ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠶᠢ ᠪᠠᠶᠢᠩᠭᠤᠵᠢᠭᠤᠯᠬᠤ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠭᠤᠯᠬᠤ ᠶᠢᠨ ᠲᠥᠯᠥᠭᠡ᠂ 5 | ᠰᠠᠷ᠎ᠠ ᠶᠢᠨ 9 ᠤ ᠡᠳᠦᠷ ᠠᠴᠠ ᠡᠬᠢᠯᠡᠨ᠂ ᠮᠠᠨ ᠤ ᠬᠤᠲᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ | ᠪᠠᠶᠢᠴᠠᠭᠠᠨ ᠰᠢᠯᠭᠠᠬᠤ ᠲᠥᠷᠥᠯ ᠵᠦᠢᠯ ᠤᠨ ᠦᠨ᠎ᠡ ᠬᠠᠩᠰᠢ ᠳᠤ ᠳᠠᠬᠢᠨᠲᠠ ᠲᠣᠬᠢᠷᠠᠭᠤᠯᠤᠯᠲᠠ ᠬᠢᠪᠡ᠃ | ᠲᠣᠰ ᠤᠳᠠᠭᠠᠨ ᠤ ᠲᠣᠬᠢᠷᠠᠭᠤᠯᠤᠯᠲᠠ ᠳᠤ᠂ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ 1 | ᠬᠥᠮᠥᠨ ᠳᠤ 1 ᠤᠳᠠᠭ᠎ᠠ ᠪᠠᠶᠢᠴᠠᠭᠠᠬᠤ ᠦᠨ᠎ᠡ ᠬᠠᠩᠰᠢ ᠶᠢ ᠬᠦᠮᠦᠨ ᠪᠥᠷᠢ 28 ᠲᠥᠭᠦᠷᠢᠭ ᠪᠠᠶᠢᠭᠰᠠᠨ ᠠᠴᠠ 19. | 7 ᠲᠥᠭᠦᠷᠢᠭ ᠪᠣᠯᠭᠠᠨ ᠪᠠᠭᠤᠷᠠᠭᠤᠯᠵᠤ᠂ ᠬᠤᠯᠢᠮᠠᠭ ᠪᠠᠶᠢᠴᠠᠭᠠᠨ ᠰᠢᠯᠭᠠᠯᠲᠠ ᠶᠢ ᠬᠦᠮᠦᠨ ᠪᠥᠷᠢ 6 ᠲᠥᠭᠦᠷᠢᠭ | ᠪᠠᠶᠢᠭᠰᠠᠨ ᠠᠴᠠ 3.4 ᠲᠥᠭᠦᠷᠢᠭ ᠪᠣᠯᠭᠠᠨ ᠪᠠᠭᠤᠷᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮᠴᠢᠯᠡᠭᠡᠨ ᠤ ᠪᠠᠶᠢᠭᠤᠯᠤᠮᠵᠢ ᠶᠢᠨ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ ᠶᠢᠨ ᠥᠪᠡᠷ ᠤᠨ ᠥᠷᠲᠡᠭ ᠤᠨ ᠬᠤᠪᠢᠷᠠᠯᠲᠠ ᠶᠢᠨ ᠪᠠᠶᠢᠳᠠᠯ ᠢ ᠦᠷᠭᠦᠯᠵᠢᠯᠡᠨ ᠬᠥᠳᠡᠯᠦᠩᠭᠦᠢ ᠪᠠᠷ ᠬᠢᠨᠠᠨ | ᠬᠡᠮᠵᠢᠵᠦ᠂ ᠵᠠᠰᠠᠭ ᠤᠨ ᠣᠷᠳᠣᠨ ᠤ ᠬᠤᠷᠸ᠎ᠠ ᠲᠣᠬᠢᠷᠠᠭᠤᠯᠤᠯ ᠡᠵᠡᠮᠳᠡᠯ ᠤᠨ ᠦᠢᠯᠡᠳᠦᠯ ᠢᠶᠠᠨ ᠪᠠᠳᠠᠷᠠᠭᠤᠯᠤᠨ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ | ᠠᠵᠢᠯ ᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ |