ᠵᠡᠮᠳᠡᠭᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ | ᠵᠡᠮᠳᠡᠭᠴᠦᠳ ᠤᠨ ︽ᠪᠥᠬᠦ ᠠᠷᠠᠳ ᠢᠶᠠᠷ ᠢᠶᠠᠨ ᠨᠣᠮ ᠤᠩᠰᠢᠬᠤ︾ ᠠᠵᠢᠯᠯᠠᠭ᠎ᠠ ᠳᠤ ᠣᠷᠣᠯᠴᠠᠬᠤ ᠬᠠᠯᠠᠭᠤᠨ | ᠰᠡᠳᠬᠢᠯᠭᠡ ᠶᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠬᠠᠶᠢᠷᠣᠪ ᠤᠨ ᠲᠤᠬᠤᠢ | ᠲᠤᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ 40 ᠵᠡᠮᠳᠡᠭᠴᠦᠳ ᠤᠨ ᠭᠡᠷ ᠪᠦᠯᠢ ᠳᠤ 100 ᠲᠥᠭᠦᠷᠢᠭ ᠤᠨ | ᠦᠷᠳᠡᠭ ᠲᠠᠢ ᠨᠣᠮ ᠤᠩᠰᠢᠬᠤ ᠺᠠᠷᠲ ᠣᠯᠭᠤᠵᠠᠢ᠃ | ︽ᠡᠨᠡ ᠺᠠᠷᠲ ᠢᠶᠠᠷ ᠪᠢ ᠥᠪᠡᠷ ᠤᠨ ᠳᠤᠷᠠᠲᠠᠶ ᠨᠣᠮ ᠢᠶᠠᠨ ᠬᠡᠳᠦ ᠬᠡᠳᠦᠨ ᠳᠡᠪᠲᠡᠷ ᠬᠤᠳᠠᠯᠳᠤᠨ ᠠᠪᠴᠤ | ᠤᠩᠰᠢᠵᠤ ᠪᠣᠯᠤᠨ᠎ᠠ᠂ ᠡᠨᠡ ᠪᠣᠯ ᠮᠢᠨᠦ ᠵᠤᠨ ᠤ ᠠᠮᠠᠷᠠᠯᠲᠠ ᠳᠤ ᠣᠯᠤᠭᠰᠠᠨ ᠬᠠᠮᠤᠭ ᠤᠨ ᠰᠠᠶᠢᠨ ᠪᠡᠯᠡᠭ ᠮᠥᠨ︾ | ᠭᠡᠵᠦ ᠨᠣᠮ ᠤᠩᠰᠢᠬᠤ ᠺᠠᠷᠲ ᠢ ᠬᠦᠯᠢᠶᠡᠨ ᠠᠪᠤᠭᠰᠠᠨ ᠨᠢᠭᠡᠨ ᠵᠡᠮᠳᠡᠭ ᠬᠡᠦᠬᠡᠳ ᠪᠠᠶᠠᠷᠲᠠᠢ ᠪᠠᠷ ᠬᠡᠯᠡᠪᠡ᠃ | ︽ᠡᠨᠡ ᠤᠳᠠᠭ᠎ᠠ ᠵᠡᠮᠳᠡᠭ ᠨᠠᠶᠢᠵᠠ ᠨᠠᠷ ᠲᠤ ᠨᠣᠮ ᠤᠩᠰᠢᠬᠤ ᠺᠠᠷᠲ ᠣᠯᠭᠤᠵᠤ ᠪᠠᠶᠢᠭ᠎ᠠ ᠨᠢ ᠥᠷᠭᠡᠨ | ᠣᠯᠠᠨ ᠵᠡᠮᠳᠡᠭ ᠨᠠᠶᠢᠵᠠ ᠨᠠᠷ ᠤᠨ ᠨᠣᠮ ᠤᠩᠰᠢᠬᠤ ᠪᠠᠷ ᠳᠠᠮᠵᠢᠭᠤᠯᠤᠨ ᠣᠶᠤᠨ ᠰᠠᠨᠠᠭᠠᠨ ᠤ ᠶᠢᠷᠲᠢᠨᠴᠦ ᠶᠢ ᠨᠢ | ᠲᠡᠭᠦᠯᠳᠡᠷᠵᠢᠭᠦᠯᠵᠦ᠂ ᠥᠪᠡᠷ ᠢ ᠪᠠᠨ ᠳᠡᠭᠡᠭᠰᠢᠯᠡᠭᠦᠯᠬᠦ ᠶᠢᠨ ᠲᠥᠯᠥᠭᠡ ᠪᠥᠭᠡᠳ ᠲᠡᠳᠡᠨ ᠤ ᠨᠡᠶᠢᠭᠡᠮ ᠳᠤ ᠨᠡᠩ ᠰᠠᠶᠢᠨ | ᠠᠭᠤᠰᠤᠨ ᠣᠷᠣᠬᠤ ᠳᠤ ᠲᠤᠰᠠ ᠪᠣᠯᠭᠠᠬᠤ ᠶᠢᠨ ᠲᠥᠯᠥᠭᠡ ᠶᠤᠮ︾ ᠭᠡᠵᠦ ᠬᠠᠶᠢᠷᠣᠪ ᠤᠨ ᠲᠤᠬᠤᠢ ᠲᠤᠭᠤᠷᠢᠭ ᠤᠨ | ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠨ ᠢᠩᠬᠢᠵᠦ ᠲᠠᠨᠢᠯᠴᠠᠭᠤᠯᠪᠠ᠃ ᠤᠢᠢᠷ᠎ᠠ ᠶᠢᠨ ᠬᠤᠭᠤᠴᠠᠭᠠᠨ ᠳᠤ᠂ | ᠲᠡᠳᠡ ᠵᠡᠮᠳᠡᠭᠴᠦᠳ ᠢ ᠤᠷᠢᠵᠤ ᠲᠣᠭᠤᠷᠢᠨ ᠦᠵᠡᠭᠦᠯᠬᠦ᠂ ᠨᠣᠮ ᠤᠩᠰᠢᠬᠤ ᠺᠠᠷᠲ ᠲᠠᠷᠬᠠᠭᠠᠬᠤ ᠵᠡᠷᠭᠡ ᠠᠯᠢ ᠤᠯᠠᠨ | ᠰᠣᠶᠣᠯ ᠤᠨ ᠠᠵᠢᠯᠯᠠᠭ᠎ᠠ ᠥᠷᠨᠢᠭᠦᠯᠪᠡ᠃ ᠬᠤᠶᠢᠰᠢᠳᠠ᠂ ᠬᠠᠶᠢᠷᠣᠪ ᠤᠨ ᠲᠤᠬᠤᠢ ᠲᠤᠭᠤᠷᠢᠭ ᠤᠨ ᠵᠡᠮᠳᠡᠭᠴᠦᠳ ᠤᠨ | ᠬᠤᠯᠪᠣᠭ᠎ᠠ ᠶᠢᠨ ᠬᠢᠨ ᠵᠡᠮᠳᠡᠭᠴᠦᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠦᠷᠭᠦᠯᠵᠢᠯᠡᠨ ᠠᠩᠬᠠᠷᠴᠤ᠂ | ᠲᠡᠳᠡᠨ ᠳᠤ ᠠᠮᠢᠳᠤᠷᠠᠯ ᠤᠨ ᠡᠯ᠎ᠡ ᠲᠠᠯ᠎ᠠ ᠠᠴᠠ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠬᠦ ᠪᠤᠯᠤᠨ᠎ᠠ᠃ |