7 ᠰᠠᠷ᠎ᠠ ᠶᠢᠨ 13 ᠤ ᠡᠳᠦᠷ᠂ ᠰᠤᠷᠪᠤᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠲᠡᠮᠦᠷ ᠵᠠᠮ ᠤᠨ | ᠵᠢᠵᠢᠭ ᠲᠣᠭᠤᠷᠢᠭ ᠲᠤ᠂ ᠠᠵᠢᠯᠴᠢᠳ ᠠᠭᠠᠭᠢᠮ᠎ᠠ ᠬᠠᠯᠠᠭᠤᠨ ᠢ ᠬᠠᠶᠢᠬᠤᠷᠤᠯ ᠦᠭᠡᠢ ᠪᠠᠷ ᠠᠰᠠᠷ ᠤᠨ ᠭᠠᠳᠠᠷ | ᠬᠡᠷᠡᠮ ᠢ ᠱᠤᠸᠠᠰᠠᠳᠠᠬᠤ ᠪᠠ ᠵᠠᠮ ᠳᠡᠪᠢᠰᠬᠦ ᠵᠡᠷᠭᠡ ᠠᠵᠢᠯ ᠢ ᠬᠢᠵᠦ ᠪᠠᠶᠢᠬᠤ ᠶᠢ ᠣᠯᠵᠤ ᠬᠠᠷᠠᠵᠠᠢ᠃ ︽ᠰᠠᠭᠤᠭᠠᠯᠢ | ᠠᠷᠠᠳ ᠤᠨ ᠠᠮᠢᠳᠤᠷᠠᠯ ᠳᠤ ᠳᠡᠩᠳᠡᠭᠦᠦ ᠶᠡᠭᠡ ᠨᠥᠯᠥᠭᠡ ᠦᠵᠡᠭᠦᠯᠬᠦ ᠦᠭᠡᠶ ᠶᠢᠨ ᠲᠥᠯᠥᠭᠡ᠂ ᠬᠡᠳᠦ᠋ᠢᠪᠡᠷ ᠠᠭᠠᠭᠢᠮ᠎ᠠ | ᠬᠠᠯᠠᠭᠤᠨ ᠠᠭᠤᠷ ᠠᠮᠢᠰᠬᠤᠯ ᠲᠠᠢ ᠪᠣᠯᠪᠠᠴᠤ ᠣᠯᠠᠨ ᠢᠶᠠᠷ ᠢᠶᠠᠨ ᠴᠥᠮ ᠠᠵᠢᠯ ᠤᠨ ᠪᠠᠶᠢᠷᠢ ᠪᠠᠨ ᠪᠠᠲᠤ ᠰᠠᠬᠢᠵᠤ᠂ | ᠪᠠᠷᠤᠭ ᠬᠠᠭᠠᠰ ᠰᠠᠷ᠎ᠠ ᠶᠢᠨ ᠳᠠᠷᠠᠭ᠎ᠠ ᠭᠠᠳᠠᠷ ᠬᠡᠷᠡᠮ ᠢ ᠥᠩᠭᠡᠯᠡᠬᠦ ᠪᠠ ᠵᠠᠮ ᠱᠤᠭᠤᠮ ᠢ ᠬᠠᠲᠠᠭᠤᠷᠠᠭᠤᠯᠪᠠᠯ | ᠠᠵᠢᠯ ᠢᠶᠠᠨ ᠳᠠᠭᠤᠰᠬᠠᠴᠢᠬᠤ ᠪᠣᠯᠤᠨ᠎ᠠ︾ ᠭᠡᠵᠦ ᠨᠢᠭᠡ ᠪᠠᠷᠢᠯᠭ᠎ᠠ ᠶᠢᠨ ᠠᠵᠢᠯᠴᠢᠨ ᠰᠤᠷᠪᠤᠯᠵᠢᠯᠠᠭᠴᠢ ᠳᠤ ᠬᠡᠯᠡᠪᠡ᠃ | | ᠲᠡᠮᠦᠷ ᠵᠠᠮ ᠤᠨ ᠵᠢᠵᠢᠭ ᠲᠣᠭᠤᠷᠢᠭ ᠢ 1990 ᠣᠨ ᠳᠤ ᠪᠠᠶᠢᠭᠤᠯᠵᠤ᠂ ᠨᠡᠶᠢᠲᠡ 12 ᠰᠠᠭᠤᠷᠢ ᠰᠠᠭᠤᠭᠠᠯᠢ | ᠠᠷᠠᠳ ᠤᠨ ᠠᠰᠠᠷ᠂ 596 ᠡᠷᠦᠬᠡ ᠰᠠᠭᠤᠭᠠᠯᠢ ᠠᠷᠠᠳ ᠲᠠᠢ᠃ ᠪᠠᠶᠢᠭᠤᠯᠵᠤ ᠳᠠᠭᠤᠰᠤᠭᠰᠠᠨ ᠴᠠᠭ ᠨᠢ | ᠤᠳᠠᠭᠰᠠᠨ ᠠᠴᠠ ᠪᠣᠯᠵᠣ᠂ ᠵᠢᠵᠢᠭ ᠲᠣᠭᠤᠷᠢᠭ ᠤᠨ ᠳᠣᠲᠣᠷᠠᠬᠢ ᠵᠠᠮ ᠨᠢ ᠡᠩᠬᠦᠯ ᠳᠤᠩᠬᠤᠯ᠂ ᠣᠯᠠᠨ ᠨᠡᠶᠢᠲᠡ ᠶᠢᠨ | ᠲᠥᠬᠦᠭᠡᠷᠦᠮᠵᠢ ᠶᠢ ᠤᠳᠠᠭᠠᠨ ᠵᠢᠯ ᠵᠠᠰᠠᠭᠰᠠᠨ ᠥᠬᠡᠶ᠂ ᠭᠠᠵᠠᠷ ᠳᠣᠤᠷᠠᠬᠢ ᠬᠤᠭᠤᠯᠠᠶ ᠶᠢᠨ ᠲᠣᠤᠷ ᠪᠦᠭᠯᠡᠷᠡᠵᠦ | ᠡᠪᠳᠡᠷᠡᠭᠰᠡᠨ ᠵᠡᠷᠭᠡ ᠠᠰᠠᠭᠤᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠣ᠂ ᠨᠡᠶᠢᠲᠡᠯᠢᠭ ᠴᠢᠨᠠᠷᠲᠠᠶ ︽ | ᠬᠠᠭᠤᠴᠢᠷᠠᠭᠰᠠᠨ ᠡᠪᠳᠡᠷᠭᠡᠢ ᠵᠢᠵᠢᠭ︾ ᠰᠠᠭᠤᠭᠠᠯᠢ ᠠᠷᠠᠳ ᠤᠨ ᠲᠤᠭᠤᠷᠢᠭ ᠪᠣᠯᠤᠭᠰᠠᠨ ᠢᠶᠠᠷ ᠪᠠᠷᠠᠬᠤ ᠥᠬᠡᠶ᠂ ᠡᠯ᠎ᠡ | ᠵᠦᠢᠯ ᠤᠨ ᠠᠰᠠᠭᠤᠳᠠᠯ ᠪᠠᠶᠢᠨ ᠳᠠᠬᠢᠨ ᠡᠭᠦᠰᠴᠦ᠂ ᠵᠢᠵᠢᠭ ᠲᠣᠭᠤᠷᠢᠭ ᠤᠨ ᠰᠠᠭᠤᠭᠠᠯᠢ ᠠᠷᠠᠳ ᠲᠤ ᠮᠠᠰᠢ ᠣᠯᠠᠨ | ᠶᠠᠷᠰᠢᠭ ᠲᠦᠪᠡᠭ ᠤᠴᠠᠷᠠᠭᠤᠯᠤᠭᠰᠠᠨ ᠪᠠᠶᠢᠨ᠎ᠠ᠃ | ᠬᠠᠶᠢᠷᠤᠪ ᠤᠨ ᠲᠤᠬᠤᠢ ᠶᠢᠨ ᠲᠣᠭᠤᠷᠢᠭ ᠠᠴᠠ ᠲᠡᠮᠦᠷ ᠵᠠᠮ ᠤᠨ ᠵᠢᠵᠢᠭ ᠲᠣᠭᠤᠷᠢᠭ ᠢ ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠤᠭᠰᠠᠨ ᠤ ᠳᠠᠷᠠᠭ᠎ᠠ᠂ ᠪᠠᠷᠢᠯᠭ᠎ᠠ ᠶᠢᠨ ᠠᠩᠬᠢ ᠡᠮᠬᠢ | ᠵᠢᠷᠤᠮ ᠲᠠᠢ ᠪᠠᠷ ᠵᠢᠵᠢᠭ ᠲᠣᠭᠤᠷᠢᠭ ᠲᠤ ᠣᠷᠣᠵᠤ ᠰᠠᠭᠤᠵᠤ᠂ ᠤᠰᠤ᠂ ᠴᠠᠬᠢᠯᠭᠠᠨ᠂ ᠵᠠᠮ ᠵᠡᠷᠭᠡ ᠰᠠᠭᠤᠷᠢ | ᠲᠥᠬᠦᠭᠡᠷᠦᠮᠵᠢ ᠶᠢᠨ ᠥᠭᠡᠷᠡᠴᠢᠯᠡᠯᠲᠡ ᠶᠢ ᠡᠬᠢᠯᠡᠭᠦᠯᠵᠡᠢ᠃ ᠣᠳᠣᠬᠠᠨ ᠳᠤ᠂ ᠡᠯ᠎ᠡ ᠵᠦᠢᠯ ᠤᠨ ᠥᠭᠡᠷᠡᠴᠢᠯᠡᠯᠲᠡ ᠶᠢᠨ | ᠢᠨᠵᠧᠨᠧᠷᠢᠩ ᠢ ᠲᠠᠰᠤᠷᠠᠯᠲᠠ ᠦᠭᠡᠢ ᠠᠬᠢᠭᠤᠯᠵᠤ ᠪᠠᠶᠢᠬᠤ ᠶᠢ ᠬᠠᠷᠠᠭᠠᠳ᠂ ᠬᠠᠭᠤᠴᠢᠨ ᠠᠶᠢᠯ ᠬᠤᠤ ᠵᠠᠨ ᠶᠦᠨ ᠤ | ᠴᠢᠷᠠᠢ ᠳᠤ ᠪᠠᠶᠠᠷ ᠪᠠᠭ᠋ᠠᠳᠤᠯ ᠤᠨ ᠰᠡᠳᠬᠢᠯᠭᠡ ᠪᠢᠯᠬᠠᠨ᠎ᠠ᠃ ︽ᠠᠰᠠᠷ ᠤᠨ ᠭᠠᠳᠠᠨᠠᠬᠢ ᠬᠡᠷᠡᠮ ᠢ ᠰᠢᠨᠡᠳᠬᠡᠵᠦ᠂ | ᠠᠰᠠᠷ ᠤᠨ ᠬᠤᠩᠭᠢᠯ ᠳᠤ ᠰᠢᠨ᠎ᠡ ᠱᠠᠯᠠ ᠶᠢᠨ ᠲᠣᠭᠤᠰᠬ᠎ᠠ ᠲᠡᠪᠢᠰᠴᠦ᠂ ᠰᠢᠷᠣᠢ ᠶᠢᠨ ᠵᠠᠮ ᠢ ᠱᠦᠢᠨᠢ ᠵᠠᠮ ᠪᠣᠯᠭᠠᠵᠤ᠂ | ᠵᠠᠮ ᠤᠨ ᠳ᠋ᠧᠩ ᠢ ᠴᠦ ᠲᠠᠭᠠᠷᠠᠭᠤᠯᠤᠭᠰᠠᠨ ᠠᠴᠠ ᠮᠠᠨ ᠤ ᠠᠮᠢᠳᠤᠷᠠᠯ ᠨᠡᠩ ᠲᠠᠭᠠᠯᠠᠮᠵᠢᠲᠠᠢ ᠪᠣᠯᠵᠠᠢ︾ ᠬᠡᠵᠡᠢ᠃ | ᠬᠠᠭᠤᠴᠢᠨ ᠬᠤᠭᠤᠯᠠᠶ ᠶᠢᠨ ᠲᠣᠣᠷ ᠢ ᠥᠭᠡᠷᠡᠴᠢᠯᠡᠬᠦ ᠠᠴᠠ ᠭᠠᠳᠠᠨ᠎ᠠ᠂ ᠲᠡᠮᠦᠷ ᠵᠠᠮ ᠤᠨ ᠵᠢᠵᠢᠭ | ᠲᠣᠭᠤᠷᠢᠭ ᠲᠤ ᠪᠠᠰᠠ ᠴᠠᠭᠳᠠᠭᠠᠨ ᠤ ᠶᠠᠪᠤᠳᠠᠯ ᠤᠨ ᠲᠠᠰᠤᠭ ᠪᠠᠶᠢᠭᠤᠯᠵᠤ᠂ ᠭᠠᠯ ᠤᠨᠲᠠᠷᠠᠭᠠᠬᠤ ᠲᠥᠬᠦᠭᠡᠷᠦᠮᠵᠢ | ᠨᠡᠮᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠡᠶ᠃ | ︽ᠥᠭᠡᠷᠡᠴᠢᠯᠡᠬᠦ ᠠᠴᠠ ᠡᠮᠦᠨ᠎ᠡ᠂ ᠪᠢᠳᠡ ᠰᠠᠭᠤᠭᠠᠯᠢ ᠠᠷᠠᠳ ᠤᠨ ᠰᠠᠨᠠᠯ ᠢ ᠭᠦᠢᠴᠡᠳ ᠬᠤᠷᠢᠶᠠᠵᠤ᠂ ᠤᠰᠤ | ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ᠂ ᠭᠡᠷ ᠤᠨ ᠣᠷᠣᠶ ᠶᠢᠨ ᠤᠰᠤ ᠶᠢ ᠰᠡᠷᠭᠡᠶᠢᠯᠡᠬᠦ ᠵᠡᠷᠭᠡ ᠶᠢ ᠥᠭᠡᠷᠡᠴᠢᠯᠡᠬᠦ | ᠠᠭᠤᠯᠭ᠎ᠠ ᠳᠤ ᠤᠷᠢᠳᠠᠪᠠᠷ ᠣᠷᠣᠭᠤᠯᠵᠤ᠂ ᠰᠠᠭᠤᠭᠠᠯᠢ ᠠᠷᠠᠳ ᠤᠨ ᠬᠠᠮᠤᠭ ᠤᠨ ᠪᠣᠳᠠᠲᠠᠶ᠂ ᠬᠠᠮᠤᠭ ᠤᠨ ᠨᠢᠳᠦᠨ | ᠡᠮᠦᠨᠡᠬᠢ᠂ ᠬᠠᠮᠤᠭ ᠤᠨ ᠪᠠᠴᠢᠮ ᠱᠠᠭᠠᠷᠳᠠᠯᠭ᠎ᠠ ᠶᠢ ᠰᠢᠢᠳᠪᠦᠷᠢᠯᠡᠨ᠎ᠡ᠃ ᠲᠠᠷᠠᠭᠠᠴᠢ ᠶᠢᠨ ᠠᠯᠬᠤᠮ ᠳᠤ ᠪᠢᠳᠡ | ᠰᠡᠭᠦᠯᠴᠢ ᠶᠢᠨ ᠬᠠᠮᠢᠶᠠᠷᠤᠯᠲᠠ ᠶᠢᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠦᠢᠯᠡᠴᠢᠯᠡᠭᠡ ᠪᠠᠷ ᠰᠠᠭᠤᠭᠠᠯᠢ | ᠠᠷᠠᠳ ᠲᠤ ᠪᠣᠳᠠᠲᠤ ᠠᠰᠢᠭ ᠬᠦᠷᠲᠡᠭᠡᠨ᠎ᠡ︾ ᠬᠡᠵᠦ ᠪᠢᠨ ᠾᠧ ᠨᠡᠶᠢᠭᠡᠮ ᠲᠣᠭᠤᠷᠢᠭ ᠤᠨ ᠳᠡᠳ᠋ ᠡᠷᠬᠢᠯᠡᠭᠴᠢ ᠸᠠᠩ | ᠰᠢᠶᠤᠤ ᠬᠡᠯᠡᠵᠡᠶ᠃ | ᠡᠨᠡ ᠵᠢᠯ᠂ ᠮᠠᠨ ᠤ ᠬᠤᠲᠠ 16 ᠬᠠᠭᠤᠴᠢᠨ ᠵᠢᠵᠢᠭ ᠲᠣᠭᠤᠷᠢᠭ ᠢ ︽ᠪᠢ ᠣᠯᠠᠨ ᠲᠦᠮᠡᠨ ᠳᠤ ᠪᠣᠳᠠᠲᠠᠶ | ᠶᠠᠪᠤᠳᠠᠯ ᠬᠢᠵᠦ ᠥᠭᠬᠦ︾ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠠᠶ ᠶᠠᠪᠤᠳᠠᠯ ᠤᠨ ᠲᠥᠷᠥᠯ ᠵᠦᠢᠯ | ᠪᠣᠯᠭᠠᠨ ᠥᠭᠡᠷᠡᠴᠢᠯᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ 6 ᠰᠠᠷ᠎ᠠ ᠶᠢᠨ | ᠰᠡᠭᠦᠯᠴᠢ ᠪᠣᠯᠲᠠᠯ᠎ᠠ᠂ ᠲᠣᠰ ᠢᠨᠵᠧᠨᠧᠷᠢᠩ ᠤᠨ ᠠᠵᠢᠯ ᠡᠬᠢᠯᠡᠭᠦᠯᠦᠭᠰᠡᠨ ᠨᠣᠷᠮ᠎ᠠ 100% ᠳᠤ ᠬᠦᠷᠴᠦ᠂ ᠨᠡᠶᠢᠲᠡ | 1642 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠡᠨᠡᠬᠦ ᠠᠷᠠᠳ ᠤᠨ | ᠠᠮᠢᠳᠤᠷᠠᠯ ᠤᠨ ᠢᠨᠵᠧᠨᠧᠷᠢᠩ ᠤᠨ ᠲᠦᠷᠭᠡᠳᠬᠦ ᠶᠢ ᠳᠠᠭᠠᠯᠳᠤᠨ᠂ ᠬᠤᠲᠠ ᠶᠢᠨ ︽ᠬᠠᠭᠤᠴᠢᠨ︾ ᠰᠠᠭᠤᠭᠠᠯᠢ ᠠᠷᠠᠳ | ︽ᠰᠢᠨ᠎ᠡ︾ ᠠᠮᠢᠳᠤᠷᠠᠯ ᠢ ᠡᠳ᠋ᠯᠡᠬᠦ ᠪᠣᠯᠤᠨ᠎ᠠ᠃ |