ᠪᠥᠬᠦ ᠨᠡᠶᠢᠭᠡᠮ ᠤᠨ ᠢᠲᠡᠭᠡᠮᠵᠢ ᠶᠢᠨ ᠤᠬᠠᠮᠰᠠᠷ ᠪᠠ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠴᠢᠷᠮᠠᠶᠢᠨ ᠪᠣᠶ | ᠪᠣᠯᠭᠠᠬᠤ ᠶᠢᠨ ᠲᠥᠯᠥᠭᠡ᠂ ᠣᠶᠢᠷ᠎ᠠ ᠳᠤ᠂ ᠤᠳᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︽ᠦᠨᠡᠨᠴᠢ ᠢᠲᠡᠭᠡᠮᠵᠢᠲᠡᠢ ᠪᠠᠷ ᠬᠥᠭᠵᠢᠯᠲᠡ ᠶᠢ ᠠᠬᠢᠭᠤᠯᠬᠤ ᠪᠣᠯᠪᠠᠰᠤᠨ ᠤ | ᠦᠵᠡᠭᠦᠯᠦᠯᠭᠡ ᠶᠢᠨ ᠰᠢᠨ᠎ᠡ ᠬᠠᠭᠤᠳᠠᠰᠤ︾ ᠶᠢ ᠠᠵᠤ ᠠᠬᠤᠶᠢᠯᠠᠯ ᠳᠤ ᠣᠷᠣᠭᠤᠯᠬᠤ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ | ᠬᠠᠤᠯᠢ ᠬᠡᠷᠡᠭᠵᠢᠭᠦᠯᠬᠦ ᠠᠵᠢᠯᠲᠠᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ | ᠬᠡᠯᠪᠡᠷᠢ ᠪᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠦᠨᠡᠨᠴᠢ ᠢᠲᠡᠭᠡᠮᠵᠢ ᠶᠢᠨ ᠮᠡᠳᠡᠯᠭᠡ᠂ | ᠢᠲᠡᠭᠡᠮᠵᠢ ᠶᠢᠨ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠢ ᠦᠨᠡᠨᠴᠢ ᠢᠲᠡᠭᠡᠮᠵᠢᠲᠡᠢ ᠪᠠᠷ ᠰᠤᠷᠤᠯᠴᠠᠬᠤ ᠶᠢ ᠨᠠᠷᠢᠨ ᠬᠢᠨᠠᠮᠠᠭᠠᠢ | ᠥᠷᠨᠢᠭᠦᠯᠵᠦ᠂ ᠦᠨᠡᠨᠴᠢ ᠢᠲᠡᠭᠡᠮᠵᠢ ᠶᠢᠨ ᠰᠣᠶᠣᠯ ᠢ ᠡᠳᠦᠷ ᠲᠤᠳᠤᠮ ᠤᠨ ᠠᠵᠢᠯ ᠠᠮᠢᠳᠤᠷᠠᠯ ᠳᠤ | ᠠᠭᠤᠰᠤᠯᠴᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠬᠤ ᠮᠠᠲ᠋ᠧᠷᠢᠶᠠᠯ ᠢ ᠨᠡᠶᠢᠲᠡ 60 ᠭᠠᠷᠤᠢ | ᠬᠤᠪᠢ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠭᠰᠠᠨ ᠠᠰᠠᠭᠤᠯᠲᠠ ᠶᠢ 30 ᠭᠠᠷᠤᠢ ᠬᠥᠮᠥᠨ ᠤᠳᠠᠭ᠎ᠠ | ᠬᠠᠷᠢᠭᠤᠯᠵᠠᠢ᠃ ᠠᠵᠢᠯᠯᠠᠭ᠎ᠠ ᠨᠢ ᠦᠨᠡᠨᠴᠢ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠤᠳᠠ ᠲᠣᠭᠤᠷᠢᠭ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ |