6 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠬᠦᠯ ᠪᠥᠮᠪᠦᠭᠡ ᠶᠢᠨ ᠨᠡᠶᠢᠭᠡᠮᠯᠢᠭ ᠤᠨ ᠵᠢᠷᠭᠤᠳᠤᠭᠠᠷ | ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ | ᠵᠢᠴᠢ 2022 ᠣᠨ ᠤ ᠠᠵᠢᠯ ᠤᠨ ᠬᠤᠷᠠᠯ ᠸᠢᠳᠢᠣ᠋ ᠬᠤᠷᠠᠯ ᠤᠨ ᠬᠡᠯᠪᠡᠷᠢ ᠪᠠᠷ ᠬᠥᠬᠡᠬᠤᠲᠠ ᠳᠤ ᠬᠤᠷᠠᠯᠳᠤᠪᠠ᠂ | ᠬᠤᠷᠠᠯ ᠠᠴᠠ ︽2021 ᠣᠨ ᠤ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠦᠨ ᠢ ᠬᠥᠬᠢᠭᠦᠯᠦᠨ | ᠰᠠᠶᠢᠰᠢᠶᠠᠬᠤ ᠲᠤᠬᠠᠢ ᠥᠪᠥᠷ ᠮᠣᠩᠭᠤᠯ ᠤᠨ ᠬᠦᠯ ᠪᠥᠮᠪᠦᠭᠡ ᠶᠢᠨ ᠨᠡᠶᠢᠭᠡᠮᠯᠢᠭ ᠤᠨ ᠲᠣᠭᠲᠠᠭᠠᠯ︾ ᠢ ᠤᠩᠰᠢᠨ | ᠨᠡᠶᠢᠲᠡᠯᠡᠵᠦ᠂ ᠮᠠᠨ ᠤ ᠬᠤᠳᠠ 2 ᠲᠡᠷᠢᠭᠦᠨ ᠤ ᠬᠠᠮᠲᠤ᠂ 2 ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠢ | ᠬᠦᠷᠳᠡᠪᠡ᠃ | ᠲᠣᠰ ᠤᠳᠠᠭᠠᠨ ᠤ ᠬᠥᠬᠢᠭᠦᠯᠦᠯ ᠳᠤ᠂ ᠮᠠᠨ ᠤ ᠬᠤᠲᠠ ᠶᠢᠨ ᠪᠥᠬᠦ ᠤᠯᠤᠰ ᠤᠨ ᠲᠠᠮᠢᠷ ᠤᠨ ᠴᠤᠭᠯᠠᠭᠠᠨ ᠤ | ᠡᠯᠡᠰᠦᠨ ᠤ ᠬᠥᠯ ᠪᠥᠮᠪᠦᠭᠡ ᠶᠢᠨ ᠡᠷᠡᠭᠲᠡᠶ ᠶᠢᠨ ᠳᠤᠭᠤᠶᠢᠯᠠᠩ ᠤᠨ ᠪᠦᠯᠬᠦᠮ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠲᠥᠯᠥᠭᠡᠯᠡᠭᠴᠢᠳ ᠤᠨ ᠠᠩᠭᠢ ᠪᠠ | ᠦᠬᠠᠶ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠣᠯᠠᠨ ᠨᠡᠶᠢᠳᠡ ᠶᠢᠨ | ᠲᠠᠮᠢᠷ ᠤᠨ ᠰᠠᠯᠠᠭ᠎ᠠ ᠲᠣᠰ ᠲᠣᠰ ᠲᠡᠷᠢᠭᠦᠨ ᠤ ᠬᠠᠮᠲᠤ ᠶᠢᠨ ᠴᠣᠯᠠ ᠬᠦᠷᠳᠡᠪᠡ︔ ᠬᠤᠲᠠ ᠶᠢᠨ ᠰᠣᠶᠣᠯ ᠪᠡᠶ᠎ᠡ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠣᠯᠠᠨ ᠨᠡᠶᠢᠳᠡ ᠶᠢᠨ ᠲᠠᠮᠢᠷ ᠤᠨ ᠰᠠᠯᠠᠭ᠎ᠠ ᠶᠢᠨ ᠭᠦᠸᠧ | ᠸᠠᠩ ᠶᠠᠩ ᠪᠣᠯᠤᠨ ᠰᠦᠨ ᠪᠥᠸᠧ ᠲᠡᠷᠢᠭᠦᠨ ᠤ ᠬᠤᠪᠢ ᠬᠥᠮᠦᠨ ᠤ ᠴᠣᠯᠠ ᠭᠥᠷᠳᠡᠪᠡ᠃ | ᠲᠣᠰ ᠤᠳᠠᠭᠠᠨ ᠤ ᠬᠥᠬᠢᠭᠦᠯᠦᠯ ᠨᠢ ᠥᠪᠡᠷᠲᠡᠭᠡᠨ ᠵᠠᠰᠠᠬᠤ ᠣᠷᠣᠨ ᠤ ᠮᠠᠨ ᠤ ᠬᠤᠲᠠ ᠶᠢᠨ 2021 ᠣᠨ ᠤ | ᠬᠥᠯ ᠪᠥᠮᠪᠦᠭᠡ ᠶᠢᠨ ᠦᠢᠯᠡᠰ ᠤᠨ ᠥᠭᠡᠷᠡᠴᠢᠯᠡᠯᠲᠡ ᠪᠠ ᠬᠥᠭᠵᠢᠯᠲᠡ ᠶᠢᠨ ᠠᠵᠢᠯ ᠢ ᠳᠥᠯᠭᠢᠨ ᠠᠬᠢᠭᠤᠯᠤᠭᠰᠠᠨ ᠢ | ᠬᠦᠢᠴᠡᠳ ᠬᠠᠷᠠᠭᠤᠯᠵᠤ ᠪᠠᠶᠢᠨ᠎ᠠ᠃ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠭᠵᠢᠯᠲᠡ ᠶᠢᠨ | ᠡᠬᠢᠯᠡᠯᠲᠡ ᠶᠢᠨ ᠵᠢᠯ ᠪᠣᠯᠬᠤ ᠪᠥᠭᠡᠳ ᠪᠠᠰᠠ ᠴᠤ ᠮᠠᠨ ᠤ ᠬᠤᠲᠠ ᠶᠢᠨ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠯᠲᠡ ᠶᠢᠨ ᠠᠵᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠮᠠᠨ ᠤ ᠬᠤᠲᠠ ᠶᠢᠨ ᠬᠥᠯ ᠪᠥᠮᠪᠦᠭᠡ ᠶᠢᠨ | ᠠᠵᠢᠯᠲᠠᠳ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠪᠡᠷᠬᠡ ᠶᠢ ᠢᠯᠠᠨ ᠳᠠᠪᠠᠵᠤ᠂ | ᠰᠢᠷᠭᠠᠭᠤ ᠴᠢᠷᠮᠠᠶᠢᠵᠤ ᠢᠯᠡᠳᠲᠡ ᠠᠮᠵᠢᠯᠲᠠ ᠪᠦᠲᠦᠮᠵᠢ ᠣᠯᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠪᠥᠬᠦ ᠲᠠᠯ᠎ᠠ ᠪᠠᠷ | ᠲᠥᠯᠥᠪᠯᠡᠬᠦ ᠳᠤ ᠰᠠᠭᠤᠷᠢ ᠲᠠᠯᠪᠢᠵᠤ᠂ ᠮᠠᠨ ᠤ ᠬᠤᠲᠠ ᠶᠢᠨ ᠬᠥᠯ ᠪᠥᠮᠪᠦᠭᠡ ᠶᠢᠨ ᠦᠢᠯᠡᠰ ᠤᠨ ᠨᠠᠩ ᠲᠦᠷᠭᠡᠨ ᠨᠠᠩ | ᠰᠠᠶᠢᠨ ᠬᠥᠭᠵᠢᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃ |