ᠣᠶᠢᠷ᠎ᠠ ᠳᠤ᠂ ᠡᠪᠯᠡᠯ ᠤᠨ ᠬᠤᠲᠠ ᠶᠢᠨ ᠬᠤᠷᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠬᠤᠲᠠ ᠶᠢᠨ ᠪᠠᠭᠠᠴᠤᠳ ᠤᠨ ᠠᠵᠢᠯ ᠤᠨ ᠵᠥᠪᠯᠡᠯ ᠠᠴᠠ ᠬᠠᠮᠲᠤᠷᠠᠨ ᠡᠷᠭᠢᠯᠡᠭᠰᠡᠨ ︽ᠬᠡᠤᠬᠡᠳ ᠤᠨ | ᠲᠥᠯᠥᠭᠡ ᠠᠯᠠᠭ᠎ᠠ ᠲᠠᠰᠢᠵᠠᠭᠠᠶᠠ︾ ᠭᠡᠬᠦ ᠦᠬᠠᠶ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ ᠵᠤᠬᠢᠶᠠᠨ | ᠪᠦᠲᠦᠭᠡᠬᠦ ᠤᠷᠤᠯᠳᠤᠭᠠᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠡᠬᠢᠯᠡᠵᠦ᠂ ᠪᠥᠬᠦ | ᠬᠤᠲᠠ ᠶᠢᠨ 23 ᠳᠤᠮᠳᠠᠳᠤ ᠪᠠᠭ᠎ᠠ ᠰᠤᠷᠭᠠᠭᠤᠯᠢ ᠪᠠ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | 1023 ᠰᠣᠷᠣᠭᠴᠢ ᠤᠷᠤᠯᠳᠤᠭᠠᠨ ᠳᠤ ᠣᠷᠣᠯᠴᠠᠵᠠᠶ᠃ ᠤᠷᠤᠯᠳᠤᠭᠠᠨ ᠳᠤ ᠲᠡᠭᠦᠰ ᠴᠢᠳᠠᠪᠤᠷᠢᠲᠤ ᠰᠠᠤᠷᠢ ᠮᠠᠰᠢᠨ᠂ | 4D ᠣᠭᠲᠠᠷᠭᠤᠢ ᠶᠢᠨ ᠪᠦᠲᠦᠴᠡ᠂ ᠮᠠᠰᠢᠨ ᠬᠥᠮᠦᠨ ᠤ ᠫᠷᠤᠭ᠍ᠷᠠᠮ ᠨᠠᠶᠢᠷᠠᠭᠤᠯᠬᠤ᠂ ᠳ᠋ᠤᠮᠢᠨᠣ᠋ ᠶᠠᠰᠤᠨ ᠫᠠᠢ᠂ | ᠨᠢᠰᠬᠡᠯ ᠤᠨ ᠵᠠᠭᠪᠤᠷ ᠵᠡᠷᠭᠡ 9 ᠤᠷᠤᠯᠳᠤᠭᠠᠨ ᠤ ᠲᠦᠷᠦᠯ ᠵᠦᠢᠯ ᠢ ᠲᠤᠬᠢᠷᠠᠭᠤᠯᠵᠤ᠂ ᠵᠠᠯᠠᠭᠤᠴᠤᠳ ᠪᠠᠭᠠᠴᠤᠳ ᠤᠨ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠵᠦ᠂ ᠵᠠᠯᠠᠭᠤᠴᠤᠳ | ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠰᠤᠷᠭᠠᠨ ᠬᠥᠮᠦᠵᠢᠯ ᠤᠨ ᠦᠢᠯᠡᠰ ᠤᠨ ᠲᠦᠭᠡᠮᠡᠯᠵᠢᠯᠲᠡ ᠪᠣᠯᠤᠨ ᠬᠥᠭᠵᠢᠯᠲᠡ ᠶᠢ ᠠᠬᠢᠭᠤᠯᠬᠤ ᠪᠠᠷ | ᠵᠣᠷᠢᠯᠭ᠎ᠠ ᠪᠣᠯᠭᠠᠵᠠᠢ᠃ |