ᠢᠲ᠋ᠠᠯᠢ ᠶᠢᠨ ᠰᠤᠳᠤᠯᠤᠭᠴᠢᠳ ᠦᠷᠬᠦᠯᠵᠢ ᠯᠠᠵᠤᠤ ᠢᠳᠡᠪᠡᠯ ᠵᠢᠷᠦᠬᠡᠨ ᠤ ᠡᠷᠡᠭᠦᠯ ᠮᠡᠨᠳᠤ ᠳᠤ ᠠᠰᠢᠭᠳᠠᠢ | ᠪᠠᠶᠢᠵᠤ ᠵᠢᠷᠦᠬᠡᠨ ᠡᠪᠡᠳᠴᠢᠨ ᠪᠠ ᠰᠠ ᠡᠪᠡᠳᠴᠢᠨ ᠢᠶᠠᠷ ᠦᠬᠦᠬᠦ ᠠᠶᠤᠯ ᠢ ᠪᠠᠭᠤᠷᠠᠭᠤᠯᠳᠠᠭ ᠢ ᠤᠯᠵᠤ ᠮᠡᠳᠡᠭᠰᠡᠨ | ᠪᠠᠶᠢᠨ᠎ᠠ᠃ | ᠭᠠᠵᠠᠷ ᠤᠨ ᠲᠤᠮᠳᠠᠳᠤ ᠲᠠᠩᠬᠢᠰ ᠤᠨ ᠰᠤᠳᠤᠯᠬᠤ ᠭᠠᠵᠠᠷ ᠤᠨ ᠠᠵᠢᠯᠳᠠᠨ ᠢᠲ᠋ᠠᠯᠢ ᠶᠢᠨ ᠮᠦᠯᠢ | ᠤᠷᠤᠯᠳᠤᠭᠠᠨ ᠤ ᠲᠤᠭᠤᠷᠢᠭ ᠤᠨ 22811 ᠰᠠᠭᠤᠭᠠᠯᠢ ᠠᠷᠠᠳ ᠢ ᠰᠤᠷᠪᠤᠯᠵᠢᠯᠠᠪᠠ᠂ ᠰᠠᠭᠤᠭᠠᠯᠢ ᠠᠷᠠᠳ ᠪᠤᠯᠭᠠᠨ | ᠤ ᠲᠠᠭᠠᠨ ᠰᠤᠷᠪᠤᠯᠵᠢᠯᠠᠬᠤ ᠴᠠᠭ ᠢ ᠲᠤᠮᠳᠠᠴᠢ ᠪᠠᠷ 8 ᠵᠢᠯ᠂ ᠵᠤᠷᠢᠯᠭ᠎ᠠ ᠨᠢ ᠲᠡᠳᠡᠨ ᠤ ᠢᠳᠡᠭᠡᠨ ᠤᠮᠳᠠᠭᠠᠨ ᠤ | ᠲᠠᠳᠬᠠᠯ ᠪᠠ ᠡᠷᠡᠭᠦᠯ ᠮᠡᠨᠳᠤ ᠶᠢᠨ ᠪᠠᠶᠢᠳᠠᠯ ᠢ ᠤᠶᠢᠯᠭᠠᠭᠰᠠᠨ ᠪᠠᠶᠢᠨ᠎ᠠ᠃ ᠰᠤᠳᠤᠯᠤᠭᠴᠢᠳ ᠤᠨ ᠢᠯᠡᠷᠡᠭᠦᠯᠦᠭᠰᠡᠨ | ᠢᠶᠠᠷ᠂ ᠲᠤᠬᠠᠢ ᠶᠢᠨ ᠭᠠᠵᠠᠷ ᠤᠨ ᠢᠳᠡᠭᠡᠨ ᠤᠮᠳᠠᠭᠠᠨ ᠨᠡᠶᠢᠳᠡᠮ ᠭᠠᠰᠢᠭᠤᠨ ᠪᠠᠶᠢᠵᠤ᠂ ᠰᠤᠳᠤᠯᠤᠭᠳᠠᠬᠤᠨ ᠭᠠᠷᠠᠭ | ᠪᠦᠷᠢ 4 ᠤᠳᠠᠭ᠎ᠠ ᠠᠴᠠ ᠲᠡᠭᠡᠭᠰᠢ ᠯᠠᠵᠤᠤ ᠢᠳᠡᠳᠡᠭ ᠪᠠᠶᠢᠨ᠎ᠠ᠃ ᠡᠭᠦᠨ ᠤ ᠳ᠋ᠦᠩ ᠳᠤ ᠵᠢᠷᠦᠬᠡᠨ ᠲᠢᠳᠢᠮ ᠤᠨ | ᠡᠪᠡᠳᠴᠢᠨ ᠢᠶᠠᠷ ᠦᠬᠦᠬᠦ ᠠᠶᠤᠯ ᠲᠦᠭᠰᠢᠭᠦᠷᠢ 44% ᠲᠤᠷᠤᠭᠰᠢᠯᠠᠵᠤ᠂ ᠰᠠ ᠡᠪᠡᠳᠴᠢᠨ ᠢᠶᠠᠷ ᠦᠬᠦᠬᠦ ᠠᠶᠤᠯ | 60% ᠠᠴᠠ ᠢᠯᠡᠭᠦᠤ ᠲᠤᠷᠤᠭᠰᠢᠯᠠᠪᠠ᠃ ᠡᠭᠦᠨ ᠠᠴᠠ ᠭᠠᠳᠠᠨ᠎ᠠ᠂ ᠰᠤᠳᠤᠯᠤᠭᠳᠠᠬᠤᠨ ᠤ ᠢᠳᠡᠭᠡᠨ ᠤᠮᠳᠠᠭᠠᠨ ᠤ | ᠲᠠᠳᠬᠠᠯ ᠨᠢ ᠶᠠᠮᠠᠷ ᠪᠠᠶᠢᠭᠰᠠᠨ ᠴᠤ᠂ ᠦᠷᠬᠦᠯᠵᠢ ᠯᠠᠵᠤᠤ ᠢᠳᠡᠪᠡᠯ ᠵᠢᠷᠦᠬᠡᠨ ᠤ ᠡᠷᠡᠭᠦᠯ ᠮᠡᠨᠳᠤ ᠳᠤ ᠠᠰᠢᠭᠳᠠᠢ | ᠪᠠᠶᠢᠳᠠᠭ ᠭᠡᠰᠡᠨ ᠢ ᠤᠯᠵᠤ ᠮᠡᠳᠡᠭᠰᠡᠨ ᠪᠠᠶᠢᠨ᠎ᠠ᠃ ᠲᠤᠰ ᠰᠤᠳᠤᠯᠭᠠᠨ ᠤ ᠮᠡᠳᠡᠭᠦᠯᠦᠯᠳᠡ ᠶᠢ ︽ᠠᠮᠧᠷᠢᠺᠠ ᠶᠢᠨ | ᠵᠢᠷᠦᠬᠡᠨ ᠡᠪᠡᠳᠴᠢᠨ ᠤ ᠨᠡᠶᠢᠭᠡᠮᠯᠢᠭ︾ ᠤᠨ ᠰᠡᠳᠬᠦᠯ ᠲᠡᠭᠡᠷ᠎ᠡ ᠨᠡᠶᠢᠳᠡᠯᠡᠭᠰᠡᠨ ᠪᠠᠶᠢᠨ᠎ᠠ᠃ ᠭᠤᠤᠯ ᠵᠤᠬᠢᠶᠠᠭᠴᠢ | ᠮᠠᠯᠢᠶᠠᠯᠠ ᠪᠤᠨᠠᠴᠢᠶᠤ᠋ ᠬᠡᠯᠡᠬᠦ ᠳᠤ ᠪᠠᠨ᠄ ᠵᠠᠷᠢᠮ ᠬᠦᠮᠦᠨ ᠭᠠᠵᠠᠷ ᠤᠨ ᠲᠤᠮᠳᠠᠳᠤ ᠲᠠᠩᠬᠢᠰ ᠤᠨ ᠡᠷᠡᠭᠦᠯ ᠢᠳᠡᠭᠡᠨ | ᠤᠮᠳᠠᠭᠠᠨ ᠢ ᠪᠠᠷᠢᠮᠳᠠᠯᠠᠵᠤ᠂ ᠵᠠᠷᠢᠮ ᠬᠦᠮᠦᠨ ᠤ ᠢᠳᠡᠭᠡᠨ ᠤᠮᠳᠠᠭᠠᠨ ᠨᠢ ᠲᠡᠶᠢᠮᠤ ᠡᠷᠡᠭᠦᠯ ᠪᠤᠰᠤ ᠪᠤᠯᠪᠠᠴᠤ ᠯᠠᠵᠤᠤ | ᠦᠷᠬᠦᠯᠵᠢ ᠢᠳᠡᠳᠡᠭ ᠠᠴᠠ ᠪᠤᠯᠵᠤ ᠲᠡᠳᠡᠨ ᠤ ᠵᠢᠷᠦᠬᠡᠨ ᠳᠤ ᠬᠠᠮᠠᠭᠠᠯᠠᠬᠤ ᠦᠢᠯᠡᠳᠦᠯ ᠦᠵᠡᠭᠦᠯᠦᠭᠰᠡᠨ ᠪᠠᠶᠢᠨ᠎ᠠ | ᠭᠡᠵᠡᠢ᠃ | ᠲᠤᠰ ᠰᠤᠳᠤᠯᠭᠠᠨ ᠨᠢ ᠯᠠᠵᠤᠤ ᠢᠳᠡᠬᠦ ᠨᠢ ᠵᠢᠷᠦᠬᠡᠨ ᠡᠪᠡᠳᠴᠢᠨ ᠪᠠ ᠰᠠ ᠡᠪᠡᠳᠴᠢᠨ ᠢᠶᠠᠷ ᠦᠬᠦᠬᠦ | ᠲᠦᠭᠰᠢᠭᠦᠷᠢ ᠲᠠᠢ ᠬᠤᠯᠪᠤᠭ᠎ᠠ ᠲᠠᠢ ᠭᠡᠳᠡᠭ ᠢ ᠢᠯᠡᠷᠡᠭᠦᠯᠦᠭᠰᠡᠨ ᠪᠤᠯᠪᠠᠴᠤ ᠰᠢᠯᠳᠠᠭᠠᠨ ᠦᠷ᠎ᠡ ᠳ᠋ᠦᠩ ᠤᠨ ᠬᠠᠷᠢᠴᠠᠭ᠎ᠠ | ᠶᠢ ᠢᠯᠡᠷᠡᠭᠦᠯᠵᠤ ᠴᠢᠳᠠᠭᠰᠠᠨ ᠦᠭᠡᠢ᠃ ᠰᠤᠳᠤᠯᠭᠠᠨ ᠤ ᠠᠵᠢᠯᠳᠠᠨ ᠤ ᠲᠠᠭᠠᠮᠠᠭᠯᠠᠭᠰᠠᠨ ᠢᠶᠠᠷ ᠯᠠᠵᠤᠤ ᠲᠤᠳᠤᠷ᠎ᠠ | ᠠᠭᠤᠯᠤᠭᠳᠠᠵᠤ ᠪᠠᠶᠢᠭ᠎ᠠ ᠯᠠᠵᠤᠤ ᠡᠳ᠋ ᠨᠢ ᠵᠢᠷᠦᠬᠡᠨ ᠤ ᠡᠷᠡᠭᠦᠯ ᠮᠡᠨᠳᠤ ᠠᠰᠢᠭᠳᠠᠢ ᠪᠠᠶᠢᠳᠠᠭ ᠭᠡᠵᠡᠢ᠃ ᠡᠮᠦᠨ᠎ᠡ ᠨᠢ | ᠪᠠᠰᠠ ᠵᠠᠷᠢᠮ ᠰᠤᠳᠤᠯᠤᠭᠴᠢᠳ ᠵᠢᠭᠠᠨ ᠭᠠᠷᠭᠠᠭᠰᠠᠨ ᠨᠢ᠂ ᠯᠠᠵᠤᠤ ᠶᠢᠨ ᠡᠳ᠋ ᠨᠢ ᠦᠷᠪᠢᠰᠦᠯ ᠢ ᠲᠠᠷᠤᠵᠤ ᠡᠪᠡᠳᠬᠦ | ᠶᠢ ᠵᠤᠭᠰᠤᠭᠠᠬᠤ ᠤᠨᠴᠠᠯᠢᠭ ᠲᠠᠢ ᠭᠡᠵᠡᠢ᠃ ᠠᠩᠬᠠᠷᠤᠭᠤᠰᠢᠳᠠᠢ ᠨᠢ ᠰᠢᠬᠢᠷ ᠯᠠᠵᠤᠤ ᠲᠤᠳᠤᠷ᠎ᠠ ᠠᠭᠤᠯᠤᠭᠳᠠᠵᠤ | ᠪᠠᠶᠢᠬᠤ ᠯᠠᠵᠤᠤ ᠶᠢᠨ ᠡᠳ᠋ ᠨᠢ ᠨᠡᠯᠢᠶᠡᠳ ᠴᠦᠭᠡᠨ ᠪᠠᠶᠢᠳᠠᠭ ᠲᠤᠯᠠ ᠰᠢᠬᠢᠷ ᠯᠠᠵᠤᠤ ᠢᠳᠡᠪᠡᠯ ᠡᠷᠡᠭᠦᠯ ᠮᠡᠨᠳᠤ ᠳᠤ | ᠵᠠᠷᠢᠮ ᠲᠠᠯ᠎ᠠ ᠪᠠᠷ ᠠᠰᠢᠭᠳᠠᠢ ᠪᠠᠶᠢᠳᠠᠭ ᠪᠤᠯᠪᠠᠴᠤ ᠵᠢᠷᠦᠬᠡ ᠶᠢ ᠬᠠᠮᠠᠭᠠᠯᠠᠬᠤ ᠦᠷ᠎ᠡ ᠳ᠋ᠦᠩ ᠨᠢ ᠢᠯᠡᠷᠬᠡᠢ ᠪᠢᠰᠢ ᠶᠤᠮ | ᠪᠠᠶᠢᠨ᠎ᠠ᠃ |