ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠪᠠ᠃ | | | | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠰᠠᠭᠤᠳᠠᠯ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠵᠡᠯᠲᠡ ᠪᠠᠨ ᠴᠢᠩ | ᠦᠨᠡᠨᠴᠢ ᠪᠠᠷ ᠭᠦᠨᠵᠡᠭᠡᠢ ᠰᠣᠯᠢᠯᠴᠠᠪᠠ᠃ | ᠰᠢ ᠶᠢᠨ ᠫᠢᠩ᠂ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠤᠯᠭᠠᠷᠠᠵᠤ ᠪᠠᠶᠢᠭ᠎ᠠ ᠪᠠᠶᠢᠳᠠᠯ ᠨᠢ ᠬᠤᠶᠠᠷ | ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠭᠦ ᠦᠭᠡᠢ ᠪᠥᠭᠡᠳ | ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠴᠦ ᠨᠡᠶᠢᠴᠡᠭᠦ ᠦᠭᠡᠢ ᠶᠤᠮ᠃ ᠳᠤᠮᠳᠠᠳᠤ ᠠᠮᠧᠷᠢᠺᠠ ᠬᠤᠶᠠᠷ | ᠲᠠᠯ᠎ᠠ ᠪᠠᠷ ᠢᠶᠠᠨ ᠲᠡᠦᠬᠡ᠂ ᠳᠡᠯᠡᠬᠡᠢ ᠶᠢᠷᠲᠢᠨᠴᠦ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠰᠢᠨ᠎ᠡ ᠴᠠᠭ | ᠦᠶ᠎ᠡ ᠶᠢᠨ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠰᠦᠪᠡᠭᠴᠢᠯᠡᠵᠦ᠂ ᠬᠤᠶᠠᠷ ᠤᠯᠤᠰ ᠤᠨ ᠬᠠᠷᠢᠯᠴᠠᠭᠠᠨ ᠤ | ᠬᠥᠭᠵᠢᠯᠲᠡ ᠶᠢᠨ ᠵᠥᠪ ᠴᠢᠭᠯᠡᠯ ᠢ ᠣᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠷᠡᠭᠦᠯ ᠲᠣᠭᠲᠠᠭᠤᠨ | ᠬᠥᠭᠵᠢᠯᠲᠡ ᠶᠢᠨ ᠵᠠᠮ ᠳᠤ ᠲᠠᠭᠢᠨ ᠣᠷᠣᠬᠤ ᠶᠢ ᠠᠬᠢᠭᠤᠯᠵᠤ᠂ ᠬᠤᠶᠠᠷ ᠤᠯᠤᠰ ᠲᠤ ᠪᠤᠶᠠᠨ ᠦᠢᠯᠡᠳᠴᠦ᠂ ᠳᠡᠯᠡᠬᠡᠢ | ᠳ᠋ᠠᠬᠢᠨ ᠳᠤ ᠠᠰᠢᠭ ᠬᠦᠷᠲᠡᠭᠡᠬᠦ ᠴᠢᠬᠤᠯᠠᠲᠠᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠪᠠᠶᠢᠳᠠᠯ ᠪᠣᠯᠣᠨ ᠴᠢᠬᠤᠯᠠ ᠦᠷ᠎ᠡ ᠪᠦᠲᠦᠭᠡᠯ ᠢ ᠲᠠᠨᠢᠯᠴᠠᠭᠤᠯᠵᠤ᠂ | ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠢᠯᠡ | ᠲᠣᠳᠣ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ᠂ ᠳᠡᠭᠡᠳᠦ ᠬᠡᠮᠵᠢᠶᠡᠨ ᠤ ᠦᠷᠭᠦᠯᠵᠢᠯᠡᠬᠦ ᠴᠢᠨᠠᠷ | ᠪᠣᠯᠣᠨ ᠲᠣᠭᠲᠠᠭᠤᠨ ᠴᠢᠨᠠᠷ ᠢ ᠪᠠᠲᠤᠯᠠᠵᠤ ᠪᠠᠶᠢᠨ᠎ᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠦᠷᠭᠦᠯᠵᠢᠯᠡᠨ ᠵᠣᠷᠢᠯᠲᠠ ᠪᠠᠨ | ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠬᠢᠵᠦ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ | ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠡᠷᠡᠰ ᠬᠡᠷᠡᠭᠵᠢᠭᠦᠯᠵᠦ᠂ | ᠢᠮᠠᠭᠲᠠ ᠬᠡᠷᠡᠭ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠦᠨᠡᠨ ᠬᠤᠳᠠᠯ ᠢ ᠦᠨᠳᠦᠰᠦᠯᠡᠨ ᠥᠪᠡᠷ ᠤᠨ ᠵᠣᠭᠰᠣᠯᠲᠠ | ᠪᠠ ᠣᠪᠣᠷ ᠢᠶᠠᠨ ᠲᠣᠭᠲᠠᠭᠠᠵᠤ᠂ ᠶᠠᠷᠢᠯᠴᠠᠭ᠎ᠠ ᠬᠢᠵᠦ ᠵᠥᠪᠳᠡᠯᠴᠡᠬᠦ᠂ ᠮᠠᠷᠭᠤᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ | ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ | ᠡᠩᠬᠡ ᠲᠠᠶᠢᠪᠤᠩ ᠬᠥᠭᠵᠢᠯᠲᠡ᠂ ᠨᠡᠭᠡᠭᠡᠯᠲᠡᠲᠤ ᠬᠥᠭᠵᠢᠯᠲᠡ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠪᠠᠷᠢᠮᠲᠠᠯᠠᠵᠤ᠂ | ᠪᠦᠭᠦ ᠪᠥᠮᠪᠥᠷᠴᠡᠭ ᠤᠨ ᠬᠥᠭᠵᠢᠯᠲᠡ ᠶᠢᠨ ᠣᠷᠣᠯᠴᠠᠭᠴᠢ᠂ ᠠᠬᠢᠭᠤᠯᠤᠭᠴᠢ ᠪᠣᠯᠵᠤ᠂ ᠡᠯ᠎ᠡ ᠤᠯᠤᠰ ᠲᠠᠢ ᠬᠠᠮᠲᠤ ᠪᠠᠷ | ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠡᠯᠡᠬᠡᠢ ᠳ᠋ᠠᠬᠢᠨ ᠶᠠᠭ ᠴᠢᠬᠤᠯᠠ ᠶᠡᠭᠡ ᠲᠡᠦᠬᠡ ᠶᠢᠨ ᠡᠷᠭᠢᠯᠲᠡ ᠶᠢᠨ ᠴᠡᠭ ᠲᠤ ᠣᠷᠣᠰᠢᠵᠤ ᠪᠠᠶᠢᠨ᠎ᠠ | ᠂ ᠡᠯ᠎ᠡ ᠤᠯᠤᠰ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠬᠠᠨᠳᠤᠬᠤ ᠮᠥᠷᠲᠡᠭᠡᠨ ᠪᠠᠰᠠ ᠤᠷᠢᠳ ᠡᠮᠦᠨ᠎ᠡ | ᠪᠠᠶᠢᠭ᠎ᠠ ᠦᠭᠡᠢ ᠠᠵᠠ ᠲᠣᠭᠢᠶᠠᠯ ᠢ ᠠᠳᠬᠤᠬᠤ ᠴᠢᠬᠤᠯᠠᠲᠠᠢ᠃ | ᠪᠢᠳᠠ ᠡᠨᠡ ᠬᠦ ᠥᠨᠳᠥᠷᠴᠡ ᠠᠴᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ | ᠰᠢᠢᠳᠪᠦᠷᠢᠯᠡᠬᠦ ᠬᠡᠷᠡᠭᠲᠡᠢ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠴᠢ ᠢᠯᠠᠭᠳᠠᠪᠠᠯ ᠪᠢ ᠢᠯᠠᠬᠤ᠂ ᠴᠢ ᠮᠠᠨᠳᠤᠪᠠᠯ | ᠪᠢ ᠳᠣᠷᠣᠶᠢᠲᠠᠬᠤ ᠲᠡᠭ ᠨᠡᠶᠢᠯᠡᠪᠦᠷᠢ ᠶᠢᠨ ᠦᠵᠡᠯᠴᠡᠭᠡᠨ ᠪᠢᠰᠢ᠂ ᠳᠤᠮᠳᠠᠳᠤ ᠠᠮᠧᠷᠢᠺᠠ ᠲᠤᠰ ᠲᠤᠰ ᠲᠠᠭᠠᠨ ᠠᠮᠵᠢᠯᠲᠠ | ᠣᠯᠬᠤ ᠨᠢ ᠬᠠᠷᠢᠯᠴᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠶᠤᠮ᠃ ᠥᠷᠭᠡᠨ | ᠠᠭᠤᠳᠠᠮ ᠳᠡᠯᠡᠬᠡᠢ ᠶᠢᠨ ᠪᠥᠮᠪᠥᠷᠴᠡᠭ ᠨᠢ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ᠂ ᠬᠠᠮᠲᠤ ᠶᠢᠨ | ᠴᠡᠴᠡᠭᠯᠡᠯ ᠢ ᠪᠦᠷᠢᠮᠦᠰᠦᠨ ᠪᠠᠭᠲᠠᠭᠠᠵᠤ ᠴᠢᠳᠠᠨ᠎ᠠ᠃ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠳᠣᠲᠣᠭᠠᠳᠤ | ᠭᠠᠳᠠᠭᠠᠳᠤ ᠲᠦᠷᠦ ᠶᠢᠨ ᠪᠣᠳᠣᠯᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠳᠤ ᠵᠥᠪ ᠢᠶᠠᠷ ᠬᠠᠨᠳᠤᠵᠤ᠂ | ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠠᠴᠠ ᠪᠢᠰᠢ ᠲᠡᠭ | ᠨᠡᠶᠢᠯᠡᠪᠦᠷᠢ ᠶᠢᠨ ᠪᠤᠰᠤ ᠭᠦᠭ ᠠᠶᠠᠰ ᠢ ᠲᠣᠭᠲᠠᠭᠠᠪᠠᠯ ᠵᠣᠬᠢᠨ᠎ᠠ᠃ ᠪᠢ ᠶᠡᠷᠦᠩᠬᠡᠶᠢᠯᠡᠭᠴᠢ ᠠᠪᠤᠭᠠᠢ ᠶᠢᠨ ︽ᠳᠥᠷᠪᠡ ᠶᠢ | ᠡᠷᠢᠯᠬᠢᠯᠡᠬᠦ ᠦᠭᠡᠢ ᠨᠢᠭᠡ ᠰᠠᠨᠠᠭ᠎ᠠ ᠦᠭᠡᠢ︾ ᠣᠪᠣᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠮᠳᠠᠳᠤ | ᠤᠯᠤᠰ ᠶᠡᠷᠦ ᠠᠴᠠ ᠤᠳᠤ ᠶᠢᠨ ᠤᠯᠠᠨ ᠤᠯᠤᠰ ᠤᠨ ᠡᠮᠬᠢ ᠳᠢᠭᠯᠢᠮ ᠢ ᠬᠤᠪᠢᠷᠠᠭᠤᠯᠬᠤ ᠶᠢ ᠡᠷᠢᠯᠬᠢᠯᠡᠬᠦ ᠦᠭᠡᠢ᠂ | ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ | ᠣᠷᠣᠯᠠᠬᠤ ᠰᠠᠨᠠᠭ᠎ᠠ ᠦᠭᠡᠢ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ | ᠵᠥᠪ ᠴᠢᠭᠯᠡᠯ ᠢᠶᠠᠷ ᠤᠷᠤᠭᠰᠢᠯᠠᠬᠤ ᠶᠢ ᠬᠠᠮᠲᠤ ᠪᠠᠷ ᠪᠠᠲᠤᠯᠠᠵᠤ᠂ ᠬᠡᠯᠪᠡᠶᠢᠬᠦ ᠦᠭᠡᠢ᠂ ᠬᠤᠷᠳᠤᠴᠠ ᠠᠯᠳᠠᠬᠤ ᠦᠭᠡᠢ᠂ ᠨᠡᠩ | ᠴᠤ ᠮᠥᠷᠭᠦᠯᠳᠦᠬᠦ ᠦᠭᠡᠢ ᠪᠠᠶᠢᠪᠠᠯ ᠵᠣᠬᠢᠨ᠎ᠠ᠃ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠣᠨ | ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠵᠢᠷᠤᠮᠯᠠᠬᠤ ᠪᠣᠯ ᠬᠤᠶᠠᠷ ᠲᠠᠯ᠎ᠠ ᠪᠠᠷ ᠢᠶᠠᠨ | ᠵᠥᠷᠢᠴᠡᠯ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ᠂ ᠮᠥᠷᠭᠦᠯᠳᠦᠭᠡᠨ ᠢ ᠰᠡᠷᠭᠡᠶᠢᠯᠡᠬᠦ ᠵᠠᠩᠭᠢᠯᠠᠭ᠎ᠠ ᠮᠥᠨ᠂ ᠪᠠᠰᠠ ᠴᠤ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠠᠮᠤᠭ ᠤᠨ ᠴᠢᠬᠤᠯᠠ ᠰᠡᠷᠭᠡᠶᠢᠯᠡᠯᠲᠡ ᠪᠠ ᠠᠮᠤᠷ ᠲᠦᠪᠰᠢᠨ ᠤ ᠲᠣᠣᠷ ᠮᠥᠨ | ᠭᠡᠵᠦ ᠵᠢᠭᠠᠵᠤ ᠭᠠᠷᠭᠠᠪᠠ᠃ | ᠰᠢ ᠶᠢᠨ ᠫᠢᠩ ᠲᠠᠶᠢᠸᠠᠨ ᠤ ᠠᠰᠠᠭᠤᠳᠠᠯ ᠤᠨ ᠢᠷᠡᠯᠲᠡ ᠵᠢᠴᠢ ᠳᠤᠮᠳᠠᠳᠤ ᠶᠢᠨ ᠲᠠᠯ᠎ᠠ ᠶᠢᠨ ᠵᠠᠷᠴᠢᠮ ᠵᠣᠭᠰᠣᠯᠲᠠ ᠶᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠤᠯᠤᠰ ᠤᠨ | ᠭᠤᠣᠯᠯᠠᠭᠴᠢ ᠠᠰᠢᠭ ᠲᠤᠰᠠ ᠶᠢᠨ ᠳᠤᠮᠳᠠᠬᠢ ᠭᠤᠣᠯᠯᠠᠭᠴᠢ ᠮᠥᠨ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠤᠯᠤᠰ | ᠲᠦᠷᠦ ᠶᠢᠨ ᠰᠠᠭᠤᠷᠢ ᠶᠢᠨ ᠳᠤᠮᠳᠠᠬᠢ ᠰᠠᠭᠤᠷᠢ ᠮᠥᠨ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠠᠪᠠᠵᠤ ᠪᠣᠯᠣᠰᠢ | ᠦᠭᠡᠢ ᠨᠢᠭᠡᠳᠦᠭᠡᠷ ᠤᠯᠠᠭᠠᠨ ᠱᠤᠭᠤᠮ ᠮᠥᠨ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤᠴᠤᠳ ᠤᠨ | ᠥᠪᠡᠷ ᠤᠨ ᠶᠠᠪᠤᠳᠠᠯ ᠮᠥᠨ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠮᠥᠨ᠃ ᠡᠬᠡ ᠤᠯᠤᠰ ᠤᠨ ᠨᠢᠭᠡᠳᠦᠯ ᠪᠠ | ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠪᠣᠯᠣᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠶᠠᠮᠠᠷᠪᠠ ᠬᠥᠮᠥᠨ ᠲᠠᠶᠢᠸᠠᠨ ᠢ ᠳᠤᠮᠳᠠᠳᠤ | ᠤᠯᠤᠰ ᠠᠴᠠ ᠬᠠᠭᠠᠴᠠᠭᠤᠯᠤᠨ ᠰᠠᠯᠭᠠᠬᠤ ᠶᠢ ᠰᠠᠨᠠᠭᠠᠷᠬᠠᠬᠤ ᠨᠢ ᠳᠤᠮᠳᠠᠳᠤ ᠤᠯᠤᠰ ᠤᠨ ᠦᠨᠳᠦᠰᠦᠲᠡᠨ ᠤ ᠶᠡᠭᠡ | ᠵᠢᠷᠤᠮ ᠠᠴᠠ ᠲᠡᠷᠰᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠶᠠᠭᠠᠬᠢᠭᠰᠠᠨ ᠴᠤ ᠵᠥᠪᠰᠢᠶᠡᠷᠡᠬᠦ ᠦᠭᠡᠢ ᠶᠤᠮ︕ | ᠪᠢᠳᠡ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠬᠤ ᠶᠢ ᠭᠦᠰᠡᠭᠦ ᠪᠥᠭᠡᠳ ᠢᠮᠠᠭᠲᠠ ᠪᠠᠲᠤᠯᠠᠬᠤ ᠪᠠᠷ | ᠴᠢᠷᠮᠠᠶᠢᠵᠤ ᠪᠠᠶᠢᠨ᠎ᠠ᠂ ᠭᠡᠲᠡᠯ᠎ᠡ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠪᠣᠯᠣᠨ ᠲᠠᠶᠢᠸᠠᠨ ᠬᠤᠭᠤᠯᠠᠢ ᠶᠢᠨ ᠡᠩᠬᠡ | ᠲᠠᠶᠢᠪᠤᠩ ᠲᠣᠭᠲᠠᠭᠤᠨ ᠪᠣᠯ ᠭᠠᠯ ᠤᠰᠤ ᠰᠢᠭ᠋ ᠬᠠᠷᠰᠢᠯᠳᠤᠬᠤ ᠶᠤᠮ᠃ ᠠᠮᠧᠷᠢᠺᠠ ᠶᠢᠨ ᠲᠠᠯ᠎ᠠ ᠶᠢᠨ ᠬᠢᠨ ᠤ ᠬᠡᠯᠡᠵᠦ ᠬᠢᠬᠦ | ᠨᠢ ᠨᠢᠭᠡᠳᠦᠯᠲᠡᠢ ᠪᠠᠶᠢᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠪᠠ ᠳᠤᠮᠳᠠᠳᠤ ᠠᠮᠧᠷᠢᠺᠠ ᠶᠢᠨ | ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠬᠢᠴᠢᠶᠡᠩᠭᠦᠶᠢᠯᠡᠨ ᠵᠢᠷᠤᠮᠯᠠᠬᠤ ᠶᠢ ᠬᠦᠰᠡᠵᠦ ᠪᠠᠶᠢᠨ᠎ᠠ᠃ ᠶᠡᠷᠦᠩᠬᠡᠶᠢᠯᠡᠭᠴᠢ | ᠠᠪᠤᠭᠠᠢ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠭᠦ ᠦᠭᠡᠢ᠂ ᠲᠠᠶᠢᠸᠠᠨ ᠢ ᠳᠤᠮᠳᠠᠳᠤ ᠤᠯᠤᠰ ᠲᠠᠢ | ᠥᠷᠢᠰᠦᠯᠳᠦᠬᠦ ᠳᠠᠪᠠᠭᠤᠯᠢᠭ ᠪᠣᠯᠭᠠᠨ ᠡᠷᠢᠯᠬᠢᠯᠡᠬᠦ ᠪᠤᠶᠤ ᠳᠤᠮᠳᠠᠳᠤ ᠤᠯᠤᠰ ᠢ ᠬᠤᠷᠢᠭᠯᠠᠬᠤ ᠪᠠᠭᠠᠵᠢ ᠪᠤᠯᠭᠠᠬᠤ ᠰᠠᠨᠠᠭ᠎ᠠ | ᠦᠭᠡᠢ ᠭᠡᠵᠦ ᠤᠯᠠᠨ ᠤᠳᠠᠭ᠎ᠠ ᠬᠡᠯᠡᠵᠦ ᠥᠩᠭᠡᠷᠡᠪᠡ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ᠠᠮᠠᠯᠠᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠷᠬᠡ ᠴᠢᠯᠦᠭᠡ᠂ ᠠᠷᠠᠳᠴᠢᠯᠠᠯ᠂ ᠬᠥᠮᠥᠨ ᠤ ᠡᠷᠬᠡ ᠪᠣᠯ ᠬᠥᠮᠥᠨ ᠲᠥᠷᠥᠯᠬᠢᠲᠡᠨ ᠤ ᠬᠠᠮᠲᠤ ᠶᠢᠨ | ᠬᠥᠭᠡᠭᠡᠴᠡᠯᠳᠦᠯ ᠪᠤᠯᠬᠤ ᠪᠥᠭᠡᠳ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠶᠢᠨ ᠬᠥᠭᠡᠭᠡᠴᠡᠯᠳᠦᠯ | ᠮᠥᠨ᠃ ᠠᠮᠧᠷᠢᠺᠠ ᠳᠤ ᠠᠮᠧᠷᠢᠺᠠ ᠮᠠᠶ᠋ᠢᠭ ᠤᠨ ᠠᠷᠠᠳᠴᠢᠯᠠᠯ ᠲᠠᠢ᠂ ᠳᠤᠮᠳᠠᠳᠤ ᠤᠯᠤᠰ ᠲᠤ ᠳᠤᠮᠳᠠᠳᠤ ᠤᠯᠤᠰ ᠤᠨ | ᠮᠠᠶ᠋ᠢᠭ ᠤᠨ ᠠᠷᠠᠳᠴᠢᠯᠠᠯ ᠲᠠᠢ᠂ ᠪᠦᠷ ᠲᠤᠰ ᠲᠤᠰ ᠤᠨ ᠤᠯᠤᠰ ᠤᠨ ᠬᠢᠨᠢ ᠪᠠᠶᠢᠳᠠᠯ ᠳᠤ ᠨᠡᠶᠢᠴᠡᠨ᠎ᠡ᠃ ᠳᠤᠮᠳᠠᠳᠤ | ᠤᠯᠤᠰ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠨᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠠ ᠲᠡᠦᠬᠡ | ᠰᠣᠶᠣᠯ ᠳᠤ ᠰᠠᠭᠤᠷᠢᠯᠠᠵᠤ᠂ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠦᠭᠰᠡᠨ ᠳᠤ ᠪᠢᠳᠡ ᠮᠥᠨ ᠠᠳᠠᠯᠢᠬᠠᠨ | ᠣᠮᠣᠭᠰᠢᠵᠤ ᠪᠠᠶᠢᠨ᠎ᠠ᠃ ᠶᠠᠮᠠᠷᠪᠠ ᠤᠯᠤᠰ ᠤᠨ ᠠᠷᠠᠳᠴᠢᠯᠠᠯ ᠤᠨ ᠳᠦᠷᠢᠮ ᠨᠢ ᠪᠦᠷ ᠬᠢᠵᠠᠭᠠᠯᠠᠰᠢ ᠦᠭᠡᠢ ᠪᠦᠷᠢᠨ | ᠲᠡᠭᠦᠯᠳᠡᠷ ᠪᠠᠶᠢᠵᠤ ᠴᠢᠳᠠᠬᠤ ᠦᠭᠡᠢ ᠶᠤᠮ᠂ ᠴᠥᠮ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ | ᠶᠤᠮ᠃ ᠬᠤᠶᠠᠷ ᠲᠠᠯ᠎ᠠ ᠶᠢᠨ ᠬᠢᠨ ᠤ ᠳᠤᠮᠳᠠ ᠣᠷᠣᠰᠢᠵᠤ ᠪᠠᠶᠢᠭ᠎ᠠ ᠪᠣᠳᠠᠲᠠᠢ ᠵᠥᠷᠢᠯᠳᠦᠭᠡᠨ ᠢ ᠰᠤᠳᠤᠯᠤᠨ ᠶᠠᠷᠢᠯᠴᠠᠵᠤ | ᠪᠣᠯᠣᠨ᠎ᠠ᠂ ᠡᠭᠦᠨ ᠤ ᠤᠷᠢᠲᠠᠯ ᠪᠣᠯ ᠡᠷᠬᠡ ᠲᠡᠭᠰᠢ ᠪᠠᠷ ᠰᠠᠨᠠᠯ ᠢᠶᠠᠨ ᠰᠣᠯᠢᠯᠴᠠᠬᠤ ᠶᠠᠪᠤᠳᠠᠯ ᠪᠣᠯᠣᠨ᠎ᠠ᠃ ︽ | ᠠᠷᠠᠳᠴᠢᠯᠠᠯ ᠢᠶᠠᠷ ᠡᠷᠬᠡ ᠰᠦᠷ ᠢ ᠡᠰᠡᠷᠭᠦᠴᠡᠬᠦ︾ ᠭᠡᠳᠡᠭ ᠨᠢ ᠣᠳᠣᠬᠠᠨ ᠤ ᠳᠡᠯᠡᠬᠡᠢ ᠳ᠋ᠠᠬᠢᠨ ᠤ ᠣᠨᠴᠠᠯᠢᠭ ᠪᠢᠰᠢ᠂ ᠴᠠᠭ | ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠩ ᠨᠡᠶᠢᠴᠡᠭᠦ ᠦᠭᠡᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠮᠧᠷᠢᠺᠠ ᠬᠥᠷᠥᠩᠭᠡᠲᠦ ᠶᠣᠰᠣ ᠶᠢ ᠬᠡᠷᠡᠭᠵᠢᠭᠦᠯᠵᠦ ᠪᠠᠶᠢᠨ᠎ᠠ᠂ ᠳᠤᠮᠳᠠᠳᠤ ᠤᠯᠤᠰ ᠨᠡᠶᠢᠭᠡᠮ | ᠵᠢᠷᠤᠮ ᠢ ᠬᠡᠷᠡᠭᠵᠢᠭᠦᠯᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠠᠳᠠᠯᠢ ᠪᠤᠰᠤ ᠵᠠᠮ ᠢᠶᠠᠷ ᠵᠠᠮᠨᠠᠵᠤ ᠪᠠᠶᠢᠨ᠎ᠠ᠃ ᠡᠶᠢᠮᠦ ᠠᠳᠠᠯᠢ | ᠪᠤᠰᠤ ᠪᠠᠶᠢᠳᠠᠯ ᠥᠨᠥᠳᠥᠷ ᠰᠠᠶ᠋ᠢ ᠣᠷᠣᠰᠢᠵᠤ ᠪᠠᠶᠢᠭ᠎ᠠ ᠪᠢᠰᠢ᠂ ᠬᠤᠶᠢᠰᠢᠳᠠ ᠪᠠᠰᠠ ᠦᠷᠭᠦᠯᠵᠢᠯᠡᠨ ᠣᠷᠣᠰᠢᠬᠤ ᠪᠣᠯᠣᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠳᠤᠮᠳᠠᠳᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ | 14 ᠳ᠋ᠦᠩᠰᠢᠭᠤᠷ ᠠᠷᠠᠳ ᠲᠦᠮᠡᠨ ᠤ ᠬᠦᠷᠢᠶᠡᠯᠡᠯ ᠪᠠ ᠳᠡᠮᠵᠢᠯᠭᠡ ᠶᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ ᠤᠨ | ᠬᠥᠭᠵᠢᠯᠲᠡ ᠪᠠ ᠲᠣᠭᠲᠠᠭᠤᠨ ᠪᠠᠶᠢᠳᠠᠯ ᠤᠨ ᠦᠨᠳᠦᠰᠦᠨ ᠪᠠᠲᠤᠯᠠᠭ᠎ᠠ ᠮᠥᠨ᠃ ᠳᠤᠮᠳᠠᠳᠤ ᠠᠮᠧᠷᠢᠺᠠ ᠶᠢᠨ | ᠬᠠᠷᠢᠯᠴᠠᠭᠠᠨ ᠳᠠᠬᠢ ᠮᠠᠰᠢ ᠴᠢᠬᠤᠯᠠ ᠨᠢᠭᠡ ᠵᠤᠷᠪᠤᠰ ᠪᠣᠯ ᠳᠠᠷᠤᠢ ᠡᠨᠡ ᠬᠦ ᠠᠳᠠᠯᠢ ᠪᠤᠰᠤ ᠶᠢ ᠮᠡᠳᠡᠷᠡᠵᠦ᠂ ᠡᠨᠡ ᠬᠦ ᠠᠳᠠᠯᠢ | ᠪᠤᠰᠤ ᠶᠢ ᠭᠦᠨᠳᠦᠳᠭᠡᠵᠤ᠂ ᠬᠠᠷᠢᠨ ᠨᠢᠭᠡ ᠯᠡ ᠠᠳᠠᠯᠢ ᠪᠤᠯᠭᠠᠬᠤ ᠪᠠᠷ ᠠᠯᠪᠠᠳᠠᠵᠤ᠂ ᠴᠢᠨᠠᠭᠰᠢᠯᠠᠪᠠᠯ ᠨᠦᠭᠦᠭᠡ | ᠡᠲᠡᠭᠡᠳ ᠤᠨ ᠢᠶᠠᠨ ᠪᠠᠶᠢᠭᠤᠯᠤᠯ ᠢ ᠬᠤᠪᠢᠷᠠᠭᠤᠯᠬᠤ ᠪᠤᠶᠤ ᠨᠤᠷᠠᠭᠠᠬᠤ ᠪᠠᠷ ᠤᠷᠤᠯᠳᠤᠬᠤ ᠶᠠᠪᠤᠳᠠᠯ ᠪᠢᠰᠢ ᠶᠤᠮ᠃ | ᠠᠮᠧᠷᠢᠺᠠ ᠶᠢᠨ ᠬᠢᠨ ᠬᠤᠯᠪᠣᠭᠳᠠᠯ ᠪᠦᠬᠦᠢ ᠠᠮᠠᠯᠠᠯᠲᠠ ᠪᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠬᠠᠷᠢᠨ | ᠭᠡᠯᠡᠭᠦ ᠨᠢ ᠨᠢᠭᠡ ᠶᠠᠩᠵᠤ ᠬᠢᠬᠦ ᠨᠢ ᠪᠠᠰᠠ ᠨᠢᠭᠡ ᠶᠠᠩᠵᠤ ᠪᠠᠶᠢᠵᠤ ᠪᠤᠯᠬᠤ ᠦᠭᠡᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠠᠮᠧᠷᠢᠺᠠ ᠪᠣᠯ ᠲᠡᠦᠬᠡ ᠰᠣᠶᠣᠯ᠂ ᠨᠡᠶᠢᠭᠡᠮ ᠤᠨ ᠪᠠᠶᠢᠭᠤᠯᠤᠯ᠂ ᠬᠥᠭᠵᠢᠯᠲᠡ ᠶᠢᠨ ᠵᠠᠮ | ᠠᠳᠠᠯᠢ ᠪᠤᠰᠤ ᠬᠤᠶᠠᠷ ᠲᠣᠮᠣ ᠤᠯᠤᠰ ᠪᠣᠯᠣᠨ᠎ᠠ᠂ ᠥᠩᠭᠡᠷᠡᠭᠰᠡᠨ ᠪᠠ ᠤᠳᠤ ᠵᠥᠷᠢᠶ᠎ᠡ ᠪᠠ ᠵᠥᠷᠢᠯᠳᠦᠭᠡᠨ ᠲᠠᠢ᠂ | ᠬᠤᠶᠢᠰᠢᠳᠠ ᠪᠠᠰᠠ ᠪᠠᠶᠢᠬᠤ ᠶᠤᠮ᠂ ᠭᠡᠪᠡᠴᠦ ᠡᠨᠡ ᠨᠢ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ | ᠬᠠᠷᠰᠢ ᠰᠠᠭᠠᠳ ᠪᠤᠯᠬᠤ ᠦᠭᠡᠢ ᠪᠠᠶᠢᠪᠠᠯ ᠵᠣᠬᠢᠨ᠎ᠠ᠃ ᠬᠡᠵᠢᠶ᠎ᠡ ᠴᠦ ᠭᠡᠰᠡᠨ ᠳᠡᠯᠡᠬᠡᠢ ᠶᠢᠷᠲᠢᠨᠴᠦ ᠪᠦᠷ ᠥᠷᠢᠰᠦᠯᠳᠦᠭᠡᠨ ᠲᠠᠢ | ᠂ ᠭᠡᠪᠡᠴᠦ ᠥᠷᠢᠰᠦᠯᠳᠦᠭᠡᠨ ᠨᠢ ᠬᠠᠷᠢᠯᠴᠠᠨ ᠲᠣᠯᠢᠯᠠᠵᠤ᠂ ᠴᠢᠷᠮᠠᠶᠢᠨ ᠥᠷᠢᠰᠦᠯᠳᠦᠵᠦ᠂ ᠬᠠᠮᠲᠤ ᠪᠠᠷ ᠳᠠᠪᠰᠢᠬᠤ ᠠᠴᠠ | ᠪᠢᠰᠢ᠂ ᠬᠠᠷᠢᠨ ᠴᠢ ᠢᠯᠠᠭᠳᠠᠪᠠᠯ ᠪᠢ ᠢᠯᠠᠵᠤ᠂ ᠦᠬᠦᠵᠦ ᠰᠡᠭᠡᠭᠦ ᠪᠠᠨ ᠦᠵᠡᠯᠴᠡᠬᠦ ᠶᠠᠪᠤᠳᠠᠯ ᠪᠢᠰᠢ ᠪᠠᠶᠢᠪᠠᠯ ᠵᠣᠬᠢᠨ᠎ᠠ᠃ | ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠢᠷᠠᠭᠤ ᠠᠯᠳᠠᠷᠲᠤ ᠤᠯᠠᠮᠵᠢᠯᠠᠯ ᠲᠠᠢ᠂ ᠠᠯᠢᠪᠠ ᠳᠠᠷᠤᠯᠲᠠ | ᠪᠠ ᠬᠤᠷᠢᠭᠯᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠣᠷᠢᠭ ᠪᠠ ᠬᠠᠯᠠᠭᠤᠨ ᠰᠡᠳᠬᠢᠯᠭᠡ ᠶᠢ | ᠬᠥᠭᠵᠢᠭᠡᠳᠡᠭ ᠶᠤᠮ᠃ ᠠᠷᠠᠯᠵᠢᠶᠠᠨ ᠤ ᠲᠠᠶᠢᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠠᠶᠢᠨ ᠬᠢᠵᠦ᠂ | ᠵᠣᠷᠢᠭᠤᠳᠠ ︽ᠬᠡᠷᠡᠮ ᠪᠣᠰᠬᠠᠨ ᠪᠠᠬᠢᠯᠡᠯᠲᠡ ᠪᠠᠶᠢᠭᠤᠯᠵᠤ︾᠂ ᠠᠯᠪᠠ ᠪᠠᠷ ︽ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ | ᠲᠠᠰᠤᠯᠬᠤ︾ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠠᠷᠴᠢᠮ ᠢ ᠪᠦᠷᠢᠮᠦᠰᠦᠨ ᠵᠥᠷᠢᠴᠡᠵᠦ᠂ ᠤᠯᠠᠨ ᠤᠯᠤᠰ ᠤᠨ | ᠠᠷᠠᠯᠵᠢᠶᠠᠨ ᠤ ᠳᠦᠷᠢᠮ ᠢ ᠡᠪᠳᠡᠵᠦ᠂ ᠪᠤᠰᠤᠳ ᠢ ᠬᠤᠬᠢᠷᠠᠭᠤᠯᠵᠤ ᠥᠪᠡᠷ ᠢ ᠪᠠᠨ ᠬᠤᠬᠢᠷᠠᠭᠤᠯᠬᠤ ᠯᠠ ᠲᠡᠳᠦᠢ ᠶᠤᠮ᠃ | ᠪᠢᠳᠡ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ ᠲᠥᠷᠥᠴᠢᠯᠡᠬᠦ᠂ | ᠵᠡᠪᠰᠡᠭᠵᠢᠭᠦᠯᠬᠦ ᠶᠢ ᠡᠰᠡᠷᠭᠦᠴᠡᠨ᠎ᠡ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠠᠮᠧᠷᠢᠺᠠ ᠬᠤᠶᠠᠷ ᠤᠯᠤᠰ ᠤᠨ | ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠳᠤᠮᠳᠠᠳᠤ ᠠᠮᠧᠷᠢᠺᠠ ᠮᠥᠷᠭᠦᠯᠳᠦᠬᠦ | ᠦᠭᠡᠢ᠂ ᠡᠰᠡᠷᠭᠦᠴᠡᠯᠳᠦᠬᠦ ᠦᠭᠡᠢ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠬᠤᠶᠠᠷ ᠤᠯᠤᠰ ᠤᠨ ᠬᠠᠮᠤᠭ ᠤᠨ | ᠦᠨᠳᠦᠰᠦᠨ ᠬᠠᠮᠲᠤ ᠶᠢᠨ ᠠᠰᠢᠭ ᠲᠤᠰᠠ ᠪᠣᠯᠣᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ | ᠠᠭᠤᠰᠤᠯᠴᠠᠵᠤ᠂ ᠰᠢᠨ᠎ᠡ ᠬᠥᠭᠵᠢᠯᠲᠡ ᠶᠢᠨ ᠡᠭᠦᠷᠭᠡ ᠳᠤ ᠲᠤᠯᠭᠠᠷᠠᠵᠤ᠂ ᠨᠦᠭᠦᠭᠡ ᠡᠲᠡᠭᠡᠳ ᠤᠨ ᠢᠶᠠᠨ ᠬᠥᠭᠵᠢᠯᠲᠡ ᠠᠴᠠ | ᠠᠰᠢᠭ ᠭᠦᠷᠳᠡᠭᠦ ᠴᠢᠬᠤᠯᠠᠲᠠᠢ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠣᠯᠣᠨ᠎ᠠ᠃ ᠪᠦᠭᠦ ᠪᠥᠮᠪᠥᠷᠴᠡᠭ ᠤᠨ | ᠠᠵᠤ ᠠᠬᠤᠢ ᠶᠢᠨ ᠬᠢᠵᠢᠭ ᠤᠨ ᠳᠠᠷᠠᠭᠠᠬᠢ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠭᠠᠵᠠᠷ | ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠦ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ | ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠤᠯᠬᠤ ᠶᠤᠮ᠃ | ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭ ᠬᠦᠷᠲᠡᠵᠦ᠂ | ᠶᠡᠭᠡ ᠲᠠᠯ᠎ᠠ ᠶᠢ ᠪᠣᠳᠣᠯᠬᠢᠯᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠠᠶᠢᠨ ᠰᠠᠶᠢᠬᠠᠨ ᠠᠭᠤᠷ ᠠᠮᠢᠰᠬᠤᠯ ᠪᠣᠯᠣᠨ | ᠲᠣᠭᠲᠠᠭᠤᠨ ᠬᠠᠷᠢᠴᠠᠭ᠎ᠠ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ᠃ | ᠪᠠᠶᠢᠳᠧᠨ᠂ ᠪᠢ ᠲᠡᠷᠢᠭᠦᠯᠡᠭᠴᠢ ᠰᠢ ᠶᠢᠨ ᠫᠢᠩ ᠲᠠᠢ ᠲᠠᠨᠢᠯᠴᠠᠭᠠᠳ ᠤᠯᠠᠨ ᠵᠢᠯ ᠪᠣᠯᠵᠤ ᠪᠠᠶᠢᠨ᠎ᠠ᠂ ᠪᠠᠶᠢᠩᠭᠤ ᠶᠢᠨ | ᠴᠢᠨᠠᠷᠲᠠᠢ ᠣᠯᠣᠯᠴᠠᠭ᠎ᠠ ᠪᠠᠨ ᠪᠠᠲᠤᠯᠠᠵᠤ ᠪᠠᠶᠢᠨ᠎ᠠ᠂ ᠭᠡᠪᠡᠴᠦ ᠶᠠᠭᠠᠬᠢᠭᠰᠠᠨ ᠴᠤ ᠨᠢᠭᠤᠷᠳᠠᠭᠰᠠᠨ ᠠᠭᠤᠯᠵᠠᠯᠲᠠ ᠶᠢ ᠣᠷᠣᠯᠠᠵᠤ | ᠴᠢᠳᠠᠬᠤ ᠦᠭᠡᠢ ᠶᠤᠮ᠃ ᠲᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ ᠪᠠᠷ ᠳᠠᠬᠢᠨᠲᠠ ᠰᠣᠩᠭᠤᠭᠳᠠᠭᠰᠠᠨ ᠳᠤ ᠴᠢᠨᠢ ᠪᠠᠶᠠᠷ ᠬᠦᠷᠭᠡᠵᠦ ᠪᠠᠶᠢᠨ᠎ᠠ᠃ ᠠᠮᠧᠷᠢᠺᠠ ᠳᠤᠮᠳᠠᠳᠤ ᠬᠤᠶᠠᠷ ᠲᠣᠮᠣ | ᠤᠯᠤᠰ ᠪᠣᠯᠤᠭᠰᠠᠨ ᠤ ᠬᠤᠪᠢ ᠳᠤ ᠪᠦᠲᠦᠭᠡᠯᠴᠢ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠬᠠᠷᠢᠭᠤᠴᠠᠯᠭ᠎ᠠ ᠲᠠᠢ ᠶᠤᠮ᠃ | ᠠᠮᠧᠷᠢᠺᠠ ᠶᠢᠨ ᠬᠢᠨ ᠬᠤᠶᠠᠷ ᠤᠯᠤᠰ ᠤᠨ ᠲᠡᠷᠢᠭᠦᠨ ᠵᠢᠴᠢ ᠵᠠᠰᠠᠭ ᠤᠨ ᠣᠷᠳᠣᠨ ᠤ ᠡᠯ᠎ᠡ ᠲᠡᠰ ᠳᠠᠪᠬᠤᠷᠭ᠎ᠠ ᠶᠢᠨ | ᠣᠯᠣᠯᠴᠠᠭ᠎ᠠ ᠶᠢᠨ ᠵᠠᠮ ᠢ ᠰᠠᠭᠠᠳ ᠦᠭᠡᠢ ᠨᠡᠪᠲᠡᠷᠡᠭᠦᠯᠬᠦ ᠪᠠᠷ ᠴᠢᠷᠮᠠᠶᠢᠵᠤ᠂ ᠬᠤᠶᠠᠷ ᠲᠠᠯ᠎ᠠ ᠶᠢᠨ ᠵᠥᠷᠢᠯᠳᠦᠭᠡᠨ ᠲᠠᠢ ᠪᠠᠶᠢᠬᠤ | ᠠᠰᠠᠭᠤᠳᠠᠯ ᠤᠨ ᠲᠤᠬᠠᠢ ᠦᠨᠡᠨᠴᠢ ᠪᠠᠷ ᠶᠠᠷᠢᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ | ᠲᠦᠪᠰᠢᠨ ᠵᠡᠷᠭᠡ ᠴᠢᠬᠤᠯᠠ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠴᠢᠬᠤᠯᠠ ᠪᠦᠬᠦᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠦᠢᠯᠡᠳᠦᠯ ᠦᠵᠡᠭᠦᠯᠭᠦ ᠴᠢᠬᠤᠯᠠᠲᠠᠢ ᠪᠠᠶᠢᠨ᠎ᠠ᠃ ᠡᠨᠡ ᠨᠢ | ᠠᠮᠧᠷᠢᠺᠠ ᠳᠤᠮᠳᠠᠳᠤ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠲᠤᠶᠢᠯ ᠤᠨ ᠴᠢᠬᠤᠯᠠ ᠪᠥᠭᠡᠳ | ᠪᠦᠭᠦ ᠳᠡᠯᠡᠬᠡᠢ ᠳᠤ ᠴᠦ ᠲᠤᠶᠢᠯ ᠤᠨ ᠴᠢᠬᠤᠯᠠ ᠶᠤᠮ᠃ ᠨᠢᠭᠡᠨ ᠲᠣᠭᠲᠠᠭᠤᠨ ᠪᠥᠭᠡᠳ ᠬᠥᠭᠵᠢᠭᠰᠡᠨ ᠳᠤᠮᠳᠠᠳᠤ ᠤᠯᠤᠰ ᠨᠢ | ᠠᠮᠧᠷᠢᠺᠠ ᠪᠣᠯᠣᠨ ᠳᠡᠯᠡᠬᠡᠢ ᠶᠢᠨ ᠠᠰᠢᠭ ᠲᠤᠰᠠ ᠳᠤ ᠨᠡᠶᠢᠴᠡᠭᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ᠃ ᠠᠮᠧᠷᠢᠺᠠ | ᠳᠤᠮᠳᠠᠳᠤ ᠤᠯᠤᠰ ᠤᠨ ᠪᠠᠶᠢᠭᠤᠯᠤᠮᠵᠢ ᠶᠢ ᠭᠦᠨᠳᠦᠳᠭᠡᠵᠦ᠂ ᠳᠤᠮᠳᠠᠳᠤ ᠤᠯᠤᠰ ᠤᠨ ᠪᠠᠶᠢᠭᠤᠯᠤᠯ ᠢ ᠬᠤᠪᠢᠷᠠᠭᠤᠯᠬᠤ ᠶᠢ | ᠡᠷᠢᠯᠬᠢᠯᠡᠬᠦ ᠦᠭᠡᠢ᠂ ︽ᠰᠢᠨ᠎ᠡ ᠬᠦᠢᠲᠡᠨ ᠲᠠᠶᠢᠨ︾ ᠢ ᠡᠷᠢᠯᠬᠢᠯᠡᠬᠦ ᠦᠭᠡᠢ᠂ ᠬᠤᠯᠪᠣᠭᠠᠨ ᠤ ᠬᠠᠨᠢᠲᠠᠨ ᠤ ᠬᠠᠷᠢᠴᠠᠭ᠎ᠠ ᠪᠠᠨ | ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠢ ᠳᠡᠮᠵᠢᠭᠦ ᠦᠭᠡᠢ᠂ ︽ᠬᠤᠶᠠᠷ ᠳᠤᠮᠳᠠᠳᠤ ᠤᠯᠤᠰ︾᠂ ︽ᠨᠢᠭᠡ ᠳᠤᠮᠳᠠᠳᠤ ᠤᠯᠤᠰ ᠨᠢᠭᠡ | ᠲᠠᠶᠢᠸᠠᠨ︾ ᠢ ᠴᠤ ᠳᠡᠮᠵᠢᠭᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠭᠦ ᠰᠠᠨᠠᠭ᠎ᠠ ᠦᠭᠡᠢ᠃ | ᠠᠮᠧᠷᠢᠺᠠ ᠶᠢᠨ ᠬᠢᠨ ᠴᠦ ᠳᠤᠮᠳᠠᠳᠤ ᠤᠯᠤᠰ ᠲᠠᠢ ︽ᠬᠠᠷᠢᠯᠴᠠᠭ᠎ᠠ ᠪᠠᠨ ᠲᠠᠰᠤᠯᠬᠤ︾ ᠰᠠᠨᠠᠭ᠎ᠠ ᠦᠭᠡᠢ᠂ ᠳᠤᠮᠳᠠᠳᠤ | ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠠᠷᠰᠢᠯᠠᠬᠤ ᠰᠠᠨᠠᠭ᠎ᠠ ᠦᠭᠡᠢ᠂ ᠳᠤᠮᠳᠠᠳᠤ ᠤᠯᠤᠰ ᠢ ᠪᠦᠰᠡᠯᠡᠵᠦ | ᠬᠤᠷᠢᠭᠯᠠᠬᠤ ᠰᠠᠨᠠᠭ᠎ᠠ ᠦᠭᠡᠢ ᠭᠡᠵᠦ ᠢᠯᠡᠳᠬᠡᠪᠡ᠃ | ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠬᠡᠷᠬᠢᠨ ᠭᠦᠭᠵᠢᠭᠦ ᠨᠢ ᠢᠷᠡᠭᠡᠳᠦᠢ ᠶᠢᠨ ᠳᠡᠯᠡᠬᠡᠢ ᠳ᠋ᠠᠬᠢᠨ ᠳᠤ | ᠲᠤᠶᠢᠯ ᠤᠨ ᠴᠢᠬᠤᠯᠠ ᠶᠤᠮ᠃ ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ᠂ ᠠᠮᠧᠷᠢᠺᠠ ᠳᠤᠮᠳᠠᠳᠤ ᠵᠥᠷᠢᠯᠳᠦᠭᠡᠨ ᠢᠶᠠᠨ | ᠬᠠᠮᠢᠶᠠᠷᠤᠨ ᠡᠵᠡᠮᠳᠡᠵᠦ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠤᠶᠤ ᠬᠤᠷᠴᠠ ᠰᠢᠷᠦᠭᠦᠨ | ᠥᠷᠢᠰᠦᠯᠳᠦᠭᠡᠨ ᠠᠴᠠ ᠪᠣᠯᠵᠤ ᠡᠰᠡᠷᠭᠦᠴᠡᠯᠳᠦᠬᠦ ᠴᠢᠨᠠᠭᠰᠢᠯᠠᠪᠠᠯ ᠮᠥᠷᠭᠦᠯᠳᠦᠭᠡᠨ ᠭᠠᠷᠬᠤ ᠠᠴᠠ ᠵᠠᠶᠢᠯᠠᠰᠬᠢᠬᠦ ᠪᠠ | ᠰᠡᠷᠭᠡᠶᠢᠯᠡᠵᠦ ᠴᠢᠳᠠᠬᠤ ᠶᠢ ᠳᠡᠯᠡᠬᠡᠢ ᠳ᠋ᠠᠬᠢᠨ ᠳᠤ ᠦᠵᠡᠭᠦᠯᠭᠦ ᠬᠠᠮᠲᠤ ᠶᠢᠨ ᠬᠠᠷᠢᠭᠤᠴᠠᠯᠭ᠎ᠠ ᠲᠠᠢ ᠶᠤᠮ᠃ ᠠᠮᠧᠷᠢᠺᠠ ᠶᠢᠨ | ᠬᠢᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠵᠢᠯᠤᠭᠤᠳᠬᠤ ᠵᠠᠷᠴᠢᠮ ᠢ ᠲᠣᠭᠲᠠᠭᠠᠪᠠᠯ ᠵᠣᠬᠢᠬᠤ ᠶᠢ ᠵᠥᠪᠰᠢᠶᠡᠷᠡᠵᠦ | ᠪᠠᠶᠢᠨ᠎ᠠ᠂ ᠬᠤᠶᠠᠷ ᠲᠠᠯ᠎ᠠ ᠶᠢᠨ ᠪᠦᠯᠭᠦᠮ ᠤᠤᠯ ᠤᠨ ᠬᠠᠮᠲᠤ ᠶᠢᠨ ᠲᠠᠨᠢᠯᠲᠠ ᠶᠢᠨ ᠰᠠᠭᠤᠷᠢᠨ ᠳᠡᠭᠡᠷ᠎ᠡ ᠦᠷᠭᠦᠯᠵᠢᠯᠡᠨ | ᠶᠠᠷᠢᠯᠴᠠᠵᠤ᠂ ᠡᠷᠲᠡᠬᠡᠨ ᠰᠠᠨᠠᠯ ᠨᠢᠭᠡᠳᠭᠦ ᠪᠠᠷ ᠴᠢᠷᠮᠠᠶᠢᠪᠠᠯ ᠵᠣᠬᠢᠨ᠎ᠠ᠃ ᠠᠮᠧᠷᠢᠺᠠ ᠶᠢᠨ ᠵᠠᠰᠠᠭ ᠤᠨ ᠣᠷᠳᠣᠨ ᠨᠢᠭᠡ ᠯᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠶᠢᠸᠠᠨ ᠤ ᠠᠰᠠᠭᠤᠳᠠᠯ ᠢᠶᠠᠷ ᠪᠠᠭᠠᠵᠢ ᠪᠣᠯᠭᠠᠨ | ᠳᠤᠮᠳᠠᠳᠤ ᠤᠯᠤᠰ ᠢ ᠬᠤᠷᠢᠭᠯᠠᠬᠤ ᠶᠢ ᠡᠷᠢᠯᠬᠢᠯᠡᠬᠦ ᠦᠭᠡᠢ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ | ᠪᠠᠶᠢᠳᠠᠯ ᠢ ᠣᠯᠵᠤ ᠬᠠᠷᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ᠂ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭᠠᠨ ᠤ ᠪᠦᠯᠭᠦᠮ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ᠂ ᠪᠠᠶᠢᠩᠭᠤ ᠶᠢᠨ ᠴᠢᠨᠠᠷᠲᠠᠢ ᠵᠥᠪᠳᠡᠯᠴᠡᠭᠡ ᠬᠢᠬᠦ ᠶᠢ ᠵᠥᠪᠰᠢᠶᠡᠷᠡᠪᠡ᠃ | ᠬᠤᠶᠠᠷ ᠤᠯᠤᠰ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠦᠯᠭᠦᠮ ᠤᠨ ᠬᠢᠨ ᠬᠤᠷᠸ᠎ᠠ ᠠᠵᠤ ᠠᠬᠤᠢ ᠶᠢᠨ | ᠲᠦᠷᠦ ᠶᠢᠨ ᠪᠣᠳᠣᠯᠭ᠎ᠠ᠂ ᠠᠵᠤ ᠠᠬᠤᠢ ᠠᠷᠠᠯᠵᠢᠶ᠎ᠠ ᠵᠡᠷᠭᠡ ᠠᠰᠠᠭᠤᠳᠠᠯ ᠤᠨ ᠲᠤᠬᠠᠢ ᠶᠠᠷᠢᠯᠴᠠᠭ᠎ᠠ ᠵᠣᠬᠢᠴᠠᠭᠤᠯᠭ᠎ᠠ ᠬᠢᠬᠦ ᠶᠢ | ᠵᠥᠪᠰᠢᠶᠡᠷᠡᠪᠡ᠃ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ | ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠳᠣᠯᠣᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠤᠨ | ᠠᠮᠵᠢᠯᠲᠠ ᠣᠯᠬᠤ ᠶᠢ ᠬᠠᠮᠲᠤ ᠪᠠᠷ ᠴᠢᠷᠮᠠᠶᠢᠨ ᠠᠬᠢᠭᠤᠯᠬᠤ ᠶᠢ ᠵᠥᠪᠰᠢᠶᠡᠷᠡᠪᠡ᠃ ᠬᠤᠶᠠᠷ ᠲᠠᠯ᠎ᠠ ᠪᠠᠷ ᠢᠶᠠᠨ ᠬᠤᠶᠠᠷ | ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠥᠳᠡᠭᠡ ᠠᠵᠤ ᠠᠬᠤᠢ ᠪᠣᠯᠣᠨ ᠠᠮᠤ ᠪᠤᠳᠠᠭᠠᠨ ᠤ ᠠᠮᠤᠷ | ᠲᠦᠪᠰᠢᠨ ᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠤᠬᠠᠢ ᠰᠠᠨᠠᠯ ᠨᠢᠭᠡᠳᠪᠡ᠃ ᠳᠤᠮᠳᠠᠳᠤ ᠠᠮᠧᠷᠢᠺᠠ ᠶᠢᠨ | ᠬᠠᠮᠲᠤᠷᠠᠭᠰᠠᠨ ᠠᠵᠢᠯᠯᠠᠬᠤ ᠳᠤᠭᠤᠶᠢᠯᠠᠩ ᠢ ᠰᠠᠶᠢᠲᠤᠷ ᠬᠡᠷᠡᠭᠯᠡᠵᠦ᠂ ᠨᠡᠩ ᠤᠯᠠᠨ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠶᠢ ᠵᠥᠪᠰᠢᠶᠡᠷᠡᠪᠡ᠃ ᠳᠤᠮᠳᠠᠳᠤ ᠠᠮᠧᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ | ᠲᠤᠶᠢᠯ ᠤᠨ ᠴᠢᠬᠤᠯᠠ ᠪᠠᠶᠢᠬᠤ ᠶᠢ ᠵᠥᠪᠰᠢᠶᠡᠷᠡᠵᠦ᠂ ᠬᠤᠶᠠᠷ ᠤᠯᠤᠰ ᠤᠨ ᠡᠯ᠎ᠡ ᠬᠦᠷᠢᠶᠡᠨ ᠤ ᠬᠥᠮᠥᠰ ᠤᠨ ᠶᠠᠪᠤᠯᠴᠠᠭ᠎ᠠ ᠶᠢ | ᠥᠷᠭᠡᠳᠬᠡᠬᠦ ᠶᠢ ᠵᠣᠷᠢᠭᠵᠢᠭᠤᠯᠪᠠ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ | ᠰᠣᠯᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠣᠳᠣᠬᠠᠨ ᠤ ᠦᠺᠷᠠᠶᠢᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ | ᠠᠩᠬᠠᠷᠴᠤ ᠪᠠᠶᠢᠨ᠎ᠠ᠃ ᠬᠢᠮᠤᠷᠠᠯ ᠡᠭᠦᠰᠦᠭᠰᠡᠨ ᠤ ᠲᠠᠷᠠᠭ᠎ᠠ᠂ ᠪᠢ ︽ᠲᠦᠷᠪᠡᠨ ᠡᠷᠬᠡᠪᠰᠢ︾ ᠶᠢ ᠳᠤᠷᠠᠳᠤᠭᠰᠠᠨ ᠪᠥᠭᠡᠳ | ᠲᠦᠷᠦᠭᠦᠬᠡᠨ ᠪᠠᠰᠠ ︽ᠲᠦᠷᠪᠡᠨ ᠬᠠᠮᠲᠤ ᠪᠠᠷ︾ ᠢ ᠳᠤᠷᠠᠳᠤᠭᠰᠠᠨ ᠶᠤᠮ᠃ ᠦᠺᠷᠠᠶᠢᠨ ᠤ ᠬᠢᠮᠤᠷᠠᠯ ᠮᠡᠲᠦ ᠶᠢᠨ ᠪᠦᠭᠦ | ᠪᠥᠮᠪᠥᠷᠴᠡᠭ ᠤᠨ ᠴᠢᠨᠠᠷᠲᠠᠢ᠂ ᠨᠡᠶᠢᠯᠡᠮᠡᠯ ᠴᠢᠨᠠᠷᠲᠠᠢ ᠬᠢᠮᠤᠷᠠᠯ ᠤᠨ ᠡᠮᠦᠨ᠎ᠡ᠂ ᠡᠶᠢᠮᠦ ᠬᠡᠳᠦᠨ ᠵᠦᠢᠯ ᠢ ᠬᠢᠨᠠᠮᠠᠭᠠᠢ | ᠪᠣᠳᠣᠯᠬᠢᠯᠠᠭᠤᠰᠢᠲᠠᠢ ᠪᠠᠶᠢᠨ᠎ᠠ᠄ ᠨᠢᠭᠡ ᠳᠤ᠂ ᠮᠥᠷᠭᠦᠯᠳᠦᠭᠡᠨ ᠳᠠᠶᠢᠨ ᠳᠤ ᠢᠯᠠᠭᠴᠢ ᠦᠭᠡᠢ ᠶᠤᠮ; ᠬᠤᠶᠠᠷ ᠲᠤ᠂ | ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠳᠤ ᠳᠥᠭᠦᠮ ᠠᠷᠭ᠎ᠠ ᠪᠠᠶᠢᠬᠤ ᠦᠭᠡᠢ ; ᠭᠤᠷᠪᠠ ᠳᠤ᠂ ᠲᠣᠮᠣ | ᠤᠯᠤᠰ ᠤᠳ ᠤᠨ ᠡᠰᠡᠷᠭᠦᠴᠡᠯᠳᠦᠯ ᠡᠭᠦᠰᠭᠦ ᠠᠴᠠ ᠡᠷᠬᠡᠪᠰᠢ ᠵᠠᠶᠢᠯᠠᠰᠬᠢᠬᠦ ᠬᠡᠷᠡᠭᠲᠡᠢ᠃ ᠳᠤᠮᠳᠠᠳᠤ ᠤᠯᠤᠰ ᠢᠮᠠᠭᠲᠠ ᠡᠩᠬᠡ | ᠲᠠᠶᠢᠪᠤᠩ ᠤᠨ ᠲᠠᠯ᠎ᠠ ᠳᠤ ᠵᠣᠭᠰᠣᠵᠤ᠂ ᠦᠷᠭᠦᠯᠵᠢᠯᠡᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠤᠨ᠎ᠠ᠂ ᠤᠷᠤᠰ | ᠦᠺᠷᠠᠶᠢᠨ ᠬᠤᠶᠠᠷ ᠲᠠᠯ᠎ᠠ ᠶᠢᠨ ᠨᠠᠶᠢᠷᠠᠮᠳᠠᠯ ᠤᠨ ᠬᠡᠯᠡᠯᠴᠡᠭᠡ ᠪᠠᠨ ᠰᠡᠷᠭᠦᠭᠡᠬᠦ ᠶᠢ ᠳᠡᠮᠵᠢᠭᠦ ᠶᠢᠨ ᠬᠠᠮᠲᠤ ᠠᠮᠧᠷᠢᠺᠠ᠂ | ᠤᠮᠠᠷᠠᠲᠤ ᠠᠲᠯᠠᠨᠲ ᠲᠠᠯᠠᠢ ᠶᠢᠨ ᠭᠡᠷ᠎ᠡ ᠶᠢᠨ ᠵᠣᠬᠢᠶᠠᠨ ᠪᠠᠶᠢᠭᠤᠯᠤᠯᠲᠠ᠂ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭ᠎ᠠ ᠶᠢᠨ ᠬᠢᠨ ᠤᠷᠤᠰ ᠯᠤᠭ᠎ᠠ ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠬᠤᠶᠠᠷ ᠤᠯᠤᠰ ᠤᠨ ᠲᠡᠷᠢᠭᠦᠨ᠂ ᠠᠭᠤᠯᠵᠠᠯᠲᠠ ᠪᠣᠯ ᠭᠦᠨ ᠭᠦᠨᠵᠡᠭᠡᠢ ᠴᠢᠩ ᠦᠨᠡᠨᠴᠢ ᠪᠥᠭᠡᠳ ᠪᠦᠲᠦᠭᠡᠯᠴᠢ ᠴᠢᠨᠠᠷᠲᠠᠢ | ᠶᠤᠮ ᠭᠡᠵᠦ ᠦᠵᠡᠵᠦ᠂ ᠬᠤᠶᠠᠷ ᠤᠯᠤᠰ ᠤᠨ ᠠᠵᠢᠯ ᠤᠨ ᠪᠦᠯᠭᠦᠮ ᠢ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ | ᠴᠢᠬᠤᠯᠠ ᠬᠠᠮᠲᠤ ᠶᠢᠨ ᠲᠠᠨᠢᠯᠲᠠ ᠶᠢ ᠴᠠᠭ ᠲᠤᠬᠠᠢ ᠳᠤᠨᠢ ᠲᠠᠭᠠᠨ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠠᠵᠢᠯᠯᠠᠭ᠎ᠠ | ᠠᠪᠴᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠭᠲᠠᠭᠤᠨ ᠬᠥᠭᠵᠢᠯᠲᠡ ᠶᠢᠨ ᠵᠠᠮ ᠳᠠᠭᠠᠨ ᠲᠠᠭᠢᠨ ᠪᠤᠴᠠᠬᠤ ᠶᠢ | ᠠᠬᠢᠭᠤᠯᠬᠤ ᠪᠠᠷ ᠱᠠᠭᠠᠷᠳᠠᠪᠠ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ | ᠪᠠᠲᠤᠯᠠᠬᠤ ᠶᠢ ᠵᠥᠪᠰᠢᠶᠡᠷᠡᠪᠡ᠃ | ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ᠃ | | |