7 ᠰᠠᠷ᠎ᠠ ᠶᠢᠨ 22 ᠤᠨ ᠡᠳᠦᠷ᠂ ︽ᠤᠮᠠᠷᠠᠲᠤ ᠬᠢᠯᠢ ᠶᠢᠨ ᠬᠥᠬᠡ ᠬᠡᠷᠡᠯ︾ ᠣᠷᠣᠨ ᠪᠦᠰᠡ ᠠᠯᠤᠰᠯᠠᠭᠰᠠᠨ | ᠤᠰᠤᠨ ᠣᠷᠣᠨ ᠤ ᠠᠪᠤᠷᠠᠨ ᠲᠤᠰᠠᠯᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠮᠠᠨ ᠤ ᠬᠤᠲᠠ ᠶᠢᠨ ᠬᠠᠲᠤᠨ | ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠬᠠᠰᠢᠯᠭ᠎ᠠ ᠶᠢᠨ ᠭᠠᠵᠠᠷ ᠲᠤ | ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠢᠦᠢ ᠱᠦ ᠸᠧᠨ᠂ ᠥᠪᠥᠷ ᠮᠣᠩᠭᠤᠯ ᠤᠨ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ ᠳᠠᠷᠤᠭ᠎ᠠ ᠯᠢ ᠵᠢᠶᠦ᠋ᠨ ᠹᠧᠩ ᠬᠤᠷᠠᠯ ᠳᠤ | ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ ᠪᠠᠶᠠᠷ ᠤᠨ | ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ | ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠪᠣᠯᠣᠨ ᠮᠠᠨ ᠤ ᠬᠤᠳᠠ ᠶᠢᠨ | ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠣᠷᠣᠯᠴᠠᠪᠠ᠃ | ᠶᠠᠩ ᠶᠢᠨ ᠪᠠᠶᠠᠷ ᠤᠨ ᠦᠭᠡ ᠳᠡᠭᠡᠨ ᠵᠢᠭᠠᠨ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ᠂ ᠦᠬᠠᠢ | ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠶᠡᠭᠡ ᠦᠶᠡᠷ ᠢ | ᠰᠡᠷᠭᠡᠶᠢᠯᠡᠬᠦ᠂ ᠶᠡᠭᠡ ᠠᠶᠤᠯ ᠢ ᠵᠠᠪᠳᠤᠬᠤ᠂ ᠶᠡᠭᠡ ᠭᠠᠮᠰᠢᠭ ᠢ ᠡᠰᠡᠷᠭᠦᠴᠡᠬᠦ ᠳᠤ ᠰᠠᠭᠤᠷᠢᠯᠠᠵᠤ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠡᠩᠨᠡᠭᠡ ᠪᠠᠨ ᠬᠦᠴᠦᠷᠬᠡᠭᠵᠢᠭᠦᠯᠬᠦ᠂ ᠴᠢᠳᠠᠪᠤᠷᠢ ᠪᠠᠨ ᠳᠡᠭᠡᠭᠰᠢᠯᠡᠭᠦᠯᠬᠦ ᠶᠢ | ᠪᠦᠬᠦ ᠬᠦᠴᠦᠨ ᠢᠶᠠᠷ ᠢᠶᠠᠨ ᠲᠡᠮᠵᠢᠵᠤ᠂ ᠠᠯᠢ ᠤᠯᠠᠨ ᠭᠠᠮᠰᠢᠭ ᠠᠳᠡᠯ ᠢ ᠬᠦᠴᠦᠲᠡᠢ ᠠᠷᠭᠠᠴᠠᠨ ᠰᠢᠢᠳᠪᠦᠷᠢᠯᠡᠵᠦ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠦᠬᠠᠢ ᠳᠤ | ᠬᠤᠪᠢ ᠨᠡᠮᠡᠷᠢ ᠦᠵᠡᠭᠦᠯᠵᠡᠢ᠃ ᠲᠣᠰ ᠤᠳᠠᠭᠠᠨ ᠤ ᠠᠵᠢᠯᠯᠠᠭ᠎ᠠ ᠦᠬᠠᠢ ᠳᠤ ᠶᠠᠪᠤᠭᠳᠠᠭᠰᠠᠨ ᠨᠢ ᠮᠠᠨ ᠤ | ᠬᠤᠲᠠ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠳᠦ ᠬᠡᠮᠵᠢᠶ᠎ᠡ ᠪᠠᠷ ᠢᠲᠡᠭᠡᠵᠦ ᠪᠠᠶᠢᠬᠤ ᠪᠠᠷ ᠪᠠᠷᠠᠬᠤ ᠦᠭᠡᠢ᠂ ᠪᠠᠰᠠ ᠴᠤ ᠮᠠᠨ ᠤ ᠬᠤᠲᠠ ᠶᠢᠨ | ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠬᠢᠷᠢ ᠲᠦᠪᠰᠢᠨ ᠢ ᠲᠤᠬᠠᠢ ᠶᠢᠨ ᠭᠠᠵᠠᠷ ᠲᠤᠨᠢ ᠰᠢᠯᠭᠠᠨ | ᠪᠠᠶᠢᠴᠠᠭᠠᠵᠤ ᠪᠠᠶᠢᠭ᠎ᠠ ᠶᠠᠪᠤᠳᠠᠯ ᠪᠣᠯᠣᠨ᠎ᠠ᠃ ᠪᠦᠬᠦ ᠬᠤᠳᠠ ᠶᠢᠨ ᠡᠯ᠎ᠡ ᠭᠠᠯ ᠤᠨᠲᠠᠷᠠᠭᠠᠵᠤ ᠠᠪᠤᠷᠠᠨ ᠲᠤᠰᠠᠯᠠᠬᠤ | ᠬᠦᠴᠦᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠢ ᠪᠠᠲᠤ ᠴᠡᠭᠡᠵᠢᠯᠡᠵᠦ᠂ ᠵᠣᠷᠢᠭᠲᠠᠢ ᠪᠠᠷ ᠶᠡᠭᠡ | ᠬᠦᠴᠢᠷ ᠢ ᠠᠮᠰᠠᠬᠤ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠵᠣᠷᠢᠭᠲᠠᠢ ᠪᠠᠷ ᠰᠢᠨ᠎ᠡ ᠵᠠᠮ ᠢ ᠨᠡᠭᠡᠭᠡᠬᠦ᠂ | ᠵᠣᠷᠢᠭᠲᠠᠢ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ ︽ᠲᠦᠷᠪᠡᠨ ᠵᠣᠷᠢᠭ︾ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ᠂ ᠲᠤᠰᠬᠠᠢ ᠮᠡᠷᠭᠡᠵᠢᠯ ᠤᠨ ᠤᠨᠢᠨ ᠳᠡᠭᠡᠷ᠎ᠡ ᠨᠢ | ᠪᠠᠶᠢᠬᠤ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠡᠢ᠃ | ᠰᠣᠷᠢᠯᠲᠠ ᠳᠤ ᠮᠠᠨ ᠤ ᠬᠤᠳᠠ ᠳᠤ ᠦᠷᠭᠦᠯᠵᠢᠯᠡᠨ ᠪᠣᠷᠣᠭᠠᠨ ᠣᠷᠣᠭᠰᠠᠨ ᠤ ᠨᠥᠯᠥᠭᠡ ᠪᠠᠷ ᠬᠡᠰᠡᠭ ᠭᠠᠵᠠᠷ | ᠣᠷᠣᠨ ᠳᠤ ᠬᠠᠰᠢᠯᠭ᠎ᠠ ᠳᠠᠯᠠᠩ ᠨᠤᠷᠠᠭᠰᠠᠨ᠂ ᠬᠤᠳᠠ ᠳᠤ ᠤᠰᠤᠲᠤᠭᠰᠠᠨ᠂ ᠬᠥᠮᠥᠨ ᠬᠠᠷ᠎ᠠ ᠤᠰᠤᠨ ᠳᠤ ᠤᠨᠠᠭᠰᠠᠨ | ᠵᠡᠷᠭᠡ ᠲᠦᠭᠰᠢᠭᠦᠷᠢᠲᠦ ᠪᠠᠶᠢᠳᠠᠯ ᠢᠯᠡᠷᠡᠵᠦ᠂ ᠥᠪᠥᠷ ᠮᠣᠩᠭᠤᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ | ᠶᠡᠷᠦᠩᠬᠡᠢ ᠠᠩᠭᠢ ᠶᠢᠨ ᠬᠢᠨ 10 ᠰᠠᠯᠠᠭ᠎ᠠ ᠤᠰᠤᠨ ᠣᠷᠣᠨ ᠤ ᠠᠪᠤᠷᠠᠨ ᠲᠤᠰᠠᠯᠠᠬᠤ ᠲᠤᠰᠬᠠᠢ ᠠᠩᠭᠢ ᠶᠢᠨ ᠨᠡᠶᠢᠳᠡ | 300 ᠭᠠᠷᠤᠢ ᠬᠥᠮᠥᠨ᠂ 44 ᠣᠩᠭᠤᠴᠠ᠂ 1 ᠲᠦᠮᠡ ᠭᠠᠷᠤᠢ ᠢᠵᠢ ᠲᠤᠨᠤᠭ ᠲᠥᠬᠦᠭᠡᠷᠦᠮᠵᠢ ᠬᠡᠷᠡᠭᠰᠡᠯ ᠢ | ᠦᠳᠲᠡᠷ ᠲᠦᠷᠭᠡᠨ ᠴᠤᠭᠯᠠᠭᠤᠯᠵᠤ ᠠᠶᠤᠯ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠵᠡᠢ᠃ ᠰᠣᠷᠢᠯᠲᠠ ᠳᠤ | ᠣᠷᠣᠯᠴᠠᠭᠰᠠᠨ ᠨᠢᠭᠡᠴᠡ ᠨᠢ ᠣᠩᠭᠤᠴᠠ ᠰᠠᠯ ᠤᠨ ᠡᠩᠨᠡᠭᠡ ᠶᠢ ᠲᠤᠷᠰᠢᠨ ᠪᠠᠶᠢᠴᠠᠭᠠᠬᠤ᠂ ᠪᠣᠰᠤᠭ᠎ᠠ ᠴᠣᠭᠴᠠᠲᠤ | ᠬᠠᠮᠲᠤᠷᠠᠭᠰᠠᠨ ᠡᠷᠢᠵᠦ ᠠᠪᠤᠷᠠᠬᠤ᠂ ᠦᠶᠡᠷ ᠲᠠᠢ ᠲᠡᠮᠡᠴᠡᠨ ᠠᠶᠤᠯ ᠢ ᠠᠷᠢᠯᠭᠠᠬᠤ᠂ ᠶᠡᠷᠦᠩᠬᠡᠶᠢᠯᠡᠭᠰᠡᠨ ᠠᠪᠤᠷᠠᠨ | ᠲᠤᠰᠠᠯᠠᠯᠲᠠ᠂ ᠲᠦᠷᠭᠡᠨ ᠤᠷᠤᠰᠬᠠᠯ ᠤᠨ ᠠᠪᠤᠷᠠᠨ ᠲᠤᠰᠠᠯᠠᠯᠲᠠ᠂ ᠤᠰᠤᠨ ᠳᠣᠣᠷᠠᠬᠢ ᠠᠪᠤᠷᠠᠨ ᠲᠤᠰᠠᠯᠠᠯᠲᠠ᠂ | ᠬᠤᠲᠠ ᠶᠢᠨ ᠤᠰᠤᠲᠤᠯ᠂ ᠣᠩᠭᠤᠴᠠ ᠰᠠᠯ ᠤᠨ ᠭᠠᠯ ᠤᠨᠲᠠᠷᠠᠭᠠᠬᠤ᠂ ᠤᠰᠤᠨ ᠣᠷᠣᠨ ᠤ ᠪᠣᠬᠢᠷᠳᠤᠯ ᠢ | ᠰᠢᠢᠳᠪᠦᠷᠢᠯᠡᠬᠦ ᠵᠡᠷᠭᠡ 9 ᠵᠠᠩᠭᠢᠯᠠᠭ᠎ᠠ ᠶᠢᠨ 22 ᠰᠣᠷᠢᠯᠲᠠ ᠶᠢᠨ ᠬᠢᠴᠢᠶᠡᠯ ᠲᠥᠷᠥᠯ ᠢ ᠥᠷᠨᠢᠭᠦᠯᠪᠡ᠃ | ᠰᠣᠷᠢᠯᠲᠠ ᠶᠢᠨ ᠳᠤᠮᠳᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠰᠡᠳᠬᠢᠯ ᠰᠠᠨᠠᠭ᠎ᠠ ᠪᠠᠨ ᠣᠯᠣᠯᠴᠠᠵᠤ᠂ | ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠶᠢ ᠨᠢᠭᠲᠠ ᠤᠶᠠᠯᠳᠤᠭᠤᠯᠵᠤ᠂ ᠡᠮᠬᠢ ᠳᠢᠭᠯᠢᠮ ᠲᠠᠢ ᠶᠠᠪᠤᠭᠳᠠᠭᠤᠯᠵᠤ᠂ | ᠪᠥᠬᠦ ᠣᠷᠣᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠥᠬᠦ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠭᠤᠣᠯ ᠬᠦᠴᠦᠨ ᠴᠡᠷᠢᠭ᠂ ᠤᠯᠤᠰ ᠤᠨ ᠠᠩᠭᠢ ᠶᠢᠨ ᠰᠠᠶᠢᠨ ᠰᠠᠶᠢᠬᠠᠨ ᠳᠦᠷᠢ | ᠲᠥᠷᠬᠦ ᠶᠢ ᠭᠦᠢᠴᠡᠳ ᠢᠯᠡᠷᠡᠭᠦᠯᠪᠡ᠃ | ᠰᠣᠷᠢᠯᠲᠠ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠭᠠᠯ ᠤᠨᠲᠠᠷᠠᠭᠠᠬᠤ ᠤᠰᠤᠨ | ᠣᠷᠣᠨ ᠤ ᠠᠪᠤᠷᠠᠨ ᠲᠤᠰᠠᠯᠠᠬᠤ ᠲᠣᠨᠣᠭᠯᠠᠯ ᠤᠨ ᠦᠵᠡᠭᠦᠯᠦᠯᠭᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ | ᠃ | |