乌海市人民政府门户网站 office365怎么登陆_365视频直播_365bet网址是多少

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠨᠠᠮ ᠪᠠᠶᠢᠭᠤᠯᠤᠭᠳᠠᠭᠰᠠᠨ 100 ᠵᠢᠯ ᠤᠨ ᠣᠶ︾ ︽ᠲᠠᠪᠤᠨ ᠨᠢᠭᠡ ᠶᠢᠨ ᠢᠨᠵᠧᠨᠧᠷᠢᠩ︾ ᠤᠨ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠵᠢᠴᠢ ᠠᠵᠢᠯᠯᠠᠭ᠎ᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2020/8/26
             8 ᠰᠠᠷ᠎ᠠ ᠶᠢᠨ 25 ᠤ ᠡᠳᠦᠷ᠂ ︽ᠨᠠᠮ ᠪᠠᠶᠢᠭᠤᠯᠤᠭᠳᠠᠭᠰᠠᠨ 100 ᠵᠢᠯ ᠤᠨ ᠣᠶ︾ ︽ᠲᠠᠪᠤᠨ ᠨᠢᠭᠡ ᠶᠢᠨ ᠢᠨᠵᠧᠨᠧᠷᠢᠩ︾ ᠤᠨ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠵᠢᠴᠢ ᠠᠵᠢᠯᠯᠠᠭ᠎ᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠯᠪᠤᠭᠳᠠᠯ ᠪᠥᠬᠦᠶ ᠬᠠᠷᠢᠭᠤᠴᠠᠯᠭᠠᠳᠠᠨ ︽ᠨᠠᠮ ᠪᠠᠶᠢᠭᠤᠯᠤᠭᠳᠠᠭᠰᠠᠨ 100 ᠵᠢᠯ ᠤᠨ ᠣᠶ︾ ᠶᠢᠨ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠵᠢᠴᠢ ᠠᠵᠢᠯᠯᠠᠭᠠᠨ ᠤ ᠲᠥᠯᠥᠪᠯᠡᠭᠡ᠂ ︽ᠲᠠᠪᠤᠨ ᠨᠢᠭᠡ ᠶᠢᠨ ᠢᠨᠵᠧᠨᠧᠷᠢᠩ︾ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠲᠥᠷᠥᠯ ᠵᠦᠶ᠋ᠯ ᠤᠨ ᠲᠥᠯᠥᠪᠯᠡᠭᠡ ᠶᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠰᠣᠳᠣᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠭᠤᠤᠯᠳᠠᠯᠭ᠎ᠠ ᠲᠠᠢ ᠠᠵᠢᠯᠯᠠᠭ᠎ᠠ ᠶᠢᠨ ᠠᠭᠤᠯᠭ᠎ᠠ᠂ ᠣᠯᠠᠨ ᠲᠦᠮᠡᠨ ᠤ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ ᠰᠣᠯᠢᠯᠴᠠᠪᠠ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠵᠢᠯ᠂ ᠢᠷᠡᠬᠦ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠴᠠᠭ ᠤᠨ ᠵᠠᠩᠭᠢᠶᠠᠰᠤ ᠶᠢᠨ ᠲᠣᠭᠤᠷᠢᠨ ᠳᠤ ᠤᠳᠬ᠎ᠠ ᠤᠷᠠᠯᠢᠭ ᠤᠨ ᠵᠤᠬᠢᠶᠠᠨ ᠪᠦᠲᠦᠭᠡᠯᠭᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠦ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠶᠢᠷ᠎ᠠ ᠰᠡᠳᠬᠢᠯᠭᠡ ᠪᠢᠯᠬᠠᠮ᠎ᠠ᠂ ᠬᠦᠴᠦᠨ ᠴᠢᠳᠠᠯ ᠭᠦᠨ ᠪᠠᠶᠢᠳᠠᠭ ᠰᠣᠳᠣᠨ ᠪᠦᠲᠦᠭᠡᠯ ᠢᠶᠠᠷ ᠢᠶᠠᠨ ᠠᠷᠠᠳ ᠤᠯᠠᠨ ᠢ ᠵᠣᠷᠢᠭᠵᠢᠭᠤᠯᠤᠨ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ ᠲᠠᠶᠢᠨ ᠤ ᠵᠠᠮ ᠳᠡᠭᠡᠷ᠎ᠡ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠ ᠲᠡᠦᠬᠡ ᠶᠢᠨ ᠡᠭᠦᠷᠭᠡᠯᠡᠯ ᠢ ᠴᠢᠩᠭᠠᠳᠬᠠᠵᠤ᠂ ᠭᠤᠣᠯ ᠰᠡᠳᠦᠪ ᠲᠤ ᠲᠦᠪᠯᠡᠷᠡᠭᠦᠯᠦᠨ᠂ ᠰᠡᠳᠦᠪ ᠢᠶᠠᠨ ᠰᠠᠶᠢᠲᠤᠷ ᠰᠣᠩᠭᠤᠵᠤ᠂ ᠦᠯᠢᠭᠡᠷ ᠢᠶᠠᠨ ᠰᠠᠶᠢᠲᠤᠷ ᠶᠠᠷᠢᠵᠤ᠂ ᠨᠢᠭᠡ ᠪᠦᠯᠦᠭ ᠲᠡᠦᠬᠡ ᠶᠢᠨ ᠦᠨᠳᠦᠷᠴᠡ ᠶᠢ ᠢᠯᠡᠷᠡᠭᠦᠯᠦᠭᠰᠡᠨ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠢ᠃ ᠬᠦᠴᠦ ᠪᠠᠨ ᠲᠥᠪᠯᠡᠷᠡᠭᠦᠯᠦᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠤᠷᠰᠢᠬᠢ ᠪᠡᠯᠡᠭ ᠰᠡᠯᠲᠡ ᠡᠷᠭᠦᠬᠦ ᠪᠦᠲᠦᠭᠡᠯ ᠢ ᠵᠤᠬᠢᠶᠠᠨ ᠪᠦᠲᠦᠭᠡᠵᠦ᠂ ᠨᠠᠮ ᠤᠨ ᠠᠭᠤᠤ ᠶᠡᠭᠡ ᠭᠠᠪᠢᠶ᠎ᠠ ᠠᠤᠭ᠎ᠠ ᠵᠢᠳᠬᠦᠯ ᠢ ᠠᠮᠢᠳᠤᠯᠢᠭ ᠢᠶᠠᠷ ᠲᠤᠰᠬᠠᠵᠤ᠂ ᠦᠨᠳᠦᠰᠦᠲᠡᠨ ᠤ ᠬᠤᠪᠢ ᠵᠠᠶᠠᠭᠠᠨ ᠤ ᠯᠤᠲᠤ ᠶᠡᠭᠡ ᠬᠤᠪᠢᠷᠠᠯᠲᠠ ᠶᠢ ᠢᠯᠡᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠭᠤᠯᠭ᠎ᠠ ᠲᠠᠢ ᠵᠢᠷᠤᠭ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠦᠨᠡᠨ ᠰᠡᠳᠬᠢᠯᠭᠡ ᠪᠠᠷ ᠢᠶᠠᠨ ᠵᠢᠷᠣᠭᠯᠠᠬᠤ ᠬᠡᠷᠡᠭᠳᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠪᠣᠭᠤᠮᠲᠠ ᠪᠠ ᠤᠷᠠᠯᠢᠭ ᠤᠨ ᠶᠠᠰᠤ ᠴᠢᠨᠠᠷ ᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠵᠤ᠂ ᠬᠤᠶᠠᠷ ᠲᠠᠯ᠎ᠠ ᠪᠠᠷ ᠴᠥᠮ ᠴᠢᠩᠭ᠎ᠠ ᠠᠳᠬᠤᠵᠤ᠂ ᠬᠦᠯᠢᠶᠡᠬᠦ ᠲᠦᠰᠢᠭᠯᠡᠬᠦ ᠦᠵᠡᠯ ᠰᠠᠨᠠᠭ᠎ᠠ ᠵᠡᠷᠭᠡ ᠶᠢ ᠴᠠᠭ ᠲᠤᠬᠠᠶ ᠳᠤᠨᠢ ᠠᠷᠢᠯᠭᠠᠵᠤ᠂ ᠭᠤᠤᠯᠳᠠᠯᠭ᠎ᠠ ᠲᠠᠢ ᠵᠣᠬᠢᠶᠠᠨ ᠪᠦᠲᠦᠭᠡᠬᠦ ᠪᠦᠬᠦ ᠶᠠᠪᠤᠴᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ᠂ ᠡᠯ᠎ᠡ ᠲᠣᠭᠤᠷᠢᠭ ᠤᠨ ᠬᠢᠨ ᠴᠥᠮ ᠬᠠᠲᠠᠭᠤ ᠴᠢᠩᠭ᠎ᠠ᠂ ᠣᠳᠬ᠎ᠠ ᠠᠭᠤᠯᠭ᠎ᠠ ᠪᠠᠷ ᠪᠦᠷᠢᠨ ᠰᠣᠳᠣᠨ ᠪᠦᠲᠦᠭᠡᠯ ᠭᠠᠷᠭᠠᠵᠤ ᠴᠢᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃  
         
        ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号