︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠰᠢ᠂ ᠮᠠᠨ ᠤ ᠬᠤᠲᠠ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠬᠦᠯᠵᠦ᠂ ᠰᠤᠷᠭᠠᠨ | ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠰᠤᠷᠬᠤ ᠨᠠᠰᠤᠨ ᠠᠴᠠ ᠡᠮᠦᠨᠡᠬᠢ ᠵᠢᠭᠠᠨ ᠰᠣᠷᠭᠠᠯᠳᠠ ᠶᠢᠨ ᠶᠠᠰᠤ ᠴᠢᠨᠠᠷ ᠢᠶᠠᠨ | ᠬᠦᠴᠦᠯᠡᠨ ᠳᠡᠭᠡᠭᠰᠢᠯᠡᠭᠦᠯᠵᠦ᠂ ᠬᠡᠤᠬᠡᠳ ᠨᠢᠭᠡᠪᠦᠷᠢ ᠳᠤ ᠴᠥᠮ ᠲᠥᠪ ᠭᠤᠤᠯᠴᠢ ᠪᠥᠭᠡᠳ ᠴᠢᠨᠠᠷ ᠰᠠᠶᠢᠲᠠᠶ ᠰᠤᠷᠭᠠᠨ | ᠬᠥᠮᠦᠵᠢᠯ ᠬᠦᠷᠲᠡᠭᠡᠬᠦ ᠪᠠᠷ ᠴᠢᠷᠮᠠᠶᠢᠵᠤ᠂ ︽ᠰᠠᠶᠢᠨ ᠰᠤᠷᠭᠠᠭᠤᠯᠢ︾ ᠶᠢ ᠠᠷᠠᠳ ᠣᠯᠠᠨ ᠤ ᠡᠭᠦᠳᠡᠨ ᠡᠮᠦᠨ᠎ᠡ | ᠬᠦᠷᠳᠡᠯ᠎ᠡ ᠪᠠᠶᠢᠭᠤᠯᠪᠠ᠃ | 11 ᠰᠠᠷ᠎ᠠ ᠶᠢᠨ 10 ᠤ ᠡᠳᠦᠷ᠂ ᠰᠤᠷᠪᠤᠯᠵᠢᠯᠠᠭᠴᠢ ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ | ᠭᠤᠷᠪᠠᠳᠤᠭᠠᠷ ᠬᠡᠤᠬᠡᠳ ᠤᠨ ᠴᠡᠴᠡᠷᠯᠢᠭ ᠲᠤ ᠬᠦᠷᠬᠦ ᠳᠤ᠂ ᠠᠩᠭᠢ ᠶᠢᠨ ᠭᠡᠷ ᠲᠤ ᠪᠠᠭᠰᠢ ᠶᠠᠭ ᠪᠢᠴᠢᠬᠠᠨ | ᠬᠡᠤᠬᠡᠳ ᠲᠤ ᠵᠢᠭᠠᠨ ᠰᠤᠷᠭᠠᠯᠲᠠ ᠶᠢᠨ ᠸᠢᠳᠢᠣ᠋ ᠲᠠᠯᠪᠢᠵᠤ᠂ ᠺᠠᠷᠲ᠋ᠣᠨ ᠬᠡᠯᠪᠡᠷᠢ ᠪᠠᠷ ᠬᠠᠷᠢᠯᠴᠠᠨ ᠬᠥᠳᠡᠯᠦᠯᠴᠡᠵᠦ | ᠵᠢᠭᠠᠨ ᠰᠤᠷᠭᠠᠵᠤ ᠪᠠᠶᠢᠬᠤ ᠶᠢ ᠣᠯᠵᠤ ᠬᠠᠷᠠᠪᠠ᠃ | ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠭᠤᠷᠪᠠᠳᠤᠭᠠᠷ ᠬᠡᠦᠬᠡᠳ ᠤᠨ ᠴᠡᠴᠡᠷᠯᠢᠭ ᠨᠢ ᠪᠢᠨ ᠾᠧ | ᠲᠣᠭᠤᠷᠢᠭ ᠤᠨ ᠵᠢᠶᠦ᠋ᠨ ᠵᠧᠩ ᠵᠡᠭᠡᠯᠢ ᠶᠢᠨ ᠬᠤᠶᠢᠲᠤ ᠬᠡᠰᠡᠭ᠂ ᠰᠢᠶᠠᠩ ᠶᠤᠸᠠᠨ ᠲᠣᠮᠣ ᠠᠰᠠᠷ ᠤᠨ ᠡᠮᠦᠨ᠎ᠡ | ᠪᠠᠶᠢᠷᠢᠯᠠᠵᠤ᠂ ᠡᠨᠡ ᠵᠢᠯ ᠪᠠᠶᠢᠭᠤᠯᠤᠭᠳᠠᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠯᠪᠠᠨ ᠠᠴᠠ ᠡᠷᠬᠢᠯᠡᠭᠰᠡᠨ | ᠬᠡᠤᠬᠡᠳ ᠤᠨ ᠴᠡᠴᠡᠷᠯᠢᠭ ᠪᠣᠯᠤᠨ᠎ᠠ᠃ ᠨᠢᠭᠡᠳᠦᠭᠡᠷ ᠰᠤᠷᠤᠯᠭ᠎ᠠ ᠶᠢᠨ ᠬᠤᠭᠤᠴᠠᠭᠠᠨ ᠳᠤ 9 ᠪᠠᠭ᠎ᠠ ᠠᠩᠭᠢ᠂ 5 | ᠳᠤᠮᠳᠠ ᠠᠩᠭᠢ ᠪᠠ 1 ᠶᠡᠭᠡ ᠠᠩᠭᠢ ᠳᠤ ᠨᠡᠶᠢᠳᠡ 460 ᠭᠠᠷᠣᠢ ᠬᠡᠦᠬᠡᠳ ᠡᠯᠰᠡᠵᠦ᠂ ᠪᠢᠨ ᠾᠧ ᠲᠣᠭᠤᠷᠢᠭ ᠤᠨ | ᠬᠡᠤᠬᠡᠳ ᠤᠨ ᠭᠡᠷ ᠤᠨ ᠬᠠᠪᠢ ᠳᠠᠭᠠᠨ ᠴᠡᠴᠡᠷᠯᠢᠭ ᠲᠤ ᠣᠷᠣᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ | ︽ᠥᠩᠭᠡᠷᠡᠭᠰᠡᠨ ᠳᠤ ᠪᠢᠨ ᠾᠧ ᠲᠣᠭᠤᠷᠢᠭ ᠲᠤ ᠵᠥᠪᠬᠡᠨ ᠨᠢᠭᠡ ᠯᠡ ᠠᠯᠪᠠᠨ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠪᠠᠶᠢᠵᠠᠶ᠂ ᠬᠡᠦᠬᠡᠳ ᠴᠡᠴᠡᠷᠯᠢᠭ ᠲᠤ ᠣᠷᠣᠬᠤ ᠳᠤ ᠮᠥᠷᠯᠡᠬᠦ ᠪᠠ ᠰᠢᠪᠠᠭ᠎ᠠ ᠰᠤᠭᠤᠯᠬᠤ | ᠴᠢᠬᠤᠯᠠᠲᠠᠢ᠂ ᠰᠣᠷᠣᠯᠭ᠎ᠠ ᠶᠢᠨ ᠪᠠᠶᠢᠷᠢ ᠲᠤᠩ ᠬᠦᠴᠢᠷᠳᠡᠯ ᠲᠠᠢ ᠪᠠᠶᠢᠵᠠᠢ᠃ ᠠᠷᠪᠠᠨ ᠭᠤᠷᠪᠠᠳᠤᠭᠠᠷ ᠬᠡᠦᠬᠡᠳ ᠤᠨ | ᠴᠡᠴᠡᠷᠯᠢᠭ ᠪᠠᠶᠢᠭᠤᠯᠤᠭᠳᠠᠭᠰᠠᠨ ᠤ ᠳᠠᠷᠠᠭ᠎ᠠ᠂ ᠪᠢ ᠬᠡᠦᠬᠡᠳ ᠢ ᠠᠳᠡ ᠬᠦᠷᠭᠡᠵᠦ ᠢᠷᠡᠵᠡᠢ᠂ ᠭᠡᠷ ᠠᠴᠠ ᠲᠣᠩ | ᠤᠶᠢᠷ᠎ᠠ᠂ ᠠᠵᠢᠯ ᠳᠤ ᠭᠠᠷᠬᠤ ᠬᠡᠦᠬᠡᠳ ᠢᠶᠠᠨ ᠬᠦᠷᠭᠡᠬᠦ ᠳᠤ ᠴᠠᠭ ᠢ ᠪᠠᠭ᠎ᠠ ᠪᠤᠰᠤ ᠠᠷᠪᠢᠯᠠᠭᠰᠠᠨ ᠪᠥᠭᠡᠳ ᠠᠷᠪᠠᠨ | ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠴᠦ ᠲᠤᠩ ᠶᠡᠭᠡ᠂ | ᠣᠷᠴᠢᠨ ᠲᠣᠭᠤᠷᠢᠨ ᠴᠤ ᠰᠠᠶᠢᠨ᠂ ᠬᠡᠦᠬᠡᠳ ᠢᠶᠠᠨ ᠠᠳᠡ ᠬᠦᠷᠬᠡᠵᠦ ᠰᠣᠷᠭᠠᠨ ᠬᠦᠮᠦᠵᠢᠯ ᠬᠦᠷᠳᠡᠭᠡᠬᠦ ᠳᠤ ᠪᠢ | ᠲᠤᠩ ᠰᠠᠨᠠᠭ᠎ᠠ ᠠᠮᠤᠷ ᠪᠠᠶᠢᠨ᠎ᠠ︾ ᠭᠡᠵᠦ ᠪᠢᠨ ᠾᠧ ᠸᠠᠨ ᠵᠢᠵᠢᠭ ᠲᠣᠭᠤᠷᠢᠭ ᠤᠨ ᠰᠠᠭᠤᠭᠠᠯᠢ ᠠᠷᠠᠳ ᠴᠧᠨ ᠯᠢ | ᠬᠡᠯᠡᠪᠡ᠃ | ᠵᠢᠷᠤᠭᠲᠤ ᠳᠡᠪᠲᠡᠷ ᠤᠨ ᠤᠩᠰᠢᠯᠭ᠎ᠠ ᠶᠢᠨ ᠲᠠᠰᠤᠭ ᠲᠤ ᠵᠠᠷᠢᠮ ᠪᠢᠴᠢᠬᠠᠨ ᠨᠠᠶᠢᠵᠠ ᠨᠣᠮ ᠤᠷᠪᠠᠭᠤᠯᠤᠨ | ᠤᠩᠰᠢᠵᠤ᠂ ᠵᠠᠷᠢᠮ ᠪᠢᠴᠢᠬᠠᠨ ᠨᠠᠶᠢᠵᠠ ᠪᠠᠭᠰᠢ ᠲᠠᠢ ᠪᠠᠨ ᠬᠠᠮᠲᠤ ᠵᠢᠷᠤᠭ ᠵᠦᠢᠵᠦ ᠨᠠᠭᠠᠳᠴᠤ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠭᠤᠷᠪᠠᠳᠤᠭᠠᠷ ᠬᠡᠤᠬᠡᠳ ᠤᠨ | ᠴᠡᠴᠡᠷᠯᠢᠭ ᠤᠨ ᠡᠯ᠎ᠡ ᠲᠥᠷᠥᠯ ᠤᠨ ᠴᠢᠳᠠᠮᠵᠢᠲᠤ ᠬᠢᠴᠢᠶᠡᠯ ᠤᠨ ᠭᠡᠷ ᠨᠢ ᠪᠦᠷᠢᠨ ᠬᠦᠢᠴᠡᠳ᠂ ᠲᠥᠬᠦᠭᠡᠷᠦᠮᠵᠢ ᠨᠢ | ᠪᠦᠷᠢᠨ ᠲᠡᠭᠦᠯᠳᠡᠷ ᠪᠠᠶᠢᠵᠤ᠂ ︽ᠣᠷ ᠴᠢᠨᠠᠷ ᠤᠨ ᠰᠣᠷᠭᠠᠨ ᠬᠦᠮᠦᠵᠢᠯ︾ ᠢᠶᠠᠷ ᠬᠡᠤᠬᠡᠳ ᠤᠨ ᠴᠡᠴᠡᠷᠯᠢᠭ ᠡᠷᠬᠢᠯᠡᠬᠦ | ᠵᠣᠷᠢᠯᠲᠠ ᠪᠣᠯᠭᠠᠵᠤ᠂ ᠬᠡᠦᠬᠡᠳ ᠤᠨ ᠦᠨᠡᠨ ᠰᠠᠶᠢᠨ ᠰᠠᠶᠢᠬᠠᠨ ᠢ ᠰᠡᠷᠭᠦᠭᠡᠬᠦ ᠪᠠᠷ ᠰᠤᠷᠭᠠᠨ ᠬᠥᠮᠦᠵᠢᠯ ᠤᠨ | ᠣᠶᠢᠯᠠᠭᠠᠭᠳᠠᠬᠤᠨ ᠪᠣᠯᠭᠠᠵᠤ᠂ ᠬᠡᠤᠬᠡᠳ ᠤᠨ ᠰᠡᠳᠬᠢᠯ ᠳᠠᠬᠢ ᠬᠦᠰᠡᠯᠡᠩᠲᠦ ᠪᠠᠶᠠᠷ ᠪᠠᠶᠠᠰᠬᠤᠯᠠᠩᠲᠤ ᠶᠡᠭᠡ ᠭᠡᠷ | ᠣᠷᠣᠨ ᠢᠶᠠᠨ ᠴᠢᠷᠮᠠᠶᠢᠨ ᠪᠠᠶᠢᠭᠤᠯᠵᠤ᠂ ᠬᠡᠦᠭᠡᠳᠯᠢᠭ ᠴᠢᠨᠠᠷ᠂ ᠠᠯᠢᠶᠠᠷᠬᠠᠭᠯᠢᠭ ᠴᠢᠨᠠᠷ᠂ ᠪᠠᠭ᠋ᠠᠷᠬᠠᠭᠯᠢᠭ ᠴᠢᠨᠠᠷ ᠢᠶᠠᠷ | ᠪᠢᠯᠬᠠᠭᠰᠠᠨ ᠦᠨᠡᠨ ᠠᠮᠢᠳᠤᠷᠠᠯ᠂ ᠵᠢᠩᠬᠢᠨᠢ ᠲᠣᠭᠯᠠᠭᠠᠮ᠂ ᠵᠢᠩᠬᠢᠨᠢ ᠬᠠᠶᠢᠨ ᠰᠦᠪᠡᠭᠴᠢᠯᠡᠯᠲᠡ ᠶᠢᠨ ᠳᠤᠮᠳᠠ ᠨᠢᠯᠬ᠎ᠠ | ᠬᠡᠤᠬᠡᠳ ᠢ ᠪᠡᠶ᠎ᠡ ᠮᠠᠬᠠᠪᠣᠳ᠂ ᠣᠶᠤᠨ ᠤᠬᠠᠭᠠᠨ᠂ ᠶᠣᠰᠣ ᠮᠣᠷᠠᠯ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠥᠬᠦ | ᠲᠠᠯ᠎ᠠ ᠪᠠᠷ ᠬᠦᠮᠦᠵᠢᠬᠦᠯᠬᠦ ᠪᠤᠯᠤᠨ᠎ᠠ᠃ | ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠭᠤᠷᠪᠠᠳᠤᠭᠠᠷ ᠬᠡᠤᠬᠡᠳ ᠤᠨ ᠴᠡᠴᠡᠷᠯᠢᠭ ᠤᠨ ᠳᠠᠷᠤᠭ᠎ᠠ ᠵᠤᠤ | ᠶᠦᠩ ᠮᠧᠶ ᠰᠤᠷᠪᠤᠯᠵᠢᠯᠠᠭᠴᠢ ᠳᠤ ᠬᠡᠯᠡᠭᠰᠡᠨ ᠨᠢ᠄ ︽ᠵᠠᠰᠠᠭ ᠤᠨ ᠣᠷᠳᠣᠨ 4600 ᠲᠦᠮᠡᠨ ᠲᠥᠭᠦᠷᠢᠭ ᠤᠨ ᠪᠡᠯᠡ | ᠣᠷᠣᠭᠤᠯᠵᠤ ᠡᠨᠡ ᠬᠦ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠢ ᠪᠠᠶᠢᠭᠤᠯᠪᠠ᠂ ᠨᠢᠭᠡ | ᠡᠳᠦᠷ ᠤᠨ ᠠᠮᠢᠳᠤᠷᠠᠯ᠂ ᠮᠠᠨ ᠤ ᠪᠠᠶᠠᠷ ᠤᠨ ᠡᠳᠦᠷ᠂ ᠴᠠᠭ ᠤᠯᠠᠷᠢᠯ ᠵᠢᠴᠢ ᠳᠥᠷᠪᠡᠨ ᠤᠯᠠᠷᠢᠯ ᠤᠨ ᠡᠬᠡᠯᠵᠢᠯᠡᠭᠰᠡᠨ | ᠠᠮᠢᠳᠤᠷᠠᠯ ᠤᠨ ᠬᠢᠴᠢᠶᠡᠯ ᠢᠶᠠᠷ ᠳᠠᠮᠵᠢᠭᠤᠯᠤᠨ᠂ ᠶᠣᠰᠣ ᠰᠤᠷᠲᠠᠬᠤᠨ ᠤ ᠬᠥᠮᠦᠵᠢᠯ ᠢᠶᠠᠷ ᠭᠠᠷᠳᠠᠴᠠ ᠪᠣᠯᠭᠠᠵᠤ᠂ | ᠬᠡᠤᠬᠡᠳ ᠤᠨ ᠳᠠᠳᠬᠠᠯ ᠢ ᠡᠭᠦᠳᠦᠨ ᠪᠠᠶᠢᠭᠤᠯᠬᠤ ᠪᠠᠷ ᠴᠡᠴᠡᠷᠯᠢᠭ ᠡᠷᠬᠢᠯᠡᠬᠦ ᠨᠡᠷᠡᠲᠦ ᠲᠡᠮᠳᠡᠭᠲᠦ ᠶᠢ ᠪᠤᠢ ᠪᠣᠯᠭᠠᠵᠤ᠂ | ᠪᠢᠳᠡᠨ ᠤ ᠴᠡᠴᠡᠷᠯᠢᠭ ᠡᠷᠬᠢᠯᠡᠬᠦ ᠣᠨᠴᠠᠯᠢᠭ ᠢᠶᠠᠨ ᠪᠦᠷᠢᠯᠳᠦᠭᠦᠯᠦᠨ᠎ᠡ︾ ᠬᠡᠵᠡᠢ᠃ | ᠳᠠᠷᠠᠭ᠎ᠠ ᠨᠢ᠂ ᠰᠤᠷᠪᠤᠯᠵᠢᠯᠠᠭᠴᠢ ᠬᠠᠶᠢᠷᠤᠪ ᠤᠨ ᠲᠣᠬᠤᠢ ᠲᠣᠭᠤᠷᠢᠭ ᠤᠨ ᠳ᠋ᠦᠩ ᠹᠠᠩ ᠬᠤᠩ ᠬᠡᠤᠬᠡᠳ ᠤᠨ | ᠴᠡᠴᠡᠷᠯᠢᠭ ᠤᠨ ᠭᠡᠷ ᠤᠨ ᠭᠠᠳᠠᠨᠠᠭᠢ ᠬᠥᠳᠡᠯᠭᠡᠭᠡᠨ ᠤ ᠲᠣᠭᠤᠷᠢᠭ ᠲᠤ᠂ ᠨᠢᠯᠬ᠎ᠠ ᠬᠡᠤᠬᠡᠳ ᠭᠤᠯᠭᠤᠭᠤᠷ ᠱᠠᠲᠤᠨ ᠳᠤ | ᠠᠪᠠᠷᠢᠨ ᠭᠠᠷᠴᠤ ᠪᠠᠶᠠᠷ ᠪᠠᠶᠠᠰᠬᠤᠯᠠᠩᠲᠠᠶ ᠪᠠᠷ ᠨᠠᠭᠠᠳᠴᠤ ᠪᠠᠶᠢᠬᠤ ᠶᠢ ᠣᠯᠵᠤ ᠬᠠᠷᠠᠪᠠ᠂ ᠡᠨᠡ ᠨᠢ ᠬᠡᠦᠬᠡᠳ | ᠵᠣᠬᠢᠴᠠᠭᠤᠯᠬᠤ ᠴᠢᠳᠠᠪᠤᠷᠢ ᠶᠢ ᠨᠢ ᠪᠣᠯᠪᠠᠰᠤᠷᠠᠭᠤᠯᠤᠭᠰᠠᠨ ᠮᠥᠷᠲᠡᠭᠡᠨ ᠪᠠᠰᠠ ᠪᠡᠶ᠎ᠡ ᠮᠠᠬᠠᠪᠣᠳ ᠢ ᠨᠢ | ᠴᠢᠭᠢᠷᠠᠭᠵᠢᠭᠤᠯᠪᠠ᠃ | ᠳ᠋ᠦᠩ ᠹᠠᠩ ᠬᠤᠩ ᠬᠡᠤᠬᠡᠳ ᠤᠨ ᠴᠡᠴᠡᠷᠯᠢᠭ ᠪᠣᠯ ᠮᠠᠨ ᠤ ᠬᠤᠲᠠ ᠶᠢᠨ ᠨᠢᠭᠡᠨ ᠠᠷᠠᠳ ᠠᠴᠠ ᠡᠷᠬᠢᠯᠡᠭᠰᠡᠨ | ᠬᠡᠤᠬᠡᠳ ᠤᠨ ᠴᠡᠴᠡᠷᠯᠢᠭ ᠪᠣᠯᠤᠨ᠎ᠠ᠂ 1994 ᠣᠨ ᠳᠤ ᠪᠠᠶᠢᠭᠤᠯᠤᠭᠳᠠᠵᠤ᠂ ᠪᠠᠭᠰᠢ ᠶᠢᠨ ᠪᠦᠯᠬᠦᠮ ᠨᠢ ᠡᠬᠢᠯᠡᠭᠡᠳ | 6 ᠬᠥᠮᠦᠨ ᠪᠠᠶᠢᠭᠰᠠᠨ ᠠᠴᠠ ᠪᠠᠨ ᠣᠳᠣ ᠶᠢᠨ 106 ᠬᠥᠮᠦᠨ ᠪᠣᠯᠵᠤ᠂ ᠳ᠋ᠦᠩ ᠹᠠᠩ ᠬᠤᠩ ᠶᠡᠷᠦᠩᠬᠡᠶ ᠬᠡᠦᠬᠡᠳ | ᠤᠨ ᠴᠡᠴᠡᠷᠯᠢᠭ᠂ ᠳ᠋ᠦᠩ ᠹᠠᠩ ᠬᠤᠩ · ᠴᠦᠨ ᠬᠤᠸᠠ ᠬᠡᠦᠬᠡᠳ ᠤᠨ ᠴᠡᠴᠡᠷᠯᠢᠭ᠂ ᠳ᠋ᠦᠩ ᠹᠠᠩ ᠬᠤᠩ · ᠴᠢᠦ | ᠱᠢ ᠬᠡᠦᠭᠡᠳ ᠤᠨ ᠴᠡᠴᠡᠷᠯᠢᠭ ᠭᠡᠵᠦ 3 ᠴᠡᠴᠡᠷᠯᠢᠭ ᠬᠤᠪᠢᠶᠠᠨ᠎ᠠ᠃ | ︽ᠡᠬᠢᠯᠡᠩᠭᠦᠳᠡ ᠪᠠᠨ ᠳ᠋ᠦᠩ ᠹᠠᠩ ᠬᠤᠩ ᠬᠡᠤᠬᠡᠳ ᠤᠨ ᠴᠡᠴᠡᠷᠯᠢᠭ ᠪᠣᠯ ᠨᠢᠭᠡᠨ ᠳᠠᠩ ᠪᠡᠶᠡᠲᠦ ᠴᠡᠴᠡᠷᠯᠢᠭ | ᠪᠣᠯᠤᠨ᠎ᠠ᠂ 2018 ᠣᠨ ᠠᠴᠠ ᠡᠬᠢᠯᠡᠨ ᠬᠤᠶᠠᠷ ᠴᠡᠴᠡᠷᠯᠢᠭ ᠰᠢᠨ᠎ᠡ ᠪᠠᠷ ᠪᠠᠶᠢᠭᠤᠯᠵᠤ᠂ ᠣᠷᠴᠢᠨ ᠲᠣᠭᠤᠷᠢᠨ ᠨᠢ | ᠬᠡᠦᠬᠡᠳ ᠲᠤ ᠲᠦᠢᠯ ᠤᠨ ᠴᠢᠬᠤᠯᠠ ᠪᠣᠯᠬᠤᠷ ᠰᠢᠨ᠎ᠡ ᠪᠠᠷ ᠪᠠᠶᠢᠭᠤᠯᠤᠭᠰᠠᠨ ᠴᠡᠴᠡᠷᠯᠢᠭ ᠲᠤ ᠬᠠᠳᠠᠭᠤ ᠲᠣᠨᠤᠭ ᠤᠨ | ᠪᠡᠯᠡ ᠣᠷᠣᠭᠤᠯᠬᠤ ᠲᠠᠯ᠎ᠠ ᠪᠠᠷ ᠬᠤᠲᠠ ᠶᠢᠨ ᠳᠡᠰ ᠤᠨ ᠵᠢᠱᠢᠶ᠎ᠡ ᠦᠵᠡᠭᠦᠯᠬᠦ ᠴᠡᠴᠡᠷᠯᠢᠭ ᠤᠨ ᠪᠠᠷᠢᠮᠵᠢᠶ᠎ᠠ ᠪᠠᠷ | ᠪᠠᠶᠢᠭᠤᠯᠤᠭᠰᠠᠨ ᠶᠤᠮ᠃ ᠡᠭᠦᠨ ᠤ ᠬᠠᠮᠲᠤ ᠪᠠᠭᠰᠢ ᠶᠢᠨ ᠡᠩᠨᠡᠭᠡᠨ ᠤ ᠲᠣᠬᠢᠷᠠᠭᠤᠯᠤᠯᠲᠠ ᠶᠢ ᠨᠠᠩ ᠢᠯᠡᠭᠦᠦ | ᠴᠢᠬᠤᠯᠠᠴᠢᠯᠠᠵᠤ᠂ 3 ᠠᠴᠠ 6 ᠨᠠᠰᠤᠨ ᠤ ᠬᠡᠤᠬᠡᠳ ᠲᠤ ᠪᠠᠷᠢᠮᠵᠢᠶᠠᠵᠢᠭᠰᠠᠨ ᠣᠷᠴᠢᠨ ᠲᠣᠭᠤᠷᠢᠨ ᠲᠣᠬᠢᠷᠠᠭᠤᠯᠵᠤ᠂ | ᠬᠡᠤᠬᠡᠳ ᠤᠨ ᠦᠰᠦᠨ ᠪᠤᠶᠢᠵᠢᠬᠤ ᠬᠡᠷᠡᠭᠴᠡᠭᠡ ᠶᠢ ᠬᠠᠩᠭᠠᠵᠠᠢ︾ ᠭᠡᠵᠦ ᠳ᠋ᠦᠩ ᠹᠠᠩ ᠬᠤᠩ ᠬᠡᠤᠬᠡᠳ ᠤᠨ | ᠴᠡᠴᠡᠷᠯᠢᠭ ᠤᠨ ᠳᠠᠷᠤᠭ᠎ᠠ ᠵᠠᠩ ᠶᠠᠨ ᠬᠡᠯᠡᠪᠡ᠃ | ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ︽ᠴᠢᠨᠠᠷ ᠰᠠᠶᠢᠲᠠᠶ ᠬᠡᠦᠬᠡᠳ ᠤᠨ ᠴᠡᠴᠡᠷᠯᠢᠭ ᠲᠤ ᠣᠷᠣᠬᠤ ᠳᠤ ᠬᠦᠴᠢᠷ︾ ᠠᠰᠠᠭᠤᠳᠠᠯ ᠢ | ᠬᠦᠴᠦᠯᠡᠨ ᠰᠢᠢᠳᠪᠦᠷᠢᠯᠡᠪᠡ᠃ ᠣᠳᠣᠬᠠᠨ ᠳᠤ ᠪᠦᠬᠦ ᠬᠤᠲᠠ ᠳᠤ ᠡᠯ᠎ᠡ ᠲᠥᠷᠥᠯ ᠤᠨ ᠬᠡᠤᠬᠡᠳ ᠤᠨ ᠴᠡᠴᠡᠷᠯᠢᠭ 74 | ᠪᠠᠶᠢᠵᠤ᠂ ᠡᠭᠦᠨ ᠤ ᠳᠣᠲᠣᠷ᠎ᠠ ᠠᠯᠪᠠᠨ ᠠᠴᠠ ᠡᠷᠬᠢᠯᠡᠭᠰᠡᠨ ᠴᠡᠴᠡᠷᠯᠢᠭ 25᠂ ᠠᠷᠠᠳ ᠠᠴᠠ ᠡᠷᠬᠢᠯᠡᠭᠰᠡᠨ ᠴᠡᠴᠡᠷᠯᠢᠭ | 49 ᠪᠠᠶᠢᠵᠤ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠴᠡᠴᠡᠷᠯᠢᠭ ᠲᠤ ᠤᠷᠤᠭᠰᠠᠨ ᠪᠦᠬᠦ ᠨᠣᠷᠮ᠎ᠠ 98. | 5%᠂ ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠬᠡᠤᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠨᠢ 53.5% | ᠪᠠᠶᠢᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠬᠡᠦᠬᠡᠳ ᠤᠨ ᠡᠵᠡᠯᠡᠬᠦ ᠬᠠᠷᠢᠴᠠᠯ | 95.4% ᠶᠢ ᠡᠵᠡᠯᠡᠪᠡ᠃ ᠮᠠᠨ ᠤ ᠬᠤᠲᠠ ᠬᠡᠦᠬᠡᠳ ᠤᠨ ᠴᠡᠴᠡᠷᠯᠢᠭ ᠢ ᠶᠡᠭᠡ ᠬᠡᠮᠵᠢᠶ᠎ᠡ ᠪᠠᠷ ᠰᠢᠨ᠎ᠡ ᠪᠠᠷ | ᠪᠠᠶᠢᠭᠤᠯᠵᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠲᠡᠳᠬᠦᠬᠦ ᠪᠠᠷ ᠳᠠᠮᠵᠢᠨ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ | ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ ᠣᠯᠠᠨ ᠲᠦᠮᠡᠨ ᠤ ᠴᠡᠴᠡᠷᠯᠢᠭ ᠲᠤ ᠣᠷᠣᠬᠤ ᠳᠤ ᠬᠦᠴᠢᠷᠲᠡᠢ᠂ | ᠴᠡᠴᠡᠷᠯᠢᠭ ᠲᠤ ᠣᠷᠣᠬᠤ ᠳᠤ ᠬᠤᠯᠠ᠂ ᠴᠡᠴᠡᠷᠯᠢᠭ ᠲᠤ ᠣᠷᠣᠬᠤ ᠳᠤ ᠦᠨᠡᠲᠡᠢ ᠪᠠᠶᠢᠬᠤ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠵᠦ᠂ ᠮᠠᠨ ᠤ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ᠃ |