ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽0 - 6 ᠨᠠᠰᠤᠨ ᠤ ᠬᠡᠦᠬᠡᠳ ᠤᠨ | ᠨᠢᠳᠦᠨ ᠤ ᠡᠷᠡᠭᠦᠯ ᠬᠠᠮᠠᠭᠠᠯᠠᠯ ᠵᠢᠴᠢ ᠬᠠᠷᠠᠭᠠᠨ ᠤ ᠪᠠᠶᠢᠴᠠᠭᠠᠯᠲᠠ ᠶᠢᠨ ᠦᠢᠯᠡᠴᠢᠯᠡᠭᠡᠨ ᠤ ᠵᠢᠷᠤᠮᠵᠢᠯ ︵ᠲᠤᠷᠰᠢᠨ | ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠪᠠ᠂ ᠵᠢᠷᠤᠮᠵᠢᠯ ᠳᠤ᠂ ᠠᠳᠠᠯᠢ ᠪᠤᠰᠤ ᠨᠠᠰᠤᠨ ᠤ ᠬᠡᠪ ᠤᠨ ᠬᠡᠦᠬᠡᠳ ᠤᠨ | ᠨᠢᠳᠦ ᠵᠢᠴᠢ ᠬᠠᠷᠠᠭᠠᠨ ᠤ ᠪᠤᠶᠢᠵᠢᠯᠲᠠ ᠶᠢᠨ ᠣᠨᠴᠠᠯᠢᠭ ᠢ ᠦᠨᠳᠦᠰᠦᠯᠡᠨ᠂ 0 - 6 ᠨᠠᠰᠤᠨ ᠤ ᠬᠡᠦᠬᠡᠳ ᠤᠨ | ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠠᠭ ᠪᠠ ᠤᠳᠠᠭ᠎ᠠ ᠲᠠᠢ ᠤᠶᠠᠯᠳᠤᠭᠤᠯᠵᠤ᠂ 0 ᠠᠴᠠ 6 | ᠨᠠᠰᠤᠨ ᠤ ᠬᠡᠦᠬᠡᠳ ᠲᠤ 13 ᠤᠳᠠᠭ᠎ᠠ ᠨᠢᠳᠦᠨ ᠤ ᠡᠷᠡᠭᠦᠯ ᠬᠠᠮᠠᠭᠠᠯᠠᠯ ᠪᠠ ᠬᠠᠷᠠᠭᠠᠨ ᠤ ᠪᠠᠶᠢᠴᠠᠭᠠᠯᠳᠠ ᠶᠢᠨ | ᠦᠢᠯᠡᠴᠢᠯᠡᠭᠡ ᠬᠠᠩᠭᠠᠨ᠎ᠠ᠂ ᠭᠤᠤᠯᠳᠠᠭᠤ ᠵᠣᠬᠢᠴᠠᠩᠭᠤᠶ ᠦᠢᠯᠡᠴᠢᠯᠡᠭᠡᠨ ᠤ ᠴᠢᠳᠠᠪᠤᠷᠢ ᠶᠢ ᠪᠦᠷᠢᠯᠳᠦᠭᠦᠯᠦᠭᠰᠡᠨ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ | ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠵᠢᠴᠢ ᠨᠥᠬᠦᠴᠡᠯ | ᠪᠦᠷᠢᠯᠳᠦᠭᠦᠯᠦᠭᠰᠡᠨ ᠪᠤᠰᠤᠳ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠠᠩᠭᠠᠬᠤ ᠬᠡᠷᠡᠭᠲᠡᠶ ᠬᠡᠵᠦ | ᠲᠤᠬᠳᠠᠭᠠᠵᠠᠢ᠂ ᠡᠭᠦᠨ ᠳᠤ ᠡᠷᠡᠭᠦᠯ ᠮᠡᠨᠳᠦ ᠶᠢᠨ ᠬᠥᠮᠦᠵᠢᠯ᠂ ᠨᠢᠳᠦᠨ ᠤ ᠡᠪᠡᠳᠴᠢᠨ ᠢ ᠰᠢᠭᠰᠢᠨ ᠪᠠᠶᠢᠴᠠᠭᠠᠬᠤ | ᠵᠢᠴᠢ ᠬᠠᠷᠠᠭᠠᠨ ᠤ ᠦᠨᠡᠯᠡᠯᠲᠡ ᠬᠢᠬᠦ᠂ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠬᠦ᠂ ᠰᠢᠯᠵᠢᠭᠦᠯᠦᠨ ᠡᠮᠨᠡᠬᠦ | ᠦᠢᠯᠡᠴᠢᠯᠡᠭᠡ ᠬᠠᠩᠭᠠᠬᠤ ᠪᠠ ᠬᠡᠦᠬᠡᠳ ᠤᠨ ᠨᠢᠳᠦᠨ ᠤ ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠮᠡᠳᠡᠭᠡ | ᠵᠠᠩᠭᠢ ᠶᠢ ᠳᠠᠩᠰᠠᠯᠠᠬᠤ ᠵᠡᠷᠭᠡ ᠠᠵᠢᠯ ᠪᠠᠭᠳᠠᠵᠤ ᠪᠤᠢ᠃ |