11 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠶᠠᠩ ᠶᠢᠨ ᠤᠳᠠ ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ | ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ BDO ᠡᠵᠡᠮᠰᠢᠯ ᠤᠨ ᠲᠥᠪ ᠲᠤ᠂ ᠶᠠᠩ ᠶᠢᠨ ᠠᠵᠤ | ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠢ | ᠣᠶᠢᠯᠠᠭᠠᠪᠠ᠃ ᠲᠡᠷᠡ ᠬᠡᠯᠡᠭᠰᠡᠨ ᠨᠢ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ | ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠢ ᠴᠢᠬᠤᠯᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠠᠶᠤᠯᠭᠦᠢ ᠦᠢᠯᠡᠳᠪᠦᠷᠢᠯᠡᠬᠦ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ | ᠶᠠᠰᠤ ᠴᠢᠨᠠᠷ ᠢᠶᠠᠨ ᠳᠡᠭᠡᠭᠰᠢᠯᠡᠭᠦᠯᠦᠨ ᠬᠤᠷᠳᠤᠴᠠ ᠪᠠᠨ ᠲᠦᠷᠭᠡᠳᠬᠡᠬᠦ ᠶᠢ ᠠᠬᠢᠭᠤᠯᠵᠤ᠂ ᠲᠦᠷᠦᠯ ᠵᠦᠢᠯ ᠢ | ᠪᠠᠶᠢᠭᠤᠯᠤᠨ ᠪᠦᠲᠦᠭᠡᠬᠦ ᠳᠤ ᠦᠷ᠎ᠡ ᠪᠦᠲᠦᠮᠵᠢ ᠭᠠᠷᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ | ᠦᠬᠠᠢ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠨ ᠴᠢᠳᠠᠪᠤᠷᠢ ᠬᠤᠷᠠᠮᠳᠤᠭᠤᠯᠬᠤ ᠬᠡᠷᠡᠭᠲᠡᠢ ᠭᠡᠵᠡᠢ᠃ | ᠬᠤᠳᠠ ᠶᠢᠨ ᠤᠳᠤᠷᠢᠳᠤᠯᠭ᠎ᠠ ᠬᠤᠤ ᠰᠢ ᠬᠤᠩ ᠣᠷᠣᠯᠴᠠᠪᠠ᠃ |