7 ᠰᠠᠷ᠎ᠠ ᠶᠢᠨ 30 ᠤ ᠡᠳᠦᠷ᠂ ︽ᠦᠬᠠᠢ ᠳᠤ ︿ᠲᠤᠰᠢᠶᠠᠯ ᠳᠤ ᠭᠠᠷᠬᠤ﹀᠂ ᠢᠷᠡᠭᠡᠳᠦᠢ ᠪᠠᠨ ᠤᠭᠲᠤᠶ᠎ᠠ︾ | ᠭᠡᠬᠦ ᠭᠤᠣᠯ ᠰᠡᠳᠦᠪ ᠲᠠᠢ ᠬᠠᠶᠢᠷᠤᠪ ᠤᠨ ᠲᠣᠬᠤᠢ ᠲᠣᠭᠤᠷᠢᠭ ᠤᠨ 2022 ᠣᠨ ᠤ ᠠᠩᠬᠠᠳᠠᠭᠴᠢ ᠰᠦᠯᠵᠢᠶᠡᠨ | ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠥᠨᠳᠥᠷᠯᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠬᠠᠶᠢᠷᠤᠪ ᠤᠨ ᠲᠣᠬᠤᠢ | ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ | ᠭᠤᠣᠯᠯᠠᠨ ᠡᠷᠭᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠠᠴᠠ ᠳᠠᠭᠠᠭᠠᠨ ᠡᠷᠭᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠬᠠᠶᠢᠷᠤᠪ ᠤᠨ ᠲᠣᠬᠤᠢ ᠲᠣᠭᠤᠷᠢᠭ ᠤᠨ ᠡᠪᠯᠡᠯ ᠤᠨ ᠬᠤᠷᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ | ᠵᠡᠮᠳᠡᠭᠴᠦᠳ ᠤᠨ ᠬᠤᠯᠪᠤᠭ᠎ᠠ ᠬᠠᠮᠵᠢᠯᠴᠠᠨ ᠡᠷᠬᠢᠯᠡᠪᠡ᠃ ᠬᠠᠶᠢᠷᠤᠪ ᠤᠨ ᠲᠣᠬᠤᠢ ᠲᠣᠭᠤᠷᠢᠭ ᠤᠨ 60 ᠭᠠᠷᠤᠢ | ᠠᠵᠤ ᠠᠬᠤᠶᠢᠯᠠᠯ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ ᠣᠷᠣᠯᠴᠠᠵᠤ᠂ ᠨᠢᠭᠡᠳᠦᠭᠡᠷ ᠹᠷᠣᠨᠲ ᠤᠨ | ᠠᠵᠢᠯᠯᠠᠭᠴᠢ᠂ ᠮᠡᠷᠭᠡᠵᠢᠯ ᠤᠨ ᠢᠨᠵᠧᠨᠧᠷᠢᠩ ᠤᠨ ᠠᠵᠢᠯᠲᠠᠨ᠂ ᠠᠵᠢᠯᠲᠠᠨ ᠤ ᠶᠠᠪᠤᠳᠠᠯ ᠤᠨ ᠲᠤᠰᠬᠠᠢ ᠲᠤᠰᠢᠶᠠᠯᠲᠠᠨ᠂ | ᠪᠣᠷᠤᠯᠠᠭᠤᠯᠭ᠎ᠠ ᠶᠢᠨ ᠬᠥᠲᠥᠴᠢ᠂ ᠪᠣᠯᠪᠠᠰᠤᠷᠠᠭᠤᠯᠤᠯ ᠤᠨ ᠪᠠᠭᠰᠢ᠂ ᠲᠦᠷᠭᠡᠨ ᠬᠦᠷᠭᠡᠭᠴᠢ᠂ ᠠᠳᠠᠯ ᠠᠬᠤᠢ ᠶᠢᠨ | ᠠᠵᠢᠯᠲᠠᠨ᠂ ᠵᠣᠴᠢᠳ ᠤᠨ ᠪᠠᠭᠤᠳᠠᠯ ᠤᠨ ᠦᠢᠯᠡᠴᠢᠯᠡᠭᠴᠢ᠂ ᠣᠶᠣᠳᠠᠯ ᠤᠨ ᠠᠵᠢᠯᠴᠢᠨ ᠵᠡᠷᠭᠡ ᠠᠵᠢᠯ ᠤᠨ | ᠪᠠᠶᠢᠷᠢ ᠶᠢᠨ ᠲᠥᠷᠥᠯ ᠵᠦᠢᠯ ᠢ 100 ᠭᠠᠷᠤᠢ ᠬᠠᠩᠭᠠᠵᠤ᠂ ᠪᠠᠷᠤᠭ 7000 ᠠᠵᠢᠯ ᠤᠨ ᠪᠠᠶᠢᠷᠢ ᠠᠵᠢᠯᠲᠠᠨ | ᠡᠯᠰᠡᠬᠦ ᠪᠠᠷ ᠪᠣᠶ᠃ ᠲᠣᠰ ᠤᠳᠠᠭ᠎ᠠ 1300 ᠭᠠᠷᠤᠢ ᠬᠥᠮᠥᠨ ᠲᠠᠯᠠᠪᠠᠶ ᠳᠤ ᠣᠷᠣᠵᠤ᠂ 800 ᠭᠠᠷᠤᠢ | ᠬᠥᠮᠥᠨ ᠠᠴᠠ ᠠᠰᠠᠭᠤᠨ ᠯᠠᠪᠯᠠᠵᠤ᠂ ᠲᠤᠬᠠᠢ ᠶᠢᠨ ᠲᠠᠯᠠᠪᠤᠷ ᠲᠤ ᠠᠵᠢᠯ ᠣᠯᠬᠤ ᠰᠠᠨᠠᠮᠵᠢ ᠲᠠᠢ ᠪᠣᠯᠤᠭᠰᠠᠨ ᠨᠢ | 200 ᠭᠠᠷᠤᠢ ᠬᠥᠮᠥᠨ ᠪᠠᠶᠢᠨ᠎ᠠ᠃ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠴᠠᠭ ᠲᠤᠬᠠᠢ | ᠳᠤᠨᠢ ᠲᠢᠺᠡ ᠲᠣᠺ ᠢᠶᠠᠷ ᠰᠢᠭᠤᠳ ᠨᠡᠪᠲᠡᠷᠡᠭᠦᠯᠵᠦ᠂ ᠬᠤᠶᠠᠷ ᠴᠠᠭ ᠦᠷᠭᠦᠯᠵᠢᠯᠡᠭᠰᠡᠨ ᠰᠦᠯᠵᠢᠶᠡᠨ ᠤ ᠰᠢᠭᠤᠳ | ᠨᠡᠪᠲᠡᠷᠡᠭᠦᠯᠭᠡ ᠪᠠᠷ ︽ᠠᠵᠢᠯᠲᠠᠨ ᠡᠯᠰᠡᠬᠦ︾ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠬᠦᠷᠴᠦ | ᠳᠡᠶᠢᠯᠬᠦ ᠦᠭᠡᠢ ᠠᠵᠢᠯ ᠡᠷᠢᠭᠰᠡᠳ ᠲᠤ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ᠳᠤ ᠣᠷᠤᠯᠴᠠᠬᠤ ᠳᠤ | ᠲᠥᠬᠦᠮ ᠦᠵᠡᠭᠦᠯᠪᠡ᠃ | ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠶᠢᠨ ᠲᠣᠭᠤᠷᠢᠭ ᠤᠨ ︽ᠵᠠᠭᠤᠨ ᠡᠳᠦᠷ ᠲᠤ | ᠮᠢᠩᠭᠠᠨ ᠲᠦᠮᠡᠨ ᠬᠥᠮᠥᠨ ᠤᠷᠢᠵᠤ ᠬᠡᠷᠡᠭᠯᠡᠬᠦ ᠲᠤᠰᠬᠠᠢ ᠠᠵᠢᠯᠯᠠᠭ᠎ᠠ︾ ᠶᠢᠨ ᠥᠷᠨᠢᠯᠲᠡ ᠶᠢ ᠦᠷᠭᠦᠯᠵᠢᠯᠡᠨ | ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠭᠤᠣᠯᠳᠠᠯᠭ᠎ᠠ ᠲᠠᠢ ᠬᠦᠮᠦᠰ ᠤᠨ ᠠᠵᠤ ᠠᠬᠤᠶᠢᠯᠠᠯ ᠲᠠᠢ | ᠨᠡᠪᠲᠡᠷᠡᠯᠴᠡᠬᠦ ᠬᠥᠭᠦᠷᠭᠡ ᠪᠠᠶᠢᠭᠤᠯᠵᠤ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠠᠷᠭ᠎ᠠ ᠵᠠᠮ ᠢ | ᠲᠠᠰᠤᠷᠠᠯᠳᠡ ᠦᠭᠡᠢ ᠥᠷᠭᠡᠳᠬᠡᠵᠦ᠂ ᠠᠵᠤ ᠠᠬᠤᠶᠢᠯᠠᠯ ᠤᠨ ᠡᠷᠳᠡᠮᠲᠡᠨ ᠴᠢᠳᠠᠪᠤᠷᠢᠲᠠᠨ ᠢ ᠡᠯᠰᠡᠵᠦ ᠠᠪᠬᠤ ᠳᠤ | ᠬᠦᠴᠦᠨ ᠨᠡᠮᠡᠷᠢᠯᠡᠨ᠎ᠡ᠃ |