ᠪᠣᠳᠠᠲᠤ ᠠᠵᠢᠯᠯᠠᠭ᠎ᠠ ᠪᠠᠷ ᠢᠶᠠᠨ ᠠᠭᠤᠤ ᠶᠡᠭᠡ ᠤᠷᠢᠶᠠᠯᠠᠭ᠎ᠠ ᠶᠢ ᠴᠤᠤᠷᠢᠶᠠᠲᠤᠨ ᠳᠠᠭᠠᠵᠤ ᠦᠬᠠᠢ ᠶᠢᠨ | ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ | — ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠶᠢ ᠰᠤᠷᠪᠤᠯᠵᠢᠯᠠᠭᠰᠠᠨ ᠨᠢ | | ︽ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠵᠠᠭᠤᠨ ᠵᠢᠯ ᠤᠨ ᠤᠢ ᠶᠢᠨ ᠴᠢᠬᠤᠯᠠ ᠶᠡᠭᠡ ᠴᠠᠭ ᠮᠥᠴᠡ ᠪᠣᠯᠤᠨ ︿ᠬᠤᠣᠰ ᠵᠠᠭᠤᠨ ᠵᠢᠯ﹀ ᠤᠨ | ᠲᠡᠦᠬᠡ ᠶᠢᠨ ᠠᠭᠤᠯᠵᠠᠷ ᠤᠨ ᠵᠠᠩᠭᠢᠯᠠᠭ᠎ᠠ ᠶᠢᠨ ᠴᠢᠭ ᠲᠤ ᠰᠠᠭᠤᠷᠢᠯᠠᠵᠤ᠂ ᠭᠡᠷᠡᠯ ᠰᠠᠴᠤᠷᠠᠩᠭᠤᠢ ᠲᠡᠦᠬᠡ ᠶᠢ | ᠡᠷᠭᠢᠴᠡᠭᠦᠯᠵᠦ᠂ ᠭᠡᠭᠡᠨ ᠰᠠᠷᠠᠭᠤᠯ ᠢᠷᠡᠭᠡᠳᠦᠢ ᠶᠢ ᠵᠢᠷᠤᠭᠯᠠᠵᠤ᠂ ᠠᠯᠤᠰ ᠬᠡᠳᠤ ᠶᠢᠨ ᠪᠠᠶᠢᠯᠳᠤᠬᠤ ᠪᠤᠳᠤᠯᠭ᠎ᠠ ᠶᠢᠨ | ᠰᠡᠳᠬᠢᠬᠦᠢ᠂ ᠡᠷᠡᠰ ᠪᠠᠲᠤ ᠠᠷᠠᠳ ᠲᠦᠮᠡᠨ ᠤ ᠵᠣᠭᠰᠣᠯᠲᠠ᠂ ᠪᠠᠲᠤ ᠴᠢᠩᠭ᠎ᠠ ᠲᠡᠦᠬᠡ ᠶᠢᠨ ᠡᠭᠦᠷᠭᠡᠯᠡᠯ ᠢ | ᠲᠤᠤᠱᠯᠠᠵᠤ᠂ ᠪᠢᠳᠡᠨ ᠤ ᠰᠢᠨ᠎ᠡ ᠠᠶᠠᠨ ᠵᠠᠮ ᠳᠤ ᠲᠠᠪᠰᠢᠨ ᠣᠷᠣᠬᠤ ᠤᠯᠤᠰ ᠲᠦᠷᠦ ᠶᠢᠨ ᠲᠤᠩᠬᠠᠭ ᠪᠠ | ᠠᠵᠢᠯᠯᠠᠭᠠᠨ ᠤ ᠬᠥᠲᠥᠯᠪᠦᠷᠢ ᠪᠤᠯᠵᠡᠢ︾ ᠭᠡᠵᠦ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ | ᠤᠢᠢᠷ᠎ᠠ ᠶᠢᠨ ᠡᠳᠦᠷ ᠲᠤᠰ ᠰᠣᠨᠢᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠭᠢᠵᠦ | ᠬᠡᠯᠡᠪᠡ᠃ | ᠦᠬᠠᠢ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠴᠢᠨᠠᠭᠰᠢᠳᠠ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ | ᠶᠠᠷᠢᠬᠤ ᠳᠠᠭᠠᠨ ᠲᠠᠩ ᠢ ᠢᠯᠡᠷᠭᠡᠶᠢᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠪᠦᠬᠦ ᠨᠠᠮ ᠳᠤ ᠣᠷᠢᠶᠠᠯᠠᠭᠰᠠᠨ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠭᠤᠤ ᠶᠡᠭᠡ ᠤᠷᠢᠶᠠᠯᠠᠭ᠎ᠠ ᠶᠢ ᠭᠠᠷᠭᠠᠭᠰᠠᠨ ᠨᠢ | ᠮᠠᠨ ᠤ ᠤᠷᠤᠭᠰᠢᠯᠠᠯᠲᠠ ᠶᠢᠨ ᠲᠤᠭ᠂ ᠠᠵᠢᠯᠯᠠᠭᠠᠨ ᠤ ᠵᠠᠷᠯᠢᠭ᠂ ᠠᠵᠢᠯ ᠤᠨ ᠵᠢᠷᠤᠮᠯᠠᠯ ᠪᠣᠯᠤᠨ᠎ᠠ᠃ ᠦᠬᠠᠶ | ᠬᠤᠲᠠ ᠶᠢᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ | ᠡᠭᠦᠷᠭᠡ ᠪᠠᠨ ᠪᠣᠯᠭᠠᠵᠤ᠂ ᠶᠡᠭᠡ ᠰᠤᠷᠤᠯᠴᠠᠯᠭ᠎ᠠ ᠶᠢ ᠡᠷᠡᠰ ᠢᠶᠠᠷ ᠬᠦᠴᠦᠲᠡᠢ ᠠᠳᠬᠤᠵᠤ᠂ ᠶᠡᠭᠡ ᠤᠬᠠᠭᠤᠯᠭ᠎ᠠ ᠶᠢ | ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠡᠬᠢᠯᠡᠯᠲᠡ ᠲᠠᠢ ᠪᠠᠷ ᠰᠠᠶᠢᠲᠤᠷ ᠠᠳᠬᠤᠵᠤ ᠶᠡᠬᠡᠪᠡᠷ | ᠲᠤᠤᠱᠯᠠᠭᠤᠯᠵᠤ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠠᠶᠠᠨ ᠵᠠᠮ ᠢᠶᠠᠨ ᠡᠬᠢᠯᠡᠭᠦᠯᠵᠦ᠂ ᠰᠢᠨ᠎ᠡ | ᠬᠠᠷᠢᠭᠤᠴᠠᠯᠭ᠎ᠠ ᠪᠠᠷ ᠰᠢᠨ᠎ᠡ ᠪᠠᠶᠢᠳᠠᠯ ᠢ ᠡᠭᠦᠳᠴᠦ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠦᠬᠠᠢ ᠶᠢᠨ ᠡᠬᠡ ᠭᠠᠵᠠᠷ ᠲᠤ ᠭᠦᠨ ᠦᠨᠳᠦᠰᠦᠯᠡᠵᠦ᠂ ᠡᠯᠪᠡᠭ ᠦᠷ᠎ᠡ ᠪᠦᠲᠦᠭᠡᠯ ᠭᠠᠷᠭᠠᠬᠤ ᠶᠢ | ᠠᠬᠢᠭᠤᠯᠤᠨ᠎ᠠ ᠬᠡᠵᠡᠢ᠃ | ᠨᠢᠭᠡ ᠳᠤ᠂ ᠦᠨᠡᠨᠴᠢ ᠰᠢᠳᠤᠷᠭᠤ ᠰᠡᠳᠬᠢᠯ ᠢᠶᠠᠨ ᠡᠭᠦᠷᠢᠳᠡ ᠬᠠᠳᠠᠭᠠᠯᠠᠵᠤ ᠨᠠᠮ ᠢᠶᠠᠨ ᠡᠷᠡᠰ ᠲᠠᠭᠠᠨ | ᠣᠷᠣᠭᠰᠢᠯᠠᠨ᠎ᠠ᠃ ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠠᠭᠠᠨ ᠮᠠᠨ ᠤ ᠨᠠᠮ ᠤᠨ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠢ | ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠵᠤ᠂ ᠮᠠᠨ ᠤ ᠨᠠᠮ ᠤᠨ ᠪᠦᠬᠦ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠠᠳᠠᠯᠢ ᠪᠤᠰᠤ ᠴᠠᠭ ᠦᠶ᠎ᠡ ᠳᠤ ᠨᠡᠭᠡᠭᠡᠭᠰᠡᠨ ᠠᠭᠤᠤ ᠶᠡᠭᠡ ᠵᠠᠮ᠂ ᠡᠭᠦᠳᠦᠭᠰᠡᠨ | ᠠᠭᠤᠤ ᠶᠡᠭᠡ ᠦᠢᠯᠡᠰ᠂ ᠣᠯᠤᠭᠰᠠᠨ ᠠᠭᠤᠤ ᠶᠡᠭᠡ ᠠᠮᠵᠢᠯᠲᠠ ᠶᠢ ᠰᠢᠰᠲ᠋ᠧᠮ ᠲᠠᠢ ᠳ᠋ᠦᠩᠨᠡᠵᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠪᠠᠲᠤ ᠴᠢᠩᠭ᠎ᠠ ᠤᠳᠤᠷᠢᠳᠬᠤ | ᠭᠤᠣᠯᠯᠠᠭᠴᠢ ᠪᠣᠯᠬᠤ ᠨᠡᠷ᠎ᠡ ᠨᠢᠳᠡᠷ ᠲᠡᠭᠡᠨ ᠨᠡᠶᠢᠴᠡᠭᠰᠡᠨ ᠶᠤᠮ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠭᠤᠣᠯ ᠲᠤᠯᠭᠠᠭᠤᠷᠢ ᠪᠣᠯᠬᠤ ᠨᠡᠷ᠎ᠡ | ᠨᠢᠳᠡᠷ ᠲᠡᠭᠡᠨ ᠨᠡᠶᠢᠴᠡᠭᠰᠡᠨ ᠶᠤᠮ᠂ ᠳᠡᠯᠡᠬᠡᠢ ᠶᠢᠨ ᠲᠡᠦᠬᠡ ᠶᠢᠨ ᠠᠬᠢᠴᠠ ᠪᠣᠯᠤᠨ ᠪᠠᠶᠢᠷᠢᠰᠢᠯ ᠢ ᠭᠦᠨᠵᠡᠭᠡᠢ | ᠨᠥᠯᠥᠭᠡᠯᠡᠵᠦ ᠬᠤᠪᠢᠷᠠᠭᠤᠯᠤᠭᠰᠠᠨ ᠳᠠᠪᠰᠢᠯᠲᠤ ᠬᠦᠴᠦᠨ ᠪᠣᠯᠬᠤ ᠨᠡᠷ᠎ᠡ ᠨᠢᠳᠡᠷ ᠲᠡᠭᠡᠨ ᠨᠡᠶᠢᠴᠡᠭᠰᠡᠨ ᠶᠤᠮ ᠭᠡᠳᠡᠭ ᠢ | ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠮᠠᠷᠭᠤᠰᠢ ᠦᠭᠡᠢ ᠭᠡᠷᠡᠴᠢᠯᠡᠭᠰᠡᠨ ᠪᠠᠶᠢᠨ᠎ᠠ᠃ ᠰᠢᠨ᠎ᠡ | ᠠᠶᠠᠨ ᠳᠠᠭᠠᠨ ᠮᠣᠷᠳᠠᠬᠤ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠥᠴᠦᠬᠡᠨ ᠴᠦ ᠭᠤᠶᠢᠪᠢᠰᠢ ᠦᠭᠡᠢ | ᠪᠠᠷᠢᠮᠲᠠᠯᠠᠵᠤ᠂ ︽ᠬᠤᠶᠠᠷ ᠶᠡᠭᠡ ᠲᠠᠯ᠎ᠠ︾ ᠳᠤ ᠰᠠᠭᠤᠷᠢᠯᠠᠵᠤ᠂ ︽ᠤᠯᠤᠰ ᠤᠨ ᠶᠡᠭᠡ ᠶᠠᠪᠤᠳᠠᠯ︾ ᠢ ᠪᠤᠳᠤᠵᠤ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ | ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ | ᠪᠠᠲᠤᠯᠠᠨ᠎ᠠ᠃ ᠤᠨᠤᠯ ᠢᠶᠠᠷ ᠵᠡᠪᠰᠡᠭᠯᠡᠬᠦ ᠪᠠᠨ ᠦᠷᠭᠦᠯᠵᠢᠯᠡᠨ ᠴᠢᠩᠭᠠᠳᠬᠠᠵᠤ᠂ ᠨᠡᠶᠢᠭᠡᠮ ᠵᠢᠷᠤᠮ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠢᠲᠡᠭᠡᠯ ᠪᠢᠰᠢᠷᠡᠯ ᠤᠨ ᠰᠠᠭᠤᠷᠢ ᠪᠠᠨ ᠲᠠᠰᠤᠷᠠᠯᠳᠡ ᠦᠭᠡᠢ ᠪᠠᠬᠢᠵᠢᠭᠦᠯᠵᠦ᠂ ᠤᠶᠤᠨ | ᠰᠠᠨᠠᠭᠠᠨ ᠤ ᠺᠠᠯᠼ ᠢᠶᠠᠨ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ | ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠢᠶᠠᠷ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠢᠯᠡᠷᠡᠭᠦᠯᠦᠨ᠎ᠡ᠃ | ᠤᠬᠠᠮᠰᠠᠷ ᠠᠴᠠ ᠪᠠᠨ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠠᠷ ᠲᠡᠮᠡᠴᠡᠯ ᠤᠨ | ᠵᠣᠷᠢᠭ ᠢᠶᠠᠨ ᠬᠥᠪᠴᠢᠯᠡᠵᠦ᠂ ᠴᠢᠭᠯᠡᠯ ᠢᠶᠠᠨ ᠵᠢᠭᠠᠯᠭᠠᠵᠤ᠂ ᠨᠠᠮ ᠪᠣᠯᠤᠨ ᠠᠷᠠᠳ ᠲᠦᠮᠡᠨ ᠤ ᠦᠢᠯᠡᠰ ᠲᠤ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠬᠠᠢ ᠳᠤ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠳᠤ | ᠣᠰᠣᠯᠳᠠᠬᠤ ᠦᠭᠡᠢ᠂ ᠲᠡᠦᠬᠡ ᠪᠣᠯᠤᠨ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ | ᠴᠢᠷᠮᠠᠶᠢᠨ ᠡᠭᠦᠳᠬᠦ ᠪᠠᠷ ᠴᠢᠷᠮᠠᠶᠢᠨ᠎ᠠ᠃ | ᠬᠤᠶᠠᠷ ᠲᠤ᠂ ᠤᠶᠤᠨ ᠰᠠᠨᠠᠭᠠᠨ ᠤ ᠡᠬᠢ ᠰᠤᠷᠪᠤᠯᠵᠢ ᠪᠠᠨ ᠬᠠᠳᠠᠭᠠᠯᠠᠵᠤ᠂ ᠬᠠᠷᠢᠭᠤᠴᠠᠯᠭ᠎ᠠ ᠲᠠᠢ ᠪᠠᠷ | ᠦᠢᠯᠡᠰ ᠪᠦᠲᠦᠭᠡᠨ᠎ᠡ᠃ ᠶᠡᠷᠦᠩᠬᠡᠶ ᠱᠦᠵᠢ ᠰᠢ ᠶᠢᠨ ᠫᠢᠩ ᠶᠠᠷᠢᠶᠠᠨ ᠳᠠᠭᠠᠨ ᠠᠭᠤᠤ ᠶᠡᠭᠡ ᠨᠠᠮ ᠪᠠᠶᠢᠭᠤᠯᠬᠤ ᠵᠣᠷᠢᠭ | ᠰᠠᠨᠠᠭ᠎ᠠ ᠶᠢ ᠠᠩᠬ᠎ᠠ ᠤᠳᠠᠭ᠎ᠠ ᠳᠤᠷᠠᠳᠴᠤ ᠬᠤᠷᠢᠶᠠᠩᠭᠤᠶᠢᠯᠠᠭᠰᠠᠨ ᠪᠥᠭᠡᠳ ᠲᠡᠭᠦᠨ ᠢ ᠮᠠᠨ ᠤ ᠨᠠᠮ ᠤᠨ ᠵᠣᠷᠢᠭ | ᠰᠠᠨᠠᠭᠠᠨ ᠤ ᠡᠬᠢ ᠰᠤᠷᠪᠤᠯᠵᠢ ᠪᠣᠯᠭᠠᠭᠰᠠᠨ ᠶᠤᠮ᠃ ᠤᠶᠤᠨ ᠰᠠᠨᠠᠭ᠎ᠠ ᠪᠣᠯ ᠴᠢᠰᠤ ᠮᠢᠬ᠎ᠠ᠂ ᠬᠦᠴᠦᠨ ᠴᠢᠳᠠᠯ | ᠪᠠᠶᠢᠳᠠᠭ ᠶᠤᠮ᠃ ᠮᠠᠨ ᠤ ᠨᠠᠮ ᠵᠠᠭᠤᠨ ᠵᠢᠯ ᠢ ᠦᠩᠭᠡᠷᠡᠭᠦᠯᠦᠭᠰᠡᠨ ᠪᠣᠯᠪᠠᠴᠤ ᠴᠤᠭ ᠵᠢᠪᠬᠤᠭ᠎ᠠ ᠪᠠᠳᠠᠷᠠᠩᠭᠤᠶ᠂ | ᠬᠠᠯᠠ ᠵᠣᠪᠠᠯᠠᠩ ᠢ ᠬᠠᠨᠲᠠᠯ᠎ᠠ ᠠᠮᠰᠠᠭᠰᠠᠨ ᠪᠤᠯᠪᠠᠴᠦ ᠦᠶ᠎ᠡ ᠶᠢᠨ ᠦᠶ᠎ᠡ ᠳᠡᠭᠡᠨ ᠣᠷᠣᠰᠢᠨ ᠲᠣᠭᠲᠠᠨᠢᠵᠤ | ᠴᠢᠳᠠᠭᠰᠠᠨ ᠤ ᠰᠢᠯᠲᠠᠭᠠᠨ ᠪᠣᠯ ᠳᠠᠷᠤᠶ ᠲᠡᠷᠡ ᠬᠦ ᠬᠤᠪᠢᠰᠬᠠᠯ ᠤᠨ ᠲᠦᠯᠦᠭᠡ ᠠᠮᠢ ᠴᠦᠯᠡᠨ ᠲᠡᠮᠡᠴᠡᠬᠦ ᠬᠦᠴᠦᠷᠬᠡᠭ | ᠶᠡᠭᠡ ᠵᠣᠷᠢᠭ ᠰᠠᠨᠠᠭ᠎ᠠ ᠳᠤ ᠲᠦᠰᠢᠭᠯᠡᠭᠰᠡᠨ ᠳᠤ ᠪᠠᠶᠢᠭ᠎ᠠ ᠶᠤᠮ᠃ ᠰᠢᠨ᠎ᠡ ᠠᠶᠠᠨ ᠵᠠᠮ ᠳᠤ ᠣᠷᠣᠬᠤ ᠳᠤ᠂ ᠢᠷᠠᠭᠤ | ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠵᠦ᠂ ᠠᠭᠤᠤ | ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠴᠢᠷᠮᠠᠶᠢᠨ ᠤᠯᠠᠮᠵᠢᠯᠠᠨ ᠪᠠᠳᠠᠷᠠᠭᠤᠯᠵᠤ᠂ ᠵᠠᠭᠤᠨ ᠵᠢᠯ ᠤᠨ ᠨᠠᠮ ᠤᠨ | ᠲᠡᠦᠬᠡ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠨᠠᠮ ᠤᠨ ᠠᠭᠤᠤ ᠶᠡᠭᠡ ᠦᠢᠯᠡᠰ ᠤᠨ | ᠲᠥᠯᠥᠭᠡ ᠨᠡᠩ ᠡᠷᠡᠰ ᠭᠤᠶᠢᠪᠢᠰᠢ ᠦᠭᠡᠢ ᠪᠠᠷ ᠴᠥᠬᠦᠷᠡᠰᠢ ᠦᠭᠡᠢ ᠴᠢᠷᠮᠠᠶᠢᠵᠤ᠂ ᠦᠬᠠᠢ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠡᠭᠦᠳᠬᠦ ᠪᠠᠷ ᠴᠢᠷᠮᠠᠶᠢᠨ᠎ᠠ᠃ | ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠲᠡᠮᠡᠴᠡᠯ ᠤᠨ ᠳᠠᠪᠲᠠᠯᠲᠠ ᠪᠠᠨ ᠴᠢᠩᠭᠠᠳᠬᠠᠵᠤ᠂ ᠲᠡᠮᠡᠴᠡᠯ ᠤᠨ | ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ ᠶᠢᠨ | ᠢᠯᠭᠠᠨ ᠲᠠᠨᠢᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠡᠭᠡ ᠵᠥᠪ ᠶᠡᠭᠡ ᠪᠤᠷᠤᠭᠤ ᠶᠢᠨ ᠡᠮᠦᠨ᠎ᠡ | ᠵᠣᠷᠢᠭᠲᠠᠢ ᠪᠠᠷ ᠰᠢᠭᠤᠳ ᠬᠠᠨᠲᠤᠵᠤ᠂ ᠵᠥᠷᠢᠴᠡᠯ ᠮᠥᠷᠭᠦᠯᠳᠦᠭᠡᠨ ᠤ ᠡᠮᠦᠨ᠎ᠡ ᠵᠣᠷᠢᠭᠲᠠᠢ ᠪᠠᠷ ᠬᠦᠴᠢᠷ ᠢ ᠰᠦᠷᠦᠨ | ᠤᠷᠤᠭᠰᠢᠯᠠᠵᠤ᠂ ᠠᠶᠤᠯ ᠲᠦᠭᠰᠢᠭᠦᠷᠢ ᠬᠦᠴᠢᠷ ᠪᠡᠷᠬᠡᠰᠢᠶᠡᠯ ᠤᠨ ᠡᠮᠦᠨ᠎ᠡ ᠵᠣᠷᠢᠭᠲᠠᠢ ᠪᠠᠷ ᠴᠡᠭᠡᠵᠢ ᠲᠦᠷᠢᠨ ᠭᠠᠷᠴᠤ᠂ | ᠭᠠᠵᠢᠭᠤ ᠰᠤᠷᠲᠠᠯ ᠤᠨ ᠡᠮᠦᠨ᠎ᠡ ᠵᠣᠷᠢᠭᠲᠠᠢ ᠪᠠᠷ ᠡᠷᠡᠰ ᠲᠡᠮᠡᠴᠡᠵᠦ᠂ ᠵᠥᠪ ᠣᠨᠣᠪᠴᠢᠲᠠᠢ ᠲᠡᠮᠡᠴᠡᠯ ᠤᠨ ᠴᠢᠭᠯᠡᠯ ᠢ | ᠪᠠᠲᠤ ᠡᠵᠡᠮᠳᠡᠨ᠎ᠡ᠃ ᠠᠶᠤᠯ ᠲᠦᠭᠰᠢᠭᠦᠷᠢ ᠶᠢ ᠤᠷᠢᠳᠴᠢᠯᠠᠨ ᠮᠡᠳᠡᠬᠦ ᠴᠢᠨᠠᠷ ᠪᠣᠯᠤᠨ ᠨᠡᠪᠲᠡ ᠠᠵᠢᠭᠯᠠᠬᠤ | ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠤᠷᠢᠳᠠᠪᠠᠷ ᠰᠠᠶᠢᠲᠤᠷ ᠲᠦᠯᠦᠪᠵᠢᠬᠦᠯᠵᠦ᠂ ᠰᠠᠨᠠᠭᠠᠴᠢᠯᠠᠭᠠᠲᠤ | ᠳᠠᠶᠢᠯᠠᠯᠳᠤᠭᠠᠨ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ | ᠰᠠᠨᠠᠭᠠᠴᠢᠯᠠᠭᠠᠲᠤ ᠡᠷᠬᠡ ᠶᠢ ᠴᠢᠩᠭ᠎ᠠ ᠠᠳᠬᠤᠵᠤ᠂ ᠦᠬᠠᠢ ᠶᠢᠨ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ | ᠦᠨᠡᠨᠬᠦ ᠬᠠᠮᠠᠭᠠᠯᠠᠵᠤ᠂ ᠦᠬᠠᠢ ᠶᠢᠨ ᠦᠢᠯᠡᠰ ᠤᠨ ᠬᠥᠭᠵᠢᠯᠲᠡ ᠶᠢ ᠰᠭᠢᠭᠤᠯᠤᠨᠠ᠃ | ᠭᠤᠷᠪᠠ ᠳᠤ᠂ ᠴᠢᠩ ᠦᠨᠡᠨᠴᠢ ᠰᠡᠳᠬᠢᠯᠭᠡ ᠡᠪᠦᠷᠯᠡᠵᠦ ᠠᠷᠠᠳ ᠲᠦᠮᠡᠨ ᠳᠤ ᠪᠣᠳᠠᠲᠤ ᠪᠠᠷ ᠬᠠᠨᠲᠤᠨᠠ᠃ | ᠶᠡᠷᠦᠩᠬᠡᠶ ᠱᠦᠵᠢ ᠰᠢ ᠶᠢᠨ ᠫᠢᠩ ᠶᠠᠷᠢᠶᠠᠨ ᠳᠠᠭᠠᠨ᠄ ︽ ᠲᠥᠷᠥ ᠵᠠᠰᠠᠭ ᠪᠣᠯ ᠠᠷᠠᠳ ᠲᠦᠮᠡᠨ ᠮᠦᠨ᠂ ᠠᠷᠠᠳ | ᠲᠦᠮᠡᠨ ᠪᠣᠯ ᠲᠥᠷᠥ ᠵᠠᠰᠠᠭ ᠮᠦᠨ᠂ ᠲᠥᠷᠥ ᠵᠠᠰᠠᠭ ᠢ ᠪᠠᠶᠢᠭᠤᠯᠬᠤ᠂ ᠲᠥᠷᠥ ᠵᠠᠰᠠᠭ ᠢ ᠰᠠᠬᠢᠬᠤ ᠨᠢ ᠠᠷᠠᠳ | ᠲᠦᠮᠡᠨ ᠤ ᠰᠡᠳᠬᠢᠯ ᠢ ᠰᠠᠬᠢᠵᠦ ᠪᠠᠶᠢᠭ᠎ᠠ ᠶᠠᠪᠤᠳᠠᠯ ᠪᠣᠯᠤᠨ᠎ᠠ︾ ᠭᠡᠵᠦ ᠭᠦᠨᠵᠡᠭᠡᠶ ᠵᠢᠭᠠᠵᠤ ᠭᠠᠷᠭᠠᠵᠠᠶ᠃ ᠨᠠᠮ ᠤᠨ | ᠵᠠᠭᠤᠨ ᠵᠢᠯ ᠤᠨ ᠲᠡᠦᠬᠡ ᠪᠣᠯ ᠳᠠᠷᠤᠢ ᠨᠠᠮ ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠶᠢ | ᠦᠢᠯᠡᠳᠦᠯᠭᠡᠵᠢᠭᠦᠯᠦᠭᠰᠡᠨ ᠲᠡᠦᠬᠡ ᠮᠥᠨ᠂ ᠳᠠᠷᠤᠢ ᠨᠠᠮ ᠪᠣᠯᠤᠨ ᠠᠷᠠᠳ ᠲᠦᠮᠡᠨ ᠤ ᠰᠡᠳᠬᠢᠯ ᠵᠢᠷᠦᠬᠡ ᠪᠠᠨ | ᠬᠤᠯᠪᠣᠵᠤ᠂ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠲᠡᠦᠬᠡ ᠮᠥᠨ᠃ ᠵᠠᠭᠤᠨ | ᠵᠢᠯ ᠤᠨ ᠲᠤᠷᠰᠢ᠂ ᠮᠠᠨ ᠤ ᠨᠠᠮ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ᠂ ᠠᠷᠠᠳ | ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠦᠬᠦᠵᠦ ᠰᠡᠭᠡᠬᠦ ᠪᠠᠨ ᠬᠠᠮᠲᠤᠳᠬᠠᠵᠤ᠂ ᠶᠠᠮᠠᠷᠪᠠ | ᠥᠪᠡᠷ ᠤᠨ ᠣᠨᠴᠠᠭᠠᠢ ᠠᠰᠢᠭ ᠲᠤᠰᠠ ᠭᠡᠵᠦ ᠪᠠᠶᠢᠬᠤ ᠦᠭᠡᠢ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭᠯᠡᠯ | ᠂ ᠶᠠᠮᠠᠷᠪᠠ ᠡᠷᠬᠡ ᠬᠦᠴᠦᠨ ᠤ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ | ᠲᠥᠯᠥᠭᠡᠯᠡᠳᠡᠭ ᠦᠭᠡᠢ ᠭᠡᠳᠡᠭ ᠢ ᠬᠦᠢᠴᠡᠳ ᠲᠤᠲᠤᠷᠬᠠᠶᠢᠯᠠᠵᠠᠢ᠃ ᠰᠢᠨ᠎ᠡ ᠠᠶᠠᠨ ᠳᠠᠭᠠᠨ ᠮᠣᠷᠳᠠᠬᠤ ᠳᠤ᠂ ︽ | ᠠᠷᠠᠳ ᠲᠦᠮᠡᠨ ᠳᠤ ᠵᠣᠯ ᠵᠢᠷᠭᠠᠯ ᠣᠯᠭᠤᠬᠤ︾ ᠤᠭ ᠰᠠᠨᠠᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠵᠦ᠂ | ᠲᠦᠭᠡᠮᠡᠯ ᠬᠠᠷᠠᠭᠠᠯᠵᠠᠯ ᠤᠨ ᠴᠢᠨᠠᠷᠲᠠᠢ ᠰᠠᠭᠤᠷᠢ ᠴᠢᠨᠠᠷᠲᠠᠢ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ | ᠠᠮᠢᠳᠤᠷᠠᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠤᠷᠭᠠᠨ ᠬᠥᠮᠦᠵᠢᠯ᠂ ᠡᠮᠴᠢᠯᠡᠬᠡᠨ ᠤ ᠦᠢᠯᠡᠰ ᠤᠨ | ᠬᠥᠭᠵᠢᠯᠲᠡ ᠶᠢᠨ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ | ᠲᠡᠭᠰᠢ ᠪᠣᠯᠭᠠᠬᠤ ᠳᠥᠭᠦᠮ ᠳᠥᠲᠡ ᠪᠣᠯᠭᠠᠬᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠢ ᠪᠠᠲᠤᠯᠠᠬᠤ᠂ | ᠲᠣᠭᠲᠠᠭᠤᠨ ᠢ ᠬᠠᠮᠠᠭᠠᠯᠠᠬᠤ᠂ ᠡᠶ᠎ᠡ ᠵᠣᠬᠢᠴᠠᠯ ᠢ ᠠᠬᠢᠭᠤᠯᠬᠤ ᠡᠯ᠎ᠡ ᠵᠦᠢᠯ ᠤᠨ ᠠᠵᠢᠯ ᠢᠶᠠᠨ ᠥᠴᠦᠬᠡᠨ ᠴᠦ | ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ | ᠤᠯᠠᠨ ᠤ ︽ᠪᠠᠴᠢᠮ ᠬᠦᠴᠢᠷ ᠵᠤᠪᠠᠨᠢᠯ ᠡᠷᠡᠮᠡᠯᠵᠡᠯ︾ ᠤᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠰᠠᠶᠢᠨ ᠪᠣᠯᠭᠠᠵᠤ᠂ ᠵᠣᠯ | ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ | ᠪᠣᠯᠭᠠᠬᠤ ᠪᠠᠷ ᠴᠢᠷᠮᠡᠶᠢᠨ᠎ᠡ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠬᠦᠰᠡᠯ | ᠡᠷᠡᠮᠡᠯᠵᠡᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠰᠠᠶᠢᠨ | ᠶᠠᠪᠤᠳᠠᠯ ᠢ ᠪᠣᠳᠠᠲᠠᠢ ᠬᠢᠬᠦ ᠶᠢ ᠪᠠᠲᠤᠯᠠᠨ᠎ᠠ᠃ | ᠲᠦᠷᠪᠡ ᠳᠤ᠂ ᠨᠠᠶᠢᠳᠠᠪᠤᠷᠢᠵᠢᠭᠤᠯᠤᠯᠲᠠ ᠶᠢᠨ ᠬᠦᠴᠦᠨ ᠢ ᠨᠢᠭᠲᠠᠷᠠᠭᠤᠯᠵᠤ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠨᠡ᠃ ᠶᠡᠷᠦᠩᠬᠡᠶ ᠱᠦᠵᠢ ᠰᠢ ᠶᠢᠨ ᠫᠢᠩ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ | ᠶᠠᠷᠢᠶᠠᠨ ᠳᠠᠭᠠᠨ ᠲᠡᠦᠬᠡ ᠪᠠᠷ ᠲᠤᠯᠢ ᠪᠣᠯᠭᠠᠬᠤ᠂ ᠢᠷᠡᠭᠡᠳᠦᠶ ᠶᠢ ᠨᠡᠭᠡᠭᠡᠬᠦ ᠶᠢᠨ ᠲᠤᠭᠤᠷᠢᠨ ᠳᠤ ︽ᠶᠢᠰᠦᠨ ᠡᠷᠬᠡᠪᠰᠢ | ︾ ᠶᠢᠨ ᠦᠨᠳᠦᠰᠦᠨ ᠱᠠᠭᠠᠷᠳᠠᠯᠭ᠎ᠠ ᠶᠢ ᠢᠯᠡ ᠲᠣᠳᠣᠷᠬᠠᠶ ᠳᠤᠷᠠᠳᠤᠨ ᠭᠠᠷᠭᠠᠵᠤ᠂ ᠨᠠᠮ ᠪᠠ ᠤᠯᠤᠰ ᠬᠦᠷᠦᠨ ᠤ | ᠠᠵᠢᠯ ᠦᠢᠯᠡᠰ ᠤᠨ ᠬᠥᠭᠵᠢᠯᠲᠡ ᠶᠢᠨ ᠠᠯᠢ ᠤᠯᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ | ᠬᠠᠷᠢᠭᠤᠯᠲᠠ ᠥᠭᠴᠡᠶ᠂ ᠡᠨᠡ ᠨᠢ ᠵᠠᠭᠤᠨ ᠵᠢᠯ ᠤᠨ ᠥᠩᠭᠡᠷᠡᠯᠲᠡ ᠶᠢᠨ ᠲᠤᠷᠰᠢᠯᠭ᠎ᠠ ᠶᠢᠨ ᠳ᠋ᠦᠩᠨᠡᠯᠲᠡ ᠪᠣᠯᠬᠤ ᠪᠠᠷ | ᠪᠠᠷᠠᠬᠤ ᠦᠭᠡᠢ ᠪᠠᠰᠠ ᠢᠷᠡᠭᠡᠳᠦᠶ ᠶᠢᠨ ᠵᠠᠮ ᠤᠨ ᠴᠢᠭᠯᠡᠯ ᠤᠨ ᠵᠢᠯᠣᠭᠤᠳᠤᠮᠵᠢ ᠮᠥᠨ᠂ ᠪᠢᠳᠡ ᠡᠷᠬᠡᠪᠰᠢ ᠵᠢᠷᠣᠮᠵᠢᠯ | ᠶᠤᠰᠣᠭᠠᠷ ᠵᠢᠷᠤᠮᠯᠠᠬᠤ ᠬᠡᠷᠡᠭᠲᠡᠶ᠂ ᠶᠠᠭᠠᠬᠢᠭᠰᠠᠨ ᠴᠤ ᠣᠮᠲᠣᠭᠠᠶᠢᠯᠠᠵᠤ ᠪᠣᠯᠬᠤ ᠦᠭᠡᠢ᠃ ᠰᠢᠨ᠎ᠡ ᠠᠶᠠᠨ ᠳᠠᠭᠠᠨ | ᠮᠣᠷᠳᠠᠬᠤ ᠳᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ | ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ | ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠤᠬᠠᠮᠰᠠᠷ ᠠᠴᠠ ᠪᠠᠨ | ᠳᠠᠭᠠᠵᠤ ᠲᠡᠭᠦᠨ ᠳᠤ ᠦᠢᠯᠡᠴᠢᠯᠡᠵᠦ᠂ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠬᠦᠴᠦᠯᠡᠨ ᠰᠠᠶᠢᠲᠤᠷ ᠠᠳᠬᠤᠬᠤ︾ ᠶᠢ ᠢᠮᠠᠭᠲᠠ ᠠᠵᠢᠯ ᠤᠨ ᠢᠶᠠᠨ ᠵᠢᠷᠤᠮᠯᠠᠯ ᠪᠣᠯᠭᠠᠵᠤ᠂ ︽ᠠᠮᠢ ᠠᠬᠤᠶ ᠶᠢ | ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ︾ ᠪᠠᠷ ᠠᠵᠢᠯ ᠤᠨ ᠭᠤᠤᠯ ᠰᠢᠵᠢᠮ ᠪᠣᠯᠭᠠᠵᠤ᠂ ︽ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ | ᠯᠠᠪᠳᠠᠭᠤᠨ ᠢᠶᠠᠷ ᠠᠬᠢᠭᠤᠯᠬᠤ︾ ᠪᠠᠷ ᠠᠵᠢᠯ ᠤᠨ ᠡᠭᠦᠷᠭᠡ ᠪᠠᠨ ᠪᠣᠯᠭᠠᠵᠤ᠂ ︽ᠴᠢᠨᠠᠷ ᠰᠠᠶᠢᠲᠠᠶ ᠬᠥᠭᠵᠢᠯᠲᠡ᠂ | ᠴᠢᠨᠠᠷ ᠰᠠᠶᠢᠲᠠᠶ ᠠᠮᠢᠳᠤᠷᠠᠯ᠂ ᠥᠨᠳᠥᠷ ᠪᠦᠲᠦᠮᠵᠢᠲᠡᠶ ᠵᠠᠰᠠᠯᠲᠠ ᠶᠢ ᠪᠡᠶᠡᠯᠡᠭᠦᠯᠬᠦ ᠶᠢ ᠠᠬᠢᠭᠤᠯᠬᠤ︾ ᠪᠠᠷ ᠠᠵᠢᠯ ᠤᠨ | ᠬᠠᠷᠠᠯᠲᠠ ᠪᠠᠨ ᠪᠣᠯᠭᠠᠨ᠎ᠠ᠃ ᠰᠢᠨ᠎ᠡ ᠶᠢ ᠡᠭᠦᠳᠬᠦ ᠶᠢ ᠤᠳᠤᠭᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ | ᠭᠤᠣᠯᠯᠠᠬᠤ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ᠂ | ᠴᠢᠳᠠᠪᠤᠷᠢᠲᠠᠨ ᠤ ᠲᠣᠭᠲᠠᠴᠠ ᠶᠢᠨ ᠰᠢᠨ᠎ᠡ ᠶᠢ ᠡᠭᠦᠳᠬᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠶᠡᠭᠡ ᠪᠠᠷ ᠬᠡᠷᠡᠭᠵᠢᠭᠦᠯᠵᠦ᠂ ᠪᠦᠲᠦᠴᠡ ᠪᠠᠨ ᠲᠣᠬᠢᠷᠠᠭᠤᠯᠬᠤ᠂ | ᠴᠢᠳᠠᠮᠵᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠰᠢᠨ᠎ᠡ | ᠰᠢᠪᠲᠤᠯᠤᠯᠲᠠ ᠭᠠᠷᠭᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠪᠠ ᠰᠢᠨ᠎ᠡ | ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠦᠳᠦᠭᠡᠨ ᠪᠠᠶᠢᠭᠤᠯᠤᠨ᠎ᠠ᠃ | ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠷᠤᠭᠰᠢᠯᠠᠬᠤ ᠦᠭᠡᠢ ᠪᠣᠯ ᠤᠬᠤᠷᠢᠬᠤ | ᠲᠦᠭᠰᠢᠭᠦᠷᠢᠲᠦ ᠰᠡᠳᠬᠢᠯᠭᠡ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠦᠨᠳᠦᠰᠦᠲᠡᠨ ᠨᠦᠭᠦᠳ ᠤᠨ | ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤᠪᠠᠷ ᠲᠡᠮᠡᠴᠡᠵᠦ᠂ ᠦᠷᠭᠦᠯᠵᠢᠯᠡᠨ ᠬᠦᠴᠦᠯᠡᠵᠦ᠂ | ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠣᠳᠣᠬᠢᠴᠢᠯᠠᠭᠰᠠᠨ ᠦᠬᠠᠢ ᠶᠢᠨ ᠪᠦᠳᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ ᠨᠡᠩ ᠯᠠᠪᠳᠠᠭᠤᠨ ᠪᠠᠲᠤᠲᠠᠢ ᠠᠯᠬᠤᠮ ᠢ ᠠᠯᠬᠤᠨ᠎ᠠ᠃ |