ᠣᠶᠢᠷ᠎ᠠ ᠶᠢᠨ ᠡᠳᠦᠷ᠂ ᠪᠤᠭᠤᠲᠤ ᠠᠴᠠ ᠢᠷᠭᠠᠢ ᠬᠦᠷᠬᠦ ᠥᠨᠳᠦᠷ ᠬᠤᠷᠳᠤᠴᠠᠲᠤ ᠲᠡᠮᠦᠷ ᠵᠠᠮ ᠤᠨ ᠲᠦᠷᠦᠯ | ᠵᠦᠢᠯ ᠤᠨ ᠦᠬᠠᠢ ᠶᠢᠨ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ | ᠮᠠᠰᠢᠨ ᠲᠡᠷᠭᠡ ᠨᠠᠰᠢ ᠴᠠᠰᠢ ᠰᠦᠯᠵᠢᠯᠳᠦᠵᠦ᠂ ᠪᠦᠲᠦᠭᠡᠨ ᠪᠠᠶᠢᠭᠤᠯᠤᠭᠴᠢᠳ ᠬᠡᠪ ᠬᠠᠪᠲᠠᠰᠤ ᠤᠭᠰᠠᠷᠠᠵᠤ᠂ ᠪᠣᠯᠣᠳ | ᠪᠣᠭᠤᠵᠢᠯᠠᠬᠤ ᠪᠠᠷ ᠶᠠᠭᠠᠷᠠᠯᠳᠤᠨ᠎ᠠ ᠁ | ᠪᠤᠭᠤᠲᠤ ᠢᠷᠭᠠᠢ ᠶᠢᠨ ᠥᠨᠳᠦᠷ ᠬᠤᠷᠳᠤᠴᠠᠲᠤ ᠲᠡᠮᠦᠷ ᠵᠠᠮ ᠤᠨ ᠲᠦᠷᠦᠯ ᠵᠦᠢᠯ ᠤᠨ ᠦᠬᠠᠢ ᠶᠢᠨ | ᠬᠡᠰᠡᠭ ᠤᠨ ᠪᠦᠬᠦ ᠤᠷᠳᠤ ᠨᠢ ᠪᠠᠷᠤᠭ 50.8 ᠺᠢᠯᠣᠮᠧᠲᠷ ᠪᠠᠶᠢᠵᠤ᠂ ᠬᠤᠣᠰ ᠱᠤᠭᠤᠮ ᠤᠨ ᠥᠨᠳᠦᠷ ᠬᠤᠷᠳᠤᠴᠠᠲᠤ | ᠲᠡᠮᠦᠷ ᠵᠠᠮ ᠪᠣᠯᠣᠨ᠎ᠠ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ ᠴᠠᠭ ᠪᠦᠷᠢ 250 ᠺᠢᠯᠣᠮᠧᠲᠷ᠂ | ᠪᠦᠲᠦᠭᠡᠨ ᠪᠠᠶᠢᠭᠤᠯᠬᠤ ᠪᠠᠷᠢᠯᠭ᠎ᠠ ᠶᠢᠨ ᠬᠤᠭᠤᠴᠠᠭ᠎ᠠ ᠨᠢ 4 ᠵᠢᠯ ᠪᠠᠶᠢᠵᠤ᠂ 2025 ᠣᠨ ᠳᠤ ᠪᠠᠷᠢᠯᠭ᠎ᠠ | ᠳᠠᠭᠤᠰᠬᠠᠬᠤ ᠪᠠᠷ ᠲᠥᠯᠥᠪᠯᠡᠵᠦ᠂ ᠮᠠᠨ ᠤ ᠬᠤᠳᠠ ᠳᠤ ᠦᠬᠠᠢ ᠶᠢᠨ ᠬᠠᠶᠢᠷᠤᠪ ᠤᠨ ᠲᠣᠬᠤᠢ ᠦᠷᠳᠡᠭᠡ ᠪᠣᠯᠣᠨ | ᠦᠬᠠᠢ ᠶᠢᠨ ᠡᠮᠦᠨ᠎ᠡ ᠦᠷᠳᠡᠭᠡ ᠬᠤᠶᠠᠷ ᠦᠷᠳᠡᠭᠡ ᠭᠠᠷᠭᠠᠨ᠎ᠠ᠃ ᠣᠳᠣᠬᠠᠨ ᠳᠤ᠂ ᠲᠣᠰ ᠲᠥᠷᠥᠯ ᠵᠦᠢᠯ ᠤᠨ ᠪᠥᠬᠦ | ᠱᠤᠭᠤᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠨᠲᠡ ᠴᠣᠬᠤᠯᠠᠪᠤᠷᠢᠯᠠᠨ ᠬᠠᠷᠢᠭᠤᠯᠵᠤ᠂ | ᠪᠠᠭᠤᠷᠠᠢ ᠴᠠᠬᠢᠯᠭᠠᠨ ᠢ ᠭᠠᠷᠭᠠᠪᠠᠯ᠂ ᠪᠣᠶ ᠪᠦᠬᠦᠢ ᠪᠠᠷᠢᠯᠭ᠎ᠠ ᠶᠢᠨ ᠨᠢᠭᠡᠴᠡ ᠴᠥᠮ ᠪᠠᠷᠢᠯᠭ᠎ᠠ ᠳᠤ ᠣᠷᠤᠯᠴᠠᠭᠰᠠᠨ | ᠪᠠᠶᠢᠨ᠎ᠠ᠃ ᠦᠬᠠᠢ ᠶᠢᠨ ᠬᠠᠶᠢᠷᠤᠪ ᠤᠨ ᠲᠣᠬᠤᠢ ᠦᠷᠳᠡᠭᠡ ᠶᠢᠨ ᠪᠤᠯᠠᠭᠠᠷᠢ ᠶᠢᠨ ᠰᠠᠭᠤᠷᠢ ᠶᠢᠨ ᠪᠠᠷᠢᠯᠭ᠎ᠠ ᠶᠢᠨ | ᠰᠢᠷᠣᠢ ᠶᠢᠨ ᠮᠠᠯᠲᠠᠯᠲᠠ ᠶᠢᠨ 95% ᠢ ᠪᠡᠶᠡᠯᠡᠭᠦᠯᠵᠦ᠂ ᠦᠷᠳᠡᠭᠡ ᠶᠢᠨ ᠭᠤᠣᠯ ᠴᠣᠭᠴᠠ ᠶᠢᠨ ᠪᠦᠲᠦᠴᠡ ᠶᠢᠨ | 90% ᠢ ᠪᠡᠶᠡᠯᠡᠭᠦᠯᠪᠡ᠂ ᠣᠳᠣ ᠨᠦᠬᠡᠨ ᠵᠠᠮ ᠢᠶᠠᠷ ᠣᠷᠣᠬᠤ᠂ ᠭᠠᠷᠬᠤ ᠠᠮᠠᠰᠠᠷ ᠵᠢᠴᠢ ᠬᠤᠶᠠᠷ ᠲᠠᠰᠢᠭᠤ | ᠬᠤᠳᠳᠤᠭ ᠢ ᠴᠥᠮ ᠮᠠᠯᠲᠠᠬᠤ ᠠᠵᠢᠯ ᠬᠢᠵᠦ ᠪᠠᠶᠢᠨ᠎ᠠ᠃ |