ᠨᠢᠬᠡ᠂ ᠱᠠᠭᠠᠷᠳᠠᠯᠭ᠎ᠠ | ᠭᠠᠭ᠋ᠠᠢ ᠳᠤ o ᠬᠡᠯᠪᠡᠷᠢ ᠶᠢᠨ ᠲᠠᠷᠢᠯᠭ᠎ᠠ ᠶᠢ ᠠᠯᠪᠠᠳᠠᠯᠭ᠎ᠠ ᠶᠢᠨ ᠴᠢᠨᠠᠷᠳᠠᠢ ᠲᠠᠷᠢᠵᠦ᠂ ᠪᠦᠬᠦᠶᠢᠯᠨ ᠮᠢᠬᠠᠨ ᠤ | ᠦᠬᠡᠷ᠂ ᠲᠡᠮᠡᠭᠡ᠂ ᠪᠤᠭᠤ ᠳᠤ ᠰᠢᠯᠦᠬᠡᠢ ᠡᠪᠡᠳᠴᠢᠨ ᠤ o ᠬᠡᠯᠪᠡᠷᠢ — ᠠᠽᠢᠶ᠎ᠠ l ᠬᠡᠯᠪᠡᠷᠢ ᠬᠤᠯᠪᠤᠭᠠᠯᠠᠭᠰᠠᠨ | ᠲᠠᠷᠢᠯᠭ᠎ᠠ ᠶᠢ ᠠᠯᠪᠠᠳᠠᠯᠭ᠎ᠠ ᠶᠢᠨ ᠴᠢᠨᠠᠷᠳᠠᠢ ᠲᠠᠷᠢᠵᠦ᠂ ᠪᠦᠬᠦᠶᠢᠯᠨ ᠰᠦᠨ ᠤ ᠦᠨᠢᠶ᠎ᠡ ᠪᠠ ᠪᠤᠬᠠᠨ ᠳᠤ ᠰᠢᠯᠦᠬᠡᠢ | ᠡᠪᠡᠳᠴᠢᠨ ᠤ o ᠬᠡᠯᠪᠡᠷᠢ — ᠠᠽᠢᠶ᠎ᠡ l ᠬᠡᠯᠪᠡᠷᠢ —A ᠬᠡᠯᠪᠡᠷᠢ ᠬᠤᠯᠪᠤᠭᠠᠯᠠᠭᠰᠠᠨ ᠲᠠᠷᠢᠯᠭ᠎ᠠ ᠶᠢ ᠠᠯᠪᠠᠳᠠᠯᠭ᠎ᠠ | ᠶᠢᠨ ᠴᠢᠨᠠᠷᠳᠠᠢ ᠲᠠᠯᠪᠢᠨ᠎ᠠ᠃ | | ᠬᠤᠶᠠᠷ᠂ ᠲᠠᠷᠢᠯᠭ᠎ᠠ ᠶᠢᠨ ᠶᠠᠪᠤᠴᠨ | 1. ᠬᠡᠪᠴᠢᠶᠡᠵᠢᠭᠰᠡᠨ ᠮᠠᠯᠵᠢᠯ ᠤᠨ ᠲᠠᠯᠠᠪᠤᠷ ᠤᠨ ᠮᠠᠯ ᠪᠠ ᠦᠷ᠎ᠡ ᠶᠢᠨ ᠮᠠᠯ ᠤᠨ ᠲᠠᠷᠢᠯᠭ᠎ᠠ | ᠬᠤᠷᠠᠭ᠎ᠠ᠄ 28 —35 ᠡᠳᠦᠷ ᠤᠨ ᠦᠶ᠎ᠡ ᠳᠤ ᠠᠩᠬᠠᠳᠤᠭᠠᠷ ᠲᠠᠷᠢᠯᠭ᠎ᠠ ᠶᠢ ᠬᠢᠨ᠎ᠡ᠃ | ᠲᠤᠭᠤᠯ᠄ 90 ᠡᠳᠦᠷ ᠤᠨ ᠦᠶ᠎ᠡ ᠳᠤ ᠠᠩᠬᠠᠳᠤᠭᠠᠷ ᠲᠠᠷᠢᠯᠭ᠎ᠠ ᠶᠢ ᠬᠢᠨ᠎ᠡ᠃ | ᠪᠦᠬᠦᠶᠢᠯᠨ ᠰᠢᠨ᠎ᠡ ᠭᠠᠷᠤᠭᠰᠠᠨ ᠲᠦᠯ ᠠᠩᠬᠠᠳᠤᠭᠠᠷ ᠲᠠᠷᠢᠯᠭ᠎ᠠ ᠲᠠᠭᠤᠰᠤᠭᠰᠠᠨ ᠤ ᠲᠠᠷᠠᠭ᠎ᠠ᠂ 1 ᠰᠠᠷ᠎ᠠ ᠶᠢᠨ | ᠳᠠᠷᠠᠭ᠎ᠠ ᠬᠤᠶᠠᠳᠤᠭᠠᠷ ᠤᠳᠠᠭᠠᠨ ᠤ ᠪᠠᠳᠤᠳᠬᠠᠬᠤ ᠲᠠᠷᠢᠯᠭ᠎ᠠ ᠲᠠᠷᠢᠨ᠎ᠠ᠃ ᠲᠡᠬᠦᠨ ᠠᠴᠠ ᠬᠤᠶᠢᠰᠢ 4 —6 ᠰᠠᠷ᠎ᠠ | ᠠᠯᠤᠰᠯᠠᠬᠤ ᠪᠦᠷᠢ ᠨᠢᠬᠡ ᠤᠳᠠᠭ᠎ᠠ ᠲᠠᠷᠢᠯᠭ᠎ᠠ ᠲᠠᠷᠢᠨ᠎ᠠ᠃ | | 2. ᠲᠠᠷᠬᠠᠢ ᠮᠠᠯᠵᠢᠵᠦ ᠪᠠᠶᠢᠭ᠎ᠠ ᠮᠠᠯ ᠤᠨ ᠲᠠᠷᠢᠯᠭ᠎ᠠ | ᠬᠠᠪᠤᠷ ᠨᠠᠮᠤᠷ ᠤᠨ ᠤᠯᠠᠷᠢᠯ ᠳᠤ ᠪᠦᠬᠦᠶᠢᠯᠨ ᠬᠠᠯᠳᠠᠮᠠᠳᠠᠭᠠᠢ ᠠᠮᠢᠳᠠᠨ ᠳᠤ ᠲᠦᠪᠯᠡᠷᠡᠭᠦᠯᠦᠭᠰᠡᠨ ᠲᠠᠷᠢᠯᠭ᠎ᠠ | ᠲᠠᠷᠢᠵᠦ᠂ ᠲᠤᠭᠳᠠᠭᠰᠠᠨ ᠬᠤᠭᠤᠴᠠᠭ᠎ᠠ ᠲᠠᠢ ᠨᠦᠬᠦᠵᠦ ᠲᠠᠷᠢᠯᠭ᠎ᠠ ᠲᠠᠷᠢᠨ᠎ᠠ᠃ ᠨᠦᠬᠦᠴᠡᠯ ᠲᠠᠢ ᠭᠠᠵᠠᠷ ᠤᠷᠤᠨ ᠨᠢ | ᠬᠡᠪᠴᠢᠶᠡᠵᠢᠭᠰᠡᠨ ᠮᠠᠯᠵᠢᠯ ᠤᠨ ᠲᠠᠯᠠᠪᠤᠷ ᠤᠨ ᠮᠠᠯ ᠪᠠ ᠦᠷ᠎ᠡ ᠶᠢᠨ ᠮᠠᠯ ᠤᠨ ᠲᠠᠷᠢᠯᠭ᠎ᠠ ᠶᠢᠨ ᠶᠠᠪᠤᠴᠨ ᠪᠠᠷ ᠲᠠᠷᠢᠯᠭ᠎ᠠ | ᠪᠠᠨ ᠶᠠᠪᠤᠭᠳᠠᠭᠤᠯᠵᠦ ᠪᠤᠯᠤᠨ᠎ᠠ᠃ | 3. ᠰᠦᠨ ᠤ ᠦᠨᠢᠶᠡᠨ ᠤ ᠲᠠᠷᠢᠯᠭ᠎ᠠ | ᠭᠠᠵᠠᠷ ᠤᠷᠤᠨ ᠨᠢ ᠦᠪᠡᠷ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠦ᠂ ᠲᠠᠷᠢᠯᠭ᠎ᠠ ᠬᠢᠬᠦ ᠴᠠᠭ᠂ | ᠬᠦᠰᠦᠨᠦᠭᠳᠦ ᠭᠠᠷᠭᠠᠵᠦ ᠭᠤᠷᠪᠠ ᠤᠳᠠᠭ᠎ᠠ ᠲᠠᠷᠢᠯᠭ᠎ᠠ ᠬᠢᠬᠦ ᠶᠢ. ᠪᠠᠳᠤᠯᠠᠨ᠎ᠠ᠃ | | ᠭᠤᠷᠪᠠ᠂ ᠪᠠᠴᠢᠮ ᠲᠠᠷᠢᠯᠭ᠎ᠠ | ᠡᠪᠡᠳᠴᠢᠨ ᠤ ᠪᠠᠶᠢᠳᠠᠯ ᠡᠬᠦᠰᠬᠦ ᠦᠶ᠎ᠡ ᠳᠤ ᠬᠢᠵᠢᠭᠳᠦ ᠤᠷᠤᠨ ᠰᠦᠷᠳᠡᠭᠦᠯᠦᠯᠲᠦ ᠤᠷᠤᠨ ᠤ ᠪᠦᠬᠦᠶᠢᠯᠨ | ᠬᠠᠯᠳᠠᠮᠠᠳᠠᠭᠠᠢ ᠮᠠᠯ ᠳᠤ ᠨᠢᠬᠡᠨ ᠤᠳᠠᠭᠠᠨ ᠤ ᠪᠠᠳᠤᠳᠬᠠᠬᠤ ᠲᠠᠷᠢᠯᠭ᠎ᠠ ᠲᠠᠷᠢᠨ᠎ᠠ᠃ ᠬᠢᠯᠢ ᠬᠢᠵᠠᠭᠠᠷ ᠤᠷᠤᠨ᠂ ᠬᠢᠯᠢ | ᠶᠢᠨ ᠭᠠᠳᠠᠨᠠᠬᠢ ᠡᠪᠡᠳᠴᠢᠨ ᠤ ᠰᠦᠷᠳᠡᠬᠦᠯᠦᠯ ᠳᠤ ᠤᠴᠠᠷᠠᠬᠤ ᠦᠶ᠎ᠡ ᠳᠤ᠂ ᠬᠢᠯᠢ ᠶᠢᠨ ᠱᠤᠭᠤᠮ ᠠᠴᠠ | ᠲᠤᠳᠤᠭᠰᠢᠬᠢ 30km ᠶᠢᠨ ᠬᠠᠯᠳᠠᠮᠠᠳᠠᠭᠠᠢ ᠠᠮᠢᠳᠠᠨ ᠳᠤ ᠨᠢᠬᠡᠨ ᠤᠳᠠᠭᠠᠨ ᠪᠠᠳᠤᠳᠬᠠᠬᠤ ᠲᠠᠷᠢᠯᠭ᠎ᠠ ᠲᠠᠷᠢᠨ᠎ᠠ᠃ | ᠲᠠᠷᠢᠯᠭ᠎ᠠ ᠲᠠᠷᠢᠭᠠᠳ ᠰᠠᠷ᠎ᠠ ᠪᠤᠯᠤᠭ᠎ᠠ ᠦᠭᠡᠢ ᠮᠠᠯ ᠳᠤ ᠲᠠᠷᠢᠯᠭ᠎ᠠ ᠲᠠᠷᠢᠬᠤ ᠦᠭᠡᠢ ᠳᠤ ᠪᠤᠯᠤᠨ᠎ᠠ᠃ | | ᠲᠦᠷᠪᠡ᠂ ᠲᠠᠷᠢᠯᠭ᠎ᠠ ᠲᠠᠷᠢᠬᠤ ᠠᠷᠭ᠎ᠠ | ᠡᠯ᠎ᠡ ᠲᠠᠷᠢᠯᠭ᠎ᠠ ᠶᠢᠨ ᠡᠮ᠂ ᠲᠠᠷᠢᠬᠤ ᠠᠷᠭ᠎ᠠ ᠪᠠ ᠬᠡᠮᠵᠢᠶ᠎ᠡ ᠶᠢ ᠨᠢ ᠬᠠᠷᠠᠭᠠᠯᠵᠠᠭᠰᠠᠨ ᠲᠠᠷᠢᠯᠭ᠎ᠠ ᠶᠢᠨ ᠡᠮ ᠤᠨ | ᠲᠠᠨᠢᠯᠴᠠᠭᠤᠯᠭ᠎ᠠ ᠳᠤ ᠯᠠᠪᠯᠠᠭᠠᠷᠠᠢ︕ |