11 ᠰᠠᠷ᠎ᠠ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ | ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ | ᠰᠣᠷᠣᠯᠴᠠᠯᠭ᠎ᠠ ᠶᠢᠨ ᠭᠤᠣᠯᠳᠠᠯᠭᠠᠲᠤ ᠳᠤᠭᠤᠶᠢᠯᠠᠩ ᠤᠨ 2022 ᠣᠨ ᠤ 21 ᠳ᠋ᠣᠭᠡᠷ ᠣᠳᠠᠭᠠᠨ ᠤ ︵ | ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ 10 ᠰᠠᠷ᠎ᠠ ᠶᠢᠨ 25 ᠤ ᠡᠳᠦᠷ ᠤᠨ ᠲᠥᠪ ᠤᠨ ᠤᠯᠤᠰ | ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠩᠬᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ᠂ ᠶᠠᠨ | ᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ᠂ ᠱᠠᠨᠰᠢ ᠶᠢᠨ ᠶᠠᠨ ᠠᠨ ᠪᠣᠯᠤᠨ ᠾᠧᠨᠠᠨ ᠤ ᠠᠨᠶᠠᠩ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠣᠯᠠᠮᠵᠢᠯᠠᠨ ᠰᠣᠷᠣᠯᠴᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠬᠠᠮᠲᠤ ᠪᠠᠷ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ | ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ᠂ | ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ | ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ᠂ ᠶᠠᠨ | ᠠᠨ ᠤ ᠵᠣᠷᠢᠭ ᠰᠠᠨᠠᠭ᠎ᠠ᠂ ᠤᠯᠠᠭᠠᠨ ᠲᠤᠭ ᠰᠤᠪᠠᠭ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ | ᠤᠯᠠᠨ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ | ᠵᠣᠷᠢᠭᠵᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ︽ᠳᠤᠯᠤᠭ᠎ᠠ ᠳᠤ | ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠭᠡᠮ ᠳᠠᠶᠠᠭᠠᠷ ᠲᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ | ᠦᠷᠭᠦᠯᠵᠢᠯᠡᠨ ᠭᠠᠷᠭᠠᠬᠤ ᠬᠡᠷᠡᠭᠲᠡᠶ ᠭᠡᠵᠡᠢ᠃ | |