| | | | 8 ᠰᠠᠷ᠎ᠠ ᠶᠢᠨ 14 ᠤ ᠡᠳᠦᠷ᠂ ᠽᠢ ᠴᠧᠨ ᠹᠦ᠋ ᠶᠢᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠶᠢᠨ | ᠲᠤᠬᠠᠢ ᠶᠢᠨ ᠲᠠᠯᠠᠪᠠᠢ ᠳᠤ᠂ ᠰᠤᠪᠤᠷᠭᠠᠨ ᠳᠡᠭᠦᠵᠢᠩ ᠰᠦᠨᠳᠡᠷᠯᠡᠵᠦ᠂ ᠮᠠᠰᠢᠨ ᠮᠧᠬᠠᠨᠢᠭ ᠬᠦᠩᠭᠢᠨᠡᠨ ᠳᠤᠤᠭᠠᠷᠴᠤ᠂ | ᠠᠵᠢᠯᠴᠢᠳ ᠶᠠᠭ ᠪᠠᠷᠢᠯᠭ᠎ᠠ ᠶᠢᠨ ᠠᠵᠢᠯ ᠢᠶᠠᠨ ᠱᠠᠯᠠᠪᠳᠠᠨ ᠬᠢᠵᠦ᠂ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ | ᠠᠮᠵᠢᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢᠶᠠᠷ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ | ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ | ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 13.6 ᠳ᠋ᠦᠩᠰᠢᠭᠤᠷ ᠲᠥᠭᠦᠷᠢᠭ᠂ | ᠪᠥᠲᠥᠭᠡᠨ ᠪᠠᠶᠢᠭᠤᠯᠬᠤ ᠬᠤᠭᠤᠴᠠᠭ᠎ᠠ ᠨᠢ 6 ᠵᠢᠯ᠂ ᠪᠥᠲᠥᠭᠡᠨ ᠪᠠᠶᠢᠭᠤᠯᠬᠤ ᠲᠥᠷᠥᠯ ᠵᠦᠢᠯ ᠤᠨ ᠶᠡᠷᠦᠩᠬᠡᠶ | ᠬᠡᠷᠡᠭᠯᠡᠬᠦ ᠭᠠᠵᠠᠷ ᠤᠨ ᠲᠠᠯᠠᠪᠠᠶ ᠨᠢ 12.6 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠠᠷᠢᠯᠭ᠎ᠠ ᠶᠢᠨ | ᠲᠠᠯᠠᠪᠠᠶ ᠨᠢ 25.3 ᠲᠦᠮᠡᠨ ᠲᠡᠭᠰᠢ ᠳᠥᠷᠪᠡᠯᠵᠢᠨ ᠮᠧᠲᠷ᠂ ᠪᠥᠲᠥᠭᠡᠨ ᠪᠠᠶᠢᠭᠤᠯᠬᠤ ᠠᠭᠤᠯᠭ᠎ᠠ ᠨᠢ 32 ᠰᠠᠭᠤᠷᠢ | ᠣᠷᠣᠨ ᠰᠠᠭᠤᠴᠠ ᠶᠢᠨ ᠠᠰᠠᠷ᠂ 6 ᠰᠠᠭᠤᠷᠢ ᠬᠤᠳᠠᠯᠳᠤᠭᠠᠨ ᠤ ᠠᠰᠠᠷ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ | ᠪᠣᠯᠤᠨ᠎ᠠ᠃ ᠲᠥᠷᠥᠯ ᠵᠦᠢᠯ ᠢ 2021 ᠣᠨ ᠤ 7 ᠰᠠᠷ᠎ᠠ ᠳᠤ ᠨᠢᠭᠡᠨᠲᠡ ᠡᠬᠢᠯᠡᠭᠦᠯᠵᠦ᠂ ᠣᠳᠣᠬᠠᠨ ᠳᠤ 22᠂ | 23 ᠠᠰᠠᠷ ᠤᠨ ᠣᠷᠣᠶ ᠶᠢ ᠨᠢᠭᠡᠨᠲᠡ ᠪᠢᠲᠡᠭᠦᠮᠵᠢᠯᠡᠪᠡ︔ 5᠂ 7᠂ 8᠂ 19᠂ 20᠂ 21 ᠠᠰᠠᠷ ᠲᠤ ᠶᠠᠭ | ᠰᠠᠶᠢᠬᠠᠨ ᠣᠷᠣᠶ ᠶᠢᠨ ᠬᠠᠪᠲᠠᠰᠤᠨ ᠤ ᠪᠣᠯᠣᠳ ᠰᠢᠷᠪᠥᠰᠥ ᠶᠢ ᠤᠶᠠᠵᠤ ᠪᠣᠶ︔ 5᠂ 14᠂ 15᠂ 16᠂ 26᠂ | 27᠂ 28᠂ 29᠂ 30 ᠠᠰᠠᠷ ᠲᠤ ᠬᠡᠷᠡᠮ ᠤᠨ ᠪᠠᠭᠠᠨ᠎ᠠ ᠶᠢᠨ ᠪᠣᠯᠣᠳ ᠰᠢᠷᠪᠥᠰᠥ ᠶᠢ ᠤᠶᠠᠵᠤ ᠪᠣᠶ᠃ ᠲᠥᠷᠥᠯ | ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠦᠢᠯᠡᠳᠬᠦᠨ ᠤ ᠥᠷᠲᠡᠭ ᠨᠢ 14.28 ᠳ᠋ᠦᠩᠰᠢᠭᠤᠷ | ᠲᠥᠭᠦᠷᠢᠭ ᠲᠤ ᠬᠦᠷᠴᠦ᠂ ᠠᠰᠢᠭ ᠬᠤᠨᠵᠢᠪᠣᠷᠢ ᠨᠢ 6800 ᠲᠦᠮᠡᠨ ᠲᠥᠭᠦᠷᠢᠭ᠂ 300 ᠭᠠᠷᠤᠶ ᠬᠥᠮᠦᠨ ᠤ | ᠠᠵᠢᠯ ᠣᠯᠭᠤᠯᠲᠠ ᠶᠢ ᠰᠢᠢᠳᠪᠦᠷᠢᠯᠡᠬᠦ ᠪᠣᠯᠤᠨ᠎ᠠ᠃ | |