8 ᠰᠠᠷ᠎ᠠ ᠶᠢᠨ 12 ᠤᠨ ᠡᠳᠦᠷ᠂ ᠬᠠᠶᠢᠷᠤᠪ ᠤᠨ ᠲᠤᠬᠤᠢ ᠶᠢᠨ ᠬᠤᠳᠠᠯᠳᠤᠭᠠᠨ ᠤ ᠭᠤᠣᠯ ᠲᠣᠭᠤᠷᠢᠭ ᠤᠨ | ᠭᠠᠯ ᠤᠨᠲᠠᠷᠠᠭᠠᠬᠤ ᠦᠷᠳᠡᠭᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ᠃ | ᠬᠠᠶᠢᠷᠤᠪ ᠤᠨ ᠲᠤᠬᠤᠢ ᠶᠢᠨ ᠬᠤᠳᠠᠯᠳᠤᠭᠠᠨ ᠤ ᠭᠤᠣᠯ ᠲᠣᠭᠤᠷᠢᠭ ᠤᠨ ᠭᠠᠯ ᠤᠨᠲᠠᠷᠠᠭᠠᠬᠤ ᠦᠷᠳᠡᠭᠡ ᠶᠢᠨ | ᠲᠦᠷᠦᠯ ᠵᠦᠢᠯ ᠨᠢ ᠹᠧᠩ ᠬᠤᠸᠠᠩ ᠯᠢᠩ ᠪᠠᠷᠠᠭᠤᠨ ᠵᠡᠭᠡᠯᠢ ᠶᠢᠨ ᠶᠤᠸᠠᠢ ᠰᠢᠩ ᠭᠡᠷ ᠤᠨ ᠬᠡᠷᠡᠭᠰᠡᠯ ᠤᠨ | ᠬᠤᠳᠠᠯᠳᠤᠭᠠᠨ ᠤ ᠲᠠᠯᠠᠪᠤᠷ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ | 2000 ᠲᠦᠮᠡᠨ ᠲᠥᠭᠦᠷᠢᠭ ᠲᠤ ᠬᠦᠷᠴᠦ᠂ ᠲᠠᠯᠠᠪᠠᠢ ᠨᠢ ᠪᠠᠷᠤᠭ 1.2 ᠲᠦᠮᠡᠨ ᠲᠡᠭᠰᠢ ᠳᠥᠷᠪᠡᠯᠵᠢᠨ ᠮᠧᠲᠷ᠂ | ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ ᠪᠠᠷᠤᠭ 4993 ᠲᠡᠭᠰᠢ ᠳᠥᠷᠪᠡᠯᠵᠢᠨ ᠮᠧᠲᠷ ᠪᠤᠯᠤᠨ᠎ᠠ᠂ ᠡᠭᠦᠨ ᠳᠤ ᠭᠤᠣᠯ | ᠴᠣᠭᠴᠠ ᠪᠣᠯᠬᠤ ᠬᠤᠸᠠᠷᠠᠨ ᠤ ᠭᠠᠵᠠᠷ ᠳᠡᠭᠡᠷᠡᠬᠢ ᠭᠤᠷᠪᠠᠨ ᠳᠠᠪᠬᠤᠷ ᠤᠨ ᠪᠠᠷᠢᠯᠭ᠎ᠠ ᠶᠢᠨ ᠲᠠᠯᠠᠪᠠᠢ ᠨᠢ ᠪᠠᠷᠤᠭ | 3668 ᠲᠡᠭᠰᠢ ᠳᠥᠷᠪᠡᠯᠵᠢᠨ ᠮᠧᠲᠷ᠂ ᠭᠡᠷ ᠳᠣᠲᠣᠷᠠᠬᠢ ᠪᠣᠯᠪᠠᠰᠤᠷᠠᠯ ᠤᠨ ᠲᠠᠯᠠᠪᠠᠢ ᠶᠢᠨ ᠪᠠᠷᠢᠯᠭ᠎ᠠ ᠶᠢᠨ | ᠲᠠᠯᠠᠪᠠᠢ ᠨᠢ ᠪᠠᠷᠤᠭ 1050 ᠲᠡᠭᠰᠢ ᠳᠥᠷᠪᠡᠯᠵᠢᠨ ᠮᠧᠲᠷ᠂ ᠪᠣᠯᠪᠠᠰᠤᠷᠠᠯ ᠤᠨ ᠰᠤᠪᠤᠷᠭ᠎ᠠ ᠶᠢᠨ ᠪᠠᠷᠢᠯᠭ᠎ᠠ ᠶᠢᠨ | ᠲᠠᠯᠠᠪᠠᠢ ᠨᠢ ᠪᠠᠷᠤᠭ 253 ᠲᠡᠭᠰᠢ ᠳᠥᠷᠪᠡᠯᠵᠢᠨ ᠮᠧᠲᠷ ᠪᠤᠢ᠃ | ᠬᠠᠶᠢᠷᠤᠪ ᠤᠨ ᠲᠤᠬᠤᠢ ᠶᠢᠨ ᠬᠤᠳᠠᠯᠳᠤᠭᠠᠨ ᠤ ᠭᠤᠣᠯ ᠲᠣᠭᠤᠷᠢᠭ ᠤᠨ ᠭᠠᠯ ᠤᠨᠲᠠᠷᠠᠭᠠᠬᠤ ᠥᠷᠲᠡᠭᠡᠨ ᠤ | ᠲᠥᠷᠥᠯ ᠵᠦᠢᠯ ᠨᠢ ᠭᠠᠯ ᠤᠨᠲᠠᠷᠠᠭᠠᠬᠤ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠲᠡᠳᠦᠶ ᠪᠢᠰᠢ᠂ ᠨᠡᠩ ᠴᠤ | ᠨᠢᠭᠡᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠦᠨ᠂ ᠮᠠᠨ ᠤ ᠬᠤᠳᠠ ᠶᠢᠨ ᠬᠤᠳᠠ ᠶᠢᠨ ᠭᠠᠯ | ᠤᠨᠲᠠᠷᠠᠭᠠᠬᠤ ᠦᠷᠳᠡᠭᠡ ᠶᠢᠨ ᠬᠤᠭᠤᠰᠣᠨ ᠢ ᠨᠥᠬᠦᠪᠥᠷᠢᠯᠡᠵᠦ᠂ ᠪᠦᠬᠦ ᠬᠤᠳᠠ ᠶᠢᠨ ᠭᠠᠯ ᠤᠨᠲᠠᠷᠠᠭᠠᠵᠤ ᠠᠪᠤᠷᠠᠨ | ᠲᠤᠰᠠᠯᠠᠬᠤ ᠠᠩᠬᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠭᠤᠣᠯ ᠬᠦᠴᠦᠨ ᠴᠡᠷᠢᠭ ᠪᠣᠯᠤᠨ | ᠤᠯᠤᠰ ᠤᠨ ᠡᠩᠨᠡᠭᠡ ᠶᠢᠨ ᠡᠭᠦᠷᠭᠡ ᠬᠠᠷᠢᠭᠤᠴᠠᠯᠭ᠎ᠠ ᠶᠢ ᠪᠦᠲᠦᠮᠵᠢᠲᠡᠢ ᠭᠦᠢᠴᠡᠳᠬᠡᠬᠦ᠂ ᠬᠦᠨᠳᠦ ᠶᠡᠭᠡ ᠠᠮᠤᠷ | ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠦᠷᠦᠯ ᠤᠨ ᠭᠠᠮᠰᠢᠭ ᠠᠳᠡᠯ ᠢ | ᠠᠷᠭᠠᠴᠠᠭᠠᠨ ᠰᠢᠢᠳᠪᠦᠷᠢᠯᠡᠬᠦ ᠳᠤ ᠪᠠᠲᠤᠯᠠᠭ᠎ᠠ ᠬᠠᠩᠭᠠᠬᠤ ᠪᠣᠯᠤᠨ᠎ᠠ᠃ |