ᠼᠤ᠋ ᠳᠤ ᠳᠡᠪᠲᠦᠭᠡᠭᠰᠡᠨ ᠰᠠᠷᠢᠮᠰᠠᠭ ᠢ ᠵᠤᠬᠢᠬᠤ ᠬᠡᠮᠵᠢᠶ᠎ᠡ ᠪᠠᠷ ᠢᠳᠡᠪᠡᠯ ᠬᠦᠮᠦᠨ ᠤ ᠪᠡᠶ᠎ᠡ ᠳᠤ ᠰᠠᠶᠢᠨ | ᠪᠠᠶᠢᠳᠠᠭ᠂ ᠭᠡᠪᠡᠴᠦ ᠵᠤᠬᠢᠰ ᠦᠭᠡᠢ ᠳᠡᠪᠲᠦᠭᠡᠬᠦ ᠪᠤᠶᠤ ᠢᠳᠡᠬᠦ ᠨᠢ ᠬᠦᠮᠦᠨ ᠤ ᠪᠡᠶ᠎ᠡ ᠳᠤ ᠬᠤᠤᠷ ᠲᠠᠢ ᠶᠤᠮ᠃ | | ᠼᠤ᠋ ᠳᠤ ᠳᠡᠪᠲᠦᠭᠡᠭᠰᠡᠨ ᠰᠠᠷᠢᠮᠰᠠᠭ ᠤᠨ ᠠᠰᠢᠭ ᠲᠠᠢ ᠲᠠᠯ᠎ᠠ᠄ | ᠼᠤ᠋ ᠳᠤ ᠳᠡᠪᠲᠦᠭᠡᠭᠰᠡᠨ ᠰᠠᠷᠢᠮᠰᠠᠭ ᠵᠤᠬᠢᠬᠤ ᠬᠡᠮᠵᠢᠶ᠎ᠡ ᠪᠠᠷ ᠴᠢᠰᠤᠨ ᠳᠠᠷᠤᠯᠲᠠ ᠶᠢ ᠪᠠᠭᠤᠷᠠᠭᠤᠯᠳᠠᠭ᠂ | ᠰᠠᠷᠢᠮᠰᠠᠭ ᠤᠨ ᠲᠤᠰ ᠪᠡᠶ᠎ᠡ ᠨᠢ ᠮᠠᠰᠢ ᠰᠠᠶᠢᠨ ᠠᠷᠢᠭᠤᠳᠬᠠᠬᠤ ᠬᠤᠤᠷ ᠭᠠᠳᠠᠭᠰᠢᠯᠠᠭᠤᠯᠬᠤ ᠴᠢᠳᠠᠯ ᠲᠠᠢ ᠶᠤᠮ᠂ | ᠦᠷᠬᠦᠯᠵᠢ ᠰᠠᠷᠢᠮᠰᠠᠭ ᠢᠳᠡᠪᠡᠯ ᠴᠢᠰᠦᠨ ᠰᠤᠲᠠᠯ ᠢ ᠳᠡᠯᠡᠨ᠂ ᠪᠡᠶ᠎ᠡ ᠮᠠᠬᠠᠪᠤᠳ ᠤᠨ ᠳᠤᠳᠤᠭᠠᠳᠤ ᠳᠤ ᠪᠠᠶᠢᠭ᠎ᠠ | ᠬᠠᠶᠠᠭᠳᠠᠮᠠᠯ ᠪᠤᠳᠠᠰ ᠢ ᠭᠠᠳᠠᠭᠰᠢᠯᠠᠭᠤᠯᠳᠠᠭ᠂ ᠡᠨᠡ ᠨᠢ ᠴᠢᠰᠦᠨ ᠳᠤ ᠪᠠᠶᠢᠭ᠎ᠠ ᠬᠤᠤᠷᠲᠤ ᠡᠳ᠋ ᠢ ᠵᠤᠬᠢᠰᠲᠠᠢ | ᠪᠠᠭᠠᠰᠬᠠᠵᠤ᠂ ᠴᠢᠰᠦᠨ ᠳᠠᠷᠤᠯᠲᠠ ᠶᠢ ᠪᠠᠭᠤᠷᠠᠭᠤᠯᠬᠤ ᠦᠷ᠎ᠡ ᠠᠰᠢᠭ ᠲᠠᠢ ᠪᠤᠯᠭᠠᠳᠠᠭ᠃ ᠼᠤ᠋ ᠴᠢᠰᠤᠨ ᠰᠤᠳᠠᠯ ᠢ | ᠵᠦᠭᠡᠯᠡᠷᠡᠭᠦᠯᠦᠨ᠎ᠡ᠂ ᠬᠡᠷᠪᠡ ᠼᠣ᠋ ᠳᠤ ᠳᠡᠪᠲᠦᠭᠡᠭᠰᠡᠨᠨ ᠰᠠᠷᠢᠮᠰᠠᠭ ᠢ ᠦᠷᠬᠦᠯᠵᠢ ᠢᠳᠡᠭᠰᠡᠨ ᠤ ᠰᠡᠭᠦᠯᠡᠷ ᠴᠢᠰᠤᠨ | ᠰᠤᠳᠠᠯ ᠢ ᠳᠡᠯᠡᠬᠦ ᠪᠠᠷ ᠪᠠᠷᠠᠬᠤ ᠦᠭᠡᠢ᠂ ᠪᠠᠰᠠ ᠴᠢᠰᠤᠨ ᠰᠤᠳᠠᠯ ᠤᠨ ᠤᠶᠠᠨ ᠴᠢᠨᠠᠷ ᠢ ᠳᠡᠭᠡᠭᠰᠢᠯᠡᠭᠦᠯᠵᠦ᠂ ᠴᠢᠰᠤᠨ | ᠳᠠᠷᠤᠯᠲᠠ ᠦᠨᠳᠦᠷ ᠪᠢᠰᠢ ᠪᠠᠶᠢᠳᠠᠯ ᠳᠤ ᠴᠢᠰᠤᠨ ᠳᠠᠷᠤᠯᠲᠠ ᠶᠢ ᠪᠠᠭᠤᠷᠠᠭᠤᠯᠬᠤ ᠳᠤ ᠲᠤᠰᠠᠯᠠᠳᠠᠭ᠃ | ᠲᠠᠭᠰᠢᠭᠤᠷ ᠢ ᠰᠡᠷᠭᠡᠶᠢᠯᠡᠨ᠂ ᠬᠠᠮᠠᠷ ᠤᠨ ᠦᠷᠪᠢᠰᠦᠯ ᠢ ᠵᠠᠰᠠᠵᠤ᠂ ᠪᠡᠶ᠎ᠡ ᠴᠢᠬᠢᠷᠠᠭᠵᠢᠭᠤᠯᠬᠤ ᠦᠢᠯᠡᠳᠦᠯ | ᠲᠠᠢ᠃ | ᠬᠤᠭᠤᠯᠠᠢ ᠡᠪᠡᠳᠬᠦ ᠶᠢ ᠵᠠᠰᠠᠵᠤ᠂ ᠨᠤᠶᠢᠷ ᠢ ᠰᠠᠶᠢᠵᠢᠷᠠᠭᠤᠯᠤᠨ᠎ᠠ᠃ | ᠰᠢᠩᠭᠡᠭᠡᠯᠲᠡ ᠶᠢ ᠰᠠᠶᠢᠵᠢᠷᠠᠭᠤᠯᠤᠨ᠎ᠠ᠃ | ᠶᠠᠳᠠᠷᠠᠯ ᠢ ᠲᠠᠶᠢᠯᠤᠨ᠂ ᠦᠲᠡᠯᠬᠦ ᠶᠢ ᠤᠳᠠᠭᠠᠰᠢᠷᠠᠭᠤᠯᠤᠨ᠎ᠠ᠃ | ᠴᠢᠰᠤ ᠶᠢ ᠰᠢᠩᠭᠡᠷᠡᠭᠦᠯᠵᠦ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠎ᠠ᠃ | ᠴᠢᠰᠤᠨ ᠤ ᠦᠭᠡᠬᠦ ᠶᠢ ᠪᠠᠭᠤᠷᠠᠭᠤᠯᠵᠤ ᠰᠢᠬᠢᠷ ᠰᠢᠵᠢᠩ ᠡᠪᠡᠳᠴᠢᠨ ᠢ ᠰᠡᠷᠭᠡᠶᠢᠯᠡᠳᠡᠭ᠃ | ᠪᠠᠺᠲ᠋ᠧᠷᠢ ᠶᠢ ᠤᠰᠠᠳᠬᠠᠨᠨ᠂ ᠦᠷᠪᠢᠰᠤᠯ ᠢ ᠳᠠᠷᠤᠵᠤ᠂ ᠡᠪᠡᠳᠴᠢᠨ ᠬᠠᠯᠳᠠᠪᠤᠷᠢᠯᠠᠬᠤ ᠶᠢ ᠰᠡᠷᠭᠡᠶᠢᠯᠡᠨ᠎ᠡ᠃ | | ᠰᠦᠰᠦᠨ ᠤ ᠴᠢᠯᠠᠭᠤᠯᠢᠭ ᠠᠯᠺᠦᠯ ᠢ ᠪᠠᠭᠤᠷᠠᠭᠤᠯᠤᠨ᠎ᠠ᠃ | ᠦᠮᠠᠨ ᠢ ᠰᠡᠷᠭᠡᠶᠢᠯᠡᠳᠡᠭ᠃ | | ᠼᠤ᠋ ᠳᠤ ᠳᠡᠪᠲᠦᠭᠡᠭᠰᠡᠨ ᠰᠠᠷᠢᠮᠰᠠᠭ ᠤᠨ ᠠᠰᠢᠭ ᠦᠭᠡᠢ ᠲᠠᠯ᠎ᠠ᠄ | ᠬᠦᠮᠦᠰ ᠼᠤ᠋ ᠳᠤ ᠰᠠᠷᠢᠮᠰᠠᠭ ᠳᠡᠪᠲᠦᠭᠡᠬᠦ ᠳᠤ ᠪᠠᠨ ᠳᠠᠪᠤᠰᠤ ᠠᠷᠪᠢᠨ ᠬᠢᠳᠡᠭ᠂ ᠲᠡᠷᠡᠴᠢᠯᠡᠨ ᠼᠤ᠋ ᠳᠤ | ᠳᠡᠪᠲᠦᠭᠡᠭᠰᠡᠨ ᠰᠠᠷᠢᠮᠰᠠᠭ ᠢᠶᠠᠨ ᠳᠠᠪᠤᠰᠤᠯᠠᠭᠰᠠᠨ ᠨᠤᠭᠤᠭ᠎ᠠ ᠪᠠᠷ ᠡᠳᠦᠷ ᠪᠦᠷᠢ ᠮᠠᠰᠢ ᠠᠷᠪᠢᠨ ᠢᠳᠡᠳᠡᠭ᠃ | ᠢᠩᠭᠢᠵᠦ ᠢᠳᠡᠬᠦ ᠨᠢ ᠰᠢᠨᠵᠢᠯᠡᠬᠦ ᠤᠬᠠᠭᠠᠨᠴᠢ ᠪᠢᠰᠢ ᠪᠠᠶᠢᠵᠤ᠂ ᠪᠡᠶ᠎ᠡ ᠮᠠᠬᠠᠪᠤᠳ ᠢ ᠭᠡᠮᠲᠦᠭᠡᠵᠦ ᠮᠡᠳᠡᠨ᠎ᠡ᠃ | ᠰᠠᠷᠢᠮᠰᠠᠭ ᠪᠤᠯ ᠭᠤᠰᠢᠭᠤᠨ ᠴᠢᠨᠠᠷ ᠲᠠᠢ ᠢᠳᠡᠭᠡᠨ ᠶᠤᠮ᠂ ᠬᠡᠲᠦᠷᠬᠡᠢ ᠠᠷᠪᠢᠨ ᠢᠳᠡᠬᠦ ᠨᠢ ᠬᠤᠳᠤᠭᠤᠳᠤ ᠶᠢ | ᠡᠪ ᠦᠭᠡᠢ ᠪᠠᠶᠢᠳᠠᠯ ᠳᠤ ᠤᠷᠤᠭᠤᠯᠳᠠᠭ᠃ | ᠦᠯᠦᠨ ᠢᠶᠠᠷ ᠠᠷᠪᠢᠨ ᠢᠳᠡᠪᠡᠯ ᠨᠢᠳᠦᠨ ᠳᠤ ᠰᠡᠳᠦᠯᠲᠡ ᠦᠭᠬᠦ ᠪᠠᠷ ᠪᠠᠷᠠᠬᠤ ᠦᠭᠡᠢ ᠸᠢᠲ᠋ᠠᠮᠢᠨ b ᠶᠢᠨ | ᠰᠢᠩᠭᠡᠭᠡᠯᠲᠡ ᠶᠢ ᠨᠦᠯᠦᠭᠡᠯᠡᠳᠡᠭ᠃ | | ᠠᠩᠬᠠᠷᠤᠭᠤᠰᠢᠲᠠᠢ ᠵᠦᠢᠯ᠄ | 1. ᠴᠢᠰᠤᠨ ᠳᠠᠷᠤᠯᠲᠠ ᠦᠨᠳᠦᠷ ᠡᠪᠡᠳᠴᠢᠲᠡᠨ ᠳᠤ ᠲᠤᠰᠠᠯᠠᠬᠤ ᠦᠢᠯᠡᠳᠦᠯ ᠦᠵᠡᠭᠦᠯᠳᠡᠭ᠂ ᠲᠡᠭᠦᠨ ᠳᠤ | ᠲᠦᠰᠢᠭᠯᠡᠵᠦ ᠪᠤᠯᠬᠤ ᠦᠭᠡᠢ᠃ | 2. ᠼᠤ᠋ ᠪᠠᠨ ᠪᠤᠴᠠᠯᠭᠠᠵᠤ ᠪᠤᠯᠬᠤ ᠦᠭᠡᠢ᠂ ᠪᠤᠴᠠᠯᠭᠠᠪᠠᠯ ᠦᠢᠯᠡᠳᠦᠯ ᠪᠠᠭᠤᠷᠠᠳᠠᠭ᠃ | 3. ᠼᠤ᠋ ᠳᠤ ᠳᠡᠪᠲᠦᠭᠡᠭᠰᠡᠨ ᠰᠠᠷᠢᠮᠰᠠᠭ ᠢ ᠤᠷᠲᠤ ᠬᠤᠭᠤᠴᠠᠭ᠎ᠠ ᠢᠳᠡᠵᠦ ᠪᠤᠯᠤᠨ᠎ᠠ᠂ ᠭᠡᠪᠡᠴᠦ ᠡᠳᠦᠷ ᠪᠦᠷᠢ | ᠬᠡᠲᠤ ᠠᠷᠪᠢᠨ ᠢᠳᠡᠵᠦ ᠪᠤᠯᠬᠤ ᠦᠭᠡᠢ᠂ ᠨᠢᠭᠡ ᠠᠴᠠ ᠬᠤᠶᠠᠷ ᠰᠢᠳᠦ ᠢᠳᠡᠪᠡᠯ ᠪᠤᠯᠴᠢᠬᠠᠨ᠎ᠠ᠃ | | ᠴᠡᠭᠡᠷ ᠬᠢᠭᠡᠳ ᠵᠠᠰᠠᠯ᠄ | ᠰᠤᠩᠬᠢᠨ᠎ᠡ ᠰᠠᠷᠢᠮᠰᠠᠭ ᠢ ᠭᠠᠯ ᠳᠤ ᠬᠢᠬᠦ ᠶᠢ ᠴᠡᠭᠡᠷᠯᠡᠨ᠎ᠡ᠃ | ᠨᠢᠳᠦᠨ ᠤ ᠡᠪᠡᠳᠴᠢᠲᠡᠨ ᠰᠠᠷᠢᠮᠰᠠᠭ ᠢᠳᠡᠬᠦ ᠶᠢ ᠴᠡᠭᠡᠷᠯᠡᠨ᠎ᠡ᠃ | ᠭᠠᠭᠴᠠ ᠲᠤᠯᠤᠭᠠᠶᠢᠲᠤ ᠰᠠᠷᠢᠮᠰᠠᠭ ᠤᠨ ᠰᠦᠮᠦᠰᠦ ᠶᠢ ᠬᠠᠮᠠᠷ ᠲᠤ ᠪᠠᠨ ᠳᠤᠰᠤᠭᠠᠪᠠᠯ ᠲᠤᠯᠤᠭᠠᠢ ᠡᠪᠡᠳᠬᠦ ᠶᠢ | ᠵᠤᠭᠰᠤᠭᠠᠨ᠎ᠠ᠃ | ᠰᠠᠷᠢᠮᠰᠠᠭ ᠢ ᠬᠡᠷᠴᠢᠭᠡᠳ ᠴᠠᠢ ᠪᠠᠷ ᠳᠠᠷᠤᠭᠤᠯᠵᠤ ᠤᠤᠭᠤᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃ |