪᠣᠯᠭᠠᠵᠤ᠂ ᠤᠷᠲᠤᠳᠬᠠᠨ ᠬᠡᠯᠬᠢᠶᠡᠵᠢᠭᠦᠯᠬᠦ᠂ ᠨᠥᠬᠦᠪᠥᠷᠢᠯᠡᠨ ᠬᠡᠯᠬᠢᠶᠡᠵᠢᠭᠦᠯᠬᠦ ᠲᠥᠷᠥᠯ | ᠵᠦᠢᠯ ᠢ ᠣᠷᠣᠭᠤᠯᠤᠨ ᠪᠦᠲᠦᠭᠡᠨ ᠪᠠᠶᠢᠭᠤᠯᠵᠤ᠂ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠ ᠬᠡᠯᠬᠢᠶᠡᠰᠦ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠡᠨᠧᠷᠭᠢ ᠶᠢᠨ | ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠤᠰᠤᠲᠥ᠋ᠷᠥᠭᠴᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠣᠯᠠᠨ ᠵᠦᠢᠯ ᠤᠨ ᠡᠨᠧᠷᠭᠢ ᠶᠢᠨ | ᠰᠤᠷᠪᠤᠯᠵᠢ ᠶᠢ ᠬᠠᠮᠵᠢᠯᠴᠠᠨ ᠬᠠᠷᠢᠯᠴᠠᠨ ᠨᠥᠬᠦᠪᠥᠷᠢᠯᠡᠬᠦ᠂ ᠶᠡᠷᠦᠩᠬᠡᠶᠢᠯᠡᠨ ᠠᠰᠢᠭᠯᠠᠬᠤ᠂ ᠡᠷᠴᠢᠮᠯᠢᠭ ᠥᠨᠳᠥᠷ | ᠪᠦᠲᠦᠮᠵᠢᠲᠡᠶ ᠡᠨᠧᠷᠭᠢ ᠬᠡᠷᠡᠭᠯᠡᠬᠦ ᠠᠷᠭ᠎ᠠ ᠮᠠᠶ᠋ᠢᠭ ᠢ ᠬᠦᠴᠦᠯᠡᠨ ᠪᠤᠢ ᠪᠣᠯᠭᠠᠨ᠎ᠠ᠃ ᠪᠦᠦ ᠡᠤ ᠪᠦᠯᠦᠭᠯᠡᠯ ᠤᠨ | ᠬᠡᠦᠷᠡᠰᠦᠨ ᠮᠠᠲ᠋ᠧᠷᠢᠶᠠᠯ᠂ ᠵᠢᠩ ᠶᠦᠨ ᠲᠦᠩ ᠰᠢᠨ᠎ᠡ ᠮᠠᠲ᠋ᠧᠷᠢᠶᠠᠯ᠂ ᠠᠮᠧᠷᠢᠺᠠ ᠶᠢᠨ ᠪᠡᠯᠡ ᠶᠢᠨ ᠺᠠᠪᠣᠲ ᠤᠨ ᠾᠧᠩ | ᠶᠧ ᠴᠧᠩ ᠤᠨ ᠴᠠᠬᠢᠭᠤᠷ ᠤᠨ ᠳᠠᠪᠬᠤᠷ ᠢᠰᠦᠯ᠂ ᠰᠠᠨᠰᠠᠷ ᠠᠶᠠᠯᠠᠯ ᠤᠨ ᠠᠷᠪᠠᠨ ᠬᠤᠶᠠᠳᠤᠭᠠᠷ ᠬᠦᠷᠢᠶᠡᠯᠡᠩ ᠤᠨ | ᠤᠰᠤᠲᠥ᠋ᠷᠥᠭᠴᠢᠲᠤ ᠨᠡᠭᠦᠷᠡᠰᠦᠨ ᠡᠲ᠋ᠢᠨ ᠵᠡᠷᠭᠡ ᠲᠥᠷᠥᠯ ᠵᠦᠢᠯ ᠢᠶᠠᠷ ᠲᠤᠯᠭᠠᠭᠤᠷᠢᠯᠠᠯ ᠪᠣᠯᠭᠠᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠣᠯᠠᠨ ᠡᠰᠢᠲᠦ | ᠬᠥᠭᠵᠢᠯᠲᠡ᠂ ᠣᠯᠠᠨ ᠲᠦᠯᠲᠤ ᠲᠤᠯᠭᠠᠭᠤᠷᠢᠯᠠᠯ ᠪᠦᠬᠦᠢ ᠠᠵᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠬᠦ ᠶᠢ | ᠠᠬᠢᠭᠤᠯᠤᠨ᠎ᠠ᠃ ᠪᠠᠯᠠ ᠣᠷᠣᠭᠤᠯᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠬᠤ ᠴᠢᠬᠤᠯᠠ ᠪᠠᠷᠢᠴᠠ ᠪᠣᠯᠭᠠᠵᠤ᠂ ︽ᠣᠷᠴᠢᠨ ᠲᠣᠭᠤᠷᠢᠨ ᠢ ᠰᠢᠯᠢᠳᠡᠭᠵᠢᠭᠦᠯᠦᠨ | ᠦᠢᠯᠡᠴᠢᠯᠡᠭᠡ ᠶᠢ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ︾ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠴᠢᠨᠠᠷ ᠰᠠᠶᠢᠲᠠᠶ ᠲᠥᠷᠥᠯ ᠵᠦᠢᠯ ᠢᠶᠠᠷ | ᠪᠦᠲᠦᠮᠵᠢᠲᠡᠶ ᠪᠠᠯᠠ ᠣᠷᠣᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠳᠠᠶᠢᠴᠢᠯᠠᠨ᠎ᠠ᠃ ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠠᠵᠤ | ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠪᠤᠶᠢᠭᠰᠠᠨ ᠳᠤᠲᠠᠭᠤᠳᠠᠯ ᠢ ᠨᠥᠬᠦᠪᠥᠷᠢᠯᠡᠨ᠎ᠡ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠠᠵᠤ ᠠᠬᠤᠢ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠪᠠᠷᠢᠴᠠ ᠪᠣᠯᠭᠠᠵᠤ᠂ ᠬᠥᠬᠡ ᠣᠭᠲᠠᠷᠭᠤᠶ ᠶᠢ ᠬᠠᠮᠠᠭᠠᠯᠠᠬᠤ | ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠭᠤᠤᠯ ᠰᠢᠵᠢᠮ ᠪᠣᠯᠭᠠᠵᠤ᠂ ᠠᠵᠤ ᠦᠢᠯᠡᠰ ᠤᠨ ᠪᠦᠲᠦᠴᠡ᠂ | ᠡᠨᠧᠷᠭᠢ ᠶᠢᠨ ᠪᠦᠲᠦᠴᠡ᠂ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠠᠵᠤ | ᠦᠢᠯᠡᠳᠪᠦᠷᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠣᠯᠠᠨ ᠡᠬᠢᠲᠦ ᠪᠣᠬᠢᠷᠲᠤᠯ ᠢ ᠵᠠᠰᠠᠬᠤ ᠶᠢ ᠰᠠᠶᠢᠲᠤᠷ | ᠠᠳᠬᠤᠨ᠎ᠠ᠃ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠵᠦ ᠬᠤᠯᠪᠣᠭᠠᠯᠠᠨ ᠵᠠᠰᠠᠬᠤ ᠶᠢ ᠭᠦᠨᠵᠡᠭᠡᠶ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠭᠢᠨ ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠦᠬᠠᠶ ᠬᠤᠲᠠ ᠶᠢᠨ ᠲᠡᠭᠷᠢ ᠨᠢ | ᠨᠠᠩ ᠴᠡᠯᠮᠡᠭ᠂ ᠠᠭᠤᠯᠠ ᠨᠢ ᠨᠠᠩ ᠨᠣᠭᠤᠭᠠᠨ᠂ ᠤᠰᠤ ᠨᠢ ᠨᠠᠩ ᠲᠤᠩᠭᠠᠯᠠᠭ᠂ ᠣᠷᠴᠢᠨ ᠲᠣᠭᠤᠷᠢᠨ ᠨᠢ ᠨᠡᠩ | ᠦᠵᠡᠰᠭᠦᠯᠡᠩ ᠪᠣᠯᠭᠠᠨ᠎ᠠ᠃ ᠳᠥᠷᠪᠡ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ | ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠪᠣᠬᠢᠷᠲᠤᠯ ᠦᠭᠡᠢ ᠬᠤᠷᠢᠭ᠎ᠠ ᠱᠤᠭᠤᠮ ᠢ ᠪᠠᠲᠤ ᠰᠠᠬᠢᠨ᠎ᠠ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠤᠷᠢᠲᠠᠯ | ᠰᠠᠭᠤᠷᠢ ᠪᠣᠯᠭᠠᠵᠤ᠂ ᠠᠮᠢ ᠠᠬᠤᠢ ᠶᠢᠨ ᠴᠢᠳᠠᠮᠵᠢᠲᠤ ᠣᠷᠣᠨ ᠤ ᠠᠵᠤ ᠦᠢᠯᠡᠰ ᠤᠨ ᠣᠷᠣᠬᠤ ᠶᠢ ᠵᠥᠪᠰᠢᠶᠡᠷᠡᠬᠦ | ᠨᠠᠵᠠᠭᠠᠶ ᠲᠠᠯ᠎ᠠ ᠶᠢᠨ ᠨᠠᠷᠢᠨ ᠳᠠᠩᠰᠠ ᠶᠢ ᠴᠢᠩᠭ᠎ᠠ ᠬᠡᠷᠡᠭᠵᠢᠭᠦᠯᠵᠦ᠂ ᠵᠦᠶ ᠵᠣᠬᠢᠰ ᠥᠬᠡᠶ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠬᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠨ᠎ᠠ᠃ ᠠᠭᠤᠯᠠ ᠤᠰᠤ ᠣᠢ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠳᠤ | ᠲᠥᠯᠥᠪᠵᠢᠭᠦᠯᠦᠨ ᠠᠬᠢᠭᠤᠯᠵᠤ᠂ ᠤᠯᠤᠰ ᠤᠨ ᠴᠡᠴᠡᠷᠯᠢᠭ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ | ᠢᠶᠠᠨ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠬᠤᠷᠢᠭ᠎ᠠ ᠱᠤᠭᠤᠮ ᠢ ᠰᠠᠬᠢᠨ ᠬᠠᠮᠠᠭᠠᠯᠠᠵᠤ᠂ | ᠬᠥᠭᠵᠢᠯᠲᠡ ᠶᠢᠨ ᠰᠠᠭᠤᠷᠢ ᠪᠠᠨ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ | ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | | 02 | ᠳᠤᠮᠳᠠᠳᠤ ᠤᠯᠤᠰ ᠤᠨ ᠠᠵᠤ ᠠᠬᠤᠢ ᠶᠢᠨ ᠰᠣᠨᠢᠨ ᠤ ᠰᠤᠷᠪᠤᠯᠵᠢᠯᠠᠭᠴᠢ ᠢ ᠪᠥᠸᠧ᠄ ᠦᠬᠠᠶ ᠬᠤᠲᠠ | ᠡᠬᠢ ᠪᠠᠶᠠᠯᠢᠭ ᠤᠨ ᠬᠡᠯᠪᠡᠷᠢ ᠶᠢᠨ ᠬᠤᠲᠠ ᠪᠣᠯᠤᠭᠰᠠᠨ ᠤ ᠬᠤᠪᠢ ᠳᠤ᠂ ᠤᠶᠢᠷ᠎ᠠ ᠶᠢᠨ ᠵᠢᠯ ᠳᠤ ᠰᠢᠨ᠎ᠡ ᠬᠠᠭᠤᠴᠢᠨ | ᠬᠥᠳᠡᠯᠭᠡᠬᠦ ᠡᠨᠧᠷᠭᠢ ᠶᠢᠨ ᠰᠣᠯᠢᠭᠳᠠᠯ ᠢ ᠢᠳᠡᠪᠬᠢᠲᠡᠢ ᠠᠬᠢᠭᠤᠯᠪᠠ᠂ ᠦᠬᠠᠶ ᠬᠤᠲᠠ ᠠᠵᠤ ᠠᠬᠤᠢ ᠶᠢᠨ ᠬᠡᠯᠪᠡᠷᠢ | ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ ᠳᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠨᠢ ᠬᠠᠮᠢᠭ᠎ᠠ ᠪᠠᠶᠢᠬᠤ ᠪᠤᠢ︖ | | | | | ᠰᠤᠷᠪᠤᠯᠵᠢᠯᠠᠭᠴᠢ ᠨᠠᠶᠢᠵᠠ ᠳᠠᠭᠠᠨ ᠲᠠᠯᠠᠷᠬᠠᠵᠤ ᠪᠠᠶᠢᠨ᠎ᠠ᠃ ᠣᠯᠠᠨ ᠤ ᠮᠡᠳᠡᠭᠡᠵᠢ ᠪᠠᠷ ᠦᠬᠠᠶ ᠪᠤᠯ | ᠨᠡᠭᠦᠷᠡᠰᠦ ᠪᠠᠷ ᠪᠠᠶᠢᠭᠤᠯᠤᠭᠳᠠᠵᠤ᠂ ᠨᠡᠭᠦᠷᠡᠰᠦ ᠪᠠᠷ ᠬᠦᠭᠵᠢᠬᠦᠯᠦᠭᠰᠡᠨ ᠶᠤᠮ᠃ ᠣᠶᠢᠷ᠎ᠠ ᠶᠢᠨ ᠵᠢᠯ ᠤᠨ ᠲᠤᠷᠰᠢ᠂ | ᠪᠢᠳᠡ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠤᠶᠢᠯᠠᠭᠠᠭᠲᠠᠬᠤᠨ ᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ | ᠲᠦᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠡᠨᠡ ᠵᠢᠯ ᠤᠨ ᠳᠡᠭᠡᠷ᠎ᠡ | ᠬᠠᠭᠠᠰ ᠵᠢᠯ ᠳᠤ᠂ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ | ᠬᠤᠭᠤᠴᠠᠭᠠᠨ ᠤ ᠬᠢ ᠠᠴᠠ 10.5 % ᠨᠡᠮᠡᠭᠳᠡᠵᠦ᠂ 6 ᠤᠯᠠᠷᠢᠯ ᠳᠠᠷᠠᠭᠠᠯᠠᠨ ᠪᠦᠬᠦ ᠣᠷᠣᠨ ᠤ ᠲᠡᠷᠢᠭᠦᠨ ᠳᠤ | ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 27.3 % ᠪᠠᠷ ᠨᠡᠮᠡᠭᠳᠡᠵᠦ᠂ 27 ᠰᠠᠷ᠎ᠠ ᠳᠠᠷᠠᠭᠠᠯᠠᠨ ᠪᠥᠬᠦ ᠣᠷᠣᠨ ᠤ ᠲᠡᠷᠢᠭᠦᠨ ᠳᠤ | ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 3.5 % ᠨᠡᠮᠡᠭᠳᠡᠵᠦ᠂ ᠪᠦᠬᠦ ᠣᠷᠣᠨ ᠤ ᠵᠢᠷᠭᠤᠳᠤᠭᠠᠷ ᠲᠤ ᠣᠷᠣᠪᠠ︔ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 28.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 19.7 % ᠪᠠᠷ ᠨᠡᠮᠡᠭᠳᠡᠨ᠂ ᠪᠥᠬᠦ ᠣᠷᠣᠨ ᠳᠤ 2 ᠳ᠋ᠤᠭᠠᠷ ᠲᠤ ᠵᠢᠭᠰᠠᠭᠠᠭᠳᠠᠪᠠ︔ | ᠨᠡᠶᠢᠭᠡᠮ ᠤᠨ ᠬᠡᠷᠡᠭᠯᠡᠭᠡᠨ ᠤ ᠪᠣᠳᠠᠰ 70.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 3.7 % ᠨᠡᠮᠡᠭᠳᠡᠵᠦ᠂ ᠪᠦᠬᠦ ᠣᠷᠣᠨ ᠳᠤ ᠵᠢᠷᠭᠤᠳᠤᠭᠠᠷ ᠲᠤ ᠣᠷᠣᠪᠠ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 22410 | ᠲᠥᠭᠦᠷᠢᠭ ᠪᠠ 8629 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.6 %᠂ | 8.7 % ᠨᠡᠮᠡᠭᠳᠡᠵᠦ᠂ ᠴᠥᠮ ᠪᠥᠬᠦ ᠣᠷᠣᠨ ᠤ ᠵᠢᠷᠭᠤᠳᠤᠭᠠᠷ ᠲᠤ ᠣᠷᠣᠪᠠ᠃ ᠪᠣᠳᠠᠲᠠᠶ ᠠᠵᠢᠯ ᠤᠨ ᠳᠤᠮᠳᠠ᠂ | ᠪᠢᠳᠡ ᠭᠤᠤᠯᠳᠠᠭᠤ ᠳᠣᠤᠷᠠᠬᠢ ᠠᠷᠭ᠎ᠠ ᠬᠡᠮᠵᠢᠶ᠎ᠡ ᠶᠢ ᠠᠪᠤᠨ᠎ᠠ᠄ | ᠨᠢᠭᠡ ᠳᠤ᠂ ᠬᠤᠴᠣᠷᠤᠩᠭᠤᠶ ᠬᠥᠳᠡᠯᠭᠡᠭᠴᠢ ᠡᠨᠧᠷᠭᠢ ᠶᠢ ᠡᠷᠡᠰ ᠰᠢᠭᠰᠢᠨ᠎ᠡ᠃ ᠦᠬᠠᠶ ᠬᠤᠳᠠ ᠡᠬᠢ | ᠪᠠᠶᠠᠯᠢᠭ ᠤᠨ ᠬᠡᠯᠪᠡᠷᠢ ᠶᠢᠨ ᠬᠤᠲᠠ ᠪᠣᠯᠤᠭᠰᠠᠨ ᠤ ᠬᠤᠪᠢ ᠳᠤ᠂ ᠨᠡᠭᠦᠷᠡᠰᠦᠨ ᠤ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠨᠢ ᠨᠢᠭᠡ ᠦᠶ᠎ᠡ ᠪᠦᠬᠦ ᠬᠤᠲᠠ ᠶᠢᠨ ᠠᠵᠤ ᠠᠬᠤᠢ ᠶᠢᠨ ᠶᠡᠷᠦᠩᠬᠡᠶ ᠬᠡᠮᠵᠢᠶᠡᠨ ᠤ 80 | % ᠶᠢ ᠡᠵᠡᠯᠡᠵᠦ᠂ ᠡᠭᠦᠨ ᠤ ᠳᠣᠲᠣᠷ᠎ᠠ ᠪᠠᠭ᠎ᠠ ᠨᠡᠭᠦᠷᠡᠰᠦᠨ ᠠᠭᠤᠷᠬᠠᠶ᠂ ᠪᠠᠭ᠎ᠠ ᠬᠡᠦᠷᠡᠰᠦᠨ ᠵᠤᠤᠬ᠎ᠠ ᠵᠡᠷᠭᠡ ︽ | ᠲᠠᠪᠤᠨ ᠵᠢᠵᠢᠭ︾ ᠠᠵᠤ ᠠᠬᠤᠶᠢᠯᠠᠯ ᠴᠥᠭᠡᠨ ᠪᠤᠰᠤ ᠪᠠᠶᠢᠵᠠᠶ᠃ ᠪᠢᠳᠡ ᠪᠠᠭᠠᠲᠤᠷ ᠡᠷ᠎ᠡ ᠪᠠᠭᠤᠤ ᠪᠠᠨ ᠴᠠᠪᠴᠢᠬᠤ᠂ | ᠶᠠᠰᠤ ᠶᠢ ᠨᠢ ᠬᠤᠰᠤᠵᠤ ᠬᠤᠤᠷ ᠢ ᠨᠢ ᠵᠠᠰᠠᠬᠤ ᠡᠷᠡᠰ ᠵᠣᠷᠢᠭ ᠪᠠ ᠰᠥᠰᠥ ᠵᠣᠷᠢᠭ ᠢᠶᠠᠷ ᠪᠠᠭ᠎ᠠ ᠳᠡᠭᠡᠷ᠎ᠡ ᠨᠢ ᠶᠡᠭᠡ᠂ | ᠰᠢᠯᠢᠳᠡᠭ ᠢ ᠨᠢ ᠲᠡᠳᠬᠦᠵᠦ ᠰᠢᠭᠠᠷᠤ ᠶᠢ ᠨᠢ ᠰᠢᠭᠰᠢᠵᠦ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ | ᠶᠢᠨ ᠥᠨᠳᠥᠷ ᠪᠠᠷᠢᠮᠵᠢᠶ᠎ᠠ ᠪᠠᠷ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠵᠦ᠂ 100 ᠲᠦᠮᠡᠨ | ᠲᠣᠨ ᠠᠴᠠ ᠳᠣᠷᠣᠭᠰᠢ ᠬᠡᠤᠷᠰᠢᠭᠦᠯᠬᠦ᠂ 60 ᠲᠦᠮᠡᠨ ᠲᠣᠨ ᠠᠴᠠ ᠳᠣᠷᠣᠭᠰᠢ ᠨᠡᠭᠦᠷᠡᠰᠦ ᠤᠬᠢᠶᠠᠬᠤ᠂ 30 | ᠲᠦᠮᠡᠨ ᠲᠣᠨ ᠠᠴᠠ ᠳᠣᠷᠣᠭᠰᠢ ᠨᠡᠭᠦᠷᠡᠰᠦᠨ ᠠᠭᠤᠷᠬᠠᠶ ᠪᠣᠯᠤᠨ ᠪᠤᠰᠤᠳ ᠥᠨᠳᠥᠷ ᠪᠣᠬᠢᠷᠲᠤᠯ ᠶᠡᠬᠡᠲᠡᠶ ᠵᠢᠵᠢᠭ | ᠠᠵᠤ ᠠᠬᠤᠶᠢᠯᠠᠯ ᠢ ᠪᠦᠬᠦᠨ ᠢ ᠬᠠᠭᠠᠵᠤ ᠵᠣᠭᠰᠣᠭᠠᠨ᠂ ᠨᠡᠭᠦᠷᠡᠰᠦᠨ ᠤ ᠡᠬᠢ ᠪᠠᠶᠠᠯᠢᠭ ᠢ ᠬᠠᠮᠠᠭᠠᠯᠠᠯᠲᠠ ᠶᠢᠨ | ᠴᠢᠨᠠᠷᠲᠠᠶ ᠪᠠᠷ ᠨᠡᠭᠡᠭᠡᠨ ᠠᠰᠢᠭᠯᠠᠬᠤ ᠶᠢ ᠪᠡᠶᠡᠯᠡᠭᠦᠯᠪᠡ᠃ ︽ᠬᠡᠷᠡᠭᠵᠢᠬᠦᠯᠬᠦ ᠪᠠᠷ ᠲᠠᠮᠵᠢᠭᠤᠯᠤᠨ ᠲᠠᠮᠫᠤᠷᠠᠭᠤᠯᠬᠤ︾᠂ | ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠳᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠨᠢᠭᠡ | ᠪᠦᠯᠦᠭ ᠦᠷ᠎ᠡ ᠠᠰᠢᠭ ᠢᠶᠠᠷ ᠳᠣᠤᠷ᠎ᠠ ᠬᠤᠴᠣᠷᠤᠩᠭᠤᠶ ︽ᠦᠬᠦᠰᠢᠷᠡᠮᠡᠯ ᠠᠵᠤ ᠠᠬᠤᠶᠢᠯᠠᠯ︾ ᠢ ᠰᠢᠭᠰᠢᠭᠳᠡᠭᠦᠯᠵᠦ᠂ | ᠲᠡᠭᠡᠲᠤ ᠰᠢᠨ᠎ᠡ ᠮᠡᠷᠭᠡᠵᠢᠯ ᠤᠨ ᠠᠵᠤ ᠦᠢᠯᠡᠰ ᠢ ᠣᠷᠣᠭᠤᠯᠬᠤ ᠳᠤ ᠣᠷᠣᠨ ᠵᠠᠢ ᠭᠠᠷᠭᠠᠵᠤ ᠥᠭᠪᠡ᠃ | ᠬᠤᠶᠠᠷ ᠲᠤ᠂ ᠤᠯᠠᠮᠵᠢᠯᠠᠯᠲᠤ ᠬᠥᠳᠡᠯᠭᠡᠭᠴᠢ ᠡᠨᠧᠷᠭᠢ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠨᠡᠭᠦᠷᠡᠰᠦ ᠬᠡᠤᠷᠰᠢᠭᠦᠯᠬᠦ᠂ | ᠡᠾᠯᠤᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠶᠠᠷ ᠶᠡᠭᠡ ᠠᠵᠤ ᠦᠢᠯᠡᠰ ᠤᠨ ᠰᠠᠭᠤᠷᠢ ᠶᠢ | ᠪᠠᠬᠢᠵᠢᠭᠦᠯᠵᠦ᠂ ᠵᠠᠭᠤᠨ ᠲᠦᠮᠡᠨ ᠲᠣᠨ ᠤ ᠲᠡᠰ ᠤᠨ ᠬᠡᠤᠷᠰᠢᠭᠦᠯᠬᠦ ᠠᠵᠤ ᠠᠬᠤᠶᠢᠯᠠᠯ ᠢ 12 ᠪᠠᠶᠢᠭᠤᠯᠵᠤ᠂ | ᠦᠢᠯᠡᠳᠪᠦᠷᠢᠯᠡᠬᠦ ᠴᠢᠳᠠᠪᠤᠷᠢ ᠨᠢ ᠪᠥᠬᠦ ᠣᠷᠣᠨ ᠤ 34 % ᠶᠢ ᠡᠵᠡᠯᠡᠵᠦ᠂ ᠨᠡᠭᠦᠷᠡᠰᠦᠨ ᠬᠡᠤᠳᠡᠰᠦ ᠶᠢ ᠨᠠᠷᠢᠯᠢᠭ | ᠡᠳ᠋ᠰᠢᠭᠦᠯᠬᠦ ᠴᠢᠳᠠᠪᠤᠷᠢ 90 ᠲᠦᠮᠡᠨ ᠲᠣᠨ ᠬᠦᠷᠪᠡ︔ P V C ᠦᠢᠯᠡᠳᠪᠦᠷᠢᠯᠡᠬᠦ ᠴᠢᠳᠠᠪᠤᠷᠢ ᠨᠢ ᠪᠥᠬᠦ | ᠣᠷᠣᠨ ᠤ 29 % ᠶᠢ ᠡᠵᠡᠯᠡᠵᠦ᠂ ᠭᠦᠨᠵᠡᠭᠡᠶ ᠡᠳ᠋ᠰᠢᠭᠦᠯᠬᠦ ᠴᠢᠳᠠᠪᠤᠷᠢ ᠶᠢ 32 ᠲᠦᠮᠡᠨ ᠲᠣᠨ ᠪᠦᠷᠢᠳᠦᠭᠦᠯᠪᠡ᠃ | ᠡᠭᠦᠨ ᠤ ᠬᠠᠮᠲᠤ᠂ ᠪᠢᠳᠡ ᠠᠵᠤ ᠦᠢᠯᠡᠰ ᠤᠨ ᠬᠡᠯᠬᠢᠶᠡᠰᠦ ᠪᠠᠨ ᠲᠠᠰᠤᠷᠠᠯᠲᠠ ᠦᠭᠡᠢ ᠤᠷᠲᠤᠳᠬᠠᠵᠤ᠂ ᠨᠢᠭᠡ | ᠪᠦᠯᠦᠭ ᠤᠷᠲᠤᠳᠬᠠᠨ ᠬᠡᠯᠬᠢᠶᠡᠵᠢᠭᠦᠯᠬᠦ᠂ ᠨᠥᠬᠦᠪᠥᠷᠢᠯᠡᠨ ᠬᠡᠯᠬᠢᠶᠡᠵᠢᠭᠦᠯᠬᠦ᠂ ᠴᠢᠩᠭ᠎ᠠ ᠬᠡᠯᠬᠢᠶᠡᠵᠢᠭᠦᠯᠬᠦ ᠲᠥᠷᠥᠯ | ᠵᠦᠢᠯ ᠪᠠ ᠲᠡᠭᠡᠲᠤ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ | ᠪᠦᠲᠦᠭᠡᠨ ᠪᠠᠶᠢᠭᠤᠯᠵᠤ᠂ ᠭᠤᠣᠯ ᠪᠣᠯᠬᠤ ᠠᠵᠤ ᠦᠢᠯᠡᠳᠪᠦᠷᠢ ᠶᠢᠨ ᠪᠦᠲᠦᠭᠡᠭᠳᠡᠬᠦᠨ ᠨᠢ ᠬᠠᠮᠤᠭ ᠠᠩᠬᠠᠨ ᠤ ᠬᠡᠳᠦᠨ | ᠵᠦᠢᠯ ᠪᠠᠶᠢᠭᠰᠠᠨ ᠠᠴᠠ 5 ᠶᠡᠭᠡ ᠰᠢᠷᠢᠰ 50 ᠭᠠᠷᠤᠢ ᠵᠦᠢᠯ ᠪᠣᠯᠤᠨ ᠬᠥᠭᠵᠢᠵᠦ᠂ ᠨᠡᠭᠦᠷᠡᠰᠦᠨ ᠤ ᠡᠬᠢ ᠪᠠᠶᠠᠯᠢᠭ | ᠢ ᠲᠣᠰ ᠭᠠᠵᠠᠷ ᠲᠠᠭᠠᠨ ᠬᠤᠪᠢᠷᠠᠭᠤᠯᠤᠭᠰᠠᠨ ᠨᠤᠷᠮ᠎ᠠ 20 % ᠪᠠᠶᠢᠭᠰᠠᠨ ᠠᠴᠠ ᠪᠠᠨ 90 % ᠠᠴᠠ ᠳᠡᠭᠡᠭᠰᠢ | ᠪᠣᠯᠵᠤ ᠳᠡᠭᠡᠭᠰᠢᠯᠡᠪᠡ᠃ | ᠭᠤᠷᠪᠠ ᠳᠤ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠡᠯᠧᠮᠧᠨ᠋ᠲ ᠤᠨ | ᠡᠬᠢ ᠪᠠᠶᠠᠯᠢᠭ ᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ | ᠵᠦᠭ ᠲᠥᠪᠯᠡᠷᠡᠭᠦᠯᠬᠦ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠨᠢᠭᠡ ᠪᠦᠯᠦᠭ ᠬᠡᠯᠪᠡᠷᠢ ᠪᠠᠨ | ᠬᠤᠪᠢᠷᠠᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ | ᠥᠷᠲᠡᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠢ 8.5 % | ᠪᠠᠶᠢᠭᠰᠠᠨ ᠠᠴᠠ 23 % ᠪᠣᠯᠭᠠᠨ ᠳᠡᠭᠡᠭᠰᠢᠯᠡᠭᠦᠯᠵᠦ᠂ ᠨᠡᠭᠦᠷᠡᠰᠦᠨ ᠤ ᠪᠤᠰᠤ ᠠᠵᠤ ᠦᠢᠯᠡᠰ ᠤᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ 69.4 % ᠶᠢ ᠡᠵᠡᠯᠡᠪᠡ᠃ ᠡᠭᠦᠨ ᠤ ᠵᠡᠷᠭᠡ ᠳᠤ᠂ | ᠠᠷᠠᠯᠵᠢᠶ᠎ᠠ ᠬᠤᠳᠠᠯᠳᠣᠭᠠᠨ ᠤ ᠪᠠᠷᠠᠭᠠᠨ ᠤ ᠬᠦᠢᠯᠭᠡᠭᠡ᠂ ᠵᠢᠭᠤᠯᠴᠢᠯᠠᠯ᠂ ᠮᠥᠩᠭᠦᠨ ᠬᠦᠢᠯᠭᠡᠭᠡ ᠵᠡᠷᠭᠡ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠤᠶᠢᠷ᠎ᠠ ᠶᠢᠨ ᠲᠠᠪᠤᠨ ᠵᠢᠯ ᠤᠨ | ᠲᠤᠷᠰᠢ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 7. | 5 % ᠳᠤ ᠬᠦᠷᠴᠦ᠂ G D P ᠳᠤ ᠡᠵᠡᠯᠡᠬᠦ ᠬᠤᠪᠢ ᠶᠢᠨ ᠵᠢᠩ ᠨᠢ 37 % ᠪᠣᠯᠲᠠᠯ᠎ᠠ ᠳᠡᠭᠡᠭᠰᠢᠯᠡᠵᠦ᠂ | ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠡᠳᠦᠷ ᠢᠷᠡᠬᠦᠶ᠎ᠡ ᠢᠯᠡᠷᠬᠡᠶ ᠪᠣᠯᠵᠤ ᠪᠠᠶᠢᠨ᠎ᠠ᠃ | ᠦᠵᠦᠮ ᠤᠨ ᠠᠵᠤ ᠦᠢᠯᠡᠰ ᠲᠤ ᠲᠦᠰᠢᠭᠯᠡᠨ᠂ ᠲᠠᠷᠢᠬᠤ᠂ ᠲᠡᠭᠦᠬᠦ᠂ ᠦᠵᠡᠮᠵᠢ ᠰᠣᠨᠢᠷᠬᠠᠬᠤ᠂ ᠭᠦᠨᠵᠡᠭᠡᠶ | ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠣᠳᠣ ᠦᠶ᠎ᠡ ᠶᠢᠨ ᠰᠡᠯᠡᠭᠦᠴᠡᠯ ᠤᠨ ᠲᠠᠷᠢᠶᠠᠯᠠᠩ ᠢ ᠶᠡᠬᠡᠪᠡᠷ | ᠬᠥᠭᠵᠢᠭᠦᠯᠵᠦ᠂ ᠳᠡᠯᠡᠬᠡᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠨᠡᠷᠡᠲᠦ ᠲᠥᠷᠥᠯ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠪᠢᠳᠡ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ | ᠳᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠨᠢᠭᠡ ᠳᠤ᠂ ᠬᠡᠤᠷᠰᠢᠭᠦᠯᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠬᠦ᠂ ᠲᠣᠨᠤᠭ | ᠲᠥᠬᠦᠭᠡᠷᠦᠮᠵᠢ ᠶᠢᠨ ᠳᠡᠰ ᠳᠡᠪᠰᠢᠬᠦ ᠪᠠ ᠬᠠᠮᠲᠤᠷᠠᠨ ᠳᠠᠬᠢᠨ ᠵᠣᠬᠢᠶᠠᠨ ᠪᠠᠶᠢᠭᠤᠯᠬᠤ ᠶᠢ ᠬᠥᠲᠥᠯᠥᠨ ᠵᠢᠯᠣᠭᠤᠳᠬᠤ | ᠪᠠ ᠲᠦᠯᠬᠢᠨ ᠠᠬᠢᠭᠤᠯᠵᠤ᠂ ᠨᠡᠭᠦᠷᠡᠰᠦ ᠬᠡᠤᠷᠰᠢᠭᠦᠯᠬᠦ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ | ᠵᠡᠷᠭᠡ ᠳᠠᠪᠠᠭᠤᠯᠢᠭ ᠠᠵᠤ ᠦᠢᠯᠡᠰ ᠤᠨ ᠲᠥᠪᠯᠡᠷᠡᠯ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ᠬᠤᠶᠠᠷ ᠲᠤ᠂ | ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠬᠤ ᠪᠠ ᠰᠤᠳᠤᠯᠤᠨ ᠨᠡᠭᠡᠭᠡᠬᠦ ᠪᠠᠷ ᠳᠠᠮᠵᠢᠨ᠂ ᠡᠯ᠎ᠡ ᠠᠵᠤ ᠦᠢᠯᠡᠰ ᠤᠨ | ᠬᠡᠯᠬᠢᠶ᠎ᠡ ᠶᠢᠨ ᠠᠭᠤᠰᠤᠯᠴᠠᠬᠤ ᠵᠠᠮ ᠢ ᠨᠡᠪᠲᠡᠷᠡᠭᠦᠯᠵᠦ᠂ ᠨᠡᠭᠦᠷᠡᠰᠦ ᠬᠡᠤᠷᠰᠢᠭᠦᠯᠬᠦ᠂ ᠾᠯᠣᠷᠲᠤ ᠱᠦᠯᠲᠦ ᠶᠢᠨ | ᠬᠢᠮᠢ ᠶᠢᠨ ᠠᠵᠤ ᠦᠢᠯᠡᠳᠪᠦᠷᠢ᠂ ᠹᠯᠣᠷᠲᠤ ᠴᠠᠬᠢᠭᠤᠷ ᠤᠨ ᠬᠢᠮᠢ ᠶᠢᠨ ᠠᠵᠤ ᠦᠢᠯᠡᠳᠪᠦᠷᠢ ᠶᠢᠨ ᠣᠯᠠᠨ | ᠡᠪᠴᠡᠯᠳᠦᠭᠰᠡᠨ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ᠂ ᠦᠬᠠᠶ ᠵᠢᠴᠢ ᠡᠷᠭᠢᠨ ᠲᠣᠭᠤᠷᠢᠨ ᠤ ᠭᠠᠵᠠᠷ | ᠣᠷᠣᠨ ᠤ ᠤᠰᠤᠲᠥ᠋ᠷᠥᠭᠴᠢ ᠬᠡᠢ ᠶᠢᠨ ᠡᠬᠢ ᠪᠠᠶᠠᠯᠢᠭ ᠡᠯᠪᠡᠭ ᠪᠠᠶᠢᠬᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ | ᠶᠡᠭᠡ ᠬᠡᠪᠴᠢᠶᠡᠨ ᠤ᠂ ᠪᠠᠭ᠎ᠠ ᠡᠨᠧᠷᠭᠢ ᠶᠢᠨ ᠬᠤᠷᠣᠭᠳᠠᠯ ᠢᠶᠠᠷ ᠤᠰᠤᠲᠥ᠋ᠷᠥᠭᠴᠢ ᠦᠢᠯᠡᠳᠬᠦ᠂ ᠴᠡᠪᠡᠷᠵᠢᠭᠦᠯᠬᠦ | ᠮᠡᠷᠭᠡᠵᠢᠯ ᠢ ᠬᠥᠭᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ | ᠤᠰᠤᠲᠥ᠋ᠷᠥᠭᠴᠢ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠤᠨ᠎ᠠ᠃ ᠳᠥᠷᠪᠡ ᠳᠤ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠵᠦ᠂ | ᠣᠨᠴᠠᠯᠢᠭᠲᠤ ᠲᠠᠷᠢᠶᠠᠯᠠᠩ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ | ᠣᠯᠠᠨ ᠲᠠᠯ᠎ᠠ ᠪᠠᠷ ᠲᠤᠯᠭᠠᠭᠤᠷᠢᠯᠠᠭᠰᠠᠨ᠂ ᠣᠯᠠᠨ ᠡᠰᠢᠴᠢᠯᠡᠨ ᠬᠥᠭᠵᠢᠭᠰᠡᠨ ᠠᠵᠤ ᠦᠢᠯᠡᠰ ᠤᠨ ᠪᠠᠶᠢᠷᠢᠰᠢᠯ ᠢ | ᠬᠦᠴᠦᠯᠡᠨ ᠪᠠᠶᠢᠭᠤᠯᠤᠨ᠎ᠠ᠃ | ᠲᠠᠶᠠᠭᠠᠷ ᠲᠤ ᠲᠠᠯᠠᠷᠬᠠᠯ᠎ᠠ︕ | | 03 | ᠳᠤᠮᠳᠠᠳᠤ ᠤᠯᠤᠰ ᠤᠨ ᠥᠭᠡᠷᠡᠴᠢᠯᠡᠯᠲᠡ ᠶᠢᠨ ᠰᠣᠨᠢᠨ ᠤ ᠰᠤᠷᠪᠤᠯᠵᠢᠯᠠᠭᠴᠢ ᠯᠦ ᠾᠧᠩ ᠯᠢ᠄ ᠦᠬᠠᠶ | ᠬᠤᠲᠠ ︽ᠪᠠᠯᠠ ᠣᠷᠣᠭᠤᠯᠤᠯᠲᠠ ᠠᠷᠠᠯᠵᠢᠶ᠎ᠠ ᠶᠢᠨ ᠲᠡᠷᠢᠭᠦᠨ ᠰᠣᠩᠭᠤᠯᠲᠠ ᠶᠢᠨ ᠣᠷᠣᠨ︾ ᠢ ᠪᠠᠶᠢᠭᠤᠯᠬᠤ | ᠬᠠᠷᠠᠯᠲᠠ ᠶᠢ ᠳᠤᠷᠠᠳᠪᠠ᠂ ᠡᠨᠡ ᠵᠢᠯ ᠠᠴᠠ ᠨᠠᠰᠢ᠂ ᠦᠬᠠᠶ ᠬᠤᠲᠠ ᠶᠢᠨ ᠣᠯᠠᠨ ᠲᠥᠷᠥᠯ ᠵᠦᠢᠯ ᠪᠦᠲᠦᠭᠡᠨ | ᠪᠠᠶᠢᠭᠤᠯᠤᠯᠳᠠ ᠪᠠᠨ ᠡᠭᠢᠯᠡᠬᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠭᠲᠠᠭᠠᠭᠰᠠᠨ ᠲᠤᠭ᠎ᠠ ᠬᠡᠮᠵᠢᠶ᠎ᠡ ᠴᠦ | ᠮᠠᠰᠢ ᠲᠦᠷᠭᠡᠨ ᠨᠡᠮᠡᠭᠳᠡᠵᠡᠶ᠃ ᠦᠬᠠᠶ ᠬᠤᠲᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ | ᠠᠵᠢᠯ ᠬᠢᠭᠰᠡᠨ ᠪᠣᠶ︖ | | | | | ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠳᠡᠳ᠋ ᠬᠤᠲᠠ ᠶᠢᠨ ᠳᠠᠷᠤᠭ᠎ᠠ | ᠴᠢᠤᠸᠠᠨ ᠵᠢᠤᠸᠠᠢ ᠮᠢᠨ᠄ | | | | | ︵ᠦᠬᠠᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠳᠡᠳ᠋ ᠬᠤᠲᠠ ᠶᠢᠨ ᠳᠠᠷᠤᠭ᠎ᠠ | ᠴᠢᠤᠸᠠᠨ ᠵᠢᠤᠸᠠᠢ ᠮᠢᠨ︶ | ᠡᠨᠡ ᠰᠤᠷᠪᠤᠯᠵᠢᠯᠠᠭᠴᠢ ᠨᠠᠶᠢᠵᠠ ᠶᠢᠨ ᠦᠬᠠᠶ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ | ᠪᠠᠶᠢᠭᠤᠯᠤᠯᠲᠠ ᠶᠢ ᠠᠩᠬᠠᠷᠴᠤ ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠪᠣᠯ ᠥᠷᠢᠰᠦᠯᠳᠦᠬᠦ ᠬᠦᠴᠦᠨ ᠮᠥᠨ᠂ ᠪᠠᠰᠠ ᠴᠤ ᠦᠢᠯᠡᠳᠪᠦᠷᠢᠯᠡᠯ ᠤᠨ ᠬᠦᠴᠦᠨ ᠮᠥᠨ᠃ ᠦᠬᠠᠶ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢᠮᠠᠭᠲᠠ ᠣᠷᠴᠢᠨ ᠲᠣᠭᠤᠷᠢᠨ ᠢ ᠠᠳᠬᠤᠬᠤ | ᠪᠣᠯ ᠳᠠᠷᠤᠶ ᠬᠥᠭᠵᠢᠯᠲᠡ ᠶᠢ ᠠᠳᠬᠤᠬᠤ ᠣᠶᠢᠯᠠᠭᠠᠭᠳᠠᠬᠤᠨ ᠮᠥᠨ ᠭᠡᠳᠡᠭ ᠢ ᠪᠠᠷᠢᠮᠲᠠᠯᠠᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠪᠠᠷᠢᠴᠠ ᠪᠣᠯᠭᠠᠵᠤ᠂ ᠬᠢᠨᠠᠨ ᠵᠥᠪᠰᠢᠶᠡᠷᠡᠬᠦ | ᠶᠠᠪᠤᠴᠠ ᠶᠢ ᠴᠣᠮᠬᠠᠳᠬᠠᠵᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠵᠢᠯ ᠶᠠᠪᠤᠳᠠᠯ | ᠬᠦᠢᠴᠡᠳᠭᠡᠬᠦ ᠳᠤ ᠬᠠᠮᠤᠭ ᠤᠨ ᠲᠦᠷᠭᠡᠨ᠂ ᠦᠢᠯᠡᠴᠢᠯᠡᠭᠡ ᠬᠠᠮᠤᠭ ᠤᠨ ᠰᠠᠶᠢᠨ᠂ ᠲᠥᠷᠦ ᠶᠢᠨ ᠪᠣᠳᠣᠯᠭ᠎ᠠ | ᠬᠠᠮᠤᠭ ᠤᠨ ᠰᠢᠯᠢᠳᠡᠭ ᠬᠥᠭᠵᠢᠯᠲᠡ ᠶᠢᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠪᠠ᠃ 2018 ᠣᠨ ᠳᠤ᠂ | ᠦᠬᠠᠶ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠨᠡᠯᠡᠯᠲᠡ ᠶᠢᠨ ᠵᠢᠭᠠᠯᠲᠠ ᠲᠤᠭ᠎ᠠ ᠪᠦᠬᠦ ᠣᠷᠣᠨ ᠤ | ᠬᠤᠶᠠᠳᠣᠭᠠᠷ ᠲᠤ ᠣᠷᠣᠪᠠ᠃ ᠦᠬᠠᠶ ᠶᠢ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ | ᠬᠤᠲᠠ ᠪᠠᠷ ᠲᠣᠭᠲᠠᠭᠠᠪᠠ᠃ 2019 ᠣᠨ ᠠᠴᠠ ᠨᠠᠰᠢ᠂ ᠪᠢᠳᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠤᠤᠯᠳᠠᠯᠭ᠎ᠠ ᠲᠠᠢ | ᠠᠬᠢᠭᠤᠯᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 285 ᠠᠵᠢᠯᠯᠠᠬᠤ ᠡᠳᠦᠷ ᠪᠠᠶᠢᠭᠰᠠᠨ ᠠᠴᠠ 120 | ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠵᠢᠯ ᠤᠨ ᠡᠴᠦᠰ ᠠᠴᠠ ᠡᠮᠦᠨ᠎ᠡ 100 ᠠᠵᠢᠯᠯᠠᠬᠤ ᠡᠳᠦᠷ ᠤᠨ | ᠳᠣᠲᠣᠷ᠎ᠠ ᠬᠦᠷᠲᠡᠯ᠎ᠡ ᠪᠠᠭᠠᠰᠬᠠᠨ᠎ᠠ᠃ ᠡᠨᠡ ᠵᠢᠯ ᠤᠨ 1 — 8 ᠰᠠᠷ᠎ᠠ ᠳᠤ᠂ ᠪᠥᠬᠦ ᠬᠤᠲᠠ ᠳᠤ ᠡᠳᠦᠷ ᠪᠦᠷᠢ | ᠳᠤᠮᠳᠠᠴᠢ ᠪᠠᠷ 25 ᠵᠠᠬ᠎ᠠ ᠳᠡᠯᠭᠡᠭᠦᠷ ᠤᠨ ᠭᠤᠤᠯ ᠴᠣᠭᠴᠠ ᠰᠢᠨ᠎ᠡ ᠪᠠᠷ ᠨᠡᠮᠡᠭᠳᠡᠵᠦ᠂ ᠪᠣᠳᠠᠲᠤ ᠴᠣᠭᠴᠠ ᠶᠢᠨ ᠠᠵᠤ | ᠠᠬᠤᠢ ᠶᠢᠨ ᠠᠮᠢᠵᠢᠷᠠᠯ ᠤᠨ ᠬᠦᠴᠦᠨ ᠲᠠᠰᠤᠷᠠᠯᠲᠠ ᠥᠬᠡᠶ ᠴᠢᠩᠭᠠᠷᠠᠪᠠ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠭᠤᠷᠪᠠᠨ ᠵᠠᠩᠭᠢᠯᠠᠭ᠎ᠠ ᠶᠢᠨ ᠴᠡᠭ ᠢ ᠬᠦᠴᠦᠯᠡᠨ ᠰᠠᠶᠢᠲᠤᠷ ᠠᠳᠬᠤᠨ᠎ᠠ᠃ | | ᠨᠢᠭᠡ ᠳᠤ᠂ ᠬᠠᠷᠢᠴᠠᠩᠭᠤᠶ ᠪᠠᠷ ᠲᠥᠪᠯᠡᠷᠡᠭᠦᠯᠦᠨ ᠬᠢᠨᠠᠨ ᠵᠥᠪᠰᠢᠶᠡᠷᠡᠬᠦ ᠡᠷᠬᠡ ᠶᠢᠨ ᠲᠤᠷᠰᠢᠯᠲᠠ ᠶᠢᠨ | ᠴᠡᠭ ᠤᠨ ᠥᠭᠡᠷᠡᠴᠢᠯᠡᠯᠲᠡ ᠶᠢ ᠠᠳᠬᠤᠬᠤ ᠡᠨᠡ ᠬᠦ ᠵᠠᠩᠭᠢᠯᠠᠭ᠎ᠠ ᠶᠢᠨ ᠴᠡᠭ ᠢ ᠠᠳᠬᠤᠵᠤ᠂ ᠬᠠᠮᠤᠭ ᠤᠨ ᠰᠢᠯᠢᠳᠡᠭ | ᠦᠢᠯᠡᠴᠢᠯᠡᠭᠡ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠠᠷᠢᠴᠠᠩᠭᠤᠶ ᠪᠠᠷ ᠲᠥᠪᠯᠡᠷᠡᠭᠦᠯᠦᠨ ᠬᠢᠨᠠᠨ | ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠶᠢᠮᠠᠭ ᠬᠤᠲᠠ ᠶᠢᠨ ᠨᠢᠭᠡ | ᠪᠣᠯᠤᠭᠰᠠᠨ ᠤ ᠬᠤᠪᠢ ᠳᠤ᠂ ᠮᠠᠨ ᠤ ᠬᠤᠲᠠ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠵᠦ᠂ ᠤᠷᠢᠳᠠᠪᠠᠷ | ᠬᠡᠷᠡᠭᠵᠢᠭᠦᠯᠦᠨ ᠤᠷᠢᠳᠠᠪᠠᠷ ᠲᠤᠷᠰᠢᠵᠤ᠂ 14 ᠰᠠᠯᠠᠭ᠎ᠠ ᠮᠥᠴᠢᠷ ᠤᠨ 134 ᠵᠦᠢᠯ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠲᠥᠪᠯᠡᠷᠡᠩᠭᠦᠶ ᠵᠠᠰᠠᠭ ᠵᠠᠬᠢᠷᠭᠠᠨ ᠤ ᠵᠥᠪᠰᠢᠶᠡᠷᠡᠯ ᠤᠨ ᠥᠭᠡᠷᠡᠴᠢᠯᠡᠯᠲᠡ ᠶᠢᠨ | ᠬᠡᠪᠴᠢᠶᠡᠨ ᠳᠤ ᠣᠷᠣᠭᠤᠯᠵᠤ᠂ 60 % ᠶᠢᠨ ᠵᠦᠢᠯᠡᠰ ᠨᠢ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ | ᠬᠠᠮᠢᠶᠠᠷᠬᠤ︾ ᠶᠢ ᠪᠡᠶᠡᠯᠡᠭᠦᠯᠪᠡ᠃ ᠬᠡᠷᠡᠭᠵᠢᠭᠦᠯᠬᠦ ᠵᠦᠢᠯᠡᠰ ᠢ ᠬᠤᠪᠢᠶᠠᠷᠢᠯᠠᠨ ᠰᠢᠯᠵᠢᠭᠦᠯᠦᠭᠡᠳᠦᠶ 12 ᠰᠠᠯᠠᠭ᠎ᠠ | ᠮᠥᠴᠢᠷ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠪᠦᠬᠦᠯᠢ ᠴᠣᠭᠴᠠ ᠪᠠᠷ ᠨᠢ ᠣᠷᠣᠭᠤᠯᠵᠤ᠂ ᠬᠢᠨᠠᠨ | ᠵᠥᠪᠰᠢᠶᠡᠷᠡᠬᠦ ᠵᠦᠢᠯᠡᠰ ᠢ ᠲᠥᠪᠯᠡᠷᠡᠭᠦᠯᠦᠨ ᠬᠦᠢᠴᠡᠳᠭᠡᠨ᠎ᠡ᠃ ︽ᠭᠤᠷᠪᠠ ᠶᠢ ᠲᠥᠪᠯᠡᠷᠡᠭᠦᠯᠵᠦ ᠭᠤᠷᠪᠠ ᠶᠢ | ᠪᠣᠳᠠᠲᠠᠶᠢᠵᠢᠭᠤᠯᠬᠤ︾ ᠶᠢ ᠲᠦᠯᠬᠢᠨ ᠠᠬᠢᠭᠤᠯᠵᠤ᠂ ᠬᠤᠲᠠ ᠶᠢᠨ ᠲᠣᠰ ᠱᠠᠲᠤᠨ ᠤ 366 ᠵᠦᠢᠯ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠣᠷᠣᠭᠤᠯᠬᠤ | ᠴᠢᠬᠤᠯᠠᠲᠠᠢ ᠪᠣᠯ ᠵᠠᠪᠠᠯ ᠣᠷᠣᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠳᠤ ᠬᠤᠯᠪᠣᠭᠳᠠᠭᠰᠠᠨ ᠠᠯᠢᠪᠠ ᠬᠡᠷᠡᠭ ᠶᠠᠪᠤᠳᠠᠯ ᠢ ᠦᠨᠳᠦᠰᠦᠨ ᠳᠡᠭᠡᠨ ᠬᠠᠮᠤᠷᠴᠤ᠂ ᠠᠵᠤ ᠠᠬᠤᠶᠢᠯᠠᠯ ᠤᠨ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠡᠭᠦᠳᠡ ᠪᠠᠷ ᠤᠷᠤᠬᠤ︾᠂ ᠠᠵᠢᠯ ᠶᠠᠪᠤᠳᠠᠯ | ᠪᠦᠲᠦᠭᠡᠬᠦ ᠶᠢ ᠪᠡᠶᠡᠯᠡᠭᠦᠯᠪᠡ᠃ | ᠬᠤᠶᠠᠷ ᠲᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠭᠡᠬᠦ ᠡᠨᠡ ᠬᠦ | ᠵᠠᠩᠭᠢᠯᠠᠭ᠎ᠠ ᠶᠢᠨ ᠴᠡᠭ ᠢ ᠠᠳᠬᠤᠵᠤ᠂ ᠠᠵᠢᠯ ᠶᠠᠪᠤᠳᠠᠯ ᠢ ᠬᠠᠮᠤᠭ ᠤᠨ ᠲᠦᠷᠭᠡᠨ ᠬᠦᠢᠴᠡᠳᠭᠡᠬᠦ ᠶᠢ ᠪᠡᠶᠡᠯᠡᠭᠦᠯᠦᠨ᠎ᠡ᠃ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠬᠦᠢᠴᠡᠳᠭᠡᠬᠦ ᠠᠷᠭ᠎ᠠ ᠮᠠᠶ᠋ᠢᠭ ᠢ ᠥᠷᠭᠡᠳᠬᠡᠵᠦ᠂ ᠰᠦᠯᠵᠢᠶᠡᠨ | ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ᠂ ᠠᠯᠠᠭᠠᠨ ᠲᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ᠂ | ᠤᠶᠤᠨᠯᠢᠭ ᠵᠠᠰᠠᠭ ᠤᠨ ᠶᠠᠪᠤᠳᠠᠯ ᠤᠨ ᠸᠢᠴᠠᠲ ᠤᠨ ᠲᠠᠪᠴᠠᠩ ᠤᠨ ᠴᠢᠳᠠᠮᠵᠢ ᠶᠢᠨ ᠬᠡᠷᠡᠭᠯᠡᠯᠲᠡ ᠶᠢ ᠲᠡᠭᠦᠯᠳᠡᠷᠵᠢᠭᠦᠯᠵᠦ | ᠂ ︽ᠰᠦᠯᠵᠢᠶᠡᠨ ᠳᠡᠭᠡᠷ᠎ᠡ ᠬᠦᠢᠴᠡᠳᠭᠡᠬᠦ︾ ᠵᠦᠢᠯᠡᠰ ᠤᠨ ᠬᠠᠷᠢᠴᠠᠯ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ | ᠴᠤᠪᠤᠷᠠᠯ ᠢ ᠰᠢᠯᠢᠳᠡᠭᠵᠢᠭᠦᠯᠦᠨ ᠴᠣᠮᠬᠠᠳᠬᠠᠵᠤ᠂ ︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ | ᠬᠡᠷᠡᠭᠵᠢᠭᠦᠯᠦᠨ᠎ᠡ᠃ ᠣᠳᠣᠬᠠᠨ ᠳᠤ ︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠤᠴᠢᠷ ᠶᠠᠪᠤᠳᠠᠯ ᠢ | 260 ᠪᠡᠶᠡᠯᠡᠭᠦᠯᠵᠦ᠂ ᠪᠥᠬᠦ ᠤᠴᠢᠷ ᠶᠠᠪᠤᠳᠠᠯ ᠤᠨ 71 % ᠶᠢ ᠡᠵᠡᠯᠡᠵᠦ ᠪᠠᠶᠢᠨ᠎ᠠ᠃ ︽ᠲᠠᠷᠣᠢ ᠬᠦᠢᠴᠡᠳᠭᠡᠬᠦ︾ | ᠳᠤ 116 ᠵᠦᠢᠯ ᠤᠨ ᠬᠡᠷᠡᠭ ᠶᠠᠪᠤᠳᠠᠯ ᠢ ᠪᠡᠶᠡᠯᠡᠭᠦᠯᠵᠦ᠂ ᠬᠡᠷᠡᠭ ᠶᠠᠪᠤᠳᠠᠯ ᠤᠨ ᠶᠡᠷᠦᠩᠬᠡᠶ ᠲᠣᠭᠠᠨ ᠤ 31.7 | % ᠶᠢ ᠡᠵᠡᠯᠡᠨ᠎ᠡ᠃ ᠪᠡᠯᠡ ᠣᠷᠣᠭᠤᠯᠤᠯᠲᠠ ᠶᠢᠨ ᠵᠦᠢᠯᠡᠰ ᠢ ᠴᠥᠮ ᠰᠦᠯᠵᠢᠶᠡᠨ ᠳᠡᠭᠡᠷ᠎ᠡ ᠨᠡᠶᠢᠯᠡᠭᠦᠯᠦᠨ ᠬᠢᠨᠠᠨ | ᠵᠥᠪᠰᠢᠶᠡᠷᠡᠬᠦ ᠶᠢ ᠪᠡᠶᠡᠯᠡᠭᠦᠯᠪᠡ᠃ ᠭᠦᠢᠴᠡᠳᠬᠡᠬᠦ ᠴᠠᠭ ᠤᠨ ᠬᠢᠵᠠᠭᠠᠷ ᠪᠠ ᠭᠦᠢᠴᠡᠳᠬᠡᠬᠦ ᠭᠤᠭᠴᠤᠭ᠎ᠠ ᠶᠢ ᠬᠠᠮᠤᠭ | ᠶᠡᠭᠡ ᠬᠡᠮᠵᠢᠶ᠎ᠡ ᠪᠠᠷ ᠪᠠᠭᠠᠰᠬᠠᠵᠤ᠂ ᠠᠵᠤ ᠠᠬᠤᠶᠢᠯᠠᠯ ᠡᠷᠬᠢᠯᠡᠬᠦ ᠴᠠᠭ ᠢ 3 ᠠᠵᠢᠯ ᠤᠨ ᠡᠳᠦᠷ ᠪᠣᠯᠭᠠᠨ | ᠪᠣᠭᠤᠨᠢᠰᠬᠠᠵᠤ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠳᠡ ᠶᠢᠨ | ᠦᠢᠯᠡᠴᠢᠯᠡᠭᠡᠨ ᠤ ᠬᠡᠷᠡᠭ ᠶᠠᠪᠤᠳᠠᠯ ᠢ ᠭᠦᠢᠴᠡᠳᠬᠡᠬᠦ ᠶᠡᠷᠦᠩᠬᠡᠢ ᠴᠠᠭ ᠤᠨ ᠬᠢᠵᠠᠭᠠᠷ ᠢ 8372 ᠠᠵᠢᠯ ᠤᠨ ᠡᠳᠦᠷ | ᠪᠠᠶᠢᠭᠰᠠᠨ ᠠᠴᠠ ᠪᠠᠨ 3946 ᠠᠵᠢᠯ ᠤᠨ ᠡᠳᠦᠷ ᠪᠣᠯᠭᠠᠨ ᠪᠣᠭᠤᠨᠢᠰᠬᠠᠵᠤ᠂ ᠠᠪᠴᠢᠯᠲᠠ ᠶᠢᠨ ᠨᠣᠷᠮ᠎ᠠ 52.9 | % ᠳᠤ ᠬᠦᠷᠪᠡ᠃ ᠲᠠᠷᠠᠭᠠᠴᠢ ᠶᠢᠨ ᠠᠯᠬᠤᠮ ᠳᠤ᠂ ᠪᠢᠳᠡ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ | ᠲᠥᠪᠯᠡᠷᠡᠭᠦᠯᠦᠨ ᠠᠵᠢᠯᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠵᠦᠢᠯᠡᠰ ᠢ ᠨᠢᠭᠡᠳᠦᠯᠲᠡᠶ | ᠲᠡᠮᠳᠡᠭᠯᠡᠨ ᠣᠷᠣᠭᠤᠯᠵᠤ᠂ ᠵᠢᠯ ᠤᠨ ᠡᠴᠦᠰ ᠠᠴᠠ ᠡᠮᠦᠨ᠎ᠡ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ | ᠪᠡᠶᠡᠯᠡᠭᠦᠯᠬᠦ ᠪᠠᠷ ᠴᠢᠷᠮᠠᠶᠢᠨ᠎ᠠ᠃ | ᠭᠤᠷᠪᠠ ᠳᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢ ᠠᠳᠬᠤᠬᠤ ᠡᠨᠡ ᠬᠦ ᠵᠠᠩᠭᠢᠯᠠᠭ᠎ᠠ ᠶᠢᠨ ᠴᠡᠭ ᠢ ᠠᠳᠬᠤᠵᠤ᠂ ᠲᠥᠷᠥ ᠶᠢᠨ | ᠪᠣᠳᠣᠯᠭ᠎ᠠ ᠶᠢᠨ ᠬᠠᠮᠤᠭ ᠤᠨ ᠰᠢᠯᠢᠳᠡᠭ ᠪᠠᠶᠢᠬᠤ ᠶᠢ ᠪᠡᠶᠡᠯᠡᠭᠦᠯᠪᠡ᠃ ᠨᠢᠭᠡ ᠵᠢᠷᠤᠭ ᠲᠥᠰᠦᠪ᠂ ᠨᠢᠭᠡ ᠴᠣᠩᠬᠤᠪᠴᠢ᠂ | ᠨᠢᠭᠡ ᠬᠦᠰᠦᠨᠦᠭᠲᠦ ᠶᠢᠨ ᠬᠠᠭᠤᠳᠠᠰᠤ᠂ ᠨᠢᠭᠡ ᠲᠥᠬᠦᠷ ᠲᠣᠭᠲᠠᠴᠠ ᠪᠠᠷ ᠬᠢᠨᠠᠨ ᠵᠥᠪᠰᠢᠶᠡᠷᠡᠬᠦ ᠠᠷᠭ᠎ᠠ ᠮᠠᠶ᠋ᠢᠭ | ᠶᠣᠰᠣᠭᠠᠷ᠂ ᠪᠠᠷᠢᠯᠭ᠎ᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠰᠢᠨ᠎ᠡ ᠶᠢ ᠡᠭᠦᠳᠴᠦ᠂ | ︽ᠶᠡᠷᠦᠩᠬᠡᠶᠢᠯᠡᠭᠰᠡᠨ ᠴᠣᠩᠬᠤᠪᠴᠢ︾ ᠶᠢᠨ ᠬᠦᠯᠢᠶᠡᠨ ᠠᠪᠴᠤ ᠰᠢᠢᠳᠪᠦᠷᠢᠯᠡᠬᠦ᠂ ︽ᠨᠢᠭᠡ ᠬᠦᠰᠦᠨᠦᠭᠲᠦ ᠶᠢᠨ | ᠬᠠᠭᠤᠳᠠᠰᠤ︾ ᠪᠠᠷ ᠭᠤᠶᠤᠴᠢᠯᠠᠨ ᠮᠡᠳᠡᠭᠦᠯᠬᠦ ᠦᠢᠯᠡᠴᠢᠯᠡᠭᠡᠨ ᠤ ᠵᠠᠭᠪᠤᠷ ᠪᠠᠶᠢᠭᠤᠯᠵᠤ᠂ ᠦᠨᠡᠨᠴᠢ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠪᠠᠭᠲᠠᠭᠠᠮᠵᠢ ᠶᠢᠨ ᠬᠡᠮᠵᠢᠶ᠎ᠡ ᠶᠢ ᠬᠦᠯᠢᠶᠡᠨ ᠠᠪᠴᠤ ᠰᠢᠢᠳᠪᠦᠷᠢᠯᠡᠬᠦ᠂ | ᠬᠦᠢᠴᠡᠳᠭᠡᠬᠦ ᠲᠤᠭ᠎ᠠ ᠶᠢᠨ ᠠᠮᠠᠯᠠᠯᠲᠠ ᠶᠢ ᠬᠠᠷᠢᠯᠴᠠᠨ ᠤᠶᠠᠯᠳᠤᠭᠤᠯᠬᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ | ᠶᠠᠪᠤᠭᠤᠯᠵᠤ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ ᠪᠦᠬᠦ ᠶᠠᠪᠤᠴᠠ ᠶᠢᠨ ᠣᠷᠣᠯᠠᠨ ᠬᠦᠢᠴᠡᠳᠭᠡᠬᠦ | ᠦᠢᠯᠡᠴᠢᠯᠡᠭᠡ ᠬᠠᠩᠭᠠᠵᠤ᠂ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ | ᠳᠥᠭᠦᠮ ᠦᠵᠡᠭᠦᠯᠦᠨ᠎ᠡ᠃ ︽ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ | ᠵᠣᠷᠢᠭᠵᠢᠭᠤᠯᠤᠨ ᠳᠡᠮᠵᠢᠬᠦ ᠲᠤᠬᠠᠶ ᠰᠠᠨᠠᠯ︾᠂ ︽ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ | ᠲᠡᠳᠬᠦᠨ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ | ᠨᠡᠶᠢᠲᠡᠯᠡᠪᠡ᠃ ᠲᠥᠷᠥᠯ ᠵᠦᠢᠯ ᠤᠨ ᠦᠢᠯᠡᠴᠢᠯᠡᠭᠡᠨ ᠤ ᠡᠷᠴᠢᠮ ᠢᠶᠠᠨ ᠨᠡᠮᠡᠭᠳᠡᠭᠦᠯᠦᠨ᠂ ᠤᠳᠤᠷᠢᠳᠬᠤ ᠺᠠᠳ᠋ᠷᠴᠣᠳ | ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ᠂ ᠲᠥᠷᠥᠯ | ᠵᠦᠢᠯ ᠤᠨ ᠭᠠᠷᠳᠠᠮ ᠢ ᠪᠦᠬᠦ ᠶᠠᠪᠤᠴᠠ ᠲᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠡᠷᠭᠡ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠲᠥᠷᠥᠯ ᠵᠦᠢᠯ ᠢ ᠵᠥᠪᠳᠡᠨ ᠬᠡᠯᠡᠯᠴᠡᠬᠦ᠂ ᠭᠡᠷ᠎ᠡ ᠲᠣᠭᠲᠠᠬᠤ᠂ | ᠪᠣᠳᠠᠲᠠᠶᠢᠵᠢᠭᠤᠯᠬᠤ ᠠᠴᠠ ᠠᠪᠤᠭᠠᠳ ᠠᠰᠢᠭᠯᠠᠯᠲᠠ ᠲᠤ ᠣᠷᠣᠭᠤᠯᠬᠤ᠂ ᠦᠢᠯᠡᠳᠪᠦᠷᠢᠯᠡᠯ ᠲᠤ ᠣᠷᠣᠭᠤᠯᠬᠤ | ᠬᠦᠷᠲᠡᠯ᠎ᠡ᠂ ᠠᠵᠤ ᠠᠬᠤᠶᠢᠯᠠᠯ ᠲᠤ ︽ᠦᠢᠯᠡᠴᠢᠯᠡᠭᠴᠢ︾᠂ ︽ᠠᠰᠠᠷᠠᠭᠴᠢ︾ ᠶᠢᠨ ᠦᠢᠯᠡᠴᠢᠯᠡᠭᠡ ᠬᠠᠩᠭᠠᠨ᠎ᠠ᠃ | ᠡᠭᠦᠨ ᠤ ᠬᠠᠮᠲᠤ᠂ ᠪᠢᠳᠡ ᠤᠯᠤᠰ ᠤᠨ ᠭᠠᠶᠢᠯᠢ ᠶᠢ ᠬᠥᠩᠭᠡᠯᠡᠬᠦ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ | ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 26 | ᠵᠤᠷᠪᠤᠰ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠷ᠎ᠡ ᠬᠠᠭᠠᠰ | ᠵᠢᠯ ᠳᠤ ᠠᠵᠤ ᠠᠬᠤᠶᠢᠯᠠᠯ ᠤᠨ ᠭᠠᠶᠢᠯᠢ ᠶᠢᠨ ᠰᠦᠢᠳᠭᠡᠯ ᠢ 5.7 ᠳ᠋ᠦᠩᠰᠢᠭᠤᠷ ᠲᠥᠭᠦᠷᠢᠭ ᠬᠠᠰᠤᠵᠤ | ᠬᠡᠯᠲᠦᠷᠢᠭᠦᠯᠦᠨ᠂ ᠠᠵᠤ ᠠᠬᠤᠶᠢᠯᠠᠯ ᠢ ᠬᠠᠪᠰᠤᠷᠤᠨ 63.8 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ | ᠰᠢᠯᠵᠢᠭᠦᠯᠦᠨ ᠦᠷᠭᠦᠯᠵᠢᠯᠡᠭᠦᠯᠵᠤ᠂ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠵᠠᠷᠤᠯᠭ᠎ᠠ ᠶᠢ 2.6 | ᠳ᠋ᠦᠩᠰᠢᠭᠤᠷ ᠲᠥᠭᠦᠷᠢᠭ ᠠᠷᠪᠢᠯᠠᠪᠠ᠃ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 27.3 % ᠳᠤ ᠬᠦᠷᠴᠦ᠂ 26 ᠰᠠᠷ᠎ᠠ | ᠳᠠᠷᠠᠭᠠᠯᠠᠨ ᠪᠦᠬᠦ ᠣᠷᠣᠨ ᠳᠤ ᠲᠡᠷᠢᠭᠦᠯᠡᠪᠡ᠃ ᠡᠳ᠋ ᠤᠨ ᠵᠠᠰᠠᠭ ᠭᠠᠶᠢᠯᠢ ᠮᠥᠩᠭᠦᠨ ᠬᠦᠢᠯᠭᠡᠭᠡᠨ ᠤ ᠳᠡᠮᠵᠢᠯᠭᠡ ᠶᠢ | ᠨᠡᠮᠡᠭᠳᠡᠭᠦᠯᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠬᠤ ᠵᠡᠷᠭᠡ ᠲᠠᠯ᠎ᠠ ᠪᠠᠷ ᠮᠠᠰᠢ ᠣᠯᠠᠨ | ᠴᠢᠩᠭ᠎ᠠ ᠪᠣᠳᠠᠲᠠᠶ ᠠᠷᠭ᠎ᠠ ᠬᠡᠮᠵᠢᠶ᠎ᠡ ᠠᠪᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠬᠥᠳᠡᠯᠭᠡᠬᠦ ᠬᠦᠴᠦᠨ ᠢ ᠬᠥᠭᠵᠢᠭᠡᠪᠡ᠃ | ᠮᠠᠨ ᠤ ᠬᠤᠲᠠ ᠬᠡᠳᠦ᠋ᠢᠪᠡᠷ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠪᠠ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠮᠠᠰᠢ ᠣᠯᠠᠨ ᠰᠦᠪᠡᠭᠴᠢᠯᠡᠯᠲᠡ ᠪᠠ ᠦᠢᠯᠡᠳᠦᠯᠭᠡ | ᠬᠢᠭᠰᠡᠨ ᠪᠣᠯᠪᠠᠴᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠬᠠᠮᠤᠭ ᠰᠠᠶᠢᠨ᠂ ᠨᠠᠩ ᠰᠠᠶᠢᠨ | ᠦᠢᠯᠡᠴᠢᠯᠡᠭᠡ ᠬᠠᠩᠭᠠᠬᠤ ᠶᠤᠮ᠃ ᠡᠨᠡ ᠵᠢᠯ ᠪᠣᠯ ᠮᠠᠨ ᠤ ᠲᠣᠭᠲᠠᠭᠠᠭᠰᠠᠨ ︽ᠣᠷᠴᠢᠨ ᠲᠣᠭᠤᠷᠢᠨ ᠢ | ᠰᠢᠯᠢᠳᠡᠭᠵᠢᠭᠦᠯᠦᠨ ᠦᠢᠯᠡᠴᠢᠯᠡᠭᠡ ᠪᠠᠨ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ︾ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠨ ᠪᠣᠯᠤᠨ᠎ᠠ᠂ ᠪᠢᠳᠡ ᠬᠢᠨᠠᠨ ᠵᠥᠪᠰᠢᠶᠡᠷᠡᠯ ᠢ ᠪᠠᠭᠠᠰᠬᠠᠬᠤ᠂ | ᠥᠪᠡᠷ ᠤᠨ ᠥᠷᠲᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠥᠭᠦᠮ ᠳᠥᠲᠡ ᠪᠣᠯᠭᠠᠬᠤ | ᠳᠡᠭᠡᠷ᠎ᠡ ᠬᠦᠴᠦ ᠲᠠᠯᠪᠢᠵᠤ᠂ ᠪᠠᠯᠠ ᠣᠷᠣᠭᠤᠯᠤᠯᠲᠠ ᠠᠷᠠᠯᠵᠢᠶ᠎ᠠ ᠶᠢᠨ ᠲᠡᠷᠢᠭᠦᠨ ᠰᠣᠩᠭᠤᠯᠲᠠ ᠶᠢᠨ ᠣᠷᠣᠨ ᠢ | ᠬᠦᠴᠦᠯᠡᠨ ᠪᠠᠶᠢᠭᠤᠯᠤᠨ᠎ᠠ᠃ | ᠲᠠᠶᠠᠭᠠᠷ ᠲᠤ ᠲᠠᠯᠠᠷᠬᠠᠯ᠎ᠠ︕ | | 04 | ᠠᠷᠠᠳ ᠤᠨ ᠰᠦᠯᠵᠢᠶᠡᠨ ᠤ ᠰᠤᠷᠪᠤᠯᠵᠢᠯᠠᠭᠴᠢ ᠴᠢ ᠬᠤᠤ ᠨᠠᠨ᠄ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠂ ᠦᠬᠠᠢ ᠠᠷᠠᠳ ᠤᠨ ᠠᠮᠢᠳᠤᠷᠠᠯ ᠢ ᠬᠡᠷᠬᠢᠨ ᠪᠠᠲᠤᠯᠠᠨ | ᠰᠠᠶᠢᠵᠢᠷᠠᠭᠤᠯᠵᠤ᠂ ᠠᠷᠠᠳ ᠣᠯᠠᠨ ᠤ ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠬᠡᠷᠬᠢᠨ | ᠳᠡᠭᠡᠭᠰᠢᠯᠡᠭᠦᠯᠬᠦ ᠪᠣᠢ︖ | | | | | ᠡᠨᠡ ᠰᠤᠷᠪᠤᠯᠵᠢᠯᠠᠭᠴᠢ ᠨᠠᠶᠢᠵᠠ ᠶᠢᠨ ᠦᠬᠠᠶ ᠶᠢᠨ ᠠᠷᠠᠳ ᠤᠨ ᠠᠮᠢᠳᠤᠷᠠᠯ ᠤᠨ ᠠᠵᠢᠯ ᠳᠤ ᠠᠩᠬᠠᠷᠤᠯ | ᠲᠠᠯᠪᠢᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ ᠠᠷᠠᠳ ᠤᠨ ᠠᠮᠢᠳᠤᠷᠠᠯ ᠠᠷᠠᠳ ᠤᠨ ᠰᠡᠳᠬᠢᠯ ᠲᠠᠢ ᠬᠤᠯᠪᠣᠯᠳᠤᠵᠤ | ᠪᠠᠶᠢᠳᠠᠭ᠂ ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠥᠷᠥ ᠮᠥᠨ᠃ ᠦᠬᠠᠶ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠯᠢᠪᠠ | ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ 8 ᠵᠢᠯ ᠳᠠᠷᠠᠭᠠᠯᠠᠨ ᠡᠳ᠋ ᠤᠨ ᠵᠠᠰᠠᠭ ᠤᠨ ᠵᠠᠷᠤᠯᠭ᠎ᠠ ᠶᠢᠨ | ᠳᠣᠯᠣᠭᠠᠨ ᠬᠤᠪᠢ ᠠᠴᠠ ᠳᠡᠭᠡᠭᠰᠢᠬᠢ ᠶᠢ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠲᠤ ᠬᠡᠷᠡᠭᠯᠡᠵᠦ᠂ ᠪᠦᠬᠦ | ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠤᠨ ᠵᠣᠪᠠᠨᠢᠯ ᠢ ᠠᠷᠢᠯᠭᠠᠵᠤ᠂ ᠥᠷᠭᠡᠨ ᠣᠯᠠᠨ ᠲᠦᠮᠡᠨ ᠳᠤ ᠨᠠᠩ | ᠣᠯᠠᠨ ᠬᠦᠷᠲᠡᠮᠵᠢ ᠶᠢᠨ ᠲᠥᠷᠥᠭᠳᠡᠯ ᠣᠯᠭᠤᠪᠠ᠃ ᠭᠤᠤᠯᠳᠠᠭᠤ ᠳᠣᠤᠷᠠᠬᠢ ᠬᠡᠳᠦᠨ ᠲᠠᠯ᠎ᠠ ᠶᠢᠨ ᠠᠵᠢᠯ ᠢ ᠬᠢᠵᠡᠶ᠃ | ᠨᠢᠭᠡ ᠳᠤ᠂ ︽ᠦᠨᠳᠦᠰᠦᠨ ᠵᠦᠢᠯ ᠢ ᠪᠠᠲᠤᠯᠠᠬᠤ︾ ᠳᠡᠭᠡᠷ᠎ᠡ ᠬᠦᠴᠦ ᠲᠠᠯᠪᠢᠪᠠ᠃ ᠣᠯᠠᠨ ᠲᠦᠮᠡᠨ ᠤ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠰᠠᠭᠤᠬᠤ ᠠᠴᠠ | ᠣᠷᠣᠨ ᠰᠠᠭᠤᠴᠠ ᠲᠠᠢ᠂ ᠥᠲᠡᠯᠪᠡᠯ ᠬᠦᠷᠲᠡᠬᠦ ᠠᠰᠠᠷᠠᠮᠵᠢ ᠲᠠᠢ ᠪᠠᠶᠢᠬᠤ ᠵᠡᠷᠭᠡ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠠ᠃ ᠦᠬᠠᠶ ᠪᠣᠯ ᠨᠢᠭᠡᠨ ᠬᠠᠭᠤᠴᠢᠨ | ᠦᠢᠯᠡᠳᠪᠦᠷᠢ ᠠᠭᠤᠷᠬᠠᠢ ᠶᠢᠨ ᠬᠤᠲᠠ ᠪᠣᠯᠤᠨ᠎ᠠ᠂ ︽ᠤᠷᠢᠳᠠᠪᠠᠷ ᠠᠭᠤᠷᠬᠠᠶ ᠮᠠᠯᠳᠠᠵᠤ ᠳᠠᠷᠠᠭ᠎ᠠ ᠨᠢ ᠬᠤᠳᠠ | ᠪᠠᠶᠢᠭᠤᠯᠤᠭᠰᠠᠨ︾ ᠬᠥᠭᠵᠢᠯᠲᠡ ᠶᠢᠨ ᠶᠠᠪᠤᠴᠠ ᠶᠢ ᠥᠩᠭᠡᠷᠡᠭᠡᠵᠦ᠂ 1000 ᠭᠠᠷᠤᠶ ᠲᠦᠮᠡᠨ ᠲᠡᠭᠰᠢ ᠳᠥᠷᠪᠡᠯᠵᠢᠨ | ᠮᠧᠲᠷ ᠪᠦᠬᠦᠢ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠪᠦᠷᠢᠯᠳᠦᠭᠦᠯᠵᠦ᠂ ᠪᠦᠬᠦ ᠬᠤᠲᠠ ᠶᠢᠨ | ᠬᠠᠭᠠᠰ ᠠᠴᠠ ᠳᠡᠭᠡᠭᠰᠢᠬᠢ ᠬᠥᠮᠦᠨ ᠠᠮᠠ ᠳᠤ ᠬᠤᠯᠪᠣᠭᠳᠠᠨ᠎ᠠ᠃ 2007 ᠣᠨ ᠠᠴᠠ ᠡᠬᠢᠯᠡᠨ᠂ ᠪᠢᠳᠡ ᠨᠡᠶᠢᠲᠡ | 300 ᠭᠠᠷᠤᠶ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 15 ᠲᠦᠮᠡᠨ ᠢᠵᠢ᠂ 1300 ᠲᠦᠮᠡᠨ ᠲᠡᠭᠰᠢ | ᠳᠥᠷᠪᠡᠯᠵᠢᠨ ᠮᠧᠲᠷ ᠪᠠᠲᠤᠯᠠᠭ᠎ᠠ ᠶᠢᠨ ᠴᠢᠨᠠᠷᠲᠠᠶ ᠤᠷᠤᠨ ᠰᠠᠭᠤᠴᠠ ᠶᠢ ᠪᠠᠶᠢᠭᠤᠯᠵᠤ᠂ 10 ᠭᠠᠷᠤᠶ ᠲᠦᠮᠡᠨ ᠡᠷᠦᠬᠡ | ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠲᠦᠢᠯᠪᠤᠷᠢᠲᠠᠶ ᠰᠠᠶᠢᠵᠢᠷᠠᠭᠤᠯᠵᠤ᠂ ᠬᠥᠮᠦᠨ | ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠢ 15 ᠲᠡᠭᠰᠢ ᠳᠥᠷᠪᠡᠯᠵᠢᠨ ᠮᠧᠲᠷ ᠬᠦᠷᠬᠦ ᠦᠭᠡᠢ | ᠪᠠᠶᠢᠭᠰᠠᠨ ᠠᠴᠠ ᠪᠠᠨ 35 ᠲᠡᠭᠰᠢ ᠳᠥᠷᠪᠡᠯᠵᠢᠨ ᠮᠧᠲᠷ ᠪᠣᠯᠵᠤ ᠨᠡᠮᠡᠭᠳᠡᠪᠡ᠃ ᠦᠬᠠᠶ ᠶᠢᠨ ᠨᠢᠭᠡᠨᠲᠡ ᠨᠠᠰᠣᠵᠢᠭᠰᠠᠨ | ᠨᠡᠶᠢᠭᠡᠮ ᠳᠤ ᠤᠷᠤᠭᠰᠠᠨ ᠪᠣᠳᠠᠲᠤ ᠪᠠᠶᠢᠳᠠᠯ ᠳᠤ ᠴᠢᠭᠯᠡᠭᠦᠯᠦᠨ᠂ ᠪᠢᠳᠡ 15 ᠵᠢᠯ ᠳᠠᠷᠠᠭᠠᠯᠠᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠡᠭᠡᠭᠰᠢᠯᠡᠬᠦᠯᠵᠦ᠂ ᠬᠤᠲᠠ᠂ ᠲᠠᠷᠢᠶᠠᠯᠠᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠲᠣᠰ ᠲᠣᠰ 59 %᠂ 77 % ᠳᠤ ᠬᠦᠷᠴᠦ᠂ | ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ | ᠬᠤᠶᠠᠷ ᠲᠤ᠂ ︽ᠬᠦᠴᠦᠷᠭᠡᠭ ᠪᠠᠭᠤᠷᠠᠢ ᠵᠦᠢᠯ︾ ᠤᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠭᠢᠮᠯᠡᠪᠡ | ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ ᠶᠢᠨ ᠶᠠᠰᠤ ᠴᠢᠨᠠᠷ ᠵᠡᠷᠭᠡ | ᠠᠰᠠᠭᠤᠳᠠᠯ ᠳᠤ ᠴᠢᠭᠯᠡᠭᠦᠯᠦᠨ᠂ ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ | ︽ᠰᠢᠯᠢᠳᠡᠭ ᠰᠤᠷᠭᠠᠨ ᠬᠥᠮᠦᠵᠢᠯ ᠡᠮ ᠡᠮᠨᠡᠯᠭᠡ ᠶᠢᠨ ᠲᠦᠭᠡᠮᠡᠯ ᠬᠠᠷᠠᠭᠠᠯᠵᠠᠯ ᠤᠨ ᠣᠷᠣᠨ︾ ᠢ ᠪᠠᠶᠢᠭᠤᠯᠬᠤ | ᠬᠥᠭᠵᠢᠯᠲᠡ ᠶᠢᠨ ᠰᠡᠳᠬᠢᠴᠡ ᠶᠢ ᠳᠤᠷᠠᠳᠴᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠷᠭᠠᠨ | ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠲᠠᠯ᠎ᠠ ᠶᠢᠨ ᠬᠡᠷᠡᠭᠴᠡᠭᠡ ᠶᠢ ᠦᠨᠡᠨ ᠬᠦ ᠬᠠᠩᠭᠠᠪᠠ᠃ | ᠵᠢᠱᠢᠶᠡᠯᠡᠪᠡᠯ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠶ ᠪᠠᠶᠢᠬᠤ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠢᠳᠡ ᠤᠷᠢᠳ ᠬᠤᠵᠢᠳ ᠭᠤᠷᠪᠠᠨ ᠬᠤᠭᠤᠴᠠᠭᠠᠨ ᠤ ︽ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠵᠦ᠂ 40 ᠭᠠᠷᠤᠶ | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ ᠥᠷᠭᠡᠳᠬᠡᠨ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ | ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ 97 % ᠬᠦᠷᠴᠡᠶ᠃ ᠦᠬᠠᠶ ᠪᠣᠯ ᠤᠯᠤᠰ ᠤᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠣᠯᠬᠤ | ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠡᠭ ᠪᠣᠯᠤᠨ᠎ᠠ᠃ ᠪᠢᠳᠡ ︽ᠭᠤᠷᠪᠠᠨ ᠡᠮᠨᠡᠯᠭᠡ | ᠬᠤᠯᠪᠣᠭᠠᠯᠠᠨ ᠬᠥᠳᠡᠯᠦᠯᠴᠡᠬᠦ︾ ᠶᠢ ᠭᠦᠨᠵᠡᠭᠡᠶ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠳᠠᠩᠰᠠ | ᠲᠠᠶᠢᠯᠬᠤ ᠳᠤ ᠣᠷᠣᠨ ᠤ ᠳᠣᠲᠣᠷ᠎ᠠ᠂ ᠮᠣᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ | ᠲᠠᠰᠤᠯᠤᠨ ᠪᠤᠳᠤᠬᠤ ᠶᠢ ᠪᠡᠶᠡᠯᠡᠭᠦᠯᠵᠦ᠂ ᠡᠮ ᠤᠨ ᠵᠦᠢᠯ ᠤᠨ ᠪᠣᠷᠣᠯᠠᠭᠤᠯᠤᠯᠲᠠ ᠶᠢᠨ ᠦᠨ᠎ᠡ ᠶᠢ ᠳᠤᠮᠳᠠᠴᠢ ᠪᠠᠷ 13 | % ᠪᠠᠭᠤᠷᠠᠭᠤᠯᠵᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ | ᠨᠥᠬᠦᠪᠥᠷᠢ ᠶᠢᠨ ᠪᠠᠷᠢᠮᠵᠢᠶ᠎ᠠ ᠶᠢ ᠪᠥᠬᠦ ᠣᠷᠣᠨ ᠤ ᠲᠡᠷᠢᠭᠦᠨ ᠳᠤ ᠲᠠᠯᠪᠢᠵᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠥᠷᠥ ᠶᠢᠨ ᠶᠠᠪᠤᠳᠠᠯ ᠤᠨ ᠬᠤᠷᠢᠶ᠎ᠠ ᠬᠥᠬᠢᠭᠦᠯᠦᠨ | ᠰᠠᠶᠢᠰᠢᠶᠠᠵᠤ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ | ᠦᠨᠡᠲᠡᠶ︾ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ | ᠭᠤᠷᠪᠠ ᠳᠤ᠂ ︽ᠬᠤᠷᠢᠭ᠎ᠠ ᠱᠤᠭᠤᠮ ᠢ ᠰᠠᠬᠢᠬᠤ︾ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠤᠪᠠ᠃ | ᠨᠡᠶᠢᠭᠡᠮ ᠤᠨ ᠪᠠᠲᠤᠯᠠᠭ᠎ᠠ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ | ᠠᠵᠢᠯ ᠨᠢ ᠥᠷᠭᠡᠨ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠲᠠᠢ ᠬᠤᠯᠪᠣᠭᠳᠠᠵᠤ ᠪᠠᠶᠢᠳᠠᠭ᠂ | ᠡᠨᠡ ᠬᠦ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠡᠷᠬᠡᠪᠰᠢ ᠡᠷᠡᠰ ᠪᠠᠲᠤ ᠰᠠᠬᠢᠬᠤ ᠬᠡᠷᠡᠭᠲᠡᠶ᠃ ᠪᠢᠳᠡ ᠨᠡᠶᠢᠭᠡᠮ ᠤᠨ | ᠳᠠᠭᠠᠳᠬᠠᠯ ᠤᠨ ᠪᠦᠷᠬᠦᠴᠡ ᠶᠢ ᠲᠠᠰᠤᠷᠠᠯᠲᠠ ᠦᠭᠡᠢ ᠥᠷᠭᠡᠳᠬᠡᠵᠦ᠂ ᠪᠦᠬᠦ ᠬᠤᠲᠠ ᠶᠢᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 38.2 ᠲᠦᠮᠡᠨ ᠬᠥᠮᠦᠨ ᠳᠤ ᠬᠦᠷᠴᠦ᠂ | 2001 ᠤᠨ ᠬᠢ ᠠᠴᠠ 300 % ᠣᠷᠴᠢᠮ ᠳᠡᠭᠡᠭᠰᠢᠯᠡᠪᠡ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ | ᠬᠥᠮᠦᠨ ᠪᠦᠷᠢ ᠰᠠᠷ᠎ᠠ ᠳᠤ 720 ᠲᠥᠭᠦᠷᠢᠭ ᠪᠠᠶᠢᠵᠤ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠤᠨ | ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠨᠢ ᠬᠥᠮᠦᠨ ᠪᠦᠷᠢ ᠰᠠᠷ᠎ᠠ ᠳᠤ 1600 ᠲᠥᠭᠦᠷᠢᠭ | ᠪᠠᠶᠢᠵᠤ᠂ ᠴᠥᠮ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠪᠣᠯ ᠬᠤᠷᠢᠭ᠎ᠠ ᠱᠤᠭᠤᠮ ᠤᠨ ᠡᠭᠦᠷᠭᠡ ᠪᠣᠯᠤᠨ᠎ᠠ᠃ ᠪᠢᠳᠡ ︽ᠵᠢᠷᠭᠤᠭᠠᠨ ᠤᠨᠢᠨ ᠳᠡᠭᠡᠷ᠎ᠡ ᠨᠢ︾ ︽ | ᠲᠠᠪᠤᠨ ᠨᠢᠭᠡ ᠪᠦᠯᠦᠭ︾ ᠤᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ | ᠪᠠᠲᠤᠯᠠᠬᠤ ᠵᠡᠷᠭᠡ ᠣᠯᠠᠨ ᠳᠠᠪᠬᠤᠷ ᠪᠠᠲᠤᠯᠠᠭ᠎ᠠ ᠶᠢᠨ ᠱᠤᠭᠤᠮ ᠢ ᠪᠠᠶᠢᠭᠤᠯᠵᠤ᠂ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ | ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ | ᠬᠦᠴᠦᠯᠡᠨ᠎ᠡ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠶᠠᠪᠤᠭᠳᠠᠬᠤ ᠴᠠᠭ ᠪᠠᠶᠢᠬᠤ ᠠᠴᠠ ᠪᠢᠰᠢ | ᠳᠠᠭᠤᠰᠬᠤ ᠴᠠᠭ ᠭᠡᠵᠦ ᠪᠠᠶᠢᠬᠤ ᠦᠭᠡᠢ᠃ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠶ ᠬᠢᠵᠦ᠂ ᠥᠷᠭᠡᠨ ᠣᠯᠠᠨ | ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ | ᠲᠠᠶᠠᠭᠠᠷ ᠲᠤ ᠲᠠᠯᠠᠷᠬᠠᠯ᠎ᠠ︕ | | 05 | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ ᠯᠢᠶᠠᠩ ᠢᠦᠶ ᠢᠦᠶ᠄ ᠦᠬᠠᠶ | ᠤᠶᠢᠷ᠎ᠠ ᠶᠢᠨ ᠵᠢᠯ ᠳᠤ ᠵᠢᠭᠤᠯᠴᠢᠯᠠᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠳᠤᠷᠠᠳᠴᠠᠶ᠂ | ᠦᠬᠠᠶ ᠶᠢᠨ ᠣᠳᠣ ᠶᠢᠨ ᠪᠠᠶᠢᠭ᠎ᠠ ᠡᠬᠢ ᠪᠠᠶᠠᠯᠢᠭ ᠲᠠᠭᠠᠨ ᠬᠡᠷᠬᠢᠨ ᠲᠦᠰᠢᠭᠯᠡᠵᠦ᠂ ᠵᠢᠭᠤᠯᠴᠢᠯᠠᠯ ᠤᠨ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ | ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖ | | | | | | ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠳᠡᠳ᠋ ᠬᠤᠲᠠ ᠶᠢᠨ ᠳᠠᠷᠤᠭ᠎ᠠ | ᠴᠢᠤᠸᠠᠨ ᠵᠢᠤᠸᠠᠢ ᠮᠢᠨ᠄ | | | | | ︵ᠦᠬᠠᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠳᠡᠳ᠋ ᠬᠤᠲᠠ ᠶᠢᠨ ᠳᠠᠷᠤᠭ᠎ᠠ | ᠴᠢᠤᠸᠠᠨ ᠵᠢᠤᠸᠠᠢ ᠮᠢᠨ︶ | ᠡᠨᠡ ᠰᠤᠷᠪᠤᠯᠵᠢᠯᠠᠭᠴᠢ ᠨᠠᠶᠢᠵᠠ ᠶᠢᠨ ᠦᠬᠠᠶ ᠶᠢᠨ ᠵᠢᠭᠤᠯᠴᠢᠯᠠᠯ ᠤᠨ ᠦᠢᠯᠡᠰ ᠢ ᠬᠠᠯᠠᠮᠵᠢᠯᠠᠭᠰᠠᠨ ᠳᠤ ᠲᠤᠩ | ᠲᠠᠯᠠᠷᠬᠠᠵᠤ ᠪᠠᠶᠢᠨ᠎ᠠ᠃ ᠤᠶᠢᠷ᠎ᠠ ᠶᠢᠨ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠴᠣᠭᠴᠠᠯᠠᠬᠤ | ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠴᠢᠬᠤᠯᠠ ᠠᠷᠭ᠎ᠠ ᠵᠠᠮ ᠪᠤᠯᠭᠠᠪᠠ᠃ | ᠵᠢᠭᠤᠯᠴᠢᠯᠠᠯ ᠤᠨ ᠡᠬᠢ ᠪᠠᠶᠠᠯᠢᠭ ᠤᠨ ᠬᠦᠴᠦᠨ ᠵᠦᠢᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠢᠭᠤᠯᠴᠢᠯᠠᠯ ᠤᠨ | ᠦᠢᠯᠡᠰ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠰ ᠲᠤ ᠲᠦᠷᠭᠡᠨ ᠬᠥᠭᠵᠢᠬᠦ ᠪᠠᠶᠢᠳᠠᠯ ᠢᠯᠡᠷᠡᠪᠡ᠃ | 2013 ᠣᠨ ᠳᠤ᠂ ᠬᠠᠳᠤᠨ ᠭᠤᠤᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ | ᠪᠠᠷᠢᠯᠭ᠎ᠠ ᠳᠠᠭᠤᠰᠬᠤ ᠶᠢ ᠳᠠᠭᠠᠯᠳᠤᠨ ᠤᠰᠤ ᠬᠠᠳᠠᠭᠠᠯᠠᠵᠤ᠂ 118 ᠲᠡᠭᠰᠢ ᠳᠥᠷᠪᠡᠯᠵᠢᠨ ᠺᠢᠯᠣᠮᠧᠲᠷ ᠦᠬᠠᠶ | ᠨᠠᠭᠤᠷ ᠪᠣᠶ ᠪᠣᠯᠵᠤ᠂ ᠵᠢᠭᠤᠯᠴᠢᠯᠠᠯ ᠤᠨ ᠦᠢᠯᠡᠰ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠤᠭᠲᠤᠨ | ᠠᠪᠴᠢᠷᠠᠪᠠ᠃ 2018 ᠣᠨ ᠳᠤ ᠵᠤᠭᠠᠴᠠᠭᠰᠠᠳ ᠢ 352 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ | ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 76 ᠳ᠋ᠦᠩᠰᠢᠭᠤᠷ ᠲᠥᠭᠦᠷᠢᠭ ᠲᠤ ᠬᠦᠷᠪᠡ᠃ 2016 ᠣᠨ ᠠᠴᠠ | 2018 ᠤᠨ ᠪᠣᠯᠲᠠᠯ᠎ᠠ ᠬᠦᠯᠢᠶᠡᠨ ᠠᠪᠤᠭᠰᠠᠨ ᠵᠢᠭᠤᠯᠴᠢᠯᠠᠯ ᠤᠨ ᠬᠥᠮᠦᠨ ᠤ ᠲᠤᠭ᠎ᠠ ᠶᠢᠨ ᠵᠢᠯ ᠳᠤᠮᠳᠠᠴᠢ ᠶᠢᠨ | ᠨᠡᠮᠡᠭᠳᠡᠯ ᠤᠨ ᠬᠡᠮᠵᠢᠶ᠎ᠡ 29.6 % ᠪᠠᠶᠢᠵᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢᠨ ᠵᠢᠯ ᠳᠤᠮᠳᠠᠴᠢ ᠶᠢᠨ | ᠨᠡᠮᠡᠭᠳᠡᠯ ᠤᠨ ᠬᠡᠮᠵᠢᠶ᠎ᠡ 36.3 % ᠬᠦᠷᠪᠡ᠃ ᠮᠠᠨ ᠤ ᠬᠤᠲᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ | ᠠᠬᠢᠭᠤᠯᠬᠤ ᠲᠠᠯ᠎ᠠ ᠪᠠᠷ ᠭᠤᠤᠯᠳᠠᠭᠤ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠠᠪᠴᠠᠶ᠃ | ᠨᠢᠭᠡ ᠳᠤ᠂ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠪᠡ᠃ ᠦᠬᠠᠶ ᠭᠤᠷᠪᠠᠨ ᠠᠭᠤᠯᠠᠨ ᠳᠤ | ᠬᠦᠷᠢᠶᠡᠯᠡᠭᠳᠡᠵᠦ᠂ ᠨᠢᠭᠡ ᠭᠤᠤᠯ ᠬᠤᠳᠠ ᠶᠢᠨ ᠲᠤᠮᠳᠠ ᠪᠠᠷ ᠦᠩᠭᠡᠷᠡᠵᠦ᠂ ᠦᠬᠠᠶ ᠨᠠᠭᠤᠷ ᠨᠢ ᠤᠮᠠᠷᠠᠰᠢ ᠪᠠᠨ | ᠤᠯᠠᠭᠠᠨᠪᠤᠬ᠎ᠠ ᠡᠯᠡᠰᠦᠨ ᠴᠦᠯ ᠯᠤᠭ᠎ᠠ ᠵᠠᠯᠭᠠᠯᠳᠣᠵᠣ᠂ ᠡᠮᠦᠨᠡᠰᠢ ᠪᠠᠨ ᠭᠠᠨᠳᠠᠷᠢ ᠠᠭᠤᠯᠠ ᠲᠠᠢ ᠨᠡᠶᠢᠯᠡᠵᠦ᠂ ᠡᠯᠡᠰᠦ | ᠨᠠᠭᠤᠷ ᠨᠢ ᠬᠠᠷᠢᠯᠴᠠᠨ ᠲᠦᠰᠢᠯᠴᠡᠨ᠂ ᠠᠭᠤᠯᠠ᠂ ᠤᠰᠤ᠂ ᠡᠯᠡᠰᠦ᠂ ᠬᠤᠲᠠ ᠶᠢ ᠨᠢᠭᠡ ᠴᠣᠭᠴᠠ ᠪᠣᠯᠭᠠᠭᠰᠠᠨ | ᠭᠠᠶᠢᠬᠠᠮᠰᠢᠭᠲᠤ ᠪᠠᠶᠢᠭᠠᠯᠢ ᠶᠢᠨ ᠦᠵᠡᠮᠵᠢ ᠶᠢ ᠪᠦᠷᠢᠯᠳᠦᠭᠦᠯᠵᠡᠶ᠃ ᠵᠠᠮ ᠬᠠᠷᠢᠯᠴᠠᠭ᠎ᠠ ᠳᠥᠭᠦᠮ ᠳᠥᠲᠡ ᠪᠠᠶᠢᠵᠤ᠂ | ᠪᠤᠭᠤᠲᠤ ᠠᠴᠠ ᠯᠠᠨᠵᠧᠤ ᠬᠦᠷᠬᠦ ᠲᠡᠮᠦᠷ ᠵᠠᠮ᠂ ᠪᠡᠭᠡᠵᠢᠩ ᠠᠴᠠ ᠲᠥᠪᠡᠳ ᠬᠦᠷᠬᠦ᠂ ᠷᠦᠩ ᠡᠤ ᠲᠡᠭᠡᠲᠤ | ᠬᠤᠷᠲᠤᠪᠴᠠᠳᠣ ᠵᠠᠰᠠᠮᠠᠯ ᠵᠠᠮ᠂ 109᠂ 110 ᠤᠯᠤᠰ ᠤᠨ ᠵᠠᠮ ᠬᠤᠲᠠ ᠪᠠᠷ ᠥᠩᠭᠡᠷᠡᠵᠦ᠂ ᠦᠬᠠᠶ ᠶᠢᠨ | ᠨᠢᠰᠬᠡᠯ ᠤᠨ ᠪᠠᠭᠤᠳᠠᠯ ᠨᠢᠭᠡᠨᠲᠡ ᠪᠡᠭᠡᠵᠢᠩ᠂ ᠲᠢᠶᠠᠨᠵᠢᠨ᠂ ᠱᠠᠩᠬᠠᠶ᠂ ᠭᠤᠸᠠᠩᠵᠧᠦ᠂ ᠰᠢ ᠠᠨ᠂ ᠴᠧᠩᠳᠦ᠋᠂ | ᠬᠥᠬᠡᠬᠤᠲᠠ᠂ ᠬᠠᠶᠢᠺᠸᠤ ᠵᠡᠷᠭᠡ ᠭᠠᠵᠠᠷ ᠲᠤ ᠨᠡᠪᠲᠡᠷᠡᠭᠰᠡᠨ 10 ᠭᠠᠷᠤᠶ ᠵᠤᠷᠪᠤᠰ ᠠᠭᠠᠷ ᠤᠨ ᠱᠤᠭᠤᠮ ᠲᠠᠢ᠂ | ᠤᠮᠠᠷᠠᠲᠤ ᠣᠷᠣᠨ ᠠᠴᠠ ᠪᠠᠷᠠᠭᠤᠨ ᠬᠤᠶᠢᠲᠤ ᠣᠷᠣᠨ ᠳᠤ ᠨᠡᠪᠳᠡᠷᠡᠭᠦ ᠴᠢᠬᠤᠯᠠ ᠬᠦᠢᠰᠦ ᠪᠣᠯᠤᠨ᠎ᠠ᠃ ᠦᠬᠠᠶ ᠪᠣᠯ | ᠦᠵᠡᠮᠵᠢ ᠶᠢᠨ ᠣᠷᠣᠨ ᠠᠴᠠ ᠬᠠᠮᠤᠭ ᠤᠨ ᠣᠶᠢᠷ᠎ᠠ ᠪᠠᠶᠢᠭ᠎ᠠ ᠬᠤᠲᠠ ᠪᠣᠯᠤᠨ᠎ᠠ᠂ ᠬᠤᠲᠠ ᠶᠢᠨ ᠲᠣᠭᠤᠷᠢᠭ ᠠᠴᠠ | ᠮᠣᠷᠳᠠᠵᠤ᠂ ᠬᠠᠭᠠᠰ ᠴᠠᠭ ᠬᠡᠷᠡᠭᠰᠡᠪᠡᠯ ᠳᠠᠷᠤᠶ ᠤᠮᠠᠷᠠᠲᠤ ᠬᠢᠯᠢ ᠶᠢᠨ ᠤᠨᠴᠠᠯᠢᠬᠳᠤ ᠪᠠᠶᠢᠭᠠᠯᠢ ᠶᠢᠨ ᠦᠵᠡᠮᠵᠢ ᠶᠢᠨ | ᠣᠷᠣᠨ ᠳᠤ ᠬᠦᠷᠴᠦ᠂ ᠡᠯᠡᠰᠦ ᠮᠠᠩᠬ᠎ᠠ᠂ ᠲᠠᠯ᠎ᠠ ᠨᠤᠲᠤᠭ᠂ ᠨᠠᠭᠤᠷ ᠴᠥᠭᠦᠷᠥᠮ᠂ ᠥᠨᠳᠥᠷ ᠠᠭᠤᠯᠠ᠂ ᠨᠤᠭᠤ | ᠭᠠᠵᠠᠷ ᠵᠡᠷᠭᠡ ᠤᠮᠠᠷᠠᠲᠤ ᠣᠷᠣᠨ ᠤ ᠤᠨᠴᠠᠯᠢᠬᠳᠤ ᠦᠵᠡᠮᠵᠢ ᠶᠢᠨ ᠡᠬᠢ ᠪᠠᠶᠠᠯᠢᠭ ᠤᠨ ᠷᠢᠳᠢ ᠰᠢᠳᠢ ᠶᠢ ᠢᠯᠡᠷᠡᠭᠦᠯᠵᠦ | ᠂ ᠨᠢᠭᠡ ᠬᠤᠳᠠ ᠳᠤ ᠤᠮᠠᠷᠠᠳᠣ ᠶᠢᠨ ᠦᠵᠡᠮᠵᠢ ᠶᠢ ᠪᠦᠬᠦᠨ ᠢ ᠰᠣᠨᠢᠷᠬᠠᠵᠤ ᠴᠢᠳᠠᠨ᠎ᠠ᠃ ᠪᠢᠳᠡ ᠪᠦᠬᠦ ᠣᠷᠣᠨ | ᠪᠦᠰᠡ ᠶᠢᠨ ᠵᠢᠭᠤᠯᠴᠢᠯᠠᠯ ᠢᠶᠠᠷ ᠪᠠᠷᠢᠴᠠ ᠪᠣᠯᠭᠠᠵᠤ᠂ ᠦᠬᠠᠶ ᠨᠠᠭᠤᠷ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ | ᠂ ᠭᠠᠨᠳᠠᠷᠢ ᠠᠭᠤᠯᠠ᠂ ᠮᠠᠮᠪᠠᠷᠠᠰᠠᠩ ᠰᠦᠮ᠎ᠡ᠂ ᠶᠠᠩ ᠭᠤᠸᠠᠩ ᠲᠢᠶᠠᠨ ᠢᠦᠶ ᠠᠷᠢᠬᠢᠨ ᠡᠳ᠋ᠯᠡᠩ᠂ ᠬᠠᠳᠤᠨ | ᠭᠤᠤᠯ ᠤᠨ ᠪᠠᠷᠠᠭᠤᠨᠰᠢ ᠵᠣᠷᠴᠢᠬᠤ ᠵᠣᠴᠢᠳ ᠤᠨ ᠪᠠᠭᠤᠳᠠᠯ᠂ ᠵᠢᠶ ᠤᠤ ᠨᠢ ᠠᠷᠢᠬᠢᠨ ᠡᠳ᠋ᠯᠡᠩ᠂ ᠮᠦᠩᠬᠦᠨᠬᠤᠸᠠᠷ | ᠭᠡᠷᠡᠯ ᠴᠡᠨᠡᠭ ᠤᠨ ᠲᠠᠷᠢᠶᠠᠯᠠᠩ ᠤᠨ ᠬᠦᠷᠢᠶᠡᠯᠡᠩ ᠵᠡᠷᠭᠡ ᠨᠢᠭᠡ ᠪᠦᠯᠦᠭ ᠵᠢᠭᠤᠯᠴᠢᠯᠠᠯ ᠤᠨ ᠲᠥᠷᠥᠯ ᠵᠦᠢᠯ ᠢ ᠨᠠᠷᠢᠨ | ᠨᠢᠮᠪᠠᠶ ᠪᠦᠲᠦᠭᠡᠨ ᠪᠠᠶᠢᠭᠤᠯᠪᠠ᠃ ᠣᠳᠣᠬᠠᠨ ᠪᠣᠯᠲᠠᠯ᠎ᠠ᠂ ᠮᠠᠨ ᠤ ᠬᠤᠲᠠ A ᠲᠡᠰ ᠤᠨ ᠦᠵᠡᠮᠵᠢ ᠶᠢᠨ ᠣᠷᠣᠨ ᠢ | 14 ᠪᠠᠶᠢᠭᠤᠯᠵᠤ᠂ ᠡᠭᠦᠨ ᠳᠤ 4 A ᠲᠡᠰ ᠤᠨ ᠦᠵᠡᠮᠵᠢ ᠶᠢᠨ ᠣᠷᠣᠨ ᠢ 5 ᠪᠠᠶᠢᠭᠤᠯᠪᠠ᠃ ᠡᠯᠡᠰᠦᠨ ᠴᠥᠯ ᠤᠨ | ᠳᠤᠮᠳᠠ᠂ ᠨᠠᠭᠤᠷ ᠤᠨ ᠤᠰᠤᠨ ᠤ ᠬᠠᠵᠠᠭᠤᠳᠠᠬᠢ ᠦᠵᠡᠰᠬᠦᠯᠡᠩᠲᠦ ᠬᠤᠲᠠ ᠪᠣᠯᠤᠭᠰᠠᠨ ᠤ ᠬᠤᠪᠢ ᠳᠤ᠂ ᠦᠬᠠᠶ | ᠬᠤᠲᠠ ᠳᠤ ᠠᠭᠤᠯᠠ ᠣᠰᠣᠨ ᠤ ᠦᠵᠡᠮᠵᠢ ᠲᠠᠢ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ᠂ ᠣᠷᠣᠨ | ᠨᠤᠲᠤᠭ ᠤᠨ ᠵᠠᠩ ᠠᠭᠠᠯᠢ ᠭᠦᠨ ᠵᠤᠵᠠᠭᠠᠨ ᠪᠠᠶᠢᠳᠠᠭ᠃ | ᠬᠤᠶᠠᠷ ᠲᠤ᠂ ᠣᠨᠴᠠᠯᠢᠭᠲᠤ ᠲᠥᠷᠥᠯ ᠲᠡᠮᠳᠡᠭ ᠢ ᠡᠭᠦᠳᠪᠡ᠃ ᠪᠢᠳᠡ ᠡᠯᠡᠰᠦ ᠮᠠᠩᠬ᠎ᠠ᠂ ᠨᠠᠭᠤᠷ ᠴᠥᠭᠦᠷᠥᠮ | ᠂ ᠲᠠᠯ᠎ᠠ ᠨᠤᠲᠤᠭ᠂ ᠥᠨᠳᠥᠷ ᠠᠭᠤᠯᠠ᠂ ᠨᠤᠭᠤ ᠭᠠᠵᠠᠷ ᠢ ᠬᠠᠮᠲᠤ ᠳᠤᠨᠢ ᠠᠰᠢᠭᠯᠠᠬᠤ ᠡᠨᠡᠬᠦ ᠥᠪᠡᠷᠮᠢᠴᠡ | ᠦᠵᠡᠮᠵᠢ ᠶᠢᠨ ᠳᠠᠪᠠᠭᠤᠯᠢᠭ ᠢᠶᠠᠨ ᠬᠦᠢᠴᠡᠳ ᠠᠰᠢᠭᠯᠠᠵᠤ᠂ ᠭᠡᠷ ᠤᠨ ᠭᠠᠳᠠᠨᠠᠬᠢ ᠬᠤᠲᠠ ᠪᠠ ᠰᠡᠯᠡᠭᠦᠴᠡᠯ | ᠦᠬᠠᠶ ᠶᠢᠨ ᠣᠨᠴᠠᠯᠢᠭ ᠢᠶᠠᠨ ᠳᠣᠪᠤᠶᠢᠯᠭᠠᠵᠤ᠂ ᠪᠡᠶ᠎ᠡ ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ | ᠬᠦᠴᠦᠯᠡᠨ ᠠᠬᠢᠭᠤᠯᠪᠠ᠃ ᠤᠶᠢᠷ᠎ᠠ ᠶᠢᠨ ᠵᠢᠯ ᠤᠳ ᠲᠤ ᠮᠠᠨ ᠤ ᠬᠤᠲᠠ ᠳᠤᠮᠳᠠᠳᠤ ᠤᠯᠤᠰ ᠤᠨ ᠵᠠᠰᠠᠮᠠᠯ ᠵᠠᠮ ᠤᠨ | ᠳᠤᠭᠤᠶ ᠲᠡᠷᠭᠡᠨ ᠤ ᠬᠤᠯᠪᠣᠭᠠᠲᠤ ᠤᠷᠤᠯᠳᠤᠭᠠᠨ ᠤ ᠶᠡᠷᠦᠩᠬᠡᠶ ᠰᠢᠢᠳᠪᠦᠷᠢᠲᠦ ᠤᠷᠤᠯᠳᠤᠭᠠᠨ᠂ ᠦᠬᠠᠶ ᠨᠠᠭᠤᠷ ᠢ | ᠲᠣᠭᠤᠷᠢᠭᠰᠠᠨ ᠣᠯᠠᠨ ᠤᠯᠤᠰ ᠤᠨ ᠮᠠᠷᠠᠰᠣᠨ᠂ ᠦᠬᠠᠶ ᠨᠠᠭᠤᠷ ᠤᠨ ᠣᠯᠠᠨ ᠤᠯᠤᠰ ᠤᠨ ᠳᠠᠷᠪᠠᠭᠤᠯᠲᠤ ᠰᠠᠯ ᠤᠨ | ᠤᠷᠤᠯᠳᠤᠭᠠᠨ ᠵᠡᠷᠭᠡ ᠲᠣᠮᠣ ᠬᠡᠯᠪᠡᠷᠢ ᠶᠢᠨ ᠵᠢᠭᠤᠯᠴᠢᠯᠠᠯ ᠪᠡᠶ᠎ᠡ ᠲᠠᠮᠢᠷ ᠤᠨ ᠰᠡᠯᠡᠭᠦᠴᠡᠯ ᠤᠨ ᠬᠥᠳᠡᠯᠭᠡᠭᠡᠨ ᠢ ᠡᠷᠬᠢᠯᠡᠵᠦ | ᠂ ᠵᠠᠭᠤᠨ ᠲᠦᠮᠡ ᠰᠢᠬᠠᠮ ᠭᠡᠷ ᠤᠨ ᠭᠠᠳᠠᠨᠠᠬᠢ ᠳᠤᠷ᠎ᠠ ᠪᠠᠭ᠋ᠠᠲᠠᠶ ᠬᠥᠮᠦᠰ ᠤᠷᠤᠯᠳᠤᠭᠠᠨ ᠳᠤ ᠣᠷᠣᠯᠴᠠᠵᠤ᠂ ᠭᠡᠷ ᠤᠨ | ᠭᠠᠳᠠᠨᠠᠬᠢ ᠰᠡᠯᠡᠭᠦᠴᠡᠯ ᠤᠨ ᠠᠭᠤᠷ ᠠᠮᠢᠰᠬᠤᠯ ᠢ ᠭᠦᠨ ᠵᠤᠵᠠᠭᠠᠨ ᠪᠤᠯᠭᠠᠪᠠ᠃ ᠮᠠᠷᠠᠰᠣᠨ᠂ ᠬᠠᠯᠠᠭᠤᠨ ᠬᠡᠶᠢᠲᠤ | ᠪᠦᠮᠪᠦᠭᠡ᠂ ᠳᠤᠭᠤᠶ ᠲᠡᠷᠭᠡ᠂ ᠡᠯᠡᠰᠦᠨ ᠴᠦᠯ ᠤᠨ ᠬᠡᠭᠡᠷ᠎ᠡ ᠶᠢᠨ ᠭᠦᠶᠦᠯᠲᠡ ᠵᠡᠷᠭᠡ ᠭᠡᠷ ᠤᠨ ᠭᠠᠳᠠᠨᠠᠬᠢ ᠲᠠᠮᠢᠷ ᠤᠨ | ᠴᠤᠭᠯᠠᠭᠠᠨ ᠤ ᠪᠠᠶᠢᠭᠠᠯᠢ ᠶᠢᠨ ᠤᠷᠤᠯᠳᠤᠭᠠᠨ ᠤ ᠲᠠᠯᠠᠪᠤᠷ ᠪᠣᠯᠭᠠᠨ ᠠᠯᠬᠤᠮ ᠠᠯᠬᠤᠮ ᠢᠶᠠᠷ ᠪᠦᠲᠦᠭᠡᠨ ᠪᠠᠶᠢᠭᠤᠯᠵᠤ᠂ | ᠭᠡᠷ ᠤᠨ ᠭᠠᠳᠠᠨᠠᠬᠢ ᠵᠢᠭᠤᠯᠴᠢᠯᠠᠭᠴᠢᠳ ᠤᠨ ᠬᠦᠰᠡᠯᠡᠩ ᠤᠨ ᠥᠷᠲᠡᠭᠡ ᠪᠤᠯᠤᠭᠰᠠᠨ ᠢᠶᠠᠷ ᠪᠠᠷᠠᠬᠤ ᠦᠭᠡᠢ᠂ ᠤᠯᠤᠰ | ᠤᠨ ᠳᠣᠲᠣᠭᠠᠳᠤ ᠭᠠᠳᠠᠭᠠᠳᠤ ᠶᠢᠨ ᠠᠯᠢ ᠣᠯᠠᠨ ᠲᠡᠷᠢᠭᠦᠨ ᠲᠡᠰ ᠤᠨ ᠪᠡᠶ᠎ᠡ ᠲᠠᠮᠢᠷ ᠤᠨ ᠤᠷᠤᠯᠳᠤᠭᠠᠨ ᠨᠢ ᠪᠠᠰᠠ | ᠦᠬᠠᠶ ᠳᠤ ᠶᠠᠪᠤᠭᠳᠠᠬᠤ ᠪᠤᠯᠵᠠᠢ᠃ ᠪᠦᠬᠦ ᠬᠤᠲᠠ ᠶᠢᠨ ᠳᠠᠩᠰᠠᠯᠠᠭᠤᠯᠤᠭᠰᠠᠨ ᠮᠠᠰᠢᠨ ᠲᠡᠷᠭᠡ᠂ ᠮᠣᠲ᠋ᠣᠷ ᠲᠡᠷᠭᠡ᠂ | ᠳᠤᠭᠤᠶ ᠲᠡᠷᠭᠡ᠂ ᠠᠭᠠᠷ ᠤᠨ ᠠᠶᠠᠯᠠᠯ ᠤᠨ ᠬᠥᠳᠡᠯᠭᠡᠭᠡᠨ ᠤ ᠨᠡᠶᠢᠭᠡᠮᠯᠢᠭ ᠵᠡᠷᠭᠡ ᠭᠡᠷ ᠤᠨ ᠭᠠᠳᠠᠨᠠᠬᠢ ᠬᠥᠳᠡᠯᠭᠡᠭᠡᠨ ᠤ | ᠺᠯᠦ᠋ᠪ 100 ᠭᠠᠷᠤᠶ ᠪᠠᠶᠢᠵᠤ᠂ ᠪᠡᠶ᠎ᠡ ᠲᠠᠮᠢᠷ ᠤᠨ ᠬᠥᠳᠡᠯᠭᠡᠭᠡᠨ ᠪᠣᠯᠤᠨ ᠵᠢᠭᠤᠯᠴᠢᠯᠠᠯ ᠤᠨ ᠦᠢᠯᠡᠰ ᠤᠨ ᠬᠠᠷᠢᠯᠴᠠᠨ | ᠦᠢᠯᠡᠳᠦᠯᠴᠡᠵᠦ᠂ ᠠᠭᠤᠰᠤᠯᠴᠠᠨ ᠬᠥᠭᠵᠢᠬᠦ ᠶᠢ ᠠᠬᠢᠭᠤᠯᠪᠠ᠃ ᠤᠨᠴᠠᠭᠠᠶᠢᠯᠠᠨ ︽ᠷᠢᠳᠢ ᠰᠢᠳᠢ ᠲᠠᠢ ᠳᠤᠮᠳᠠᠳᠤ | ᠤᠯᠤᠰ ᠤᠨ ᠬᠤᠲᠠ︾ ᠶᠢᠨ ᠥᠷᠢᠰᠥᠯᠳᠦᠭᠡᠨ ᠤ ᠠᠵᠢᠯᠯᠠᠭ᠎ᠠ ᠪᠠᠷ ᠵᠠᠭᠤᠴᠢᠯᠠᠭᠤᠷ ᠪᠣᠯᠭᠠᠵᠤ᠂ ︽ᠡᠯᠡᠰᠦ | ᠮᠠᠩᠬᠠᠨ ᠳᠤ ᠮᠤᠷᠢᠯᠠᠵᠤ ᠦᠬᠠᠢ ᠨᠠᠭᠤᠷ ᠢ ᠰᠣᠨᠢᠷᠬᠠᠬᠤ︾ ᠵᠢᠭᠤᠯᠴᠢᠯᠠᠯ ᠤᠨ ᠲᠥᠷᠥᠯ ᠲᠡᠮᠳᠡᠭ ᠵᠢᠴᠢ ︽ᠡᠯᠡᠰᠦ | ᠮᠠᠩᠬᠠᠨ ᠤ ᠤᠤᠯ ᠠᠮᠢ ᠠᠬᠤᠢ ᠶᠢᠨ ᠦᠵᠦᠮ ᠤᠨ ᠠᠷᠢᠬᠢ︾ ᠶᠢᠨ ᠲᠥᠷᠥᠯ ᠲᠡᠮᠳᠡᠭ ᠢ ᠳᠡᠯᠡᠬᠡᠶ ᠳ᠋ᠠᠬᠢᠨ ᠳᠤ | ᠳᠡᠯᠭᠡᠷᠡᠭᠦᠯᠵᠦ᠂ ᠪᠦᠬᠦ ᠳᠡᠯᠡᠬᠡᠢ ᠳᠤ ᠦᠬᠠᠶ ᠬᠤᠲᠠ ᠶᠢᠨ ᠥᠪᠡᠷᠮᠢᠴᠡ ᠬᠡᠪ ᠴᠢᠨᠠᠷ᠂ ᠬᠤᠲᠠ ᠶᠢᠨ ᠳᠦᠷᠢ ᠲᠥᠷᠬᠦ | ᠪᠣᠯᠤᠨ ᠬᠤᠲᠠ ᠶᠢᠨ ᠷᠢᠳᠢ ᠰᠢᠳᠢ ᠶᠢ ᠬᠦᠢᠴᠡᠳ ᠳᠡᠯᠭᠡᠨ ᠦᠵᠡᠭᠦᠯᠪᠠ᠃ | ᠭᠤᠷᠪᠠ ᠳᠤ᠂ ᠰᠣᠶᠣᠯ ᠤᠨ ᠠᠭᠤᠯᠤᠭᠳᠠᠬᠤᠨ ᠢ ᠢᠯᠡᠷᠡᠭᠦᠯᠪᠡ᠃ ᠦᠬᠠᠢ ᠪᠦᠬᠦ ᠲᠡᠯᠡᠭᠡᠢ ᠶᠢᠨ ᠨᠡᠷᠡᠲᠡᠢ | ᠦᠵᠦᠮ ᠤᠨ ᠠᠷᠢᠬᠢᠨ ᠤ ᠭᠠᠷᠤᠯᠲᠠ ᠶᠢᠨ ᠭᠠᠵᠠᠷ ᠪᠤᠯᠬᠤ ᠹᠷᠠᠨᠼᠢ ᠶᠢᠨ ᠪᠦᠷᠳᠤ᠋ ᠯᠤᠭ᠎ᠠ ᠠᠳᠠᠯᠢ ᠨᠢᠭᠡᠨ | ᠥᠷᠭᠡᠷᠢᠭ ᠲᠤ ᠣᠷᠣᠰᠢᠵᠤ᠂ ᠤᠰᠤ ᠰᠢᠷᠣᠶ ᠭᠡᠷᠡᠯ ᠢᠯᠴᠢ ᠶᠢᠨ ᠡᠬᠢ ᠪᠠᠶᠠᠯᠢᠭ ᠡᠯᠪᠡᠭ ᠪᠠᠶᠠᠯᠢᠭ᠂ ᠣᠨᠴᠠ ᠪᠠᠶᠢᠳᠠᠭ | ᠡᠯᠡᠰᠦᠷᠬᠡᠭ ᠬᠥᠷᠥᠰᠥ ᠨᠢ ᠦᠵᠦᠮ ᠲᠠᠷᠢᠬᠤ ᠪᠠ ᠣᠷᠭᠤᠬᠤ ᠳᠤ ᠮᠠᠰᠢ ᠲᠣᠬᠢᠷᠠᠮᠵᠢᠲᠠᠶ᠂ ᠤᠯᠤᠰ ᠤᠨ | ᠳᠣᠲᠣᠭᠠᠳᠤ ᠶᠢᠨ ᠰᠢᠨᠵᠢᠶᠠᠩ ᠤᠨ ᠲᠦᠷᠫᠠᠨ ᠣᠷᠣᠨ ᠲᠠᠢ ᠠᠳᠠᠯᠢᠳᠬᠠᠵᠤ ᠪᠣᠯᠬᠤ ᠴᠢᠨᠠᠷ ᠰᠠᠶᠢᠲᠠᠶ ᠦᠵᠦᠮ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠵᠤ᠂ ︽ᠦᠵᠦᠮ ᠤᠨ ᠨᠤᠲᠤᠭ︾ ᠭᠡᠰᠡᠨ ᠰᠠᠶᠢᠬᠠᠨ ᠨᠡᠷ᠎ᠡ ᠲᠠᠢ ᠶᠤᠮ᠃ | ᠡᠭᠦᠨ ᠤ ᠬᠠᠮᠲᠤ᠂ ᠦᠬᠠᠶ ᠳᠤ ᠣᠷᠠᠨ ᠪᠢᠴᠢᠯᠭᠡ ᠶᠢᠨ ᠰᠣᠶᠣᠯ ᠶᠡᠬᠡᠳᠡ ᠳᠡᠯᠭᠡᠷᠡᠵᠦ᠂ ᠳᠤᠮᠳᠠᠳᠤ ᠤᠯᠤᠰ ᠤᠨ | ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ 35 ᠬᠥᠮᠦᠨ᠂ ᠳᠤᠷ᠎ᠠ ᠪᠠᠭ᠋ᠠᠲᠠᠶ ᠨᠢ 10 ᠲᠦᠮᠡ ᠭᠠᠷᠤᠶ | ᠬᠥᠮᠦᠨ ᠲᠠᠢ᠂ ᠤᠷᠠᠨ ᠪᠢᠴᠢᠯᠭᠡ ᠶᠢᠨ ᠬᠦᠷᠢᠶ᠎ᠡ ᠬᠠᠷᠢᠶᠠᠨ ᠤ ᠭᠤᠷᠪᠠᠨ ᠲᠦᠷᠦᠯ ᠵᠦᠢᠯ ᠨᠢ ᠬᠢᠨᠢᠰ ᠤᠨ | ᠳᠡᠯᠡᠬᠡᠶ ᠶᠢᠨ ᠬᠠᠮᠤᠭ ᠢ ᠡᠭᠦᠳᠴᠦ᠂ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠪᠦᠬᠦ | ᠤᠯᠤᠰ ᠤᠨ ᠠᠩᠬᠠᠳᠠᠭᠴᠢ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ︾ ᠪᠠᠷ ᠨᠡᠷᠡᠶᠢᠳᠪᠡ᠃ ᠪᠢᠳᠡ | ᠦᠬᠠᠶ ᠶᠢᠨ ᠦᠵᠦᠮ ᠤᠨ ᠰᠣᠶᠣᠯ᠂ ᠤᠷᠠᠨ ᠪᠢᠴᠢᠯᠭᠡ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠶ | ᠠᠭᠤᠳᠠᠯᠤᠨ ᠢᠯᠡᠷᠡᠭᠦᠯᠵᠦ᠂ ᠤᠷᠢᠳ ᠬᠤᠵᠢᠳ 10 ᠬᠤᠭᠤᠴᠠᠭᠠᠨ ᠤ ᠤᠷᠠᠨ ᠪᠢᠴᠢᠯᠭᠡ ᠶᠢᠨ ᠤᠷᠠᠯᠢᠭ ᠤᠨ ᠨᠠᠶᠢᠷ᠂ | 6 ᠬᠤᠭᠤᠴᠠᠭᠠᠨ ᠤ ᠣᠯᠠᠨ ᠤᠯᠤᠰ ᠤᠨ ᠤᠷᠠᠨ ᠪᠢᠴᠢᠯᠭᠡ ᠶᠢᠨ ᠠᠵᠤ ᠦᠢᠯᠡᠰ ᠤᠨ ᠦᠵᠡᠰᠬᠦᠯᠡᠩ ᠪᠣᠯᠤᠨ 2 | ᠬᠤᠭᠤᠴᠠᠭᠠᠨ ᠤ ᠳᠡᠯᠡᠬᠡᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠰᠣᠶᠣᠯ ᠤᠨ ᠨᠠᠶᠢᠷ ᠢ ᠡᠷᠬᠢᠯᠡᠵᠦ᠂ | ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠢ ᠪᠠᠶᠢᠭᠤᠯᠵᠤ᠂ ᠨᠢᠭᠡ | ᠪᠦᠯᠦᠭ ᠡᠯᠡᠰᠦᠨ ᠴᠦᠯ ᠤᠨ ᠠᠩᠬᠠᠨ ᠤ ᠠᠮᠢ ᠠᠬᠤᠢ ᠶᠢᠨ ᠦᠵᠦᠮ ᠤᠨ ᠠᠷᠢᠬᠢᠨ ᠡᠳ᠋ᠯᠡᠩ ᠢ ᠪᠠᠶᠢᠭᠤᠯᠪᠠ᠃ | ᠥᠪᠡᠷᠮᠢᠴᠡ ᠣᠨᠴᠠᠯᠢᠭ ᠲᠠᠢ ᠦᠵᠦᠮ ᠤᠨ ᠰᠣᠶᠣᠯ᠂ ᠤᠷᠠᠨ ᠪᠢᠴᠢᠯᠭᠡ ᠶᠢᠨ ᠰᠣᠶᠣᠯ ᠢᠶᠠᠷ ᠦᠬᠠᠶ ᠬᠤᠲᠠ ᠶᠢᠨ | ᠰᠥᠭ ᠰᠦᠨᠡᠰᠦ᠂ ᠵᠤᠭᠠᠴᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ | ᠳᠠᠷᠠᠭᠠᠴᠢ ᠶᠢᠨ ᠠᠯᠬᠤᠮ ᠳᠤ᠂ ᠪᠢᠳᠡ ︽ᠠᠭᠤᠯᠠ᠂ ᠤᠰᠤ᠂ ᠡᠯᠡᠰᠦ᠂ ᠬᠤᠲᠠ︾ ᠶᠢ ᠨᠢᠭᠡ | ᠴᠣᠭᠴᠠᠵᠢᠭᠤᠯᠤᠭᠰᠠᠨ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠎ᠡ᠃ ᠦᠬᠠᠶ | ᠨᠠᠭᠤᠷ ᠤᠨ ᠤᠯᠤᠰ ᠤᠨ ᠲᠡᠰ ᠤᠨ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠤᠨ ᠣᠷᠣᠨ ᠢ ᠡᠭᠦᠳᠦᠨ | ᠪᠠᠶᠢᠭᠤᠯᠬᠤ ᠪᠠᠷ ᠭᠤᠤᠯᠳᠠᠯᠭ᠎ᠠ ᠪᠣᠯᠭᠠᠨ ︽ᠡᠯᠡᠰᠦ ᠮᠠᠩᠬᠠᠨ ᠳᠤ ᠮᠤᠷᠢᠯᠠᠵᠤ ᠦᠬᠠᠢ ᠨᠠᠭᠤᠷ ᠢ ᠰᠣᠨᠢᠷᠬᠠᠬᠤ︾᠂ ︽ | ᠰᠢᠳᠢᠲᠤ ᠦᠬᠠᠶ︾ ᠬᠡᠬᠦ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠡᠬᠢᠯᠡᠭᠦᠯᠵᠦ᠂ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢᠨ ᠪᠦᠲᠦᠴᠡ ᠶᠢ ᠲᠣᠬᠢᠷᠠᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ | ᠰᠣᠶᠣᠯ ᠢ ᠤᠯᠠᠮᠵᠢᠯᠠᠬᠤ ᠲᠠᠢ ᠤᠶᠠᠯᠳᠤᠭᠤᠯᠤᠨ᠎ᠠ᠃ ︽ᠪᠥᠬᠦ ᠴᠠᠷᠠᠭᠠᠨ ᠤ ᠠᠮᠢ ᠠᠬᠤᠶᠢᠵᠢᠯᠳᠠ᠂ ᠠᠮᠢ ᠠᠬᠤᠢ ᠶᠢᠨ | ᠦᠵᠡᠮᠵᠢᠵᠢᠯᠲᠡ᠂ ᠦᠵᠡᠮᠵᠢ ᠶᠢᠨ ᠠᠵᠤ ᠦᠶᠢᠯᠡᠰᠵᠢᠯᠲᠡ ᠪᠠ ᠠᠵᠤ ᠦᠢᠯᠡᠰ ᠢ ᠨᠢᠭᠡᠳᠦᠯᠲᠡᠶ ᠲᠥᠯᠥᠪᠯᠡᠬᠦ︾ | ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ︽ᠵᠢᠭᠤᠯᠴᠢᠯᠠᠯ ᠢ ᠲᠡᠷᠢᠭᠦᠨ ᠳᠤ ᠲᠠᠯᠪᠢᠬᠤ︾᠂ ︽ | ᠦᠵᠡᠮᠵᠢ ᠶᠢᠨ ᠬᠤᠲᠠ ᠶᠢ ᠨᠢᠭᠡ ᠴᠣᠭᠴᠠᠵᠢᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ | ᠲᠠᠯ᠎ᠠ ᠪᠠᠷ ᠠᠬᠢᠭᠤᠯᠵᠤ᠂ ︽ᠵᠢᠭᠤᠯᠴᠢᠯᠠᠯ +︾ ᠪᠠ ︽+ ᠵᠢᠭᠤᠯᠴᠢᠯᠠᠯ︾ ᠢ ᠰᠠᠨᠠᠭᠠᠴᠢᠯᠠᠨ᠎ᠠ᠃ ᠭᠡᠷ ᠤᠨ | ᠭᠠᠳᠠᠨᠠᠬᠢ ᠬᠤᠲᠠ᠂ ᠬᠥᠳᠡᠯᠭᠡᠭᠡᠨ ᠤ ᠬᠤᠲᠠ᠂ ᠬᠠᠳᠤᠨ ᠭᠤᠣᠯ ᠤᠨ ᠭᠡᠷᠡᠯᠲᠦ ᠰᠤᠪᠤᠳ᠂ ᠬᠠᠷ᠎ᠠ ᠠᠯᠳᠠᠨ ᠳᠠᠯᠠᠢ᠂ | ᠤᠷᠠᠨ ᠪᠢᠴᠢᠯᠭᠡ ᠶᠢᠨ ᠬᠤᠲᠠ᠂ ᠡᠯᠡᠰᠦᠨ ᠴᠦᠯ ᠤᠨ ᠨᠣᠭᠤᠭᠠᠨ ᠪᠦᠷᠢᠳᠦ᠂ ᠦᠵᠦᠮ ᠤᠨ ᠨᠤᠲᠤᠭ᠂ ᠴᠢᠯᠠᠭᠤ | ᠰᠣᠨᠢᠷᠬᠠᠬᠤ ᠬᠤᠲᠠ ᠵᠡᠷᠭᠡ ᠨᠠᠢᠮᠠᠨ ᠶᠡᠭᠡ ᠰᠣᠶᠣᠯ ᠵᠢᠭᠤᠯᠴᠢᠯᠠᠯ ᠤᠨ ᠵᠣᠷᠢᠭᠰᠠᠨ ᠭᠠᠵᠠᠷ ᠤᠨ ᠨᠡᠷᠡᠲᠦ ᠲᠡᠮᠳᠡᠭ ᠢ | ᠡᠭᠦᠳᠦᠨ᠎ᠡ᠃ ᠨᠢᠭᠡ ᠲᠥᠪ ᠬᠤᠶᠠᠷ ᠪᠦᠰᠡ᠂ ᠭᠤᠷᠪᠠᠨ ᠶᠡᠭᠡ ᠵᠣᠷᠢᠭᠰᠠᠨ ᠭᠠᠵᠠᠷ ᠤᠨ ᠵᠢᠭᠤᠯᠴᠢᠯᠠᠯ ᠤᠨ | ᠴᠢᠳᠠᠮᠵᠢᠲᠤ ᠬᠡᠰᠡᠭ ᠣᠷᠣᠨ᠂ ᠣᠯᠠᠨ ᠲᠥᠷᠥᠯ ᠵᠦᠢᠯ ᠢᠶᠠᠷ ᠲᠤᠯᠭᠠᠭᠤᠷᠢᠯᠠᠭᠰᠠᠨ ᠣᠷᠣᠨ ᠵᠠᠶ ᠶᠢᠨ ᠪᠠᠶᠢᠷᠢᠰᠢᠯ ᠢ | ᠪᠤᠢ ᠪᠣᠯᠭᠠᠵᠤ᠂ ᠬᠤᠲᠠ ᠶᠢᠨ ᠦᠵᠡᠮᠵᠢ ᠶᠢᠨ ᠬᠠᠷᠢᠯᠴᠠᠨ ᠦᠢᠯᠡᠳᠦᠯᠴᠡᠬᠦ ᠶᠢ ᠨᠢᠭᠡ ᠴᠣᠭᠴᠠᠵᠢᠭᠤᠯᠬᠤ᠂ | ᠵᠢᠭᠤᠯᠴᠢᠯᠠᠯ ᠤᠨ ᠦᠢᠯᠡᠳᠬᠦᠨ ᠢ ᠨᠢᠭᠡ ᠴᠣᠭᠴᠠᠵᠢᠭᠤᠯᠬᠤ ᠶᠢ ᠪᠡᠶᠡᠯᠡᠭᠦᠯᠦᠨ᠎ᠡ᠃ | ᠮᠠᠨ ᠤ ᠬᠤᠲᠠ ᠤᠨ ᠵᠢᠭᠤᠯᠴᠢᠯᠠᠯ ᠨᠢ ᠦᠭᠡᠢ ᠠᠴᠠ ᠪᠠᠶᠢᠬᠤ ᠪᠣᠯᠵᠤ᠂ ᠴᠡᠭ ᠠᠴᠠ ᠪᠦᠬᠦ ᠲᠠᠯ᠎ᠠ᠂ | ᠪᠠᠭᠤᠷᠠᠶ ᠠᠴᠠ ᠬᠦᠴᠦᠷᠬᠡᠭ ᠪᠣᠯᠵᠤ᠂ ᠵᠢᠭᠤᠯᠴᠢᠯᠠᠯ ᠤᠨ ᠦᠢᠯᠡᠰ ᠨᠢ ᠣᠯᠠᠨ ᠠᠵᠢᠯ ᠲᠥᠷᠥᠯ᠂ ᠣᠯᠠᠨ ᠬᠦᠷᠢᠶᠡᠨ ᠤ | ᠬᠥᠭᠵᠢᠯᠲᠡ ᠶᠢ ᠳᠠᠶᠢᠴᠢᠯᠠᠬᠤ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠭᠦᠷ ᠪᠣᠯᠤᠭᠰᠠᠨ ᠢᠶᠠᠷ ᠪᠠᠷᠠᠬᠤ | ᠦᠭᠡᠢ᠂ ᠨᠠᠩ ᠴᠤ ᠬᠥᠮᠦᠰ ᠤᠨ ᠣᠳᠣ ᠦᠶ᠎ᠡ ᠶᠢᠨ ᠦᠬᠠᠢ᠂ ᠨᠡᠭᠡᠭᠡᠯᠳᠡ ᠲᠠᠢ ᠦᠬᠠᠢ᠂ ᠦᠵᠡᠰᠬᠦᠯᠡᠩᠲᠦ ᠦᠬᠠᠢ᠂ | ᠪᠣᠯᠪᠠᠰᠤᠨ ᠦᠬᠠᠶ ᠶᠢ ᠲᠠᠨᠢᠬᠤ ᠴᠢᠬᠤᠯᠠ ᠴᠣᠩᠬᠤ ᠪᠣᠯᠪᠠ᠃ ᠬᠠᠮᠤᠭ ᠰᠡᠭᠦᠯ ᠳᠤ᠂ ᠰᠤᠷᠪᠤᠯᠵᠢᠯᠠᠭᠴᠢ ᠨᠠᠶᠢᠵᠠ | ᠨᠠᠷ ᠲᠤ ᠨᠢᠭᠡ ᠰᠠᠶᠢᠨ ᠴᠢᠮᠡᠭᠡ ᠬᠡᠯᠡᠵᠦ ᠥᠭᠬᠦᠶ᠎ᠡ᠂ ᠡᠨᠡ ᠵᠢᠯ ᠤᠨ 9 ᠰᠠᠷ᠎ᠠ ᠶᠢᠨ 19 ᠤ ᠡᠳᠦᠷ ᠠᠴᠠ 21 ᠤ | ᠡᠳᠦᠷ ᠪᠣᠯᠲᠠᠯ᠎ᠠ᠂ ᠦᠬᠠᠶ ᠬᠤᠲᠠ 2019 ᠣᠨ ᠤ ᠳᠤᠮᠳᠠᠳᠤ ᠤᠯᠤᠰ · ᠦᠬᠠᠶ ᠶᠢᠨ ︽ᠨᠢᠭᠡ ᠪᠦᠰᠡ ᠨᠢᠭᠡ ᠵᠠᠮ | ︾ ᠤᠨ ᠳᠡᠯᠡᠬᠡᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ ᠢ | ᠡᠷᠬᠢᠯᠡᠬᠦ ᠪᠠᠷ ᠪᠠᠶᠢᠨ᠎ᠠ᠂ ᠠᠳᠡ᠂ ᠪᠢᠳᠡ ᠡᠯ᠎ᠡ ᠡᠲᠡᠭᠡᠳ ᠤᠨ ᠨᠠᠶᠢᠵᠠ ᠨᠠᠷ ᠢ ᠦᠬᠠᠶ ᠳᠤ ᠴᠢᠩ ᠰᠡᠳᠬᠢᠯ ᠠᠴᠠ ᠪᠠᠨ | ᠤᠷᠢᠵᠤ᠂ ᠦᠬᠠᠶ ᠳᠤ ᠮᠤᠷᠢᠯᠠᠨ ᠰᠠᠭᠠᠳᠠᠵᠤ᠂ ᠦᠵᠦᠮ ᠤᠨ ᠠᠮᠲᠠᠲᠤ ᠠᠷᠢᠬᠢ ᠶᠢ ᠠᠮᠲᠠᠷᠬᠠᠨ᠂ ᠤᠷᠲᠤ ᠭᠤᠤᠯ | ᠵᠢᠷᠭᠠᠬᠤ ᠨᠠᠷᠠ ᠶᠢ ᠰᠣᠨᠢᠷᠬᠠᠭᠠᠷᠠᠢ᠃ | ᠲᠠᠶᠠᠭᠠᠷ ᠲᠤ ᠲᠠᠯᠠᠷᠬᠠᠯ᠎ᠠ︕ | ᠨᠢᠭᠡ ᠲᠦᠪ ᠬᠤᠶᠠᠷ ᠪᠦᠰᠡ᠂ ᠭᠤᠷᠪᠠᠨ ᠶᠡᠭᠡ ᠵᠣᠷᠢᠭᠰᠠᠨ ᠭᠠᠵᠠᠷ᠄ ︽ᠨᠢᠭᠡ ᠲᠦᠪ︾ ᠭᠡᠳᠡᠭ ᠨᠢ | ᠵᠤᠭᠠᠴᠠᠨ ᠠᠮᠠᠷᠠᠬᠤ ᠲᠦᠪ︔ ︽ᠬᠤᠶᠠᠷ ᠪᠦᠰᠡ︾ ᠭᠡᠳᠡᠭ ᠨᠢ ᠬᠠᠳᠤᠨ ᠭᠤᠤᠯ ᠤᠨ ᠠᠮᠢ ᠠᠬᠤᠢ ᠶᠢᠨ ᠰᠣᠶᠣᠯ | ᠵᠢᠭᠤᠯᠴᠢᠯᠠᠯ ᠤᠨ ᠪᠦᠰᠡ ᠪᠠ ᠣᠷᠠᠨ ᠲᠦᠰᠢ ᠠᠭᠤᠯᠠᠨ ᠤ ᠲᠡᠤᠬᠡ ᠰᠣᠶᠣᠯ ᠤᠨ ᠪᠡᠶᠡᠴᠢᠯᠡᠨ ᠣᠶᠢᠯᠠᠭᠠᠬᠤ ᠪᠦᠰᠡ ᠶᠢ | ᠵᠢᠭᠠᠵᠤ ᠪᠠᠶᠢᠨ᠎ᠠ᠃ ︽ᠭᠤᠷᠪᠠᠨ ᠬᠡᠰᠡᠭ ᠲᠣᠭᠤᠷᠢᠭ︾ ᠭᠡᠳᠡᠭ ᠨᠢ ᠬᠠᠶᠢᠷᠤᠪ ᠤᠨ ᠲᠣᠬᠤᠢ ᠲᠣᠭᠤᠷᠢᠭ — ︽ | ᠡᠯᠡᠰᠦ ᠮᠠᠩᠬ᠎ᠠ ᠨᠠᠭᠤᠷ ᠬᠡᠯᠪᠡᠷᠢ ᠶᠢᠨ ᠭᠡᠷ ᠤᠨ ᠭᠠᠳᠠᠨᠠᠬᠢ ᠪᠡᠶ᠎ᠡ ᠲᠠᠮᠢᠷ ᠤᠨ ᠰᠡᠯᠡᠭᠦᠴᠡᠯ ᠠᠮᠠᠷᠠᠯᠲᠠ ᠶᠢᠨ | ᠵᠢᠭᠤᠯᠴᠢᠯᠠᠯ ᠤᠨ ᠬᠤᠲᠠ︾᠂ ᠤᠳᠠ ᠲᠣᠭᠤᠷᠢᠭ — ︽ᠡᠯᠡᠰᠦᠨ ᠴᠦᠯ ᠤᠨ ᠵᠤᠭᠠᠴᠠᠯ ᠤᠨ ᠬᠤᠲᠠ᠂ ᠡᠯᠡᠰᠦᠨ | ᠴᠦᠯ ᠤᠨ ᠵᠢᠭᠤᠯᠴᠢᠯᠠᠯ ᠤᠨ ᠮᠣᠷᠳᠠᠬᠤ ᠭᠠᠵᠠᠷ ᠪᠠ ᠪᠤᠴᠠᠵᠤ ᠢᠷᠡᠬᠦ ᠭᠠᠵᠠᠷ︾᠂ ᠬᠠᠶᠢᠨᠠᠨ ᠲᠤᠭᠤᠷᠢᠭ — ︽ | ᠤᠮᠠᠷᠠᠲᠤ ᠣᠷᠣᠨ ᠳᠤ ᠨᠢᠭᠡ ᠬᠠᠶᠢᠨᠠᠨ ᠪᠤᠢ᠂ ᠬᠠᠳᠤᠨ ᠭᠤᠤᠯ ᠤᠨ ᠬᠥᠪᠡᠭᠡᠨ ᠤ ᠠᠮᠢ ᠠᠬᠤᠢ ᠶᠢᠨ | ᠵᠢᠭᠤᠯᠴᠢᠯᠠᠯ ᠤᠨ ᠣᠷᠣᠨ︾ ᠢ ᠵᠢᠭᠠᠵᠤ ᠪᠣᠶ᠃ | | | 06 | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠵᠣᠤ ᠨᠠ᠄ ᠦᠬᠠᠶ ᠬᠤᠲᠠ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ | ᠶᠠᠮᠠᠷ ᠲᠤᠷᠰᠢᠯᠭ᠎ᠠ ᠲᠠᠢ ᠪᠤᠢ︖ | | | | | ᠡᠨᠡ ᠰᠤᠷᠪᠤᠯᠵᠢᠯᠠᠭᠴᠢ ᠨᠠᠶᠢᠵᠠ ᠶᠢᠨ ᠦᠬᠠᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠲᠤ | ᠠᠩᠬᠠᠷᠤᠯ ᠲᠠᠯᠪᠢᠭᠰᠠᠨ ᠳᠤ ᠲᠤᠩ ᠲᠠᠯᠠᠷᠬᠠᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ᠂ ᠰᠠᠶᠢᠨ ᠰᠠᠶᠢᠬᠠᠨ | ᠠᠮᠢ ᠠᠬᠤᠶ ᠣᠷᠴᠢᠨ ᠲᠣᠭᠤᠷᠢᠨ ᠪᠣᠯ ᠬᠠᠮᠤᠭ ᠤᠨ ᠰᠠᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠃ | ᠦᠬᠠᠶ ᠪᠣᠯ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠬᠤᠲᠠ ᠪᠣᠯᠤᠨ᠎ᠠ᠂ ᠠᠵᠤ ᠦᠢᠯᠡᠳᠪᠦᠷᠢ ᠶᠢᠨ | ᠪᠣᠬᠢᠷᠲᠤᠯ ᠢ ᠵᠠᠰᠠᠬᠤ᠂ ᠰᠠᠶᠢᠵᠢᠷᠠᠭᠤᠯᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠤᠶᠢᠷ᠎ᠠ ᠶᠢᠨ ᠵᠢᠯ ᠤᠨ | ᠲᠤᠷᠰᠢ᠂ ᠦᠬᠠᠶ ᠬᠤᠲᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠪᠣᠬᠢᠷᠲᠤᠯ ᠲᠠᠢ ᠲᠠᠶᠢᠨ | ᠵᠠᠷᠯᠠᠵᠤ᠂ ᠨᠡᠶᠢᠲᠡ 228 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 2800 ᠭᠠᠷᠤᠶ ᠠᠭᠠᠷ | ᠮᠠᠨᠳᠠᠯ ᠤᠨ ᠪᠣᠬᠢᠷᠲᠤᠯ ᠢ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠪᠦᠬᠦ ᠬᠤᠲᠠ ᠢᠯᠡᠳᠲᠡ ᠰᠠᠶᠢᠵᠢᠷᠠᠪᠠ᠃ | 2018 ᠣᠨ ᠳᠤ᠂ ᠭᠤᠤᠯ ᠬᠤᠲᠠ ᠶᠢᠨ ᠲᠣᠭᠤᠷᠢᠭ ᠤᠨ ᠴᠡᠪᠡᠷ ᠲᠤᠩᠭᠠᠯᠠᠭ ᠡᠳᠦᠷ ᠤᠨ ᠲᠤᠭ᠎ᠠ 2012 | ᠣᠨ ᠬᠢ ᠠᠴᠠ 132 ᠡᠳᠦᠷ ᠨᠡᠮᠡᠭᠳᠡᠵᠦ᠂ ᠥᠷᠭᠡᠨ ᠣᠯᠠᠨ ᠠᠷᠠᠳ ᠲᠦᠮᠡᠨ ᠤ ᠬᠥᠬᠡ ᠲᠩᠷᠢ ᠴᠠᠭᠠᠨ ᠡᠭᠦᠯᠡᠨ ᠤ | ᠬᠦᠷᠲᠡᠮᠵᠢ ᠶᠢᠨ ᠲᠥᠷᠥᠭᠳᠡᠯ ᠤᠯᠠᠮ ᠨᠢᠭᠡ ᠠᠯᠬᠤᠮ ᠴᠢᠩᠭᠠᠷᠠᠪᠠ᠃ | ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠣᠭᠤᠷᠢᠨ ᠳᠤ᠂ ᠪᠢᠳᠡ | ᠭᠤᠤᠯᠳᠠᠭᠤ ᠳᠣᠤᠷᠠᠬᠢ ᠬᠡᠳᠦᠨ ᠲᠠᠯ᠎ᠠ ᠶᠢᠨ ᠠᠵᠢᠯ ᠢ ᠬᠢᠪᠡ᠃ | ᠨᠢᠭᠡ ᠳᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ | ᠡᠷᠴᠢᠮ ᠢᠶᠠᠨ ᠨᠡᠮᠡᠭᠳᠡᠭᠦᠯᠪᠠ᠃ ᠠᠭᠤᠷᠬᠠᠢ ᠶᠢᠨ ᠣᠷᠣᠨ ᠪᠣᠯ ᠦᠬᠠᠶ ᠶᠢᠨ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠭᠤᠤᠯ ᠲᠠᠶᠢᠨ ᠤ ᠲᠠᠯᠠᠪᠤᠷ ᠪᠣᠯᠤᠨ᠎ᠠ᠃ ᠤᠶᠢᠷ᠎ᠠ ᠶᠢᠨ ᠵᠢᠯ ᠤᠳ ᠲᠤ᠂ ᠪᠢᠳᠡ ᠨᠡᠭᠦᠷᠡᠰᠦᠨ | ᠴᠢᠯᠠᠭᠤ᠂ ᠨᠡᠭᠦᠷᠡᠰᠦᠨ ᠳᠠᠪᠬᠤᠷᠭ᠎ᠠ ᠶᠢᠨ ᠥᠪᠡᠰᠦᠪᠡᠨ ᠨᠣᠴᠣᠬᠤ ᠭᠠᠯ ᠤᠨ ᠴᠡᠭ ᠢ 711᠂ ᠠᠭᠤᠷᠬᠠᠢ ᠶᠢᠨ | ᠭᠠᠵᠠᠷ ᠤᠨ ᠣᠷᠴᠢᠨ ᠲᠣᠭᠤᠷᠢᠨ ᠢ ᠵᠠᠰᠠᠬᠤ 82 ᠲᠥᠷᠥᠯ ᠵᠦᠢᠯ ᠢ ᠪᠡᠶᠡᠯᠡᠭᠦᠯᠵᠦ᠂ 33 ᠰᠢᠷᠣᠶ | ᠭᠠᠳᠠᠭᠰᠢᠯᠠᠭᠤᠯᠬᠤ ᠲᠠᠯᠠᠪᠠᠢ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ ᠪᠡᠶᠡᠯᠡᠭᠦᠯᠵᠦ᠂ ᠠᠭᠤᠷᠬᠠᠢ ᠶᠢᠨ | ᠣᠷᠣᠨ ᠤ ᠵᠠᠰᠠᠮᠠᠯ ᠵᠠᠮ ᠢ 140 ᠺᠢᠯᠣᠮᠧᠲᠷ ᠪᠦᠲᠦᠭᠡᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠵᠤ᠂ ᠯᠦᠩ ᠴᠠᠩ ᠠᠵᠤ ᠦᠢᠯᠡᠳᠪᠦᠷᠢ ᠠᠷᠠᠯᠵᠢᠶᠠᠨ ᠤ ᠲᠡᠮᠡᠭᠡᠲᠤ ᠠᠭᠤᠯᠠᠨ ᠤ ᠨᠡᠭᠦᠷᠡᠰᠦᠨ ᠠᠭᠤᠷᠬᠠᠢ ᠶᠢ | ᠪᠦᠬᠦ ᠣᠷᠣᠨ ᠤ ᠠᠩᠬᠠᠳᠠᠭᠴᠢ ᠪᠣᠬᠢᠷᠲᠤᠯ ᠦᠭᠡᠢ ᠠᠭᠤᠷᠬᠠᠢ ᠳᠤ ᠣᠷᠣᠭᠤᠯᠬᠤ ᠶᠢᠨ ᠬᠠᠮᠲᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠨ ᠣᠷᠣᠭᠤᠯᠵᠤ᠂ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠨᠡᠭᠡᠭᠡᠨ ᠬᠥᠭᠵᠢᠭᠦᠯᠬᠦ ᠲᠥᠯᠥᠪᠯᠡᠭᠡ ᠶᠢᠨ ᠵᠠᠬᠢᠷᠭ᠎ᠠ ᠶᠢᠨ ᠣᠷᠴᠢᠨ ᠲᠣᠭᠤᠷᠢᠨ ᠢ | ᠵᠠᠰᠠᠬᠤ ᠪᠠ ᠦᠷᠭᠦᠯᠵᠢᠯᠡᠨ ᠬᠥᠭᠵᠢᠭᠦᠯᠬᠦ ᠲᠥᠷᠥᠯ ᠵᠦᠢᠯ ᠳᠤ ᠵᠢᠭᠰᠠᠭᠠᠭᠳᠠᠨ᠂ ᠪᠣᠬᠢᠷᠲᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠳᠤ ︽ᠦᠬᠠᠶ ᠶᠢᠨ ᠲᠤᠷᠰᠢᠯᠭ᠎ᠠ︾ ᠬᠠᠩᠭᠠᠪᠠ᠃ | ᠬᠤᠶᠠᠷ ᠲᠤ᠂ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠪᠠ᠃ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ ᠪᠣᠯ ᠠᠭᠠᠷ ᠮᠠᠨᠳᠠᠯ ᠤᠨ ᠪᠣᠬᠢᠷᠲᠤᠯ ᠢ ᠪᠣᠢ | ᠪᠣᠯᠭᠠᠬᠤ ᠴᠢᠬᠤᠯᠠ ᠡᠯᠧᠮᠧᠨ᠋ᠲ ᠪᠣᠯᠤᠨ᠎ᠠ᠃ ᠤᠶᠢᠷ᠎ᠠ ᠶᠢᠨ ᠵᠢᠯ ᠤᠨ ᠲᠤᠷᠰᠢ᠂ ᠪᠢᠳᠡ ᠤᠷᠢᠳ ᠬᠤᠵᠢᠳ 372 | ᠠᠵᠤ ᠦᠢᠯᠡᠳᠪᠦᠷᠢ ᠶᠢᠨ ᠵᠠᠰᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠴᠠᠬᠢᠯᠭᠠᠨ ᠬᠦᠴᠦᠨ ᠤ ᠠᠵᠤ | ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠭᠤᠤᠯᠳᠠᠯᠭ᠎ᠠ ᠲᠠᠢ ᠠᠵᠢᠯ | ᠲᠥᠷᠥᠯ ᠤᠨ ᠪᠣᠳᠠᠰ ᠣᠪᠣᠭᠠᠯᠠᠬᠤ ᠲᠠᠯᠠᠪᠠᠢ ᠶᠢ ᠪᠢᠲᠡᠭᠦᠮᠵᠢᠯᠡᠬᠦ ᠶᠢ ᠪᠡᠶᠡᠯᠡᠭᠦᠯᠵᠦ᠂ ᠣᠨᠴᠠᠭᠠᠢ | ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠲᠦᠷᠭᠡᠨ ᠵᠠᠰᠠᠯᠲᠠ᠂ ︽ᠲᠠᠷᠠᠬᠠᠶ ᠪᠤᠲᠠᠷᠬᠠᠶ ᠡᠮᠬᠢ | ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ | ᠵᠠᠰᠠᠬᠤ ᠵᠡᠷᠭᠡ ᠲᠤᠰᠬᠠᠶ ᠠᠵᠢᠯᠯᠠᠭ᠎ᠠ ᠶᠢ ᠡᠬᠢᠯᠡᠭᠦᠯᠪᠡ᠃ 2018 ᠣᠨ ᠳᠤ᠂ ᠬᠦᠬᠦᠷ ᠤᠨ ᠳᠠᠪᠬᠤᠷ ᠢᠰᠦᠯ᠂ | ᠠᠮᠢᠰᠬᠤᠯ ᠤᠨ ᠮᠥᠬᠦᠯᠢᠭᠲᠦ ᠪᠣᠳᠠᠰ᠂ ᠵᠢᠵᠢᠭ ᠮᠥᠬᠦᠯᠢᠭᠲᠦ ᠪᠣᠳᠠᠰ ᠵᠡᠷᠭᠡ ᠭᠤᠷᠪᠠᠨ ᠵᠦᠢᠯ ᠤᠨ ᠭᠤᠤᠯ ᠪᠣᠬᠢᠷᠲᠤᠯ | ᠪᠣᠳᠠᠰ ᠤᠨ ᠵᠢᠯ ᠳᠤᠮᠳᠠᠴᠢ ᠶᠢᠨ ᠥᠳᠬᠡᠴᠡ 2015 ᠣᠨ ᠤ ᠬᠢ ᠠᠴᠠ ᠲᠣᠰ ᠲᠣᠰ 44 %᠂ 33 % ᠪᠠ | 29 % ᠪᠠᠭᠤᠷᠠᠵᠠᠶ᠃ | ᠭᠤᠷᠪᠠ ᠳᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠪᠠ᠃ ᠨᠡᠭᠦᠷᠡᠰᠦᠨ ᠳᠤ ᠬᠤᠯᠪᠤᠭᠳᠠᠭᠰᠠᠨ ᠠᠵᠤ ᠦᠢᠯᠡᠰ ᠤᠨ ᠪᠦᠲᠦᠴᠡ ᠪᠣᠯ ᠦᠬᠠᠶ ᠶᠢᠨ ᠠᠭᠠᠷ | ᠮᠠᠨᠳᠠᠯ ᠤᠨ ᠪᠣᠬᠢᠷᠲᠤᠯ ᠢ ᠪᠣᠶ ᠪᠣᠯᠭᠠᠭᠰᠠᠨ ᠴᠢᠬᠤᠯᠠ ᠰᠢᠯᠲᠠᠭᠠᠨ ᠪᠣᠯᠤᠨ᠎ᠠ᠃ ᠤᠶᠢᠷ᠎ᠠ ᠶᠢᠨ ᠵᠢᠯ ᠠᠴᠠ ᠨᠠᠰᠢ᠂ | ᠪᠢᠳᠡ ᠳᠣᠤᠷ᠎ᠠ ᠲᠡᠰ ᠤᠨ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ ᠰᠢᠭᠰᠢᠭᠳᠡᠭᠦᠯᠵᠦ᠂ | ᠪᠣᠬᠢᠷᠲᠤᠯ ᠪᠠᠭ᠎ᠠ᠂ ᠡᠨᠧᠷᠭᠢ ᠶᠢᠨ ᠬᠤᠷᠣᠭᠳᠠᠯ ᠢᠶᠠᠷ ᠪᠠᠭ᠎ᠠ ᠨᠢᠭᠡ ᠪᠦᠯᠦᠭ ᠰᠢᠨ᠎ᠡ ᠲᠥᠷᠥᠯ ᠵᠦᠢᠯ ᠢ ᠣᠷᠣᠭᠤᠯᠤᠨ | ᠠᠪᠴᠢᠷᠠᠵᠤ᠂ ᠣᠳᠣ ᠪᠠᠶᠢᠭ᠎ᠠ ᠲᠥᠷᠥᠯ ᠵᠦᠢᠯ ᠳᠤ ᠡᠷᠭᠢᠯᠳᠦᠭᠦᠯᠦᠭᠰᠡᠨ᠂ ᠴᠡᠪᠡᠷᠵᠢᠭᠦᠯᠦᠭᠰᠡᠨ ᠥᠭᠡᠷᠡᠴᠢᠯᠡᠯᠲᠡ | ᠬᠢᠵᠦ᠂ ᠨᠡᠭᠦᠷᠡᠰᠦᠨ ᠤ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠬᠤᠪᠢᠷᠠᠭᠤᠯᠵᠤ᠂ ᠲᠦᠷᠦᠭᠦᠤ ᠪᠦᠯᠦᠭ ᠤᠨ | ᠤᠯᠤᠰ ᠤᠨ ᠲᠡᠰ ᠤᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ᠡᠨᠧᠷᠭᠢ ᠶᠢᠨ | ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠬᠦ ᠪᠣᠯ ᠠᠭᠠᠷ ᠮᠠᠨᠳᠠᠯ ᠤᠨ ᠪᠣᠬᠢᠷᠲᠤᠯ ᠤᠨ ᠪᠠᠶᠢᠳᠠᠯ ᠢ | ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠢᠳᠡ ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠤᠨ ᠨᠡᠶᠢᠲᠡ 6 ᠲᠦᠮᠡ ᠭᠠᠷᠤᠶ ᠢᠵᠢ ᠭᠡᠷ ᠪᠠᠶᠢᠰᠢᠩ ᠢ ᠨᠤᠷᠠᠭᠠᠨ ᠨᠡᠭᠦᠯᠭᠡᠵᠦ᠂ 20 | ᠠᠭᠤᠷᠰᠢᠯᠲᠠ ᠶᠢᠨ ᠲᠣᠨ ᠵᠢᠴᠢ ᠲᠡᠭᠦᠨ ᠠᠴᠠ ᠳᠣᠷᠣᠭᠰᠢᠬᠢ ᠪᠦᠳᠦᠭᠦᠨ ᠭᠦᠸᠧᠯᠦ ᠶᠢ 800 ᠰᠢᠬᠠᠮ | ᠰᠢᠭᠰᠢᠭᠳᠡᠭᠦᠯᠵᠦ᠂ ᠪᠦᠬᠦ ᠬᠤᠲᠠ ᠶᠢ ᠪᠣᠬᠢᠷᠲᠤᠯ ᠶᠡᠬᠡᠲᠡᠶ ᠲᠦᠯᠡᠰᠢ ᠲᠦᠯᠡᠬᠦ ᠶᠢ ᠴᠠᠭᠠᠵᠠᠯᠠᠬᠤ ᠣᠷᠣᠨ ᠪᠣᠯᠭᠠᠨ | ᠵᠠᠭᠠᠭᠯᠠᠨ ᠲᠣᠭᠲᠠᠭᠠᠵᠤ᠂ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠨᠣᠷᠮ᠎ᠠ 98 % ᠳᠤ ᠬᠦᠷᠪᠡ᠃ ᠠᠵᠤ | ᠠᠬᠤᠶᠢᠯᠠᠯ ᠤᠨ ︽ᠲᠡᠮᠦᠷ ᠵᠠᠮ ᠢᠶᠠᠷ ᠵᠠᠰᠠᠮᠠᠯ ᠵᠠᠮ ᠢ ᠤᠷᠤᠯᠠᠭᠤᠯᠬᠤ︾ ᠲᠡᠭᠡᠭᠡᠪᠦᠷᠢᠯᠡᠯᠳᠡ ᠶᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ᠂ ᠰᠢᠷ᠎ᠠ ᠲᠡᠮᠳᠡᠭᠲᠦ ᠲᠡᠷᠭᠡ ᠪᠣᠯᠤᠨ ᠬᠠᠭᠤᠴᠢᠷᠠᠭᠰᠠᠨ ᠲᠡᠷᠭᠡ ᠶᠢ 1.6 ᠲᠦᠮᠡ | ᠰᠢᠭᠰᠢᠭᠳᠡᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠨᠡᠶᠢᠲᠡ ᠶᠢᠨ ᠮᠠᠰᠢᠨ ᠲᠡᠷᠭᠡ ᠶᠢ 100 ᠰᠠᠭᠤᠷᠢ | ᠬᠤᠳᠠᠯᠳᠣᠨ ᠣᠷᠣᠭᠤᠯᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠠᠷᠭ᠎ᠠ ᠮᠠᠶ᠋ᠢᠭ ᠢ ᠠᠯᠬᠤᠮ ᠠᠯᠬᠤᠮ ᠢᠶᠠᠷ | ᠬᠤᠪᠢᠷᠠᠭᠤᠯᠪᠠ᠃ | ᠳᠥᠷᠪᠡ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠪᠠ᠃ | ᠦᠬᠠᠶ ᠨᠢ ᠣᠯᠠᠭᠠᠨᠪᠤᠬᠠ᠂ ᠬᠦᠪᠴᠢ᠂ ᠲᠩᠷᠢ ᠭᠤᠷᠪᠠᠨ ᠶᠡᠭᠡ ᠡᠯᠡᠰᠦᠨ ᠴᠦᠯ ᠤᠨ ᠠᠭᠤᠯᠵᠠᠷ ᠤᠨ ᠭᠠᠵᠠᠷ ᠲᠤ | ᠤᠷᠤᠰᠢᠵᠦ᠂ ᠠᠮᠢ ᠠᠬᠤᠢ ᠶᠢᠨ ᠨᠥᠬᠦᠴᠡᠯ ᠲᠥᠷᠥᠯᠬᠢ ᠬᠡᠪᠡᠷᠡᠭ ᠪᠠᠶᠢᠳᠠᠭ᠃ ᠣᠶᠢᠷ᠎ᠠ ᠶᠢᠨ ᠵᠢᠯ ᠤᠨ ᠲᠤᠷᠰᠢ᠂ | ᠪᠢᠳᠡ ᠨᠡᠶᠢᠲᠡ 40 ᠭᠠᠷᠤᠶ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠨᠢᠭᠡ ᠪᠦᠯᠦᠭ ᠣᠶᠢᠵᠢᠭᠤᠯᠵᠤ | ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠤᠭᠤ ᠭᠠᠵᠠᠷ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ | ᠨᠣᠷᠮ᠎ᠠ 43 % ᠲᠤ ᠬᠦᠷᠴᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠨ ᠬᠥᠷᠥᠰᠥ 19.9 ᠲᠡᠭᠰᠢ | ᠳᠥᠷᠪᠡᠯᠵᠢᠨ ᠮᠧᠲᠷ ᠪᠣᠯᠵᠤ᠂ ᠴᠦᠯᠯᠡᠷᠬᠡᠭᠵᠢᠭᠰᠡᠨ ᠲᠠᠯᠠᠪᠠᠢ ᠪᠣᠯᠤᠨ ᠡᠯᠡᠰᠦᠷᠬᠡᠭᠵᠢᠭᠰᠡᠨ ᠭᠠᠵᠠᠷ ᠰᠢᠷᠣᠶ ᠶᠢᠨ | ᠲᠠᠯᠠᠪᠠᠢ ᠶᠢᠨ ︽ᠬᠤᠤᠰ ᠬᠠᠰᠤᠭᠳᠠᠯ︾ ᠢ ᠪᠡᠶᠡᠯᠡᠭᠦᠯᠵᠦ᠂ ᠤᠷᠢᠳ ᠬᠤᠵᠢᠳ ᠤᠯᠤᠰ ᠤᠨ ᠴᠡᠴᠡᠷᠯᠢᠭ ᠬᠤᠲᠠ᠂ | ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ ᠶᠢᠨ ᠢᠷᠠᠭᠤ ᠠᠯᠳᠠᠷ ᠢ ᠬᠦᠷᠲᠡᠪᠡ᠃ | ᠣᠳᠣᠬᠠᠨ ᠳᠤ᠂ ᠦᠬᠠᠶ ᠶᠢᠨ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠠᠵᠢᠯ ᠶᠠᠭ ᠬᠦᠴᠨ ᠴᠢᠳᠠᠯ ᠢᠶᠠᠨ | ᠰᠢᠪᠬᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠠᠷᠠᠳ ᠣᠯᠠᠨ ᠤ ᠰᠠᠶᠢᠨ ᠰᠠᠶᠢᠬᠠᠨ ᠠᠮᠢ ᠠᠬᠤᠶ | ᠣᠷᠴᠢᠨ ᠲᠣᠭᠤᠷᠢᠨ ᠤ ᠲᠤᠬᠠᠶ ᠬᠡᠷᠡᠭᠴᠡᠭᠡ ᠮᠠᠰᠢ ᠲᠤᠯᠭᠠᠮ᠎ᠠ ᠪᠠᠶᠢᠨ᠎ᠠ᠃ ᠪᠢᠳᠡ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠠᠵᠤ | ᠠᠬᠤᠶᠢᠯᠠᠯ ᠢ ᠬᠠᠮᠢᠶᠠᠷᠴᠤ ᠠᠭᠤᠷᠬᠠᠶ ᠶᠢ ᠵᠠᠰᠠᠬᠤ᠂ ᠨᠡᠭᠦᠷᠡᠰᠦ ᠶᠢ ᠪᠠᠭᠠᠰᠬᠠᠵᠤ ᠲᠡᠷᠭᠡ ᠶᠢ ᠡᠵᠡᠮᠳᠡᠬᠦ᠂ ᠡᠨᠧᠷᠭᠢ | ᠠᠷᠪᠢᠯᠠᠵᠤ ᠪᠣᠬᠢᠷᠲᠤᠯ ᠢ ᠪᠠᠭᠠᠰᠬᠠᠬᠤ᠂ ᠲᠣᠭᠤᠰᠣ ᠶᠢ ᠳᠠᠷᠤᠵᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠵᠡᠷᠭᠡ | ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠬᠤᠲᠠ ᠳᠤ ᠳᠠᠶᠢᠴᠢᠯᠠᠯᠲᠠ ᠬᠢᠵᠦ᠂ ᠪᠦᠬᠦ ᠨᠡᠶᠢᠭᠡᠮ ᠢᠶᠠᠷ ᠢᠶᠠᠨ | ᠣᠷᠣᠯᠴᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ | ᠲᠡᠮᠡᠴᠡᠨ ᠣᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠨᠡᠭᠡᠭᠡᠨ᠎ᠡ᠃ | ᠲᠠᠶᠠᠭᠠᠷ ᠲᠤ ᠲᠠᠯᠠᠷᠬᠠᠯ᠎ᠠ︕ | | |