12 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ | ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ | ᠬᠤᠷᠠᠯᠳᠤᠭᠤᠯᠵᠤ᠂ 2022 ᠣᠨ ᠤ ᠡᠯ᠎ᠡ ᠲᠣᠭᠤᠷᠢᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ | ᠤ ᠰᠢᠭᠤᠳ ᠬᠠᠷᠢᠶ᠎ᠠ ᠨᠠᠮ ︵ᠠᠵᠢᠯ︶ ᠤᠨ ᠬᠤᠷᠢᠶᠠᠨ ᠤ ᠱᠦᠵᠢ ᠶᠢᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠤᠭᠰᠠᠨ | ᠪᠥᠭᠡᠳ ᠲᠤᠬᠠᠢ ᠶᠢᠨ ᠲᠠᠯᠠᠪᠤᠷ ᠲᠤ ᠰᠢᠯᠭᠠᠨ ᠦᠨᠡᠯᠡᠪᠡ᠃ | ᠬᠤᠷᠠᠯ ᠳᠡᠭᠡᠷ᠎ᠡ᠂ ᠡᠯ᠎ᠡ ᠲᠣᠭᠤᠷᠢᠭ ᠤᠨ ᠨᠠᠮ ᠤᠨ ᠬᠤᠷᠢᠶ᠎ᠠ ᠵᠢᠴᠢ 5 ᠬᠤᠳᠠ ᠶᠢᠨ ᠨᠠᠮ ᠤᠨ ᠬᠤᠷᠢᠶᠠᠨ ᠤ | ᠰᠢᠭᠤᠳ ᠬᠠᠷᠢᠶ᠎ᠠ ᠨᠠᠮ ︵ᠠᠵᠢᠯ︶ ᠤᠨ ᠬᠤᠷᠢᠶᠠᠨ ᠤ ᠱᠦᠵᠢ 2022 ᠣᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠢ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠵᠦ | ᠂ 9 ᠨᠠᠮ ︵ᠠᠵᠢᠯ︶ ᠤᠨ ᠬᠤᠷᠢᠶᠠᠨ ᠤ ᠱᠦᠵᠢ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠃ | ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠲᠠᠩ ᠢ ᠨᠢᠭᠡᠳ ᠨᠢᠭᠡ ᠪᠠᠷ ᠦᠨᠡᠯᠡᠯᠲᠡ ᠬᠢᠵᠦ᠂ | ᠣᠷᠣᠰᠢᠵᠤ ᠪᠠᠶᠢᠭ᠎ᠠ ᠠᠰᠠᠭᠤᠳᠠᠯ ᠢ ᠨᠢ ᠵᠢᠭᠠᠨ ᠭᠠᠷᠭᠠᠵᠤ᠂ ᠴᠢᠩᠭᠠᠳᠬᠠᠨ ᠰᠠᠶᠢᠵᠢᠷᠠᠭᠤᠯᠬᠤ ᠶᠢᠨ ᠪᠣᠳᠠᠲᠠᠢ ᠴᠢᠭᠯᠡᠯ | ᠪᠠ ᠱᠠᠭᠠᠷᠳᠠᠯᠭ᠎ᠠ ᠪᠠᠨ ᠲᠣᠳᠣᠷᠬᠠᠶᠢᠯᠠᠪᠠ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠨᠠᠷ ᠶᠡᠷᠦᠩᠬᠡᠶᠢᠯᠡᠭᠰᠡᠨ ᠦᠨᠡᠯᠡᠯᠲᠡ ᠬᠢᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ | ᠨᠠᠮ ᠤᠨ ᠲᠦᠷᠦ ᠪᠠᠷᠢᠬᠤ ᠲᠣᠮᠣ ᠠᠰᠠᠷ ᠤᠨ ᠰᠠᠭᠤᠷᠢ ᠮᠥᠨ᠂ ᠨᠠᠮ ᠤᠨ ᠪᠦᠬᠦ ᠠᠵᠢᠯ ᠪᠠ ᠲᠠᠶᠢᠴᠢᠨ ᠬᠦᠴᠦᠨ ᠤ | ᠰᠠᠭᠤᠷᠢ ᠮᠥᠨ᠂ ᠭᠠᠭᠴᠠ ᠬᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠮᠢᠵᠢᠷᠠᠯ ᠤᠨ | ᠬᠦᠴᠦᠨ ᠲᠠᠢ ᠪᠠᠶᠢᠵᠤ᠂ ᠨᠠᠮ ᠤᠨ ᠭᠡᠰᠢᠭᠦᠨ ᠦᠢᠯᠡᠳᠦᠯ ᠦᠵᠡᠭᠦᠯᠪᠡᠯ ᠨᠠᠮ ᠤᠨ ᠰᠠᠭᠤᠷᠢ ᠰᠠᠶ᠋ᠢ ᠪᠠᠲᠤ ᠪᠠᠬᠢ ᠪᠣᠯᠵᠤ | ᠂ ᠨᠠᠮ ᠰᠠᠶ᠋ᠢ ᠲᠠᠶᠢᠴᠢᠨ ᠬᠦᠴᠦᠨ ᠲᠠᠢ ᠪᠣᠯᠵᠤ ᠴᠢᠳᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠢ | ᠵᠢᠯᠣᠭᠤᠳᠤᠯᠭ᠎ᠠ ᠪᠣᠯᠭᠠᠵᠤ᠂ ᠴᠢᠭᠯᠡᠯ ᠢᠶᠠᠨ ᠡᠷᠡᠰ ᠭᠤᠶᠢᠪᠢᠰᠢ ᠦᠭᠡᠢ ᠪᠠᠷ ᠲᠣᠳᠣᠷᠬᠠᠶᠢᠯᠠᠵᠤ᠂ ᠡᠭᠦᠷᠭᠡ | ᠬᠠᠷᠢᠭᠤᠴᠠᠯᠭ᠎ᠠ ᠡᠭᠦᠷᠭᠡᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ | ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠣᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ | ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠦᠨᠳᠦᠰᠦᠨ | ᠱᠠᠲᠤ ᠶᠢ ᠴᠢᠩᠭ᠎ᠠ ᠠᠳᠬᠤᠵᠤ᠂ ᠦᠨᠳᠦᠰᠦ ᠪᠠᠨ ᠪᠠᠲᠤᠳᠬᠠᠵᠤ᠂ ︽ᠬᠤᠶᠠᠷ ᠢ ᠢᠯᠠ ᠪᠣᠯᠭᠠᠬᠤ︾ ᠠᠵᠢᠯᠯᠠᠭ᠎ᠠ ᠶᠢᠨ | ᠰᠠᠶᠢᠨ ᠦᠷ᠎ᠡ ᠪᠦᠲᠦᠭᠡᠯ᠂ ᠰᠠᠶᠢᠨ ᠲᠣᠭᠲᠠᠴᠠ ᠪᠠᠨ ᠪᠠᠲᠤᠳᠬᠠᠵᠤ᠂ ︽ᠱᠦᠵᠢ ᠶᠢᠨ ᠵᠠᠮᠴᠢᠯᠠᠬᠤ ᠲᠦᠷᠦᠯ ᠵᠦᠢᠯ︾ | ︽ᠬᠠᠮᠤᠭ ᠤᠨ ᠬᠦᠴᠦᠷᠬᠡᠭ ᠨᠠᠮ ᠤᠨ ᠡᠭᠦᠷ︾ ︽ᠮᠥᠷᠥᠶᠢᠴᠡᠭᠡᠨ ᠢᠶᠠᠷ ᠭᠠᠪᠰᠢᠭᠠᠶᠢᠯᠠᠬᠤ︾ ᠵᠡᠷᠭᠡ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ | ᠴᠢᠨᠠᠭᠰᠢᠳᠠ ᠴᠢᠩᠭᠠᠳᠬᠠᠬᠤ ᠬᠡᠷᠡᠭᠲᠡᠢ᠃ ᠶᠡᠭᠡ ᠲᠠᠯ᠎ᠠ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠵᠤ᠂ | ᠬᠥᠲᠥᠯᠥᠨ ᠳᠠᠭᠠᠭᠤᠯᠬᠤ ᠶᠢ ᠡᠷᠡᠰ ᠭᠤᠶᠢᠪᠢᠰᠢ ᠦᠭᠡᠢ ᠪᠠᠷ ᠴᠢᠩᠭᠠᠳᠬᠠᠵᠤ᠂ ᠬᠥᠭᠵᠢᠯᠲᠡ ᠶᠢ ᠠᠬᠢᠭᠤᠯᠵᠤ᠂ | ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ︽ᠳᠤᠯᠤᠭ᠎ᠠ ᠶᠢ | ᠲᠠᠶᠠᠭᠳᠠᠬᠤ︾ ᠶᠢ ᠪᠡᠶᠡᠯᠡᠭᠦᠯᠵᠦ᠂ ︽ᠲᠤᠯᠤᠭᠠᠨ ᠵᠦᠢᠯ ᠤᠨ ᠤᠬᠠᠮᠰᠠᠷ︾ ᠢᠶᠠᠨ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ︽ | ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠲᠠᠯ᠎ᠠ ᠪᠠᠷ ᠨᠡᠩ ᠤᠯᠠᠨ ᠬᠠᠷᠢᠭᠤᠴᠠᠯᠭ᠎ᠠ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠳᠠᠷᠤᠯᠲᠠ ᠶᠢᠨ ᠳᠠᠮᠵᠢᠭᠤᠯᠭ᠎ᠠ ᠪᠠᠷ ᠵᠠᠩᠭᠢᠯᠠᠭ᠎ᠠ ᠪᠣᠯᠭᠠᠵᠤ | ᠂ ᠭᠤᠣᠯ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠪᠠᠷ ᠡᠭᠦᠷᠭᠡᠯᠡᠵᠦ᠂ ᠭᠤᠣᠯ ᠠᠵᠢᠯ ᠢᠶᠠᠨ ᠰᠦᠪᠡᠭᠴᠢᠯᠡᠵᠦ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯᠡᠰ | ᠲᠡᠭᠡᠨ ᠣᠷᠣᠭᠤᠯᠵᠤ᠂ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠢᠨᠠᠨ ᠰᠢᠯᠭᠠᠵᠤ ᠬᠠᠷᠢᠭᠤᠴᠠᠯᠭ᠎ᠠ | ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ | ᠨᠢᠭᠡᠪᠦᠷᠢ ᠶᠢ ᠪᠣᠳᠠᠲᠠᠢ ᠪᠠᠷ ᠭᠦᠨᠵᠡᠭᠡᠢ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠪᠠᠷ | ᠬᠥᠲᠥᠯᠥᠨ ᠳᠠᠭᠠᠭᠤᠯᠬᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠵᠣᠬᠢᠶᠠᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠦᠢᠯᠡᠳᠦᠯ ᠢ ᠨᠢ ᠠᠵᠢᠯ ᠦᠢᠯᠡᠰ ᠤᠨ ᠬᠥᠭᠵᠢᠯᠲᠡ ᠶᠢᠨ ᠪᠦᠬᠦ ᠶᠠᠪᠤᠴᠠ ᠶᠢᠨ ᠡᠯ᠎ᠡ | ᠲᠠᠯ᠎ᠠ ᠳᠤ ᠬᠦᠷᠲᠡᠯ᠎ᠡ ᠪᠠᠳᠠᠷᠠᠭᠤᠯᠬᠤ ᠬᠡᠷᠡᠭᠲᠡᠢ ᠭᠡᠵᠡᠢ᠃ | |