5 ᠰᠠᠷ᠎ᠠ ᠶᠢᠨ 25 ᠤ ᠡᠳᠦᠷ᠂ ᠵᠢᠷᠭᠤᠳᠤᠭᠠᠷ ᠬᠤᠭᠤᠴᠠᠭᠠᠨ ᠤ ᠠᠩᠭᠢ ᠶᠢᠨ ᠡᠷᠬᠢᠯᠡᠭᠴᠢ ᠶᠢᠨ ᠶᠠᠷᠢᠶᠠᠨ ᠤ | ᠲᠠᠪᠴᠠᠩ ᠵᠢᠴᠢ ᠦᠬᠠᠶ ᠬᠤᠲᠠ ᠶᠢᠨ ︽ᠮᠢᠩᠭᠠᠨ ᠨᠡᠷᠡᠰ ᠠᠩᠭᠢ ᠶᠢᠨ ᠡᠷᠬᠢᠯᠡᠭᠴᠢ ᠶᠢᠨ ᠪᠤᠯᠪᠠᠰᠣᠷᠠᠯ ᠤᠨ | ᠢᠨᠵᠧᠨᠧᠷᠢᠩ︾ ᠤᠨ ᠳ᠋ᠦᠩᠨᠡᠯᠲᠡ ᠶᠢᠨ ᠶᠡᠭᠡ ᠬᠤᠷᠠᠯ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ | ᠤᠷᠠᠯᠢᠭ ᠤᠨ ᠣᠷᠳᠣᠨ ᠳᠤ ᠬᠤᠷᠠᠯᠳᠤᠵᠤ᠂ ᠬᠤᠲᠠ᠂ ᠲᠤᠭᠤᠷᠢᠭ ᠬᠤᠶᠠᠷ ᠱᠠᠲᠤᠨ ᠤ ᠰᠤᠷᠭᠠᠨ ᠬᠥᠮᠦᠵᠢᠯ ᠤᠨ | ᠰᠢᠰᠲ᠋ᠧᠮ ᠤᠨ ᠺᠠᠳ᠋ᠷ ᠠᠵᠢᠯᠲᠠᠨ᠂ ᠠᠩᠭᠢ ᠶᠢᠨ ᠡᠷᠭᠢᠯᠡᠭᠴᠢ ᠶᠢᠨ ᠲᠥᠯᠥᠭᠡᠯᠡᠭᠴᠢ ᠵᠡᠷᠭᠡ 300 ᠭᠠᠷᠤᠶ ᠬᠥᠮᠦᠨ | ᠶᠡᠭᠡ ᠬᠤᠷᠠᠯ ᠳᠤ ᠣᠷᠣᠯᠴᠠᠵᠠᠶ᠃ | ᠠᠩᠭᠢ ᠶᠢᠨ ᠡᠷᠬᠢᠯᠡᠭᠴᠢ ᠶᠢᠨ ᠶᠠᠷᠢᠶᠠᠨ ᠤ ᠲᠠᠪᠴᠠᠩ ᠳᠤ ᠡᠩ ᠲᠡᠷᠢᠭᠦᠨ ᠳᠤ ︽ᠮᠢᠩᠭᠠᠨ ᠨᠡᠷᠡᠰ | ᠠᠩᠭᠢ ᠶᠢᠨ ᠡᠷᠬᠢᠯᠡᠭᠴᠢ ᠶᠢᠨ ᠪᠤᠯᠪᠠᠰᠣᠷᠠᠯ ᠤᠨ ᠢᠨᠵᠧᠨᠧᠷᠢᠩ︾ ᠤᠨ 2019 ᠣᠨ ᠤ ᠪᠣᠯᠪᠠᠰᠤᠷᠠᠯ ᠤᠨ | ᠠᠩᠭᠢ ᠶᠢᠨ ᠰᠢᠯᠢᠳᠡᠭ ᠰᠤᠷᠤᠯᠭ᠎ᠠ ᠲᠡᠭᠦᠰᠦᠭᠰᠡᠨ ᠮᠡᠳᠡᠭᠦᠯᠦᠯᠲᠡ ᠶᠢ ᠤᠩᠰᠢᠨ ᠨᠡᠶᠢᠲᠡᠯᠡᠪᠡ᠃ ᠮᠠᠨ ᠤ ᠬᠤᠲᠠ ᠶᠢᠨ | ᠭᠤᠷᠪᠠᠨ ᠲᠣᠭᠤᠷᠢᠭ ᠠᠴᠠ ᠢᠷᠡᠭᠰᠡᠨ 7 ᠠᠩᠭᠢ ᠶᠢᠨ ᠡᠷᠬᠢᠯᠡᠭᠴᠢ ᠰᠣᠷᠣᠯᠴᠠᠭᠰᠠᠨ ᠲᠥᠷᠥᠭᠳᠡᠯ ᠢᠶᠠᠨ | ᠬᠤᠪᠢᠶᠠᠯᠴᠠᠪᠠ᠃ ᠶᠡᠭᠡ ᠬᠤᠷᠠᠯ ᠤᠨ ᠲᠤᠬᠠᠢ ᠶᠢᠨ ᠲᠠᠯᠠᠪᠠᠢ ᠳᠤ 5 ᠲᠡᠷᠢᠭᠦᠨ ᠤ ᠬᠠᠮᠲᠤ ᠪᠠ 10 ᠰᠢᠯᠢᠳᠡᠭ ᠬᠤᠪᠢ | ᠬᠥᠮᠦᠨ ᠤ ᠲᠦᠯᠦᠬᠡᠯᠡᠭᠴᠢ ᠳᠤ ᠱᠠᠩᠨᠠᠯ ᠭᠠᠷᠳᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠷᠭᠠᠭᠤᠯᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠭᠠᠨ ᠬᠥᠮᠦᠵᠢᠯ ᠤᠨ ᠠᠵᠢᠯ ᠤᠨ ᠦᠨᠳᠦᠰᠦᠨ ᠵᠢᠷᠤᠮᠯᠠᠯ ᠪᠣᠯᠭᠠᠵᠤ᠂ ᠶᠣᠰᠣ | ᠰᠤᠷᠲᠠᠬᠤᠨ ᠢ ᠪᠣᠶ ᠪᠣᠯᠭᠠᠨ ᠬᠥᠮᠦᠨ ᠢ ᠬᠥᠮᠦᠵᠢᠭᠦᠯᠬᠦ ᠠᠵᠢᠯ ᠤᠨ ᠦᠨᠳᠦᠰᠦᠨ ᠡᠭᠦᠷᠭᠡ ᠪᠣᠯᠭᠠᠵᠤ᠂ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠠᠵᠢᠯ ᠤᠨ ᠪᠠᠲᠤ ᠪᠠᠬᠢ ᠰᠠᠭᠤᠷᠢ ᠪᠣᠯᠭᠠᠵᠤ᠂ ᠶᠠᠰᠤ | ᠴᠢᠨᠠᠷ ᠢ ᠳᠡᠭᠡᠭᠰᠢᠯᠡᠭᠦᠯᠬᠦ ᠶᠢ ᠰᠤᠷᠭᠠᠨ ᠬᠥᠮᠦᠵᠢᠯ ᠤᠨ ᠠᠵᠢᠯ ᠤᠨ ᠭᠤᠣᠯ ᠱᠠᠭᠠᠷᠳᠠᠯᠭ᠎ᠠ ᠪᠣᠯᠭᠠᠵᠤ᠂ ᠦᠷᠭᠡᠨ ᠤᠯᠠᠨ | ᠪᠠᠭᠰᠢ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠠᠵᠢᠯ ᠤᠨ ᠪᠠᠶᠢᠷᠢ ᠪᠠᠨ | ᠬᠠᠶᠢᠷᠠᠯᠠᠵᠤ ᠦᠢᠯᠡᠰ ᠢᠶᠠᠨ ᠳᠡᠭᠡᠳᠦᠯᠡᠵᠦ᠂ ᠰᠤᠷᠤᠭᠴᠢᠳ ᠢ ᠬᠠᠶᠢᠷᠠᠯᠠᠨ ᠬᠠᠯᠠᠮᠵᠢᠯᠠᠵᠤ᠂ ᠦᠢᠯᠡ ᠠᠵᠢᠯᠯᠠᠭ᠎ᠠ ᠪᠠᠷ | ᠢᠶᠠᠨ ᠬᠡᠪ ᠳᠠᠭᠤᠷᠢᠶᠠᠯ ᠪᠤᠯᠵᠤ᠂ ᠠᠷᠢᠭᠤᠨ ᠴᠢᠬᠡᠴᠢ ᠪᠠᠷ ᠰᠤᠷᠭᠠᠨ ᠬᠥᠮᠦᠵᠢᠯ ᠡᠷᠬᠢᠯᠡᠬᠦ ᠬᠡᠷᠡᠭᠲᠡᠢ ᠭᠡᠵᠦ | ᠵᠣᠷᠢᠭᠵᠢᠭᠤᠯᠪᠠ᠃ ︽ᠮᠢᠩᠭᠠᠨ ᠨᠡᠷᠡᠰ ᠠᠩᠭᠢ ᠶᠢᠨ ᠡᠷᠬᠢᠯᠡᠭᠴᠢ ᠶᠢᠨ ᠪᠤᠯᠪᠠᠰᠣᠷᠠᠯ ᠤᠨ ᠢᠨᠵᠧᠨᠧᠷᠢᠩ︾ ᠢ | 2017 ᠣᠨ ᠤ 5 ᠰᠠᠷ᠎ᠠ ᠶᠢᠨ 10 ᠤ ᠡᠳᠦᠷ ᠠᠴᠠ ᠡᠬᠢᠯᠡᠨ ᠬᠡᠷᠡᠭᠵᠢᠭᠦᠯᠵᠦ᠂ 3 ᠵᠢᠯ ᠬᠡᠷᠡᠭᠰᠡᠵᠦ᠂ 1005 | ᠠᠩᠭᠢ ᠶᠢᠨ ᠡᠷᠬᠢᠯᠡᠭᠴᠢ ᠪᠣᠯᠪᠠᠰᠤᠷᠠᠯ ᠳᠤ ᠣᠷᠣᠯᠴᠠᠵᠤ ᠰᠤᠷᠤᠯᠭ᠎ᠠ ᠲᠡᠭᠦᠰᠪᠡ᠃ ᠪᠦᠬᠦ᠋ᠢᠯᠡ ᠪᠣᠯᠪᠠᠰᠤᠷᠠᠯ ᠢ ᠭᠤᠣᠯ | ᠰᠡᠳᠦᠪᠲᠦ ᠲᠠᠶᠢᠯᠤᠮᠵᠢ᠂ ᠠᠵᠢᠯ ᠤᠨ ᠪᠠᠶᠢᠷᠢ ᠪᠠᠨ ᠳᠠᠭᠠᠵᠤ ᠰᠤᠳᠤᠯᠤᠨ ᠰᠣᠷᠣᠯᠴᠠᠬᠤ᠂ ᠦᠢᠯᠡᠳᠦᠯᠭᠡ ᠪᠠᠷ | ᠡᠷᠭᠢᠴᠡᠭᠦᠯᠦᠨ ᠪᠤᠳᠤᠬᠤ᠂ ᠦᠷ᠎ᠡ ᠪᠦᠲᠦᠭᠡᠯ ᠢᠶᠠᠨ ᠬᠤᠪᠢᠶᠠᠯᠴᠠᠨ ᠡᠳ᠋ᠯᠡᠬᠦ ᠵᠡᠷᠭᠡ 4 ᠬᠡᠰᠡᠭ ᠬᠤᠪᠢᠶᠠᠪᠠ᠃ |