ᠨᠢᠬᠡ᠂ ᠲᠠᠷᠢᠯᠭ᠎ᠠ ᠶᠢᠨ ᠤᠬᠠᠭᠳᠠᠬᠤᠨ | ᠬᠦᠮᠦᠨ ᠤ ᠬᠦᠴᠦ ᠪᠠᠷ ᠡᠪᠡᠳᠴᠢᠨ ᠡᠬᠦᠰᠬᠡᠭᠴᠢ ᠮᠢᠺᠷᠤᠪ ︵ᠸᠢᠷᠦ᠋ᠰ᠂ ᠪᠠᠺᠲ᠋ᠧᠷᠢ︶ ᠤᠨ ᠬᠤᠤᠷ ᠢ ᠨᠢ | ᠪᠠᠭᠤᠷᠠᠭᠤᠯᠬᠤ ᠪᠤᠶᠤ ᠢᠳᠡᠪᠬᠢ ᠬᠦᠴᠦ ᠶᠢ ᠤᠰᠠᠳᠬᠠᠭᠠᠳ᠂ ᠠᠮᠢᠳᠠᠨ ᠳᠤ ᠡᠪᠡᠳᠴᠢᠨ ᠡᠬᠦᠰᠬᠡᠬᠦ ᠴᠢᠳᠠᠪᠤᠷᠢ ᠶᠢ | ᠨᠢ ᠠᠯᠳᠠᠭᠤᠯᠬᠤ ᠶᠢᠨ ᠬᠠᠮᠳᠤ᠂ ᠵᠤᠬᠢᠬᠤ ᠬᠡᠮᠵᠢᠶᠡᠨ ᠤ ᠦᠯᠦ ᠬᠠᠯᠳᠠᠭᠠᠬᠤ ᠴᠢᠨᠠᠷ ᠡᠬᠦᠰᠬᠡᠵᠦ ᠮᠠᠯ ᠳᠤ ᠲᠠᠷᠢᠭᠰᠠᠨ | ᠤ ᠲᠠᠷᠠᠭ᠎ᠠ᠂ ᠮᠠᠯ ᠨᠢ ᠬᠠᠷᠠᠭᠠᠯᠵᠠᠭᠰᠠᠨ ᠦᠯᠦ ᠬᠠᠯᠳᠠᠭᠠᠬᠤ ᠬᠦᠴᠦ ᠡᠬᠦᠰᠴᠦ᠂ ᠡᠪᠡᠳᠴᠢᠨ ᠡᠬᠦᠰᠬᠡᠭᠴᠢ ᠮᠢᠺᠷᠤᠪ | ᠤᠨ ᠬᠠᠯᠳᠠᠪᠤᠷᠢᠯᠡᠯ ᠪᠠ ᠡᠪᠡᠳᠴᠢᠨ ᠡᠬᠦᠰᠬᠡᠬᠦ ᠶᠢ ᠡᠰᠡᠷᠬᠦᠴᠡᠵᠦ ᠴᠢᠳᠠᠳᠠᠭ᠃ ᠡᠶᠢᠮᠦᠷᠬᠦ ᠠᠮᠢᠳᠤ ᠪᠤᠳᠠᠰ ᠤᠨ | ᠪᠦᠳᠦᠬᠡᠭᠳᠡᠬᠦᠨ ᠢ ᠲᠠᠷᠢᠯᠭ᠎ᠠ ᠬᠡᠳᠡᠭ᠃ | | ᠬᠤᠶᠠᠷ᠂ ᠲᠠᠷᠢᠯᠭ᠎ᠠ ᠶᠢᠨ ᠦᠢᠯᠡᠳᠦᠯ | ᠲᠠᠷᠢᠯᠭ᠎ᠠ ᠲᠠᠷᠢᠭᠰᠠᠨ ᠤ ᠲᠠᠷᠠᠭ᠎ᠠ᠂ ᠠᠮᠢᠳᠠᠨ ᠨᠢ ᠶᠠᠮᠠᠷ ᠨᠢᠬᠡᠨ ᠬᠠᠯᠳᠠᠪᠤᠷᠢᠳᠤ ᠡᠪᠡᠳᠴᠢᠨ ᠳᠤ ᠦᠪᠡᠷᠮᠢᠴᠨ | ᠴᠢᠨᠠᠷ ᠲᠠᠢ ᠡᠪᠡᠳᠴᠢᠨ ᠡᠰᠡᠷᠬᠦᠴᠡᠬᠦ ᠴᠢᠳᠠᠪᠤᠷᠢ ᠡᠬᠦᠰᠴᠦ᠂ ᠲᠤᠰ ᠡᠪᠡᠳᠴᠢᠨ ᠤ ᠬᠠᠯᠳᠠᠪᠤᠷᠢᠯᠡᠯ ᠪᠠ ᠡᠪᠡᠳᠴᠢᠨ | ᠡᠬᠦᠰᠬᠦ ᠶᠢ ᠡᠰᠡᠷᠬᠦᠴᠡᠵᠦ ᠴᠢᠳᠠᠨ᠎ᠠ᠃ | ᠬᠠᠯᠳᠠᠪᠤᠷᠢᠳᠤ ᠡᠪᠡᠳᠴᠢᠨ ᠢ ᠰᠡᠷᠬᠡᠶᠢᠯᠡᠵᠦ ᠡᠮᠴᠢᠯᠡᠬᠦ ᠳᠤ ᠲᠠᠷᠢᠯᠭ᠎ᠠ ᠪᠠᠷ ᠲᠠᠷᠢᠯᠭ᠎ᠠ ᠲᠠᠷᠢᠬᠤ ᠨᠢ ᠠᠮᠢᠳᠠᠨ ᠤ | ᠦᠯᠦ ᠬᠠᠯᠳᠠᠭᠠᠬᠤ ᠴᠢᠳᠠᠪᠤᠷᠢ ᠶᠢ ᠲᠡᠬᠡᠭᠰᠢᠯᠡᠬᠦᠯᠵᠦ᠂ ᠠᠮᠢᠳᠠᠨ ᠤ ᠬᠢᠵᠢᠭ ᠤᠨ ᠡᠬᠦᠰᠬᠦ ᠪᠠ ᠲᠡᠯᠬᠡᠷᠡᠬᠦ ᠶᠢ | ᠬᠤᠷᠢᠭᠯᠠᠬᠤ ᠬᠠᠮᠤᠭ ᠴᠢᠬᠤᠯᠨ ᠠᠷᠭ᠎ᠠ ᠠᠪᠴᠢᠯ ᠪᠤᠯᠤᠨ᠎ᠠ᠃ ᠰᠠᠶᠢᠨ ᠲᠠᠷᠢᠯᠭ᠎ᠠ ᠶᠢᠨ ᠬᠠᠮᠠᠭᠠᠯᠠᠯᠳᠠ ᠶᠢᠨ ᠨᠤᠷᠮ᠎ᠠ | 95% ᠠᠴᠠ ᠲᠡᠬᠡᠭᠰᠢ ᠪᠠᠶᠢᠳᠠᠭ᠃ ᠲᠠᠷᠢᠯᠭ᠎ᠠ ᠶᠢᠨ ᠬᠠᠮᠠᠭᠠᠯᠠᠯᠳᠠ ᠶᠢᠨ ᠨᠤᠷᠮ᠎ᠠ ᠨᠢ ᠲᠠᠷᠢᠯᠭ᠎ᠠ ᠲᠠᠷᠢᠬᠤ ᠴᠠᠭ᠂ | ᠠᠮᠢᠳᠠᠨ ᠤ ᠡᠷᠡᠬᠦᠯ ᠴᠢᠬᠢᠷᠠᠭ ᠡᠰᠡᠬᠦ᠂ ᠲᠠᠷᠢᠯᠭ᠎ᠠ ᠶᠢᠨ ᠠᠷᠭ᠎ᠠ᠂ ᠲᠠᠷᠢᠬᠤ ᠬᠡᠮᠵᠢᠶ᠎ᠡ᠂ ᠲᠠᠷᠢᠯᠭ᠎ᠠ ᠶᠢᠨ ᠶᠠᠪᠤᠴᠨ | ᠵᠡᠷᠬᠡ ᠡᠯᠧᠮᠧᠨ᠋ᠲ ᠤᠨ ᠨᠦᠯᠦᠬᠡ ᠶᠢ ᠬᠦᠷᠳᠡᠳᠡᠭ᠃ ᠲᠠᠷᠢᠯᠭ᠎ᠠ ᠪᠠᠨ ᠰᠠᠶᠢᠨ ᠬᠢᠬᠦ ᠶᠢᠨ ᠬᠠᠮᠳᠤ ᠠᠷᠠᠴᠢᠯᠠᠭ᠎ᠠ | ᠲᠡᠵᠢᠬᠡᠯᠬᠡ ᠶᠢᠨ ᠬᠠᠮᠢᠶᠠᠷᠤᠯᠳᠠ᠂ ᠲᠤᠰᠠᠭᠠᠷᠯᠠᠬᠤ᠂ ᠠᠷᠢᠭᠤᠳᠬᠠᠬᠤ ᠵᠡᠷᠬᠡ ᠶᠡᠷᠦᠩᠬᠡᠶᠢᠯᠡᠭᠰᠡᠨ ᠠᠷᠭ᠎ᠠ ᠠᠪᠴᠢᠯ ᠢ | ᠰᠠᠶᠢᠨ ᠬᠢᠬᠦ ᠨᠢ ᠲᠤᠩ ᠴᠢᠬᠤᠯᠨ ᠪᠠᠶᠢᠳᠠᠭ᠃ | | ᠭᠤᠷᠪᠠ᠂ ᠲᠠᠷᠢᠯᠭ᠎ᠠ ᠶᠢᠨ ᠲᠦᠷᠦᠯ ᠵᠦᠢᠯ | ᠤᠳᠤᠬᠠᠨ ᠳᠤ ᠵᠠᠬ᠎ᠠ ᠲᠡᠯᠬᠡᠬᠦᠷ ᠲᠡᠬᠡᠷ᠎ᠡ ᠲᠠᠷᠢᠯᠭ᠎ᠠ ᠶᠢ ᠢᠳᠡᠪᠬᠢ ᠲᠠᠷᠢᠯᠭ᠎ᠠ᠂ ᠢᠳᠡᠪᠬᠢ ᠪᠤᠰᠤ ᠲᠠᠷᠢᠯᠭ᠎ᠠ᠂ | ᠤᠯᠠᠨ ᠫᠠᠫᠠᠲᠢᠳᠦ ᠲᠠᠷᠢᠯᠭ᠎ᠠ᠂ ᠭᠧᠨ ᠤ ᠢᠨᠵᠧᠨᠧᠷᠢᠩ ᠤᠨ ᠲᠠᠷᠢᠯᠭ᠎ᠠ ᠬᠡᠵᠦ ᠲᠦᠷᠪᠡᠨ ᠲᠦᠷᠦᠯ ᠬᠤᠪᠢᠶᠠᠳᠠᠭ᠃ | | 1. ᠢᠳᠡᠪᠬᠢ ᠲᠠᠷᠢᠯᠭ᠎ᠠ᠄ ᠪᠠᠰᠨ ᠬᠤᠤᠷ ᠢ ᠨᠢ ᠪᠠᠭᠠᠰᠬᠠᠭᠰᠠᠨ ᠲᠠᠷᠢᠯᠭ᠎ᠠ ᠬᠡᠳᠡᠭ᠂ ᠪᠠᠶᠢᠭᠠᠯᠢ ᠠᠴᠠ ᠰᠠᠯᠭᠠᠵᠦ | ᠤᠯᠤᠭᠰᠠᠨ ᠪᠠᠶᠢᠭᠠᠯᠢᠯᠢᠭ᠂ ᠬᠤᠤᠷ ᠨᠢ ᠪᠠᠭ᠎ᠠ ᠮᠢᠺᠷᠤᠪ ᠪᠤᠶᠤ ᠬᠦᠮᠦᠨ ᠤ ᠬᠦᠴᠦ ᠪᠠᠷ ᠬᠤᠤᠷ ᠢ ᠨᠢ ᠪᠠᠭᠠᠰᠬᠠᠭᠰᠠᠨ | ᠮᠢᠺᠷᠤᠪ᠂ ᠬᠤᠤᠷ ᠢ ᠨᠢ ᠪᠠᠭᠠᠰᠬᠠᠭᠰᠠᠨ ᠲᠠᠷᠢᠯᠭ᠎ᠠ ᠶᠢᠨ ᠬᠤᠤᠷᠳᠤ ᠴᠢᠨᠠᠷ ᠨᠢ ᠠᠮᠢᠳᠠᠨ ᠳᠤ ᠡᠪᠡᠳᠴᠢᠨ ᠡᠬᠦᠰᠬᠡᠵᠦ | ᠴᠢᠳᠠᠬᠤ ᠦᠭᠡᠢ᠂ ᠬᠡᠪᠡᠴᠦ ᠤᠤᠯ ᠤᠨ ᠦᠯᠦ ᠬᠠᠯᠳᠠᠭᠠᠬᠤ ᠴᠢᠨᠠᠷ ᠢᠶᠠᠨ ᠪᠠᠳᠤᠯᠠᠵᠦ᠂ ᠪᠡᠶ᠎ᠡ ᠶᠢᠨ ᠲᠤᠳᠤᠷ᠎ᠠ | ᠦᠷᠡᠵᠢᠵᠦ ᠴᠢᠳᠠᠨ᠎ᠠ᠃ ᠡᠶᠢᠮᠦ ᠠᠴᠠ ᠪᠠᠭ᠎ᠠ ᠬᠡᠮᠵᠢᠶ᠎ᠡ ᠪᠠᠷ ᠲᠠᠷᠢᠬᠤ ᠳᠤ ᠨᠡᠯᠢᠶᠡᠳ ᠴᠢᠩᠭ᠎ᠠ ᠦᠯᠦ ᠬᠠᠯᠳᠠᠭᠠᠬᠤ | ᠴᠢᠨᠠᠷ ᠡᠬᠦᠰᠬᠡᠵᠦ᠂ ᠦᠯᠦ ᠬᠠᠯᠳᠠᠭᠠᠬᠤ ᠬᠤᠭᠤᠴᠠᠭ᠎ᠠ ᠨᠢ ᠤᠷᠳᠤ᠂ ᠠᠮᠢᠳᠠᠨ ᠤ ᠲᠠᠸᠠᠷ ᠤᠨ ᠴᠢᠨᠠᠷ ᠴᠢᠡᠰᠠᠭ᠎ᠠ ᠶᠢ | ᠨᠦᠯᠦᠬᠡᠯᠡᠬᠦ ᠦᠭᠡᠢ ᠵᠡᠷᠬᠡ ᠲᠠᠪᠠᠭᠤᠯᠢᠭ ᠲᠠᠯ᠎ᠠ ᠲᠠᠢ᠃ ᠢᠳᠡᠪᠬᠢ ᠲᠠᠷᠢᠯᠭ᠎ᠠ ᠶᠢ ᠲᠤᠤᠷ᠎ᠠ ᠲᠤᠯᠠᠭᠠᠨ ᠳᠤ | ᠬᠠᠳᠠᠭᠠᠯᠠᠬᠤ ᠬᠡᠷᠡᠭᠳᠠᠢ᠃ ᠬᠠᠳᠠᠭᠠᠯᠠᠬᠤ ᠬᠤᠭᠤᠴᠠᠭ᠎ᠠ ᠶᠢ ᠨᠢ ᠤᠷᠳᠤᠳᠬᠠᠬᠤ ᠶᠢᠨ ᠲᠦᠯᠦᠬᠡ ᠬᠦᠯᠳᠡᠬᠡᠨ | ᠬᠠᠲᠠᠭᠠᠵᠤ ᠬᠠᠳᠠᠭᠠᠯᠠᠳᠠᠭ᠃ ᠪᠠᠰᠨ ᠬᠦᠯᠳᠡᠬᠡᠭᠰᠡᠨ ᠬᠠᠳᠠᠭᠠᠮᠠᠯ ᠲᠠᠷᠢᠯᠭ᠎ᠠ ᠬᠡᠳᠡᠭ᠃ ᠤᠳᠤᠬᠠᠨ ᠳᠤ ᠮᠠᠨ ᠤ ᠤᠯᠤᠰ | ᠬᠦᠨᠳᠦ ᠶᠡᠭᠡ ᠮᠠᠯ ᠤᠨ ᠬᠢᠵᠢᠭ ᠢ ᠰᠡᠷᠬᠡᠶᠢᠯᠡᠬᠦ ᠳᠤ ᠬᠡᠷᠡᠭᠯᠡᠵᠦ ᠪᠠᠶᠢᠭ᠎ᠠ ᠢᠳᠡᠪᠬᠢ ᠲᠠᠷᠢᠯᠭ᠎ᠠ ᠳᠤ ᠭᠠᠭ᠋ᠠᠢ ᠶᠢᠨ | ᠮᠢᠯᠵᠠᠩ᠂ ᠲᠠᠬᠢᠶᠠᠨ ᠬᠢᠵᠢᠭ᠂ ᠪᠤᠭᠤᠮ᠎ᠠ᠂ ᠪᠷᠦ᠋ᠼᠧᠯ ᠡᠪᠡᠳᠴᠢᠨ ᠤ ᠬᠤᠤᠷ ᠢ ᠨᠢ ᠪᠠᠭᠠᠰᠬᠠᠭᠰᠠᠨ ᠲᠠᠷᠢᠯᠭ᠎ᠠ | ᠪᠤᠯᠤᠨ᠎ᠠ᠃ | 2. ᠢᠳᠡᠪᠬᠢ ᠪᠤᠰᠤ ᠲᠠᠷᠢᠯᠭ᠎ᠠ᠄ ᠡᠪᠡᠳᠴᠢᠨ ᠡᠬᠦᠰᠬᠡᠭᠴᠢ ᠮᠢᠺᠷᠤᠪ ᠢ ᠬᠢᠮᠢ᠂ ᠹᠢᠽᠢᠺ ᠤᠨ ᠠᠷᠭ᠎ᠠ ᠪᠠᠷ | ᠲᠠᠮᠵᠢᠵᠦ᠂ ᠢᠳᠡᠪᠬᠢ ᠴᠢᠨᠠᠷ ᠢ ᠤᠰᠠᠳᠬᠠᠵᠦ ᠤᠯᠤᠭᠰᠠᠨ ᠲᠠᠷᠢᠯᠭ᠎ᠠ ᠶᠢ ᠬᠡᠯᠡᠨ᠎ᠡ᠃ ᠢᠳᠡᠪᠬᠢ ᠴᠢᠨᠠᠷ ᠢ ᠨᠢ | ᠤᠰᠠᠳᠬᠠᠭᠰᠠᠨ ᠤ ᠲᠠᠷᠠᠭ᠎ᠠ᠂ ᠡᠪᠡᠳᠴᠢᠨ ᠡᠬᠦᠰᠬᠡᠭᠴᠢ ᠮᠢᠺᠷᠤᠪ ᠨᠢ ᠦᠯᠦ ᠬᠠᠯᠳᠠᠭᠠᠬᠤ ᠴᠢᠨᠠᠷ ᠢᠶᠠᠨ | ᠦᠷᠭᠦᠯᠵᠢᠯᠡᠨ ᠬᠠᠳᠠᠭᠠᠯᠠᠨ᠎ᠠ᠃ ᠲᠠᠷᠢᠯᠭ᠎ᠠ ᠲᠠᠷᠢᠭᠰᠠᠨ ᠤ ᠲᠠᠷᠠᠭ᠎ᠠ ᠠᠮᠢᠳᠠᠨ ᠳᠤ ᠦᠪᠡᠷᠮᠢᠴᠨ ᠴᠢᠨᠠᠷ ᠲᠠᠢ ᠦᠯᠦ | ᠬᠠᠯᠳᠠᠭᠠᠬᠤ ᠬᠦᠴᠦ ᠡᠬᠦᠰᠳᠡᠭ᠃ ᠪᠠᠰᠨ ᠦᠬᠦᠮᠡᠯ ᠲᠠᠷᠢᠯᠭ᠎ᠠ ᠬᠡᠳᠡᠭ᠃ | ᠢᠳᠡᠪᠬᠢ ᠪᠤᠰᠤ ᠲᠠᠷᠢᠯᠭ᠎ᠠ ᠶᠢᠨ ᠲᠠᠪᠠᠭᠤᠯᠢᠭ ᠲᠠᠯ᠎ᠠ ᠨᠢ ᠪᠤᠯ ᠬᠡᠷᠡᠭᠯᠡᠬᠦ ᠳᠤ ᠠᠮᠤᠷ ᠲᠦᠪᠰᠢᠨ᠂ | ᠬᠠᠳᠠᠭᠠᠯᠠᠬᠤ ᠳᠤ ᠠᠮᠠᠷᠬᠠᠨ᠂ ᠦᠯᠦ ᠬᠠᠯᠳᠠᠭᠠᠬᠤ ᠴᠢᠳᠠᠪᠤᠷᠢ ᠨᠡᠯᠢᠶᠡᠳ ᠰᠠᠶᠢᠨ︔ ᠲᠤᠳᠠᠭᠳᠠᠯ ᠲᠠᠢ ᠲᠠᠯ᠎ᠠ ᠨᠢ | ᠡᠷᠬᠡᠪᠰᠢ ᠪᠦᠬᠦᠶᠢᠯᠨ ᠠᠮᠢᠳᠠᠨ ᠳᠤ ᠨᠢᠬᠡ ᠨᠢᠬᠡ ᠪᠠᠷ ᠲᠠᠷᠢᠨ᠎ᠠ᠂ ᠲᠠᠷᠢᠯᠭ᠎ᠠ ᠶᠢᠨ ᠬᠡᠮᠵᠢᠶ᠎ᠡ ᠶᠡᠭᠡ᠂ ᠲᠠᠷᠢᠯᠭ᠎ᠠ | ᠲᠠᠷᠢᠭᠰᠠᠨ ᠤ ᠲᠠᠷᠠᠭ᠎ᠠ ᠲᠠᠭᠠᠯᠳᠠ ᠤᠷᠪᠠᠯ ᠨᠡᠯᠢᠶᠡᠳ ᠶᠡᠭᠡ ᠪᠠᠶᠢᠳᠠᠭ᠃ ᠬᠦᠨᠳᠦ ᠶᠡᠭᠡ ᠮᠠᠯ ᠤᠨ ᠬᠢᠵᠢᠭ ᠡᠪᠡᠳᠴᠢᠨ | ᠢ ᠰᠡᠷᠬᠡᠶᠢᠯᠡᠬᠦ ᠳᠤ ᠬᠡᠷᠡᠭᠯᠡᠵᠦ ᠪᠠᠶᠢᠭ᠎ᠠ ᠢᠳᠡᠪᠬᠢ ᠪᠤᠰᠤ ᠲᠠᠷᠢᠯᠭ᠎ᠠ ᠳᠤ ᠲᠦᠷᠬᠡᠨ ᠬᠠᠯᠳᠠᠪᠤᠷᠢᠳᠤ ᠵᠢᠬᠦᠷᠳᠡᠨ ᠤ | ᠬᠢᠵᠢᠭ᠂ ᠰᠢᠯᠦᠬᠡᠢ ᠡᠪᠡᠳᠴᠢᠨ᠂ ᠲᠦᠷᠬᠡᠨ ᠬᠠᠯᠳᠠᠪᠤᠷᠢᠳᠤ ᠭᠠᠭ᠋ᠠᠢ ᠶᠢᠨ ᠬᠦᠬᠡ ᠴᠢᠬᠢᠳᠤ ᠡᠪᠡᠳᠴᠢᠨ ᠵᠡᠷᠬᠡ ᠶᠢᠨ | ᠢᠳᠡᠪᠬᠢ ᠪᠤᠰᠤ ᠲᠠᠷᠢᠯᠭ᠎ᠠ ᠪᠤᠯᠤᠨ᠎ᠠ᠃ |