10 ᠰᠠᠷ᠎ᠠ ᠶᠢᠨ 21 ᠤ ᠣᠷᠣᠢ᠂ ᠬᠠᠶᠢᠷᠤᠪ ᠤᠨ ᠲᠣᠬᠤᠢ ᠲᠣᠭᠤᠷᠢᠭ ᠤᠨ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠠᠪᠤᠳᠤᠭᠠᠷ | ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠮᠡᠳᠡᠭᠳᠡᠪᠡ᠃ | | 10 ᠰᠠᠷ᠎ᠠ ᠶᠢᠨ 21 ᠤ ᠡᠳᠦᠷ ᠤᠨ 18 ᠴᠠᠭ ᠪᠣᠯᠲᠠᠯ᠎ᠠ᠂ ᠬᠠᠶᠢᠷᠤᠪ ᠤᠨ ᠲᠣᠬᠤᠢ ᠲᠣᠭᠤᠷᠢᠭ ᠲᠣᠰ | ᠡᠭᠡᠯᠵᠢ ᠶᠢᠨ ᠬᠢᠵᠢᠭ ᠤᠨ ᠪᠠᠶᠢᠳᠠᠯ ᠳᠤ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠳ ᠨᠢ 16 ᠪᠣᠯᠬᠤ ᠶᠢ | ᠮᠡᠳᠡᠭᠦᠯᠪᠡ᠃ ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠠᠶᠢᠷᠤᠪ ᠤᠨ ᠲᠣᠬᠤᠢ | ᠲᠣᠭᠤᠷᠢᠭ ᠤᠨ ᠬᠢᠨ ᠤᠷᠤᠰᠬᠠᠯ ᠤᠨ ᠡᠬᠢ ᠰᠤᠷᠪᠤᠯᠵᠢ ᠶᠢ ᠡᠷᠢᠬᠦ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠡᠳ᠋ | ᠪᠣᠳᠠᠰ ᠤᠨ ᠪᠠᠲᠤᠯᠠᠭ᠎ᠠ ᠵᠡᠷᠭᠡ ᠠᠵᠢᠯ ᠢ ᠦᠳᠲᠡᠷ ᠲᠦᠷᠭᠡᠨ ᠥᠷᠨᠢᠭᠦᠯᠵᠦ᠂ ᠬᠢᠵᠢᠭ ᠤᠨ ᠪᠠᠶᠢᠳᠠᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ |