ᠨᠠᠶᠢᠷᠠᠭᠤᠯᠤᠭᠴᠢ ᠶᠢᠨ ᠦᠭᠡ᠄ ᠦᠬᠠᠶ ᠬᠤᠲᠠ ᠭᠡᠳᠡᠭ ᠡᠨᠡ ᠬᠦ ᠵᠠᠯᠠᠭᠤ ᠬᠤᠲᠠ ᠪᠤᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠬᠤᠲᠠ᠂ | ᠬᠠᠲᠤᠨ ᠭᠤᠣᠯ ᠤᠨ ᠳᠡᠭᠡᠳᠦ ᠤᠷᠤᠰᠬᠠᠯ ᠳᠤ ᠪᠠᠶᠢᠷᠢᠯᠠᠵᠤ᠂ ᠬᠠᠳᠤᠨ ᠭᠤᠤᠯ ᠨᠢᠩᠰᠢᠶᠠ ᠠᠴᠠ ᠥᠪᠥᠷ | ᠮᠣᠩᠭᠤᠯ ᠳᠤ ᠣᠷᠣᠵᠤ ᠢᠷᠡᠭᠰᠡᠨ ᠨᠢᠭᠡᠳᠦᠭᠡᠷ ᠬᠤᠲᠠ ᠪᠣᠯᠤᠨ᠎ᠠ᠂ ᠤᠶᠢᠷ᠎ᠠ ᠶᠢᠨ ᠵᠢᠯ ᠤᠨ ᠲᠤᠷᠰᠢ᠂ ᠦᠬᠠᠢ ᠬᠤᠳᠠ | ︽ᠡᠯᠡᠰᠦ ᠮᠠᠩᠬᠠᠨ ᠳᠤ ᠢᠷᠡᠵᠤ ᠦᠬᠠᠢ ᠨᠠᠭᠤᠷ ᠢ ᠰᠣᠨᠢᠷᠬᠠᠭᠲᠤᠨ︾ ᠬᠡᠬᠦ ᠵᠡᠷᠭᠡ ᠮᠠᠰᠢ ᠤᠯᠠᠨ ᠰᠣᠶᠣᠯ | ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠡᠭᠦᠳᠴᠦ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠪᠠᠶᠢᠳᠠᠯ ᠢ ᠡᠭᠦᠳᠪᠡ᠃ ᠣᠶᠢᠷ᠎ᠠ ᠳᠤ᠂ ︽ᠬᠠᠲᠤᠨ ᠭᠤᠤᠯ ᠤᠨ ᠳᠠᠷᠤᠭ᠎ᠠ ᠯᠤᠭ᠎ᠠ ᠶᠠᠷᠢᠯᠴᠠᠭᠰᠠᠨ ᠨᠢ︾ ᠪᠤᠯᠤᠩ | ᠠᠴᠠ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ᠂ ᠦᠬᠠᠶ ᠬᠤᠲᠠ ᠶᠢᠨ ᠶᠡᠷᠦᠩᠬᠡᠶ ᠭᠤᠤᠯ ᠤᠨ ᠳᠠᠷᠤᠭ᠎ᠠ | ᠱᠢ ᠸᠠᠨ ᠵᠢᠶᠦ᠋ᠨ ᠢ ᠲᠤᠰᠬᠠᠶᠢᠯᠠᠨ ᠰᠤᠷᠪᠤᠯᠵᠢᠯᠠᠪᠠ᠃ ᠱᠢ ᠸᠠᠨ ᠵᠢᠶᠦ᠋ᠨ ᠢᠯᠡᠷᠭᠡᠶᠢᠯᠡᠭᠰᠡᠨ ᠨᠢ᠂ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠬᠠᠲᠤᠨ ᠭᠤᠤᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠦᠨ᠎ᠡ ᠥᠷᠲᠡᠭ ᠢ | ᠭᠦᠨᠵᠡᠭᠡᠶ ᠠᠭᠤᠳᠠᠯᠠᠵᠤ ︽ᠬᠠᠳᠤᠨ ᠭᠤᠣᠯ ᠤᠨ ᠦᠯᠢᠭᠡᠷ︾ ᠢ ᠰᠠᠶᠢᠲᠤᠷ ᠶᠠᠷᠢᠵᠤ᠂ ᠲᠡᠦᠬᠡ ᠰᠣᠶᠣᠯ ᠤᠨ | ᠰᠤᠳᠠᠰᠤ ᠶᠢ ᠦᠷᠭᠦᠯᠵᠢᠯᠡᠭᠦᠯᠵᠦ᠂ ᠬᠠᠳᠤᠨ ᠭᠤᠣᠯ ᠤᠨ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠯᠲᠠ᠂ | ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠤᠨ᠎ᠠ ᠬᠡᠵᠡᠢ᠃ | ᠳᠤᠮᠳᠠᠳᠤ ᠤᠯᠤᠰ ᠤᠨ ᠰᠦᠯᠵᠢᠶᠡᠨ ᠤ ᠰᠤᠷᠪᠤᠯᠵᠢᠯᠠᠭᠴᠢ᠄ ᠨᠠᠮ ᠤᠨ ᠠᠷᠪᠠᠨ ᠨᠠᠢᠮᠠᠳᠣᠭᠠᠷ ᠶᠡᠭᠡ | ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦ | ᠲᠠᠯ᠎ᠠ ᠳᠤ ᠬᠠᠨᠳᠤᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ | ᠲᠡᠩᠴᠡᠬᠦᠷᠢᠰᠢᠬᠦᠯᠬᠦ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠢᠶᠠᠨ ᠬᠦᠴᠦ ᠭᠠᠷᠭᠠᠬᠤ︾ ᠤᠰᠤ ᠵᠠᠰᠠᠬᠤ | ᠰᠡᠳᠬᠢᠮᠵᠢ ᠶᠢ ᠲᠣᠳᠣᠷᠬᠠᠶᠢᠯᠠᠵᠤ᠂ ᠬᠠᠳᠤᠨ ᠭᠤᠤᠯ ᠤᠨ ᠰᠠᠪᠠ ᠭᠠᠵᠠᠷ ᠤᠨ ᠠᠵᠤ ᠠᠬᠤᠶ ᠨᠡᠶᠢᠭᠡᠮ ᠤᠨ | ᠬᠥᠭᠵᠢᠯᠲᠡ ᠪᠠ ᠠᠷᠠᠳ ᠤᠯᠠᠨ ᠤ ᠠᠮᠢᠳᠤᠷᠠᠯ ᠳᠤ ᠮᠠᠰᠢ ᠶᠡᠭᠡ ᠬᠤᠪᠢᠷᠠᠯᠲᠠ ᠭᠠᠷᠴᠠᠶ᠃ ᠦᠬᠠᠶ ᠬᠤᠲᠠ ᠠᠮᠢ | ᠠᠬᠤᠶ ᠶᠢᠨ ᠬᠠᠮᠠᠭᠠᠯᠠᠯᠲᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ ᠶᠠᠮᠠᠷ ᠬᠢᠷᠢ ᠪᠦᠲᠦᠮᠵᠢ | ᠣᠯᠤᠭᠰᠠᠨ ᠪᠤᠢ︖ ᠲᠠᠨ ᠤ ᠦᠵᠡᠬᠦ ᠪᠠᠷ ᠣᠲᠣ ᠶᠢᠨ ᠬᠠᠲᠤᠨ ᠭᠤᠤᠯ ᠤᠨ ᠠᠮᠢ ᠠᠬᠤᠶ ᠶᠢᠨ ᠣᠷᠴᠢᠨ ᠲᠤᠭᠤᠷᠢᠨ | ᠣᠷᠢᠳᠠᠭᠢ ᠯᠤᠭ᠎ᠠ ᠬᠠᠷᠢᠴᠠᠭᠤᠯᠪᠠᠯ ᠶᠠᠮᠠᠷ ᠶᠠᠮᠠᠷ ᠬᠤᠪᠢᠷᠠᠯᠲᠠ ᠲᠠᠢ ᠪᠣᠯᠤᠭᠰᠠᠨ ᠪᠣᠶ︖ | ᠱᠢ ᠸᠠᠨ ᠵᠢᠶᠦ᠋ᠨ᠄ ᠤᠶᠢᠷ᠎ᠠ ᠶᠢᠨ ᠵᠢᠯ ᠳᠤ᠂ ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ︽ᠬᠦᠬᠡ ᠠᠭᠤᠯᠠ ᠬᠥᠬᠡᠮᠳᠦᠭ ᠤᠰᠤ ᠪᠣᠯ ᠲᠠᠷᠣᠢ ᠠᠯᠲᠠ ᠮᠥᠩᠭᠦᠨ ᠠᠭᠤᠯᠠ ᠮᠥᠨ︾ ᠭᠡᠬᠦ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠬᠤ ᠠᠴᠠ | ᠪᠣᠳᠣᠯᠬᠢᠯᠠᠵᠤ᠂ ᠪᠦᠲᠦᠭᠡᠨ ᠪᠠᠶᠢᠭᠤᠯᠬᠤ᠂ ᠬᠠᠮᠢᠶᠠᠷᠬᠤ᠂ ᠵᠠᠰᠠᠬᠤ ᠭᠤᠷᠪᠠᠨ ᠲᠠᠯ᠎ᠠ ᠠᠴᠠ ᠬᠦᠴᠦᠯᠡᠵᠦ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ | ᠠᠬᠢᠭᠤᠯᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠠᠶᠢᠷᠤᠪ ᠤᠨ ᠲᠤᠬᠤᠢ ᠠᠴᠠ | ᠬᠠᠶᠢᠨᠠᠨ ᠬᠦᠷᠳᠡᠯᠡᠬᠢ ᠬᠤᠲᠠ ᠶᠢᠨ ᠬᠤᠭᠤᠷᠣᠨᠳᠣᠬᠢ ᠲᠦᠷᠭᠡᠨ ᠨᠡᠪᠲᠡᠷᠡᠬᠦ ᠵᠠᠮ ᠤᠨ ᠨᠤᠭᠤᠭᠠᠷᠠᠭᠤᠯᠤᠯᠳᠠ᠂ | ᠭᠠᠨᠳᠠᠷᠢ ᠠᠭᠤᠯᠠ ᠶᠢᠨ ᠡᠯᠡᠰᠦᠨ ᠪᠠᠯ ᠤᠨ ᠴᠡᠴᠡᠭ ᠡᠪᠡᠰᠦᠨ ᠤ ᠪᠦᠰᠡ ᠶᠢᠨ ᠨᠤᠭᠤᠭᠠᠷᠠᠭᠤᠯᠤᠯᠳᠠ᠂ ᠬᠠᠳᠤᠨ | ᠭᠤᠣᠯ ᠤᠨ ᠴᠥᠭᠦᠷᠥᠮ ᠤᠨ ᠣᠷᠣᠨ ᠤ ᠶᠡᠭᠡ ᠬᠠᠰᠢᠯᠭ᠎ᠠ ᠶᠢᠨ ᠨᠤᠭᠤᠭᠠᠷᠠᠭᠤᠯᠤᠯᠳᠠ ᠵᠡᠷᠭᠡ ᠤᠯᠠᠨ ᠵᠦᠢᠯ ᠤᠨ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠤᠷᠢᠳ ᠬᠤᠵᠢᠳ ᠬᠡᠷᠡᠭᠵᠢᠭᠦᠯᠵᠦ᠂ ᠦᠬᠠᠢ ᠨᠠᠭᠤᠷ ᠤᠨ | ᠪᠠᠷᠠᠭᠤᠨ ᠡᠷᠭᠢ ᠶᠢᠨ 3000 ᠮᠦ ᠬᠠᠯᠬᠠᠪᠴᠢ ᠤᠢ ᠶᠢᠨ ᠪᠦᠰᠡ᠂ ᠵᠡᠭᠦᠨ ᠡᠷᠭᠢ ᠶᠢᠨ 3 ᠲᠦᠮᠡᠨ ᠮᠦ ᠨᠠᠭᠤᠷ | ᠲᠣᠭᠤᠷᠢᠭᠰᠠᠨ ᠠᠮᠢ ᠠᠬᠤᠢ ᠶᠢᠨ ᠰᠢᠰᠲ᠋ᠧᠮ ᠢ ᠪᠦᠷᠢᠯᠳᠦᠭᠦᠯᠪᠡ᠃ ᠪᠦᠲᠦᠭᠡᠨ ᠪᠠᠶᠢᠭᠤᠯᠤᠭᠰᠠᠨ ᠲᠣᠭᠤᠷᠢᠭ ᠤᠨ | ᠴᠡᠴᠡᠷᠯᠢᠭ ᠤᠨ ᠨᠣᠭᠤᠭᠠᠷᠠᠭᠤᠯᠤᠯᠲᠠ ᠶᠢ ᠵᠣᠬᠢᠬᠤ ᠬᠡᠮᠵᠢᠶ᠎ᠡ ᠪᠠᠷ ᠡᠮᠬᠢ ᠵᠢᠷᠤᠮ ᠲᠠᠢ ᠥᠷᠨᠢᠭᠦᠯᠵᠦ᠂ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 43% ᠳᠤ ᠬᠦᠷᠴᠦ᠂ ᠬᠥᠮᠦᠨ ᠪᠦᠷᠢ ᠶᠢᠨ ᠳᠤᠮᠳᠠᠴᠢ | ᠴᠡᠴᠡᠷᠯᠢᠭ ᠤᠨ ᠨᠣᠭᠤᠭᠠᠨ ᠬᠥᠷᠥᠰᠥ ᠶᠢᠨ ᠲᠠᠯᠠᠪᠠᠢ 19.5 ᠲᠡᠭᠰᠢ ᠳᠥᠷᠪᠡᠯᠵᠢᠨ ᠮᠧᠲᠷ ᠲᠤ ᠬᠦᠷᠪᠡ᠃ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠲᠠᠯ᠎ᠠ ᠪᠠᠷ᠂ ᠬᠠᠲᠤᠨ ᠭᠤᠤᠯ ᠳᠤ | ᠪᠣᠬᠢᠷᠲᠤᠯ ᠭᠠᠳᠠᠭᠰᠢᠯᠠᠭᠤᠯᠬᠤ ᠠᠮᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ | ᠠᠳᠬᠤᠵᠤ᠂ ᠤᠰᠤᠨ ᠤ ᠴᠢᠨᠠᠷ ᠢ ᠬᠢᠨᠠᠨ ᠬᠡᠮᠵᠢᠬᠦ ᠵᠢᠴᠢ ᠲᠤᠭ᠎ᠠ ᠪᠠᠷᠢᠮᠲᠠ ᠶᠢ ᠰᠠᠷ᠎ᠠ ᠪᠤᠯᠭᠠᠨ ᠳᠤ ᠳᠡᠭᠡᠭᠰᠢ | ᠮᠡᠳᠡᠬᠦᠯᠬᠦ ᠠᠵᠢᠯᠯᠠᠭ᠎ᠠ ᠦᠷᠨᠢᠬᠦᠯᠵᠦ᠂ ᠤᠰᠤᠨ ᠳᠤ ᠬᠤᠯᠪᠣᠭᠳᠠᠬᠤ ᠭᠤᠤᠯᠳᠠᠯᠭ᠎ᠠ ᠲᠠᠢ ᠪᠣᠬᠢᠷᠲᠤᠯ ᠪᠣᠳᠠᠰ | ᠭᠠᠳᠠᠭᠰᠢᠯᠠᠭᠤᠯᠬᠤ 25 ᠠᠵᠤ ᠠᠬᠤᠶᠢᠯᠠᠯ ᠤᠨ ᠬᠢᠨᠠᠯᠳᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠪᠡ᠃ | ᠪᠣᠬᠢᠷᠲᠤᠯ ᠢ ᠵᠠᠰᠠᠬᠤ ᠲᠠᠯ᠎ᠠ ᠪᠠᠷ᠂ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ 100 ᠲᠦᠷᠦᠯ | ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ 7 ᠪᠠᠶᠢᠭᠤᠯᠵᠤ᠂ | ᠭᠤᠸᠠᠩ ᠨᠠ ᠪᠦᠯᠦᠭᠯᠡᠯ ᠤᠨ ᠯᠦᠩ ᠴᠠᠩ ᠠᠵᠤ ᠦᠢᠯᠡᠳᠪᠦᠷᠢ ᠠᠷᠠᠯᠵᠢᠶᠠᠨ ᠤ ᠲᠡᠮᠡᠭᠡᠲᠤ ᠠᠭᠤᠯᠠ ᠶᠢᠨ | ᠠᠭᠤᠷᠬᠠᠢ ᠶᠢᠨ ᠣᠷᠣᠨ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠡᠭᠡᠭᠡᠨ ᠬᠥᠭᠵᠢᠭᠦᠯᠬᠦ | ᠲᠥᠯᠥᠪᠯᠡᠭᠡ ᠶᠢᠨ ᠵᠠᠬᠢᠷᠭ᠎ᠠ ᠶᠢᠨ ᠣᠷᠴᠢᠨ ᠲᠣᠭᠤᠷᠢᠨ ᠢ ᠵᠠᠰᠠᠬᠤ ᠪᠠ ᠦᠷᠭᠦᠯᠵᠢᠯᠡᠬᠦ ᠬᠥᠭᠵᠢᠯᠲᠡ ᠶᠢᠨ ᠲᠦᠷᠦᠯ | ᠵᠦᠢᠯ ᠳᠤ ᠣᠷᠣᠭᠤᠯᠪᠠ᠃ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠮᠠᠰᠢᠨᠲᠤ | ᠲᠡᠷᠭᠡᠨ ᠤ ᠪᠣᠬᠢᠷᠲᠤᠯ ᠢ ᠵᠠᠰᠠᠬᠤ᠂ ︽ᠪᠤᠲᠠᠷᠬᠠᠶ ᠪᠤᠲᠤᠯᠢᠶᠠᠨᠳᠠᠢ ᠪᠣᠬᠢᠷᠲᠤᠯ ᠲᠠᠢ︾ ᠠᠵᠤ ᠠᠬᠤᠶᠢᠯᠠᠯ ᠢ ᠵᠠᠰᠠᠬᠤ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠠᠰᠠᠬᠤ᠂ ᠣᠯᠠᠨ ᠡᠬᠢᠲᠦ ᠪᠣᠬᠢᠷᠲᠤᠯ ᠢ ᠵᠠᠰᠠᠬᠤ ᠲᠠᠪᠤᠨ ᠲᠤᠰᠬᠠᠶ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠠᠭᠠᠷ | ᠮᠠᠨᠳᠠᠯ ᠤᠨ ᠣᠷᠴᠢᠨ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠰᠠᠶᠢᠵᠢᠷᠠᠭᠤᠯᠬᠤ ᠶᠢ ᠲᠦᠯᠬᠢᠨ ᠠᠬᠢᠭᠤᠯᠪᠠ᠃ | ᠣᠯᠠᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠦᠬᠠᠢ ᠬᠤᠳᠠ ᠴᠦᠯᠯᠡᠷᠭᠡᠭᠵᠢᠭᠰᠡᠨ ᠲᠠᠯᠠᠪᠠᠢ ᠪᠠ | ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠢᠨ ︽ᠬᠤᠣᠰ ᠪᠠᠭᠠᠰᠬᠠᠯ︾ ᠢ ᠪᠡᠶᠡᠯᠡᠭᠦᠯᠦᠭᠰᠡᠨ ᠪᠥᠭᠡᠳ ᠪᠦᠬᠦ | ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠳᠠ᠂ ᠤᠯᠤᠰ ᠤᠨ ᠴᠡᠴᠡᠷᠯᠢᠭ ᠤᠨ ᠬᠤᠳᠠ ᠪᠠᠷ | ᠦᠨᠡᠯᠡᠭᠳᠡᠪᠡ᠃ ᠣᠳᠣ ᠪᠣᠯᠲᠠᠯ᠎ᠠ᠂ ᠦᠬᠠᠶ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠠᠭᠠᠷ ᠤᠨ ᠴᠢᠨᠠᠷ | ᠴᠢᠨᠰᠠᠭ᠎ᠠ ᠰᠢᠯᠢᠳᠡᠭ ᠰᠠᠶᠢᠨ ᠡᠳᠦᠷ ᠤᠨ ᠲᠤᠭ᠎ᠠ ᠨᠡᠶᠢᠲᠡ 204 ᠡᠳᠦᠷ ᠬᠦᠷᠴᠦ᠂ ᠪᠠᠷᠢᠮᠵᠢᠶ᠎ᠠ ᠳᠤ ᠬᠦᠷᠦᠭᠰᠡᠨ | ᠨᠣᠷᠮ᠎ᠠ ᠨᠢ 80% ᠬᠦᠷᠴᠦ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 3.6 ᠬᠤᠪᠢ | ᠳᠡᠭᠡᠭᠰᠢᠯᠡᠵᠦ᠂ ᠤᠯᠠᠨ ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠤᠬᠠᠢ ᠬᠠᠨᠤᠮᠵᠢ ᠶᠢᠨ ᠬᠡᠮᠵᠢᠶ᠎ᠡ | ᠢᠯᠡᠳᠲᠡ ᠳᠡᠭᠡᠭᠰᠢᠯᠡᠪᠡ᠃ | ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠬᠠᠲᠤᠨ ᠭᠤᠤᠯ ᠤᠨ ᠦᠬᠠᠶ ᠶᠢᠨ ᠬᠡᠰᠡᠭ ᠤᠨ ᠠᠮᠢ | ᠠᠬᠤᠶ ᠶᠢᠨ ᠣᠷᠴᠢᠨ ᠲᠤᠭᠤᠷᠢᠨ ᠮᠠᠰᠢ ᠶᠡᠭᠡ ᠬᠤᠪᠢᠷᠠᠯᠲᠠ ᠭᠠᠷᠴᠤ᠂ ᠤᠰᠤ ᠨᠢ ᠨᠠᠩ ᠲᠤᠩᠭᠠᠯᠠᠭ᠂ ᠡᠯᠡᠰᠦ ᠨᠢ | ᠨᠠᠩ ᠴᠥᠭᠡᠨ ᠪᠣᠯᠪᠠ︔ ᠬᠠᠰᠢᠯᠭ᠎ᠠ ᠨᠢ ᠤᠯᠠᠮ ᠪᠠᠬᠢᠵᠢᠵᠦ᠂ ᠡᠷᠭᠢ ᠨᠢ ᠤᠯᠠᠮ ᠨᠣᠭᠤᠭᠠᠷᠠᠪᠠ︔ ᠨᠤᠭᠤ ᠭᠠᠵᠠᠷ | ᠨᠠᠩ ᠭᠤᠶᠤ᠂ ᠬᠠᠮᠢᠶᠠᠷᠤᠯᠲᠠ ᠨᠠᠩ ᠰᠢᠯᠢᠳᠡᠭ ᠪᠣᠯᠵᠠᠢ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ | ᠲᠤᠷ᠎ᠠ ᠶᠢ ᠦᠬᠡᠶᠢᠰᠭᠡᠬᠦ︾ ᠲᠤᠰᠬᠠᠶ ᠠᠵᠢᠯᠯᠠᠭ᠎ᠠ ᠶᠢ ᠬᠦᠨᠵᠡᠬᠡᠢ ᠥᠷᠨᠢᠭᠦᠯᠬᠦ ᠪᠠᠷ ᠳᠠᠮᠵᠢᠭᠤᠯᠤᠨ᠂ ᠬᠠᠳᠤᠨ | ᠭᠤᠤᠯ ᠤᠨ ᠦᠬᠠᠶ ᠶᠢᠨ ᠬᠡᠰᠡᠭ ᠤᠨ ᠤᠰᠤᠨ ᠤ ᠴᠢᠨᠠᠷ ᠨᠢ Ⅱ ᠲᠥᠷᠥᠯ ᠤᠨ ᠤᠰᠤᠨ ᠴᠣᠭᠴᠠ ᠳᠤ ᠬᠦᠷᠴᠦ᠂ | ᠦᠬᠠᠶ ᠬᠤᠲᠠ ᠬᠥᠷᠥᠰᠥ ᠰᠢᠷᠣᠶ ᠶᠢᠨ ᠬᠠᠮᠠᠭᠠᠯᠠᠯᠲᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ | ᠬᠡᠷᠡᠭᠵᠢᠭᠦᠯᠦᠭᠰᠡᠨ ᠤ ᠳᠠᠷᠠᠭ᠎ᠠ᠂ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ ᠲᠠᠯᠠᠪᠠᠶ | ᠨᠡᠶᠢᠲᠡ 135.28 ᠲᠡᠭᠰᠢ ᠲᠦᠷᠪᠡᠯᠵᠢᠨ ᠺᠢᠯᠣᠮᠧᠲᠷ ᠲᠤ ᠬᠦᠷᠴᠦ᠂ ᠬᠥᠷᠥᠰᠥ ᠰᠢᠷᠣᠶ ᠶᠢᠨ ᠢᠳᠡᠭᠳᠡᠯ ᠤᠨ | ᠦᠵᠡᠭᠳᠡᠯ ᠢᠯᠡᠳᠲᠡ ᠪᠠᠭᠠᠰᠪᠠ︔ ᠦᠬᠠᠶ ᠬᠤᠲᠠ 3900 ᠲᠦᠮᠡᠨ ᠲᠥᠭᠦᠷᠢᠭ ᠤᠨ ᠪᠡᠯᠡ ᠣᠷᠣᠭᠤᠯᠵᠣ᠂ | ᠬᠠᠶᠢᠷᠤᠪ ᠤᠨ ᠲᠣᠬᠤᠢ ᠶᠢᠨ ᠬᠡᠰᠡᠭ ᠤᠨ ᠬᠠᠳᠤᠨ ᠭᠤᠣᠯ ᠳᠠᠭᠠᠤ ᠶᠢᠨ ᠵᠠᠰᠠᠮᠠᠯ ᠵᠠᠮ ᠤᠨ ᠡᠷᠭᠢ ᠶᠢᠨ ᠱᠤᠭᠤᠮ ᠤᠨ | ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 6.6 | ᠺᠢᠯᠣᠮᠧᠲᠷ ᠤᠨ ᠬᠠᠮᠠᠭᠠᠯᠠᠯᠲᠠ ᠶᠢᠨ ᠡᠷᠭᠢ ᠶᠢᠨ ᠱᠤᠭᠤᠮ ᠢ ᠰᠢᠨᠡᠳᠭᠡᠨ ᠵᠠᠰᠠᠵᠤ᠂ ᠦᠶᠡᠷ ᠢ ᠰᠡᠷᠭᠡᠶᠢᠯᠡᠬᠦ | ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠦᠬᠠᠢ ᠨᠠᠭᠤᠷ ᠤᠨ ᠪᠠᠷᠠᠭᠤᠨ ᠡᠷᠭᠢ ᠶᠢᠨ ᠡᠯᠡᠰᠦᠨ ᠴᠦᠯ ᠤᠨ ᠵᠠᠬ᠎ᠠ | ᠬᠢᠵᠠᠭᠠᠷ ᠣᠷᠣᠨ ᠳᠤ ᠪᠢᠳᠡᠬᠦᠮᠵᠢᠯᠡᠨ ᠪᠤᠶᠢᠵᠢᠭᠤᠯᠵᠤ ᠬᠠᠮᠠᠭᠠᠯᠠᠬᠤ ᠪᠠ ᠬᠥᠮᠦᠨ ᠤ ᠬᠦᠴᠦ ᠪᠠᠷ ᠮᠣᠳᠣ ᠲᠠᠷᠢᠵᠤ | ᠣᠶᠢᠵᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠮᠦᠨ᠎ᠡ ᠤᠮᠠᠷ᠎ᠠ ᠶᠢ ᠨᠡᠪᠲᠡᠷᠡᠭᠦᠯᠦᠭᠰᠡᠨ᠂ ᠪᠠᠶᠢᠭᠠᠯᠢ | ᠬᠥᠮᠦᠨ ᠤ ᠬᠦᠴᠦ ᠶᠢ ᠣᠶᠠᠯᠳᠣᠭᠤᠯᠣᠭᠰᠠᠨ ᠡᠯᠡᠰᠦ ᠶᠢ ᠲᠣᠭᠲᠠᠪᠤᠷᠢᠵᠢᠭᠤᠯᠬᠤ ᠴᠢᠨᠠᠷ ᠰᠠᠶᠢᠲᠠᠢ ᠠᠮᠢ ᠠᠬᠤᠢ ᠶᠢᠨ | ᠬᠠᠯᠬᠠᠪᠴᠢ ᠶᠢ ᠪᠤᠢ ᠪᠣᠯᠭᠠᠪᠠ︔ ᠦᠬᠠᠶ ᠬᠤᠲᠠ ᠲᠤᠰᠬᠠᠶ ᠠᠷᠭ᠎ᠠ ᠲᠣᠭᠲᠠᠭᠠᠨ ᠲᠠᠷᠬᠠᠭᠠᠵᠤ᠂ ᠯᠦᠩ ᠶᠢᠦ | ᠸᠠᠨ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠨᠤᠭᠤ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠨᠡᠭᠡᠭᠡᠨ | ᠬᠥᠭᠵᠢᠭᠦᠯᠵᠦ᠂ ᠬᠠᠳᠤᠨ ᠭᠤᠤᠯ ᠤᠨ ᠨᠤᠭᠤ ᠭᠠᠵᠠᠷ ᠤᠨ ᠡᠭᠦᠷᠭᠡᠯᠡᠵᠦ ᠪᠦᠬᠦᠢ ᠠᠭᠤᠷ ᠠᠮᠢᠰᠬᠤᠯ ᠢ ᠲᠣᠬᠢᠷᠠᠭᠤᠯᠬᠤ | ᠂ ᠠᠮᠢ ᠠᠬᠤᠶ ᠶᠢ ᠳᠡᠮᠵᠢᠬᠦ᠂ ᠤᠰᠤᠨ ᠤ ᠴᠢᠨᠠᠷ ᠢ ᠴᠡᠪᠡᠷᠰᠢᠭᠦᠯᠬᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ | ᠢ ᠪᠠᠲᠤᠯᠠᠬᠤ ᠵᠡᠷᠭᠡ ᠴᠢᠬᠤᠯᠠ ᠠᠮᠢ ᠠᠬᠤᠢ ᠶᠢᠨ ᠴᠢᠳᠠᠮᠵᠢ ᠶᠢ ᠪᠦᠬᠦ ᠲᠠᠯ᠎ᠠ ᠪᠠᠷ ᠴᠢᠩᠭᠠᠳᠬᠠᠪᠡ᠃ | ᠳᠤᠮᠳᠠᠳᠤ ᠤᠯᠤᠰ ᠤᠨ ᠰᠦᠯᠵᠢᠶᠡᠨ ᠤ ᠰᠤᠷᠪᠤᠯᠵᠢᠯᠠᠭᠴᠢ᠄ ︽ ᠡᠯᠡᠰᠦ ᠮᠠᠩᠬᠠᠨ ᠳᠤ ᠢᠷᠡᠵᠤ ᠦᠬᠠᠢ | ᠨᠠᠭᠤᠷ ᠢ ᠰᠣᠨᠢᠷᠬᠠᠭᠲᠤᠨ︾ ᠨᠢ ᠠᠭᠠᠵᠢᠮ ᠢᠶᠠᠷ ᠦᠬᠠᠶ ᠶᠢᠨ ᠭᠤᠶᠣ ᠰᠠᠶᠢᠬᠠᠨ ᠨᠡᠷ᠎ᠡ ᠶᠢᠨ ᠬᠠᠭᠤᠳᠠᠰᠤ ᠪᠣᠯᠵᠣ᠂ | ᠦᠬᠠᠶ ᠪᠠᠰᠠ ᠮᠠᠰᠢ ᠣᠯᠠᠨ ᠵᠢᠭᠤᠯᠴᠢᠯᠠᠯ ᠤᠨ ᠨᠡᠷᠡᠲᠦ ᠲᠡᠮᠳᠡᠭᠲᠦ ᠪᠠ ᠵᠢᠭᠤᠯᠴᠢᠯᠠᠯ ᠤᠨ ᠠᠵᠤ ᠦᠢᠯᠡᠰ ᠢ ᠡᠭᠦᠳᠦᠨ | ᠪᠠᠶᠢᠭᠤᠯᠵᠡᠢ᠂ ᠤᠲᠤ ᠲᠠ ᠦᠬᠠᠶ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ | ᠢᠶᠠᠨ ᠲᠠᠨᠢᠯᠴᠠᠭᠤᠯᠬᠤ ᠶᠢᠨ ᠲᠠᠭᠠᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠶᠠᠪᠤᠴᠠ ᠳᠤ | ᠬᠠᠲᠤᠨ ᠭᠤᠤᠯ ᠶᠠᠮᠠᠷ ᠦᠢᠯᠡᠳᠦᠯ ᠦᠵᠡᠬᠦᠯᠦᠭᠰᠡᠨ ᠪᠣᠶ︖ ᠶᠠᠮᠠᠷ ᠶᠠᠮᠠᠷ ᠲᠤᠷᠰᠢᠯᠭ᠎ᠠ ᠶᠢ ᠬᠤᠪᠢᠶᠠᠨ ᠡᠳ᠋ᠯᠡᠵᠦ | ᠪᠣᠯᠬᠤ ᠪᠣᠶ︖ | ᠱᠢ ᠸᠠᠨ ᠵᠢᠶᠦ᠋ᠨ᠄ ᠦᠬᠠᠶ ᠬᠤᠲᠠ ᠲᠤᠬᠠᠶ ᠶᠢᠨ ᠭᠠᠵᠠᠷ ᠤᠨ ᠪᠠᠶᠢᠳᠠᠯ ᠢᠶᠠᠨ ᠦᠨᠳᠦᠰᠦᠯᠡᠵᠦ᠂ | ᠣᠨᠴᠠᠯᠢᠭᠲᠤ ᠭᠤᠤᠯᠯᠠᠬᠤ ᠰᠣᠶᠣᠯ ᠤᠨ ᠡᠬᠢ ᠪᠠᠶᠠᠯᠢᠭ ᠪᠣᠯᠤᠨ ︽ᠠᠭᠤᠯᠠ᠂ ᠣᠰᠣ᠂ ᠡᠯᠡᠰᠦ᠂ ᠬᠤᠲᠠ︾ ᠶᠢᠨ | ᠦᠵᠡᠮᠵᠢ ᠶᠢᠨ ᠳᠠᠪᠠᠭᠤᠯᠢᠭ ᠲᠠᠭᠠᠨ ᠲᠦᠰᠢᠭᠯᠡᠵᠦ᠂ ᠠᠭᠤᠯᠠ ᠨᠠᠭᠤᠷ ᠲᠣᠭᠤᠷᠢᠭᠰᠠᠨ ᠵᠢᠭᠤᠯᠴᠢᠯᠠᠯ ᠤᠨ | ᠰᠢᠰᠲ᠋ᠧᠮ ᠤᠨ ᠪᠠᠶᠢᠷᠢᠯᠠᠭᠤᠯᠤᠯᠳᠠ ᠶᠢ ᠪᠤᠢ ᠪᠤᠯᠭᠠᠪᠠ᠂ ᠣᠳᠣ ᠦᠬᠠᠶ ᠬᠤᠲᠠ ᠳᠤ ᠤᠯᠤᠰ ᠤᠨ A ᠲᠠᠰ ᠤᠨ | ᠦᠵᠡᠮᠵᠢ ᠶᠢᠨ ᠣᠷᠣᠨ 15 ᠪᠤᠶ᠂ ᠲᠡᠬᠦᠨ ᠤ ᠲᠤᠲᠤᠷ᠎ᠠ 4A ᠲᠠᠰ ᠤᠨ ᠦᠵᠡᠮᠵᠢ ᠶᠢᠨ ᠣᠷᠣᠨ 5᠂ ᠤᠯᠤᠰ ᠤᠨ | ᠲᠠᠰ ᠤᠨ ᠰᠡᠯᠡᠭᠦᠴᠡᠯ ᠤᠨ ᠲᠠᠷᠢᠶᠠᠯᠠᠩ ᠤᠨ ᠵᠢᠱᠢᠶ᠎ᠡ ᠦᠵᠡᠭᠦᠯᠬᠦ ᠴᠡᠭ 2᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠰ ᠤᠨ ᠰᠡᠯᠡᠭᠦᠴᠡᠯ ᠤᠨ ᠲᠠᠷᠢᠶᠠᠯᠠᠩ ᠤᠨ ᠵᠢᠱᠢᠶ᠎ᠡ ᠦᠵᠡᠬᠦᠯᠬᠦ ᠴᠢᠭ 5 ᠪᠠᠶᠢᠵᠤ᠂ | ᠰᠣᠶᠣᠯ ᠤᠨ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ 758 ᠡᠷᠦᠬᠡ ᠬᠦᠷᠪᠡ᠃ 2016 — | 2019 ᠣᠨ ᠳᠤ᠂ ᠦᠬᠠᠶ ᠬᠤᠲᠠ ᠶᠢᠨ ᠵᠢᠭᠤᠯᠴᠢᠯᠠᠯ ᠤᠨ ᠶᠡᠷᠦᠩᠬᠡᠶ ᠣᠷᠣᠯᠭ᠎ᠠ 262.24 ᠳ᠋ᠦᠩᠰᠢᠭᠤᠷ | ᠲᠦᠬᠦᠷᠢᠭ ᠲᠤ ᠬᠦᠷᠴᠦ᠂ ᠵᠢᠯ ᠳᠤᠮᠳᠠᠴᠢ ᠶᠢᠨ ᠨᠡᠮᠡᠭᠳᠡᠯ ᠤᠨ ᠨᠣᠷᠮ᠎ᠠ 26% ᠳᠤ ᠬᠥᠷᠪᠡ᠃ | ᠬᠠᠲᠤᠨ ᠭᠤᠤᠯ ᠨᠢᠭᠡ ᠲᠠᠯ᠎ᠠ ᠪᠠᠷ ᠦᠬᠠᠶ ᠬᠤᠲᠠ ᠳᠤ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ | ᠬᠠᠩᠭᠠᠵᠤ᠂ ᠨᠥᠭᠦᠭᠡ ᠲᠠᠯ᠎ᠠ ᠪᠠᠷ ᠬᠠᠲᠤᠨ ᠭᠤᠤᠯ ᠴᠤ ᠦᠬᠠᠶ ᠶᠢᠨ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢᠨ | ᠴᠢᠬᠤᠯᠠ ᠠᠴᠢᠶᠠᠯᠠᠭᠴᠢ ᠪᠣᠯᠵᠠᠶ᠃ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ | ᠬᠦᠢᠰᠦ ᠪᠠᠷᠢᠯᠭ᠎ᠠ ᠪᠠᠶᠢᠭᠤᠯᠤᠭᠳᠠᠭᠰᠠᠨ ᠤ ᠳᠠᠷᠠᠭ᠎ᠠ᠂ ᠬᠡᠪ ᠤᠨ ᠤᠰᠤ ᠬᠠᠳᠠᠭᠠᠯᠠᠬᠤ ᠨᠥᠬᠦᠴᠡᠯ ᠳᠣᠣᠷ᠎ᠠ᠂ 118 | ᠲᠡᠭᠰᠢ ᠳᠥᠷᠪᠡᠯᠵᠢᠨ ᠺᠢᠯᠣᠮᠧᠲᠷ ᠤᠨ ᠤᠰᠤᠨ ᠣᠷᠣᠨ ᠢ ᠪᠦᠷᠢᠯᠳᠦᠭᠦᠯᠵᠦ᠂ ᠦᠬᠠᠢ ᠶᠢᠨ ᠤᠯᠠᠨ ᠲᠦᠮᠡᠨ ᠲᠡᠭᠦᠨ ᠢ | ᠳᠣᠲᠣᠨᠣᠰᠤᠭ ᠢᠶᠠᠷ ︽ᠦᠬᠠᠢ ᠨᠠᠭᠤᠷ︾ ᠭᠡᠵᠦ ᠨᠡᠷᠡᠯᠡᠳᠡᠭ᠃ ᠪᠢᠳᠡ ︽ᠦᠬᠠᠢ ᠨᠠᠭᠤᠷ︾ ᠤᠨ ᠡᠷᠭᠢᠨ | ᠲᠣᠭᠤᠷᠢᠨ ᠤ ᠣᠨᠴᠠᠯᠢᠭ ᠪᠦᠬᠦᠢ ᠪᠠᠶᠢᠭᠠᠯᠢ ᠶᠢᠨ ᠬᠥᠮᠦᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ | ᠲᠦᠰᠢᠭᠯᠡᠨ᠂ ᠡᠯᠡᠰᠦ ᠤᠰᠤ ᠶᠢ ᠤᠶᠠᠯᠳᠤᠭᠤᠯᠤᠭᠰᠠᠨ᠂ ᠬᠠᠷᠢᠯᠴᠠᠨ ᠠᠰᠢᠭᠲᠠᠶ ᠵᠢᠭᠤᠯᠴᠢᠯᠠᠯ ᠤᠨ ᠡᠬᠢ ᠪᠠᠶᠠᠯᠢᠭ ᠢ | ᠪᠦᠷᠢᠯᠳᠦᠭᠦᠯᠵᠤ᠂ ︽ᠦᠬᠠᠶ ᠨᠠᠭᠤᠷ︾ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠦᠬᠠᠶ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠣᠯᠠᠨ ᠲᠦᠮᠡᠨ ᠤ ᠰᠡᠯᠡᠭᠦᠴᠡᠯ ᠵᠤᠭ᠎ᠠ ᠴᠡᠩᠭᠡᠯ᠂ ᠵᠢᠭᠤᠯᠴᠢᠯᠠᠯ ᠠᠮᠠᠷᠠᠯᠲᠠ ᠶᠢᠨ | ᠲᠡᠷᠢᠭᠦᠨ ᠰᠣᠩᠭᠤᠯᠲᠠ ᠪᠣᠯᠵᠠᠶ᠃ ᠡᠭᠦᠨ ᠤ ᠬᠠᠮᠲᠤ᠂ ︽ᠦᠬᠠᠶ ᠨᠠᠭᠤᠷ︾ ᠬᠢᠭᠡᠳ ᠣᠷᠠᠨᠳᠦ᠋ᠰᠢ ᠠᠭᠤᠯᠠᠨ ᠤ | ᠬᠠᠳᠠᠨ ᠵᠢᠷᠤᠭ᠂ ᠯᠦᠩ ᠶᠢᠦ ᠸᠠᠨ ᠤ ᠨᠤᠭᠤ ᠭᠠᠵᠠᠷ ᠵᠡᠷᠭᠡ ᠵᠢᠭᠤᠯᠴᠢᠯᠠᠯ ᠤᠨ ᠡᠭᠢ ᠪᠠᠶᠠᠯᠢᠭ ᠢ ᠪᠦᠲᠦᠮᠵᠢᠳᠡᠢ ᠪᠠᠷ | ᠡᠮᠬᠢᠯᠡᠨ ᠨᠡᠶᠢᠯᠡᠬᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠢ ᠬᠥᠭᠵᠢᠭᠦᠯᠵᠤ᠂ ︽ᠡᠯᠡᠰᠦᠨ ᠴᠦᠯ ᠳᠤ | ᠢᠷᠡᠵᠦ ᠦᠬᠠᠢ ᠨᠠᠭᠤᠷ ᠢ ᠰᠣᠨᠢᠷᠬᠠᠵᠤ᠂ ᠦᠬᠠᠶ ᠶᠢᠨ ᠥᠯᠢᠭᠡᠷ ᠢ ᠰᠣᠨᠣᠰᠬᠤ︾ ᠨᠠᠷᠠᠲᠤ ᠲᠥᠷᠥᠯ ᠲᠡᠮᠳᠡᠭᠲᠦ ᠶᠢᠨ | ᠠᠯᠳᠠᠷᠰᠢᠯ ᠲᠠᠰᠤᠷᠠᠯᠲᠠ ᠥᠬᠡᠶ ᠳᠡᠭᠡᠭᠰᠢᠯᠡᠪᠡ᠃ ᠨᠥᠭᠦᠭᠡ ᠲᠠᠯ᠎ᠠ ᠪᠠᠷ᠂ ᠬᠠᠳᠤᠨ ᠭᠤᠤᠯ ᠦᠬᠠᠶ ᠬᠤᠲᠠ ᠪᠠᠷ | ᠤᠷᠤᠰᠣᠨ ᠥᠩᠭᠡᠷᠡᠵᠦ᠂ ᠬᠤᠶᠠᠷ ᠡᠷᠭᠢ ᠶᠢᠨ ᠡᠯᠡᠰᠦ ᠮᠠᠩᠬ᠎ᠠ᠂ ᠨᠣᠭᠤᠭᠠᠨ ᠪᠦᠷᠢᠳᠦ᠂ ᠥᠨᠳᠥᠷ ᠠᠭᠤᠯᠠ ᠯᠤᠭ᠎ᠠ | ᠣᠷᠭᠠᠨᠢᠭ ᠢᠶᠠᠷ ᠠᠭᠤᠰᠣᠯᠴᠠᠵᠤ᠂ ᠡᠳᠦᠷ ᠪᠦᠷᠢ ᠶᠢᠨ ︽ᠤᠷᠲᠤ ᠮᠦᠷᠡᠨ ᠳᠤ ᠨᠠᠷᠠᠨ ᠣᠨᠠᠬᠤᠶᠠ᠂ ᠶᠡᠭᠡ ᠡᠯᠡᠰᠦᠨ | ᠤ ᠣᠳᠤᠭ᠎ᠠ ᠡᠭᠴᠡ︾ ᠦᠵᠡᠰᠬᠦᠯᠡᠩᠲᠦ ᠰᠠᠶᠢᠬᠠᠨ ᠦᠵᠡᠮᠵᠢ ᠨᠢ ᠦᠬᠠᠶ ᠬᠤᠲᠠ ᠶᠢᠨ ᠰᠣᠶᠣᠯ ᠵᠢᠭᠤᠯᠴᠢᠯᠠᠯ ᠤᠨ | ᠠᠵᠤ ᠦᠢᠯᠡᠰ ᠢ ᠬᠥᠭᠵᠢᠭᠦᠯᠬᠦ ᠥᠪᠡᠷᠮᠢᠴᠡ ᠨᠡᠷ᠎ᠡ ᠶᠢᠨ ᠬᠠᠭᠤᠳᠠᠰᠤ ᠪᠣᠯᠵᠠᠶ᠃ | | | | | | ᠱᠢ ᠸᠠᠨ ᠵᠢᠶᠦ᠋ᠨ ᠬᠠᠳᠤᠨ ᠭᠤᠤᠯ ᠤᠨ ᠬᠤᠶᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ ᠤᠨ | ᠲᠤᠤᠷ᠎ᠠ ᠬᠠᠶᠢᠷᠤᠪ ᠤᠨ ᠪᠤᠯᠤᠩ ᠤᠨ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠣᠯᠵᠣ | ᠪᠠᠶᠢᠭ᠎ᠠ ᠨᠢ | | | ᠦᠬᠠᠶ ᠬᠤᠲᠠ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ᠵᠢᠭᠤᠯᠴᠢᠯᠠᠯ +︾ ᠠᠵᠤ ᠦᠢᠯᠡᠰ ᠢ | ᠠᠭᠤᠰᠣᠯᠴᠠᠭᠤᠯᠬᠤ ᠶᠢ ᠶᠡᠬᠡᠪᠡᠷ ᠬᠥᠭᠵᠢᠭᠦᠯᠬᠦ ᠪᠠᠷ ᠳᠠᠮᠵᠢᠭᠤᠯᠤᠨ᠂ ᠵᠢᠭᠤᠯᠴᠢᠯᠠᠯ ᠤᠨ ᠦᠢᠯᠡᠰ ᠤᠨ ᠲᠠᠲᠠᠬᠤ | ᠬᠦᠴᠦᠨ᠂ ᠠᠭᠤᠰᠣᠯᠴᠠᠬᠤ ᠴᠢᠳᠠᠪᠤᠷᠢ ᠵᠢᠴᠢ ᠲᠦᠷᠭᠡᠳᠬᠡᠬᠦ᠂ ᠬᠤᠷᠠᠮᠳᠣᠭᠤᠯᠬᠤ ᠦᠢᠯᠡᠳᠦᠯ ᠢᠶᠠᠨ ᠬᠦᠢᠴᠡᠳ | ᠪᠠᠳᠠᠷᠠᠭᠤᠯᠵᠤ᠂ ᠬᠤᠯᠪᠤᠭᠳᠠᠯ ᠪᠦᠬᠦᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ | ᠬᠥᠭᠵᠢᠯᠲᠡ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠪᠡ᠃ ︽ᠵᠢᠭᠤᠯᠴᠢᠯᠠᠯ + ᠰᠣᠶᠣᠯ︾ ᠢᠶᠠᠷ ᠦᠬᠠᠶ ᠶᠢᠨ | ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠴᠦ᠂ ᠬᠠᠲᠤᠨ ᠭᠤᠤᠯ ᠤᠨ ᠭᠡᠷᠡᠯᠲᠦ ᠰᠤᠪᠤᠳ · ᠳᠤᠮᠳᠠᠳᠤ ᠤᠯᠤᠰ ᠤᠨ | ᠦᠬᠠᠶ ᠶᠢᠨ ᠤᠷᠠᠨ ᠪᠢᠴᠢᠯᠭᠡ ᠤᠷᠠᠯᠢᠭ ᠤᠨ ᠨᠠᠶᠢᠷ᠂ ᠲᠡᠯᠡᠬᠡᠢ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ | ᠰᠣᠶᠣᠯ ᠤᠷᠠᠯᠢᠭ ᠤᠨ ᠨᠠᠶᠢᠷ᠂ ᠣᠯᠠᠨ ᠤᠯᠤᠰ ᠤᠨ ᠤᠷᠠᠨ ᠪᠢᠴᠢᠯᠭᠡ ᠶᠢᠨ ᠠᠵᠤ ᠦᠢᠯᠡᠰ ᠤᠨ ᠦᠵᠡᠰᠬᠦᠯᠡᠩ ᠵᠡᠷᠭᠡ | ᠨᠠᠷᠠᠲᠤ ᠲᠡᠮᠳᠡᠭᠲᠦ ᠶᠢᠨ ᠦᠪᠡᠳᠡᠭᠰᠢ ᠨᠠᠶᠢᠷ ᠢ ᠤᠷᠢᠳ ᠬᠤᠵᠢᠳ ᠡᠷᠭᠢᠯᠡᠪᠡ᠃ ᠣᠳᠣ ᠦᠶ᠎ᠡ ᠶᠢᠨ ᠳᠤᠮᠳᠠᠳᠤ | ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠪᠣᠯ ᠤᠯᠤᠰ ᠤᠨ ᠲᠤᠲᠤᠭᠠᠲᠤ ᠶᠢᠨ ᠣᠳᠣᠬᠠᠨ ᠤ | ᠬᠡᠪᠴᠢᠶ᠎ᠡ ᠪᠠᠷ ᠬᠠᠮᠤᠭ ᠤᠨ ᠶᠡᠭᠡ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠤ ᠨᠢᠭᠡ ᠪᠣᠯᠤᠨ᠎ᠠ᠃ ᠤᠯᠤᠰ ᠤᠨ | 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ︽ᠤᠷᠠᠨ ᠪᠢᠴᠢᠯᠭᠡ ᠶᠢᠨ ᠬᠤᠳᠠ︾ | ᠨᠢᠭᠡᠨᠲᠡ ᠦᠬᠠᠶ ᠶᠢᠨ ᠰᠢᠨ᠎ᠡ ᠬᠤᠲᠠ ᠶᠢᠨ ᠨᠡᠷ᠎ᠡ ᠶᠢᠨ ᠬᠠᠭᠤᠳᠠᠰᠤ ᠪᠣᠯᠪᠠ︔ ︽ᠵᠢᠭᠤᠯᠴᠢᠯᠠᠯ + ᠪᠡᠶ᠎ᠡ ᠶᠢᠨ ᠲᠠᠮᠢᠷ | ︾ ᠢᠶᠠᠷ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠯᠬᠤᠴᠠ ᠶᠢ ᠳᠡᠭᠡᠭᠰᠢᠯᠡᠭᠦᠯᠵᠦ᠂ ᠮᠠᠷᠠᠽᠤᠨ᠂ | ᠳᠤᠭᠤᠶ ᠲᠡᠷᠭᠡ᠂ ᠳᠠᠷᠪᠠᠭᠤᠯᠲᠤ ᠬᠠᠪᠲᠠᠰᠤ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠲᠡᠰ ᠤᠨ | ᠤᠷᠤᠯᠳᠤᠭᠠᠨ ᠢ ᠢᠳᠡᠪᠬᠢᠲᠡᠢ ᠡᠷᠬᠢᠯᠡᠵᠦ᠂ ᠨᠢᠭᠡ ᠪᠦᠯᠦᠭ ᠣᠷᠣᠨ ᠪᠦᠰᠡ ᠶᠢᠨ ᠰᠣᠳᠣᠨ ᠵᠢᠭᠤᠯᠴᠢᠯᠠᠯ ᠤᠨ ᠵᠠᠮ | ᠱᠤᠭᠤᠮ ᠵᠢᠴᠢ ᠭᠡᠷ ᠤᠨ ᠭᠠᠳᠠᠨᠠᠬᠢ ᠥᠷᠭᠡᠳᠬᠡᠬᠦ ᠲᠥᠷᠥᠯ ᠵᠦᠢᠯ ᠢ ᠪᠤᠶᠢᠵᠢᠭᠤᠯᠵᠤ᠂ ᠵᠢᠭᠤᠯᠴᠢᠯᠠᠯ᠂ ᠪᠡᠶ᠎ᠡ | ᠲᠠᠮᠢᠷ ᠤᠨ ᠤᠷᠤᠯᠳᠤᠭᠠᠨ᠂ ᠰᠣᠶᠣᠯ ᠤᠨ ᠠᠵᠢᠯᠯᠠᠭ᠎ᠠ ᠶᠢ ᠨᠢᠭᠡ ᠴᠣᠭᠴᠠᠵᠢᠭᠤᠯᠤᠭᠰᠠᠨ ᠬᠠᠳᠤᠨ ᠭᠤᠤᠯ ᠤᠨ ᠦᠬᠠᠶ | ᠨᠠᠭᠤᠷ ᠢ ᠲᠤᠭᠤᠷᠢᠭᠰᠠᠨ ᠰᠢᠯᠢᠳᠡᠭ ᠵᠠᠮ ᠱᠤᠭᠤᠮ ᠢ ᠪᠠᠶᠢᠭᠤᠯᠵᠤ᠂ ᠦᠬᠠᠶ ᠶᠢᠨ ᠨᠥᠯᠥᠭᠡᠯᠡᠬᠦ ᠬᠦᠴᠦᠨ ᠢ ᠤᠯᠠᠮ | ᠨᠢᠭᠡ ᠠᠯᠬᠤᠮ ᠥᠷᠭᠡᠳᠬᠡᠪᠡ︔ ︽ᠵᠢᠭᠤᠯᠴᠢᠯᠠᠯ + ᠲᠠᠷᠢᠶᠠᠯᠠᠩ︾ ᠢᠶᠠᠷ ᠣᠨᠴᠠᠯᠢᠭᠲᠤ ᠬᠥᠳᠡᠭᠡ ᠲᠣᠰᠬᠤᠨ ᠤ | ᠵᠢᠭᠤᠯᠴᠢᠯᠠᠯ ᠤᠨ ᠳᠡᠰ ᠳᠡᠪᠰᠢᠬᠦ ᠶᠢ ᠳᠠᠶᠢᠴᠢᠯᠠᠵᠤ᠂ ᠬᠠᠪᠤᠷ ᠲᠠᠭᠠᠨ ᠴᠡᠴᠡᠭ ᠰᠣᠨᠢᠷᠬᠠᠬᠤ᠂ ᠵᠤᠨ ᠳᠠᠭᠠᠨ ᠵᠤᠰᠠᠬᠤ᠂ | ᠨᠠᠮᠤᠷ ᠲᠠᠭᠠᠨ ᠵᠢᠮᠢᠰ ᠲᠡᠭᠦᠬᠦ᠂ ᠡᠪᠦᠯ ᠳᠡᠭᠡᠨ ᠴᠠᠰᠤ ᠰᠣᠨᠢᠷᠬᠠᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ | ᠶᠣᠰᠣᠭᠠᠷ᠂ ᠥᠪᠡᠷᠮᠢᠴᠡ ᠣᠨᠴᠠᠯᠢᠭ ᠪᠦᠬᠦᠢ ᠪᠡᠶᠡᠴᠢ ᠣᠶᠢᠯᠠᠭᠠᠯᠳᠠ ᠪᠠᠷ ᠲᠤᠲᠤᠭᠠᠲᠤ ᠬᠥᠳᠡᠯᠭᠡᠬᠦ ᠬᠦᠴᠦᠨ | ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠥᠪᠡᠷ ᠤᠨ ᠣᠨᠴᠠᠯᠢᠭ | ᠪᠦᠬᠦᠢ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠲᠠᠶᠢᠴᠢᠯᠠᠵᠤ᠂ ᠪᠠᠬ᠎ᠠ ᠶᠢ ᠲᠠᠳᠠᠭᠰᠠᠨ ᠬᠠᠳᠤᠨ | ᠭᠤᠣᠯ ᠤᠨ ᠵᠣᠴᠢᠳ ᠤᠨ ᠪᠠᠭᠤᠳᠠᠯ᠂ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠦᠩᠭᠡ ᠦᠵᠡᠮᠵᠢ᠂ | ᠳᠥᠷᠪᠡᠨ ᠤᠯᠠᠷᠢᠯ ᠤᠨ ᠭᠤᠸ᠎ᠠ ᠵᠢᠮᠢᠰ ᠢᠳᠡᠰᠢᠨ ᠨᠣᠭᠤᠭ᠎ᠠ ᠲᠡᠭᠦᠬᠦ ᠪᠡᠶᠡᠴᠢ ᠣᠶᠢᠯᠠᠭᠠᠯᠳᠠ ᠨᠢ | ᠵᠢᠭᠤᠯᠴᠢᠯᠠᠭᠴᠢᠳ ᠤᠨ ᠠᠩᠬᠠᠷᠤᠯ ᠢ ᠲᠠᠲᠠᠵᠠᠶ᠃ | ᠳᠤᠮᠳᠠᠳᠤ ᠤᠯᠤᠰ ᠤᠨ ᠰᠦᠯᠵᠢᠶᠡᠨ ᠤ ᠰᠤᠷᠪᠤᠯᠵᠢᠯᠠᠭᠴᠢ᠄ ᠲᠤᠮᠳᠠᠲᠤ ᠣᠯᠣᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠣᠶᠢᠷ᠎ᠠ ᠳᠤ ᠬᠤᠷᠠᠯ ᠬᠤᠷᠠᠯᠳᠤᠭᠤᠯᠵᠤ᠂ ︽ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ | ᠲᠥᠯᠥᠪᠵᠢᠭᠦᠯᠭᠡ ᠶᠢᠨ ᠬᠥᠲᠥᠯᠪᠦᠷᠢ︾ ᠶᠢ ᠬᠢᠨᠠᠨ ᠵᠥᠪᠯᠡᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠠᠳᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠣᠨᠴᠠᠯᠢᠭᠲᠤ | ᠳᠠᠪᠠᠭᠤᠯᠢᠭ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠤᠳᠠ ᠶᠢᠨ ᠬᠥᠭᠵᠢᠯᠲᠡ ᠶᠢᠨ | ᠪᠠᠶᠢᠷᠢᠰᠢᠯ ᠢᠶᠠᠨ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠡᠷᠡᠭᠳᠡᠢ ᠬᠡᠵᠡᠢ᠃ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠵᠤ ᠦᠢᠯᠡᠰ ᠠᠴᠠ ᠭᠠᠳᠠᠨ᠎ᠠ᠂ ᠦᠬᠠᠶ ᠬᠤᠲᠠ | ᠪᠠᠰᠠ ᠶᠠᠮᠠᠷ ᠶᠠᠮᠠᠷ ᠣᠨᠴᠠᠯᠢᠭᠲᠤ ᠠᠵᠤ ᠦᠢᠯᠡᠰ ᠢ ᠬᠥᠭᠵᠢᠭᠦᠯᠦᠭᠰᠡᠨ ᠪᠣᠶ︖ ᠣᠨᠴᠠᠯᠢᠭᠲᠤ ᠠᠵᠤ ᠦᠢᠯᠡᠰ ᠨᠢ | ᠲᠤᠬᠠᠶ ᠶᠢᠨ ᠭᠠᠵᠠᠷ ᠲᠤ ᠶᠠᠮᠠᠷ ᠨᠥᠯᠥᠭᠡ ᠦᠵᠡᠭᠦᠯᠦᠭᠰᠡᠨ ᠪᠤᠢ︖ ᠠᠷᠠᠳ ᠢᠷᠭᠡᠳ ᠤᠨ ᠬᠦᠷᠲᠡᠮᠵᠢ ᠶᠢᠨ | ᠲᠦᠷᠦᠭᠳᠡᠯ ᠢ ᠬᠡᠷᠬᠢᠨ ᠳᠡᠭᠡᠭᠰᠢᠯᠡᠭᠦᠯᠬᠦ ᠪᠤᠢ︖ | ᠱᠢ ᠸᠠᠨ ᠵᠢᠶᠦ᠋ᠨ᠄ ᠣᠯᠠᠨ ᠵᠢᠯ ᠤᠨ ᠲᠤᠷᠰᠢ᠂ ᠦᠬᠠᠢ ᠬᠤᠳᠠ ᠠᠮᠢ ᠠᠬᠤᠶᠢᠴᠢᠯᠠᠭᠰᠠᠨ᠂ ᠣᠨᠴᠠᠯᠢᠭ ᠲᠠᠢ᠂ | ᠥᠨᠳᠥᠷ ᠦᠷ᠎ᠡ ᠠᠰᠢᠭ ᠲᠠᠢ᠂ ᠰᠣᠳᠣᠨ ᠬᠥᠳᠡᠭᠡ ᠠᠵᠤ ᠠᠬᠤᠢ ᠶᠢᠨ ᠬᠦᠭᠵᠢᠯᠳᠡ ᠶᠢᠨ ᠵᠠᠮ ᠢ ᠢᠮᠠᠭᠲᠠ | ᠪᠠᠷᠢᠮᠲᠠᠯᠠᠵᠤ᠂ ᠤᠨᠴᠠᠯᠢᠬᠳᠤ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ | ᠤᠷᠲᠤᠳᠬᠠᠪᠠ᠃ ᠦᠵᠦᠮ ᠤᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠦᠬᠠᠶ ᠬᠤᠲᠠ ᠳᠤ ᠣᠲᠣ | ᠦᠵᠦᠮ ᠳᠠᠷᠢᠬᠤ᠂ ᠪᠣᠯᠪᠠᠰᠤᠷᠠᠭᠤᠯᠬᠤ᠂ ᠰᠢᠨ᠎ᠡ ᠰᠣᠷᠭᠤᠭ ᠢ ᠪᠠᠲᠤᠯᠠᠬᠤ᠂ ᠬᠦᠢᠯᠭᠡᠭᠡᠨ ᠤ ᠠᠵᠤ ᠠᠬᠤᠶᠢᠯᠠᠯ 30 | ᠪᠣᠯᠵᠣ᠂ ᠦᠵᠦᠮ ᠤᠨ ᠠᠵᠤ ᠦᠢᠯᠡᠰ ᠤᠨ ᠲᠤᠰᠬᠠᠶ ᠬᠤᠷᠰᠢᠶ᠎ᠠ 12 ᠪᠣᠯᠪᠠ︔ ︽ᠦᠬᠠᠶ ᠶᠢᠨ ᠦᠵᠦᠮ︾ | ᠭᠤᠷᠪᠠᠳᠤᠭᠠᠷ ᠪᠦᠯᠦᠭ ᠤᠨ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ | ᠳᠠᠪᠠᠭᠤᠯᠢᠭ ᠣᠷᠣᠨ᠂ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠲᠤ | ᠰᠣᠩᠭᠤᠭᠳᠠᠪᠠ᠃ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠮᠦᠩᠬᠦᠨᠬᠤᠸᠠᠷ | ᠲᠠᠷᠢᠶᠠᠯᠠᠩ ᠤᠨ ᠰᠡᠯᠡᠭᠦᠴᠡᠯ ᠤᠨ ᠬᠦᠷᠢᠶᠡᠯᠡᠩ᠂ ᠬᠠᠨ ᠰᠧᠨ ᠦᠵᠦᠮ ᠤᠨ ᠠᠷᠢᠬᠢ ᠶᠢᠨ ᠡᠳ᠋ᠯᠡᠩ᠂ ᠵᠢᠢ ᠣᠤ ᠨᠢ | ᠦᠵᠦᠮ ᠤᠨ ᠭᠤᠣᠯ ᠰᠡᠳᠦᠪᠲᠦ ᠡᠳ᠋ᠯᠡᠩ᠂ ᠶᠦᠨ ᠹᠧᠢ ᠶᠢᠨ ᠦᠵᠦᠮ ᠲᠡᠭᠦᠬᠦ ᠵᠡᠷᠭᠡ ᠲᠥᠷᠥᠯ ᠵᠦᠢᠯ ᠢᠶᠠᠷ | ᠲᠤᠯᠭᠠᠭᠤᠷᠢ ᠪᠤᠯᠭᠠᠵᠤ᠂ ᠶᠡᠭᠡ ᠬᠡᠮᠵᠢᠶᠡᠨ ᠤ ᠲᠠᠷᠢᠶᠠᠴᠢᠨ ᠠᠶᠢᠯ᠂ ᠵᠢᠭᠠᠰᠤᠴᠢᠨ ᠠᠶᠢᠯ ᠢᠶᠠᠷ ᠨᠦᠬᠦᠪᠦᠷᠢᠯᠡᠵᠦ᠂ | ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠪᠠᠶᠢᠳᠠᠯ ᠢ ᠠᠯᠬᠤᠮ ᠠᠯᠬᠤᠮ ᠢᠶᠠᠷ ᠪᠤᠢ ᠪᠣᠯᠭᠠᠵᠤ᠂ ᠦᠬᠠᠶ | ᠬᠤᠲᠠ ᠳᠤ ᠣᠲᠣ ᠤᠯᠤᠰ ᠤᠨ ᠲᠠᠰ ᠤᠨ ᠰᠡᠯᠡᠭᠦᠴᠡᠯ ᠤᠨ ᠲᠠᠷᠢᠶᠠᠯᠠᠩ ᠤᠨ ᠵᠢᠱᠢᠶ᠎ᠡ ᠦᠵᠡᠭᠦᠯᠬᠦ ᠴᠢᠭ 2᠂ ᠦᠪᠦᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠡᠯᠡᠭᠦᠴᠡᠯ ᠤᠨ ᠲᠠᠷᠢᠶᠠᠯᠠᠩ ᠤᠨ ᠴᠢᠭ 5 ᠪᠣᠶ᠃ | ᠦᠵᠦᠮ ᠤᠨ ᠠᠵᠤ ᠦᠢᠯᠡᠰ ᠤᠨ ᠲᠣᠭᠤᠷᠢᠨ ᠳᠤ᠂ ᠦᠬᠠᠶ ᠬᠤᠲᠠ ︽ᠦᠵᠦᠮ ᠳᠠᠷᠢᠬᠤ + ᠦᠵᠦᠮ ᠤᠨ | ᠠᠷᠢᠬᠢ ᠦᠢᠯᠡᠳᠪᠦᠷᠢᠯᠡᠵᠦ ᠡᠵᠡᠩᠨᠡᠨ ᠪᠣᠷᠣᠯᠠᠭᠤᠯᠬᠤ + ᠤᠨᠴᠠᠯᠢᠭᠳᠤ ᠵᠢᠭᠤᠯᠴᠢᠯᠠᠯ + ᠦᠵᠦᠮ ᠤᠨ ᠠᠷᠢᠬᠢ ᠶᠢᠨ | ᠰᠣᠶᠣᠯ ᠤᠨ ᠭᠠᠳᠠᠭᠠᠳᠤ ᠳᠠᠬᠢ ᠰᠣᠯᠢᠯᠴᠠᠭ᠎ᠠ︾ ᠤᠶᠠᠯᠳᠤᠭᠤᠯᠤᠭᠰᠠᠨ ᠠᠵᠤ ᠦᠢᠯᠡᠰ ᠤᠨ ᠲᠥᠪᠯᠡᠷᠡᠨ ᠬᠥᠭᠵᠢᠬᠦ | ᠰᠢᠨ᠎ᠡ ᠵᠠᠭᠪᠤᠷ ᠢ ᠪᠠᠶᠢᠭᠤᠯᠪᠠ᠃ 2020 ᠣᠨ ᠤ ᠨᠢᠭᠡᠳᠦᠭᠡᠷ ᠤᠯᠠᠷᠢᠯ ᠳᠤ᠂ 500 ᠲᠦᠮᠡᠨ ᠲᠥᠭᠦᠷᠢᠭ ᠠᠴᠠ | ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 3323 ᠲᠦᠮᠡᠨ ᠲᠥᠭᠦᠷᠢᠭ ᠤᠨ ᠪᠣᠷᠣᠯᠠᠭᠤᠯᠤᠯᠲᠠ ᠶᠢᠨ | ᠣᠷᠣᠯᠭ᠎ᠠ ᠶᠢ ᠪᠡᠶᠡᠯᠡᠭᠦᠯᠪᠡ᠃ ᠠᠵᠤ ᠦᠢᠯᠡᠰ ᠤᠨ ᠬᠥᠭᠵᠢᠯᠲᠡ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠪᠠᠲᠤᠯᠠᠬᠤ ᠦᠨᠳᠦᠰᠦᠨ ᠠᠷᠭ᠎ᠠ ᠬᠡᠮᠵᠢᠶ᠎ᠡ ᠪᠣᠯᠭᠠᠵᠤ᠂ ︽ | ᠲᠣᠯᠣᠭᠠᠶᠢᠯᠠᠭᠴᠢ ᠠᠵᠤ ᠠᠬᠤᠶᠢᠯᠠᠯ + ᠬᠤᠷᠰᠢᠶᠠᠵᠢᠯ + ᠶᠠᠳᠠᠭᠤ ᠬᠦᠴᠢᠷᠳᠡᠯᠲᠡᠢ ᠡᠷᠦᠬᠡ︾ ᠶᠢᠨ ᠶᠠᠳᠠᠭᠤ ᠶᠢ | ᠲᠡᠳᠭᠦᠭᠦ ᠵᠠᠭᠪᠤᠷ ᠢ ᠳᠡᠯᠭᠡᠷᠡᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ ᠬᠢᠭᠡᠳ ᠶᠠᠳᠠᠭᠤ ᠬᠦᠴᠢᠷᠳᠡᠯᠲᠡᠢ | ᠡᠷᠦᠬᠡ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ 100% ᠪᠠᠷ ᠪᠠᠶᠢᠭᠤᠯᠤᠵᠤ᠂ 2220 ᠲᠦᠮᠡᠨ | ᠲᠥᠭᠦᠷᠢᠭ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ | ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ | ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠬᠠᠨᠤᠮᠵᠢᠲᠠᠶ ᠡᠰᠡᠬᠦ ᠶᠢ | ᠠᠵᠢᠯ ᠤᠨ ᠦᠷ᠎ᠡ ᠪᠦᠲᠦᠮᠵᠢ ᠶᠢ ᠰᠢᠯᠭᠠᠬᠤ ᠦᠨᠳᠦᠰᠦᠨ ᠪᠠᠷᠢᠮᠵᠢᠶ᠎ᠠ ᠪᠣᠯᠭᠠᠵᠤ᠂ ᠴᠠᠭ ᠢᠮᠠᠭᠲᠠ ᠣᠯᠠᠨ ᠲᠦᠮᠡᠨ ᠤ | ᠶᠠᠪᠤᠳᠠᠯ ᠢ ᠰᠡᠳᠬᠢᠯ ᠳᠡᠭᠡᠨ ᠲᠠᠯᠪᠢᠵᠤ᠂ ᠭᠠᠷ ᠲᠠᠭᠠᠨ ᠠᠳᠬᠤᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠰᠤᠷᠭᠠᠨ ᠬᠥᠮᠦᠵᠢᠯ᠂ ᠠᠵᠢᠯ ᠣᠯᠭᠤᠯᠲᠠ᠂ ᠣᠷᠣᠯᠭ᠎ᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ ᠤᠨ | ᠠᠰᠠᠷᠠᠮᠵᠢ᠂ ᠣᠷᠣᠨ ᠰᠠᠭᠤᠴᠠ᠂ ᠣᠷᠴᠢᠨ ᠲᠣᠭᠤᠷᠢᠨ ᠵᠡᠷᠭᠡ ᠲᠠᠯ᠎ᠠ ᠪᠠᠷ ᠬᠢ ᠪᠣᠳᠠᠲᠠᠶ ᠬᠦᠴᠢᠷᠳᠡᠯ ᠢ ᠰᠠᠶᠢᠲᠤᠷ | ᠰᠢᠢᠳᠪᠦᠷᠢᠯᠡᠵᠦ᠂ ᠨᠠᠩ ᠣᠯᠠᠨ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠡᠳ᠋ᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢᠶᠠᠷ ᠵᠢᠱᠢᠶᠡᠯᠡᠪᠡᠯ᠂ ᠦᠬᠠᠶ | ᠬᠤᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠬᠠᠷᠠᠯᠲᠠ | ᠱᠠᠭᠠᠷᠳᠠᠯᠭ᠎ᠠ ᠶᠢ ᠪᠠᠷᠢᠮᠵᠢᠶ᠎ᠠ ᠶᠣᠰᠣᠭᠠᠷ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠭᠤᠣᠯᠳᠠᠯᠭ᠎ᠠ ᠲᠠᠢ ᠠᠵᠢᠯ ᠳᠤ | ᠫᠠᠶᠢᠰᠠ ᠡᠯᠭᠦᠨ ᠬᠢᠨᠠᠨ ᠵᠢᠯᠣᠭᠤᠳᠴᠤ᠂ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠰᠢᠢᠳᠪᠦᠷᠢᠯᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ︽ᠬᠤᠶᠠᠷ ᠲᠤ ᠵᠣᠪᠠᠭ᠋ᠤ ᠥᠬᠡᠶ ᠭᠤᠷᠪᠠ ᠶᠢ | ᠪᠠᠲᠤᠯᠠᠬᠤ︾ ᠶᠢ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠵᠤ᠂ ︽ᠬᠤᠲᠠ ᠬᠥᠳᠡᠭᠡ ᠶᠢ | ᠠᠭᠤᠰᠤᠯᠴᠠᠭᠤᠯᠤᠨ ᠤᠷᠢᠳᠠᠪᠠᠷ ᠬᠥᠭᠵᠢᠭᠦᠯᠬᠦ ᠣᠷᠣᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠢ | ᠤᠶᠠᠯᠳᠤᠭᠤᠯᠤᠨ᠂ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠵᠦ᠂ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ 2019 ᠣᠨ ᠤ ᠰᠡᠭᠦᠯᠴᠢ ᠪᠠᠷ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 2010 ᠣᠨ | ᠤ ᠬᠢ ᠠᠴᠠ ᠬᠤᠶᠠᠷ ᠲᠠᠬᠢᠨ ᠨᠡᠮᠡᠭᠳᠡᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢᠯᠠᠩᠭᠤᠶ᠎ᠠ ᠶᠠᠳᠠᠭᠤ | ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠣᠯᠠᠮ ᠰᠠᠶᠢᠵᠢᠷᠠᠵᠤ᠂ ᠨᠡᠩ ᠤᠯᠠᠨ ᠬᠦᠷᠲᠡᠮᠵᠢ ᠶᠢᠨ ᠲᠦᠷᠦᠭᠳᠡᠯ | ᠵᠢᠷᠭᠠᠯᠲᠤ ᠲᠦᠷᠦᠭᠳᠡᠯ ᠲᠠᠢ ᠪᠣᠯᠪᠠ᠃ | | | | | ᠱᠢ ᠸᠠᠨ ᠵᠢᠶᠦ᠋ᠨ ᠬᠠᠶᠢᠨᠠᠨ ᠲᠣᠭᠤᠷᠢᠭ ᠤᠨ ᠬᠠᠳᠤᠨ ᠭᠤᠣᠯ ᠤᠨ ᠴᠢᠯᠠᠭᠤᠨ ᠪᠤᠳᠤᠭ ᠵᠢᠷᠤᠬᠤ ᠠᠵᠢᠯ ᠤᠨ | ᠳᠠᠰᠤᠭ ᠲᠤ᠂ ᠬᠠᠳᠤᠨ ᠭᠤᠤᠯ ᠤᠨ ᠰᠣᠶᠣᠯ ᠤᠨ ᠤᠬᠠᠭᠤᠯᠭ᠎ᠠ᠂ ᠵᠢᠭᠤᠯᠴᠢᠯᠠᠯ ᠤᠨ ᠠᠵᠤ ᠦᠢᠯᠡᠰ ᠤᠨ | ᠲᠥᠯᠥᠪᠵᠢᠭᠦᠯᠭᠡ ᠵᠡᠷᠭᠡ ᠪᠠᠶᠢᠳᠠᠯ ᠢ ᠣᠶᠢᠯᠠᠭᠠᠵᠤ ᠪᠠᠶᠢᠭ᠎ᠠ ᠨᠢ | | ᠳᠤᠮᠳᠠᠳᠤ ᠤᠯᠤᠰ ᠤᠨ ᠰᠦᠯᠵᠢᠶᠡᠨ ᠤ ᠰᠤᠷᠪᠤᠯᠵᠢᠯᠠᠭᠴᠢ᠄ ᠠᠵᠤ ᠠᠬᠤᠶ ᠶᠢᠨ ᠲᠡᠭᠡᠲᠤ ᠬᠤᠷᠳᠤᠴᠠᠲᠤ | ᠨᠡᠮᠡᠭᠳᠡᠯ ᠤᠨ ᠱᠠᠲᠤᠨ ᠠᠴᠠ ᠪᠠᠨ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠰᠢᠯᠵᠢᠬᠦ ᠶᠢ ᠳᠠᠭᠠᠯᠳᠤᠨ᠂ | ᠨᠡᠶᠢᠲᠡᠯᠢᠭ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠳᠪᠦᠷᠢ ᠶᠢᠨ ᠬᠤᠲᠠ ᠪᠣᠯᠤᠭᠰᠠᠨ ᠤ ᠬᠤᠪᠢ ᠳᠤ᠂ ᠦᠬᠠᠶ | ᠬᠤᠲᠠ ᠶᠢᠨ ᠬᠥᠭᠵᠢᠯᠲᠡ ᠶᠢᠨ ᠡᠬᠢ ᠪᠠᠶᠠᠯᠢᠭ ᠤᠨ ᠳᠠᠪᠠᠭᠤᠯᠢᠭ ᠨᠢ ᠠᠭᠠᠵᠢᠮ ᠢᠶᠠᠷ ᠪᠠᠭᠤᠷᠠᠵᠤ ᠪᠤᠢ᠂ ᠤᠳᠤ ᠪᠣᠯ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠦᠭᠵᠢᠯᠳᠡ ᠶᠢᠨ | ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠨᠢᠭᠡ ᠵᠢᠯ ᠤᠨ ᠤᠢ ᠪᠣᠯᠤᠨ᠎ᠠ᠃ ᠡᠶᠢᠮᠦᠷᠬᠦᠤ | ᠪᠠᠶᠢᠳᠠᠯ ᠤᠨ ᠡᠮᠦᠨ᠎ᠡ᠂ ᠦᠬᠠᠶ ᠬᠤᠲᠠ ᠶᠠᠮᠠᠷ ᠶᠠᠮᠠᠷ ᠵᠠᠮ ᠢ ᠬᠠᠶᠢᠵᠦ ᠴᠢᠨᠠᠷ ᠰᠠᠶᠢᠲᠠᠶ ᠬᠥᠭᠵᠢᠯᠲᠡ ᠶᠢᠨ ᠬᠦᠴᠢᠷ | ᠠᠰᠠᠭᠤᠳᠠᠯ ᠢᠶᠠᠨ ᠰᠢᠢᠳᠪᠦᠷᠢᠯᠡᠭᠰᠡᠨ ᠪᠣᠶ︖ ᠶᠠᠮᠠᠷ ᠶᠠᠮᠠᠷ ᠦᠷ᠎ᠡ ᠪᠦᠲᠦᠭᠡᠯ ᠣᠯᠤᠭᠰᠠᠨ ᠪᠤᠢ︖ | ᠱᠢ ᠸᠠᠨ ᠵᠢᠶᠦ᠋ᠨ᠄ ᠦᠬᠠᠶ ᠬᠤᠲᠠ ᠬᠥᠭᠵᠢᠭᠡᠳᠦᠶ ᠭᠠᠵᠠᠷ ᠣᠷᠣᠨ ᠤ ᠪᠣᠳᠠᠲᠤ ᠪᠠᠶᠢᠳᠠᠯ ᠳᠠᠭᠠᠨ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠢᠨᠠᠮᠠᠭᠠᠶ ᠲᠤᠤᠱᠯᠠᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ︽ᠳᠥᠷᠪᠡᠨ ᠬᠦᠴᠦᠯᠡᠬᠦ︾ ︽ᠲᠠᠪᠤ ᠶᠢ ᠤᠶᠠᠯᠳᠤᠭᠤᠯᠬᠤ︾ ︽ᠭᠤᠷᠪᠠᠨ ᠯᠠᠪᠳᠠᠭᠤᠨ ᠪᠠᠲᠤᠲᠠᠶ | ︾ ᠵᠡᠷᠭᠡ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠲᠦᠭᠡᠯᠴᠢ ᠪᠠᠷ ᠳᠤᠷᠠᠳᠴᠤ᠂ | ᠶᠡᠭᠡ ᠡᠷᠴᠢᠮ ᠢᠶᠠᠷ ︽ᠣᠷᠣᠨ ᠪᠦᠰᠡ ᠶᠢᠨ ᠰᠢᠨ᠎ᠡ ᠶᠢ ᠡᠭᠦᠳᠬᠦ ᠴᠢᠨᠠᠷᠲᠠᠶ ᠬᠤᠲᠠ ᠶᠢ ᠪᠦᠲᠦᠭᠡᠨ ᠪᠠᠶᠢᠭᠤᠯᠬᠤ ᠪᠠᠷ | ᠶᠡᠷᠦᠩᠬᠡᠶᠢᠯᠡᠨ ᠵᠢᠯᠣᠭᠤᠳᠴᠤ᠂ ᠴᠢᠨᠠᠷ ᠰᠠᠶᠢᠲᠠᠶ ᠬᠥᠭᠵᠢᠯᠲᠡ ᠶᠢᠨ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠰᠢᠵᠦ | ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠪᠣᠯᠤᠨ ᠣᠷᠣᠨ ᠪᠦᠰᠡ ᠶᠢᠨ ᠦᠢᠯᠡᠴᠢᠯᠡᠭᠡᠨ ᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠵᠢᠱᠢᠶ᠎ᠡ ᠦᠵᠡᠭᠦᠯᠬᠦ | ᠣᠷᠣᠨ᠂ ᠬᠤᠲᠠ ᠬᠥᠳᠡᠭᠡ ᠶᠢ ᠠᠭᠤᠰᠤᠯᠴᠠᠭᠤᠯᠤᠨ ᠤᠷᠢᠳᠠᠪᠠᠷ ᠬᠥᠭᠵᠢᠭᠦᠯᠬᠦ ᠣᠷᠣᠨ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠳᠠ ᠶᠢᠨ ᠪᠣᠭᠤᠮᠲᠠ ᠰᠢᠪᠲᠤᠯᠬᠤ ᠣᠷᠣᠨ᠂ ᠪᠡᠯᠡ ᠣᠷᠣᠭᠤᠯᠤᠯᠲᠠ ᠠᠷᠠᠯᠵᠢᠶᠠᠨ ᠤ ᠲᠡᠷᠢᠭᠦᠨ | ᠰᠣᠩᠭᠤᠯᠳᠠ ᠶᠢᠨ ᠣᠷᠣᠨ᠂ ᠰᠢᠯᠢᠳᠡᠭ ᠰᠣᠷᠭᠠᠨ ᠬᠦᠮᠦᠵᠢᠯ ᠰᠢᠯᠢᠳᠡᠭ ᠡᠮᠴᠢᠯᠡᠭᠡᠨ ᠤ ᠲᠦᠭᠡᠮᠡᠯ ᠬᠠᠷᠠᠭᠠᠯᠵᠠᠯ ᠤᠨ | ᠣᠷᠣᠨ︾ ᠭᠡᠬᠦ ᠭᠠᠵᠠᠷ ᠣᠷᠣᠨ ᠤ ᠬᠥᠭᠵᠢᠯᠲᠡ ᠶᠢᠨ ᠰᠡᠳᠬᠢᠴᠡ ᠶᠢ ᠪᠤᠶ ᠪᠤᠯᠭᠠᠵᠤ᠂ ᠦᠬᠠᠶ ᠶᠢᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠪᠡ᠃ ᠦᠬᠠᠶ ᠬᠤᠲᠠ ᠭᠤᠷᠪᠠᠨ ᠵᠢᠯ ᠤᠨ ᠠᠵᠢᠯᠯᠠᠭᠠᠨ ᠤ ᠲᠥᠰᠦᠯ | ᠪᠣᠯᠤᠨ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠢᠵᠢ ᠪᠦᠷᠢᠲᠦᠬᠦᠯᠦᠨ ᠲᠣᠭᠲᠠᠭᠠᠵᠤ᠂ ︽ᠰᠢᠨᠵᠢᠯᠡᠬᠦ ᠤᠬᠠᠭᠠᠨ | ᠮᠡᠷᠭᠡᠵᠢᠯ ᠤᠨ ᠳᠡᠭᠡᠭᠰᠢᠯᠡᠯᠲᠡ ᠶᠢ ᠬᠤᠪᠢᠷᠠᠭᠤᠯᠬᠤ︾ ︽ᠰᠢᠯᠵᠢᠭᠦᠯᠦᠨ ᠵᠠᠯᠭᠠᠬᠤ ᠪᠠᠷ ᠥᠭᠡᠷᠡᠴᠢᠯᠡᠨ ᠬᠤᠪᠢᠷᠠᠭᠤᠯᠬᠤ | ︾ ︽ᠨᠡᠮᠡᠭᠳᠡᠯ ᠤᠨ ᠬᠡᠮᠵᠢᠶ᠎ᠡ ᠶᠢ ᠣᠷᠣᠭᠤᠯᠣᠨ ᠬᠤᠪᠢᠷᠠᠭᠤᠯᠬᠤ︾ ︽ᠪᠦᠲᠦᠴᠡ ᠶᠢ ᠰᠢᠯᠢᠳᠡᠭᠵᠢᠬᠦᠯᠦᠨ | ᠲᠤᠬᠢᠷᠠᠭᠤᠯᠤᠨ ᠬᠤᠪᠢᠷᠠᠭᠤᠯᠬᠤ︾ ︽ᠳᠠᠬᠢᠨ ᠵᠣᠬᠢᠶᠠᠨ ᠪᠠᠶᠢᠭᠤᠯᠵᠤ ᠬᠦᠴᠦᠷᠬᠡᠭᠵᠢᠭᠦᠯᠦᠨ ᠬᠤᠪᠢᠷᠠᠭᠤᠯᠬᠤ︾ | ᠠᠵᠢᠯ ᠤᠨ ᠰᠡᠳᠭᠢᠮᠵᠢ ᠶᠢ ᠲᠣᠭᠲᠠᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠬᠠᠷᠠᠯᠲᠠ᠂ ᠠᠷᠭ᠎ᠠ ᠵᠠᠮ ᠪᠠ ᠠᠷᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠲᠣᠳᠣᠷᠬᠠᠶᠢᠯᠠᠪᠠ᠃ ᠤᠯᠠᠮᠵᠢᠯᠠᠯᠲᠤ ᠠᠵᠤ ᠦᠢᠯᠡᠰ ᠢ ᠢᠳᠡᠪᠬᠢᠲᠡᠢ ᠥᠭᠡᠷᠡᠴᠢᠯᠡᠨ | ᠳᠡᠭᠡᠭᠰᠢᠯᠡᠭᠦᠯᠵᠦ᠂ ᠤᠯᠤᠰ ᠤᠨ ᠨᠡᠭᠦᠷᠡᠰᠦ ᠬᠡᠤᠷᠡᠰᠦ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠬᠢᠮᠢ ᠶᠢᠨ | ᠠᠵᠤ ᠦᠢᠯᠡᠳᠪᠦᠷᠢ ᠶᠢᠨ ᠦᠢᠯᠡᠳᠪᠦᠷᠢᠯᠡᠵᠦ ᠡᠳ᠋ᠰᠢᠭᠦᠯᠬᠦ ᠴᠢᠬᠤᠯᠠ ᠰᠠᠭᠤᠷᠢᠨ ᠭᠠᠵᠠᠷ ᠢ ᠲᠦᠷᠭᠡᠳᠬᠡᠨ ᠪᠦᠲᠦᠭᠡᠨ | ᠪᠠᠶᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠰᠤᠲᠥ᠋ᠷᠥᠭᠴᠢ ᠶᠢᠨ | ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ ᠶᠢ ᠬᠦᠴᠦᠯᠡᠨ ᠪᠠᠶᠢᠭᠤᠯᠵᠤ᠂ ᠪᠠᠷᠠᠭᠠᠨ ᠤ ᠬᠦᠢᠯᠭᠡᠭᠡ ᠵᠡᠷᠭᠡ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠤᠨ ᠠᠭᠤᠰᠤᠯᠴᠠᠨ | ᠬᠥᠭᠵᠢᠬᠦ ᠶᠢ ᠶᠡᠬᠡᠪᠡᠷ ᠲᠦᠯᠬᠢᠨ ᠠᠬᠢᠭᠤᠯᠤᠨ᠎ᠠ᠃ | ᠦᠬᠠᠶ ᠬᠤᠲᠠ ᠨᠢᠭᠡᠨᠲᠡ ᠡᠨᠧᠷᠭᠢ ᠶᠢᠨ ᠰᠤᠷᠪᠤᠯᠵᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ | ᠮᠠᠲ᠋ᠧᠷᠢᠶᠠᠯ᠂ ᠣᠨᠴᠠᠯᠢᠭᠲᠤ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠢᠶᠠᠷ ᠭᠤᠣᠯ ᠤᠳᠤᠷᠢᠳᠤᠮᠵᠢ ᠪᠣᠯᠭᠠᠵᠤ᠂ | ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠤᠢ | ᠪᠣᠯᠤᠭᠰᠠᠨ ᠠᠵᠤ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠤᠨᠴᠠᠯᠢᠭᠳᠤ ᠲᠠᠷᠢᠶᠠᠯᠠᠩ ᠤᠨ | ᠤᠯᠠᠨ ᠡᠰᠢᠵᠢᠨ ᠬᠥᠭᠵᠢᠭᠰᠡᠨ᠂ ᠤᠯᠠᠨ ᠲᠦᠢᠯ ᠤᠨ ᠲᠤᠯᠭᠠᠭᠤᠷᠢᠯᠠᠭᠰᠠᠨ ᠠᠵᠤ ᠠᠬᠤᠶ ᠶᠢᠨ ᠪᠠᠶᠢᠷᠢᠰᠢᠯ ᠢ ᠪᠤᠢ | ᠪᠤᠯᠭᠠᠪᠠ᠃ ᠦᠬᠠᠶ ᠬᠤᠲᠠ ᠡᠬᠢ ᠪᠠᠶᠠᠯᠢᠭ ᠰᠢᠪᠬᠠᠷᠤᠭᠰᠠᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠠᠵᠢᠯ ᠤᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤᠮᠳᠠ ᠪᠦᠬᠦ ᠤᠯᠤᠰ ᠤᠨ 7 ᠰᠢᠯᠢᠳᠡᠭ ᠭᠠᠵᠠᠷ ᠣᠷᠣᠨ ᠤ ᠨᠢᠭᠡ ᠪᠠᠷ | ᠦᠨᠡᠯᠡᠭᠳᠡᠵᠦ᠂ ᠲᠡᠷᠡᠴᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠤᠲᠠ ᠬᠥᠳᠡᠭᠡ ᠶᠢ ᠨᠢᠭᠡ | ᠴᠣᠭᠴᠠᠵᠢᠭᠤᠯᠬᠤ ᠦᠭᠡᠷᠡᠴᠢᠯᠡᠯᠳᠡ ᠶᠢ ᠡᠩ ᠲᠡᠷᠢᠭᠦᠨ ᠳᠤ ᠬᠡᠷᠡᠭᠵᠢᠭᠦᠯᠵᠦ᠂ ᠬᠤᠲᠠ ᠪᠠᠯᠭᠠᠰᠤᠵᠢᠯᠲᠠ ᠶᠢᠨ | ᠨᠣᠷᠮ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃ ᠬᠤᠲᠠ | ᠪᠠᠶᠢᠭᠤᠯᠤᠭᠳᠠᠭᠰᠠᠨ ᠠᠴᠠ ᠨᠠᠰᠢ᠂ ᠦᠬᠠᠶ ᠬᠤᠲᠠ ᠶᠢᠨ GDP ᠶᠢᠨ ᠶᠡᠷᠦᠩᠬᠡᠶ ᠬᠡᠮᠵᠢᠶ᠎ᠡ ᠵᠢᠯ ᠪᠦᠷᠢ | ᠲᠤᠮᠳᠠᠴᠢ ᠪᠠᠷ 12% ᠨᠡᠮᠡᠭᠳᠡᠵᠦ᠂ 116 ᠳᠠᠬᠢᠨ ᠨᠡᠮᠡᠭᠳᠡᠵᠦ᠂ ᠬᠥᠮᠦᠨ ᠳᠤᠮᠳᠠᠴᠢ ᠶᠢᠨ GDP ᠵᠢᠯ ᠪᠦᠷᠢ | ᠳᠤᠮᠳᠠᠴᠢ ᠪᠠᠷ 10.1% ᠪᠠᠷ ᠨᠡᠮᠡᠭᠳᠡᠵᠦ᠂ 51.3 ᠳᠠᠬᠢᠨ ᠨᠡᠮᠡᠭᠳᠡᠪᠡ᠃ | ᠳᠤᠮᠳᠠᠳᠤ ᠤᠯᠤᠰ ᠤᠨ ᠰᠦᠯᠵᠢᠶᠡᠨ ᠤ ᠰᠤᠷᠪᠤᠯᠵᠢᠯᠠᠭᠴᠢ᠄ ᠲᠤᠬᠠᠶ ᠶᠢᠨ ᠭᠠᠵᠠᠷ ᠤᠨ ᠪᠣᠳᠠᠲᠠᠶ ᠠᠵᠢᠯ ᠤᠨ | ᠪᠠᠶᠢᠳᠠᠯ ᠲᠠᠢ ᠪᠠᠨ ᠤᠶᠠᠯᠳᠤᠭᠤᠯᠤᠨ᠂ ᠬᠠᠲᠤᠨ ᠭᠤᠤᠯ ᠤᠨ ᠠᠮᠢ ᠠᠬᠤᠶ ᠶᠢᠨ ᠵᠠᠰᠠᠯᠲᠠ ᠪᠠ ᠠᠵᠤ ᠠᠬᠤᠶ ᠶᠢᠨ | ᠴᠢᠨᠠᠷ ᠰᠠᠶᠢᠲᠠᠶ ᠬᠦᠭᠵᠢᠯᠳᠡ ᠳᠤ ᠪᠠᠰᠠ ᠶᠠᠮᠠᠷ ᠰᠢᠯᠭᠠᠯᠲᠠ ᠪᠠ ᠬᠦᠴᠢᠷᠳᠡᠯ ᠲᠤᠯᠭᠠᠷᠠᠵᠤ ᠪᠠᠶᠢᠬᠤ ᠪᠣᠶ︖ ᠲᠠᠨ ᠳᠤ | ᠶᠠᠮᠠᠷ ᠰᠠᠨᠠᠭᠤᠯᠭ᠎ᠠ ᠪᠠᠶᠢᠬᠤ ᠪᠤᠢ︖ | ᠱᠢ ᠸᠠᠨ ᠵᠢᠶᠦ᠋ᠨ᠄ ᠬᠠᠲᠤᠨ ᠭᠤᠤᠯ ᠤᠨ ᠦᠬᠠᠶ ᠶᠢᠨ ᠬᠡᠰᠡᠭ ᠲᠤ ᠪᠠᠰᠠ ᠰᠠᠪᠠ ᠭᠠᠵᠠᠷ ᠤᠨ ᠠᠮᠢ ᠠᠬᠤᠶ | ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠪᠠᠶᠢᠨ᠎ᠠ᠃ ᠬᠠᠳᠤᠨ ᠭᠤᠤᠯ ᠤᠨ ᠰᠣᠶᠣᠯ ᠤᠨ | ᠬᠥᠭᠵᠢᠯᠲᠡ ᠬᠠᠷᠢᠴᠠᠩᠭᠤᠶ ᠪᠠᠷ ᠬᠤᠴᠣᠷᠤᠩᠭᠤᠶ ᠪᠠᠶᠢᠬᠤ ᠵᠡᠷᠭᠡ ᠠᠰᠠᠭᠤᠳᠠᠯ ᠣᠷᠣᠰᠢᠵᠦ ᠪᠠᠶᠢᠨ᠎ᠠ᠃ | ᠮᠢᠨᠦ ᠦᠵᠡᠬᠦ ᠪᠠᠷ᠂ ᠬᠠᠳᠤᠨ ᠭᠤᠣᠯ ᠤᠨ ᠰᠠᠪᠠ ᠭᠠᠵᠠᠷ ᠨᠢ ᠠᠮᠢ ᠠᠬᠤᠢ ᠶᠢᠨ ᠬᠠᠮᠠᠭᠠᠯᠠᠯᠲᠠ | ᠰᠡᠷᠭᠦᠭᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠬᠦᠢᠴᠡᠳ ᠪᠣᠳᠣᠯᠬᠢᠯᠠᠵᠤ᠂ ᠤᠰᠤᠨ ᠤ ᠡᠬᠢ ᠰᠣᠷᠪᠤᠯᠵᠢ ᠶᠢ | ᠬᠠᠮᠠᠭᠠᠯᠠᠬᠤ ᠠᠴᠠ ᠭᠠᠷᠳᠠᠬᠤ ᠶᠢ ᠨᠡᠩ ᠴᠢᠬᠤᠯᠠᠴᠢᠯᠠᠨ᠎ᠠ᠃ ᠬᠠᠳᠤᠨ ᠭᠤᠣᠯ ᠤᠨ ᠰᠠᠪᠠ ᠭᠠᠵᠠᠷ ᠢ ᠨᠣᠭᠤᠭᠠᠷᠠᠭᠤᠯᠬᠤ | ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠤᠯᠳᠠᠯᠭ᠎ᠠ ᠲᠠᠢ ᠤᠢ ᠰᠢᠭᠤᠶ ᠶᠢᠨ ᠢᠨᠵᠧᠨᠧᠷᠢᠩ ᠢ | ᠲᠦᠷᠭᠡᠪᠴᠢᠯᠡᠨ ᠠᠬᠢᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠶᠠᠰᠤ | ᠴᠢᠨᠠᠷ ᠪᠠ ᠲᠣᠭᠲᠠᠪᠤᠷᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠠᠲᠤᠨ ᠭᠤᠣᠯ ᠤᠨ ᠰᠣᠶᠣᠯ ᠢ ᠬᠥᠭᠵᠢᠭᠦᠯᠬᠦ ᠡᠨᠡᠬᠦ ᠴᠤᠭ ᠵᠢᠪᠬᠤᠭ᠎ᠠ ᠶᠢ ᠪᠠᠳᠠᠷᠠᠭᠤᠯᠬᠤ ᠢᠨᠵᠧᠨᠧᠷᠢᠩ ᠢ | ᠪᠠᠰᠠ ᠪᠣᠳᠠᠲᠠᠢ ᠠᠳᠬᠤᠨ᠎ᠠ᠃ ᠬᠠᠳᠤᠨ ᠭᠤᠣᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ | ᠦᠨ᠎ᠡ ᠥᠷᠲᠡᠭ ᠢ ᠭᠦᠨᠵᠡᠭᠡᠶ ᠠᠭᠤᠳᠠᠯᠵᠤ᠂ ︽ᠬᠠᠲᠤᠨ ᠭᠤᠤᠯ ᠤᠨ ᠦᠯᠢᠭᠡᠷ︾ ᠢ ᠰᠠᠶᠢᠲᠤᠷ ᠶᠠᠷᠢᠵᠤ᠂ ᠲᠡᠤᠬᠡ | ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠬᠠᠲᠤᠨ ᠭᠤᠤᠯ ᠤᠨ ᠰᠣᠶᠣᠯ ᠢ ᠮᠣᠩᠭᠤᠯ ᠶᠤᠸᠠᠨ ᠤ ᠰᠣᠶᠣᠯ᠂ | ᠨᠡᠭᠦᠳᠡᠯ ᠠᠷᠠᠳ ᠤᠨ ᠰᠣᠶᠣᠯ᠂ ᠠᠵᠤ ᠦᠢᠯᠡᠳᠪᠦᠷᠢ ᠶᠢᠨ ᠪᠣᠯᠪᠠᠰᠤᠨ ᠲᠠᠢ ᠨᠢᠭᠲᠠ ᠤᠶᠠᠯᠳᠤᠭᠤᠯᠵᠤ᠂ ᠬᠠᠳᠤᠨ | ᠭᠤᠤᠯ ᠤᠨ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠶ | ᠬᠦᠭᠵᠢᠯᠳᠡ ᠶᠢ ᠠᠬᠢᠭᠤᠯᠤᠨ᠎ᠠ᠃ ᠬᠠᠳᠤᠨ ᠭᠤᠣᠯ ᠤᠨ ᠰᠣᠶᠣᠯ ᠤᠨ ᠪᠦᠲᠦᠭᠡᠯᠴᠢ ᠠᠵᠤ ᠦᠢᠯᠡᠰ ᠢ ᠬᠥᠭᠵᠢᠭᠦᠯᠵᠦ᠂ | ᠬᠠᠳᠤᠨ ᠭᠤᠣᠯ ᠤᠨ ᠰᠣᠶᠣᠯ ᠤᠨ ᠠᠮᠢᠲᠤᠯᠢᠭ ᠤᠯᠠᠮᠵᠢᠯᠠᠯ᠂ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ | |