ᠲᠡᠦᠭᠡᠨ ᠣᠯᠠᠷᠢᠯ ︵ᠠᠷᠪᠠ ᠶᠢᠰᠦ︶ | | | 2002 ᠤᠨ | | | 1 ᠰᠠᠷ᠎ᠠ ᠶᠢᠨ 8 ᠤ ᠡᠳᠦᠷ᠂ ᠲᠤᠮᠳᠠᠳᠤ ᠤᠯᠤᠰ ᠤᠨ ᠬᠠᠮᠳᠤᠷᠠᠭᠰᠠᠨ ᠬᠤᠯᠪᠤᠭᠠᠨ ᠤ ᠰᠢᠨ᠎ᠡ ᠤᠷᠤᠨ ᠵᠠᠢ | CDMA ᠰᠦᠯᠵᠢᠶ᠎ᠡ ᠦᠬᠠᠢ ᠬᠤᠳᠠ ᠳᠤ ᠲᠤᠷᠰᠢᠨ ᠬᠡᠷᠡᠭᠯᠡᠭᠳᠡᠪᠡ᠃ | 2 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠡᠮᠡᠭᠳᠡᠶᠢᠴᠤᠳ ᠤᠨ ᠤᠷᠠᠨ ᠪᠢᠴᠢᠯᠭᠡ ᠶᠢᠨ ᠨᠡᠶᠢᠭᠡᠮᠯᠢᠭ | ᠪᠠᠶᠢᠭᠤᠯᠤᠭᠳᠠᠪᠠ᠃ | 3 ᠰᠠᠷ᠎ᠠ ᠶᠢᠨ 8 ~ 12 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ | ᠲᠠᠪᠤᠳᠤᠭᠠᠷ ᠬᠤᠭᠤᠴᠠᠭᠠᠨ ᠤ ᠬᠡᠰᠢᠭᠦᠳ ᠤᠨ ᠲᠠᠪᠤᠳᠤᠭᠠᠷ ︵ᠲᠡᠭᠡᠷ᠎ᠡ ᠵᠢᠯ ᠨᠢ ᠭᠤᠷᠪᠠᠳᠤᠭᠠᠷ︶ ᠤᠳᠠᠭᠠᠨ ᠤ | ᠬᠤᠷᠠᠯ ᠢ ᠬᠤᠷᠠᠯᠳᠤᠭᠤᠯᠵᠤ᠂ ᠬᠤᠷᠠᠯ ᠢᠶᠠᠷ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠵᠦᠪᠯᠡᠯ ᠤᠨ | ᠠᠵᠢᠯ ᠤᠨ ᠮᠡᠳᠡᠭᠦᠯᠦᠯᠳᠡ ᠪᠠ ᠲᠤᠷᠠᠳᠤᠯᠭ᠎ᠠ ᠶᠢᠨ ᠬᠢᠨᠠᠨ ᠪᠠᠶᠢᠴᠠᠭᠠᠯᠳᠠ ᠶᠢᠨ ᠠᠵᠢᠯ ᠤᠨ ᠪᠠᠶᠢᠳᠠᠯ ᠤᠨ | ᠮᠡᠳᠡᠭᠦᠯᠦᠯᠳᠡ ᠶᠢ ᠪᠠᠳᠤᠯᠠᠵᠤ᠂ 4 ᠨᠡᠷᠡᠰ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ ᠢ ᠨᠦᠬᠦᠨ | ᠰᠤᠩᠭᠤᠵᠠᠢ᠃ | 3 ᠰᠠᠷ᠎ᠠ ᠶᠢᠨ 9 ~ 13 ᠤ ᠡᠳᠦᠷ᠂ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠬᠤᠷᠠᠯ ᠠᠴᠠ ᠵᠠᠷᠢᠮ ᠰᠢᠢᠳᠪᠦᠷᠢ ᠨᠦᠭᠦᠳ ᠢ ᠪᠠᠳᠤᠯᠠᠵᠠᠢ︔ 8 ᠨᠡᠷᠡᠰ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠵᠦᠪᠯᠡᠯ ᠤᠨ ᠲᠦᠯᠦᠭᠡᠯᠡᠭᠴᠢᠳ ᠢ ᠨᠦᠬᠦᠨ ᠰᠤᠩᠭᠤᠵᠠᠢ᠃ | | 3 ᠰᠠᠷ᠎ᠠ ᠶᠢᠨ 15 ᠤ ᠡᠳᠦᠷ᠂ ︽ᠨᠡᠶᠢᠰᠯᠡᠯ ᠬᠤᠳᠠ ᠶᠢᠨ ᠡᠯ᠎ᠡ ᠡᠳᠡᠭᠡᠳ ᠤᠨ ᠬᠢᠨ ᠦᠪᠦᠷ ᠮᠤᠩᠭᠤᠯ ᠤᠨ | ᠦᠬᠠᠢ ᠬᠤᠳᠠ ᠶᠢᠨ ᠭᠠᠮᠰᠢᠭᠳᠠᠭᠰᠠᠨ ᠤᠷᠤᠨ ᠳᠤ ᠭᠠᠮᠰᠢᠭᠳᠠᠭᠰᠠᠳ ᠢ ᠲᠡᠳᠭᠦᠵᠦ᠂ ᠰᠤᠷᠤᠯᠭ᠎ᠠ ᠶᠢ ᠲᠡᠮᠵᠢᠬᠦ | ᠶᠤᠰᠤᠯᠠᠯ︾ ᠤᠳᠠ ᠲᠤᠭᠤᠷᠢᠭ ᠤᠨ ᠬᠦᠬᠦᠷᠭᠡ ᠶᠢᠨ ᠪᠠᠷᠠᠭᠤᠨ ᠪᠠᠯᠭᠠᠰᠤᠨ ᠤ ᠭᠤᠤᠯ ᠤᠨ ᠲᠤᠬᠤᠢ ᠲᠤᠰᠬᠤᠨ ᠳᠤ | ᠶᠠᠪᠤᠭᠳᠠᠪᠠ᠂ ᠨᠡᠶᠢᠰᠯᠡᠯ ᠬᠤᠳᠠ ᠶᠢᠨ ᠡᠯ᠎ᠡ ᠡᠳᠡᠭᠡᠳ ᠤᠨ ᠬᠢᠨ 60 ᠲᠦᠮᠡᠨ ᠲᠦᠭᠦᠷᠢᠭ ᠲᠤᠰᠠᠯᠠᠵᠤ᠂ 20 | ᠨᠡᠷᠡᠰ ᠰᠤᠷᠤᠭᠴᠢ ᠳᠤ 4 000 ᠲᠦᠭᠦᠷᠢᠭ ᠤᠨ ᠲᠡᠮᠵᠢᠯᠭᠡ ᠭᠦᠷᠳᠡᠭᠡᠵᠡᠢ᠃ | △ ᠦᠬᠠᠢ ᠬᠤᠳᠠ ᠶᠢᠨ ᠠᠩᠬᠠᠨ ᠤ ᠤᠯᠤᠰ ᠤᠨ ᠡᠷᠭᠡᠰᠢᠶᠡᠯᠳᠦ ᠬᠤᠪᠢᠴᠠᠭ᠎ᠠ ᠡᠵᠡᠮᠰᠢᠯᠳᠦ ᠲᠤᠮᠳᠠ | ᠬᠡᠯᠪᠡᠷᠢ ᠶᠢᠨ ᠠᠵᠤ ᠠᠬᠤᠶᠢᠯᠠᠯ — ᠬᠤᠸᠠ ᠰᠢ ᠬᠡᠦᠷᠡᠰᠦᠨ ᠤ ᠬᠢᠵᠠᠭᠠᠷᠳᠤ ᠺᠤᠮᠫᠠᠨᠢ ᠶᠢ ᠠᠷᠠᠳ ᠠᠴᠠ ᠡᠷᠭᠢᠯᠡᠭᠰᠡᠨ | ᠠᠵᠤ ᠠᠬᠤᠶᠢᠯᠠᠯ ᠦᠬᠠᠢ ᠬᠤᠳᠠ ᠶᠢᠨ ᠬᠠᠳᠤᠨ ᠭᠤᠤᠯ ᠦᠢᠯᠡᠳᠪᠦᠷᠢ ᠠᠷᠠᠯᠵᠢᠶᠠᠨ ︵ᠪᠦᠯᠦᠭᠯᠡᠯᠳᠦ︶ ᠤ | ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠳᠤ ᠦᠭᠴᠦ᠂ ᠤᠯᠤᠰ ᠤᠨ ᠡᠷᠭᠡᠰᠢᠶᠡᠯᠳᠦ ᠬᠤᠪᠢᠴᠠᠭ᠎ᠠ ᠶᠢᠨ ᠡᠷᠭᠡᠳᠦ | ᠬᠦᠮᠦᠰ ᠲᠤ ᠬᠠᠶᠢᠷᠤᠪ ᠤᠨ ᠲᠤᠬᠤᠢ ᠲᠤᠭᠤᠷᠢᠭ ᠤᠨ ᠤᠯᠤᠰ ᠤᠨ ᠦᠮᠴᠢᠯᠡᠯᠳᠦ ᠬᠦᠷᠦᠩᠭᠡ ᠶᠢᠨ ᠬᠠᠮᠢᠶᠠᠷᠤᠯᠳᠠ | ᠶᠢᠨ ᠵᠦᠪᠯᠡᠯ ᠬᠢᠭᠡᠳ ᠬᠤᠳᠠ ᠶᠢᠨ ᠤᠯᠤᠰ ᠤᠨ ᠦᠮᠴᠢᠯᠡᠯᠳᠦ ᠬᠦᠷᠦᠩᠭᠡ ᠶᠢᠨ ᠬᠠᠮᠢᠶᠠᠷᠤᠯᠳᠠ ᠶᠢᠨ ᠵᠦᠪᠯᠡᠯ ᠠᠴᠠ | 2 337.23 ᠲᠦᠮᠡᠨ ᠲᠦᠭᠦᠷᠢᠭ ᠤᠨ ᠤᠯᠤᠰ ᠤᠨ ᠡᠷᠭᠡᠰᠢᠶᠡᠯᠳᠦ ᠬᠤᠪᠢᠴᠠᠭ᠎ᠠ ᠶᠢᠨ ᠡᠷᠭᠡ ᠶᠢᠨ ᠲᠦᠯᠦᠪᠦᠷᠢ | ᠦᠭᠴᠦ ᠨᠢᠭᠡᠮᠦᠰᠦᠨ ᠰᠢᠯᠵᠢᠭᠦᠯᠵᠡᠢ᠃ | △ ᠬᠠᠳᠤᠨ ᠭᠤᠤᠯ ᠬᠢᠮᠢ ᠶᠢᠨ ᠦᠢᠯᠡᠳᠪᠦᠷᠢ ᠶᠢᠨ ︵ᠪᠦᠯᠦᠭᠯᠡᠯᠳᠦ︶ ᠬᠢᠵᠠᠭᠠᠷᠳᠤ ᠬᠠᠷᠢᠭᠤᠴᠠᠯᠭᠠᠳᠤ | ᠺᠤᠮᠫᠠᠨᠢ ᠪᠠᠶᠢᠭᠤᠯᠤᠭᠳᠠᠵᠠᠢ᠂ ᠲᠤᠮᠳᠠᠳᠤ ᠤᠯᠤᠰ ᠤᠨ ᠬᠤᠸᠠ ᠿᠦᠨ ᠬᠦᠷᠦᠩᠭᠡ ᠶᠢᠨ ᠬᠠᠮᠢᠶᠠᠷᠤᠯᠳᠠ ᠶᠢᠨ ᠺᠤᠮᠫᠠᠨᠢ | ᠂ ᠲᠤᠮᠳᠠᠳᠤ ᠤᠯᠤᠰ ᠤᠨ ᠰᠢᠨ ᠳ᠋ᠠ ᠬᠦᠷᠦᠩᠭᠡ ᠶᠢᠨ ᠬᠠᠮᠢᠶᠠᠷᠤᠯᠳᠠ ᠶᠢᠨ ᠺᠤᠮᠫᠠᠨᠢ᠂ ᠦᠬᠠᠢ ᠬᠤᠳᠠ ᠶᠢᠨ ᠤᠯᠤᠰ | ᠤᠨ ᠦᠮᠴᠢᠯᠡᠯᠳᠦ ᠬᠦᠷᠦᠩᠭᠡ ᠶᠢᠨ ᠬᠠᠮᠢᠶᠠᠷᠤᠯᠳᠠ ᠶᠢᠨ ᠵᠦᠪᠯᠡᠯ᠂ ᠤᠳᠠ ᠶᠢᠨ ᠴᠠᠭᠢᠯᠭᠠᠨ ᠭᠠᠷᠭᠠᠬᠤ ᠬᠢᠵᠠᠭᠠᠷᠳᠤ | ᠬᠠᠷᠢᠭᠤᠴᠠᠯᠭᠠᠳᠤ ᠺᠤᠮᠫᠠᠨᠢ ᠵᠡᠷᠭᠡ ᠲᠦᠷᠪᠡᠨ ᠺᠤᠮᠫᠠᠨᠢ ᠬᠠᠮᠳᠤᠪᠠᠷ ᠪᠡᠯᠡ ᠨᠡᠶᠢᠯᠡᠭᠦᠯᠦᠨ ᠪᠠᠶᠢᠭᠤᠯᠵᠠᠢ᠃ | 3 ᠰᠠᠷ᠎ᠠ ᠶᠢᠨ 25 ᠤ ᠡᠳᠦᠷ᠂ ᠦᠬᠠᠢ ᠬᠤᠳᠠ ᠶᠢᠨ ᠨᠢᠰᠭᠡᠯ ᠤᠨ ᠲᠠᠯᠠᠪᠠᠢ ᠪᠠᠷᠢᠯᠭ᠎ᠠ ᠡᠬᠢᠯᠡᠬᠦᠯᠵᠡᠢ᠂ | ᠲᠤᠰ ᠨᠢᠰᠭᠡᠯ ᠤᠨ ᠲᠠᠯᠠᠪᠠᠢ ᠶᠢ ᠵᠢᠯ ᠳᠤ 7 000 ᠠᠶᠠᠨᠴᠢᠳ ᠢ ᠤᠷᠤᠭᠤᠯᠵᠤ ᠭᠠᠷᠭᠠᠬᠤ ᠭᠠᠷᠠᠮ ᠤᠨ ᠬᠡᠮᠵᠢᠶ᠎ᠡ | ᠲᠠᠢ᠂ 3C ᠲᠡᠰ ᠤᠨ᠂ BAE — 146᠂ ᠰᠢᠨ᠎ᠡ ᠤᠩᠭᠤᠴᠠ 60᠂ ᠳ᠋ᠦᠸᠧ ᠨᠢ ᠡᠯ ᠵᠡᠷᠭᠡ ᠬᠡᠯᠪᠡᠷᠢᠳᠦ | ᠢᠰᠭᠡᠯ ᠬᠠᠮᠳᠤᠪᠠᠷ ᠪᠠᠭᠤᠵᠤ ᠨᠢᠰᠴᠦ ᠲᠡᠶᠢᠯᠭᠦ ᠪᠠᠷ ᠲᠦᠯᠦᠪᠯᠡᠵᠠᠢ᠂ ᠪᠠᠷᠢᠯᠭ᠎ᠠ ᠶᠢᠨ ᠶᠡᠷᠦᠩᠬᠡᠢ ᠪᠡᠯᠡ | ᠤᠷᠤᠭᠤᠯᠤᠯᠳᠠ ᠨᠢ 1.45 ᠳ᠋ᠦᠩᠰᠢᠭᠤᠷ ᠲᠦᠭᠦᠷᠢᠭ᠃ | 4 ᠰᠠᠷ᠎ᠠ ᠶᠢᠨ 2 ᠤ ᠡᠳᠦᠷ᠂ ᠦᠬᠠᠢ ᠬᠤᠳᠠ ᠶᠢᠨ ᠲᠡᠷᠢᠶᠡᠯᠡᠩ ᠦᠢᠯᠡᠰ ᠤᠨ ᠲᠧᠭᠨᠢᠭ ᠮᠡᠷᠭᠡᠵᠢᠯ ᠢ | ᠲᠦᠯᠭᠢᠨ ᠠᠬᠢᠭᠤᠯᠬᠤ ᠦᠷᠳᠡᠭᠡ ᠨᠢ ᠠᠮᠧᠷᠢᠺᠠ ᠠᠴᠠ ᠤᠷᠤᠭᠤᠯᠤᠭᠰᠠᠨ ᠺᠦ᠋ ᠯᠠ ᠰᠦᠸᠧ ᠠᠭᠠᠷᠠᠤ ᠴᠡᠴᠡᠭ ᠪᠤᠯᠤᠨ | ᠮᠧᠺᠰᠢᠺᠦ ᠠᠴᠠ ᠤᠷᠤᠭᠤᠯᠤᠭᠰᠠᠨ ᠠᠷᠰᠢ ᠶᠢᠨ ᠭᠠᠷ ᠢ ᠲᠤᠷᠰᠢᠨ ᠲᠠᠷᠢᠭᠠᠳ ᠠᠮᠵᠢᠯᠳᠠ ᠤᠯᠵᠠᠢ᠃ | 4 ᠰᠠᠷ᠎ᠠ ᠶᠢᠨ19 ᠤ ᠡᠳᠦᠷ᠂ ᠦᠬᠠᠢ ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠦᠪᠦᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠪᠦᠯᠦᠭ ᠤᠨ ᠲᠠᠭᠤᠷᠢᠶᠠᠯ ᠦᠵᠡᠬᠦᠯᠭᠦ ᠰᠢᠨᠵᠢᠳᠡᠢ ᠦᠨᠳᠦᠷ | ᠵᠡᠷᠭᠡ ᠶᠢᠨ ᠲᠤᠮᠳᠠᠳᠤ ᠰᠤᠷᠭᠠᠭᠤᠯᠢ ᠪᠠᠷ ᠲᠤᠭᠳᠠᠭᠠᠭᠳᠠᠪᠠ᠃ | 5 ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠲᠠᠮᠢᠷ ᠤᠨ ᠰᠤᠭᠤᠯᠤᠭ᠎ᠠ ᠶᠢᠨ ᠬᠠᠭᠤᠳᠠᠰᠤᠨ ᠤ | ᠬᠠᠮᠢᠶᠠᠷᠤᠯᠳᠠ ᠶᠢᠨ ᠲᠦᠪ ᠤᠨ ᠦᠬᠠᠢ ᠬᠤᠳᠠ ᠶᠢᠨ ᠬᠠᠮᠢᠶᠠᠷᠤᠯᠳᠠ ᠶᠢᠨ ᠦᠷᠳᠡᠭᠡ ᠫᠠᠶᠢᠰᠠ ᠡᠯᠭᠦᠨ | ᠪᠠᠶᠢᠭᠤᠯᠤᠭᠳᠠᠪᠠ᠃ | 5 ᠰᠠᠷ᠎ᠠ ᠶᠢᠨ 20 ᠤ ᠡᠳᠦᠷ᠂ ᠦᠬᠠᠢ ᠬᠤᠳᠠ ᠨᠢ ᠬᠤᠳᠠ ᠬᠦᠳᠡᠭᠡ ᠶᠢᠨ ᠠᠶᠠᠨᠴᠢᠳ ᠤᠨ | ᠲᠡᠭᠡᠭᠡᠪᠦᠷᠢᠯᠡᠯ ᠢ ᠨᠢᠭᠡ ᠴᠣᠭᠴᠠᠵᠢᠭᠤᠯᠤᠨ ᠬᠠᠮᠢᠶᠠᠷᠬᠤ ᠬᠡᠯᠪᠡᠷᠢ ᠶᠢ ᠡᠬᠢᠯᠡᠨ ᠭᠡᠷᠡᠭᠵᠢᠭᠦᠯᠵᠡᠢ᠃ | 6 ᠰᠠᠷ᠎ᠠ ᠶᠢᠨ 3 ᠤ ᠡᠳᠦᠷ᠂ ᠦᠬᠠᠢ ᠬᠤᠳᠠ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠪᠠᠶᠢᠭᠤᠯᠤᠯᠭ᠎ᠠ | ᠶᠢᠨ ᠨᠢᠭᠳᠠᠯᠠᠨ ᠪᠤᠳᠤᠬᠤ ᠲᠤᠭᠠᠴᠠᠭᠠᠨ ᠤ ᠲᠦᠪ ᠡᠬᠢᠯᠡᠨ ᠠᠯᠪᠠᠯᠠᠵᠤ᠂ ᠪᠦᠬᠦ ᠬᠤᠳᠠ ᠶᠢᠨ ᠨᠢᠭᠳᠠᠯᠠᠨ | ᠪᠤᠳᠤᠭᠴᠢᠳ ᠨᠢᠭᠡᠳᠦᠯᠳᠡᠢ ᠪᠠᠷ ᠲᠤᠭᠠᠴᠠᠭᠠᠯᠠᠨ ᠠᠵᠢᠯᠯᠠᠬᠤ ᠠᠵᠢᠯᠯᠠᠭᠠᠨ ᠵᠢᠩᠬᠢᠨᠢ ᠪᠠᠷ ᠡᠬᠢᠯᠡᠵᠡᠢ᠃ | 6 ᠰᠠᠷ᠎ᠠ ᠶᠢᠨ 22 ᠤ ᠡᠳᠦᠷ᠂ ︽ᠲᠤᠮᠳᠠᠳᠤ ᠤᠯᠤᠰ ᠤᠨ ᠬᠡᠦᠭᠡᠳ ᠤᠨ ᠪᠣᠶᠠᠨᠰᠠᠭ ᠦᠢᠯᠡᠰ ᠤᠨ | ᠬᠦᠳᠡᠯᠭᠡᠭᠡᠨ ᠤ ᠡᠳᠦᠷ︾ ᠲᠤᠮᠤ ᠬᠡᠪᠴᠢᠶᠡᠨ ᠤ ᠨᠡᠶᠢᠳᠡ ᠶᠢᠨ ᠬᠠᠯᠠᠮᠵᠢ ᠶᠢᠨ ᠬᠦᠳᠡᠯᠭᠡᠭᠡᠨ ᠢ ᠪᠡᠭᠡᠵᠢᠩ ᠤᠨ ᠠᠷᠠᠳ | ᠤᠨ ᠬᠤᠷᠠᠯ ᠤᠨ ᠲᠠᠩᠭᠢᠮ ᠳᠤ ᠶᠠᠪᠤᠭᠳᠠᠭᠤᠯᠵᠠᠢ᠂ ᠦᠬᠠᠢ ᠬᠤᠳᠠ ︽ᠬᠠᠯᠠᠮᠵᠢ ᠶᠢᠨ ᠨᠢᠭᠦᠯᠡᠰᠦᠩᠭᠦᠢ ᠬᠤᠳᠠ︾ | ᠴᠤᠯᠠ ᠶᠢ ᠬᠦᠷᠳᠡᠵᠦ᠂ ᠪᠡᠭᠡᠵᠢᠩ ᠤᠨ ᠪᠠ ᠳ᠋ᠠ ᠯᠢᠩ ᠲᠠᠪᠠᠭᠠᠨ ᠤ ᠦᠭᠯᠢᠭᠡ ᠶᠢᠨ ᠬᠦᠰᠢᠶ᠎ᠡ ᠲᠡᠭᠡᠷ᠎ᠡ ᠰᠡᠶᠢᠯᠦᠭᠳᠡᠵᠡᠢ | ᠃ | 6 ᠰᠠᠷ᠎ᠠ ᠶᠢᠨ 26 ᠤ ᠡᠳᠦᠷ᠂ ᠦᠬᠠᠢ ᠬᠤᠳᠠ ᠶᠢᠨ 120 ᠪᠠᠴᠢᠮ ᠠᠪᠤᠷᠠᠬᠤ ᠲᠦᠪ ᠪᠠᠶᠢᠭᠤᠯᠤᠭᠳᠠᠬᠤ | ᠶᠤᠰᠤᠯᠠᠯ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠪᠤᠭᠳᠠᠪᠠ᠃ | 7 ᠰᠠᠷ᠎ᠠ ᠶᠢᠨ 8 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠤᠯᠤᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ | ᠤ ᠵᠠᠰᠠᠭ ᠵᠠᠭᠢᠷᠭᠠᠨ ᠤ ᠬᠢᠨᠠᠨ ᠵᠦᠪᠰᠢᠶᠡᠷᠡᠭᠦ ᠲᠦᠷᠦᠯ ᠵᠦᠢᠯ ᠢ ᠴᠡᠭᠴᠡᠯᠡᠬᠦ ᠠᠵᠢᠯ ᠤᠨ ᠲᠦᠰᠦᠯ︾ ᠢ ᠪᠠᠳᠤᠯᠠᠵᠤ᠂ | ᠲᠤᠰ ᠡᠳᠦᠷ ᠠᠴᠠ ᠡᠭᠢᠯᠡᠨ ᠬᠡᠷᠡᠭᠵᠢᠭᠦᠯᠬᠦ ᠪᠠᠷ ᠲᠤᠭᠳᠠᠵᠠᠢ᠃ ︽ᠲᠦᠰᠦᠯ︾ ᠳᠤ᠂ ᠨᠠᠶᠢᠳᠡ 294 ᠵᠦᠢᠯ ᠤᠨ | ᠵᠠᠰᠠᠭ ᠵᠠᠭᠢᠷᠭᠠᠨ ᠤ ᠬᠢᠨᠠᠨ ᠵᠦᠪᠰᠢᠶᠡᠷᠡᠭᠦ ᠲᠦᠷᠦᠯ ᠢ ᠴᠤᠮᠬᠠᠳᠬᠠᠵᠠᠢ᠂ ᠵᠠᠰᠠᠭ ᠵᠠᠭᠢᠷᠭᠠᠨ ᠤ ᠬᠢᠨᠠᠨ ᠵᠦᠪᠰᠢᠶᠡᠷᠡᠭᠦ | ᠲᠦᠷᠦᠯ ᠵᠦᠢᠯ ᠢ ᠰᠢᠯᠢᠳᠡᠭᠵᠢᠭᠦᠯᠦᠨ ᠴᠤᠮᠬᠠᠳᠬᠠᠭᠰᠠᠨ ᠨᠤᠷᠮ᠎ᠠ ᠨᠢ 53.1% ᠳᠤ ᠬᠦᠷᠴᠡᠢ᠃ | 7 ᠰᠠᠷ᠎ᠠ ᠶᠢᠨ 12 ᠤ ᠡᠳᠦᠷ᠂ ᠲᠤᠮᠳᠠᠳᠤ ᠤᠯᠤᠰ ᠤᠨ ᠲᠠᠷᠢᠶᠠᠯᠠᠩ ᠦᠢᠯᠡᠳᠪᠦᠷᠢ ᠶᠢᠨ ᠠᠷᠠᠳᠴᠢᠯᠠᠭᠰᠠᠨ | ᠨᠠᠮ ᠤᠨ ᠦᠬᠠᠢ ᠬᠤᠳᠠ ᠶᠢᠨ ᠬᠤᠷᠢᠶ᠎ᠠ ᠪᠠᠶᠢᠭᠤᠯᠤᠭᠳᠠᠵᠤ᠂ ᠨᠢᠭᠡᠳᠦᠭᠡᠷ ᠤᠳᠠᠭᠠᠨ ᠤ ᠨᠠᠮ ᠤᠨ ᠬᠡᠰᠢᠭᠦᠳ ᠤᠨ | ᠶᠡᠭᠡ ᠬᠤᠷᠠᠯ ᠢ ᠬᠤᠷᠠᠯᠳᠤᠭᠤᠯᠤᠨ᠂ ᠯᠢ ᠱᠢ ᠬᠤᠸᠠ ᠲᠠᠷᠢᠶᠠᠯᠠᠩ ᠦᠢᠯᠡᠳᠪᠦᠷᠢ ᠶᠢᠨ ᠠᠷᠠᠳᠴᠢᠯᠠᠭᠰᠠᠨ ᠨᠠᠮ ᠤᠨ | ᠦᠬᠠᠢ ᠬᠤᠳᠠ ᠶᠢᠨ ᠬᠤᠷᠢᠶᠠᠨ ᠤ ᠨᠢᠭᠡᠳᠦᠭᠡᠷ ᠬᠤᠭᠤᠴᠠᠭᠠᠨ ᠤ ᠡᠷᠭᠢᠯᠡᠭᠴᠢ ᠬᠡᠰᠢᠭᠦᠨ ᠢᠶᠠᠷ ᠰᠤᠩᠭᠤᠭᠳᠠᠵᠠᠢ᠃ | △ ᠦᠬᠠᠢ ᠬᠤᠳᠠ ᠬᠦᠳᠡᠭᠡ ᠲᠤᠰᠬᠤᠨ ᠤ ᠭᠠᠶᠢᠯᠢ ᠶᠢᠨ ᠦᠭᠡᠷᠡᠴᠢᠯᠡᠯᠳᠡ ᠶᠢᠨ ᠠᠵᠢᠯ ᠤᠨ ᠬᠤᠷᠠᠯ ᠢ | ᠬᠤᠷᠠᠯᠳᠤᠭᠤᠯᠵᠤ᠂ ᠬᠦᠳᠡᠭᠡ ᠲᠤᠰᠬᠤᠨ ᠤ ᠭᠠᠶᠢᠯᠢ ᠶᠢᠨ ᠦᠭᠡᠷᠡᠴᠢᠯᠡᠯᠳᠡ ᠶᠢ ᠪᠦᠬᠦ ᠬᠤᠳᠠ ᠳᠤ ᠲᠤᠤᠱᠯᠠᠭᠤᠯᠬᠤ | ᠪᠠᠷ ᠪᠤᠯᠵᠠᠢ᠃ | 7 ᠰᠠᠷ᠎ᠠ ᠶᠢᠨ 29 ᠤ ᠡᠳᠦᠷ᠂ ᠪᠦᠬᠦ ᠲᠤᠮᠳᠠᠳᠤ ᠤᠯᠤᠰ ᠤᠨ ᠪᠤᠶᠠᠨᠰᠠᠭ ᠦᠢᠯᠡᠰ ᠤᠨ ᠶᠡᠷᠦᠩᠬᠡᠢ ᠡᠪᠯᠡᠯ | ᠠᠴᠠ ᠦᠬᠠᠢ ᠬᠤᠳᠠ ᠶᠢᠨ ᠬᠠᠯᠢᠶ᠎ᠠ ᠤᠷᠤᠰᠬᠠᠯ ᠤᠨ ᠭᠠᠮᠰᠢᠭ ᠲᠤ 10 ᠲᠦᠮᠡᠨ ᠲᠦᠭᠦᠷᠢᠭ ᠤᠨ ᠭᠠᠮᠰᠢᠭ ᠠᠴᠠ | ᠠᠪᠤᠷᠠᠬᠤ ᠡᠳ᠋ ᠪᠤᠳᠠᠰ ᠬᠦᠷᠭᠡᠵᠡᠢ᠃ | 8 ᠰᠠᠷ᠎ᠠ ᠶᠢᠨ 2 ᠤ ᠡᠳᠦᠷ᠂ ᠦᠬᠠᠢ ᠬᠤᠳᠠ ᠶᠢᠨ ᠲᠦᠷᠢᠶᠡᠰᠦᠨ ᠮᠠᠰᠢᠨ ᠤ ᠵᠢᠯᠤᠭᠤᠴᠢ ᠶᠢᠨ ᠠᠯᠪᠠᠨ | ᠵᠢᠷᠤᠮ ᠤᠨ ᠠᠮᠤᠷ ᠢ ᠬᠠᠮᠠᠭᠠᠯᠠᠬᠤ ᠬᠠᠮᠳᠤᠷᠠᠭᠰᠠᠨ ᠰᠡᠷᠭᠡᠶᠢᠯᠡᠯᠳᠡ ᠶᠢᠨ ᠲᠤᠭᠤᠷᠢᠨ ᠴᠠᠭᠳᠠᠬᠤ ᠠᠩᠭᠢ | ᠪᠠᠶᠢᠭᠤᠯᠤᠭᠳᠠᠵᠠᠢ᠂ 1 000 ᠲᠦᠷᠢᠶᠡᠰᠦᠨ ᠮᠠᠰᠢᠨ ᠤ ᠵᠢᠯᠤᠭᠤᠴᠢ ᠲᠤᠭᠤᠷᠢᠨ ᠴᠠᠭᠳᠠᠬᠤ ᠠᠵᠢᠯ ᠢᠶᠠᠨ | ᠡᠬᠢᠯᠡᠭᠦᠯᠵᠡᠢ᠃ ᠡᠨᠡ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠨ ᠤ ᠲᠦᠷᠢᠶᠡᠰᠦᠨ | ᠮᠠᠰᠢᠨ ᠤ ᠵᠢᠯᠤᠭᠤᠴᠢ ᠶᠢᠨ ᠠᠯᠪᠠᠨ ᠵᠢᠷᠤᠮ ᠤᠨ ᠠᠮᠤᠷ ᠢ ᠬᠠᠮᠠᠭᠠᠯᠠᠬᠤ ᠬᠠᠮᠳᠤᠷᠠᠭᠰᠠᠨ ᠰᠡᠷᠭᠡᠶᠢᠯᠡᠯᠳᠡ ᠶᠢᠨ | ᠲᠤᠭᠤᠷᠢᠨ ᠴᠠᠭᠳᠠᠬᠤ ᠠᠩᠭᠢ ᠪᠤᠯᠤᠨ᠎ᠠ᠃ | 8 ᠰᠠᠷ᠎ᠠ ᠶᠢᠨ 26 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠵᠠᠰᠠᠭ ᠤᠨ | ᠠᠵᠢᠯ ᠤᠨ ᠦᠢᠯᠡᠴᠢᠯᠡᠭᠡᠨ ᠤ ᠲᠦᠪ ᠠᠵᠢᠯᠯᠠᠭᠠᠨ ᠢᠶᠠᠨ ᠡᠬᠢᠯᠡᠭᠦᠯᠵᠡᠢ᠃ | 8 ᠰᠠᠷ᠎ᠠ ᠳᠤ᠂ ᠦᠬᠠᠢ ᠬᠤᠳᠠ ᠶᠢᠨ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠶᠡᠭᠡ ᠮᠦᠩᠭᠦ | ᠵᠠᠷᠤᠴᠠᠭᠤᠯᠤᠭᠰᠠᠨ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠲᠠᠭᠠᠳᠬᠠᠯ ᠢ ᠡᠬᠢᠯᠡᠨ ᠭᠡᠷᠡᠭᠵᠢᠭᠦᠯᠵᠦ᠂ ᠠᠵᠢᠯᠳᠠᠨ | ᠠᠵᠢᠯᠴᠢᠨ ᠬᠦᠮᠦᠨ ᠪᠦᠷᠢ 100 ᠲᠦᠭᠦᠷᠢᠭ ᠲᠤᠰᠢᠶᠠᠨ᠎ᠠ᠂ ᠡᠭᠦᠨ ᠳᠤ ᠪᠠᠶᠢᠭᠤᠯᠤᠯᠭ᠎ᠠ ᠠᠴᠠ 30 ᠲᠦᠭᠦᠷᠢᠭ᠂ | ᠬᠤᠪᠢ ᠬᠦᠮᠦᠨ 70 ᠲᠦᠭᠦᠷᠢᠭ ᠲᠤᠰᠢᠶᠠᠵᠤ᠂ ᠬᠠᠮᠤᠭ ᠦᠨᠳᠦᠷ ᠲᠡᠭᠡᠨ 8 ᠲᠦᠮᠡᠨ ᠲᠦᠭᠦᠷᠢᠭ ᠲᠦᠯᠦᠵᠦ ᠦᠭᠬᠦ | ᠪᠤᠯᠤᠨ᠎ᠠ᠃ | △ ᠤᠳᠠ ᠲᠤᠭᠤᠷᠢᠭ ᠤᠨ 2002 ᠤᠨ ᠤ ᠮᠠᠯᠵᠢᠬᠤ ᠲᠠᠷᠢᠶᠠᠯᠠᠬᠤ ᠤᠷᠤᠨ ᠤ ᠬᠦᠮᠦᠨ ᠮᠠᠯ ᠤᠨ | ᠤᠤᠭᠤᠬᠤ ᠤᠰᠤᠨ ᠤ ᠢᠨᠵᠧᠨᠧᠷᠢᠩ ᠤᠨ ᠠᠵᠢᠯ ᠲᠠᠭᠤᠰᠴᠤ᠂ ᠲᠦᠭᠡᠭᠡᠯ ᠤᠰᠤ ᠪᠢᠷᠢᠮᠵᠢᠶᠠᠨ ᠳᠤ ᠬᠦᠷᠴᠦ᠂ 5 | ᠵᠠᠰᠠᠭ ᠵᠠᠬᠢᠷᠭᠠᠨ ᠤ ᠲᠤᠰᠬᠤᠨ ᠤ 3 000 ᠬᠦᠮᠦᠨ ᠠᠮᠠ᠂ 5 000 ᠭᠠᠷᠦᠢ ᠮᠠᠯ ᠠᠳᠤᠭᠤᠰᠤᠨ ᠤ ᠤᠤᠭᠤᠬᠤ | ᠣᠰᠤᠨ ᠤ ᠠᠰᠠᠭᠤᠳᠠᠯ ᠢ ᠰᠢᠢᠳᠪᠦᠷᠢᠯᠡᠵᠡᠢ᠃ | 9 ᠰᠠᠷ᠎ᠠ ᠶᠢᠨ 6 ᠤ ᠡᠳᠦᠷ᠂ ᠳ᠋ᠦ᠋ ᠵᠢᠶᠠᠩ ᠲᠤᠤ ᠮᠡᠳᠦ ᠶᠢᠨ 5 ᠬᠦᠮᠦᠨ ᠮᠦᠩᠭᠦ ᠭᠠᠷᠭᠠᠵᠤ᠂ ᠦᠬᠠᠢ | ᠬᠤᠳᠠ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠳᠤ ︽ᠨᠤᠭᠤᠭᠠᠨ ᠬᠤᠯᠤᠰᠤ ᠠᠩᠭᠢᠯᠤᠮᠠᠯ ᠴᠠᠬᠢᠷᠮ᠎ᠡ︾ ᠱᠠᠩᠨᠠᠯ | ᠤᠨ ᠰᠠᠭᠤᠷᠢ ᠮᠦᠩᠭᠦ ᠪᠠᠶᠢᠭᠤᠯᠵᠤ ᠂ ᠲᠤᠰ ᠡᠳᠦᠷ ᠲᠡᠭᠡᠨ ᠱᠠᠩᠨᠠᠯ ᠤᠨ ᠮᠦᠩᠬᠦ ᠬᠢᠭᠡᠳ ᠲᠤᠰᠠᠯᠠᠮᠵᠢ ᠶᠢᠨ ᠮᠦᠩᠭᠦ | ᠭᠠᠷᠳᠠᠭᠤᠯᠵᠠᠢ᠂ ᠬᠠᠮᠤᠭ ᠲᠡᠭᠡᠳᠦ ᠱᠠᠩᠨᠠᠯ ᠤᠨ ᠮᠦᠩᠬᠦ ᠨᠢ 5 000 ᠲᠦᠭᠦᠷᠢᠭ ᠮᠦᠷᠳᠡᠭᠡᠨ ᠵᠢᠯ ᠪᠦᠷᠢ ᠶᠢᠨ 9 | ᠰᠠᠷ᠎ᠠ ᠶᠢᠨ ᠡᠬᠢᠨ ᠤ ᠰᠤᠷᠭᠠᠭᠤᠯᠢ ᠡᠬᠢᠯᠡᠬᠦ ᠶᠤᠰᠤᠯᠠᠯ ᠲᠡᠭᠡᠷ᠎ᠡ ᠱᠠᠩᠨᠠᠯ ᠤᠨ ᠮᠦᠩᠭᠦ ᠭᠠᠷᠳᠠᠭᠤᠯᠬᠤ ᠪᠠᠷ ᠲᠤᠭᠳᠠᠵᠠᠢ | ᠃ | 9 ᠰᠠᠷ᠎ᠠ ᠶᠢᠨ 8 ᠤ ᠡᠳᠦᠷ᠂ ᠦᠬᠠᠢ ᠬᠤᠳᠠ ᠶᠢᠨ ᠨᠡᠶᠢᠭᠡᠮ ᠵᠢᠷᠤᠮᠳᠤ ᠲᠡᠭᠡᠳᠦ ᠰᠤᠷᠭᠠᠭᠤᠯᠢ | ᠪᠠᠶᠢᠭᠤᠯᠤᠭᠳᠠᠵᠠᠢ᠃ | 9 ᠰᠠᠷ᠎ᠠ ᠶᠢᠨ 17 ᠤ ᠡᠳᠦᠷ᠂ ᠦᠬᠠᠢ ᠬᠤᠳᠠ ᠶᠢᠨ ᠰᠤᠶᠤᠯ ᠲᠠᠮᠢᠷ ᠤᠨ ᠲᠦᠪ ᠪᠠᠷᠢᠯᠭ᠎ᠠ ᠡᠬᠢᠯᠡᠭᠦᠯᠵᠡᠢ᠂ | ᠪᠠᠷᠢᠯᠭ᠎ᠠ ᠶᠢᠨ ᠲᠠᠯᠠᠪᠠᠢ ᠨᠢ 11 559 ᠲᠡᠭᠰᠢ ᠲᠦᠷᠪᠡᠯᠵᠢᠨ ᠮᠧᠲᠷ᠂ 21.3 ᠮᠧᠲᠷ ᠦᠨᠳᠦᠷ᠂ ᠲᠤᠳᠤᠷ᠎ᠠ ᠨᠢ | 3 700 ᠰᠠᠭᠤᠳᠠᠯ ᠲᠤᠬᠢᠷᠠᠭᠤᠯᠵᠤ᠂ ᠨᠡᠶᠢᠳᠡ 2 500 ᠲᠦᠮᠡᠨ ᠲᠦᠭᠦᠷᠢᠭ ᠬᠡᠷᠡᠭᠰᠡᠨ᠎ᠠ᠃ | 9 ᠰᠠᠷ᠎ᠠ ᠶᠢᠨ 20 ᠤ ᠡᠳᠦᠷ᠂ ᠪᠠᠷᠠᠭᠤᠨ ᠤᠷᠠᠨ ᠲᠦᠰᠢ ᠶᠢᠨ ᠦᠢᠯᠡᠰ ᠪᠦᠳᠦᠭᠡᠬᠦ ᠪᠡᠯᠡ | ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ︽ᠲᠠᠯ᠎ᠠ ᠨᠤᠳᠤᠭ︾ ᠨᠡᠷᠡᠮᠵᠢᠳᠦ ᠱᠦᠢᠨᠢ ᠨᠢ ᠤᠯᠤᠰ ᠤᠨ ᠡᠷᠭᠡᠳᠦ | ᠪᠠᠶᠢᠭᠤᠯᠤᠯᠭ᠎ᠠ — ᠲᠤᠮᠳᠠᠳᠤ ᠤᠯᠤᠰ ᠤᠨ ᠨᠡᠷᠡᠳᠦ ᠪᠠᠷᠠᠭ᠎ᠠ ᠬᠦᠭᠵᠢᠭᠦᠯᠤᠨ ᠠᠬᠢᠭᠤᠯᠬᠤ ᠵᠦᠪᠯᠡᠯ ᠠᠴᠠ ᠲᠤᠮᠳᠠᠳᠤ | ᠤᠯᠤᠰ ᠤᠨ ᠠᠯᠳᠠᠷᠳᠤ ᠨᠡᠷᠡᠳᠦ ᠪᠠᠷᠠᠭ᠎ᠠ ᠪᠠᠷ ᠦᠨᠡᠯᠡᠭᠳᠡᠵᠡᠢ᠃ | 10 ᠰᠠᠷ᠎ᠠ ᠶᠢᠨ 18 ᠤ ᠡᠳᠦᠷ᠂ ᠦᠪᠦᠷ ᠮᠤᠩᠭᠤᠯ ᠤᠨ ᠴᠢᠮᠡᠭᠡ ᠬᠤᠯᠪᠤᠭᠠᠨ ᠤ ᠺᠤᠮᠫᠠᠨᠢ ᠶᠢᠨ ᠦᠬᠠᠢ | ᠶᠢᠨ ᠬᠤᠪᠢᠶᠠᠷᠢ ᠺᠤᠮᠫᠠᠨᠢ ᠪᠠᠶᠢᠭᠤᠯᠤᠭᠳᠠᠵᠠᠢ ︵ᠤᠤᠯ ᠤᠨ ᠴᠠᠭᠢᠯᠭᠠᠨ ᠬᠤᠯᠪᠤᠭ᠎ᠠ ᠶᠢᠨ ᠨᠡᠷ᠎ᠡ ᠶᠢ ᠦᠭᠡᠷᠡᠴᠢᠯᠡᠭᠡᠳ | ᠦᠬᠠᠢ ᠶᠢᠨ ᠴᠢᠮᠡᠭᠡ ᠬᠤᠯᠪᠤᠭ᠎ᠠ ᠬᠡᠵᠡᠢ︶᠃ ᠺᠤᠮᠫᠠᠨᠢ ᠶᠢᠨ ᠲᠤᠭᠳᠠᠮᠠᠯ ᠬᠦᠷᠦᠩᠭᠡ 3 ᠳ᠋ᠦᠩᠰᠢᠭᠤᠷ ᠲᠦᠭᠦᠷᠢᠭ | ᠪᠠᠶᠢᠵᠤ᠂ ᠫᠷᠣᠭ᠍ᠷᠡᠮᠲᠤ ᠮᠠᠰᠢᠨ ᠤ ᠶᠡᠷᠦᠩᠭᠡᠢ ᠪᠠᠭᠳᠠᠭᠠᠮᠵᠢ ᠨᠢ 15 ᠲᠦᠮᠡᠨ ᠡᠭᠦᠳᠡ᠂ ᠳ᠋ᠢᠶᠠᠩᠬᠤᠸᠠ ᠬᠡᠷᠡᠭᠡᠯᠡᠭᠡᠨ ᠤ | ᠡᠷᠦᠭᠡ 10 ᠲᠦᠮᠡ ᠤᠷᠴᠢᠮ᠂ ᠲᠤᠭᠠᠴᠢᠯᠠᠭᠰᠠᠨ ᠤᠯᠠᠨ ᠮᠡᠳᠡᠭᠡᠯᠡᠯ ᠤᠨ ᠡᠷᠦᠭᠡ ᠲᠦᠮᠡ ᠢᠯᠡᠭᠦᠦ ᠪᠠᠶᠢᠵᠤ᠂ | ᠬᠤᠳᠠ ᠶᠢᠨ ᠭᠤᠤᠯᠯᠠᠭᠴᠢ ᠴᠢᠮᠡᠭᠡ ᠨᠡᠪᠳᠡᠷᠡᠭᠦᠯᠭᠡ ᠶᠢᠨ ᠡᠵᠡᠩᠨᠡᠯᠳᠡ ᠶᠢᠨ ᠠᠵᠤ ᠠᠬᠤᠶᠢᠯᠠᠯ ᠪᠣᠯᠵᠠᠢ᠃ | 11 ᠰᠠᠷ᠎ᠠ ᠶᠢᠨ 1 ᠤ ᠡᠳᠦᠷ᠂ ᠤᠳᠠ ᠶᠢᠨ ᠭᠠᠮᠰᠢᠭᠳᠠᠭᠰᠠᠨ ᠠᠷᠠᠳ ᠤᠨ ᠰᠢᠨ᠎ᠡ ᠲᠤᠰᠬᠤᠨ | ᠪᠠᠶᠢᠭᠤᠯᠤᠭᠳᠠᠵᠠᠢ᠂ ᠰᠠᠭᠤᠬᠤ ᠭᠡᠷ 299 ᠡᠷᠦᠭᠡ᠂ ᠡᠷᠦᠭᠡ ᠪᠦᠷᠢ 400 ᠲᠡᠭᠰᠢ ᠲᠦᠷᠪᠡᠯᠵᠢᠨ ᠮᠧᠲᠷ ᠲᠡᠯᠡᠪᠡᠢ | ᠭᠠᠵᠠᠷ ᠡᠵᠡᠯᠡᠵᠦ᠂ 61.77 ᠲᠡᠭᠰᠢ ᠲᠦᠷᠪᠡᠯᠵᠢᠨ ᠮᠧᠲᠷ ᠪᠡ 87.77 ᠲᠡᠭᠰᠢ ᠲᠦᠷᠪᠡᠯᠵᠢᠨ ᠮᠧᠲᠷ ᠤᠨ ᠬᠤᠶᠠᠷ | ᠡᠷᠦᠭᠡ ᠶᠢᠨ ᠬᠡᠯᠪᠡᠷᠢ ᠲᠠᠢ᠂ ᠨᠡᠶᠢᠳᠡ 1 603 ᠲᠦᠮᠡᠨ ᠲᠦᠭᠦᠷᠢᠭ ᠤᠨ ᠪᠡᠯᠡ ︵ᠰᠤᠷᠭᠠᠭᠤᠯᠢ᠂ ᠡᠮᠨᠡᠯᠭᠡ᠂ ᠵᠠᠮ | ᠵᠡᠷᠭᠡ ᠰᠠᠭᠤᠷᠢ ᠲᠦᠭᠦᠭᠡᠷᠦᠮᠵᠢ ᠶᠢ ᠪᠠᠭᠳᠠᠭᠠᠨ᠎ᠠ︶ ᠤᠷᠤᠭᠤᠯᠵᠤ᠂ 257 ᠭᠠᠮᠰᠢᠭᠳᠠᠭᠰᠠᠨ ᠡᠷᠦᠭᠡ ᠤᠷᠤᠨ | ᠰᠠᠭᠤᠴᠠ ᠲᠠᠢ ᠪᠤᠯᠵᠠᠢ᠃ | 11 ᠰᠠᠷ᠎ᠠ ᠶᠢᠨ 7 ᠤ ᠡᠳᠦᠷ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ | ᠨᠠᠮ ᠤᠨ ᠲᠡᠦᠬᠡ ᠶᠢᠨ ᠲᠣᠮᠤ ᠭᠡᠷᠡᠭ ᠤᠨ ᠲᠡᠮᠳᠡᠭᠯᠡᠯ︾ ᠬᠡᠬᠦ ᠨᠤᠮ ᠭᠡᠪᠯᠡᠭᠳᠡᠨ ᠲᠠᠷᠬᠠᠭᠠᠭᠳᠠᠵᠠᠢ᠃ | 11 ᠰᠠᠷ᠎ᠠ ᠶᠢᠨ 11 ᠤ ᠡᠳᠦᠷ᠂ ᠦᠬᠠᠢ ᠬᠤᠳᠠ ᠵᠧᠩ ᠶᠤᠸᠠᠨ ᠤᠯᠠᠨ ᠤᠯᠤᠰ ᠤᠨ ᠬᠡᠷ ᠤᠨ ᠡᠳ᠋ᠯᠡᠯ | ᠬᠡᠷᠡᠭᠰᠡᠯ ᠵᠠᠰᠠᠯ ᠴᠢᠮᠡᠭᠯᠡᠯ ᠤᠨ ᠦᠵᠡᠬᠦᠯᠦᠯᠭᠡ ᠶᠢᠨ ᠲᠦᠪ ᠠᠰᠢᠭᠯᠠᠯᠳᠠ ᠳᠤ ᠤᠷᠤᠵᠠᠢ᠃ ᠡᠬᠦᠨ ᠢ 2001 ᠤᠨ | ᠤ 10 ᠰᠠᠷ᠎ᠠ ᠶᠢᠨ 8 ᠳᠤ ᠪᠠᠷᠢᠯᠭ᠎ᠠ ᠡᠬᠢᠯᠡᠬᠦᠯᠵᠦ᠂ 3 600 ᠲᠦᠮᠡᠨ ᠲᠦᠭᠦᠷᠢᠭ ᠵᠠᠷᠤᠴᠠᠭᠤᠯᠵᠠᠢ᠂ ᠡᠵᠡᠯᠡᠬᠦ | ᠲᠠᠯᠠᠪᠠᠢ ᠨᠢ 4.3 ᠲᠦᠮᠡᠨ ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 3.6 ᠲᠦᠮᠡᠨ ᠲᠡᠭᠰᠢ | ᠲᠦᠷᠪᠡᠯᠵᠢᠨ ᠮᠧᠲᠷ᠃ | 12 ᠰᠠᠷ᠎ᠠ ᠶᠢᠨ 10 ᠤ ᠡᠳᠦᠷ᠂ ᠦᠬᠠᠢ ᠬᠤᠳᠠ ᠶᠢᠨ ᠢᠯᠴᠢ ᠶᠢᠨ ᠬᠦᠴᠦᠨ ᠤ ᠪᠠᠷᠢᠯᠭ᠎ᠠ ᠲᠠᠭᠤᠰᠴᠦ᠂ | 3 ᠵᠢᠯ ᠤᠷᠢᠳᠴᠢᠯᠠᠨ 60 ᠲᠦᠮᠡᠨ ᠲᠡᠭᠰᠢ ᠲᠦᠷᠪᠡᠯᠵᠢᠨ ᠮᠧᠲᠷ ᠢᠯᠴᠢ ᠬᠠᠩᠭᠠᠬᠤ ᠶᠢ ᠪᠡᠶᠡᠯᠡᠬᠦᠯᠵᠠᠢ᠂ ᠲᠤᠰ | ᠪᠠᠷᠢᠯᠭ᠎ᠠ 2001 ᠤᠨ ᠤ 7 ᠰᠠᠷ᠎ᠠ ᠶᠢᠨ 12 ᠳᠤ ᠡᠬᠢᠯᠡᠭᠦᠯᠦᠨ᠂ ᠨᠡᠶᠢᠳᠡ 2 000 ᠲᠦᠮᠡᠨ ᠲᠦᠭᠦᠷᠢᠭ ᠤᠨ | ᠪᠡᠯᠡ ᠤᠷᠤᠭᠤᠯᠵᠠᠢ᠃ | 12 ᠰᠠᠷ᠎ᠠ ᠶᠢᠨ 17 ᠤ ᠡᠳᠦᠷ᠂ ᠦᠬᠠᠢ ᠬᠤᠳᠠ ᠶᠢᠨ ᠢᠷᠠᠭᠤ ᠠᠯᠳᠠᠷᠳᠤ ᠦᠢᠯᠡᠰ ᠢ ᠠᠬᠢᠭᠤᠯᠬᠤ ᠬᠤᠷᠠᠯ | ︵ᠵᠦᠪᠯᠡᠯ︶ ᠪᠠᠶᠢᠭᠤᠯᠤᠭᠳᠠᠵᠠᠢ᠃ | 12 ᠰᠠᠷ᠎ᠠ ᠶᠢᠨ 18 ᠤ ᠡᠳᠦᠷ᠂ ᠦᠬᠠᠢ ᠬᠤᠳᠠ ᠶᠢᠨ ᠵᠦᠩ ᠹᠦ᠋ ᠵᠠᠰᠠᠯ ᠴᠢᠮᠡᠭᠯᠡᠯ ᠤᠨ ᠭᠠᠵᠠᠷ | ᠠᠰᠢᠭᠯᠠᠯᠳᠠ ᠳᠤ ᠤᠷᠤᠵᠠᠢ᠂ 2001 ᠤᠨ ᠤ 7 ᠰᠠᠷ᠎ᠠ ᠳᠤ ᠪᠠᠷᠢᠯᠭ᠎ᠠ ᠡᠭᠢᠯᠡᠭᠦᠯᠵᠡᠢ᠃ ᠲᠠᠯᠠᠪᠠᠢ ᠨᠢ 1.2 | ᠲᠦᠮᠡᠨ ᠲᠡᠭᠰᠢ ᠲᠦᠷᠪᠡᠯᠵᠢᠨ ᠮᠧᠲᠷ᠂ ᠨᠡᠶᠢᠳᠡ 2 000 ᠲᠦᠮᠡᠨ ᠲᠦᠭᠦᠷᠢᠭ ᠤᠨ ᠪᠡᠯᠡ ᠣᠷᠤᠭᠤᠯᠵᠠᠢ᠃ | 12 ᠰᠠᠷ᠎ᠠ ᠶᠢᠨ 20 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠬᠠᠢ ᠬᠤᠳᠠ ᠶᠢᠨ | ᠬᠤᠷᠢᠶᠠᠨ ᠤ ᠠᠵᠤ ᠠᠬᠤᠶᠢᠯᠠᠯ ᠤᠨ ᠠᠵᠢᠯᠯᠠᠭᠠᠨ ᠤ ᠵᠦᠪᠯᠡᠯ ᠪᠠᠶᠢᠭᠤᠯᠤᠭᠳᠠᠵᠠᠢ᠃ | △ ᠦᠬᠠᠢ ᠬᠤᠳᠠ ᠶᠢᠨ ᠴᠢᠮᠡᠭᠡ ᠬᠤᠯᠪᠤᠭᠠᠨ ᠤ ᠬᠤᠪᠢᠶᠠᠷᠢ ᠺᠤᠮᠫᠠᠨᠢ ᠤᠳᠠᠰᠤᠭᠦᠢ ᠬᠤᠳᠠ ᠶᠢᠨ | ᠳ᠋ᠢᠶᠠᠩᠬᠤᠸᠠ — ︽ᠵᠢᠵᠢᠭ ︵ᠰᠡᠷᠭᠦᠯᠡᠩ︶ ᠬᠠᠷᠢᠯᠴᠠᠭᠤᠷ︾ ᠤᠳᠠᠰᠤ ᠨᠡᠪᠳᠡᠷᠡᠵᠡᠢ᠂ ᠠᠩᠬᠠᠨ ᠤ ᠬᠤᠭᠤᠴᠠᠭᠠᠨ | ᠤ ᠢᠨᠵᠧᠨᠧᠷᠢᠩ ᠳᠤ 1 200 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠦᠢᠯᠡᠴᠢᠯᠡᠭᠡᠨ ᠤ ᠲᠠᠯᠠᠪᠠᠢ ᠨᠢ | 26 ᠲᠦᠮᠡᠨ ᠲᠡᠭᠰᠢ ᠲᠦᠷᠪᠡᠯᠵᠢᠨ ᠺᠢᠯᠤᠮᠧᠲᠷ ᠲᠤ ᠬᠦᠷᠴᠡᠢ᠃ | 12 ᠰᠠᠷ᠎ᠠ ᠶᠢᠨ 25 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ︽12.14 | ︾ ᠤᠰᠤᠨ ᠳᠤ ᠤᠨᠠᠭᠰᠠᠨ ᠬᠡᠦᠬᠡᠳ ᠢ ᠠᠪᠤᠷᠠᠭᠰᠠᠨ ᠪᠠᠭᠠᠳᠤᠷ ᠵᠢᠱᠢᠶᠡᠴᠢ ᠶᠢ ᠱᠠᠩᠨᠠᠨ ᠬᠦᠬᠢᠬᠦᠯᠭᠦ ᠬᠤᠷᠠᠯ ᠬᠢᠵᠦ | ᠯᠢᠦ ᠶᠧ ᠨᠦᠬᠦᠷ ᠲᠤ ︽ᠦᠪᠡᠷ ᠢ ᠦᠷᠡᠭᠳᠡᠭᠦᠯᠵᠦ ᠪᠤᠰᠤᠳ ᠢ ᠠᠪᠤᠷᠠᠭᠰᠠᠨ ᠪᠠᠭᠠᠳᠤᠷ︾ ᠠᠯᠳᠠᠷ ᠢ ᠨᠦᠭᠦᠨ | ᠡᠷᠭᠦᠮᠵᠢᠯᠡᠵᠡᠢ᠃ ᠮᠦᠨ ᠰᠠᠷ᠎ᠠ ᠶᠢᠨ 14 ᠤ ᠡᠳᠦᠷ᠂ ᠦᠪᠦᠷ ᠮᠤᠩᠭᠤᠯ ᠤᠨ ᠦᠢᠯᠡᠳᠪᠦᠷᠢ ᠬᠤᠳᠠᠯᠳᠤᠭᠠᠨ ᠤ | ᠵᠠᠰᠠᠭ ᠵᠠᠭᠢᠷᠭᠠᠨ ᠤ ᠬᠠᠮᠢᠶᠠᠷᠤᠯᠳᠠ ᠶᠢᠨ ᠰᠤᠷᠭᠠᠭᠤᠯᠢ ᠳᠤ ᠰᠠᠭᠤᠵᠤ ᠪᠠᠶᠢᠭ᠎ᠠ ᠦᠬᠠᠢ ᠬᠤᠳᠠ ᠶᠢᠨ ᠰᠤᠷᠤᠭᠴᠢ | ᠯᠢᠦ ᠶᠧ ᠬᠦᠬᠡᠬᠤᠳᠠ ᠶᠢᠨ ᠴᠢᠩ ᠴᠧᠩ ᠴᠡᠴᠡᠷᠯᠢᠭ ᠲᠤ ᠤᠰᠤᠨ ᠳᠤ ᠤᠨᠠᠭᠰᠠᠨ ᠬᠡᠦᠭᠡᠳ ᠢ ᠠᠪᠤᠷᠠᠵᠤ ᠨᠠᠰᠤ | ᠪᠠᠷᠠᠭᠰᠠᠨ ᠶᠠᠪᠤᠳᠠᠯ ᠢ ᠳᠤᠷᠠᠰᠬᠠᠨ ᠲᠠᠮᠳᠡᠭᠯᠡᠵᠡᠢ᠃ ᠲᠠᠷᠠᠭ᠎ᠠ ᠵᠢᠯ ᠤᠨ ᠬᠢᠨᠢ 5 ᠰᠠᠷ᠎ᠠ ᠶᠢᠨ 27 ᠤ ᠡᠳᠦᠷ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠯᠢᠦ ᠶᠧ ᠶᠢ ᠬᠤᠪᠢᠰᠬᠠᠯ | ᠤᠨ ᠨᠦᠭᠴᠢᠭᠰᠡᠨ ᠪᠠᠭᠠᠳᠤᠷ ᠢᠶᠠᠷ ᠨᠡᠭᠡᠨ ᠡᠷᠭᠦᠮᠵᠢᠯᠡᠭᠰᠡᠨ ᠪᠠᠶᠢᠨ᠎ᠠ᠃ | 12 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠬᠤᠯᠪᠤᠭᠠᠳᠤ ᠡᠵᠡᠩᠨᠡᠯᠳᠦ ᠬᠡᠳᠦ ᠲᠡᠯᠭᠡᠭᠦᠷ — | ᠬᠤᠸᠠ ᠯᠢᠶᠠᠨ ᠬᠡᠳᠦ ᠲᠡᠯᠭᠡᠭᠦᠷ ᠦᠬᠠᠢ ᠬᠤᠳᠠ ᠳᠤ ᠡᠷᠦᠭᠡ ᠨᠡᠭᠡᠭᠡᠵᠡᠢ᠃ | 2002 ᠤᠨ ᠳᠤ᠂ ᠦᠬᠠᠢ ᠬᠤᠳᠠ ᠶᠢᠨ ᠡᠳ᠋ ᠤᠨ ᠵᠠᠰᠠᠭ ᠤᠨ ᠤᠷᠤᠯᠭ᠎ᠠ 51 983 ᠲᠦᠮᠡᠨ | ᠲᠦᠭᠦᠷᠢᠭ᠂ ᠣᠯᠣᠰ ᠤᠨ ᠭᠠᠶᠢᠯᠢ ᠶᠢᠨ ᠤᠷᠤᠯᠭ᠎ᠠ 29 379 ᠲᠦᠮᠡᠨ ᠲᠦᠭᠦᠷᠢᠭ᠂ ᠭᠠᠵᠠᠷ ᠤᠷᠤᠨ ᠤ ᠭᠠᠶᠢᠯᠢ | ᠶᠢᠨ ᠤᠷᠤᠯᠭ᠎ᠠ 28 389 ᠲᠦᠮᠡᠨ ᠲᠦᠭᠦᠷᠢᠭ ᠲᠤ ᠬᠦᠷᠴᠡᠢ᠂ ᠪᠦᠬᠦ ᠬᠤᠳᠠ ᠶᠢᠨ ᠲᠤᠤᠷ᠎ᠠ ᠪᠠᠳᠤᠯᠭᠠᠳᠤ | ᠡᠳᠡᠭᠡᠳ 32 966 ᠬᠦᠮᠦᠨ ᠪᠠᠶᠢᠵᠤ᠂ ᠪᠦᠬᠦ ᠵᠢᠯ ᠳᠤ ᠲᠠᠷᠬᠠᠭᠠᠭᠰᠠᠨ ᠲᠤᠤᠷ᠎ᠠ ᠪᠠᠳᠤᠯᠠᠭ᠎ᠠ ᠶᠢᠨ ᠮᠦᠩᠭᠦ 781. | 7 ᠲᠦᠮᠡᠨ ᠲᠦᠭᠦᠷᠢᠭ ᠲᠤ ᠭᠦᠷᠴᠡᠢ᠃ |