ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠶᠢᠨ ᠮᠡᠳᠡᠭᠡ ᠶᠢ | ᠦᠨᠳᠦᠰᠦᠯᠡᠪᠡᠯ᠂ ᠣᠶᠢᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠰᠤᠷᠭᠠᠨ | ᠬᠥᠮᠦᠵᠢᠯ ᠤᠨ ᠶᠠᠮᠤᠨ ᠠᠴᠠ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠬᠯᠠᠬᠤ ᠲᠥᠪ᠂ | ᠪᠡᠭᠡᠵᠢᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠬᠯᠠᠬᠤ ᠲᠥᠪ ᠵᠡᠷᠭᠡ ᠶᠢ ᠵᠣᠬᠢᠶᠠᠨ ᠪᠠᠶᠢᠭᠤᠯᠵᠤ ︽ | ᠳᠤᠮᠳᠠᠳᠤ ᠪᠠᠭ᠎ᠠ ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠬᠤᠷᠢᠬᠯᠠᠬᠤ ᠮᠡᠷᠭᠡᠵᠢᠯ ᠤᠨ ᠲᠥᠰᠦᠯ︾ ᠪᠠ ︽ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠮᠡᠷᠭᠡᠵᠢᠯ ᠤᠨ ᠲᠥᠰᠦᠯ︾ ᠢ ᠲᠣᠭᠲᠠᠭᠠᠵᠤ | ᠳᠠᠷᠤᠮᠠᠯᠯᠠᠨ ᠲᠠᠷᠬᠠᠭᠠᠪᠠ᠃ ︽ᠲᠥᠰᠦᠯ︾ ᠳᠤ᠂ ᠠᠶᠤᠯ ᠲᠦᠭᠰᠢᠭᠦᠷᠢ ᠪᠠᠭᠠᠳᠠᠢ ᠭᠠᠵᠠᠷ ᠣᠷᠣᠨ ᠤ | ᠰᠤᠷᠭᠠᠭᠤᠯᠢ ᠶᠢᠨ ᠬᠦᠷᠢᠶᠡᠨ ᠳᠤ ᠰᠣᠷᠣᠭᠴᠢᠳ ᠠᠮᠠᠪᠴᠢ ᠵᠡᠭᠦᠬᠦ ᠬᠡᠷᠡᠭ ᠥᠬᠡᠶ᠂ ᠪᠠᠭᠰᠢ ᠨᠠᠷ ᠬᠢᠴᠢᠶᠡᠯ | ᠣᠷᠣᠬᠤ ᠳᠠᠭᠠᠨ ᠠᠮᠠᠪᠴᠢ ᠵᠡᠭᠦᠬᠦ ᠬᠡᠷᠡᠭ ᠥᠬᠡᠶ᠂ᠬᠡᠦᠭᠡᠳ ᠰᠠᠭᠠᠳᠠᠭᠤᠯᠬᠤ ᠪᠠᠶᠢᠭᠤᠯᠤᠮᠵᠢ ᠶᠢᠨ ᠨᠢᠯᠬ᠎ᠠ | ᠬᠡᠤᠬᠡᠳ ᠲᠤ ᠠᠮᠠᠪᠴᠢ ᠵᠡᠭᠦᠯᠭᠡᠭᠦ ᠶᠢ ᠰᠠᠨᠠᠭᠠᠴᠢᠯᠠᠬᠤ ᠥᠬᠡᠶ ᠭᠡᠵᠦ ᠤᠠᠴᠠᠭᠠᠢᠢᠯᠠᠨ ᠵᠢᠭᠠᠵᠤ ᠭᠠᠷᠭᠠᠪᠠ᠃ | ︽ᠲᠥᠰᠦᠯ︾ ᠳᠤ ᠨᠠᠶᠢᠳᠠᠪᠤᠷᠢᠵᠢᠭᠤᠯᠬᠤ ᠴᠢᠬᠤᠯᠠᠲᠠᠶ ᠪᠥᠬᠦ ᠲᠠᠯ᠎ᠠ ᠶᠢᠨ᠂ ᠣᠯᠠᠨ ᠦᠵᠡᠭᠳᠡᠯ ᠪᠦᠭᠦᠢ᠂ ᠡᠯ᠎ᠡ | ᠭᠤᠭᠴᠤᠭ᠎ᠠ ᠶᠢᠨ ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠶᠢᠨ ᠮᠡᠷᠭᠡᠵᠢᠯ ᠤᠨ ᠱᠠᠭᠠᠷᠳᠠᠯᠭ᠎ᠠ ᠪᠠ ᠠᠵᠢᠯ ᠤᠨ | ᠠᠯᠬᠤᠮ ᠶᠠᠪᠤᠴᠠ ᠶᠢ ᠳᠤᠷᠠᠳᠤᠨ ᠭᠠᠷᠭᠠᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠰᠠᠭᠠᠲᠠᠭᠤᠯᠬᠤ | ᠪᠠᠶᠢᠭᠤᠯᠤᠮᠵᠢ ᠶᠢᠨ ᠰᠤᠷᠭᠠᠭᠤᠯᠢ ᠡᠬᠢᠯᠡᠭᠦᠯᠵᠦ ᠬᠢᠴᠢᠶᠡᠯ ᠰᠡᠷᠭᠦᠭᠡᠬᠦ ᠶᠠᠪᠤᠴᠠ ᠳᠠᠬᠢ ᠬᠢᠵᠢᠭ ᠢ ᠰᠡᠷᠭᠡᠶᠢᠯᠡᠨ | ᠬᠤᠷᠢᠬᠯᠠᠬᠤ ᠠᠵᠢᠯ ᠢ ᠰᠠᠶᠢᠳᠤᠷ ᠬᠢᠭᠦ ᠳ᠋ᠤ᠋ᠵᠢᠯᠤᠭᠤᠳᠤᠮᠵᠢ ᠪᠤᠯᠭᠠᠵᠠᠢ᠃ |