ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠪᠠ | ᠪᠦᠲᠦᠮᠵᠢᠲᠡᠶ ᠠᠰᠢᠭᠯᠠᠬᠤ ᠶᠢ ᠠᠬᠢᠭᠤᠯᠵᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠬᠤᠷᠠᠮᠳᠤᠭᠤᠯᠬᠤ᠂ ᠡᠷᠭᠢᠯᠳᠤᠭᠦᠯᠬᠦ ᠪᠠ ᠬᠡᠷᠡᠭᠯᠡᠬᠦ ᠶᠢ ᠴᠢᠩᠭᠠᠳᠬᠠᠨ᠂ ᠪᠥᠬᠦ ᠬᠤᠲᠠ ᠶᠢᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠢᠴᠢ ᠬᠠᠮᠲᠤᠪᠠᠷ | ᠬᠤᠪᠢᠶᠠᠯᠴᠠᠬᠤ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ | ᠪᠠᠷᠢᠮᠲᠠ ᠶᠢ ᠬᠠᠮᠲᠤᠪᠠᠷ ᠬᠤᠪᠢᠶᠠᠯᠴᠠᠬᠤ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠬᠤ ᠶᠢᠨ | ᠲᠤᠰᠠᠳᠠ᠂ ᠦᠬᠠᠶ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠤᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃ | | ᠨᠢᠭᠡ᠂ ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ | ᠬᠤᠪᠢᠶᠠᠯᠴᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ | ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ | ᠬᠤᠪᠢᠶᠠᠯᠴᠠᠬᠤ ᠶᠢ ᠳᠥᠷᠢᠮᠵᠢᠭᠦᠯᠬᠦ ᠪᠠ ᠠᠬᠢᠭᠤᠯᠵᠤ᠂ ᠮᠡᠳᠡᠭᠡ ᠵᠠᠩᠭᠢ ᠶᠢᠨ ᠥᠨᠦᠴᠢᠷᠡᠯ ᠢ ᠪᠦᠲᠦᠮᠵᠢᠲᠡᠶ | ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠤᠪᠢᠶᠠᠯᠴᠠᠬᠤ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠭᠦᠷᠭᠡ ᠴᠢᠳᠠᠪᠬᠢ ᠶᠢ ᠬᠤᠪᠢᠷᠠᠭᠤᠯᠬᠤ᠂ ᠬᠠᠮᠢᠶᠠᠷᠤᠯᠲᠠ ᠶᠢᠨ ᠰᠢᠨ᠎ᠡ ᠶᠢ | ᠡᠭᠦᠳᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠᠬᠢ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠵᠤ᠂ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ | ᠬᠤᠪᠢᠶᠠᠯᠴᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 2016 ︺ 51 ᠳ᠋ᠦ᠋ᠭᠡᠷ ᠲᠣᠭᠠᠲᠤ︶᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤᠪᠠᠷ ᠬᠤᠪᠢᠶᠠᠯᠴᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠥᠪᠥᠷ ᠵᠠᠰᠠᠭ | ᠲᠠᠷᠬᠠᠭᠠᠭᠰᠠᠨ ︹ 2018 ︺ 23 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ︵ | ᠥᠪᠥᠷ ᠵᠠᠰᠠᠭ ᠠᠯᠪᠠᠨ ᠲᠠᠷᠬᠠᠭᠠᠭᠰᠠᠨ ︹ 2021 ︺ 43 ᠳ᠋ᠤᠭᠠᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠤᠪᠢᠶᠠᠯᠴᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ | ︾ ᠶᠢ ᠨᠡᠶᠢᠲᠡᠯᠡᠪᠡ᠃ | ᠬᠤᠶᠠᠷ᠂ ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤᠪᠠᠷ ᠬᠤᠪᠢᠶᠠᠯᠴᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠭᠤᠤᠯ ᠠᠭᠤᠯᠭ᠎ᠠ | ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ | ᠬᠤᠪᠢᠶᠠᠯᠴᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠨᠡᠶᠢᠲᠡ ᠲᠠᠪᠤᠨ ᠪᠦᠯᠦᠭ ᠬᠤᠷᠢᠨ ᠨᠢᠭᠡᠨ | ᠵᠣᠷᠪᠤᠰ ᠢ ᠪᠠᠭᠲᠠᠭᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠤᠪᠢᠶᠠᠯᠴᠠᠬᠤ ᠶᠠᠪᠤᠴᠠ ᠳᠠᠬᠢ ᠭᠤᠤᠯ | ᠴᠣᠭᠴᠠ ᠶᠢ ᠵᠠᠭᠠᠭᠯᠠᠨ ᠲᠣᠭᠲᠠᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠭᠠᠷᠴᠠᠭ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ᠂ ᠬᠠᠮᠲᠤ ᠪᠠᠷ ᠡᠳ᠋ᠯᠡᠬᠦ ᠬᠤᠪᠢᠶᠠᠯᠴᠠᠬᠤ ᠬᠡᠯᠪᠡᠷᠢ ᠵᠢᠴᠢ | ᠬᠠᠩᠭᠠᠬᠤ ᠪᠠ ᠬᠡᠷᠡᠭᠯᠡᠬᠦ ᠵᠠᠷᠴᠢᠮ ᠢ ᠲᠣᠳᠣᠷᠬᠠᠶᠢᠯᠠᠵᠤ᠂ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ | ᠶᠠᠪᠤᠴᠠ ᠳᠠᠬᠢ ᠬᠢᠨᠠᠯᠲᠠ ᠲᠠᠯᠪᠢᠬᠤ ᠪᠠ ᠪᠠᠲᠤᠯᠠᠬᠤ ᠲᠣᠭᠲᠠᠴᠠ ᠶᠢ ᠵᠢᠷᠤᠮᠵᠢᠭᠤᠯᠪᠠ᠃ | ᠨᠢᠭᠡ ᠳᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ᠂ ᠵᠠᠰᠠᠭ ᠤᠨ ᠶᠠᠪᠤᠳᠠᠯ ᠤᠨ | ᠰᠠᠯᠠᠭ᠎ᠠ ᠮᠥᠴᠢᠷ᠂ ᠬᠡᠷᠡᠭᠯᠡᠬᠦ ᠬᠡᠪᠴᠢᠶ᠎ᠡ ᠶᠢ ᠵᠠᠭᠠᠭᠯᠠᠨ ᠲᠣᠭᠲᠠᠭᠠᠬᠤ ᠵᠢᠴᠢ ᠵᠠᠷᠴᠢᠮ ᠢ ᠵᠢᠷᠤᠮᠯᠠᠨ᠎ᠠ᠃ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠦᠢᠯᠡᠳᠦᠭᠰᠡᠨ ᠪᠤᠶᠤ ᠣᠯᠤᠭᠰᠠᠨ᠂ ᠵᠣᠬᠢᠬᠤ ᠬᠡᠯᠪᠡᠷᠢ ᠪᠠᠷ | ᠲᠡᠮᠳᠡᠭᠯᠡᠭᠰᠡᠨ᠂ ᠬᠠᠳᠠᠭᠠᠯᠠᠭᠰᠠᠨ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠵᠢᠷᠤᠭ ᠬᠦᠰᠦᠨᠦᠭᠲᠦ ᠪᠠ ᠲᠤᠭ᠎ᠠ ᠪᠠᠷᠢᠮᠲᠠ | ᠵᠡᠷᠭᠡ ᠡᠯ᠎ᠡ ᠲᠥᠷᠥᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠢᠭᠠᠵᠤ ᠪᠣᠶ᠂ ᠡᠭᠦᠨ ᠳᠤ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠤᠨ ᠰᠢᠭᠤᠳ ᠪᠤᠶᠤ ᠪᠤᠰᠤᠳ ᠢᠶᠠᠷ ᠳᠡᠮᠵᠢᠨ ᠬᠠᠤᠯᠢ ᠶᠣᠰᠣᠭᠠᠷ ᠴᠤᠭᠯᠠᠭᠤᠯᠤᠭᠰᠠᠨ | ᠂ ᠬᠠᠤᠯᠢ ᠶᠣᠰᠣᠭᠠᠷ ᠡᠷᠬᠡ ᠣᠯᠭᠤᠵᠤ ᠬᠠᠮᠢᠶᠠᠷᠤᠭᠤᠯᠤᠭᠰᠠᠨ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠴᠠ | ᠪᠣᠯᠵᠣ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ ᠪᠦᠷᠢᠯᠳᠦᠭᠰᠡᠨ ᠮᠡᠳᠡᠭᠡ | ᠵᠠᠩᠭᠢ ᠶᠢᠨ ᠡᠬᠢ ᠪᠠᠶᠠᠯᠢᠭ ᠪᠠᠭᠲᠠᠨ᠎ᠠ᠃ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠭᠡᠳᠡᠭ ᠨᠢ ᠵᠠᠰᠠᠭ ᠤᠨ | ᠣᠷᠳᠣᠨ ᠤ ᠰᠠᠯᠠᠭ᠎ᠠ ᠮᠥᠴᠢᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠪᠤᠢ ᠪᠣᠯᠭᠠᠭᠰᠠᠨ | ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠤᠢ᠃ | ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤᠪᠠᠷ ᠬᠤᠪᠢᠶᠠᠯᠴᠠᠬᠤ ᠠᠵᠢᠯ ᠢ ᠵᠢᠷᠤᠮᠵᠢᠭᠤᠯᠬᠤ ᠳᠤ ᠬᠡᠷᠡᠭᠯᠡᠨ᠎ᠡ᠂ ᠡᠭᠦᠨ ᠳᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠠᠴᠠ ᠪᠣᠯᠵᠣ ᠪᠤᠰᠤᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠡᠷᠡᠭᠯᠡᠬᠦ ᠪᠠ ᠪᠤᠰᠤᠳ ᠵᠠᠰᠠᠭ ᠤᠨ ᠶᠠᠪᠤᠳᠠᠯ ᠤᠨ | ᠰᠠᠯᠠᠭ᠎ᠠ ᠮᠥᠴᠢᠷ ᠲᠠᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ | ᠬᠤᠪᠢᠶᠠᠯᠴᠠᠬᠤ ᠳᠤ ᠵᠢᠷᠤᠮᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤᠪᠠᠷ ᠬᠤᠪᠢᠶᠠᠯᠴᠠᠬᠤ ᠳᠤ ᠳᠤᠤᠷᠠᠬᠢ ᠬᠡᠳᠦᠨ ᠲᠠᠯ᠎ᠠ ᠶᠢ ᠪᠠᠷᠢᠮᠲᠠᠯᠠᠨ᠎ᠠ᠄ ᠬᠠᠮᠲᠤᠪᠠᠷ ᠬᠤᠪᠢᠶᠠᠯᠴᠠᠬᠤ ᠪᠠᠷ | ᠵᠠᠷᠴᠢᠮ ᠪᠣᠯᠭᠠᠵᠤ᠂ ᠬᠠᠮᠲᠤᠪᠠᠷ ᠬᠤᠪᠢᠶᠠᠯᠴᠠᠬᠤ ᠥᠬᠡᠶ ᠪᠠᠷ ᠣᠨᠴᠠᠭᠠᠶ ᠪᠠᠶᠢᠳᠠᠯ ᠪᠣᠯᠭᠠᠨ᠎ᠠ︔ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠦᠨ᠎ᠡ ᠲᠥᠯᠥᠪᠦᠷᠢ ᠦᠭᠡᠶ ᠪᠠᠷ ᠬᠡᠷᠡᠭᠯᠡᠨ᠎ᠡ︔ ᠪᠠᠷᠢᠮᠵᠢᠶ᠎ᠠ ᠶᠢ | ᠨᠢᠭᠡᠳᠬᠡᠵᠦ᠂ ᠨᠢᠭᠡᠳᠦᠯᠲᠡᠶ ᠪᠦᠳᠦᠭᠡᠨ ᠪᠠᠶᠢᠭᠤᠯᠤᠨ᠎ᠠ︔ ᠲᠣᠭᠲᠠᠴᠠ ᠶᠢ ᠪᠠᠶᠢᠭᠤᠯᠵᠤ᠂ ᠠᠮᠤᠷ ᠲᠦᠪᠰᠢᠨ ᠢ | ᠪᠠᠲᠤᠯᠠᠨ᠎ᠠ᠃ | ᠬᠤᠶᠠᠷ ᠲᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ | ᠵᠣᠬᠢᠶᠠᠬᠤ ᠱᠠᠭᠠᠷᠳᠠᠯᠭ᠎ᠠ᠂ ᠬᠠᠮᠲᠤ ᠪᠠᠷ ᠬᠤᠪᠢᠶᠠᠯᠴᠠᠬᠤ ᠲᠥᠷᠥᠯ ᠬᠡᠯᠪᠡᠷᠢ ᠵᠢᠴᠢ ᠬᠠᠩᠭᠠᠬᠤ ᠪᠠ ᠬᠡᠷᠡᠭᠯᠡᠬᠦ | ᠵᠠᠷᠴᠢᠮ ᠢ ᠲᠣᠳᠣᠷᠬᠠᠶᠢᠯᠠᠨ᠎ᠠ᠃ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ ᠰᠠᠯᠠᠭ᠎ᠠ | ᠮᠥᠴᠢᠷ ᠤᠨ ᠢᠶᠠᠨ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ︾ ᠢ | ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠶᠢᠨ ᠬᠠᠮᠲᠤ | ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠰᠢᠨᠡᠳᠬᠡᠬᠦ ᠬᠡᠷᠡᠭᠲᠡᠶ᠃ | ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠤᠨ ᠭᠠᠷᠴᠠᠭ︾ ᠢ ᠬᠤᠷᠢᠶᠠᠩᠭᠤᠶᠢᠯᠠᠨ ᠪᠦᠷᠢᠯᠳᠦᠭᠦᠯᠬᠦ ᠶᠢ ᠬᠠᠷᠢᠭᠤᠴᠠᠬᠤ ᠶᠢᠨ ᠬᠠᠮᠲᠤ ᠰᠢᠨᠡᠳᠬᠡᠬᠦ | ᠲᠣᠭᠲᠠᠴᠠ ᠶᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ | ᠬᠤᠪᠢᠶᠠᠯᠴᠠᠬᠤ ᠲᠥᠷᠥᠯ ᠠᠩᠭᠢᠯᠠᠯ ᠢᠶᠠᠷ ᠨᠢ ᠨᠥᠬᠦᠴᠡᠯ ᠥᠬᠡᠶ ᠪᠠᠷ ᠬᠠᠮᠲᠤ ᠪᠠᠷ ᠬᠤᠪᠢᠶᠠᠯᠴᠠᠬᠤ᠂ | ᠨᠥᠬᠦᠴᠡᠯ ᠲᠠᠢ ᠪᠠᠷ ᠬᠠᠮᠲᠤ ᠪᠠᠷ ᠬᠤᠪᠢᠶᠠᠯᠴᠠᠬᠤ᠂ ᠬᠠᠮᠲᠤ ᠪᠠᠷ ᠬᠤᠪᠢᠶᠠᠯᠴᠠᠬᠤ ᠥᠬᠡᠶ ᠭᠡᠵᠦ ᠭᠤᠷᠪᠠᠨ | ᠲᠥᠷᠥᠯ ᠳᠤ ᠬᠤᠪᠢᠶᠠᠨ᠎ᠠ᠂ ᠡᠭᠦᠨ ᠳᠤ ᠨᠥᠬᠦᠴᠡᠯ ᠥᠬᠡᠶ ᠪᠠᠷ ᠬᠠᠮᠲᠤ ᠪᠠᠷ ᠬᠤᠪᠢᠶᠠᠯᠴᠠᠬᠤ ᠲᠥᠷᠥᠯ ᠢ ᠬᠠᠮᠲᠤ ᠪᠠᠷ | ᠬᠤᠪᠢᠶᠠᠯᠴᠠᠬᠤ ᠲᠠᠪᠴᠠᠩ ᠠᠴᠠ ᠰᠢᠭᠤᠳ ᠣᠯᠵᠤ ᠪᠣᠯᠤᠨ᠎ᠠ᠂ ᠨᠥᠬᠦᠴᠡᠯ ᠲᠠᠢ ᠪᠠᠷ ᠬᠠᠮᠲᠤ ᠪᠠᠷ ᠬᠤᠪᠢᠶᠠᠯᠴᠠᠬᠤ | ᠲᠥᠷᠥᠯ ᠢ ᠬᠠᠮᠲᠤ ᠪᠠᠷ ᠬᠤᠪᠢᠶᠠᠯᠴᠠᠬᠤ ᠲᠠᠪᠴᠠᠩ ᠢᠶᠠᠷ ᠳᠠᠮᠵᠢᠭᠤᠯᠤᠨ ᠬᠠᠩᠭᠠᠬᠤ ᠰᠠᠯᠠᠭ᠎ᠠ ᠮᠥᠴᠢᠷ ᠲᠤ | ᠭᠤᠶᠤᠴᠢᠯᠠᠯ ᠭᠠᠷᠭᠠᠵᠤ ᠬᠠᠩᠭᠠᠬᠤ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ | ᠬᠡᠷᠡᠭᠲᠡᠶ᠂ ᠬᠠᠮᠲᠤ ᠪᠠᠷ ᠬᠤᠪᠢᠶᠠᠯᠴᠠᠬᠤ ᠥᠬᠡᠶ ᠲᠥᠷᠥᠯ ᠤᠨ ᠬᠠᠩᠭᠠᠬᠤ ᠰᠠᠯᠠᠭ᠎ᠠ ᠮᠥᠴᠢᠷ ᠤᠳ ᠤᠴᠢᠷ | ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ ᠬᠠᠩᠭᠠᠬᠤ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠴᠠᠭ ᠬᠤᠭᠤᠴᠠᠭᠠᠲᠤ ᠴᠢᠨᠠᠷ ᠪᠠ | ᠬᠡᠷᠡᠭᠯᠡᠵᠦ ᠪᠣᠯᠬᠤᠶᠢᠴᠠ ᠴᠢᠨᠠᠷ ᠢ ᠪᠠᠲᠤᠯᠠᠵᠤ᠂ ᠬᠠᠩᠭᠠᠭᠰᠠᠨ ᠬᠠᠮᠲᠤᠪᠠᠷ ᠬᠤᠪᠢᠶᠠᠯᠴᠠᠬᠤ ᠮᠡᠳᠡᠭᠡ ᠵᠠᠩᠭᠢ ᠬᠢᠭᠡᠳ | ᠲᠣᠰ ᠰᠠᠯᠠᠭ᠎ᠠ ᠮᠥᠴᠢᠷ ᠤᠨ ᠡᠵᠡᠮᠰᠢᠭᠰᠡᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠨᠢᠭᠡᠳᠦᠯᠲᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠬᠡᠷᠡᠭᠯᠡᠬᠦ ᠰᠠᠯᠠᠭ᠎ᠠ ᠮᠥᠴᠢᠷ ᠤᠳ ᠤᠷᠢᠳᠠᠪᠠᠷ ᠬᠠᠮᠲᠤᠪᠠᠷ | ᠬᠤᠪᠢᠶᠠᠯᠴᠠᠬᠤ ᠲᠠᠪᠴᠠᠩ ᠠᠴᠠ ᠡᠬᠢ ᠪᠠᠶᠠᠯᠢᠭ ᠢ ᠡᠷᠢᠬᠦ ᠬᠡᠷᠡᠭᠲᠡᠶ᠃ ᠬᠠᠮᠲᠤ ᠪᠠᠷ ᠬᠤᠪᠢᠶᠠᠯᠴᠠᠬᠤ ᠲᠠᠪᠴᠠᠩ ᠠᠴᠠ | ᠣᠯᠵᠤ ᠪᠣᠯᠬᠤ ᠲᠤᠭ᠎ᠠ ᠪᠠᠷᠢᠮᠲᠠ ᠪᠦᠬᠦᠨ ᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠪᠠᠷ ᠳᠠᠪᠬᠤᠷ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠥᠬᠡᠶ᠂ ᠳᠤᠷ᠎ᠠ ᠪᠠᠷ ᠢᠶᠠᠨ ᠬᠡᠪᠴᠢᠶ᠎ᠡ ᠠᠴᠠ | ᠳᠠᠪᠠᠭᠤᠯᠤᠨ ᠲᠤᠭ᠎ᠠ ᠪᠠᠷᠢᠮᠲᠠ ᠴᠤᠭᠯᠠᠭᠤᠯᠵᠤ ᠪᠣᠯᠬᠤ ᠥᠬᠡᠶ᠃ | ᠭᠤᠷᠪᠠ ᠳᠤ᠂ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ ᠠᠵᠢᠯ ᠤᠨ ᠬᠢᠨᠠᠯᠲᠠ ᠪᠠ ᠪᠠᠲᠤᠯᠠᠭ᠎ᠠ ᠶᠢᠨ | ᠲᠣᠭᠲᠠᠴᠠ ᠶᠢ ᠵᠢᠷᠤᠮᠵᠢᠭᠤᠯᠤᠨ᠎ᠠ᠃ ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠤᠪᠢᠶᠠᠯᠴᠠᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠬᠠᠷᠢᠭᠤᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠤᠪᠢᠶᠠᠯᠴᠠᠬᠤ | ᠠᠵᠢᠯ ᠢ ᠦᠨᠡᠯᠡᠬᠦ ᠲᠣᠭᠲᠠᠴᠠ ᠶᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤᠪᠠᠷ ᠬᠤᠪᠢᠶᠠᠯᠴᠠᠬᠤ ᠠᠵᠢᠯ ᠢ ᠨᠠᠶᠢᠳᠠᠪᠤᠷᠢᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ | ᠪᠠᠶᠠᠯᠢᠭ ᠢ ᠬᠠᠮᠲᠤᠪᠠᠷ ᠬᠤᠪᠢᠶᠠᠯᠴᠠᠭᠰᠠᠨ ᠪᠠᠶᠢᠳᠠᠯ ᠢ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢᠨ | ᠪᠠᠯᠠ ᠮᠥᠩᠭᠦ ᠶᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠤᠪᠢᠶᠠᠯᠴᠠᠬᠤ | ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠪᠠᠯ᠂ ᠲᠡᠭᠦᠨ ᠤ ᠬᠠᠮᠢᠶ᠎ᠠ ᠪᠥᠬᠦᠶ ᠰᠢᠨ᠎ᠡ ᠪᠠᠷ ᠪᠠᠶᠢᠭᠤᠯᠬᠤ ᠲᠥᠷᠥᠯ ᠵᠦᠶ᠋ᠯ | ᠪᠠ ᠠᠵᠢᠯᠯᠠᠭᠤᠯᠵᠤ ᠪᠠᠲᠤᠯᠠᠬᠤ ᠵᠠᠷᠤᠳᠠᠯ ᠢ ᠳᠣᠭᠢᠷᠠᠭᠤᠯᠬᠤ ᠶᠢ ᠲᠦᠷ ᠵᠣᠭᠰᠣᠭᠠᠨ᠎ᠠ᠃ ᠡᠯ᠎ᠡ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ | ᠬᠤᠪᠢᠶᠠᠯᠴᠠᠬᠤ ᠠᠵᠢᠯ ᠤᠨ ᠬᠠᠮᠢᠶᠠᠷᠤᠯᠲᠠ ᠶᠢᠨ ᠲᠦᠷᠢᠮ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ | ᠪᠠᠶᠢᠭᠤᠯᠤᠨ ᠪᠦᠷᠢᠨᠰᠢᠬᠦᠯᠵᠦ᠂ ᠬᠠᠷᠠᠯᠲᠠ᠂ ᠬᠠᠷᠢᠭᠤᠴᠠᠯᠭ᠎ᠠ ᠪᠠ ᠬᠡᠷᠡᠭᠵᠢᠭᠦᠯᠬᠦ ᠪᠠᠶᠢᠭᠤᠯᠤᠮᠵᠢ ᠶᠢ ᠲᠣᠳᠣᠷᠬᠠᠶᠢᠯᠠᠬᠤ | ᠬᠡᠷᠡᠭᠲᠡᠶ᠃ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠤᠰᠬᠠᠶ ᠬᠥᠮᠦᠨ ᠵᠢᠭᠠᠨ ᠲᠣᠭᠲᠠᠭᠠᠵᠤ ᠲᠣᠰ | ᠨᠢᠭᠡᠴᠡ ᠶᠢᠨ ᠢᠶᠠᠨ ᠬᠠᠮᠲᠤᠪᠠᠷ ᠬᠤᠪᠢᠶᠠᠯᠴᠠᠬᠤ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ᠂ ᠬᠢᠨᠠᠨ | ᠪᠠᠶᠢᠴᠠᠭᠠᠬᠤ ᠪᠠ ᠲᠦᠭᠰᠢᠭᠦᠷᠢ ᠶᠢ ᠰᠡᠷᠭᠡᠶᠢᠯᠡᠬᠦ ᠠᠵᠢᠯ ᠢ ᠬᠠᠷᠢᠭᠤᠴᠠᠭᠤᠯᠵᠤ᠂ ᠬᠠᠮᠲᠤᠪᠠᠷ ᠬᠤᠪᠢᠶᠠᠯᠴᠠᠬᠤ ᠲᠤᠭ᠎ᠠ | ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠬᠡᠷᠡᠭᠯᠡᠬᠦ ᠰᠠᠯᠠᠭ᠎ᠠ ᠮᠥᠴᠢᠷ ᠨᠢ ᠣᠯᠤᠭᠰᠠᠨ | ᠮᠡᠳᠡᠭᠡ ᠵᠠᠩᠭᠢ ᠪᠠᠨ ᠵᠥᠪᠬᠡᠨ ᠲᠣᠳᠣᠷᠬᠠᠶ ᠬᠡᠷᠡᠭᠴᠡᠭᠡ ᠪᠠᠷ ᠲᠤᠰ ᠰᠠᠯᠠᠭ᠎ᠠ ᠮᠥᠴᠢᠷ ᠤᠨ ᠢᠶᠠᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠨ᠎ᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠩᠭᠠᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠥᠬᠡᠶ ᠪᠣᠯ᠂ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠥᠭᠡᠷᠡᠴᠢᠯᠡᠬᠦ ᠪᠠ ᠬᠠᠰᠤᠵᠤ | ᠪᠣᠯᠬᠤ ᠥᠬᠡᠶ᠃ |