乌海市人民政府门户网站 office365怎么登陆_365视频直播_365bet网址是多少

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠴᠡᠩᠭᠡᠯ ᠢ ᠰᠤᠷᠪᠤᠯᠵᠢᠯᠠᠭᠰᠠᠨ ᠨᠢ
        ᠨᠡᠶᠢᠲᠡᠯᠡᠭᠰᠡᠨ ᠴᠠᠭ᠄
        2020/10/30
             ᠡᠯ᠎ᠡ ᠦᠨᠳᠦᠰᠦᠲᠡᠨ ᠤ ᠪᠦᠯᠬᠦᠮᠳᠡᠯ ᠨᠥᠬᠦᠷᠯᠡᠯ ᠪᠣᠯ ᠳᠤᠮᠳᠠᠳᠤ ᠶᠢᠨ ᠦᠨᠳᠦᠰᠦᠲᠡᠨ ᠤ ᠢᠷᠠᠭᠤ ᠠᠯᠳᠠᠷᠲᠤ ᠤᠯᠠᠮᠵᠢᠯᠠᠯ ᠮᠥᠨ᠂ ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭᠠᠨ ᠤ ᠠᠮᠢᠳᠤᠯᠢᠭ ᠢᠯᠡᠷᠡᠯ᠂ ᠳᠤᠮᠳᠠᠳᠤ ᠶᠢᠨ ᠦᠨᠳᠦᠰᠦᠲᠡᠨ ᠤ ᠴᠡᠴᠡᠭᠯᠡᠨ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠂ ᠡᠨᠡ ᠵᠢᠯ ᠤᠨ 9 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 37 ᠳ᠋ᠤᠭᠠᠷ ᠤᠳᠠᠭᠠᠨ ᠤ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠪᠣᠯᠤᠨ᠎ᠠ᠃ ︽ᠴᠢᠯᠦᠭᠡᠲᠡᠢ ᠰᠢᠭᠤᠳ ᠨᠡᠪᠲᠡᠷᠡᠭᠦᠯᠭᠡ ᠶᠢᠨ ᠥᠷᠦᠭᠡ︾ ᠨᠡᠪᠲᠡᠷᠡᠭᠦᠯᠭᠡ ᠨᠢ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠴᠡᠩᠭᠡᠯ ᠢ ᠤᠷᠢᠵᠤ᠂ ᠰᠣᠨᠣᠰᠤᠭᠴᠢᠳ ᠲᠠᠢ ᠬᠠᠮᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠤᠬᠠᠶ ᠦᠨᠳᠦᠰᠦᠲᠡᠨ ᠤ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ᠂ ᠴᠥᠬᠡᠨ ᠲᠣᠭᠠᠲᠤ ᠦᠨᠳᠦᠰᠦᠲᠡᠨ ᠤ ᠶᠠᠳᠠᠭᠤᠴᠤᠳ ᠶᠢ ᠲᠡᠳᠬᠦᠬᠦ ᠵᠡᠷᠭᠡ ᠪᠠᠶᠢᠳᠠᠯ ᠢ ᠣᠯᠠᠨ ᠳᠤ ᠲᠠᠨᠢᠯᠴᠠᠭᠤᠯᠤᠭᠰᠠᠨ ᠪᠠᠶᠢᠨ᠎ᠠ᠃      1. ᠰᠤᠷᠪᠤᠯᠵᠢᠯᠠᠭᠴᠢ᠄ ᠴᠡᠩᠭᠡᠯ ᠡᠷᠬᠢᠯᠡᠭᠴᠢ ᠲᠠ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖      ᠴᠡᠩᠭᠡᠯ᠄ ᠮᠠᠨ ᠤ ᠦᠬᠠᠶ ᠬᠤᠲᠠ ᠳᠤ 40 ᠦᠨᠳᠦᠰᠦᠲᠡᠨ ᠲᠠᠢ᠂ ᠮᠣᠩᠭᠤᠯ ᠦᠨᠳᠦᠰᠦᠲᠡᠨ᠂ ᠬᠤᠲᠣᠩ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ 39 ᠴᠥᠭᠡᠨ ᠲᠣᠭᠠᠲᠤ ᠦᠨᠳᠦᠰᠦᠲᠡᠨ ᠪᠠᠶᠢᠵᠤ᠂ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ 3.6 ᠲᠦᠮᠡ ᠭᠠᠷᠤᠶ ᠪᠣᠯᠤᠨ᠎ᠠ᠃ ᠪᠦᠬᠦ ᠬᠤᠲᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠤᠯᠤᠰ ᠢ ᠪᠦᠲᠦᠭᠡᠨ ᠪᠠᠶᠢᠭᠤᠯᠬᠤ ᠠᠭᠤᠤ ᠶᠡᠭᠡ ᠲᠤᠭ ᠤᠨ ᠵᠢᠯᠣᠭᠤᠳᠤᠯᠭ᠎ᠠ ᠳᠣᠣᠷ᠎ᠠ᠂ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠵᠦ᠂ ᠬᠠᠮᠲᠤᠪᠠᠷ ᠵᠣᠯ ᠵᠢᠷᠭᠠᠯ ᠲᠠᠢ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠦᠬᠠᠢ ᠶᠢ  ᠪᠦᠳᠦᠭᠡᠨ ᠪᠠᠶᠢᠭᠤᠯᠵᠤ ᠪᠠᠶᠢᠨ᠎ᠠ᠃ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠵᠤ᠂ 2019 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 9.5% ᠪᠠᠷ ᠨᠡᠮᠡᠭᠳᠡᠵᠦ᠂ ᠪᠦᠬᠦ ᠣᠷᠣᠨ ᠳᠤ ᠲᠡᠷᠢᠭᠦᠨ ᠳᠤ ᠪᠠᠶᠢᠷᠢᠯᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.9% ᠨᠡᠮᠡᠭᠳᠡᠵᠦ᠂ ᠪᠥᠬᠦ ᠣᠷᠣᠨ ᠤ ᠳᠥᠷᠪᠡᠳᠦᠭᠡᠷ ᠲᠤ ᠣᠷᠤᠪᠠ︔ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰᠪᠣᠷᠢ 6.4%᠂ 10.2% ᠢᠶᠠᠷ ᠨᠡᠮᠡᠭᠳᠡᠵᠦ᠂ ᠪᠥᠬᠦ ᠣᠷᠣᠨ ᠤ ᠳᠣᠯᠣᠳᠤᠭᠠᠷ ᠲᠤ ᠵᠢᠭᠰᠠᠭᠠᠭᠳᠠᠪᠠ᠃ ᠪᠦᠬᠦ ᠬᠤᠲᠠ ᠶᠢᠨ ᠠᠵᠤ ᠠᠬᠤᠢ ᠶᠢᠨ ᠡᠷᠭᠢᠯᠲᠡ ᠲᠣᠭᠲᠠᠭᠤᠨ ᠮᠥᠷᠲᠡᠭᠡᠨ ᠨᠡᠩ ᠰᠠᠶᠢᠵᠢᠷᠠᠵᠤ᠂ ᠬᠤᠲᠠ ᠶᠢᠨ ᠴᠢᠳᠠᠪᠬᠢ ᠨᠠᠩ ᠲᠡᠭᠦᠯᠳᠡᠷᠵᠢᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠢᠯᠡᠷᠰᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠬᠦᠴᠦᠲᠡᠶ ᠪᠤᠯᠵᠤ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠪᠠ᠃ 2019 ᠣᠨ ᠳᠤ ᠪᠥᠬᠦ ᠬᠤᠲᠠ ᠶᠢᠨ ᠶᠢᠰᠦᠳᠦᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃      2. ᠰᠤᠷᠪᠤᠯᠵᠢᠯᠠᠭᠴᠢ᠄ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯ ᠢ ᠬᠡᠷᠬᠢᠨ ᠥᠷᠨᠢᠭᠦᠯᠳᠡᠭ ᠪᠣᠢ︖      ᠴᠡᠩᠭᠡᠯ᠄ ᠪᠢᠳᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠴᠢᠬᠤᠯᠠ ᠠᠴᠢᠶᠠᠯᠠᠪᠤᠷᠢ ᠪᠣᠯᠭᠠᠵᠤ᠂ ᠨᠢᠭᠡ ᠲᠠᠯ᠎ᠠ ᠪᠠᠷ ᠵᠢᠯ ᠪᠦᠷᠢ ᠵᠠᠷᠢᠮ ᠴᠢᠬᠤᠯᠠ ᠵᠠᠩᠭᠢᠯᠠᠭ᠎ᠠ ᠶᠢᠨ ᠴᠡᠭ ᠲᠤ ᠲᠥᠪᠯᠡᠷᠡᠭᠦᠯᠦᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠳᠡᠭ᠂ ᠵᠢᠱᠢᠶᠡᠯᠡᠪᠡᠯ ᠵᠢᠯ ᠪᠦᠷᠢ ᠶᠢᠨ ᠲᠠᠪᠤᠳᠤᠭᠠᠷ ᠰᠠᠷ᠎ᠠ ᠶᠢᠨ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠰᠠᠷ᠎ᠠ ᠳᠤ ᠲᠠᠪᠤᠳᠤᠭᠠᠷ ᠰᠠᠷ᠎ᠠ ᠶᠢᠨ ᠰᠡᠭᠦᠯᠴᠢ ᠶᠢᠨ ᠨᠢᠭᠡ ᠭᠠᠷᠠᠭ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠤᠬᠠᠭᠤᠯᠬᠤ ᠭᠠᠷᠠᠭ᠂ ᠶᠢᠰᠦᠳᠦᠭᠡᠷ ᠰᠠᠷ᠎ᠠ ᠶᠢᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠳᠤ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠳᠡᠭ᠃      ᠨᠥᠭᠦᠭᠡ ᠲᠠᠯ᠎ᠠ ᠪᠠᠷ ᠪᠢᠳᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠺᠠᠳ᠋ᠷ ᠤᠨ ᠰᠤᠷᠭᠠᠨ ᠬᠦᠮᠦᠵᠢᠯ᠂ ᠤᠯᠤᠰ ᠠᠷᠠᠳ ᠤᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠤᠶᠠᠯᠳᠤᠭᠤᠯᠤᠭᠰᠠᠨ ᠪᠠᠶᠢᠨ᠎ᠠ᠂ ᠵᠢᠱᠢᠶᠡᠯᠡᠪᠡᠯ᠄      ᠺᠠᠳ᠋ᠷ ᠠᠵᠢᠯᠲᠠᠳ ᠤᠨ ᠬᠥᠮᠦᠵᠢᠯ ᠤᠨ ᠲᠠᠯ᠎ᠠ ᠠᠴᠠ᠄ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠡᠭᠡ ᠰᠢᠢᠳᠪᠦᠷᠢ ᠪᠠᠶᠢᠷᠢᠯᠠᠭᠤᠯᠤᠯᠲᠠ ᠶᠢ ᠬᠤᠲᠠ᠂ ᠲᠣᠭᠤᠷᠢᠭ ᠤᠨ ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠣᠨᠣᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠤᠭᠤᠯᠵᠤ᠂ ᠮᠥᠨᠴᠦ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠡᠯ᠎ᠡ ᠠᠩᠭᠢ ᠶᠢᠨ ᠵᠢᠭᠠᠨ ᠰᠤᠷᠭᠠᠬᠤ ᠠᠭᠤᠯᠭ᠎ᠠ ᠳᠤ ᠣᠷᠣᠭᠤᠯᠵᠠᠢ᠃      ᠤᠯᠤᠰ ᠠᠷᠠᠳ ᠤᠨ ᠰᠤᠷᠭᠠᠨ ᠬᠥᠮᠦᠵᠢᠯ ᠤᠨ ᠲᠠᠯ᠎ᠠ ᠠᠴᠠ᠄ ᠪᠢᠳᠡ ᠶᠡᠷᠦᠩᠬᠡᠶ ᠱᠦᠵᠢ ᠰᠢ ᠶᠢᠨ ᠫᠢᠩ ᠤᠨ ︽ᠦᠨᠳᠦᠰᠦᠲᠡᠨ ᠤ ᠪᠦᠯᠬᠦᠮᠳᠡᠯ ᠢ ᠬᠡᠦᠬᠡᠳ ᠠᠴᠠ ᠡᠬᠢᠯᠡᠨ ᠠᠳᠬᠤᠬᠤ︾ ᠱᠠᠭᠠᠷᠳᠠᠯᠭ᠎ᠠ ᠶᠣᠰᠣᠭᠠᠷ᠂ ᠦᠨᠳᠦᠰᠦᠲᠡᠨ ᠤ ᠪᠦᠯᠬᠦᠮᠳᠡᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠰᠤᠷᠭᠠᠭᠤᠯᠢ ᠳᠤ ᠠᠯᠢ ᠤᠯᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠵᠢᠱᠢᠶᠡᠯᠡᠪᠡᠯ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠶᠣᠰᠣᠯᠠᠯ ᠠᠴᠠ ᠡᠬᠢᠯᠡᠨ ᠪᠠᠭᠰᠢ ᠰᠤᠷᠤᠭᠴᠢᠳ ᠲᠤ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠬᠢᠵᠦ᠂ ᠵᠢᠭᠠᠨ ᠰᠤᠷᠭᠠᠬᠤ ᠶᠠᠪᠤᠴᠠ ᠳᠤᠮᠳᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ︽ᠳᠣᠯᠣᠭᠠᠨ ᠨᠢᠭᠡ︾ ᠶᠢᠨ ᠠᠵᠢᠯᠯᠠᠭ᠎ᠠ ᠶᠢ ᠥᠷᠨᠢᠭᠦᠯᠪᠡ ︵ᠵᠢᠯ ᠪᠦᠷᠢ ᠨᠢᠭᠡ ᠤᠳᠠᠭ᠎ᠠ ᠭᠤᠣᠯ ᠰᠡᠳᠦᠪᠲᠦ ᠠᠩᠭᠢ ᠶᠢᠨ ᠬᠤᠷᠠᠯ ᠬᠤᠷᠠᠯᠳᠤᠭᠤᠯᠵᠤ᠂ ᠨᠢᠭᠡ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠵᠤ᠂ ᠨᠢᠭᠡ ᠨᠡᠶᠢᠲᠡᠯᠢᠭ ᠵᠢᠱᠢᠶᠡᠴᠢ ᠠᠴᠠ ᠰᠣᠷᠣᠯᠴᠠᠵᠤ᠂ ᠨᠢᠭᠡ ᠦᠯᠢᠭᠡᠷ ᠶᠠᠷᠢᠵᠤ᠂ ᠨᠢᠭᠡ ᠳᠠᠭᠤᠤ ᠳᠠᠭᠤᠯᠠᠵᠤ᠂ ᠨᠢᠭᠡ ᠵᠣᠬᠢᠶᠠᠯ ᠪᠢᠴᠢᠵᠦ᠂ ᠨᠢᠭᠡ ᠤᠳᠠᠭᠠᠨ ᠤ ᠦᠵᠡᠭᠦᠯᠭᠡ ᠶᠢ ᠲᠣᠭᠤᠷᠢᠨ ᠦᠵᠡᠨ᠎ᠡ︶︔ ᠬᠤᠲᠠ ᠶᠢᠨ ᠵᠠᠯᠠᠭᠤᠴᠤᠳ ᠪᠠᠭᠠᠴᠤᠳ ᠤᠨ ᠣᠷᠳᠣᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠠᠭᠰᠢ᠂ ᠰᠤᠷᠤᠭᠴᠢ᠂ ᠭᠡᠷ ᠤᠨ ᠠᠬᠠᠮᠠᠳ ᠤᠨ ᠲᠣᠭᠤᠷᠢᠨ ᠦᠵᠡᠵᠦ ᠰᠤᠷᠤᠯᠴᠠᠬᠤ ᠳᠤ ᠨᠥᠬᠦᠴᠡᠯ ᠬᠠᠩᠭᠠᠵᠠᠢ᠃ ᠵᠢᠯ ᠪᠦᠷᠢ ︽ᠦᠨᠳᠦᠰᠦᠲᠡᠨ ᠨᠤᠭᠤᠳ ᠨᠢᠭᠡ ᠭᠡᠷ ᠤᠨ ᠬᠥᠮᠦᠨ ᠮᠡᠲᠦ ᠳᠣᠲᠣᠨᠣ︾ ᠬᠡᠤᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠭᠠᠷ ᠭᠠᠷ ᠢᠶᠠᠨ ᠬᠤᠯᠪᠣᠯᠴᠠᠬᠤ ᠠᠵᠢᠯᠯᠠᠭ᠎ᠠ ᠥᠷᠨᠢᠭᠦᠯᠬᠦ ᠶᠢ ᠪᠠᠷᠢᠮᠲᠠᠯᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠬᠤᠶᠠᠳᠤᠭᠠᠷ ᠬᠡᠦᠬᠡᠳ ᠤᠨ ᠴᠡᠴᠡᠷᠯᠢᠭ ᠪᠣᠯᠤᠨ ᠬᠤᠲᠠ ᠶᠢᠨ ᠮᠣᠩᠭᠤᠯ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠬᠤᠶᠠᠷ ᠵᠢᠯ ᠳᠠᠷᠠᠭᠠᠯᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠦᠨᠳᠦᠰᠦᠲᠡᠨ ᠨᠦᠭᠦᠳ ᠤᠨ ᠪᠢᠴᠢᠬᠠᠨ ᠨᠠᠶᠢᠵᠠ ᠨᠠᠷ ᠤᠨ ᠨᠥᠬᠦᠷᠯᠡᠯ ᠤᠨ ᠠᠵᠢᠯᠯᠠᠭ᠎ᠠ ᠥᠷᠨᠢᠭᠦᠯᠪᠡ᠃ ᠬᠠᠶᠢᠷᠤᠪ ᠤᠨ ᠲᠣᠬᠤᠢ ᠲᠣᠭᠤᠷᠢᠭ ᠤᠨ ᠨᠢᠭᠡᠳᠦᠭᠡᠷ ᠬᠡᠤᠬᠡᠳ ᠤᠨ ᠴᠡᠴᠡᠷᠯᠢᠭ ᠪᠣᠯᠤᠨ ᠲᠥᠪᠡᠳ ᠤᠨ ᠨᠠᠭᠴᠤ ᠬᠤᠲᠠ ᠶᠢᠨ ᠰᠧᠨᠢ ᠲᠣᠭᠤᠷᠢᠭ ᠤᠨ ᠬᠡᠤᠬᠡᠳ ᠤᠨ ᠴᠡᠴᠡᠷᠯᠢᠭ ᠲᠠᠢ ︽ᠭᠠᠷ ᠬᠤᠯᠪᠣᠯᠴᠠᠭᠰᠠᠨ︾ ᠴᠡᠴᠡᠷᠯᠢᠭ ᠪᠠᠶᠢᠭᠤᠯᠵᠤ᠂ ᠬᠠᠷᠠᠭᠠᠨ ᠳᠠᠪᠲᠠᠮᠵᠢ ᠪᠠᠷ ᠳᠠᠮᠵᠢᠭᠤᠯᠤᠨ ᠠᠵᠢᠯᠯᠠᠭ᠎ᠠ ᠥᠷᠨᠢᠭᠦᠯᠪᠡ᠃ ᠵᠢᠷᠭᠤᠭᠠᠨ ᠵᠢᠯ ᠳᠠᠷᠠᠭᠠᠯᠠᠨ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ︽ᠦᠨᠳᠦᠰᠦᠲᠡᠨ ᠤ ᠪᠥᠯᠬᠦᠮᠳᠡᠯ︾ ᠢᠶᠠᠷ ᠭᠤᠣᠯ ᠰᠡᠳᠦᠪ ᠪᠣᠯᠭᠠᠭᠰᠠᠨ ᠡᠬᠡ ᠪᠢᠴᠢᠭ ᠡᠯᠰᠡᠬᠦ ᠠᠵᠢᠯᠯᠠᠭ᠎ᠠ᠂ ᠪᠠᠭᠰᠢ ᠰᠤᠷᠤᠭᠴᠢᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂ ᠰᠤᠷᠭᠠᠭᠤᠯᠢ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠵᠢᠭᠠᠬᠤ ᠮᠠᠲ᠋ᠧᠷᠢᠶᠠᠯ ᠤᠨ ᠦᠵᠡᠰᠬᠦᠯᠡᠩ ᠵᠡᠷᠭᠡ ᠠᠵᠢᠯᠯᠠᠭ᠎ᠠ ᠶᠢ ᠥᠷᠨᠢᠭᠦᠯᠪᠡ᠃      ᠨᠡᠶᠢᠭᠡᠮ ᠤᠨ ᠰᠤᠷᠭᠠᠨ ᠬᠥᠮᠦᠵᠢᠯ ᠤᠨ ᠳᠠᠪᠬᠤᠷᠭ᠎ᠠ ᠠᠴᠠ᠄ ᠨᠠᠮ ᠵᠠᠰᠠᠭ ᠤᠨ ᠪᠠᠶᠢᠭᠤᠯᠭ᠎ᠠ ᠵᠢᠯ ᠪᠦᠷᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠳᠠᠭ︔ ᠠᠵᠤ ᠠᠬᠤᠶᠢᠯᠠᠯ ᠨᠢ ᠵᠢᠯ ᠤᠨ ᠡᠴᠦᠰ ᠤᠨ ᠳ᠋ᠦᠩᠨᠡᠯᠲᠡ ᠶᠢᠨ ᠬᠤᠷᠠᠯ ᠳᠡᠭᠡᠷ᠎ᠡ᠂ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠶᠢ ᠬᠥᠬᠢᠭᠦᠯᠦᠨ ᠰᠠᠶᠢᠰᠢᠶᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠳᠠᠭ︔ ᠬᠥᠳᠡᠭᠡ ᠲᠣᠰᠬᠤᠨ᠂ ᠨᠡᠶᠢᠭᠡᠮ ᠲᠣᠭᠤᠷᠢᠭ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠴᠥᠭᠡᠨ ᠲᠣᠭᠠᠲᠤ ᠦᠨᠳᠦᠰᠦᠲᠡᠨ ᠤ ᠦᠢᠯᠡᠴᠢᠯᠡᠭᠡᠨ ᠤ ᠭᠠᠵᠠᠷ ᠪᠠᠶᠢᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠳᠠᠭ︔ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠬᠦᠷᠴᠦ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠳᠠᠭ︔ ᠴᠡᠷᠢᠭ ᠠᠩᠭᠢ ᠳᠤ ᠬᠦᠷᠴᠦ ᠴᠡᠷᠢᠭ ᠢᠶᠠᠨ ᠬᠦᠷᠢᠶᠡᠯᠡᠬᠦ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠥᠷᠨᠢᠭᠦᠯᠳᠡᠭ᠃      3. ᠰᠤᠷᠪᠤᠯᠵᠢᠯᠠᠭᠴᠢ᠄ ᠥᠪᠥᠷ ᠮᠣᠩᠭᠤᠯ ᠪᠣᠯ ᠪᠥᠬᠦ ᠤᠯᠤᠰ ᠤᠨ ᠠᠩᠬᠠᠳᠠᠭᠴᠢ ᠦᠨᠳᠦᠰᠦᠲᠡᠨ ᠤ ᠥᠪᠡᠷᠲᠡᠭᠡᠨ ᠵᠠᠰᠠᠬᠤ ᠶᠢ ᠪᠡᠶᠡᠯᠡᠭᠦᠯᠦᠭᠰᠡᠨ ᠭᠠᠵᠠᠷ ᠣᠷᠣᠨ ᠪᠣᠯᠤᠨ᠎ᠠ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠡᠷᠬᠢᠮ ᠳᠡᠭᠡᠳᠦ ᠢᠷᠠᠭᠤ ᠠᠯᠳᠠᠷ ᠢ ᠬᠦᠷᠲᠡᠵᠦ᠂ ᠥᠪᠥᠷ ᠮᠣᠩᠭᠤᠯ ᠦᠨᠳᠦᠰᠦᠲᠡᠨ ᠤ ᠭᠠᠵᠠᠷ ᠣᠷᠣᠨ ᠪᠣᠯᠤᠭᠰᠠᠨ ᠤ ᠬᠤᠪᠢ ᠳᠤ ᠲᠥᠪ ᠬᠤᠷᠢᠶᠠᠨ ᠠᠴᠠ ᠶᠠᠮᠠᠷ ᠶᠠᠮᠠᠷ ᠲᠦᠷᠦ ᠶᠢᠨ ᠪᠣᠳᠤᠯᠭ᠎ᠠ ᠬᠠᠤᠯᠢ ᠳᠣᠭᠲᠠᠭᠠᠯ ᠢ ᠲᠣᠭᠲᠠᠭᠠᠵᠤ ᠨᠡᠶᠢᠲᠡᠯᠡᠭᠰᠡᠨ ᠪᠤᠢ︖ ᠮᠠᠨ ᠤ ᠬᠤᠲᠠ ᠡᠳᠡᠭᠡᠷ ᠲᠥᠷᠥ ᠶᠢᠨ ᠪᠣᠳᠣᠯᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠤᠢ︖      ᠴᠡᠩᠭᠡᠯ᠄ ᠲᠥᠪ ᠪᠣᠯᠤᠨ ᠥᠪᠡᠷᠲᠡᠭᠡᠨ ᠵᠠᠰᠠᠬᠤ ᠣᠷᠣᠨ ᠠᠴᠠ ᠴᠥᠭᠡᠨ ᠲᠣᠭᠠᠲᠤ ᠦᠨᠳᠦᠰᠦᠲᠡᠨ ᠤ ᠣᠷᠣᠨ ᠤ ᠠᠵᠤ ᠠᠬᠤᠶ ᠰᠣᠶᠣᠯ ᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠲᠡᠰᠢ ᠬᠡᠯᠪᠠᠶᠢᠯᠭᠡᠵᠦ᠂ ᠮᠠᠨ ᠤ ᠬᠤᠲᠠ ᠳᠡᠭᠡᠳᠦ ᠱᠠᠲᠤᠨ ᠤ ᠱᠠᠭᠠᠷᠳᠠᠯᠭ᠎ᠠ ᠶᠢ ᠢᠳᠡᠪᠬᠢᠲᠡᠢ ᠲᠤᠤᠱᠯᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠠᠵᠢᠯ ᠣᠯᠬᠤ᠂ ᠰᠤᠷᠭᠠᠭᠤᠯᠢ ᠳᠤ ᠣᠷᠣᠬᠤ᠂ ᠡᠮ ᠡᠮᠨᠡᠯᠭᠡ ᠵᠡᠷᠭᠡ ᠲᠠᠯ᠎ᠠ ᠪᠠᠷ ᠴᠤ ᠠᠯᠢ ᠣᠯᠠᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠲᠥᠬᠦᠷᠵᠢᠭᠦᠯᠦᠨ ᠨᠡᠶᠢᠲᠡᠯᠡᠪᠡ᠃      ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠲᠠᠯ᠎ᠠ ᠠᠴᠠ᠄ ᠤᠯᠤᠰ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠨᠡᠶᠢᠲᠡᠯᠡᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯ ᠤᠯᠤᠰ ᠤᠨ ᠨᠢᠭᠡᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠮᠥᠨ ᠭᠡᠵᠦ ᠲᠣᠳᠣᠷᠬᠠᠶ ᠲᠣᠭᠲᠠᠭᠠᠪᠠ᠃ ᠮᠠᠨ ᠤ ᠬᠤᠲᠠ ᠡᠨᠡ ᠬᠦ ᠬᠠᠤᠯᠢ ᠴᠠᠭᠠᠵᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ᠂ ᠲᠠᠪᠤᠨ ᠰᠠᠷ᠎ᠠ ᠶᠢᠨ ᠬᠠᠮᠤᠭ ᠰᠡᠭᠦᠯᠴᠢ ᠶᠢᠨ ᠭᠠᠷᠠᠭ ᠪᠣᠯ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠤᠬᠠᠭᠤᠯᠭ᠎ᠠ ᠶᠢᠨ ᠭᠠᠷᠠᠭ ᠮᠥᠨ᠂ ᠲᠤᠰ ᠬᠤᠭᠤᠴᠠᠭᠠᠨ ᠳᠤ ᠪᠢᠳᠡ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠸᠢᠴᠠᠲ ᠶᠢᠨ ᠣᠯᠠᠨ ᠨᠡᠶᠢᠲᠡ ᠶᠢᠨ ᠳᠠᠪᠴᠠᠩ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠲᠥᠪᠯᠡᠷᠡᠩᠭᠦᠶ ᠤᠬᠠᠭᠤᠯᠭ᠎ᠠ ᠬᠢᠳᠡᠭ᠃ ᠡᠳᠦᠷ ᠲᠤᠲᠤᠮ ᠤᠨ ᠠᠵᠢᠯ ᠤᠨ ᠳᠤᠮᠳᠠ᠂ ᠪᠢᠳᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠤᠬᠠᠭᠤᠯᠭ᠎ᠠ ᠪᠠ  ︽ᠬᠠᠤᠯᠢ ᠴᠠᠭᠠᠵᠠ ᠶᠢ ᠵᠢᠷᠭᠤᠭ᠎ᠠ ᠳᠤ ᠣᠷᠤᠭᠤᠯᠬᠤ︾ ᠭᠤᠤᠯ ᠰᠡᠳᠦᠪᠲᠦ ᠠᠵᠢᠯᠯᠠᠭ᠎ᠠ ᠶᠢ ᠠᠭᠤᠰᠤᠯᠴᠠᠭᠤᠯᠵᠤ᠂ ᠬᠠᠤᠯᠢ ᠪᠠᠷ ᠵᠠᠰᠠᠬᠤ ᠲᠠᠶᠢᠯᠤᠮᠵᠢ᠂ ᠬᠠᠤᠯᠢ ᠪᠠᠷ ᠵᠠᠰᠠᠬᠤ ᠤᠷᠠᠨ ᠰᠠᠶᠢᠬᠠᠨ ᠤ ᠲᠣᠭᠯᠠᠯᠲᠠ᠂ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠪᠠᠷ ᠳᠠᠮᠵᠢᠨ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠪᠢᠴᠢᠭ ᠡᠯᠰᠡᠬᠦ᠂ ᠶᠠᠷᠢᠶ᠎ᠠ ᠢᠯᠡᠳᠬᠡᠯ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠡᠷᠭᠢᠯᠡᠵᠦ ᠨᠢᠭᠡᠴᠡ ᠶᠢᠨ ᠤᠬᠠᠭᠤᠯᠭ᠎ᠠ ᠬᠥᠮᠦᠵᠢᠯ ᠥᠷᠨᠢᠭᠦᠯᠳᠡᠭ︔ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠲᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠲᠣᠪᠬᠢᠮᠠᠯ ᠢ ᠲᠠᠯᠪᠢᠵᠤ᠂ ᠬᠠᠤᠯᠢ ᠪᠠᠷ ᠵᠠᠰᠠᠬᠤ ᠴᠡᠴᠡᠷᠯᠢᠭ᠂ ᠬᠠᠤᠯᠢ ᠪᠠᠷ ᠵᠠᠰᠠᠬᠤ ᠰᠣᠶᠣᠯ ᠤᠨ ᠭᠤᠳᠤᠮᠵᠢ᠂ ᠬᠠᠤᠯᠢ ᠴᠠᠭᠠᠵᠠ ᠶᠢᠨ ᠨᠣᠮ ᠪᠢᠴᠢᠭ ᠤᠨ ᠥᠷᠦᠭᠡ ᠵᠢᠴᠢ ᠤᠬᠠᠭᠤᠯᠬᠤ ᠪᠤᠯᠤᠩ᠂ ᠡᠯᠧᠺᠲᠷᠣᠨ ᠳᠡᠯᠭᠡᠴᠡ᠂ ᠰᠢᠯᠵᠢᠮᠡᠯ ᠲᠧᠯᠸᠢᠰ ᠢ ᠠᠰᠢᠭᠯᠠᠨ ᠨᠡᠶᠢᠭᠡᠮ ᠤᠨ ᠲᠠᠯ᠎ᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠳᠡᠭ᠃ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠲᠦᠷᠢᠮ︾ ᠢ ᠲᠣᠭᠲᠠᠭᠠᠨ ᠨᠡᠶᠢᠲᠡᠯᠡᠵᠦ᠂ ᠮᠣᠩᠭᠤᠯ ᠦᠭᠡ ᠬᠡᠯᠡ ᠥᠰᠥᠭ ᠪᠢᠴᠢᠭ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠪᠠ ᠰᠤᠷᠤᠯᠴᠠᠵᠤ ᠬᠡᠷᠡᠭᠯᠡᠬᠦ ᠲᠤᠬᠠᠶ ᠲᠣᠳᠣᠷᠬᠠᠶ ᠱᠠᠭᠠᠷᠳᠠᠯᠭ᠎ᠠ ᠲᠠᠯᠪᠢᠵᠠᠶ᠃ ᠮᠠᠨ ᠤ ᠬᠤᠲᠠ ᠨᠢᠭᠡ ᠲᠠᠯ᠎ᠠ ᠪᠠᠷ ᠡᠯ᠎ᠡ ᠦᠨᠳᠦᠰᠦᠲᠡᠨ ᠨᠦᠭᠦᠳ ᠬᠠᠷᠢᠯᠴᠠᠨ ᠦᠭᠡ ᠬᠡᠯᠡ ᠦᠰᠦᠭ ᠪᠢᠴᠢᠭ ᠰᠤᠷᠤᠯᠴᠠᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠤᠲᠠ ᠶᠢᠨ ᠮᠣᠩᠭᠤᠯ ᠰᠤᠷᠭᠠᠭᠤᠯᠢ ᠳᠤ ᠮᠣᠩᠭᠤᠯ ᠬᠡᠯᠡᠨ ᠤ ᠪᠣᠯᠪᠠᠰᠤᠷᠠᠯ ᠤᠨ ᠠᠩᠭᠢ᠂ ᠮᠣᠩᠭᠤᠯ ᠤᠷᠠᠨ ᠪᠢᠴᠢᠯᠭᠡ ᠶᠢᠨ ᠪᠣᠯᠪᠠᠰᠤᠷᠠᠯ ᠤᠨ ᠠᠩᠭᠢ ᠡᠷᠬᠢᠯᠡᠵᠦ᠂ ᠭᠠᠷᠠᠭ ᠪᠦᠷᠢ ᠨᠢᠭᠡ ᠥᠭᠦᠯᠡᠪᠦᠷᠢ ᠰᠤᠷᠬᠤ ᠬᠥᠳᠡᠯᠭᠡᠭᠡᠨ ᠢ ᠤᠷᠲᠤ ᠬᠤᠭᠤᠴᠠᠭ᠎ᠠ ᠪᠠᠷ ᠥᠷᠨᠢᠭᠦᠯᠵᠦ᠂ ᠮᠠᠨ ᠤ ᠬᠤᠲᠠ ᠶᠢᠨ ᠷᠠᠳᠢᠣ᠋ ᠲᠧᠯᠸᠢᠰ ᠬᠤᠷᠢᠶ᠎ᠠ ᠪᠠᠰᠠ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠶᠢ ᠨᠡᠭᠡᠭᠡᠵᠦ᠂ ᠡᠯ᠎ᠡ ᠦᠨᠳᠦᠰᠦᠲᠡᠨ ᠨᠦᠭᠦᠳ ᠤᠨ ᠣᠯᠠᠨ ᠲᠦᠮᠡᠨ ᠮᠣᠩᠭᠤᠯ ᠰᠣᠶᠣᠯ ᠢ ᠰᠤᠷᠤᠯᠴᠠᠬᠤ ᠳᠤ ᠳᠥᠭᠦᠮ ᠦᠵᠡᠭᠦᠯᠪᠡ᠃ ᠨᠥᠭᠦᠭᠡ ᠲᠠᠯ᠎ᠠ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠲᠦᠷᠢᠮ︾ ᠢ ᠦᠨᠳᠦᠰᠦᠯᠡᠨ ᠮᠣᠩᠭᠤᠯ ᠬᠢᠲᠠᠳ ᠦᠰᠦᠭ ᠢ ᠵᠡᠷᠭᠡ ᠪᠠᠷ ᠬᠡᠷᠡᠭᠯᠡᠬᠦ ᠶᠢ ᠵᠢᠷᠤᠮᠵᠢᠭᠤᠯᠪᠠ᠃ ᠪᠢᠳᠡ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠲᠢᠩᠬᠢᠮ᠂ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠵᠡᠭᠡᠯᠢ ᠭᠤᠳᠤᠮᠵᠢ ᠶᠢᠨ ᠫᠠᠶᠢᠰᠠ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠵᠡᠷᠭᠡ ᠶᠢᠨ ᠮᠣᠩᠭᠤᠯ ᠬᠢᠲᠠᠳ ᠦᠰᠦᠭ ᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠳᠦᠷᠢᠮᠵᠢᠭᠦᠯᠦᠨ ᠬᠡᠷᠡᠭᠯᠡᠬᠦ ᠶᠢ ᠪᠠᠲᠤᠯᠠᠪᠠ᠃      ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠠᠴᠠ᠄ ᠮᠠᠨ ᠤ ᠬᠤᠲᠠ ᠴᠥᠭᠡᠨ ᠲᠣᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠡᠢ ᠭᠡᠷ ᠪᠦᠯᠢ ᠳᠤ ᠳᠠᠩᠰᠠ ᠡᠪᠬᠡᠮᠡᠯ ᠪᠠᠶᠢᠭᠤᠯᠵᠤ᠂ ᠲᠣᠰ ᠬᠤᠲᠠ ᠶᠢᠨ ᠡᠷᠦᠬᠡ ᠠᠮᠠ ᠲᠠᠢ ᠴᠥᠭᠡᠨ ᠲᠣᠭᠠᠲᠤ ᠦᠨᠳᠦᠰᠦᠲᠡᠨ ᠤ ᠬᠦᠴᠢᠷᠳᠡᠯᠲᠡᠢ ᠣᠯᠠᠨ ᠲᠦᠮᠡᠨ ᠢ ᠡᠮ ᠡᠮᠨᠡᠯᠭᠡ ᠶᠢᠨ ᠳᠠᠭᠠᠳᠬᠠᠯ ᠳᠤ ᠡᠩ ᠲᠡᠷᠢᠭᠦᠨ ᠳᠤ ᠣᠷᠣᠭᠤᠯᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠭᠡᠷ ᠪᠦᠯᠢ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠬᠥᠮᠦᠨ ᠪᠦᠷᠢ ᠳᠤ ᠰᠠᠷ᠎ᠠ ᠪᠦᠷᠢ 50 ᠲᠥᠭᠦᠷᠢᠭ ᠤᠨ ᠠᠮᠢᠳᠤᠷᠠᠯ ᠤᠨ ᠨᠥᠬᠦᠪᠥᠷᠢ ᠨᠡᠮᠡᠵᠦ ᠥᠭᠭᠦᠨ᠎ᠡ᠃ ᠨᠥᠬᠦᠴᠡᠯ ᠳᠤ ᠨᠡᠶᠢᠴᠡᠬᠦ ᠴᠥᠭᠡᠨ ᠲᠣᠭᠠᠲᠤ ᠦᠨᠳᠦᠰᠦᠲᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢ ᠤᠷᠢᠳᠠᠪᠠᠷ ᠬᠤᠲᠠ ᠶᠢᠨ ᠬᠢᠮᠳᠠ ᠲᠦᠷᠢᠶᠡᠰᠦᠨ ᠭᠡᠷ ᠪᠠᠶᠢᠰᠢᠩ ᠪᠤᠶᠤ ᠬᠢᠮᠳᠠ ᠲᠣᠬᠢᠯᠢᠭ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ ᠲᠤ ᠵᠢᠭᠰᠠᠭᠠᠨ ᠣᠷᠣᠭᠤᠯᠵᠤ᠂ ᠭᠡᠷ ᠲᠤᠬᠢᠷᠠᠭᠤᠯᠤᠨ ᠲᠦᠷᠢᠶᠡᠰᠦᠯᠡᠭᠦᠯᠬᠦ ᠶᠢ ᠡᠩ ᠲᠡᠷᠢᠭᠦᠨ ᠳᠤ ᠬᠠᠩᠭᠠᠵᠤ᠂ ᠤᠤᠯ ᠤᠨ ᠣᠷᠣᠨ ᠰᠠᠭᠤᠴᠠ ᠶᠢᠨ ᠳᠦᠷᠢᠶᠡᠰᠦᠯᠡᠯ ᠤᠨ ᠨᠥᠬᠦᠪᠥᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 20% ᠪᠠᠷ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠨᠡᠭᠡᠭᠡᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ᠂ 5% — 10% ᠶᠢᠨ ᠠᠵᠢᠯ ᠤᠨ ᠪᠠᠶᠢᠷᠢ ᠶᠢ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠨᠳᠤᠭᠤᠯᠵᠤ᠂ ᠠᠳᠠᠯᠢ ᠨᠥᠬᠦᠴᠡᠯ ᠤᠨ ᠳᠣᠤᠷ᠎ᠠ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠤᠷᠢᠳᠠᠪᠠᠷ ᠡᠯᠰᠡᠨ ᠬᠡᠷᠡᠭᠯᠡᠨ᠎ᠡ᠃ ᠠᠯᠪᠠᠲᠠᠨ ᠰᠢᠯᠭᠠᠵᠤ ᠡᠯᠰᠡᠬᠦ᠂ ᠠᠵᠢᠯ ᠦᠢᠯᠡᠰ ᠤᠨ ᠨᠢᠭᠡᠴᠡ ᠤᠷᠢᠵᠤ ᠬᠡᠷᠡᠭᠯᠡᠬᠦ ᠣᠶᠢᠶ᠎ᠠ ᠳᠤ 15% ᠶᠢᠨ ᠠᠵᠢᠯ ᠤᠨ ᠪᠠᠶᠢᠷᠢ ᠶᠢ ᠬᠤᠪᠢᠶᠠᠷᠢᠯᠠᠨ ᠲᠣᠭᠲᠠᠭᠠᠵᠤ ᠴᠥᠭᠡᠨ ᠲᠣᠭᠠᠲᠤ ᠦᠨᠳᠦᠰᠦᠲᠡᠨ ᠳᠤ ᠬᠠᠨᠳᠤᠭᠤᠯᠬᠤ ᠬᠡᠷᠡᠭᠲᠡᠶ᠃      4. ᠰᠤᠷᠪᠤᠯᠵᠢᠯᠠᠭᠴᠢ᠄ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠤᠯᠬᠤ ᠡᠴᠦᠰ ᠤᠨ ᠵᠢᠯ ᠮᠥᠨ᠂ ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖      ᠴᠡᠩᠭᠡᠯ᠄ ᠲᠥᠪ ᠠᠴᠠ ᠵᠢᠯ ᠪᠥᠷᠢ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠪᠠᠭᠤᠯᠭᠠᠵᠤ᠂ ᠲᠤᠰ ᠪᠡᠯᠡ ᠮᠥᠩᠭᠦ ᠶᠢ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠤᠪᠢ ᠪᠠᠷ ᠪᠥᠬᠦᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦᠯ ᠵᠦᠢᠯ ᠳᠤ ᠣᠷᠣᠭᠤᠯᠤᠨ᠎ᠠ᠃ 2014 ᠣᠨ ᠠᠴᠠ ᠨᠠᠰᠢ᠂ ᠮᠠᠨ ᠤ ᠬᠤᠲᠠ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠨᠡᠶᠢᠲᠡ 2700 ᠭᠠᠷᠤᠶ ᠲᠥᠮᠡᠨ ᠲᠥᠭᠦᠷᠢᠭ ᠢ ᠡᠷᠡᠮᠡᠯᠵᠢᠯᠡᠨ ᠣᠯᠵᠤ᠂ ᠬᠥᠳᠡᠭᠡ ᠲᠣᠰᠬᠤᠨ ᠳᠤ ᠵᠠᠮ ᠵᠠᠰᠠᠬᠤ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ 58 ᠲᠥᠷᠥᠯ ᠵᠦᠢᠯ ᠳᠤ ᠬᠡᠷᠡᠭᠯᠡᠵᠦ᠂ 2 ᠲᠦᠮᠡ ᠭᠠᠷᠤᠶ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠰᠢᠭ ᠬᠦᠷᠲᠡᠭᠡᠪᠡ᠃ ᠪᠢᠳᠡ 6 ᠠᠵᠤ ᠠᠬᠤᠶᠢᠯᠠᠯ ᠳᠤ ᠴᠥᠭᠡᠨ ᠲᠣᠭᠠᠲᠤ ᠦᠨᠳᠦᠰᠦᠲᠡᠨ ᠤ ᠠᠵᠢᠯ ᠣᠯᠵᠤ ᠦᠢᠯᠡᠰ ᠴᠣᠭᠴᠠᠯᠠᠬᠤ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ ᠬᠦᠯᠡᠮᠵᠢ ᠶᠢᠨ ᠲᠠᠷᠢᠮᠠᠯ᠂ ᠦᠵᠦᠮ ᠤᠨ ᠲᠠᠷᠢᠮᠠᠯ᠂ ᠠᠳᠠᠯ ᠠᠬᠤᠢ ᠶᠢᠨ ᠦᠢᠯᠡᠴᠢᠯᠡᠭᠡ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠡᠯ᠎ᠡ ᠲᠥᠷᠥᠯ ᠤᠨ ᠮᠡᠷᠭᠡᠵᠢᠯ ᠤᠨ ᠪᠣᠯᠪᠠᠰᠤᠷᠠᠯ ᠪᠣᠯᠤᠨ ᠦᠢᠯᠡᠰ ᠪᠣᠰᠬᠠᠬᠤ ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠨ ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠬᠠᠪᠰᠤᠷᠤᠨ ᠠᠵᠢᠯ ᠣᠯᠭᠤᠬᠤ ᠪᠠ ᠡᠭᠦᠳᠦᠨ ᠪᠠᠶᠢᠭᠤᠯᠬᠤ ᠶᠢ ᠳᠡᠮᠵᠢᠵᠦ᠂ ᠣᠳᠣᠬᠠᠨ ᠪᠣᠯᠲᠠᠯ᠎ᠠ ᠡᠯ᠎ᠡ ᠦᠨᠳᠦᠰᠦᠲᠡᠨ ᠤ ᠣᠯᠠᠨ ᠲᠦᠮᠡᠨ ᠢ 1600 ᠭᠠᠷᠤᠶ ᠬᠥᠮᠦᠨ ᠪᠣᠯᠪᠠᠰᠤᠷᠠᠯ ᠳᠤ ᠣᠷᠤᠯᠴᠠᠵᠤ᠂ ᠡᠭᠦᠨ ᠤ ᠳᠣᠲᠣᠷ᠎ᠠ 300 ᠭᠠᠷᠤᠶ ᠬᠥᠮᠦᠨ ᠨᠢ ᠪᠣᠯᠪᠠᠰᠤᠷᠠᠯ ᠤᠨ ᠳᠠᠷᠠᠭ᠎ᠠ ᠠᠵᠢᠯ ᠣᠯᠤᠭᠰᠠᠨ ᠪᠠᠶᠢᠨ᠎ᠠ᠃ ᠪᠠᠰᠠ ᠨᠢᠭᠡ ᠨᠢ ᠴᠥᠭᠡᠨ ᠲᠣᠭᠠᠲᠤ ᠦᠨᠳᠦᠰᠦᠲᠡᠨ ᠤ ᠤᠶᠤᠲᠠᠳ ᠲᠤ ᠲᠤᠰᠠᠯᠠᠮᠵᠢ ᠶᠢᠨ ᠮᠥᠩᠭᠦ ᠣᠯᠭᠤᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠰᠤᠷᠤᠯᠭ᠎ᠠ ᠪᠠᠨ ᠲᠡᠭᠦᠰᠬᠡᠬᠦ ᠶᠢ ᠳᠡᠮᠵᠢᠬᠦ ᠪᠠ ᠵᠣᠷᠢᠭᠵᠢᠭᠤᠯᠬᠤ ᠪᠣᠯ ᠮᠥᠨ ᠴᠦ ᠮᠠᠨ ᠤ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠡᠳ᠋ᠯᠡᠵᠦ ᠪᠣᠯᠬᠤ ᠨᠢᠭᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠣᠯᠤᠨ᠎ᠠ᠃ ᠮᠣᠩᠭᠤᠯ ᠢᠶᠠᠷ ᠬᠢᠴᠢᠶᠡᠯᠯᠡᠬᠦ ᠰᠤᠷᠤᠭᠴᠢ ᠵᠢᠩᠬᠢᠨᠢ ᠠᠩᠭᠢ ᠳᠤ ᠰᠢᠯᠭᠠᠨ ᠣᠷᠣᠬᠤ ᠳᠤ ᠨᠢᠭᠡ ᠤᠳᠠᠭ᠎ᠠ ᠶᠢᠨ ᠴᠢᠨᠠᠷᠲᠠᠶ 10000 ᠲᠥᠭᠦᠷᠢᠭ ᠤᠨ ᠲᠤᠰᠠᠯᠠᠮᠵᠢ ᠦᠵᠡᠭᠦᠯᠵᠦ᠂ ᠮᠣᠩᠭᠤᠯ ᠢᠶᠠᠷ ᠬᠢᠴᠢᠶᠡᠯᠯᠡᠭᠰᠡᠨ ᠦᠭᠡᠢ ᠴᠥᠭᠡᠨ ᠲᠣᠭᠠᠲᠤ ᠦᠨᠳᠦᠰᠦᠲᠡᠨ ᠤ ᠰᠢᠯᠭᠠᠭᠤᠯᠤᠭᠰᠠᠳ ᠤᠨ ᠵᠢᠩᠬᠢᠨᠢ ᠠᠩᠭᠢ ᠳᠤ ᠰᠢᠯᠭᠠᠨ ᠣᠷᠤᠬᠤ ᠳᠤ ᠨᠢᠭᠡ ᠤᠳᠠᠭ᠎ᠠ ᠶᠢᠨ ᠴᠢᠨᠠᠷᠲᠠᠶ 5000 ᠲᠥᠭᠦᠷᠢᠭ ᠤᠨ ᠲᠤᠰᠠᠯᠠᠮᠵᠢ ᠦᠵᠡᠭᠦᠯᠦᠨ᠎ᠡ᠃ 2014 ᠣᠨ ᠠᠴᠠ ᠨᠠᠰᠢ᠂ ᠴᠥᠭᠡᠨ ᠲᠣᠭᠠᠲᠤ ᠦᠨᠳᠦᠰᠦᠲᠡᠨ ᠤ 1009 ᠰᠤᠷᠤᠭᠴᠢᠳ ᠲᠤ 505 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃      ᠪᠥᠬᠦ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠭᠡ 24᠂ ᠶᠠᠳᠠᠭᠤ ᠬᠦᠴᠢᠷᠳᠡᠯᠲᠡᠶ ᠬᠥᠮᠦᠨ ᠠᠮᠠ 46 ᠪᠠᠶᠢᠵᠤ᠂ ᠣᠳᠣ ᠨᠢᠭᠡᠨᠲᠡ ᠪᠦᠬᠦᠨ ᠢᠶᠠᠷ ᠢᠶᠠᠨ ᠶᠠᠳᠠᠭᠤ ᠠᠴᠠ  ᠠᠩᠭᠢᠵᠢᠷᠠᠪᠠ᠃      5. ᠰᠤᠷᠪᠤᠯᠵᠢᠯᠠᠭᠴᠢ᠄ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠦᠨᠳᠦᠰᠦᠲᠡᠨ ᠤ ᠬᠡᠷᠡᠭ ᠶᠠᠪᠤᠳᠠᠯ ᠢᠶᠠᠨ ᠬᠡᠷᠬᠢᠨ ᠬᠠᠤᠯᠢ ᠶᠣᠰᠣᠭᠠᠷ ᠬᠠᠮᠢᠶᠠᠷᠴᠤ᠂ ᠬᠠᠤᠯᠢ ᠶᠢᠨ ᠡᠮᠦᠨ᠎ᠡ ᠡᠯ᠎ᠡ ᠦᠨᠳᠦᠰᠦᠲᠡᠨ ᠤ ᠣᠯᠠᠨ ᠲᠥᠮᠡᠨ ᠬᠦᠮᠦᠨ ᠪᠥᠬᠦᠨ ᠡᠷᠬᠡ ᠲᠡᠭᠰᠢ ᠪᠣᠯᠬᠤ ᠶᠢ ᠬᠡᠷᠬᠢᠨ ᠪᠠᠲᠤᠯᠠᠬᠤ ᠪᠣᠶ︖      ᠬᠠᠷᠢᠭᠤᠯᠲᠠ᠄ ᠦᠬᠠᠶ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠵᠣᠬᠢᠴᠠᠭᠤᠯᠤᠨ ᠤᠳᠤᠷᠢᠳᠬᠤ ᠳᠤᠭᠤᠶᠢᠯᠠᠩ ︽ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠵᠢᠯᠤᠭᠤᠳᠤᠯᠭ᠎ᠠ ᠶᠢ ᠴᠢᠩᠭᠠᠳᠬᠠᠪᠠ᠃ ᠪᠠᠶᠢᠭᠤᠯᠭ᠎ᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠤᠬᠠᠭᠤᠯᠭ᠎ᠠ ᠢ ᠤᠷᠲᠤ ᠬᠤᠭᠤᠴᠠᠭ᠎ᠠ ᠪᠠᠷ ᠥᠷᠨᠢᠭᠦᠯᠵᠦ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠺᠠᠳ᠋ᠷ ᠤᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠶᠢ ᠳᠡᠭᠡᠭᠰᠢᠯᠡᠭᠦᠯᠪᠡ᠃ ᠠᠷᠠᠳ ᠤᠨ ᠡᠶᠡᠳᠡᠭᠦᠯᠭᠡ ᠳᠤ ᠴᠥᠭᠡᠨ ᠲᠣᠭᠠᠲᠤ ᠦᠨᠳᠦᠰᠦᠲᠡᠨ ᠤ ᠰᠠᠨᠠᠯ ᠪᠠ ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠴᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠤᠯᠪᠣᠭᠳᠠᠭᠰᠠᠨ ᠵᠥᠷᠢᠴᠡᠯ ᠪᠠ ᠵᠢᠭᠤᠷᠠᠯᠳᠤᠭᠠᠨ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠠᠤᠯᠢ ᠶᠣᠰᠤᠨ ᠤ ᠡᠷᠬᠡ ᠠᠰᠢᠭ ᠢ ᠦᠨᠡᠨ ᠬᠦ ᠬᠠᠮᠠᠭᠠᠯᠠᠪᠠ︔ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠠᠵᠢᠯ ᠢ ᠥᠷᠨᠢᠭᠦᠯᠬᠦ ᠶᠠᠪᠤᠴᠠ ᠳᠤ᠂ ᠴᠥᠭᠡᠨ ᠲᠣᠭᠠᠲᠤ ᠦᠨᠳᠦᠰᠦᠲᠡᠨ ᠳᠤ ᠬᠤᠯᠪᠣᠭᠳᠠᠭᠰᠠᠨ ᠬᠦᠴᠢᠷᠳᠡᠯ ᠲᠠᠢ ᠬᠠᠮᠲᠤᠯᠢᠭ ᠬᠠᠤᠯᠢ ᠴᠠᠭᠠᠵᠠ ᠪᠠ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠣᠲᠣᠷ᠎ᠠ ᠠᠯᠢ ᠴᠢᠳᠠᠬᠤ ᠪᠠᠷ ᠡᠯ᠎ᠡ ᠵᠦᠢᠯ ᠤᠨ ᠳᠥᠭᠦᠮ ᠨᠥᠬᠦᠴᠡᠯ ᠢ ᠬᠠᠩᠭᠠᠵᠤ᠂ ᠨᠠᠮ ᠤᠨ ︽ᠠᠷᠠᠳ ᠤᠨ ᠰᠡᠳᠬᠢᠯᠭᠡ ᠶᠢᠨ ᠢᠨᠵᠧᠨᠧᠷᠢᠩ︾ ᠤᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠠᠪᠤᠴᠠ ᠳᠤ ᠬᠠᠤᠯᠢ ᠴᠠᠭᠠᠵᠠ ᠶᠢᠨ ᠲᠤᠰᠠᠯᠠᠮᠵᠢ ᠨᠢ ᠥᠪᠡᠷᠮᠢᠴᠡ ᠦᠢᠯᠡᠳᠦᠯ ᠢᠶᠠᠨ ᠪᠠᠳᠠᠷᠠᠭᠤᠯᠪᠠ︔ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠭᠡᠷ ᠪᠦᠯᠢ ᠶᠢᠨ ᠰᠤᠷᠪᠤᠯᠵᠢᠯᠠᠭ᠎ᠠ᠂ ᠬᠠᠷᠢᠭᠤ ᠰᠤᠷᠪᠤᠯᠵᠢᠯᠠᠭ᠎ᠠ ᠵᠡᠷᠭᠡ ᠠᠵᠢᠯ ᠤᠨ ᠳᠤᠮᠳᠠ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠶᠢ ᠴᠢᠬᠤᠯᠠᠴᠢᠯᠠᠵᠤ᠂ ᠬᠠᠤᠯᠢ ᠰᠠᠬᠢᠯᠭ᠎ᠠ ᠶᠢᠨ ᠡᠩ ᠤᠨ ᠬᠥᠮᠦᠵᠢᠯ ᠢ ᠥᠷᠨᠢᠭᠦᠯᠬᠦ ᠶᠢᠨ ᠬᠠᠮᠲᠤ᠂ ᠦᠨᠳᠦᠰᠦᠲᠡᠨ ᠤ ᠪᠦᠯᠬᠦᠮᠳᠡᠯ ᠵᠡᠷᠭᠡ ᠠᠭᠤᠯᠭ᠎ᠠ ᠳᠤ ᠠᠭᠤᠰᠤᠨ ᠣᠷᠣᠵᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠬᠠᠮᠲᠤ ᠦᠨᠳᠦᠰᠦᠲᠡᠨ ᠤ ᠪᠦᠯᠬᠦᠮᠳᠡᠯ ᠢ ᠠᠬᠢᠭᠤᠯᠪᠠ᠃      ᠦᠨᠳᠦᠰᠦᠨ ᠬᠠᠤᠯᠢ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠤᠬᠠᠭᠤᠯᠭ᠎ᠠ ᠶᠢ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠤᠨ ᠭᠤᠤᠯᠳᠠᠯᠭ᠎ᠠ ᠪᠣᠯᠭᠠᠨ ᠤᠬᠠᠭᠤᠯᠪᠠ᠂ ᠢᠯᠠᠩᠭᠤᠶ᠎ᠠ ᠵᠠᠯᠠᠭᠤᠴᠤᠳ ᠪᠠᠭᠠᠴᠤᠳ᠂ ᠵᠠᠭᠤᠴᠢᠯᠠᠭᠤᠷ ᠤᠨ ᠠᠵᠢᠯ ᠡᠷᠬᠢᠯᠡᠭᠰᠡᠳ᠂ ᠠᠵᠤ ᠠᠬᠤᠶᠢᠯᠠᠯ ᠤᠨ ᠠᠵᠤ ᠠᠬᠤᠢ ᠶᠢᠨ ᠬᠠᠮᠢᠶᠠᠷᠤᠯᠲᠠ ᠶᠢᠨ ᠠᠵᠢᠯᠲᠠᠨ᠂ ᠬᠤᠲᠠ ᠶᠢᠨ ᠶᠠᠪᠤᠭᠤᠯ ᠬᠥᠮᠦᠨ ᠠᠮᠠ ᠳᠤ ᠤᠬᠠᠭᠤᠯᠭ᠎ᠠ ᠬᠥᠮᠦᠵᠢᠯ ᠬᠢᠬᠦ ᠪᠠᠨ ᠴᠢᠩᠭᠠᠳᠬᠠᠪᠠ᠃ ᠬᠤᠲᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃      ᠦᠨᠳᠦᠰᠦᠲᠡᠨ ᠨᠦᠭᠦᠳ ᠤᠨ ᠠᠷᠠᠳ ᠢᠷᠭᠡᠨ ᠤ ᠬᠦᠮᠦᠨ ᠪᠥᠬᠦᠨ ᠡᠷᠬᠡ ᠲᠡᠭᠰᠢ ᠶᠢ ᠬᠠᠤᠯᠢ ᠶᠣᠰᠣᠭᠠᠷ ᠬᠠᠮᠠᠭᠠᠯᠠᠨ᠎ᠠ᠃ ᠦᠨᠳᠦᠰᠦᠨ ᠬᠠᠤᠯᠢ ᠶᠢᠨ ᠲᠣᠭᠲᠠᠭᠠᠯ ᠶᠣᠰᠣᠭᠠᠷ ᠡᠯ᠎ᠡ ᠦᠨᠳᠦᠰᠦᠲᠡᠨ ᠤ ᠠᠷᠠᠳ ᠢᠷᠭᠡᠨ ᠤ ᠨᠡᠶᠢᠭᠡᠮ ᠤᠨ ᠠᠮᠢᠳᠤᠷᠠᠯ ᠳᠤᠮᠳᠠᠬᠢ ᠡᠷᠬᠡ ᠲᠡᠭᠰᠢ ᠡᠷᠬᠡ ᠶᠢ ᠪᠠᠲᠤᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠠᠤᠯᠢ ᠶᠣᠰᠣᠭᠠᠷ ᠳᠡᠯᠭᠡᠷᠡᠭᠦᠯᠵᠦ᠂ ᠦᠨᠳᠦᠰᠦᠲᠡᠨ ᠨᠦᠭᠦᠳ ᠤᠨ ᠡᠷᠬᠡ ᠲᠡᠭᠰᠢ ᠪᠠᠷ ᠬᠥᠭᠵᠢᠬᠦ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠲᠤᠰ ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠪᠠ ᠬᠥᠭᠵᠢᠭᠦᠯᠬᠦ ᠡᠷᠬᠡ ᠴᠢᠯᠥᠭᠡ ᠲᠠᠢ ᠪᠠᠶᠢᠬᠤ ᠶᠢ ᠪᠠᠲᠤᠯᠠᠵᠤ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠦᠭᠡ ᠬᠡᠯᠡ ᠦᠰᠦᠭ ᠪᠢᠴᠢᠭ ᠢᠶᠠᠨ ᠬᠠᠷᠢᠯᠴᠠᠨ ᠰᠤᠷᠤᠯᠴᠠᠬᠤ ᠶᠢ ᠵᠣᠷᠢᠭᠵᠢᠭᠤᠯᠤᠨ᠎ᠠ᠃ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠲᠤᠰ ᠦᠨᠳᠦᠰᠦᠲᠡᠨ ᠤ ᠪᠠᠨ ᠵᠠᠩ ᠳᠠᠳᠬᠠᠯ ᠢᠶᠠᠨ ᠬᠠᠳᠠᠭᠠᠯᠠᠬᠤ ᠪᠤᠶᠤ ᠰᠠᠶᠢᠵᠢᠷᠠᠭᠤᠯᠬᠤ ᠡᠷᠬᠡ ᠴᠢᠯᠥᠭᠡ ᠶᠢ ᠬᠦᠨᠳᠦᠳᠬᠡᠨ ᠪᠠᠲᠤᠯᠠᠨ᠎ᠠ᠃ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠱᠠᠰᠢᠨ ᠰᠢᠲᠦᠯᠭᠡ ᠶᠢᠨ ᠡᠷᠬᠡ ᠴᠢᠯᠥᠭᠡ ᠶᠢ ᠬᠦᠨᠳᠦᠳᠬᠡᠨ ᠪᠠᠲᠤᠯᠠᠨ᠎ᠠ᠃      ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠵᠦ᠂ ᠬᠠᠤᠯᠢ ᠪᠠᠷ ᠵᠠᠰᠠᠬᠤ ᠵᠠᠮ ᠳᠡᠭᠡᠷ᠎ᠡ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠬᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠎ᠠ᠃ ᠶᠠᠮᠠᠷ ᠠᠰᠠᠭᠤᠳᠠᠯ ᠪᠣᠯ ᠲᠡᠷᠡ ᠠᠰᠠᠭᠤᠳᠠᠯ ᠢᠶᠠᠷ ᠨᠢ ᠰᠢᠢᠳᠪᠦᠷᠢᠯᠡᠬᠦ ᠶᠢ ᠪᠠᠷᠢᠮᠲᠠᠯᠠᠵᠤ᠂  ᠴᠥᠬᠡᠨ ᠲᠣᠭᠠᠲᠤ ᠦᠨᠳᠦᠰᠦᠲᠡᠨ ᠤ ᠨᠡᠷ᠎ᠡ ᠪᠠᠷ ᠬᠠᠤᠯᠢ ᠬᠡᠷᠡᠭᠵᠢᠭᠦᠯᠬᠦ ᠦᠭᠡᠶ ᠪᠣᠯ ᠴᠥᠭᠡᠨ ᠲᠣᠭᠠᠲᠤ ᠦᠨᠳᠦᠰᠦᠲᠡᠨ ᠤ ᠪᠥᠷᠢᠯᠳᠦᠭᠦᠨ ᠳᠤ ᠬᠤᠯᠪᠣᠭᠳᠠᠭᠰᠠᠨ ᠢᠷᠭᠡᠨ ᠤ ᠬᠡᠷᠡᠭ ᠪᠣᠯᠤᠨ ᠡᠷᠡᠭᠦᠤ ᠶᠢᠨ ᠬᠡᠷᠡᠭ ᠤᠨ ᠠᠰᠠᠭᠤᠳᠠᠯ ᠢ ᠳᠥᠭᠦᠮ ᠢᠶᠠᠷ ᠦᠨᠳᠦᠰᠦᠲᠡᠨ ᠤ ᠠᠰᠠᠭᠤᠳᠠᠯ ᠪᠣᠯᠭᠠᠨ ᠬᠤᠷᠢᠶᠠᠩᠭᠤᠶᠢᠯᠠᠵᠤ ᠪᠣᠯᠬᠤ ᠦᠭᠡᠶ᠃ ᠦᠨᠳᠦᠰᠦᠲᠡᠨ ᠤ ᠭᠠᠵᠠᠷ ᠣᠷᠣᠨ ᠳᠤ ᠡᠭᠦᠰᠦᠭᠰᠡᠨ ᠨᠡᠶᠢᠭᠡᠮ ᠤᠨ ᠡᠩ ᠤᠨ ᠵᠥᠷᠢᠴᠡᠯ ᠢ ᠳᠥᠭᠦᠮᠬᠡᠨ ᠢᠶᠠᠷ ᠦᠨᠳᠦᠰᠦᠲᠡᠨ᠊ ᠤ ᠵᠥᠷᠢᠴᠡᠯ ᠳᠤ ᠬᠤᠷᠢᠶᠠᠩᠭᠤᠶᠢᠯᠠᠵᠤ ᠪᠣᠯᠬᠤ ᠦᠭᠡᠢ᠃      ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠪᠠ ᠱᠠᠰᠢᠨ ᠰᠤᠷᠲᠠᠬᠤᠨ ᠤ ᠬᠡᠲᠦᠷᠡᠮᠡᠬᠡᠶ ᠦᠵᠡᠯ ᠳᠤ ᠬᠠᠤᠯᠢ ᠶᠣᠰᠤᠭᠠᠷ ᠴᠣᠬᠢᠯᠲᠠ ᠥᠭᠬᠦ ᠶᠢ ᠪᠠᠷᠢᠮᠲᠠᠯᠠᠨ᠎ᠠ᠃
         
        ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号