—ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠢ ᠰᠤᠷᠪᠤᠯᠵᠢᠯᠠᠭᠰᠠᠨ ᠨᠢ | ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠵᠦ ᠤᠯᠤᠰ ᠲᠥᠷᠥ ᠶᠢᠨ ᠠᠮᠢ ᠠᠬᠤᠶ ᠶᠢ | ᠴᠡᠪᠡᠷᠰᠢᠭᠦᠯᠦᠨ᠎ᠡ | ︽ᠨᠠᠶᠢᠷᠠᠭᠤᠯᠤᠭᠴᠢ ᠶᠢᠨ ᠦᠭᠡ︾ 3 ᠰᠠᠷ᠎ᠠ ᠶᠢᠨ 15 ᠤ ᠡᠳᠦᠷ᠂ ︽ᠥᠪᠥᠷ ᠮᠣᠩᠭᠤᠯ ᠤᠨ ᠡᠳᠦᠷ ᠤᠨ | ᠰᠣᠨᠢᠨ︾ ᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠤᠯᠤᠰ ᠲᠥᠷᠥ ᠶᠢᠨ ᠠᠮᠢ | ᠠᠬᠤᠶ ᠶᠢ ᠴᠡᠪᠡᠷᠰᠢᠭᠦᠯᠦᠶ᠎ᠡ︾ ᠭᠡᠬᠦ ᠪᠤᠯᠤᠩ ᠳᠤ ᠲᠤᠰᠬᠠᠶ ᠰᠤᠷᠪᠤᠯᠵᠢᠯᠠᠭ᠎ᠠ ᠨᠡᠶᠢᠲᠡᠯᠡᠵᠦ᠂ ᠰᠤᠷᠪᠤᠯᠵᠢᠯᠠᠭᠴᠢ | ᠦᠬᠠᠶ ᠬᠤᠲᠠ ᠶᠢᠨ ᠬᠢᠨ ᠬᠡᠷᠬᠢᠨ ᠴᠢᠩᠭ᠎ᠠ ᠪᠤᠳᠠᠳᠠᠢ ᠠᠷᠭ᠎ᠠ ᠬᠡᠮᠵᠢᠶ᠎ᠡ ᠠᠪᠴᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠲᠤᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠢ | ᠰᠤᠷᠪᠤᠯᠵᠢᠯᠠᠪᠠ᠃ ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠦᠬᠠᠢ ᠬᠤᠳᠠ ᠶᠢᠨ ᠬᠢᠨ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠵᠤᠷᠢᠭ ᠰᠢᠭᠤᠲᠤᠨ ᠳᠤᠲᠠᠭᠤᠳᠠᠯ ᠢᠶᠠᠨ ᠨᠦᠬᠦᠪᠦᠷᠢᠯᠡᠨ᠎ᠡ︔ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠬᠠᠲᠠᠭᠤ ᠵᠣᠷᠢᠭ ᠢ ᠪᠤᠢ ᠪᠣᠯᠭᠠᠵᠤ ᠬᠦᠴᠦᠷᠬᠡᠭ ᠵᠦᠢᠯ ᠢ ᠠᠳᠬᠤᠨ᠎ᠠ︔ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠦᠨ | ᠲᠡᠭᠡᠭᠰᠢᠯᠡᠬᠦᠯᠦᠯᠳᠡ ᠶᠢ ᠠᠭᠢᠭᠤᠯᠤᠨ᠎ᠠ ᠬᠡᠬᠦ ᠭᠤᠷᠪᠠᠨ ᠶᠡᠭᠡ ᠲᠠᠯ᠎ᠠ ᠶᠢ ᠴᠢᠩᠭ᠎ᠠ ᠪᠦᠭᠡᠳ ᠪᠣᠳᠠᠲᠠᠢ ᠠᠳᠬᠤᠨ᠎ᠠ | ᠬᠡᠵᠡᠢ᠃ ᠠᠷᠠᠳ ᠤᠨ ᠡᠳᠦᠷ ᠤᠨ ᠰᠣᠨᠢᠨ ᠥᠨᠥᠳᠦᠷ ᠲᠤᠰ ᠵᠣᠬᠢᠶᠠᠯ ᠢ ᠣᠨᠴᠠᠭᠠᠶᠢᠯᠠᠨ ᠰᠢᠯᠵᠢᠭᠦᠯᠦᠨ ᠨᠡᠶᠢᠲᠡᠯᠡᠪᠡ᠃ | | ᠥᠪᠡᠷᠲᠡᠭᠡᠨ ᠵᠠᠰᠠᠬᠤ ᠣᠷᠣᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ | ᠬᠤᠷᠠᠯ ᠢ ᠬᠤᠷᠠᠯᠳᠤᠭᠤᠯᠤᠭᠰᠠᠨ ᠤ ᠳᠠᠷᠠᠭ᠎ᠠ᠂ ᠦᠬᠠᠶ ᠬᠤᠲᠠ ᠶᠢᠨ ᠨᠠᠮ ᠤᠨ ᠬᠤᠷᠢᠶ᠎ᠠ ᠲᠡᠷᠡ ᠳᠠᠷᠤᠶ ᠳᠤᠨᠢ | ᠰᠤᠷᠤᠯᠴᠠᠨ ᠤᠯᠠᠮᠵᠢᠯᠠᠭᠰᠠᠨ ᠪᠥᠭᠡᠳ ᠦᠬᠠᠶ ᠬᠤᠲᠠ ᠪᠠᠶᠢᠭᠤᠯᠤᠭᠳᠠᠭᠰᠠᠨ ᠠᠴᠠ ᠨᠠᠰᠢᠬᠢ ᠲᠠᠰ ᠳᠠᠪᠬᠤᠷᠭ᠎ᠠ ᠪᠠᠷ | ᠬᠠᠮᠤᠭ ᠤᠨ ᠥᠨᠳᠥᠷ᠂ ᠬᠡᠪᠴᠢᠶ᠎ᠡ ᠪᠠᠷ ᠬᠠᠮᠤᠭ ᠤᠨ ᠶᠡᠭᠡ᠂ ᠠᠵᠤ ᠠᠬᠤᠶᠢᠯᠠᠯ ᠳᠤ ᠬᠤᠯᠪᠣᠭᠳᠠᠬᠤ ᠬᠡᠪᠴᠢᠶ᠎ᠡ ᠪᠠᠷ | ᠬᠠᠮᠤᠭ ᠤᠨ ᠥᠷᠭᠡᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠮᠢᠩᠭᠠᠨ ᠬᠥᠮᠦᠨ ᠤ | ᠶᠡᠭᠡ ᠬᠤᠷᠠᠯ ᠢ ᠬᠤᠷᠠᠯᠳᠤᠭᠤᠯᠪᠠ᠃ ᠬᠤᠷᠠᠯ ᠳᠡᠭᠡᠷ᠎ᠡ᠂ ᠦᠬᠠᠢ ᠬᠤᠳᠠ ᠶᠢᠨ ᠬᠢᠨ ᠲᠤᠬᠠᠢ ᠶᠢᠨ ᠲᠠᠯᠠᠪᠠᠢ ᠳᠤ ᠠᠵᠤ | ᠠᠬᠤᠶᠢᠯᠠᠯᠲᠠᠨ ᠠᠴᠠ ᠠᠷᠭ᠎ᠠ ᠤᠬᠠᠭᠠᠨ ᠠᠰᠠᠭᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠵᠣᠷᠢᠭ ᠢᠶᠠᠨ ᠭᠦᠢᠴᠡᠳ ᠢᠯᠡᠷᠡᠭᠦᠯᠪᠡ᠃ ᠣᠶᠢᠷ᠎ᠠ ᠳᠤ᠂ ᠰᠤᠷᠪᠤᠯᠵᠢᠯᠠᠭᠴᠢ ᠦᠬᠠᠶ | ᠬᠤᠲᠠ ᠶᠢᠨ ᠬᠢᠨ ᠬᠡᠷᠬᠢᠨ ᠴᠢᠩᠭ᠎ᠠ ᠪᠣᠳᠠᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠬᠤᠳᠠᠯᠳᠤᠭ᠎ᠠ ᠡᠵᠡᠩᠨᠡᠬᠦ ᠣᠷᠴᠢᠨ | ᠲᠤᠭᠤᠷᠢᠨ ᠢ ᠰᠢᠯᠢᠳᠡᠭᠵᠢᠭᠦᠯᠵᠦ᠂ ᠡᠭᠦᠨ ᠤ ᠤᠯᠠᠮ ᠠᠴᠠ ᠬᠠᠷᠰᠢ ᠰᠠᠭᠠᠳ ᠢ ᠠᠷᠢᠯᠭᠠᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠲᠤᠬᠠᠶ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠢ ᠰᠤᠷᠪᠤᠯᠵᠢᠯᠠᠪᠠ᠃ | | ᠱᠢ ᠸᠠᠨ ᠵᠢᠶᠦ᠋ᠨ ᠬᠡᠯᠡᠭᠰᠡᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠪᠣᠯ ᠨᠢᠭᠡ ᠭᠠᠵᠠᠷ | ᠣᠷᠣᠨ ᠤ ᠵᠠᠬ᠎ᠠ ᠳᠡᠯᠭᠡᠭᠦᠷ ᠤᠨ ᠣᠷᠴᠢᠨ ᠲᠤᠭᠤᠷᠢᠨ᠂ ᠵᠠᠰᠠᠭ ᠤᠨ ᠶᠠᠪᠤᠳᠠᠯ ᠤᠨ ᠣᠷᠴᠢᠨ ᠲᠤᠭᠤᠷᠢᠨ᠂ ᠬᠠᠤᠯᠢᠵᠢᠯ | ᠤᠨ ᠣᠷᠴᠢᠨ ᠲᠤᠭᠤᠷᠢᠨ᠂ ᠨᠡᠶᠢᠭᠡᠮ ᠤᠨ ᠣᠷᠴᠢᠨ ᠲᠤᠭᠤᠷᠢᠨ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠤᠨ | ᠶᠡᠷᠦᠩᠬᠡᠶᠢᠯᠡᠭᠰᠡᠨ ᠢᠯᠡᠷᠡᠯ ᠮᠥᠨ᠂ ᠭᠠᠵᠠᠷ ᠣᠷᠣᠨ ᠤ ᠠᠵᠤ ᠠᠬᠤᠶ ᠶᠢᠨ ᠵᠥᠭᠡᠯᠡᠨ ᠪᠣᠳᠠᠲᠤ ᠬᠦᠴᠦᠨ ᠪᠠ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠬᠡᠮᠵᠢᠬᠦ ᠴᠢᠬᠤᠯᠠ ᠬᠦᠢᠴᠡᠳᠬᠡᠯ ᠲᠤᠭ᠎ᠠ ᠮᠥᠨ᠃ ᠰᠢ ᠶᠢᠨ ᠫᠢᠩ | ᠶᠡᠷᠦᠩᠬᠡᠶ ᠱᠦᠵᠢ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ 2019 ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ | ᠭᠦᠨᠵᠡᠭᠡᠶ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠠᠶᠢᠵᠢᠷᠠᠭᠤᠯᠬᠤ ᠳᠤ | ᠬᠡᠳᠦᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠭᠠᠷᠭᠠᠵᠤ᠂ ᠠᠷᠠᠳ ᠲᠤ ᠲᠥᠬᠦᠮ ᠦᠵᠡᠭᠦᠯᠬᠦ | ᠬᠡᠳᠦᠨ ᠵᠦᠢᠯ ᠤᠨ ᠠᠷᠭ᠎ᠠ ᠬᠡᠮᠵᠢᠶ᠎ᠡ ᠶᠢ ᠠᠳᠬᠤᠭᠠᠳ ᠯᠡ ᠪᠤᠯᠴᠢᠬᠠᠳᠠᠭ ᠪᠢᠰᠢ᠂ ᠡᠭᠦᠨ ᠤ ᠵᠠᠩᠭᠢᠯᠠᠭ᠎ᠠ ᠨᠢ | ᠣᠷᠣᠬᠤ ᠶᠢ ᠵᠥᠪᠰᠢᠶᠡᠷᠡᠬᠦ᠂ ᠥᠪᠡᠷ ᠤᠨ ᠥᠷᠲᠡᠭ᠂ ᠭᠠᠶᠢᠯᠢ ᠰᠦᠢᠳᠭᠡᠯ᠂ ᠪᠠᠯᠠ ᠳᠣᠭᠢᠷᠠᠭᠤᠯᠬᠤ᠂ ᠰᠠᠭᠤᠷᠢ | ᠲᠥᠬᠦᠭᠡᠷᠦᠮᠵᠢ᠂ ᠠᠵᠤ ᠦᠢᠯᠡᠰ ᠤᠨ ᠢᠵᠢ ᠪᠦᠷᠢᠳᠦᠭᠦᠯᠬᠦ᠂ ᠥᠮᠴᠢᠯᠡᠬᠦ ᠡᠷᠬᠡ ᠶᠢᠨ ᠬᠠᠮᠠᠭᠠᠯᠠᠯᠲᠠ᠂ ᠬᠥᠮᠦᠨ ᠤ | ᠬᠦᠴᠦᠨ ᠤ ᠡᠬᠢ ᠪᠠᠶᠠᠯᠢᠭ᠂ ᠣᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠳᠤ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠠᠪᠤᠳᠠᠯ ᠪᠣᠯᠤᠨ᠎ᠠ ᠬᠡᠵᠡᠢ᠂ ᠡᠨᠡ ᠨᠢ ᠦᠬᠠᠶ ᠬᠤᠲᠠ ᠶᠢᠨ | ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠪᠦᠲᠦᠮᠵᠢᠲᠡᠶ ᠰᠠᠶᠢᠲᠤᠷ ᠠᠳᠬᠤᠬᠤ ᠳᠤ ᠴᠢᠬᠤᠯᠠ ᠵᠢᠷᠤᠮᠯᠠᠯ ᠬᠠᠩᠭᠠᠭᠰᠠᠨ ᠪᠠᠶᠢᠨ᠎ᠠ᠃ ᠡᠨᠡ ᠵᠢᠯ ᠤᠨ ᠴᠠᠭᠠᠨ | ᠰᠠᠷ᠎ᠠ ᠶᠢᠨ ᠳᠠᠷᠠᠭᠠᠬᠢ ᠠᠩᠬᠠᠳᠠᠭᠴᠢ ᠠᠵᠢᠯ ᠤᠨ ᠡᠳᠦᠷ ᠲᠤ᠂ ᠥᠪᠡᠷᠲᠡᠭᠡᠨ ᠵᠠᠰᠠᠬᠤ ᠣᠷᠣᠨ ᠠᠴᠠ ᠪᠦᠬᠦ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠦᠬᠠᠢ | ᠬᠤᠳᠠ ᠶᠢᠨ ᠪᠦᠬᠦ ᠬᠦᠴᠦᠨ ᠢᠶᠠᠷ ᠢᠶᠠᠨ ᠭᠠᠵᠠᠷ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠤ ᠴᠢᠭᠯᠡᠯ ᠢ ᠲᠣᠳᠣᠷᠬᠠᠶᠢᠯᠠᠵᠤ᠂ ᠭᠤᠣᠯᠳᠠᠯᠭ᠎ᠠ ᠶᠢ ᠬᠤᠪᠢᠶᠠᠷᠢᠯᠠᠨ ᠥᠭᠴᠡᠢ᠃ ᠣᠳᠣᠬᠠᠨ ᠳᠤ᠂ | ᠦᠬᠠᠢ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠰᠠᠭᠤᠳᠠᠯ ᠨᠢᠭᠡᠨᠲᠡ ᠣᠳᠣᠬᠢᠴᠢᠯᠠᠯᠲᠠ ᠶᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ᠂ ᠥᠭᠡᠷᠡᠴᠢᠯᠡᠯᠲᠡ ᠨᠡᠭᠡᠭᠡᠯᠳᠡ ᠶᠢ | ᠭᠦᠨᠵᠡᠭᠡᠶᠢᠷᠡᠭᠦᠯᠬᠦ᠂ ᠬᠠᠤᠯᠢᠵᠢᠯ ᠤᠨ ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠤᠰ | ᠲᠦᠷᠦ ᠶᠢᠨ ᠠᠮᠢ ᠠᠬᠤᠢ ᠶᠢ ᠴᠡᠪᠡᠷᠰᠢᠭᠦᠯᠦᠨ ᠰᠡᠷᠭᠦᠭᠡᠬᠦ ᠳᠤ ᠡᠷᠬᠡᠪᠰᠢ ᠰᠢᠢᠳᠪᠦᠷᠢᠯᠡᠬᠦ ᠬᠡᠷᠡᠭᠲᠡᠢ ᠠᠰᠠᠭᠤᠳᠠᠯ | ᠪᠣᠯᠵᠠᠢ᠃ ᠡᠷᠬᠡᠪᠰᠢ ᠲᠠᠯᠪᠢᠯ ᠦᠭᠡᠢ ᠪᠠᠷ ᠴᠢᠩᠭ᠎ᠠ ᠠᠳᠬᠤᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ | ᠬᠡᠷᠡᠭᠵᠢᠭᠦᠯᠦᠨ ᠵᠠᠰᠠᠵᠤ᠂ ᠵᠣᠷᠢᠭ ᠰᠢᠭᠤᠳᠤᠨ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠦᠭᠡᠢ ᠰᠠᠶᠢᠲᠤᠷ ᠵᠠᠮᠨᠠᠬᠤ ᠳᠤ ᠬᠦᠴᠦᠲᠡᠢ ᠵᠢᠯᠤᠭᠤᠳᠤᠯᠭ᠎ᠠ ᠪᠠ ᠬᠦᠴᠦᠲᠡᠢ ᠪᠠᠲᠤᠯᠠᠭ᠎ᠠ ᠬᠠᠩᠭᠠᠨ᠎ᠠ | ᠬᠡᠵᠡᠢ᠃ | ᠱᠢ ᠸᠠᠨ ᠵᠢᠶᠦ᠋ᠨ ᠬᠡᠯᠡᠭᠰᠡᠨ ᠨᠢ᠂ ᠦᠬᠠᠢ ᠬᠤᠳᠠ ᠶᠢᠨ ᠬᠢᠨ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠳᠤ ᠭᠤᠷᠪᠠᠨ ᠶᠡᠭᠡ ᠲᠠᠯ᠎ᠠ ᠠᠴᠠ ᠴᠢᠩᠭ᠎ᠠ ᠪᠦᠭᠡᠳ ᠪᠣᠳᠠᠲᠠᠢ ᠠᠳᠬᠤᠨ᠎ᠠ᠃ | ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠢᠭ ᠰᠢᠭᠤᠳᠤᠨ ᠳᠤᠲᠠᠭᠤᠳᠠᠯ ᠢᠶᠠᠨ | ᠨᠥᠬᠦᠪᠥᠷᠢᠯᠡᠨ᠎ᠡ᠃ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠳᠤᠲᠠᠭᠤᠳᠠᠯ ᠢᠶᠠᠨ ᠨᠥᠬᠦᠪᠥᠷᠢᠯᠡᠵᠦ᠂ ᠬᠡᠮ | ᠰᠣᠭᠤᠭ ᠢ ᠣᠨᠣᠪᠴᠢᠲᠠᠢ ᠡᠷᠢᠵᠦ ᠴᠢᠩᠭ᠎ᠠ ᠠᠷᠭ᠎ᠠ ᠬᠡᠮᠵᠢᠶ᠎ᠡ ᠠᠪᠬᠤ ᠪᠣᠯ ᠠᠵᠢᠯ ᠢᠶᠠᠨ ᠰᠠᠶᠢᠲᠤᠷ ᠬᠢᠬᠦ ᠶᠢᠨ | ᠴᠢᠬᠤᠯᠠ ᠠᠷᠭ᠎ᠠ ᠶᠢᠨ ᠤᠨᠤᠯ ᠪᠣᠯᠤᠨ᠎ᠠ᠃ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠡᠯ᠎ᠡ ᠵᠦᠢᠯ ᠤᠨ ᠠᠰᠠᠭᠤᠳᠠᠯ ᠳᠤ ᠲᠥᠪ ᠴᠢᠩᠭ᠎ᠠ ᠨᠠᠷᠢᠨ | ᠬᠢᠨᠠᠮᠠᠭᠠᠢ ᠬᠠᠨᠳᠤᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠬᠦᠴᠦᠯᠡᠵᠦ᠂ | ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠭᠠᠵᠠᠷ ᠣᠷᠣᠨ ᠤ | ᠬᠥᠭᠵᠢᠯᠲᠡ ᠶᠢᠨ ᠰᠢᠨ᠎ᠡ ᠪᠠᠶᠢᠳᠠᠯ ᠲᠠᠢ ᠪᠣᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠣᠯᠠᠨ ᠲᠦᠮᠡᠨ ᠤ ᠲᠤᠰᠬᠠᠯ | ᠶᠡᠬᠡᠲᠡᠶ ᠪᠠᠶᠢᠭ᠎ᠠ ᠲᠣᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠢᠯ ᠶᠠᠪᠤᠳᠠᠯ | ᠬᠦᠢᠴᠡᠳᠭᠡᠬᠦ ᠳᠤ ᠦᠢᠯᠡᠴᠢᠯᠡᠬᠦ᠂ ᠵᠥᠪᠯᠡᠯᠭᠡ ᠥᠭᠴᠦ ᠵᠠᠭᠠᠯᠲᠤᠯᠭ᠎ᠠ ᠬᠢᠬᠦ᠂ ᠬᠠᠤᠯᠢ ᠬᠡᠷᠡᠭᠵᠢᠭᠦᠯᠵᠦ ᠬᠢᠨᠠᠨ | ᠬᠠᠮᠢᠶᠠᠷᠬᠤ ᠵᠡᠷᠭᠡ ᠡᠯ᠎ᠡ ᠲᠠᠯ᠎ᠠ ᠡᠯ᠎ᠡ ᠵᠠᠩᠭᠢᠯᠠᠭ᠎ᠠ ᠪᠠᠷ ᠭᠤᠣᠯᠯᠠᠭᠤᠯᠤᠨ᠂ ᠠᠵᠤ ᠠᠬᠤᠶᠢᠯᠠᠯ ᠪᠠ ᠤᠯᠠᠨ ᠲᠦᠮᠡᠨ ᠤ | ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠶᠢᠨ ᠲᠦᠷᠦ ᠶᠢᠨ ᠪᠤᠳᠤᠯᠭ᠎ᠠ ᠶᠢᠨ ᠬᠦᠴᠢᠷᠳᠡᠯ᠂ ᠬᠢᠨᠠᠨ | ᠵᠥᠪᠰᠢᠶᠡᠷᠡᠯ ᠤᠨ ᠲᠦᠭᠵᠢᠷᠡᠯ᠂ ᠦᠢᠯᠡᠴᠢᠯᠡᠭᠡᠨ ᠤ ᠡᠪᠡᠷᠰᠢᠶᠡᠯ ᠢ ᠴᠢᠩᠭ᠎ᠠ ᠠᠩᠬᠠᠷᠴᠤ᠂ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠬᠠᠮᠤᠭ ᠠᠴᠠ ᠠᠩᠬᠠᠷᠴᠤ ᠪᠠᠶᠢᠭ᠎ᠠ ᠶᠠᠪᠤᠳᠠᠯ ᠠᠴᠠ ᠡᠬᠢᠯᠡᠨ ᠬᠢᠵᠦ᠂ ᠤᠯᠠᠨ ᠲᠦᠮᠡᠨ ᠤ | ᠬᠠᠮᠤᠭ ᠠᠴᠠ ᠬᠠᠨᠤᠮᠵᠢ ᠦᠭᠡᠢ ᠪᠠᠶᠢᠭ᠎ᠠ ᠭᠠᠵᠠᠷ ᠠᠴᠠ ᠡᠬᠢᠯᠡᠨ ᠥᠭᠡᠷᠡᠴᠢᠯᠡᠵᠦ᠂ ᠨᠡᠶᠢᠳᠡᠮ ᠣᠷᠣᠰᠢᠵᠤ ᠪᠠᠶᠢᠬᠤ᠂ | ᠲᠤᠰᠬᠠᠯ ᠶᠡᠬᠡᠲᠡᠶ᠂ ᠤᠳᠠᠭᠠᠰᠢᠷᠠᠭᠤᠯᠤᠭᠠᠳ ᠰᠢᠢᠳᠪᠦᠷᠢᠯᠡᠭᠡᠳᠦᠶ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠵᠣᠷᠢᠭ | ᠰᠢᠭᠤᠳᠤᠨ ᠲᠦᠷᠭᠡᠪᠴᠢᠯᠡᠨ ᠰᠢᠢᠳᠪᠦᠷᠢᠯᠡᠨ᠎ᠡ᠃ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯᠧᠮᠧᠨ᠋ᠲ ᠤᠨ | ᠪᠠᠲᠤᠯᠠᠭ᠎ᠠ ᠶᠢᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ︽ᠦᠬᠦᠰᠢᠷᠡᠮᠡᠯ ᠠᠵᠤ ᠠᠬᠤᠶᠢᠯᠠᠯ︾ | ᠢ ᠴᠡᠪᠡᠷᠯᠡᠬᠦ ᠡᠷᠴᠢᠮ ᠢᠶᠠᠨ ᠴᠢᠩᠭᠠᠷᠠᠭᠤᠯᠵᠤ᠂ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ | ᠡᠯᠧᠮᠧᠨ᠋ᠲ ᠤᠨ ᠭᠦᠢᠴᠡᠳᠬᠡᠯ ᠲᠤᠭ᠎ᠠ ᠶᠢ ᠢᠳᠡᠪᠬᠢᠲᠡᠢ ᠪᠠᠷ ᠠᠮᠢᠳᠤᠯᠢᠭᠵᠢᠭᠤᠯᠤᠨ᠎ᠠ᠃ ᠵᠠᠷᠢᠮ ᠢ ᠨᠢ ᠪᠠᠲᠤᠯᠠᠵᠤ | ᠵᠠᠷᠢᠮ ᠢ ᠨᠢ ᠬᠢᠵᠠᠭᠠᠷᠯᠠᠬᠤ᠂ ᠵᠠᠷᠢᠮ ᠢ ᠨᠢ ᠤᠷᠤᠭᠰᠢᠯᠠᠭᠤᠯᠵᠤ ᠵᠠᠷᠢᠮ ᠢ ᠨᠢ ᠤᠬᠤᠷᠢᠭᠤᠯᠬᠤ ᠶᠢ ᠴᠢᠬᠤᠯᠠᠴᠢᠯᠠᠵᠤ᠂ | ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠬᠢᠵᠠᠭᠠᠷᠯᠠᠬᠤ ᠪᠠ ᠴᠠᠭᠠᠵᠠᠯᠠᠵᠤ᠂ ᠬᠢᠵᠠᠭᠠᠷᠲᠠᠶ ᠡᠯᠧᠮᠧᠨ᠋ᠲ ᠤᠨ | ᠬᠦᠢᠴᠡᠳᠭᠡᠯ ᠲᠤᠭ᠎ᠠ ᠶᠢ ᠳᠠᠪᠠᠭᠤᠯᠢᠭ ᠠᠵᠤ ᠦᠢᠯᠡᠰ᠂ ᠴᠢᠨᠠᠷ ᠰᠠᠶᠢᠲᠠᠶ ᠵᠦᠢᠯᠡᠰ ᠲᠤ ᠬᠡᠷᠡᠭᠯᠡᠨ᠎ᠡ᠃ ᠮᠦ ᠪᠦᠷᠢ ᠶᠢ | ᠲᠡᠭᠰᠢᠳᠬᠡᠨ ᠬᠡᠮᠵᠢᠬᠦ ᠲᠣᠭᠲᠠᠴᠠ ᠶᠢ ᠪᠦᠷᠢᠨᠰᠢᠬᠦᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠡᠯᠡ ᠣᠷᠣᠭᠤᠯᠤᠯᠲᠠ ᠶᠢᠨ ᠬᠦᠴᠦᠯᠡᠴᠡ᠂ ᠲᠠᠯᠠᠪᠠᠢ ᠨᠢᠭᠡᠴᠢ ᠶᠢᠨ ᠭᠠᠷᠭᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ᠬᠤᠶᠠᠷ ᠲᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠲᠠᠭᠤ ᠵᠣᠷᠢᠭ ᠢ ᠪᠤᠢ | ᠪᠣᠯᠭᠠᠵᠤ ᠬᠦᠴᠦᠷᠬᠡᠭ ᠵᠦᠢᠯ ᠢ ᠠᠳᠬᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠤ ᠡᠷᠬᠡᠪᠰᠢ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠴᠢᠨᠠᠷ | ᠰᠠᠶᠢᠲᠠᠢ ᠬᠥᠭᠵᠢᠯᠲᠡ ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠵᠠᠰᠠᠭ ᠵᠠᠬᠢᠷᠭᠠᠨ ᠤ | ᠦᠢᠯᠡᠴᠢᠯᠡᠭᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠡᠩ ᠭᠦᠢᠴᠡᠳ ᠲᠠᠯᠪᠢᠬᠤ᠂ ᠨᠡᠩ ᠰᠢᠨᠵᠢᠯᠡᠬᠦ ᠤᠬᠠᠭᠠᠨᠴᠢ ᠪᠠᠷ | ᠬᠠᠮᠢᠶᠠᠷᠬᠤ᠂ ᠨᠡᠩ ᠳᠣᠲᠣᠨᠣ ᠦᠢᠯᠡᠴᠢᠯᠡᠬᠦ ᠶᠢ ᠪᠠᠲᠤᠯᠠᠨ᠎ᠠ᠃ ︽ᠳᠠᠷᠦ᠋ᠢᠬᠠᠨ ᠬᠦᠢᠴᠡᠳᠬᠡᠬᠦ᠂ ᠰᠦᠯᠵᠢᠶᠡᠨ ᠳᠡᠭᠡᠷ᠎ᠡ | ᠬᠦᠢᠴᠡᠳᠬᠡᠬᠦ᠂ ᠣᠶᠢᠷ᠎ᠠ ᠬᠠᠪᠢ ᠳᠠᠭᠠᠨ ᠬᠦᠢᠴᠡᠳᠬᠡᠬᠦ᠂ ᠨᠢᠭᠡ ᠯᠡ ᠤᠳᠠᠭ᠎ᠠ ᠳᠤ ᠬᠦᠢᠴᠡᠳᠬᠡᠬᠦ︾ ᠶᠢᠨ | ᠲᠣᠭᠤᠷᠢᠨ ᠳᠤ ᠵᠣᠷᠢᠭᠲᠠᠶ ᠪᠠᠷ ᠰᠢᠨ᠎ᠡ ᠶᠢ ᠡᠭᠦᠳᠴᠦ᠂ ︽ᠲᠠᠪᠤ ᠶᠢ ᠪᠠᠭᠠᠰᠬᠠᠬᠤ᠂ ᠭᠤᠷᠪᠠ ᠶᠢ ᠬᠠᠮᠤᠭ ᠤᠨ ᠰᠠᠶᠢᠨ | ᠪᠣᠯᠭᠠᠬᠤ︾ ︵ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ | ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ᠂ ᠴᠢᠬᠤᠯᠠ ᠨᠥᠬᠦᠴᠡᠯ ᠢ ᠬᠠᠮᠤᠭ ᠤᠨ ᠨᠠᠷᠢᠯᠢᠭ᠂ | ᠭᠤᠭᠴᠤᠭ᠎ᠠ ᠶᠢ ᠬᠠᠮᠤᠭ ᠤᠨ ᠲᠥᠬᠦᠮ᠂ ᠴᠠᠭ ᠤᠨ ᠬᠢᠵᠠᠭᠠᠷ ᠢ ᠬᠠᠮᠤᠭ ᠤᠨ ᠣᠬᠤᠷ ᠪᠤᠯᠭᠠᠬᠤ︶ ᠶᠢ ᠪᠡᠶᠡᠯᠡᠭᠦᠯᠬᠦ ᠶᠢ | ᠦᠨᠡᠨᠬᠦ ᠪᠠᠲᠤᠯᠠᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯᠧᠺᠲᠷᠣᠨ ᠬᠢᠨᠠᠯᠲᠠ ᠶᠢᠨ ᠨᠢᠭᠡᠳᠦᠯᠲᠡᠶ ᠲᠠᠪᠴᠠᠩ ᠢ | ᠪᠠᠶᠢᠭᠤᠯᠵᠤ᠂ ᠴᠢᠯᠥᠭᠡᠲᠦ ᠲᠠᠰᠤᠯᠤᠯᠲᠠ ᠶᠢᠨ ᠣᠷᠣᠨ ᠵᠠᠶ ᠶᠢ ᠪᠠᠭᠠᠰᠬᠠᠵᠤ᠂ ᠬᠢᠨᠠᠯᠲᠠ ᠬᠠᠮᠢᠶᠠᠷᠤᠯᠲᠠ ᠶᠢ ︽ᠤᠴᠢᠷ | ᠶᠠᠪᠤᠳᠠᠯ ᠦᠭᠡᠢ ᠪᠣᠯ ᠬᠠᠷᠰᠢᠯᠠᠬᠤ ᠦᠭᠡᠢ︾ ᠮᠥᠷᠲᠡᠭᠡᠨ ᠪᠠᠰᠠ ︽ᠭᠠᠵᠠᠷ ᠪᠣᠯᠭᠠᠨ ᠳᠤ ᠪᠠᠶᠢᠯᠭᠠᠬᠤ︾ ᠪᠣᠯᠭᠠᠨ᠎ᠠ᠃ | ᠳᠤᠲᠠᠭᠤ ᠶᠢ ᠪᠠᠭᠲᠠᠭᠠᠭᠰᠠᠨ ᠤ ᠳᠠᠷᠠᠭ᠎ᠠ ᠨᠥᠬᠦᠪᠥᠷᠢᠯᠡᠬᠦ᠂ ᠰᠠᠭᠠᠳ ᠥᠬᠡᠶ ᠨᠡᠪᠲᠡᠷᠡᠬᠦ ᠵᠠᠮ ᠵᠡᠷᠭᠡ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠳᠡᠯᠭᠡᠷᠡᠭᠦᠯᠵᠦ᠂ ᠣᠯᠠᠨ ᠲᠠᠰ | ᠳᠠᠪᠬᠤᠷᠭ᠎ᠠ᠂ ᠣᠯᠠᠨ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠯᠠᠨ ᠬᠦᠢᠴᠡᠳᠬᠡᠬᠦ | ᠬᠠᠪᠰᠤᠷᠤᠨ ᠬᠦᠢᠴᠡᠳᠬᠡᠬᠦ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠶᠢ ᠲᠦᠷᠭᠡᠳᠬᠡᠨ ᠠᠬᠢᠭᠤᠯᠵᠤ᠂ ︽ᠪᠥᠬᠦ ᠬᠤᠲᠠ ᠳᠤ ᠨᠡᠶᠢᠳᠡᠮ ᠰᠢᠢᠳᠪᠦᠷᠢᠯᠡᠬᠦ︾ ︽ᠮᠤᠵᠢ | ᠠᠯᠤᠰᠯᠠᠨ ᠨᠡᠶᠢᠳᠡᠮ ᠰᠢᠢᠳᠪᠦᠷᠢᠯᠡᠬᠦ︾ ᠶᠢ ᠬᠦᠴᠦᠯᠡᠨ ᠠᠬᠢᠭᠤᠯᠵᠤ᠂ ᠨᠠᠩ ᠵᠢᠷᠤᠮᠵᠢᠭᠰᠠᠨ᠂ ᠳᠥᠭᠦᠮ ᠳᠥᠲᠡ᠂ | ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠢ ᠴᠢᠷᠮᠠᠶᠢᠨ ᠬᠠᠩᠭᠠᠨ᠎ᠠ᠃ ᠠᠵᠤ | ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠵᠤ᠂ ᠠᠵᠤ ᠠᠬᠤᠶᠢᠯᠠᠯ ᠢ | ᠳᠡᠮᠵᠢᠨ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠭᠠᠶᠢᠯᠢ ᠶᠢ ᠬᠥᠩᠭᠡᠯᠡᠵᠦ ᠰᠦᠢᠳᠭᠡᠯ ᠢ ᠨᠢ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠡᠬᠡ ᠲᠠᠩᠰᠠ ᠶᠢ ᠪᠠᠶᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ | ᠬᠤᠷᠢᠶᠠᠯᠲᠠ ᠶᠢ ᠤᠯᠠᠮ ᠨᠢᠭᠡ ᠠᠯᠬᠤᠮ ᠢᠯᠭᠠᠷᠠᠭᠤᠯᠤᠨ ᠵᠢᠷᠤᠮᠵᠢᠭᠤᠯᠵᠤ᠂ ᠡᠯ᠎ᠡ ᠵᠦᠢᠯ ᠤᠨ ᠬᠦᠴᠢᠷᠳᠡᠯ ᠢ | ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠨᠳᠦᠰᠦᠨ ᠱᠠᠲᠤᠨ ᠳᠤ ᠰᠢᠭᠤᠳ ᠬᠦᠷᠭᠡᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ ᠳᠤ ᠰᠢᠭᠤᠳ ᠠᠰᠢᠭ ᠬᠦᠷᠲᠡᠭᠡᠬᠦ ᠶᠢ ᠳᠥᠯᠭᠢᠨ ᠠᠬᠢᠭᠤᠯᠤᠨ᠎ᠠ᠃ ᠵᠠᠰᠠᠭ ᠤᠨ ᠣᠷᠳᠣᠨ ᠪᠠ | ᠬᠤᠳᠠᠯᠳᠤᠭᠠᠴᠢᠨ ᠢ ᠳᠣᠲᠣᠨᠣᠴᠢᠯᠠᠬᠤ ᠬᠠᠷᠢᠴᠠᠭ᠎ᠠ ᠶᠢ ᠦᠷᠭᠦᠯᠵᠢᠯᠡᠨ ᠪᠠᠶᠢᠭᠤᠯᠵᠤ᠂ ᠠᠵᠤ ᠠᠬᠤᠶᠢᠯᠠᠯ ᠤᠨ ᠪᠦᠬᠦ | ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠵᠤ᠂ ᠣᠷᠣᠨ ᠨᠤᠲᠤᠭ ᠤᠨ ᠨᠠᠮ | ᠵᠠᠰᠠᠭ ᠤᠨ ᠤᠳᠤᠷᠢᠳᠤᠯᠭ᠎ᠠ ᠶᠢᠨ ᠠᠵᠤ ᠠᠬᠤᠶᠢᠯᠠᠯ ᠪᠠ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠳᠦᠷᠢᠮ ᠢ | ᠡᠷᠡᠰ ᠨᠠᠶᠢᠳᠠᠪᠤᠷᠢᠵᠢᠭᠤᠯᠵᠤ᠂ ᠡᠭᠦᠷᠭᠡ ᠴᠢᠳᠠᠪᠬᠢᠳᠦ ᠰᠠᠯᠠᠭ᠎ᠠ ᠮᠥᠴᠢᠷ ᠪᠠ ᠠᠵᠤ ᠠᠬᠤᠶᠢᠯᠠᠯᠲᠠᠨ ᠤ ᠨᠡᠪᠲᠡᠷᠡᠯᠴᠡᠨ | ᠰᠣᠯᠢᠯᠴᠠᠬᠤ ᠲᠣᠭᠲᠠᠴᠠ ᠶᠢ ᠪᠦᠷᠢᠨᠰᠢᠬᠦᠯᠵᠦ᠂ ᠦᠢᠯᠡᠴᠢᠯᠡᠭᠡᠨ ᠤ ᠠᠵᠤ ᠠᠬᠤᠶᠢᠯᠠᠯ ᠤᠨ ᠰᠠᠭᠠᠳ ᠦᠭᠡᠢ ᠨᠡᠪᠲᠡᠷᠡᠬᠦ | ᠵᠠᠮ ᠢ ᠨᠡᠭᠡᠭᠡᠵᠦ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠸᠢᠴᠠᠲ ᠶᠢᠨ ᠲᠠᠪᠴᠠᠩ ᠢ ᠪᠠᠶᠢᠭᠤᠯᠵᠤ᠂ | ᠬᠦᠰᠡᠭᠰᠡᠨ ᠪᠦᠬᠦᠨ ᠢ ᠨᠢ ᠵᠠᠪᠠᠯ ᠭᠦᠢᠴᠡᠳᠬᠡᠵᠦ᠂ ᠶᠠᠪᠤᠳᠠᠯ ᠪᠦᠬᠦᠨ ᠢ ᠬᠠᠷᠰᠢᠯᠠᠬᠤ ᠦᠭᠡᠢ ᠪᠠᠶᠢᠬᠤ ᠪᠠᠲᠤᠯᠠᠨ᠎ᠠ᠃ | ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ | ᠣᠷᠳᠣᠨ ᠤ ᠠᠵᠤ ᠠᠬᠤᠶᠢᠯᠠᠯ ᠳᠤ ᠢᠲᠡᠭᠡᠯ ᠠᠯᠳᠠᠭᠰᠠᠨ ᠵᠦᠢᠯᠡᠰ ᠢ ᠲᠤᠰᠬᠠᠢ ᠰᠡᠳᠦᠪ ᠢᠶᠠᠷ ᠴᠡᠪᠡᠷᠯᠡᠵᠦ᠂ | ᠨᠥᠬᠦᠪᠥᠷᠢ ᠥᠭᠴᠦ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠶᠡᠭᠡ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠎ᠠ᠃ | ᠭᠤᠷᠪᠠ ᠳᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ | ᠨᠡᠮᠡᠭᠳᠡᠭᠦᠯᠦᠨ ᠲᠡᠭᠡᠭᠰᠢᠯᠡᠬᠦᠯᠦᠯᠳᠡ ᠶᠢ ᠠᠭᠢᠭᠤᠯᠤᠨ᠎ᠠ᠃ ᠠᠵᠤ ᠠᠬᠤᠶᠢᠯᠠᠯ ᠶᠡᠭᠡ ᠪᠠᠭ᠎ᠠ ᠭᠡᠰᠡᠨ ᠦᠭᠡᠢ ᠴᠥᠮ ᠨᠡᠩ | ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠲᠠᠢ ᠪᠣᠯᠬᠤ ᠶᠢ ᠬᠦᠰᠡᠵᠦ ᠪᠠᠶᠢᠨ᠎ᠠ᠃ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠥᠮᠴᠢᠯᠡᠯ ᠤᠨ | ᠡᠷᠬᠡ ᠶᠢ ᠬᠠᠮᠠᠭᠠᠯᠠᠬᠤ ᠲᠦᠷᠢᠮ ᠢ ᠲᠡᠭᠦᠯᠳᠡᠷᠵᠢᠭᠦᠯᠵᠦ᠂ ᠡᠷᠬᠡ ᠳᠤ ᠬᠠᠯᠳᠠᠭᠰᠠᠨ ᠠᠵᠢᠯᠯᠠᠭ᠎ᠠ ᠳᠤ ᠴᠢᠩᠭ᠎ᠠ | ᠴᠣᠬᠢᠯᠲᠠ ᠦᠭᠭᠦᠨ᠎ᠡ᠃ ᠴᠢᠩᠭ᠎ᠠ ᠪᠤᠳᠠᠳᠠᠢ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠪᠣᠯᠭᠤᠮᠵᠢᠲᠠᠶ ᠬᠡᠷᠡᠭᠯᠡᠵᠦ᠂ | ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠨ᠎ᠠ᠃ ᠠᠵᠤ ᠠᠬᠤᠶ ᠶᠢᠨ ᠵᠢᠭᠤᠷᠠᠯᠳᠤᠭᠠᠨ | ᠪᠠ ᠠᠵᠤ ᠠᠬᠤᠶ ᠶᠢᠨ ᠶᠠᠯᠠᠲᠤ ᠠᠵᠢᠯᠯᠠᠭ᠎ᠠ ᠶᠢᠨ ᠵᠠᠭᠠᠭ ᠢ ᠴᠢᠩᠭ᠎ᠠ ᠢᠯᠭᠠᠵᠤ᠂ ᠡᠷᠡᠭᠦᠦ ᠶᠢᠨ ᠬᠡᠷᠡᠭ ᠤᠨ ᠬᠠᠤᠯᠢ | ᠬᠡᠷᠡᠭᠵᠢᠭᠦᠯᠦᠯᠲᠡ ᠶᠢᠨ ᠠᠵᠤ ᠠᠬᠤᠶ ᠶᠢᠨ ᠵᠢᠭᠤᠷᠠᠯᠳᠤᠭᠠᠨ ᠳᠤ ᠭᠠᠷ ᠲᠦᠷᠦᠬᠦ ᠶᠢ ᠰᠡᠷᠭᠡᠶᠢᠯᠡᠨ᠎ᠡ᠃ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯᠲᠠᠨ ᠤ ᠬᠠᠷᠠᠭ᠎ᠠ ᠪᠠᠨ ᠥᠷᠭᠡᠳᠬᠡᠬᠦ᠂ | ᠵᠣᠷᠢᠭᠲᠠᠢ ᠪᠠᠷ ᠰᠢᠨ᠎ᠡ ᠶᠢ ᠡᠭᠦᠳᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠶᠢ ᠬᠦᠳᠦᠯᠦᠨ | ᠵᠢᠯᠣᠭᠤᠳᠴᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠰᠢᠨ᠎ᠡ ᠬᠦᠴᠦᠨ ᠪᠣᠯᠬᠤ ᠪᠠᠷ ᠴᠢᠷᠮᠠᠶᠢᠨ᠎ᠠ᠃ ᠡᠷᠬᠡ ᠲᠡᠭᠰᠢ ᠥᠷᠢᠰᠥᠯᠳᠦᠭᠡᠨ ᠤ | ᠬᠥᠭᠵᠢᠯᠲᠡ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ︽ᠪᠦᠬᠦ ᠤᠯᠤᠰ ᠲᠤ ᠨᠢᠭᠡ ᠬᠠᠭᠤᠳᠠᠰᠤ | ᠨᠠᠷᠢᠨ ᠲᠠᠩᠰᠠ︾ ᠶᠢᠨ ᠬᠠᠮᠢᠶᠠᠷᠤᠯᠲᠠ ᠶᠢᠨ ᠵᠠᠭᠪᠤᠷ ᠢ ᠨᠠᠶᠢᠳᠠᠪᠤᠷᠢᠵᠢᠭᠤᠯᠵᠤ᠂ ᠠᠷᠠᠳ ᠤᠨ ᠪᠡᠯᠡ | ᠣᠷᠣᠭᠤᠯᠤᠯᠲᠠ ᠶᠢᠨ ᠬᠤᠯᠪᠤᠭᠳᠠᠯ ᠪᠦᠬᠦᠢ ᠬᠦᠷᠢᠶᠡᠨ ᠳᠤ ᠣᠷᠣᠬᠤ ᠵᠤᠬᠢᠰ ᠦᠭᠡᠢ ᠬᠢᠵᠠᠭᠠᠷᠯᠠᠯ ᠪᠠ ᠳᠠᠯᠳᠠ | ᠬᠤᠷᠢᠭ᠎ᠠ ᠰᠠᠭᠠᠳ ᠢ ᠡᠷᠡᠰ ᠠᠷᠢᠯᠭᠠᠨ᠎ᠠ᠃ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠠᠮᠤᠭ ᠤᠨ ᠶᠡᠭᠡ | ᠬᠡᠮᠵᠢᠶ᠎ᠡ ᠪᠠᠷ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠦᠭᠵᠢᠭᠡᠨ᠎ᠡ | ᠃ ᠡᠷᠬᠡ ᠲᠡᠭᠰᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠲᠤᠭᠤᠷᠢᠨ᠂ ᠡᠷᠬᠡ ᠲᠡᠭᠰᠢ ᠲᠥᠪ ᠭᠤᠣᠯᠴᠢ | ᠬᠠᠤᠯᠢᠵᠢᠯ ᠤᠨ ᠣᠷᠴᠢᠨ ᠲᠤᠭᠤᠷᠢᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠩᠭᠦᠨ ᠭᠦᠢᠯᠭᠡᠭᠡᠨ ᠤ ᠣᠷᠴᠢᠨ | ᠲᠤᠭᠤᠷᠢᠨ᠂ ᠵᠥᠪᠳᠡᠯᠴᠡᠵᠦ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠤᠭᠤᠷᠢᠨ ᠢ ᠢᠳᠡᠪᠬᠢᠲᠡᠶ ᠪᠠᠷ | ᠪᠤᠢ ᠪᠣᠯᠭᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠴᠥᠮ ᠰᠠᠨᠠᠭ᠎ᠠ ᠠᠮᠤᠷ ᠡᠵᠡᠩᠨᠡᠬᠦ᠂ | ᠰᠠᠨᠠᠭ᠎ᠠ ᠠᠮᠤᠷ ᠪᠡᠯᠡ ᠣᠷᠣᠭᠤᠯᠬᠤ᠂ ᠰᠡᠳᠬᠢᠯ ᠲᠠᠯᠪᠢᠨ ᠠᠳᠠᠯ ᠦᠢᠯᠡᠰ ᠴᠣᠭᠴᠠᠯᠠᠬᠤ ᠳᠤ ᠬᠦᠷᠦᠭᠦᠯᠦᠨ᠎ᠡ᠃ | ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠵᠦ᠂ ᠲᠤᠰᠬᠠᠢ ᠲᠦᠷᠦᠯ ᠤᠨ ᠴᠡᠭᠴᠡᠯᠡᠨ | ᠵᠠᠰᠠᠯᠲᠠ ᠶᠢ ᠭᠦᠨᠵᠡᠭᠡᠶᠢᠷᠡᠭᠦᠯᠵᠦ᠂ ᠰᠤᠷᠲᠠᠯ ᠤᠨ ᠠᠷᠬᠠᠭ ᠭᠡᠮ ᠢ ᠡᠷᠡᠰ ᠵᠠᠯᠠᠷᠠᠭᠤᠯᠤᠨ ᠵᠠᠰᠠᠵᠤ᠂ ᠳᠦᠷᠢᠮᠵᠢᠭᠦᠯᠦᠨ | ᠵᠠᠯᠬᠠᠭᠠᠨ ᠴᠡᠭᠡᠷᠯᠡᠭᠦᠯᠬᠦ᠂ ᠰᠤᠷᠭᠠᠨ ᠬᠥᠮᠦᠵᠢᠭᠦᠯᠵᠦ ᠬᠦᠳᠦᠯᠦᠨ ᠳᠠᠭᠠᠭᠤᠯᠬᠤ ᠶᠢ ᠵᠡᠷᠭᠡᠪᠡᠷ ᠬᠦᠴᠦᠯᠡᠬᠦ ᠶᠢ | ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠬᠢᠷᠲᠤᠭᠤᠯᠬᠤ ᠰᠤᠷᠲᠠᠯ ᠤᠨ ᠸᠢᠷᠦ᠋ᠰ ᠢ ᠪᠦᠬᠦ | ᠬᠦᠴᠦᠨ ᠢᠶᠠᠷ ᠢᠶᠠᠨ ᠠᠷᠢᠯᠭᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ | ᠴᠢᠳᠠᠪᠤᠷᠢ ᠶᠢ ᠨᠢ ᠳᠡᠭᠡᠭᠰᠢᠯᠡᠭᠦᠯᠵᠦ᠂ ᠤᠳᠤᠷᠢᠳᠬᠤ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠢᠯᠵᠠᠷᠠᠯ ᠢ | ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠨᠢ | ᠨᠡᠮᠡᠭᠳᠡᠭᠦᠯᠦᠨ᠎ᠡ᠃ ᠢᠯᠵᠢᠷᠡᠯ ᠤᠨ ᠬᠦᠨᠳᠦ ᠡᠪᠡᠳᠴᠢᠨ ᠢ ᠡᠷᠡᠰ ᠵᠠᠯᠬᠠᠭᠠᠨ ᠰᠢᠳᠬᠡᠵᠦ᠂ ᠬᠤᠳᠠᠯᠳᠤᠭ᠎ᠠ ᠡᠵᠡᠩᠨᠡᠬᠦ | ᠠᠷᠠᠯᠵᠢᠶᠠᠴᠢᠨ ᠢ ᠬᠢᠬᠠᠬᠤ᠂ ᠠᠵᠤ ᠠᠬᠤᠶᠢᠯᠠᠯ ᠳᠤ ᠲᠦᠰᠢᠭᠯᠡᠨ ᠠᠵᠤ ᠠᠬᠤᠶᠢᠯᠠᠯ ᠢ ᠢᠳᠡᠬᠦ᠂ ᠠᠰᠢᠭ ᠬᠤᠨᠵᠢᠪᠣᠷᠢ | ᠤᠯᠬᠤ ᠵᠡᠷᠭᠡ ᠢᠯᠵᠢᠷᠡᠯ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠴᠠᠭᠠᠨ ᠰᠢᠢᠳᠪᠦᠷᠢᠯᠡᠵᠦ᠂ ᠢᠯᠵᠢᠷᠡᠯ ᠢ | ᠡᠰᠡᠷᠭᠦᠴᠡᠬᠦ ᠴᠢᠩᠭ᠎ᠠ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠯᠢᠳᠡᠭᠵᠢᠯᠲᠡ ᠶᠢᠨ | ᠡᠷᠭᠢᠯᠲᠡ ᠶᠢᠨ ᠴᠡᠭ ᠢ ᠪᠤᠢ ᠪᠤᠯᠭᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ | ᠬᠡᠷᠡᠭ ᠢᠶᠠᠷ ᠴᠡᠭᠴᠡᠯᠯᠡᠳᠡ ᠶᠢ ᠠᠬᠢᠭᠤᠯᠬᠤ ᠶᠢ ᠬᠦᠨᠵᠡᠬᠡᠶᠢᠷᠡᠬᠦᠯᠬᠦ᠂ ᠤᠯᠤᠰ ᠲᠦᠷᠦ ᠶᠢᠨ ᠠᠮᠢ ᠠᠬᠤᠶ ᠶᠢ | ᠴᠡᠪᠡᠷᠰᠢᠬᠦᠯᠬᠦ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠦᠷᠦ ᠶᠢᠨ | ᠠᠮᠢ ᠠᠬᠤᠶ ᠶᠢᠨ ︽ᠬᠦᠬᠡ ᠲᠩᠷᠢ ᠴᠠᠭᠠᠨ ᠡᠭᠦᠯᠡ︾ ᠪᠠᠷ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ︽ | ᠬᠥᠬᠡᠮᠳᠦᠭ ᠨᠣᠭᠤᠭᠠᠨ ᠠᠭᠤᠯᠠ ᠤᠰᠤ︾ ᠶᠢ ᠬᠠᠳᠠᠭᠠᠯᠠᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠳᠤ | ᠬᠤᠯᠪᠣᠭᠳᠠᠬᠤ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠦᠨᠡᠯᠡᠬᠦ ᠶᠢ ᠰᠢᠯᠢᠳᠡᠭᠵᠢᠭᠦᠯᠬᠦ ᠵᠡᠷᠭᠡ 10 ᠵᠦᠢᠯ ᠤᠨ | ᠪᠣᠳᠠᠲᠠᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠰ ᠪᠠᠲᠤ ᠵᠣᠷᠢᠭ᠂ ᠪᠣᠳᠠᠲᠠᠢ ᠶᠢ ᠡᠷᠬᠢᠮᠯᠡᠭᠰᠡᠨ | ᠠᠷᠭ᠎ᠠ ᠬᠡᠮᠵᠢᠶ᠎ᠡ ᠪᠠᠷ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠳᠲᠡᠷ ᠲᠦᠷᠭᠡᠨ | ᠰᠠᠶᠢᠵᠢᠷᠠᠭᠤᠯᠵᠤ᠂ ᠦᠷᠭᠦᠯᠵᠢᠯᠡᠨ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠪᠣᠯ ᠨᠢᠭᠡ ᠵᠦᠢᠯ ᠤᠨ ᠪᠠᠶᠢᠩᠭᠤ | ᠠᠳᠬᠤᠵᠤ ᠪᠠᠶᠢᠩᠭᠤ ᠰᠢᠨ᠎ᠡ ᠶᠢ ᠡᠭᠦᠳᠬᠦ ᠴᠢᠬᠤᠯᠠ ᠢᠨᠵᠧᠨᠧᠷᠢᠩ ᠮᠥᠨ᠂ ᠵᠥᠪᠬᠡᠨ ᠡᠬᠢᠯᠡᠯᠲᠡ ᠶᠢᠨ ᠴᠡᠭ | ᠪᠠᠶᠢᠬᠤ ᠠᠴᠠ ᠪᠢᠰᠢ᠂ ᠲᠡᠭᠦᠰᠬᠡᠯ ᠤᠨ ᠴᠡᠭ ᠭᠡᠵᠦ ᠪᠠᠶᠢᠬᠤ ᠦᠭᠡᠢ᠂ ᠵᠥᠪᠬᠡᠨ ᠨᠡᠩ ᠰᠠᠶᠢᠨ ᠪᠠᠶᠢᠬᠤ ᠠᠴᠠ ᠪᠢᠰᠢ᠂ | ᠬᠠᠮᠤᠭ ᠤᠨ ᠰᠠᠶᠢᠨ ᠭᠡᠵᠦ ᠪᠠᠶᠢᠬᠤ ᠦᠭᠡᠢ᠃ ᠦᠬᠠᠢ ᠬᠤᠳᠠ ᠶᠢᠨ ᠬᠢᠨ ᠪᠦᠬᠦ ᠤᠯᠤᠰ ᠤᠨ ᠬᠠᠮᠤᠭ ᠤᠨ ᠥᠨᠳᠥᠷ | ᠲᠦᠪᠰᠢᠨ ᠳᠤ ᠬᠦᠷᠴᠦ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠬᠦᠴᠢᠷ ᠠᠰᠠᠭᠤᠳᠠᠯ ᠢ | ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠳᠬᠤᠵᠤ᠂ ᠲᠡᠷᠢᠭᠦᠨ ᠤ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠲᠦᠷᠭᠡᠨ ᠪᠤᠢ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ | ᠰᠠᠶᠢᠬᠠᠨ ᠡᠬᠢᠯᠡᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠪᠠᠷ ᠪᠠᠶᠢᠨ᠎ᠠ᠃ | |