ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠶᠢᠷ᠎ᠠ ᠳᠤ ︽ᠦᠬᠠᠢ ᠬᠤᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ︵ | ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ︽ᠲᠥᠯᠦᠪᠵᠢᠭᠦᠯᠭᠡ︾ | ᠶᠢ ᠨᠡᠶᠢᠲᠡᠯᠡᠭᠰᠡᠨ ᠠᠬᠤᠢ ᠪᠠᠶᠢᠳᠠᠯ᠂ ᠵᠣᠷᠢᠯᠭ᠎ᠠ᠂ ᠨᠣᠣᠷᠠᠭᠯᠠᠭᠰᠠᠨ ᠶᠠᠪᠤᠴᠠ᠂ ᠦᠨᠳᠦᠰᠦᠯᠡᠯ᠂ ᠶᠡᠷᠦᠩᠬᠡᠢ ᠪᠣᠷᠣ | ᠲᠥᠯᠥᠪ ᠪᠠ ᠭᠤᠣᠯ ᠠᠭᠤᠯᠭ᠎ᠠ ᠵᠡᠷᠭᠡ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠄ | | ᠨᠢᠭᠡ᠂ ︽ᠲᠥᠯᠦᠪᠵᠢᠭᠦᠯᠭᠡ︾ ᠶᠢ ᠨᠡᠶᠢᠲᠡᠯᠡᠭᠰᠡᠨ ᠠᠬᠤᠢ ᠪᠠᠶᠢᠳᠠᠯ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭ᠎ᠠ ︵2015 ᠣᠨ— | 2020 ᠣᠨ ᠪᠣᠯᠲᠠᠯ᠎ᠠ︶᠂ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠲᠦᠷᠭᠡᠨ ᠬᠥᠭᠵᠢᠵᠦ᠂ ᠲᠡᠦᠬᠡᠲᠦ | ᠴᠢᠨᠠᠷᠲᠠᠢ ᠠᠮᠵᠢᠯᠲᠠ ᠣᠯᠪᠠ᠄ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠂ ᠡᠷᠬᠡ ᠠᠰᠢᠭ ᠤᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠷᠠᠭᠤᠯᠵᠤ᠂ | ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ ᠨᠡᠶᠢᠭᠡᠮ ᠤᠨ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠵᠡᠮᠳᠡᠭᠴᠦᠳ ᠤᠨ ᠠᠵᠢᠯ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ | ᠴᠢᠩᠭᠠᠷᠠᠭᠤᠯᠤᠨ᠂ ︽ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠵᠡᠮᠳᠡᠭᠴᠦᠳ ᠤᠨ | ᠨᠢᠭᠡ ᠶᠢ ᠴᠦ ᠣᠷᠬᠢᠭᠳᠠᠭᠤᠯᠬᠤ ᠦᠭᠡᠢ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ | ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢ ᠰᠢᠨ᠎ᠡ ᠬᠢᠷᠢ ᠬᠡᠮᠵᠢᠶᠡᠨ ᠳᠤ ᠬᠦᠷᠦᠭᠦᠯᠦᠨ᠎ᠡ᠃ ᠭᠡᠪᠡᠴᠦ | ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠪᠠᠰᠠ ᠵᠠᠷᠢᠮ ᠲᠣᠪᠣᠶᠢᠮ᠎ᠠ ᠠᠰᠠᠭᠤᠳᠠᠯ | ᠲᠤᠯᠭᠠᠷᠠᠵᠤ ᠪᠠᠶᠢᠨ᠎ᠠ᠄ ᠵᠡᠮᠳᠡᠭᠴᠦᠳ ᠤᠨ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠥᠨᠳᠥᠷ᠂ ᠣᠷᠣᠯᠭ᠎ᠠ | ᠪᠠᠭᠠᠲᠠᠢ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠪᠠᠰᠠ ᠨᠡᠯᠢᠶᠡᠳ ᠬᠦᠴᠢᠷᠳᠡᠯ ᠲᠠᠢ ᠪᠠᠶᠢᠭᠰᠠᠭᠠᠷ᠂ | ᠵᠡᠮᠳᠡᠭᠴᠦᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠵᠡᠮᠳᠡᠭᠴᠦᠳ ᠤᠨ ᠠᠵᠢᠯ | ᠣᠯᠭᠤᠯᠲᠠ ᠶᠢᠨ ᠴᠢᠨᠠᠷ ᠴᠢᠨᠰᠠᠭ᠎ᠠ ᠥᠨᠳᠥᠷ ᠪᠢᠰᠢ᠂ ᠠᠳᠠᠯᠢ ᠲᠡᠭᠰᠢ ᠡᠷᠬᠡ ᠶᠢ ᠪᠠᠰᠠ ᠭᠦᠢᠴᠡᠳ ᠪᠡᠶᠡᠯᠡᠭᠦᠯᠦᠭᠡᠳᠦᠢ | ᠪᠠᠶᠢᠬᠤ ᠵᠡᠷᠭᠡ ᠪᠣᠯᠣᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭ᠎ᠠ ︵ | 2021 ᠣᠨ—2025 ᠣᠨ︶᠂ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠵᠦ ᠪᠠᠶᠢᠭᠰᠠᠨ ᠠᠴᠠ ᠪᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ | ᠵᠦᠭ ᠤᠷᠤᠭᠰᠢᠯᠠᠬᠤ ᠵᠠᠩᠭᠢᠯᠠᠭ᠎ᠠ ᠶᠢᠨ ᠵᠡᠮᠳᠡᠭᠴᠦᠳ ᠤᠨ ᠦᠢᠯᠡᠰ ᠤᠨ ᠣᠳᠣᠬᠢᠴᠢᠯᠠᠯᠲᠠ ᠶᠢ ᠠᠬᠢᠭᠤᠯᠵᠤ᠂ | ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠣᠯᠣᠨ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠪᠠᠲᠤ | ᠪᠠᠬᠢ ᠰᠠᠭᠤᠷᠢ ᠶᠢ ᠲᠠᠯᠪᠢᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠂ ᠮᠥᠨᠴᠦ ᠮᠠᠨ ᠤ ᠬᠤᠲᠠ ᠶᠢᠨ | ᠵᠡᠮᠳᠡᠭᠴᠦᠳ ᠤᠨ ᠦᠢᠯᠡᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠰᠢᠨ᠎ᠡ ᠶᠡᠭᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ | ᠬᠤᠭᠤᠴᠠᠭ᠎ᠠ ᠪᠣᠯᠣᠨ᠎ᠠ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠲᠡᠦᠬᠡ ᠶᠢᠨ | ᠠᠵᠠ ᠲᠣᠬᠢᠶᠠᠯ ᠲᠤᠯᠭᠠᠷᠠᠬᠤ ᠪᠣᠯᠣᠨ᠎ᠠ᠃ ᠡᠲᠡᠭᠡᠷ ᠠᠮᠵᠢᠯᠲᠠ ᠪᠦᠲᠦᠮᠵᠢ᠂ ᠥᠷᠢᠰᠦᠯᠳᠦᠭᠡᠨ ᠪᠠ ᠠᠵᠠ ᠲᠣᠬᠢᠶᠠᠯ | ᠵᠡᠷᠭᠡᠪᠡᠷ ᠣᠷᠣᠰᠢᠵᠤ ᠪᠠᠶᠢᠭ᠎ᠠ ᠠᠬᠤᠢ ᠪᠠᠶᠢᠳᠠᠯ ᠳᠣᠣᠷ᠎ᠠ᠂ ᠮᠠᠨ ᠤ ᠬᠤᠲᠠ ︽ᠦᠬᠠᠢ ᠬᠤᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ | ᠨᠡᠶᠢᠲᠡᠯᠡᠪᠡ᠃ | | ᠬᠤᠶᠠᠷ᠂ ︽ᠲᠥᠯᠦᠪᠵᠢᠭᠦᠯᠭᠡ︾ ᠶᠢ ᠨᠡᠶᠢᠲᠡᠯᠡᠭᠰᠡᠨ ᠵᠣᠷᠢᠯᠭ᠎ᠠ | ︽ᠦᠬᠠᠢ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ︾ ᠶᠢ ᠨᠡᠶᠢᠲᠡᠯᠡᠵᠦ᠂ ᠡᠭᠦᠨ ᠤ ᠵᠣᠷᠢᠯᠭ᠎ᠠ ᠨᠢ ᠰᠢ ᠶᠢᠨ ᠫᠢᠩ ᠶᠡᠷᠦᠩᠬᠡᠢ | ᠱᠦᠵᠢ ᠶᠢᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠶᠠᠷᠢᠶ᠎ᠠ ᠪᠠ ᠥᠪᠥᠷ ᠮᠣᠩᠭᠤᠯ ᠤᠨ ᠠᠵᠢᠯ ᠤᠨ | ᠲᠤᠬᠠᠢ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠦᠬᠠᠢ ᠬᠤᠲᠠ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠡᠭᠦᠷᠭᠡ | ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ︔ ᠡᠭᠦᠨ ᠤ ᠵᠣᠷᠢᠯᠭ᠎ᠠ ᠨᠢ | ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ᠂ ᠡᠷᠡᠭᠦᠯᠵᠢᠯ ᠤᠨ ᠦᠢᠯᠡᠴᠢᠯᠡᠭᠡ᠂ ᠲᠤᠰᠠᠯᠠᠬᠤ ᠪᠠᠭᠠᠵᠢ ᠶᠢᠨ | ᠲᠣᠬᠢᠷᠠᠭᠤᠯᠤᠯᠲᠠ᠂ ᠰᠤᠷᠭᠠᠨ ᠬᠥᠮᠦᠵᠢᠯ ᠤᠨ ᠠᠵᠢᠯ ᠣᠯᠭᠤᠯᠲᠠ᠂ ᠨᠠᠶᠢᠳᠠᠨ ᠠᠰᠠᠷᠠᠭᠤᠯᠵᠤ ᠬᠠᠷᠠᠭᠠᠯᠵᠠᠨ | ᠠᠰᠠᠷᠠᠬᠤ᠂ ᠰᠣᠶᠣᠯ ᠪᠡᠶ᠎ᠡ ᠶᠢᠨ ᠲᠠᠮᠢᠷ ᠤᠨ ᠤᠬᠠᠭᠤᠯᠭ᠎ᠠ᠂ ᠰᠠᠭᠠᠳ ᠦᠭᠡᠢ ᠥᠭᠡᠷᠡᠴᠢᠯᠡᠯᠲᠡ᠂ ᠡᠷᠬᠡ ᠪᠠᠨ | ᠬᠠᠮᠠᠭᠠᠯᠠᠬᠤ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠬᠤ ᠪᠠᠷ ᠳᠠᠮᠵᠢᠭᠤᠯᠤᠨ | ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ | ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃ ᠵᠡᠮᠳᠡᠭᠴᠦᠳ ᠤᠨ ᠡᠷᠬᠡ ᠲᠡᠭᠰᠢ ᠪᠠᠷ ᠣᠷᠣᠯᠴᠠᠵᠤ | ᠬᠠᠮᠲᠤᠪᠠᠷ ᠡᠳ᠋ᠯᠡᠬᠦ ᠶᠢ ᠭᠦᠢᠴᠡᠳ ᠪᠡᠶᠡᠯᠡᠭᠦᠯᠬᠦ ᠶᠢ ᠠᠬᠢᠭᠤᠯᠵᠤ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ︔ | ᠡᠭᠦᠨ ᠤ ᠵᠣᠷᠢᠯᠭ᠎ᠠ ᠨᠢ ᠢᠷᠡᠭᠡᠳᠦᠢ ᠶᠢᠨ ᠲᠠᠪᠤᠨ ᠵᠢᠯ ᠳᠠᠬᠢ ᠮᠠᠨ ᠤ ᠬᠤᠲᠠ ᠶᠢᠨ ᠵᠡᠮᠳᠡᠭᠴᠦᠳ ᠤᠨ ᠠᠵᠢᠯ ᠳᠤ | ᠠᠵᠢᠯᠯᠠᠭᠠᠨ ᠤ ᠵᠦᠭᠯᠡᠭᠦᠷ ᠪᠠ ᠲᠥᠷᠥ ᠶᠢᠨ ᠪᠣᠳᠣᠯᠭ᠎ᠠ ᠶᠢᠨ ᠵᠢᠷᠤᠮᠯᠠᠯ ᠬᠠᠩᠭᠠᠵᠤ᠂ ᠡᠯ᠎ᠡ ᠬᠠᠮᠢᠶ᠎ᠠ ᠪᠦᠬᠦᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠨ ᠵᠣᠬᠢᠴᠠᠯᠳᠤᠨ ᠬᠥᠳᠡᠯᠦᠯᠴᠡᠬᠦ᠂ ᠬᠦᠴᠦ ᠪᠠᠨ ᠬᠠᠮᠲᠤᠳᠬᠠᠨ ᠬᠠᠮᠵᠢᠯᠴᠠᠬᠤ ᠶᠢ | ᠴᠢᠩᠭᠠᠳᠬᠠᠵᠤ᠂ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠨᠠᠩ ᠭᠦᠢᠴᠡᠳ᠂ ᠨᠠᠩ ᠦᠷ᠎ᠡ | ᠪᠦᠲᠦᠮᠵᠢ ᠲᠠᠢ᠂ ᠨᠠᠩ ᠥᠨᠳᠥᠷ ᠬᠢᠷᠢ ᠲᠦᠪᠰᠢᠨ ᠲᠠᠢ ᠬᠥᠭᠵᠢᠯᠲᠡ ᠲᠠᠢ ᠪᠣᠯᠬᠤ ᠶᠢ ᠲᠦᠯᠬᠢᠨ ᠠᠬᠢᠭᠤᠯᠬᠤ ᠶᠢᠨ | ᠲᠥᠯᠥᠭᠡ ᠶᠤᠮ᠃ | | ᠭᠤᠷᠪᠠ᠂ ︽ᠲᠥᠯᠦᠪᠵᠢᠭᠦᠯᠭᠡ︾ ᠶᠢ ᠲᠤᠭᠤᠷᠪᠢᠭᠰᠠᠨ ᠶᠠᠪᠤᠴᠠ | 2021 ᠣᠨ ᠤ 9 ᠰᠠᠷ᠎ᠠ ᠳᠤ᠂ ︽ᠦᠬᠠᠢ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ | ᠵᠢᠩᠬᠢᠨᠢ ᠪᠠᠷ ᠡᠬᠢᠯᠡᠪᠡ᠃ ᠮᠠᠨ ᠤ ᠬᠤᠲᠠ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠡᠮᠬᠢᠳᠬᠡᠨ ᠳ᠋ᠦᠩᠨᠡᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠵᠡᠮᠳᠡᠭᠴᠦᠳ ᠤᠨ ᠦᠢᠯᠡᠰ ᠤᠨ ᠶᠡᠷᠦᠩᠬᠡᠢ ᠬᠠᠷᠠᠯᠲᠠ ᠪᠠ | ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠵᠠᠳᠠᠯᠤᠨ ᠰᠤᠳᠤᠯᠵᠤ ᠮᠠᠭᠠᠳᠯᠠᠭᠰᠠᠨ ᠰᠠᠭᠤᠷᠢᠨ ᠳᠡᠭᠡᠷ᠎ᠡ᠂ ᠤᠯᠤᠰ᠂ | ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ ᠶᠢᠨ ᠵᠣᠷᠢᠭ ᠰᠠᠨᠠᠭᠠᠨ ᠤ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠲᠠ ᠶᠢᠨ | ᠵᠡᠮᠳᠡᠭᠴᠦᠳ ᠤᠨ ᠬᠤᠯᠪᠣᠭ᠎ᠠ ᠶᠢᠨ ᠬᠢᠨ ︽ᠲᠥᠯᠦᠪᠵᠢᠭᠦᠯᠭᠡ︾ ᠶᠢᠨ ᠡᠬᠡ ᠨᠣᠣᠷᠠᠭ ᠢ ᠪᠣᠶ ᠪᠣᠯᠭᠠᠪᠠ᠃ ᠰᠡᠭᠦᠯᠡᠷ | ᠨᠢ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠳᠣᠲᠣᠭᠠᠳᠤ ᠳᠤ ᠣᠯᠠᠨ ᠤᠳᠠᠭ᠎ᠠ ᠶᠠᠷᠢᠯᠴᠠᠨ ᠨᠤᠲᠠᠯᠠᠵᠤ᠂ ︽ | ᠲᠥᠯᠦᠪᠵᠢᠭᠦᠯᠭᠡ︾ ᠶᠢᠨ ᠰᠠᠨᠠᠯ ᠬᠤᠷᠢᠶᠠᠬᠤ ᠨᠣᠣᠷᠠᠭ ᠲᠤ ᠵᠠᠰᠠᠪᠤᠷᠢ ᠣᠷᠣᠭᠤᠯᠵᠤ᠂ ᠰᠦᠯᠵᠢᠶ᠎ᠡ ᠪᠠᠷ ᠢᠯᠡ ᠪᠠᠷ | ᠨᠡᠶᠢᠲᠡᠯᠡᠬᠦ ᠬᠡᠯᠪᠡᠷᠢ ᠪᠠᠷ ᠨᠡᠶᠢᠭᠡᠮ ᠨᠡᠶᠢᠲᠡ ᠠᠴᠠ ᠰᠠᠨᠠᠯ ᠰᠠᠨᠠᠭᠤᠯᠭ᠎ᠠ ᠬᠤᠷᠢᠶᠠᠵᠤ᠂ ᠡᠭᠦᠨ ᠤ ᠬᠠᠮᠲᠤ ᠥᠪᠡᠷᠲᠡᠭᠡᠨ | ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ ᠭᠤᠷᠪᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ 5 | ᠬᠤᠲᠠ ᠶᠢᠨ ᠳᠡᠰ ᠤᠨ ᠵᠡᠮᠳᠡᠭᠴᠦᠳ ᠤᠨ ᠲᠤᠰᠬᠠᠢ ᠨᠡᠶᠢᠭᠡᠮᠯᠢᠭ ᠵᠢᠴᠢ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠵᠡᠷᠭᠡ 51 ᠨᠢᠭᠡᠴᠡ ᠠᠴᠠ ᠰᠠᠨᠠᠯ ᠰᠠᠨᠠᠭᠤᠯᠭ᠎ᠠ ᠬᠤᠷᠢᠶᠠᠵᠤ᠂ ᠵᠠᠰᠠᠪᠤᠷᠢ ᠣᠷᠣᠭᠤᠯᠬᠤ | ᠰᠠᠨᠠᠯ ᠢ ᠨᠡᠶᠢᠳᠡ 40 ᠵᠦᠢᠯ ᠬᠤᠷᠢᠶᠠᠨ ᠣᠯᠣᠭᠰᠠᠨ ᠪᠥᠭᠡᠳ ᠰᠡᠭᠦᠯᠡᠷ ᠨᠢ ᠪᠠᠰᠠ ᠬᠤᠳᠠ ᠶᠢᠨ ᠵᠠᠰᠠᠭ ᠤᠨ | ᠣᠷᠳᠣᠨ ᠤ ᠠᠯᠪᠠᠨ ᠭᠡᠷ ᠪᠣᠯᠣᠨ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠬᠠᠤᠯᠢ ᠶᠣᠰᠣᠨ ᠤ ᠴᠢᠨᠠᠷᠲᠠᠢ | ᠬᠢᠨᠠᠨ ᠪᠠᠶᠢᠴᠠᠭᠠᠯᠲᠠ ᠬᠢᠬᠦ᠂ ᠬᠠᠤᠯᠢᠴᠢ ᠤᠷᠢᠵᠤ ᠬᠢᠨᠠᠨ ᠪᠠᠶᠢᠴᠠᠭᠠᠯᠲᠠ ᠬᠢᠯᠭᠡᠬᠦ ᠪᠠ ᠲᠤᠰᠬᠠᠢ ᠮᠡᠷᠭᠡᠵᠢᠯᠲᠡᠨ ᠢᠶᠠᠷ | ᠬᠢᠨᠠᠨ ᠲᠣᠭᠲᠠᠭᠠᠯᠭᠠᠵᠤ ᠨᠤᠲᠠᠯᠠᠯᠲᠠ ᠬᠢᠯᠭᠡᠬᠦ ᠵᠡᠷᠭᠡ ᠶᠠᠪᠤᠴᠠ ᠶᠢ ᠥᠩᠭᠡᠷᠡᠭᠡᠵᠦ᠂ ᠤᠯᠠᠨ ᠤᠳᠠᠭ᠎ᠠ ᠶᠠᠷᠢᠯᠴᠠᠨ | ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ ︽ᠲᠥᠯᠦᠪᠵᠢᠭᠦᠯᠭᠡ︾︵ᠬᠢᠨᠠᠭᠤᠯᠬᠤ ᠪᠠᠷ ᠬᠦᠷᠭᠡᠬᠦ | ᠨᠣᠣᠷᠠᠭ︶ ᠶᠢ ᠪᠦᠷᠢᠯᠳᠦᠭᠦᠯᠵᠦ᠂ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢᠶᠠᠷ ᠳᠠᠮᠵᠢᠨ ᠰᠤᠳᠤᠯᠵᠤ ᠪᠠᠲᠤᠯᠠᠭᠰᠠᠨ ᠤ ᠳᠠᠷᠠᠭ᠎ᠠ ᠵᠢᠩᠬᠢᠨᠢ ᠪᠠᠷ ᠨᠡᠶᠢᠲᠡᠯᠡᠪᠡ᠃ | | ᠳᠥᠷᠪᠡ᠂ ︽ᠲᠥᠯᠦᠪᠵᠢᠭᠦᠯᠭᠡ︾ ᠶᠢ ᠨᠡᠶᠢᠲᠡᠯᠡᠭᠰᠡᠨ ᠦᠨᠳᠦᠰᠦᠯᠡᠯ | ︽ᠦᠬᠠᠢ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ︾ ᠳᠤ ᠭᠤᠣᠯᠳᠠᠭᠤ ᠳᠣᠣᠷᠠᠬᠢ ᠭᠤᠷᠪᠠᠨ ᠲᠥᠷᠥᠯ ᠤᠨ ᠲᠥᠷᠥ ᠶᠢᠨ | ᠪᠣᠳᠣᠯᠭ᠎ᠠ ᠶᠢ ᠦᠨᠳᠦᠰᠦᠯᠡᠪᠡ᠄ | 1. ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ | ᠵᠡᠮᠳᠡᠭᠴᠦᠳ ᠢ ᠪᠠᠲᠤᠯᠠᠬᠤ ᠪᠠ ᠬᠥᠭᠵᠢᠭᠦᠯᠬᠦ ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠦᠷᠦ ᠲᠠᠷᠬᠠᠭᠠᠭᠰᠠᠨ ﹇2021﹈ 10 ᠳ᠋ᠤᠭᠠᠷ ᠲᠣᠭᠠᠲᠤ︶ | 2. ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2021﹈ 17 ᠳ᠋ᠤᠭᠠᠷ | ᠲᠣᠭᠠᠲᠤ︶ | 3. ︽ᠦᠬᠠᠢ ᠬᠤᠳᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ᠶᠢ | ᠳᠠᠷᠤᠮᠠᠯᠯᠠᠨ ᠶᠠᠪᠤᠭᠤᠯᠬᠤ ᠲᠤᠬᠠᠢ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠬᠠᠢ | ᠵᠠᠰᠠᠭ ᠲᠠᠷᠬᠠᠭᠠᠭᠰᠠᠨ ﹇2021﹈ 24 ᠳ᠋ᠦ᠋ᠭᠡᠷ ᠲᠣᠭᠠᠲᠤ︶᠃ | | ᠲᠠᠪᠤ᠂ ︽ᠲᠥᠯᠦᠪᠵᠢᠭᠦᠯᠭᠡ︾ ᠶᠢᠨ ᠶᠡᠷᠦᠩᠬᠡᠢ ᠪᠣᠷᠣ ᠲᠥᠯᠥᠪ | ︽ᠲᠥᠯᠦᠪᠵᠢᠭᠦᠯᠭᠡ︾ ᠳᠤ ᠨᠡᠶᠢᠲᠡ 5 ᠬᠡᠰᠡᠭ ᠲᠣᠬᠢᠷᠠᠭᠤᠯᠪᠠ᠃ | ᠨᠢᠭᠡᠳᠦᠭᠡᠷ ᠬᠡᠰᠡᠭ᠂ ︽ᠬᠥᠭᠵᠢᠯᠲᠡ ᠶᠢᠨ ᠰᠠᠭᠤᠷᠢ︾᠃ ︽13 · 5︾ ᠶᠢᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠣᠯᠣᠭᠰᠠᠨ ᠴᠢᠬᠤᠯᠠ ᠶᠡᠭᠡ | ᠠᠮᠵᠢᠯᠲᠠ ᠶᠢ ᠳ᠋ᠦᠩᠨᠡᠵᠦ᠂ ᠵᠡᠮᠳᠡᠭᠴᠦᠳ ᠪᠠ ᠵᠡᠮᠳᠡᠭᠴᠦᠳ ᠤᠨ ᠠᠵᠢᠯ ᠳᠤ ᠲᠤᠯᠭᠠᠷᠠᠵᠤ ᠪᠠᠶᠢᠭ᠎ᠠ ᠲᠣᠪᠣᠶᠢᠮ᠎ᠠ | ᠠᠰᠠᠭᠤᠳᠠᠯ ᠢ ᠵᠠᠳᠠᠯᠪᠠ᠃ | ᠬᠤᠶᠠᠳᠤᠭᠠᠷ ᠬᠡᠰᠡᠭ᠂ ︽ᠬᠥᠭᠵᠢᠯᠲᠡ ᠶᠢᠨ ᠬᠠᠨᠳᠤᠰᠢ︾᠃ ᠮᠠᠨ ᠤ ᠬᠤᠲᠠ ᠶᠢᠨ ᠵᠡᠮᠳᠡᠭᠴᠦᠳ ᠤᠨ | ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠦᠬᠠᠢ | ᠬᠤᠲᠠ ᠶᠢᠨ ᠬᠥᠭᠵᠢᠯᠲᠡ ᠶᠢᠨ ᠠᠵᠠ ᠲᠣᠬᠢᠶᠠᠯ ᠢ ᠲᠣᠳᠣᠷᠬᠠᠶᠢᠯᠠᠨ ᠥᠭᠦᠯᠡᠪᠡ᠃ | ᠭᠤᠷᠪᠠᠳᠤᠭᠠᠷ ᠬᠡᠰᠡᠭ᠂ ︽ᠶᠡᠷᠦᠩᠬᠡᠢ ᠪᠠᠶᠢᠷᠢᠰᠢᠭᠤᠯᠤᠯᠲᠠ︾᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ | ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ ᠬᠠᠷᠠᠯᠲᠠ ᠶᠢ ᠲᠣᠳᠣᠷᠬᠠᠶᠢᠯᠠᠪᠠ᠃ | ᠳᠥᠷᠪᠡᠳᠦᠭᠡᠷ᠂ ︽ᠭᠤᠣᠯᠳᠠᠯᠭ᠎ᠠ ᠲᠠᠢ ᠡᠭᠦᠷᠭᠡ︾᠃ ᠭᠤᠣᠯᠳᠠᠭᠤ ︽ᠵᠡᠮᠳᠡᠭᠴᠦᠳ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ︽ᠵᠡᠮᠳᠡᠭᠴᠦᠳ ᠤᠨ | ᠨᠡᠶᠢᠭᠡᠮ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ︾᠂ ︽ᠵᠡᠮᠳᠡᠭᠴᠦᠳ ᠤᠨ ᠠᠵᠢᠯ ᠣᠯᠵᠤ | ᠠᠳᠠᠯ ᠦᠢᠯᠡᠰ ᠴᠣᠭᠴᠠᠯᠠᠬᠤ ᠶᠢ ᠳᠡᠮᠵᠢᠬᠦ ᠰᠢᠰᠲ᠋ᠧᠮ ᠤᠨ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠬᠤ︾᠂ ︽ | ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠠᠶᠢᠵᠢᠷᠠᠭᠤᠯᠬᠤ︾᠂ ︽ᠵᠡᠮᠳᠡᠭᠴᠦᠳ ᠤᠨ ᠶᠡᠷᠦᠩᠬᠡᠢ ᠬᠡᠪ | ᠴᠢᠨᠠᠷ ᠢ ᠳᠡᠭᠡᠭᠰᠢᠯᠡᠭᠦᠯᠬᠦ︾᠂ ︽ᠬᠠᠤᠯᠢ ᠪᠠᠷ ᠵᠠᠰᠠᠬᠤ ᠪᠠ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ | ᠠᠬᠢᠭᠤᠯᠬᠤ︾᠂ ︽ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠬᠤ︾᠂ ︽ᠴᠢᠩᠭ᠎ᠠ ᠬᠦᠴᠦᠲᠡᠢ | ᠲᠤᠯᠭᠠᠭᠤᠷᠢᠯᠠᠬᠤ ᠰᠢᠰᠲ᠋ᠧᠮ ᠢ ᠪᠠᠶᠢᠭᠤᠯᠬᠤ︾ ᠵᠡᠷᠭᠡ ᠲᠤᠯᠤᠭᠠᠨ ᠲᠠᠯ᠎ᠠ ᠶᠢᠨ ᠭᠤᠣᠯ ᠡᠭᠦᠷᠭᠡ ᠶᠢ ᠳᠤᠷᠠᠳᠤᠨ | ᠭᠠᠷᠭᠠᠪᠠ᠃ | ᠲᠠᠪᠤᠳᠤᠭᠠᠷ ᠬᠡᠰᠡᠭ᠂ ︽ᠬᠡᠷᠡᠭᠵᠢᠭᠦᠯᠬᠦ ᠲᠣᠭᠲᠠᠴᠠ︾᠃ ︽ᠲᠥᠯᠦᠪᠵᠢᠭᠦᠯᠭᠡ︾ ᠶᠢ ᠦᠨᠡᠨ ᠬᠦ | ᠨᠠᠶᠢᠳᠠᠪᠤᠷᠢᠵᠢᠭᠤᠯᠬᠤ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | | ᠵᠢᠷᠭᠤᠭ᠎ᠠ᠂ ︽ᠲᠥᠯᠦᠪᠵᠢᠭᠦᠯᠭᠡ︾ ᠶᠢᠨ ᠭᠤᠣᠯ ᠠᠭᠤᠯᠭ᠎ᠠ | ︽ᠦᠬᠠᠢ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠭᠤᠣᠯ ᠠᠭᠤᠯᠭ᠎ᠠ | ᠪᠣᠯ ᠳᠥᠷᠪᠡᠳᠦᠭᠡᠷ ᠬᠡᠰᠡᠭ ︽ᠭᠤᠣᠯᠳᠠᠯᠭ᠎ᠠ ᠲᠠᠢ ᠡᠭᠦᠷᠭᠡ︾ ᠪᠣᠯᠣᠨ᠎ᠠ᠃ ︽ᠭᠤᠣᠯᠳᠠᠯᠭ᠎ᠠ ᠲᠠᠢ ᠡᠭᠦᠷᠭᠡ︾ ᠶᠢ | ᠲᠤᠯᠤᠭᠠᠨ ᠬᠡᠰᠡᠭ ᠲᠤ ᠬᠤᠪᠢᠶᠠᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠵᠡᠮᠳᠡᠭᠴᠦᠳ ᠤᠨ ᠦᠢᠯᠡᠰ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ | ᠬᠡᠮᠵᠢᠶ᠎ᠡ ᠶᠢ ᠠᠳᠠᠯᠢ ᠪᠤᠰᠤ ᠬᠦᠷᠢᠶᠡᠨ ᠠᠴᠠ ᠲᠣᠰ ᠲᠣᠰ ᠲᠣᠳᠣᠷᠬᠠᠢ ᠲᠣᠭᠲᠠᠭᠠᠪᠠ᠃ | ᠨᠢᠭᠡ ᠳᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠪᠠᠷ | ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ | ᠬᠦᠴᠢᠷᠳᠡᠯ ᠲᠠᠢ ᠵᠡᠮᠳᠡᠭᠴᠦᠳ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠴᠢᠩᠭᠠᠳᠬᠠᠵᠤ᠂ | ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠪᠠᠲᠤᠯᠠᠭ᠎ᠠ ᠶᠢᠨ ᠲᠣᠭᠲᠠᠴᠠ ᠪᠠ ᠶᠡᠷᠦᠩᠬᠡᠶᠢᠯᠡᠭᠰᠡᠨ ᠳᠠᠭᠠᠳᠬᠠᠯ ᠤᠨ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭ ᠴᠡᠷᠢᠭ ᠪᠠ ᠵᠡᠮᠳᠡᠭ ᠠᠷᠠᠳ ᠤᠨ ᠴᠠᠭᠳᠠᠭ᠎ᠠ ᠶᠢᠨ | ᠠᠰᠠᠷᠠᠮᠵᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠡᠨᠡᠳᠲᠡ ᠡᠭᠦᠰᠬᠦ ᠤᠯᠠᠨ | ᠨᠡᠶᠢᠲᠡ ᠶᠢᠨ ᠬᠡᠷᠡᠭ ᠶᠠᠪᠤᠳᠠᠯ ᠤᠨ ᠳᠤᠮᠳᠠᠬᠢ ᠵᠡᠮᠳᠡᠭᠴᠦᠳ ᠢ ᠬᠠᠮᠠᠭᠠᠯᠠᠬᠤ ᠶᠢ ᠴᠢᠩᠭᠠᠳᠬᠠᠵᠤ᠂ ᠵᠡᠮᠳᠡᠭᠴᠦᠳ ᠤᠨ | ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ | 2025 ᠣᠨ ᠪᠣᠯᠬᠤ ᠳᠤ᠂ ᠨᠥᠬᠦᠴᠡᠯ ᠳᠤ ᠨᠡᠶᠢᠴᠡᠬᠦ ᠵᠡᠮᠳᠡᠭᠴᠦᠳ ᠢ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠳᠤ ᠣᠷᠣᠭᠤᠯᠬᠤ ᠬᠠᠷᠢᠴᠠᠯ ᠢ 100% ᠳᠤ ᠬᠦᠷᠭᠡᠵᠦ᠂ ᠬᠦᠴᠢᠷᠳᠡᠯᠲᠡᠢ ᠵᠡᠮᠳᠡᠭᠴᠦᠳ ᠤᠨ | ᠠᠮᠢᠳᠤᠷᠠᠯ ᠤᠨ ᠨᠥᠬᠦᠪᠦᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠦᠷᠬᠦᠴᠡ ᠶᠢᠨ | ᠨᠣᠷᠮ᠎ᠠ ᠶᠢ 100% ᠳᠤ ᠬᠦᠷᠭᠡᠵᠦ᠂ ᠵᠡᠮᠳᠡᠭᠴᠦᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ ᠪᠠ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ | ᠨᠣᠷᠮ᠎ᠠ ᠶᠢ ᠲᠣᠰ ᠲᠣᠰ 90% ᠪᠠ 95% ᠠᠴᠠ ᠳᠠᠪᠠᠭᠤᠯᠤᠨ᠎ᠠ᠃ | ᠬᠤᠶᠠᠷ ᠲᠤ᠂ ᠵᠡᠮᠳᠡᠭᠴᠦᠳ ᠤᠨ ᠠᠵᠢᠯ ᠣᠯᠬᠤ ᠦᠢᠯᠡᠰ ᠪᠣᠰᠬᠠᠬᠤ ᠶᠢ ᠳᠡᠮᠵᠢᠬᠦ ᠰᠢᠰᠲ᠋ᠧᠮ ᠢ ᠪᠠᠶᠢᠭᠤᠯᠵᠤ᠂ | ᠵᠡᠮᠳᠡᠭᠴᠦᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠠᠵᠢᠯ | ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠂ | ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠮᠡᠷᠭᠡᠵᠢᠯ ᠴᠢᠳᠠᠪᠤᠷᠢ ᠶᠢ ᠪᠣᠶᠢᠵᠢᠭᠤᠯᠬᠤ ᠶᠢ | ᠴᠢᠩᠭᠠᠳᠬᠠᠵᠤ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠤᠷᠲᠤᠳᠬᠠᠨ᠂ | ᠵᠡᠮᠳᠡᠭᠴᠦᠳ ᠤᠨ ᠡᠷᠬᠡ ᠲᠡᠭᠰᠢ ᠪᠠᠷ ᠠᠵᠢᠯ ᠣᠯᠬᠤ ᠡᠷᠬᠡ ᠠᠰᠢᠭ ᠢ ᠪᠠᠲᠤᠯᠠᠨ᠎ᠠ᠃ ︽ᠨᠢᠭᠡ ᠴᠦ ᠠᠵᠢᠯ | ᠣᠯᠣᠭᠰᠠᠨ ᠦᠭᠡᠢ︾ ᠵᠡᠮᠳᠡᠭᠴᠦᠳ ᠤᠨ ᠭᠡᠷ ᠪᠦᠯᠢ ᠶᠢᠨ ᠠᠵᠢᠯ ᠣᠯᠭᠤᠯᠲᠠ ᠶᠢ ᠲᠡᠳᠬᠦᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ | ᠥᠷᠭᠡᠳᠭᠡᠨ᠎ᠡ᠃ ᠵᠢᠷᠭᠤᠳᠤᠭᠠᠷ ᠬᠤᠭᠤᠴᠠᠭᠠᠨ ᠤ ᠪᠥᠬᠦ ᠣᠷᠣᠨ ᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠢ ᠰᠠᠶᠢᠳᠤᠷ ᠡᠷᠬᠢᠯᠡᠨ᠎ᠡ᠃ 2025 ᠣᠨ ᠪᠣᠯᠬᠤ ᠳᠤ᠂ ᠪᠥᠬᠦ ᠬᠤᠲᠠ ᠶᠢᠨ ᠬᠤᠲᠠ | ᠬᠥᠳᠡᠭᠡ ᠶᠢᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠥᠮᠥᠨ ᠤ | ᠲᠤᠭ᠎ᠠ ︵ᠬᠥᠮᠥᠨ ᠤᠳᠠᠭ᠎ᠠ︶ ᠶᠢ 1000 ᠬᠥᠮᠥᠨ ᠤᠳᠠᠭ᠎ᠠ ᠠᠴᠠ ᠳᠡᠭᠡᠭᠰᠢ ᠳᠤ ᠬᠦᠷᠦᠭᠦᠯᠵᠦ᠂ | ᠵᠡᠮᠳᠡᠭᠴᠦᠳ ᠤᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 7.5% | ᠠᠴᠠ ᠳᠡᠭᠡᠭᠰᠢ ᠨᠡᠮᠡᠭᠳᠡᠭᠦᠯᠦᠨ᠎ᠡ᠃ | ᠭᠤᠷᠪᠠ ᠳᠤ᠂ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠠᠶᠢᠵᠢᠷᠠᠭᠤᠯᠵᠤ᠂ ᠵᠡᠮᠳᠡᠭᠴᠦᠳ ᠤᠨ | ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠶᠢ | ᠢᠳᠡᠪᠬᠢᠲᠡᠢ ᠥᠷᠨᠢᠭᠦᠯᠵᠦ᠂ ᠵᠡᠮᠳᠡᠭᠴᠦᠳ ᠤᠨ ᠡᠷᠡᠭᠦᠯᠵᠢᠯ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠂ | ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠳᠦᠷᠢᠮ ᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠣᠷᠤᠯᠴᠠᠬᠤ ᠳᠤ ᠨᠠᠩ ᠰᠠᠶᠢᠨ | ᠨᠥᠬᠦᠴᠡᠯ ᠡᠭᠦᠳᠴᠦ ᠥᠭᠭᠦᠨ᠎ᠡ᠃ 2025 ᠣᠨ ᠪᠣᠯᠬᠤ ᠳᠤ᠂ ᠮᠠᠨ ᠤ ᠬᠤᠲᠠ ᠶᠢᠨ ᠵᠡᠮᠳᠡᠭᠴᠦᠳ ᠤᠨ | ᠲᠤᠰᠠᠯᠠᠬᠤ ᠪᠠᠭᠠᠵᠢ ᠬᠡᠷᠡᠭᠰᠡᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠪᠠ ᠵᠡᠮᠳᠡᠭᠴᠦᠳ ᠤᠨ | ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠯᠴᠠᠬᠤ ᠨᠣᠷᠮ᠎ᠠ ᠶᠢ ᠴᠥᠮ 90% ᠶᠢ ᠳᠠᠪᠠᠭᠤᠯᠵᠤ᠂ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠭᠰᠠᠨ ᠨᠣᠷᠮ᠎ᠠ ᠶᠢ 85% ᠳᠤ ᠬᠦᠷᠦᠭᠦᠯᠦᠨ᠎ᠡ᠃ | ᠳᠥᠷᠪᠡ ᠳᠤ᠂ ᠵᠡᠮᠳᠡᠭᠴᠦᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠵᠦ᠂ ᠵᠡᠮᠳᠡᠭᠴᠦᠳ ᠤᠨ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠵᠡᠮᠳᠡᠭᠴᠦᠳ ᠤᠨ ᠰᠤᠷᠭᠠᠨ ᠬᠥᠮᠦᠵᠢᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ | ᠣᠷᠣᠬᠤ ᠨᠤᠷᠮ᠎ᠠ ᠶᠢ 97% ᠠᠴᠠ ᠳᠠᠪᠠᠭᠤᠯᠤᠨ᠎ᠠ᠃ ᠡᠯ᠎ᠡ ᠱᠠᠲᠤᠨ ᠤ ᠤᠯᠠᠨ ᠨᠡᠶᠢᠳᠡ ᠶᠢᠨ ᠰᠣᠶᠣᠯ ᠤᠨ | ᠲᠠᠯᠠᠪᠤᠷ ᠪᠣᠯᠣᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠳᠤ ᠲᠦᠰᠢᠭᠯᠡᠨ᠂ | ᠵᠡᠮᠳᠡᠭᠴᠦᠳ ᠤᠨ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠬᠡᠷᠡᠭᠵᠢᠭᠦᠯᠵᠦ᠂ | ᠪᠥᠬᠦ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ | ᠤᠨᠴᠠᠭᠠᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠤᠯᠴᠠᠬᠤ ᠪᠠᠷ ᠢᠳᠡᠪᠬᠢᠲᠡᠢ ᠪᠡᠯᠡᠳᠬᠡᠵᠦ᠂ | ᠵᠡᠮᠳᠡᠭᠴᠦᠳ ᠤᠨ ᠪᠡᠶ᠎ᠡ ᠲᠠᠮᠢᠷ ᠤᠨ ᠦᠢᠯᠡᠴᠢᠯᠡᠭᠡᠨ ᠤ ᠳᠥᠪᠰᠢᠨ ᠢ ᠳᠡᠭᠡᠭᠰᠢᠯᠡᠭᠦᠯᠦᠨ᠎ᠡ᠃ | ᠲᠠᠪᠤ ᠳᠤ᠂ ᠬᠠᠤᠯᠢ ᠪᠠᠷ ᠵᠠᠰᠠᠬᠤ ᠪᠠ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠵᠡᠮᠳᠡᠭᠴᠦᠳ ᠤᠨ ᠠᠳᠠᠯᠢ ᠲᠡᠭᠰᠢ ᠡᠷᠬᠡ ᠡᠳ᠋ᠯᠡᠬᠦ ᠶᠢ ᠪᠠᠲᠤᠯᠠᠨ᠎ᠠ᠃ ᠵᠡᠮᠳᠡᠭᠴᠦᠳ ᠤᠨ ᠠᠵᠢᠯ | ᠦᠢᠯᠡᠰ ᠤᠨ ᠬᠠᠤᠯᠢ ᠪᠠᠷ ᠵᠠᠰᠠᠬᠤ ᠠᠬᠢᠴᠠ ᠶᠢ ᠠᠬᠢᠭᠤᠯᠵᠤ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠳᠤ | ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ | ᠵᠡᠮᠳᠡᠭᠴᠦᠳ ᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠵᠡᠮᠳᠡᠭᠴᠦᠳ ᠲᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠠ ᠡᠷᠬᠡ | ᠠᠰᠢᠭ ᠢ ᠬᠠᠮᠠᠭᠠᠯᠠᠬᠤ ᠡᠷᠴᠢᠮ ᠢ ᠳᠡᠭᠡᠭᠰᠢᠯᠡᠭᠦᠯᠦᠨ᠎ᠡ᠃ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠬᠤᠳᠠ ᠶᠢᠨ ᠵᠠᠮ᠂ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠤᠯᠠᠨ | ᠨᠡᠶᠢᠲᠡ ᠶᠢᠨ ᠦᠢᠯᠡᠴᠢᠯᠡᠭᠡᠨ ᠤ ᠲᠠᠯᠠᠪᠤᠷ ︵ᠪᠠᠶᠢᠭᠤᠯᠤᠮᠵᠢ︶᠂ ᠬᠤᠳᠠᠯᠳᠤᠭᠠᠨ ᠤ ᠲᠣᠭᠤᠷᠢᠭ᠂ ᠣᠷᠣᠰᠢᠨ | ᠰᠠᠭᠤᠬᠤ ᠨᠡᠶᠢᠭᠡᠮ ᠲᠣᠭᠤᠷᠢᠭ᠂ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠠᠭᠠᠳ ᠦᠭᠡᠢ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠮᠡᠳᠡᠭᠡ ᠵᠠᠩᠭᠢ ᠶᠢᠨ ᠰᠠᠭᠠᠳ ᠦᠭᠡᠢ ᠪᠠᠶᠢᠭᠤᠯᠤᠯᠲᠠ ᠶᠢ | ᠴᠢᠩᠭᠠᠳᠬᠠᠨ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠣᠷᠤᠯᠴᠠᠬᠤ ᠡᠷᠬᠡ ᠶᠢ | ᠪᠠᠲᠤᠯᠠᠨ᠎ᠠ᠃ 2025 ᠣᠨ ᠪᠣᠯᠬᠤ ᠳᠤ᠂ 1044 ᠡᠷᠦᠬᠡ ᠠᠴᠠ ᠳᠡᠭᠡᠭᠰᠢ ᠬᠦᠴᠢᠷᠳᠡᠯ ᠲᠠᠢ ᠬᠦᠨᠳᠦ ᠵᠡᠷᠭᠡ ᠶᠢᠨ | ᠵᠡᠮᠳᠡᠭᠴᠦᠳ ᠤᠨ ᠭᠡᠷ ᠪᠦᠯᠢ ᠳᠤ ᠰᠠᠭᠠᠳ ᠦᠭᠡᠢ ᠥᠭᠡᠷᠡᠴᠢᠯᠡᠯᠲᠡ ᠬᠢᠬᠦ ᠶᠢ ᠪᠡᠶᠡᠯᠡᠭᠦᠯᠦᠨ᠎ᠡ᠃ | ᠵᠢᠷᠭᠤᠭ᠎ᠠ ᠳᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠵᠡᠮᠳᠡᠭᠴᠦᠳ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ᠃ ᠵᠡᠮᠳᠡᠭᠴᠦᠳ ᠤᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ︵ᠨᠡᠶᠢᠭᠡᠮ ᠲᠣᠭᠤᠷᠢᠭ︶ ᠤ | ᠵᠡᠮᠳᠡᠭᠴᠦᠳ ᠤᠨ ᠨᠡᠶᠢᠭᠡᠮᠯᠢᠭ ᠢ ᠲᠡᠭᠦᠯᠳᠡᠷᠵᠢᠭᠦᠯᠵᠦ᠂ ᠲᠤᠰᠬᠠᠢ ᠨᠡᠶᠢᠭᠡᠮᠯᠢᠭ ᠤᠨ ᠵᠠᠷᠤᠳᠠᠯ᠂ ᠲᠠᠯᠠᠪᠤᠷ ᠭᠠᠵᠠᠷ ᠪᠠ | ᠠᠵᠢᠯᠲᠠᠨ ᠢ ᠪᠠᠲᠤᠯᠠᠨ᠎ᠠ᠃ ᠵᠡᠮᠳᠡᠭᠴᠦᠳ ᠤᠨ ᠠᠵᠢᠯ ᠦᠢᠯᠡᠰ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠷᠠᠭᠤᠯᠵᠤ᠂ ᠬᠤᠲᠠ ᠲᠣᠭᠤᠷᠢᠭ ᠤᠨ ᠬᠤᠶᠠᠷ ᠱᠠᠲᠤᠨ ᠤ ᠵᠡᠮᠳᠡᠭᠴᠦᠳ ᠤᠨ ᠬᠤᠯᠪᠣᠭᠠᠨ ᠤ ᠵᠡᠮᠳᠡᠭ ᠺᠠᠳ᠋ᠷ ᠤᠨ | ᠬᠠᠷᠢᠴᠠᠯ ᠢ 15% ᠠᠴᠠ ᠳᠡᠭᠡᠭᠰᠢ ᠳᠤ ᠬᠦᠷᠭᠡᠵᠦ᠂ ᠵᠡᠮᠳᠡᠭᠴᠦᠳ ᠤᠨ ᠤᠳᠤᠷᠢᠳᠬᠤ ᠺᠠᠳ᠋ᠷ ᠪᠠ ᠲᠤᠰᠢᠶᠠᠯ | ᠬᠠᠪᠰᠤᠷᠭᠠᠭᠰᠠᠨ᠂ ᠲᠤᠰᠢᠶᠠᠯ ᠡᠭᠦᠷᠭᠡᠯᠡᠭᠰᠡᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠶᠢ ᠲᠣᠬᠢᠷᠠᠭᠤᠯᠤᠨ᠎ᠠ᠃ | ᠦᠬᠠᠢ ᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠲᠥᠪ ᠢ ᠠᠰᠢᠭᠯᠠᠯᠲᠠ ᠳᠤ ᠣᠷᠣᠭᠤᠯᠬᠤ ᠪᠠ ᠬᠡᠪ ᠤᠨ | ᠶᠣᠰᠣᠭᠠᠷ ᠠᠵᠢᠯᠯᠠᠭᠤᠯᠬᠤ ᠶᠢ ᠶᠡᠬᠡᠪᠡᠷ ᠠᠬᠢᠭᠤᠯᠵᠤ᠂ ᠦᠬᠠᠢ ᠬᠤᠲᠠ ᠶᠢᠨ ᠵᠡᠮᠳᠡᠭᠴᠦᠳ ᠢ ᠨᠠᠶᠢᠳᠠᠨ ᠠᠰᠠᠷᠠᠭᠤᠯᠬᠤ | ᠦᠢᠯᠡᠴᠢᠯᠡᠭᠡᠨ ᠤ ᠲᠥᠪ ᠢ ᠢᠳᠡᠪᠬᠢᠲᠡᠢ ᠪᠠᠷ ᠪᠡᠯᠡᠳᠬᠡᠨ ᠪᠠᠶᠢᠭᠤᠯᠵᠤ᠂ ᠡᠯ᠎ᠡ ᠲᠣᠭᠤᠷᠢᠭ ᠲᠤ ᠵᠡᠮᠳᠡᠭᠴᠦᠳ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠪᠠᠶᠢᠭᠤᠯᠬᠤ ᠶᠢ ᠠᠬᠢᠭᠤᠯᠵᠤ᠂ ᠪᠠᠯᠭᠠᠰᠤ ︵ᠵᠡᠭᠡᠯᠢ ᠭᠤᠳᠤᠮᠵᠢ︶᠂ | ᠲᠣᠰᠬᠤᠨ ︵ᠨᠡᠶᠢᠭᠡᠮ ᠲᠣᠭᠤᠷᠢᠭ︶ ᠨᠢ ᠵᠡᠮᠳᠡᠭᠴᠦᠳ ᠲᠤ ᠦᠢᠯᠡᠴᠢᠯᠡᠬᠦ ᠲᠠᠯᠠᠪᠤᠷ ᠤᠨ ᠪᠠᠲᠤᠯᠠᠭ᠎ᠠ ᠶᠢ ᠨᠡᠶᠢᠳᠡᠮ | ᠬᠠᠩᠭᠠᠨ᠎ᠠ᠃ ᠵᠡᠮᠳᠡᠭᠴᠦᠳ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠬᠤ ᠶᠢ ᠠᠬᠢᠭᠤᠯᠵᠤ᠂ ᠨᠢᠭᠡ ᠰᠦᠯᠵᠢᠶ᠎ᠡ ᠪᠠᠷ ᠨᠡᠶᠢᠳᠡᠮ | ᠡᠷᠭᠢᠯᠡᠬᠦ᠂ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠂ ᠵᠡᠮᠳᠡᠭᠴᠦᠳ ᠤᠨ ᠦᠢᠯᠡᠴᠢᠯᠡᠭᠡᠨ ᠤ | ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠤᠯᠤᠭ᠎ᠠ ᠳᠤ᠂ ᠴᠢᠩᠭ᠎ᠠ ᠬᠦᠴᠦᠲᠡᠢ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠵᠤ᠂ ᠵᠡᠮᠳᠡᠭᠴᠦᠳ ᠤᠨ | ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠳᠡᠮᠵᠢᠯᠭᠡ ᠬᠠᠩᠭᠠᠨ᠎ᠠ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠤᠳᠤᠷᠢᠳᠤᠯᠭ᠎ᠠ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠤᠯᠴᠠᠬᠤ᠂ ᠵᠠᠬ᠎ᠠ | ᠳᠡᠯᠭᠡᠭᠦᠷ ᠢᠶᠠᠷ ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠦᠢᠯᠡᠳᠦᠯ ᠢᠶᠠᠨ ᠭᠦᠢᠴᠡᠳ | ᠪᠠᠳᠠᠷᠠᠭᠤᠯᠬᠤ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ | ᠪᠠᠷᠢᠮᠲᠠᠯᠠᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ ᠵᠡᠮᠳᠡᠭᠴᠦᠳ ᠤᠨ | ᠨᠢᠭᠦᠯᠡᠰᠦᠩᠭᠦᠢ ᠶᠢᠨ ᠦᠢᠯᠡᠰ ᠪᠠ ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ | ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠠᠵᠤ ᠠᠬᠤᠶᠢᠯᠠᠯ᠂ ᠤᠯᠠᠨ ᠨᠡᠶᠢᠳᠡ ᠪᠠ ᠵᠡᠮᠳᠡᠭᠴᠦᠳ ᠢ ᠲᠤᠰᠠᠯᠠᠬᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠡᠮᠳᠡᠭᠴᠦᠳ ᠤᠨ ᠦᠢᠯᠡᠰ ᠲᠤ ᠬᠠᠨᠳᠢᠪᠯᠡᠨ ᠲᠤᠰᠠᠯᠠᠬᠤ ᠶᠢ | ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠤᠭᠤᠳᠴᠤ᠂ ᠬᠦᠴᠢᠷᠳᠡᠯ ᠲᠠᠢ ᠵᠡᠮᠳᠡᠭᠴᠦᠳ ᠢ ᠬᠠᠪᠰᠤᠷᠤᠨ | ᠲᠡᠳᠬᠦᠨ᠎ᠡ᠃ ᠬᠥᠮᠦᠯᠢᠭ ᠦᠵᠡᠯ ᠤᠨ ᠵᠣᠷᠢᠭ ᠰᠠᠨᠠᠭ᠎ᠠ ᠪᠠ ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ | ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ | ᠲᠦᠯᠬᠢᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠵᠡᠮᠳᠡᠭᠴᠦᠳ ᠤᠨ ᠠᠵᠢᠯ | ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠪᠠ ᠵᠠᠷᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠬᠡᠷᠡᠭᠯᠡᠯᠲᠡ | ᠬᠠᠮᠢᠶᠠᠷᠤᠯᠲᠠ ᠶᠢ ᠴᠢᠩᠭᠠᠳᠬᠠᠨ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠵᠠᠷᠤᠳᠠᠯ ᠤᠨ | ᠪᠠᠲᠤᠯᠠᠭ᠎ᠠ ᠶᠢ ᠴᠢᠩᠭᠠᠳᠬᠠᠨ᠎ᠠ᠃ |