ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ | ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ ᠠᠤᠭ᠎ᠠ | ᠵᠢᠳᠬᠦᠯ ᠢ ᠮᠠᠭᠲᠠᠨ ᠳᠠᠭᠤᠯᠠᠵᠤ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠺᠠᠳ᠋ᠷ ᠠᠵᠢᠯᠳᠠᠨ ᠤ ᠤᠶᠤᠨ | ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠶᠢᠨ ᠲᠥᠯᠥᠭᠡ᠂ 6 ᠰᠠᠷ᠎ᠠ ᠶᠢᠨ 25 ᠤ ᠡᠳᠦᠷ᠂ | ᠬᠤᠳᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠳᠠ ᠶᠢᠨ ᠰᠢᠭᠤᠳ | ᠬᠠᠷᠢᠶ᠎ᠠ ᠪᠠᠶᠢᠭᠤᠯᠭ᠎ᠠ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢ ᠡᠷᠭᠢᠯᠡᠪᠡ᠃ ᠬᠤᠳᠠ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠺᠠᠳ᠋ᠷ | ᠠᠵᠢᠯᠳᠠᠨ 500 ᠭᠠᠷᠤᠢ ᠬᠥᠮᠦᠨ ᠲᠣᠭᠯᠠᠯᠲᠠ ᠶᠢ ᠰᠣᠨᠢᠷᠬᠠᠪᠠ᠃ | ᠲᠣᠰ ᠤᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠲᠡᠤᠬᠡ ᠪᠠᠷ ᠭᠤᠤᠯ ᠰᠢᠵᠢᠮ ᠪᠣᠯᠭᠠᠵᠤ᠂ ︽ᠮᠠᠭᠲᠠᠭᠠᠯ ᠳᠠᠭᠤᠤ ᠪᠠᠨ ᠨᠠᠮ ᠳᠠᠭᠠᠨ | ᠡᠷᠭᠦᠵᠦ ᠰᠢᠨ᠎ᠡ ᠠᠶᠠᠯᠠᠯ ᠢᠶᠠᠨ ᠡᠬᠢᠯᠡᠭᠦᠯᠦᠶ᠎ᠡ︾ ᠭᠡᠬᠦ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠡᠪ ᠬᠠᠮᠲᠤ | ᠨᠠᠮ ᠰᠠᠶᠢᠨ᠂ ᠨᠡᠶᠢᠭᠡᠮ ᠵᠢᠷᠤᠮ ᠰᠠᠶᠢᠨ᠂ ᠥᠭᠡᠷᠡᠴᠢᠯᠡᠯᠲᠡ ᠨᠡᠭᠡᠭᠡᠯᠲᠡ ᠰᠠᠶᠢᠨ᠂ ᠠᠭᠤᠤ ᠶᠡᠭᠡ ᠡᠬᠡ ᠤᠯᠤᠰ ᠰᠠᠶᠢᠨ | ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠠᠶᠢᠨ ᠭᠡᠬᠦ ᠭᠤᠤᠯ ᠠᠶᠠᠰ ᠢ ᠬᠠᠩᠭᠢᠨᠠᠭᠤᠯᠵᠤ᠂ ᠦᠵᠡᠭᠳᠡᠯᠲᠦ | ᠵᠦᠴᠦᠭᠡ᠂ ᠪᠥᠵᠢᠭ᠂ ᠤᠷᠠᠨ ᠤᠩᠰᠢᠯᠭ᠎ᠠ᠂ ᠨᠠᠶᠢᠷᠠᠯ ᠳᠠᠭᠤᠤ ᠵᠡᠷᠭᠡ 17 ᠲᠣᠭᠯᠠᠯᠲᠠ ᠪᠠᠷ ᠪᠦᠷᠢᠯᠳᠦᠭᠰᠡᠨ | ᠪᠠᠶᠢᠨ᠎ᠠ᠃ | ᠲᠤᠰ ᠣᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠣᠯ ᠬᠤᠳᠠ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ | ᠰᠢᠷᠢᠰ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠬᠤ ᠪᠥᠭᠡᠳ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠲᠣᠭᠯᠠᠯᠲᠠ ᠨᠢ ᠰᠦᠷ ᠳᠠᠯᠠᠶᠢᠴᠠᠲᠠᠢ᠂ ᠰᠡᠳᠬᠢᠯᠭᠡ ᠪᠢᠯᠬᠠᠮ᠎ᠠ᠂ ᠭᠤᠶᠢᠳᠠ ᠰᠠᠶᠢᠬᠠᠨ᠂ ᠲᠣᠭᠯᠠᠯᠲᠠ ᠨᠢ ᠬᠤᠷᠴᠠ | ᠴᠢᠩᠭ᠎ᠠ ᠭᠠᠶᠢᠬᠠᠭᠤᠯᠬᠤ ᠴᠢᠳᠠᠪᠤᠷᠢ᠂ ᠨᠡᠪᠲᠡᠯᠬᠦ ᠴᠢᠳᠠᠪᠤᠷᠢ ᠪᠠ ᠣᠷᠣᠯᠠᠬᠤ ᠲᠦᠷᠦᠭᠳᠡᠯ ᠨᠢ ᠲᠤᠬᠠᠢ ᠶᠢᠨ | ᠲᠠᠯᠠᠪᠠᠢ ᠶᠢᠨ ᠦᠵᠡᠭᠴᠢᠳ ᠲᠤ ᠭᠦᠨ ᠨᠥᠯᠥᠭᠡ ᠪᠠ ᠤᠬᠢᠶᠠᠯ ᠬᠦᠷᠲᠡᠭᠡᠵᠡᠢ᠃ ᠲᠣᠭᠯᠠᠯᠲᠠ ᠶᠢᠨ ᠲᠡᠭᠦᠰᠬᠡᠯ ᠳᠤ᠂ | ᠪᠦᠬᠦ ᠲᠠᠯᠠᠪᠠᠢ ᠪᠠᠷ ᠢᠶᠠᠨ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ | ᠦᠭᠡᠢ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ | ᠭᠡᠰᠢᠭᠦᠨ ᠺᠠᠳ᠋ᠷ ᠠᠵᠢᠯᠳᠠᠨ ᠤ ᠡᠭᠦᠷᠢᠳᠡ ᠨᠠᠮ ᠢᠶᠠᠨ ᠳᠠᠭᠠᠬᠤ ᠪᠠᠲᠤ ᠵᠣᠷᠢᠭ ᠪᠠ ᠢᠲᠡᠭᠡᠯ ᠢ ᠢᠯᠡᠳᠬᠡᠵᠡᠢ᠃ |