11 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 33 ᠳ᠋ᠤᠭᠠᠷ | ᠣᠳᠠᠭᠠᠨ ᠤ ᠬᠤᠷᠠᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠬᠤᠷᠠᠯᠳᠤᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠤᠭᠳᠠᠯ ᠪᠦᠬᠦᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ | ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ | ᠬᠤᠷᠠᠯ ᠠᠴᠠ 11 ᠰᠠᠷ᠎ᠠ ᠶᠢᠨ 10 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠪᠦᠭᠦ ᠤᠯᠤᠰ ᠤᠨ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ | ᠣᠳᠠᠰᠣᠳᠣ ᠬᠤᠷᠠᠯ ᠤᠨ ᠵᠣᠷᠢᠭ ᠰᠠᠨᠠᠭ᠎ᠠ ᠪᠠ ᠳᠦᠷᠤ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠡᠷᠭᠡᠶᠢᠯᠡᠨ ᠡᠵᠡᠮᠳᠡᠬᠦ | ᠠᠵᠢᠯ ᠢ ᠰᠢᠨᠵᠢᠯᠡᠬᠦ ᠤᠬᠠᠭᠠᠨᠴᠢ ᠪᠠᠷ ᠣᠨᠢᠨ ᠳᠡᠭᠡᠷ᠎ᠡ ᠨᠢ ᠰᠠᠶᠢᠠ ᠬᠢᠬᠦ ᠲᠤᠬᠠᠶ ᠮᠡᠳᠡᠭᠳᠡᠯ︾ ᠤᠨ ᠵᠤᠷᠢᠭ ᠰᠠᠨᠠᠭ᠎ᠠ | ᠶᠢ ᠤᠯᠠᠮᠵᠢᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠷᠢᠨ | ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ | ᠵᠢᠭᠰᠠᠭᠠᠯ ᠤᠨ ᠭᠠᠵᠠᠷ ᠢᠶᠠᠨ ᠪᠠᠲᠤ ᠰᠠᠬᠢᠵᠤ᠂ ᠡᠴᠦᠰ ᠲᠤᠨᠢ ᠲᠤᠯᠲᠠᠯ᠎ᠠ ᠪᠠᠷᠢᠮᠲᠠᠯᠠᠵᠤ᠂ ᠰᠢᠨᠵᠢᠯᠡᠬᠦ ᠤᠬᠠᠭᠠᠨᠴᠢ | ᠵᠦᠪ ᠣᠨᠣᠪᠴᠢᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠪᠣᠯᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠡᠷᠭᠡᠶᠢᠯᠡᠨ ᠡᠵᠡᠮᠳᠡᠬᠦ | ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠯᠦᠭᠡ ᠪᠥᠬᠦ ᠲᠠᠯ᠎ᠠ ᠪᠠᠷ | ᠪᠠᠷᠢᠮᠵᠢᠶᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠳᠣᠭᠢᠷᠠᠭᠤᠯᠤᠨ | ᠲᠡᠭᠦᠯᠳᠡᠷᠵᠢᠭᠦᠯᠵᠦ᠂ ᠨᠠᠷᠢᠨ ᠣᠨᠣᠪᠴᠢᠲᠠᠶ ᠤᠬᠠᠭᠤᠯᠤᠨ ᠲᠠᠶᠢᠯᠪᠤᠷᠢᠯᠠᠵᠤ᠂ ᠨᠠᠶᠢᠳᠠᠪᠤᠷᠢᠵᠢᠭᠤᠯᠤᠯᠲᠠ ᠶᠢ ᠲᠡᠷᠡ | ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠶ ᠬᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠸᠢᠳᠢᠣ᠋ ᠪᠠᠷ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠪᠣᠯᠤᠨ ︽ᠬᠤᠶᠠᠳᠤᠭᠠᠷ ᠡᠭᠡᠯᠵᠢ ᠶᠢᠨ ᠲᠥᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠮᠡᠳᠡᠭᠳᠡᠯ︾ ᠢ ᠤᠯᠠᠮᠵᠢᠯᠠᠵᠤ᠂ ᠪᠦᠬᠦ ᠬᠤᠳᠠ ᠶᠢᠨ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ | ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠡᠷᠭᠡᠭ | ᠲᠠᠨᠢᠯᠲᠠ ᠲᠠᠢ ᠪᠠᠶᠢᠵᠤ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠵᠦ᠂ ᠬᠠᠮᠤᠭ ᠤᠨ ᠡᠷᠡᠰ ᠰᠢᠭᠤᠷᠬᠠᠢ ᠣᠪᠣᠷ᠂ | ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠵᠤ᠂ | ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠳᠤ ᠬᠤᠷᠳᠤᠴᠠ ᠪᠠᠨ ᠳᠡᠭᠡᠭᠰᠢᠯᠡᠭᠦᠯᠦᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ︽ᠦᠬᠠᠢ ᠬᠤᠳᠠ ᠶᠢᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠴᠡᠭᠴᠡᠯᠡᠨ ᠰᠠᠶᠢᠵᠢᠷᠠᠭᠤᠯᠬᠤ ᠲᠥᠰᠦᠯ︾ ︽ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ︾ | ᠶᠢ ᠬᠢᠨᠠᠨ ᠵᠥᠪᠯᠡᠵᠦ ᠪᠠᠲᠤᠯᠠᠪᠠ᠃ |