ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠮᠠᠨ ᠤ | ᠬᠤᠳᠠ ᠶᠢ ᠣᠷᠣᠨ ᠤ ᠳᠣᠲᠣᠷᠠᠬᠢ 12 ᠠᠶᠢᠮᠠᠭ ᠬᠤᠳᠠ ᠶᠢᠨ ᠳᠣᠲᠣᠷᠠᠬᠢ ᠴᠤᠷ ᠤᠨ ᠭᠠᠭᠴᠠ ᠲᠤᠷᠰᠢᠯᠲᠠ ᠶᠢᠨ | ᠬᠤᠳᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠡᠯᠡ ᠮᠥᠩᠭᠦ ᠶᠢ ᠰᠢᠭᠤᠳ ᠰᠢᠯᠵᠢᠭᠦᠯᠦᠨ ᠥᠭᠬᠦ ᠲᠣᠭᠲᠠᠴᠠ ᠶᠢᠨ ᠲᠤᠷᠰᠢᠯᠲᠠ ᠶᠢᠨ ᠠᠵᠢᠯ ᠥᠷᠨᠢᠭᠦᠯᠪᠡ᠃ | ᠡᠨᠡ ᠵᠢᠯ ᠤᠨ 12 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ 4220.4 | ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠪᠠᠭᠤᠯᠭᠠᠵᠤ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ | ᠬᠠᠮᠲᠤᠷᠠᠨ ᠰᠢᠭᠤᠳ ᠰᠠᠯᠭᠠᠨ ᠥᠭᠬᠦ ᠲᠣᠭᠲᠠᠴᠠ ᠶᠢ ᠲᠤᠷᠰᠢᠨ ᠬᠡᠷᠡᠭᠵᠢᠭᠦᠯᠬᠦ ᠪᠠᠷ ᠳᠡᠮᠵᠢᠨ᠂ ᠲᠤᠰᠬᠠᠢ ᠪᠡᠯᠡ | ᠮᠥᠩᠭᠦ ᠰᠢᠯᠵᠢᠭᠦᠯᠦᠨ ᠥᠭᠬᠦ ᠨᠣᠷᠮ᠎ᠠ ᠶᠢ 100% ᠳᠤ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ | ᠲᠤᠷᠰᠢᠯᠲᠠ ᠶᠢᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ | ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠤᠨ | ᠱᠠᠭᠠᠷᠳᠠᠯᠭ᠎ᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢ ᠰᠢᠭᠤᠳ ᠰᠠᠯᠭᠠᠨ | ᠥᠭᠬᠦ ᠶᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠰᠦᠪᠡᠭᠴᠢᠯᠡᠨ ᠠᠬᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠲᠣᠭᠲᠠᠭᠰᠠᠨ ᠬᠤᠭᠤᠴᠠᠭᠠᠨ ᠳᠠᠭᠠᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ |