ᠨᠢᠳᠤᠨᠤᠨ᠂ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠤᠭ | ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ᠂ ᠰᠣᠶᠣᠯ ᠢᠶᠠᠨ | ᠬᠥᠭᠵᠢᠭᠦᠯᠬᠦ᠂ ᠬᠡᠪ ᠳᠠᠭᠤᠷᠢᠶᠠᠯ ᠪᠣᠯᠬᠤ ᠵᠡᠷᠭᠡ ᠡᠭᠦᠷᠭᠡ ᠬᠠᠷᠢᠭᠤᠴᠠᠯᠭ᠎ᠠ ᠶᠢᠨ ᠰᠡᠳᠦᠪ ᠤᠨ ᠲᠣᠭᠤᠷᠢᠨ ᠳᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠤᠷᠠᠯᠢᠭ ᠤᠨ ᠠᠵᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠬᠤᠲᠠ ᠶᠢᠨ ᠳᠠᠭᠤᠤ ᠪᠥᠵᠢᠭ ᠤᠨ | ᠪᠦᠯᠬᠦᠮ ︵ᠦᠬᠠᠶ ᠶᠢᠨ ᠤᠯᠠᠭᠠᠨᠮᠥ᠋ᠴᠢᠷ︶᠂ ᠬᠤᠲᠠ ᠶᠢᠨ ᠤᠷᠠᠨ ᠵᠢᠷᠤᠭ ᠤᠨ ᠣᠷᠳᠣᠨ᠂ ᠬᠤᠲᠠ ᠶᠢᠨ ᠣᠯᠠᠨ | ᠲᠦᠮᠡᠨ ᠤ ᠤᠷᠠᠯᠢᠭ ᠤᠨ ᠣᠷᠳᠣᠨ ᠵᠢᠴᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠬᠢᠶᠠᠨ ᠪᠦᠲᠦᠭᠡᠬᠦ | ᠬᠠᠯᠠᠭᠤᠨ ᠰᠡᠳᠬᠢᠯᠭᠡ ᠶᠢ ᠢᠳᠡᠪᠬᠢᠲᠡᠢ ᠳᠠᠶᠢᠴᠢᠯᠠᠵᠤ᠂ ︽ᠬᠢᠵᠢᠭ ᠲᠠᠢ ᠲᠡᠮᠡᠴᠡᠬᠦ ︾ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ︽ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ︾ ᠵᠡᠷᠭᠡ ᠭᠤᠤᠯ ᠰᠡᠳᠦᠪ ᠤᠨ ᠲᠣᠭᠤᠷᠢᠨ ᠳᠤ 565 ᠳᠠᠭᠤᠤ ᠪᠥᠵᠢᠭ᠂ | ᠬᠥᠭᠵᠢᠮ᠂ ᠱᠤᠭ ᠶᠠᠷᠢᠶ᠎ᠠ᠂ ᠤᠷᠠᠨ ᠪᠢᠴᠢᠯᠭᠡ᠂ ᠱᠤᠭᠤᠮᠠᠯ᠂ ᠲᠣᠰᠤᠨ ᠵᠢᠷᠤᠭ ᠵᠡᠷᠭᠡ ᠡᠯ᠎ᠡ ᠲᠥᠷᠦᠯ ᠵᠦᠢᠯ ᠤᠨ | ᠣᠳᠬ᠎ᠠ ᠤᠷᠠᠯᠢᠭ ᠤᠨ ᠪᠥᠲᠦᠭᠡᠯ ᠤᠳ ᠢ ᠥᠭᠡᠷᠡᠴᠢᠯᠡᠨ ᠨᠠᠶᠢᠷᠠᠭᠤᠯᠵᠤ᠂ ᠡᠭᠦᠨ ᠳᠤ 44 ᠪᠥᠲᠦᠭᠡᠯ ᠨᠢ ᠣᠷᠣᠨ | ᠪᠠ ᠤᠯᠤᠰ ᠤᠨ ᠲᠡᠰ ᠤᠨ ᠱᠠᠩᠨᠠᠯ᠂ ᠴᠢᠨᠠᠭᠰᠢᠯᠠᠪᠠᠯ ᠳᠡᠯᠡᠬᠡᠢ ᠶᠢᠨ ᠱᠠᠩᠨᠠᠯ ᠢ ᠬᠦᠷᠲᠡᠭᠰᠡᠨ ᠪᠠᠶᠢᠨ᠎ᠠ᠃ | 44 ᠱᠠᠩᠨᠠᠯ ᠤᠨ ᠵᠦᠶᠯ ᠳᠤ᠂ ᠳᠡᠯᠡᠬᠡᠢ ᠶᠢᠨ ᠱᠠᠩᠨᠠᠯ 2᠂ ᠤᠯᠤᠰ ᠤᠨ ᠲᠠᠰ ᠤᠨ ᠱᠠᠩᠨᠠᠯ 1᠂ ᠣᠷᠣᠨ ᠤ | ᠲᠠᠰ ᠤᠨ ᠱᠠᠩᠨᠠᠯ 41 ᠪᠣᠶ᠃ ᠬᠤᠲᠠ ᠶᠢᠨ ᠳᠠᠭᠤᠤ ᠪᠥᠵᠢᠭ ᠤᠨ ᠪᠦᠯᠬᠦᠮ ᠤᠨ ᠵᠠᠯᠠᠭᠤ ᠲᠣᠭᠯᠠᠭᠴᠢ ᠪᠠᠶ ᠰᠾᠢ | ᠢᠦᠢ ᠨᠠᠶᠮᠠᠳᠤᠭᠠᠷ ᠬᠤᠭᠤᠴᠠᠭᠠᠨ ᠤ ︽ᠺᠣᠷᠢᠶᠠ ᠶᠢᠨ ᠴᠦᠨ ᠴᠤᠸᠠᠨ ᠣᠯᠠᠨ ᠤᠯᠤᠰ ᠤᠨ ᠳᠠᠭᠤᠯᠠᠬᠤᠶ ᠶᠢᠨ | ᠤᠷᠤᠯᠳᠤᠭᠠᠨ︾ ᠳᠤ ᠳᠤᠮᠳᠠᠳᠤ ᠤᠯᠤᠰ ᠤᠨ ᠪᠦᠲᠦᠭᠡᠯ ᠤᠨ B ᠳᠤᠭᠤᠶᠢᠯᠠᠩ ᠤᠨ ᠰᠢᠯᠢᠳᠡᠭ ᠱᠠᠩᠨᠠᠯ᠂ ᠳᠤᠮᠳᠠᠳᠤ | ᠤᠯᠤᠰ ᠤᠨ ᠳᠠᠭᠤᠯᠠᠯᠲᠤ ᠵᠥᠴᠦᠭᠡ ᠶᠢᠨ B ᠳᠤᠭᠤᠶᠢᠯᠠᠩ ᠤᠨ ᠭᠤᠷᠪᠠᠳᠤᠭᠠᠷ ᠳᠡᠰ ᠤᠨ ᠱᠠᠩᠨᠠᠯ ᠬᠦᠷᠲᠡᠪᠡ᠃ |