ᠲᠦᠷᠦ ᠶᠢᠨ ᠪᠣᠳᠣᠯᠭ᠎ᠠ Q&A | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠤᠯᠪᠣᠭᠳᠠᠯ ᠪᠦᠬᠦᠢ ᠠᠵᠢᠯ ᠢ ᠰᠤᠳᠤᠯᠵᠠᠢ | ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 8 ᠳ᠋ᠤᠭᠠᠷ ᠰᠠᠷ᠎ᠠ ᠶᠢᠨ 26 ᠤ ᠡᠳᠦᠷ ᠤᠨ | ᠦᠳᠡ ᠶᠢᠨ ᠬᠤᠶᠢᠨ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ | ᠵᠤᠷᠰᠢᠯᠲᠤ ᠬᠤᠷᠠᠯ ᠬᠢᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠲᠤᠬᠠᠢ ᠪᠠᠶᠢᠳᠠᠯ ᠢ | ᠲᠠᠨᠢᠯᠴᠠᠭᠤᠯᠪᠠ᠃ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ | ᠴᠢᠩᠭᠠᠷᠠᠭᠤᠯᠬᠤ ᠲᠠᠯ᠎ᠠ ᠪᠠᠷ ᠪᠣᠳᠠᠲᠠᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠬᠤ ᠪᠣᠶ︖ ᠬᠠᠮᠲᠤ ᠪᠠᠷ | ᠠᠩᠬᠠᠷᠤᠶ᠎ᠠ︕ | | | Q1 | Q᠄ ᠣᠶᠢᠷ᠎ᠠ ᠶᠢᠨ ᠬᠤᠭᠤᠴᠠᠭᠠᠨ ᠳᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ | ᠲᠡᠳᠬᠦᠬᠦ ᠡᠷᠴᠢᠮ ᠢ ᠴᠢᠩᠭᠠᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | A᠄ ᠨᠢᠭᠡ ᠳᠤ᠂ ᠡᠯ᠎ᠡ ᠭᠠᠵᠠᠷ ᠤᠨ ᠬᠢᠨ ᠢ ᠵᠢᠯᠤᠭᠤᠳᠴᠤ ᠪᠠᠶᠢᠭᠠᠳ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ ᠵᠡᠷᠭᠡ ᠬᠦᠴᠢᠷᠳᠡᠯᠲᠡᠢ ᠣᠯᠠᠨ ᠲᠦᠮᠡᠨ ᠳᠤ | ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠨ᠎ᠠ᠃ | ᠬᠤᠶᠠᠷ ᠲᠤ᠂ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠡᠷᠴᠢᠮ ᠢ | ᠴᠢᠩᠭᠠᠷᠠᠭᠤᠯᠵᠤ᠂ ᠡᠯ᠎ᠡ ᠭᠠᠵᠠᠷ ᠢ ᠵᠢᠭᠠᠨ ᠵᠢᠯᠤᠭᠤᠳᠴᠤ ᠪᠠᠶᠢᠭᠠᠳ ᠨᠥᠬᠦᠴᠡᠯ ᠳᠤ ᠨᠡᠶᠢᠴᠡᠬᠦ ᠳᠠᠭᠠᠳᠬᠠᠯ ᠳᠤ | ᠣᠷᠣᠯᠴᠠᠭᠠᠳᠤᠢ ᠠᠵᠢᠯ ᠠᠯᠳᠠᠭᠰᠠᠳ ᠵᠡᠷᠭᠡ ᠬᠦᠴᠢᠷᠳᠡᠯ ᠲᠠᠢ ᠣᠯᠠᠨ ᠲᠦᠮᠡᠨ ᠳᠤ ᠬᠦᠴᠦ ᠶᠠᠪᠤᠵᠤ ᠪᠠᠶᠢᠭ᠎ᠠ ᠭᠠᠵᠠᠷ ᠪᠤᠶᠤ | ᠪᠠᠶᠢᠩᠭᠤ ᠰᠠᠭᠤᠭ᠎ᠠ ᠭᠠᠵᠠᠷ ᠠᠴᠠ ᠨᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠢ | ᠣᠯᠭᠤᠨ᠎ᠠ᠃ | ᠭᠤᠷᠪᠠ ᠳᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ | ᠲᠡᠵᠢᠭᠡᠬᠦ ᠵᠡᠷᠭᠡ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ | ᠲᠣᠭᠲᠠᠭᠤᠨ ᠪᠤᠰᠤ ᠠᠩᠭᠢᠵᠢᠷᠠᠭᠰᠠᠨ ᠨᠥᠬᠦᠴᠡᠯ ᠳᠤ ᠨᠡᠶᠢᠴᠡᠬᠦ ᠬᠥᠮᠥᠨ ᠠᠮᠠ᠂ ᠬᠢᠯᠢ ᠬᠢᠵᠠᠭᠠᠷ ᠤᠨ ᠠᠮᠠᠷᠬᠠᠨ ᠶᠠᠳᠠᠭᠤᠷᠠᠬᠤ | ᠬᠥᠮᠥᠨ ᠠᠮᠠ ᠪᠠ ᠭᠡᠨᠡᠳᠲᠡ ᠶᠢᠨ ᠬᠦᠨᠳᠦ ᠨᠣᠴᠢᠲᠠᠢ ᠬᠦᠴᠢᠷᠳᠡᠯ ᠳᠤ ᠲᠤᠯᠭᠠᠷᠠᠭᠰᠠᠨ ᠡᠷᠦᠬᠡ ᠶᠢ ᠴᠠᠭ ᠲᠤᠬᠠᠢ ᠳᠤ ᠨᠢ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ | ᠬᠡᠪᠴᠢᠶᠡᠨ ᠳᠤ ᠣᠷᠣᠭᠤᠯᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠬᠤ ᠶᠣᠰᠣᠲᠠᠢ ᠶᠢ ᠨᠢ | ᠪᠦᠬᠦᠨ ᠢ ᠠᠪᠤᠷᠠᠬᠤ ᠶᠢ ᠪᠠᠲᠤᠯᠠᠨ᠎ᠠ᠃ | ᠳᠥᠷᠪᠡ ᠳᠤ᠂ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢᠨ | ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ ᠭᠠᠵᠠᠷ ᠤᠨ ᠬᠢᠨ ᠢ | ᠵᠢᠯᠣᠭᠤᠳᠤᠨ ᠠᠪᠤᠷᠠᠨ ᠲᠤᠰᠠᠯᠠᠬᠤ ᠴᠤᠪᠤᠷᠠᠯ ᠢ ᠳᠥᠭᠦᠮᠴᠢᠯᠡᠨ ᠰᠢᠯᠢᠳᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠶᠢ | ᠬᠦᠴᠢᠷᠳᠡᠯᠲᠡᠢ ᠣᠯᠠᠨ ᠲᠦᠮᠡᠨ ᠳᠤ ᠲᠦᠷᠭᠡᠬᠡᠨ ᠣᠯᠭᠤᠵᠤ᠂ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠢ ᠠᠪᠤᠷᠠᠨ | ᠲᠤᠰᠠᠯᠠᠬᠤ ᠡᠷᠴᠢᠮ ᠢ ᠴᠢᠩᠭᠠᠷᠠᠭᠤᠯᠵᠤ᠂ ᠨᠢᠭᠡ ᠤᠳᠠᠭ᠎ᠠ ᠶᠢᠨ ᠴᠢᠨᠠᠷᠲᠠᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ | ᠣᠯᠭᠤᠬᠤ ᠲᠦᠷᠦ ᠶᠢᠨ ᠪᠣᠳᠣᠯᠭ᠎ᠠ ᠶᠢ ᠱᠠᠯᠠᠪᠬᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠱᠠᠭᠠᠷᠳᠠᠭᠰᠠᠨ ᠤ ᠬᠠᠮᠲᠤ᠂ ᠡᠨᠡ | ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠦᠨ᠎ᠡ ᠬᠠᠩᠰᠢ ᠶᠢᠨ ᠨᠥᠬᠦᠪᠦᠷᠢ ᠶᠢᠨ | ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠱᠠᠲᠤᠴᠢ ᠴᠢᠨᠠᠷᠲᠠᠢ ᠪᠠᠷ ᠲᠣᠬᠢᠷᠠᠭᠤᠯᠵᠤ᠂ ︽ᠪᠠᠲᠤᠯᠠᠭ᠎ᠠ ᠶᠢᠨ ᠬᠡᠪᠴᠢᠶ᠎ᠡ ᠶᠢ | ᠥᠷᠭᠡᠳᠬᠡᠵᠦ᠂ ᠡᠬᠢᠯᠡᠭᠦᠯᠬᠦ ᠨᠥᠬᠦᠴᠡᠯ ᠢ ᠪᠠᠭᠤᠷᠠᠭᠤᠯᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠦᠴᠢᠷᠳᠡᠯ ᠲᠠᠢ | ᠤᠯᠠᠨ ᠲᠦᠮᠡᠨ ᠳᠤ ᠪᠠᠷᠠᠭᠠᠨ ᠤ ᠦᠨ᠎ᠡ ᠶᠢᠨ ᠨᠥᠬᠦᠪᠦᠷᠢ ᠥᠭᠬᠦ ᠡᠷᠴᠢᠮ ᠢ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠪᠠᠷ ᠲᠣᠭᠲᠠᠭᠠᠪᠠ᠃ | | | Q2 | Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ ᠴᠢᠨᠠᠷᠲᠠᠢ | ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢᠨ ᠠᠭᠤᠯᠭ᠎ᠠ ᠨᠢ ᠶᠠᠭᠤ ᠶᠠᠭᠤ ᠪᠠᠶᠢᠳᠠᠭ ᠪᠣᠶ︖ | A᠄ ᠨᠢᠭᠡ ᠳᠤ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠱᠠᠲᠤᠴᠢ ᠴᠢᠨᠠᠷᠲᠠᠢ ᠪᠠᠷ ᠥᠷᠭᠡᠳᠬᠡᠨ᠎ᠡ᠃ ᠣᠲᠣ ᠶᠢᠨ | ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ 2021 | ᠣᠨ ᠳᠤ ᠵᠠᠰᠠᠪᠤᠷᠢ ᠣᠷᠣᠭᠤᠯᠤᠨ ᠪᠦᠷᠢᠨᠰᠢᠭᠦᠯᠵᠦ᠂ 7 ᠲᠥᠷᠥᠯ ᠤᠨ ᠬᠦᠮᠦᠰ ᠢ ᠬᠠᠮᠤᠷᠪᠠ᠃ ᠡᠨᠡ 7 ᠲᠥᠷᠥᠯ ᠤᠨ | ᠬᠦᠮᠦᠰ ᠪᠣᠯ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ | ᠣᠨᠴᠠ ᠬᠦᠴᠢᠷᠳᠡᠯᠲᠡᠢ ᠬᠥᠮᠥᠰ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ᠂ | ᠤᠯᠤᠰ ᠤᠨ ᠲᠣᠭᠲᠠᠮᠠᠯ ᠬᠤᠭᠤᠴᠠᠭᠠᠲᠤ ᠠᠰᠠᠷᠠᠮᠵᠢ ᠶᠢᠨ ᠨᠥᠬᠦᠪᠦᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠯ ᠬᠦᠷᠲᠡᠵᠦ | ᠪᠠᠶᠢᠭ᠎ᠠ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠠᠶᠢᠽ ᠡᠪᠡᠳᠴᠢᠨ ᠤ | ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠵᠡᠷᠭᠡ ᠨᠡᠶᠢᠲᠡ ᠪᠠᠷᠤᠭ 5800 ᠲᠦᠮᠡᠨ ᠬᠥᠮᠥᠨ ᠪᠠᠶᠢᠨ᠎ᠠ᠃ ᠣᠶᠢᠷ᠎ᠠ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ | ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠳᠡᠭᠡᠷ᠎ᠡ ᠳᠤᠷᠠᠳᠤᠭᠰᠠᠨ 7 ᠲᠥᠷᠥᠯ ᠤᠨ ᠬᠦᠮᠦᠰ ᠤᠨ ᠰᠠᠭᠤᠷᠢᠨ ᠳᠡᠭᠡᠷ᠎ᠡ᠂ ᠠᠵᠢᠯ | ᠠᠯᠳᠠᠭᠰᠠᠳ ᠤᠨ ᠨᠥᠬᠦᠪᠦᠷᠢ ᠮᠥᠩᠭᠦ ᠠᠪᠴᠤ ᠪᠠᠶᠢᠭ᠎ᠠ ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ | ᠬᠠᠪᠢᠳᠠᠭᠰᠠᠨ ᠬᠥᠮᠥᠨ ᠠᠮᠠ ᠵᠡᠷᠭᠡ 2 ᠲᠥᠷᠥᠯ ᠤᠨ ᠬᠦᠮᠦᠰ ᠢ ᠱᠠᠲᠤᠴᠢ ᠴᠢᠨᠠᠷᠲᠠᠢ ᠪᠠᠷ ᠰᠢᠨ᠎ᠡ ᠪᠠᠷ ᠨᠡᠮᠡᠭᠳᠡᠬᠦ ᠦᠨ᠎ᠡ | ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ | ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠵᠢᠱᠢᠯᠲᠡ ᠪᠠᠷ 900 ᠲᠦᠮᠡ ᠰᠢᠬᠠᠮ ᠬᠥᠮᠥᠨ ᠳᠤ ᠠᠰᠢᠭ | ᠬᠦᠷᠲᠡᠭᠡᠵᠦ᠂ ᠨᠡᠶᠢᠲᠡ 6700 ᠲᠦᠮᠡᠨ ᠬᠦᠴᠢᠷᠳᠡᠯᠲᠡᠢ ᠣᠯᠠᠨ ᠲᠦᠮᠡᠨ ᠢ ᠬᠠᠮᠤᠷᠬᠤ ᠪᠣᠯᠣᠨ᠎ᠠ᠃ | ᠬᠤᠶᠠᠷ ᠲᠤ᠂ ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠪᠠᠭᠤᠷᠠᠭᠤᠯᠤᠨ᠎ᠠ᠃ ᠣᠲᠣ ᠶᠢᠨ ᠬᠡᠷᠡᠭᠵᠢᠭᠦᠯᠵᠦ | ᠪᠠᠶᠢᠭ᠎ᠠ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠨᠥᠬᠦᠴᠡᠯ ᠤᠨ | ᠳᠣᠲᠣᠷᠠᠬᠢ CPI ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ ᠶᠢ 3.5% | ᠪᠠᠶᠢᠭᠰᠠᠨ ᠠᠴᠠ ᠨᠢ 3.0% ᠪᠣᠯᠭᠠᠨ ᠱᠠᠲᠤᠴᠢ ᠴᠢᠨᠠᠷᠲᠠᠢ ᠪᠠᠭᠤᠷᠠᠭᠤᠯᠬᠤ ᠶᠢᠨ ᠬᠠᠮᠲᠤ CPI ᠶᠢᠨ ᠳᠣᠲᠣᠷᠠᠬᠢ | ᠢᠳᠡᠭᠡᠨ ᠤ ᠵᠦᠢᠯ ᠤᠨ ᠦᠨ᠎ᠡ ᠬᠠᠩᠰᠢ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ 6% ᠬᠦᠷᠬᠦ ᠦᠶ᠎ᠡ ᠳᠤ | ᠦᠨ᠎ᠡ ᠬᠠᠩᠰᠢ ᠶᠢᠨ ᠨᠥᠬᠦᠪᠦᠷᠢ ᠣᠯᠭᠤᠬᠤ ᠵᠡᠷᠭᠡ ᠪᠤᠰᠤᠳ ᠡᠬᠢᠯᠡᠭᠦᠯᠬᠦ ᠨᠥᠬᠦᠴᠡᠯ ᠢ ᠬᠤᠪᠢᠷᠠᠭᠤᠯᠬᠤ ᠦᠭᠡᠢ ᠪᠠᠶᠢᠬᠤ ᠶᠢ | ᠪᠠᠲᠤᠯᠠᠵᠤ᠂ ᠶᠠᠮᠠᠷᠪᠠ ᠨᠢᠭᠡ ᠨᠥᠬᠦᠴᠡᠯ ᠢ ᠬᠠᠩᠭᠠᠪᠠᠯ ᠳᠠᠷᠤᠢ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠃ ᠡᠬᠢᠯᠡᠭᠦᠯᠬᠦ ᠨᠥᠬᠦᠴᠡᠯ ᠢ ᠨᠢᠭᠡᠨᠲᠡ ᠵᠣᠬᠢᠰᠲᠠᠢ ᠪᠠᠭᠤᠷᠠᠭᠤᠯᠤᠭᠰᠠᠨ ᠭᠠᠵᠠᠷ | ᠣᠷᠣᠨ ᠨᠢ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠬᠢᠯᠡᠭᠦᠯᠬᠦ ᠨᠥᠬᠦᠴᠡᠯ ᠢ ᠱᠠᠲᠤᠴᠢ | ᠴᠢᠨᠠᠷᠲᠠᠢ ᠪᠠᠷ ᠤᠯᠠᠮ ᠨᠢᠭᠡ ᠠᠯᠬᠤᠮ ᠪᠠᠭᠤᠷᠠᠭᠤᠯᠵᠤ ᠪᠣᠯᠣᠨ᠎ᠠ᠃ | | | Q3 | Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ ᠴᠢᠨᠠᠷᠲᠠᠢ | ᠲᠣᠬᠢᠷᠠᠭᠤᠯᠤᠯᠲᠠ ᠬᠢᠵᠦ᠂ ᠬᠦᠴᠢᠷᠳᠡᠯᠲᠡᠢ ᠣᠯᠠᠨ ᠲᠦᠮᠡᠨ ᠳᠤ ᠥᠭᠬᠦ ᠪᠠᠷᠠᠭᠠᠨ ᠤ ᠦᠨ᠎ᠡ ᠶᠢᠨ ᠨᠥᠬᠦᠪᠦᠷᠢ ᠶᠢᠨ ᠡᠷᠴᠢᠮ ᠢ | ᠴᠢᠩᠭᠠᠷᠠᠭᠤᠯᠬᠤ ᠳᠤ ᠬᠡᠳᠦᠢ ᠨᠥᠬᠦᠪᠦᠷᠢ ᠮᠥᠩᠭᠦ ᠨᠡᠮᠡᠬᠦ ᠴᠢᠬᠤᠯᠠᠲᠠᠢ ᠪᠣᠶ︖ ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ | ᠬᠡᠷᠬᠢᠨ ᠪᠠᠲᠤᠯᠠᠬᠤ ᠪᠤᠢ︖ | A᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠯ᠎ᠡ ᠭᠠᠵᠠᠷ ᠤᠨ | ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ ᠦᠨᠳᠦᠰᠦᠯᠡᠨ ᠡᠬᠢᠯᠡᠭᠦᠯᠦᠭᠰᠡᠨ ᠶᠤᠮ᠂ ᠨᠥᠬᠦᠪᠦᠷᠢ ᠶᠢᠨ | ᠪᠠᠷᠢᠮᠵᠢᠶ᠎ᠠ ᠶᠢ ᠴᠤ ᠲᠤᠬᠠᠢ ᠶᠢᠨ ᠭᠠᠵᠠᠷ ᠤᠨ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠲᠠᠢ | ᠬᠤᠯᠪᠣᠭᠳᠠᠭᠤᠯᠤᠭᠰᠠᠨ ᠶᠤᠮ᠃ ᠨᠥᠬᠦᠪᠦᠷᠢ ᠶᠢᠨ ᠪᠡᠯᠡ ᠮᠥᠩᠭᠦ ᠶᠢᠨ ᠵᠣᠭᠤᠰ ᠤᠨ ᠲᠤᠭ᠎ᠠ ᠶᠢ ᠡᠯ᠎ᠡ ᠭᠠᠵᠠᠷ ᠤᠨ | ᠪᠠᠷᠠᠭᠠᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠲᠠᠢ ᠬᠤᠯᠪᠣᠭᠳᠠᠭᠤᠯᠵᠤ ᠪᠣᠳᠣᠬᠤ ᠴᠢᠬᠤᠯᠠ ᠲᠠᠢ᠃ | ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠪᠠᠷᠠᠭᠠᠨ ᠤ ᠦᠨ᠎ᠡ ᠶᠢᠨ ᠥᠰᠥᠯᠲᠡ ᠶᠢ | ᠦᠨᠳᠦᠰᠦᠯᠡᠵᠦ᠂ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤ ᠦᠶ᠎ᠡ ᠶᠢᠨ | ᠴᠢᠨᠠᠷᠲᠠᠢ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠣᠯᠭᠤᠬᠤ ᠴᠢᠬᠤᠯᠠᠲᠠᠢ ᠨᠥᠬᠦᠪᠦᠷᠢ ᠶᠢᠨ ᠪᠡᠯᠡ ᠮᠥᠩᠭᠦ ᠵᠢᠴᠢ | ᠨᠡᠮᠡᠭᠳᠡᠭᠰᠡᠨ ᠵᠠᠷᠤᠯᠭ᠎ᠠ ᠶᠢᠨ ᠵᠣᠭᠤᠰ ᠤᠨ ᠲᠤᠭ᠎ᠠ ᠶᠢ ᠠᠩᠬ᠎ᠠ ᠠᠯᠬᠤᠮ ᠵᠢᠱᠢᠨ ᠪᠣᠳᠣᠪᠠ᠃ ᠵᠢᠱᠢᠯᠲᠡ ᠪᠠᠷ ᠡᠨᠡ ᠵᠢᠯ ᠤᠨ | 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠡᠯ᠎ᠡ ᠭᠠᠵᠠᠷ ᠤᠨ ᠬᠢᠨ ᠬᠦᠴᠢᠷᠳᠡᠯᠲᠡᠢ ᠣᠯᠠᠨ | ᠲᠦᠮᠡᠨ ᠳᠤ ᠪᠠᠷᠤᠭ 200 ᠳ᠋ᠦᠩᠰᠢᠭᠤᠷ ᠲᠥᠭᠦᠷᠢᠭ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠥᠭᠬᠦ | ᠪᠣᠯᠣᠨ᠎ᠠ᠂ ᠡᠭᠦᠨ ᠳᠤ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠭᠰᠡᠨ᠂ ᠡᠬᠢᠯᠡᠭᠦᠯᠬᠦ ᠨᠥᠬᠦᠴᠡᠯ ᠢ | ᠪᠠᠭᠤᠷᠠᠭᠤᠯᠤᠭᠰᠠᠨ ᠠᠴᠠ ᠪᠣᠯᠵᠤ ᠣᠯᠭᠤᠬᠤ ᠨᠥᠬᠦᠪᠦᠷᠢ ᠶᠢ ᠪᠠᠷᠤᠭ 70 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ | ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠪᠠᠲᠤᠯᠠᠬᠤ ᠠᠷᠭ᠎ᠠ ᠵᠠᠮ ᠤᠨ ᠲᠠᠯ᠎ᠠ ᠪᠠᠷ᠂ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ ᠪᠠ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠠᠪᠴᠤ ᠪᠠᠶᠢᠭ᠎ᠠ | ᠬᠥᠮᠥᠰ ᠤᠨ ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠳᠣᠲᠣᠷ᠎ᠠ ᠠᠴᠠ ᠭᠠᠷᠭᠠᠬᠤ ᠶᠢ ᠭᠠᠷᠭᠠᠪᠠᠯ᠂ ᠪᠤᠰᠤᠳ ᠬᠦᠴᠢᠷᠳᠡᠯᠲᠡᠢ ᠤᠯᠠᠨ ᠲᠦᠮᠡᠨ ᠳᠤ ᠨᠡᠮᠡᠵᠦ ᠥᠭᠬᠦ ᠨᠥᠬᠦᠪᠦᠷᠢ ᠶᠢᠨ | ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠭᠠᠵᠠᠷ ᠣᠷᠣᠨ ᠬᠤᠪᠢᠶᠠᠨ ᠨᠥᠬᠦᠪᠦᠷᠢᠯᠡᠨ᠎ᠡ᠂ ᠡᠭᠦᠨ ᠳᠤ ᠵᠡᠭᠦᠨ | ᠪᠡᠶ᠎ᠡ ᠶᠢᠨ ᠭᠠᠵᠠᠷ ᠣᠷᠣᠨ ᠳᠤ 30% ᠶᠢᠨ ᠨᠥᠬᠦᠪᠦᠷᠢ ᠥᠭᠴᠦ᠂ ᠳᠤᠮᠳᠠ ᠪᠡᠶ᠎ᠡ ᠶᠢᠨ ᠭᠠᠵᠠᠷ ᠣᠷᠣᠨ ᠳᠤ 60% ᠶᠢᠨ | ᠨᠥᠬᠦᠪᠦᠷᠢ ᠥᠭᠴᠦ᠂ ᠪᠠᠷᠠᠭᠤᠨ ᠪᠡᠶ᠎ᠡ ᠶᠢᠨ ᠭᠠᠵᠠᠷ ᠣᠷᠣᠨ ᠳᠤ 80% ᠶᠢᠨ ᠨᠥᠬᠦᠪᠦᠷᠢ ᠥᠭᠭᠦᠨ᠎ᠡ᠃ ᠦᠨ᠎ᠡ | ᠬᠠᠩᠰᠢ ᠶᠢᠨ ᠲᠦᠷ ᠴᠠᠭ ᠤᠨ ᠨᠥᠬᠦᠪᠦᠷᠢ ᠶᠢ ᠣᠷᠣᠨ ᠨᠤᠲᠤᠭ ᠤᠷᠢᠳ ᠢᠶᠠᠷ ᠣᠯᠭᠤᠵᠤ᠂ ᠲᠥᠪ ᠤᠨ ᠡᠳ᠋ ᠤᠨ | ᠵᠠᠰᠠᠭ ᠠᠴᠠ ᠲᠡᠷᠠᠭ᠎ᠠ ᠪᠠᠷ ᠳ᠋ᠦᠩᠨᠡᠨ ᠪᠤᠳᠦᠨ᠎ᠡ᠃ | | | Q4 | Q᠄ ᠪᠠᠷᠢᠮᠵᠢᠶ᠎ᠠ ᠳᠤ ᠨᠡᠶᠢᠴᠡᠬᠦ ᠬᠥᠮᠥᠨ ᠠᠮᠠ ᠶᠢ ᠴᠠᠭ ᠲᠤᠬᠠᠢ ᠲᠤ ᠨᠢ ᠨᠠᠭᠠᠲᠤ ᠵᠠᠬ᠎ᠠ ᠶᠢᠨ ᠪᠠᠲᠤᠯᠠᠭ᠎ᠠ ᠳᠤ | ᠣᠷᠣᠭᠤᠯᠬᠤ ᠶᠢ ᠶᠠᠮᠠᠷ ᠶᠠᠮᠠᠷ ᠠᠷᠭ᠎ᠠ ᠪᠠᠷ ᠪᠠᠲᠤᠯᠠᠬᠤ ᠪᠤᠢ︖ | A᠄ ᠨᠢᠭᠡ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ | ᠴᠢᠩᠭᠠᠯᠠᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ | ᠲᠤᠰᠠᠳᠠ ᠠᠷᠠᠳ ᠤᠨ ᠶᠠᠪᠤᠳᠠᠯ ᠤᠨ ᠶᠠᠮᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠬᠦ ᠲᠠᠯ᠎ᠠ ᠪᠠᠷ | ᠳᠦᠷᠢᠮ ᠤᠨ ᠲᠠᠯ᠎ᠠ ᠶᠢᠨ ᠰᠢᠨᠡᠴᠢᠯᠡᠯᠲᠡ ᠬᠢᠪᠡ᠃ ᠵᠢᠱᠢᠶᠡᠯᠡᠪᠡᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠭᠡᠷ ᠪᠦᠯᠢ ᠶᠢᠨ ᠳᠣᠲᠣᠷᠠᠬᠢ ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ ᠠᠰ ᠢᠶᠠᠷ ᠨᠢ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠭᠡᠷ ᠪᠦᠯᠢ ᠶᠢᠨ ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ ᠠᠰ ᠢᠶᠠᠷ ᠨᠢ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠳᠤ ᠪᠠᠨ ᠳᠠᠷᠤᠢ ᠡᠷᠦᠬᠡ ᠪᠠᠷ ᠪᠠᠲᠤᠯᠠᠬᠤ ᠪᠠ ᠬᠥᠮᠥᠨ ᠢᠶᠠᠷ | ᠪᠠᠲᠤᠯᠠᠬᠤ ᠶᠢ ᠤᠶᠠᠯᠳᠤᠭᠤᠯᠤᠭᠰᠠᠨ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠨᠠᠩ | ᠪᠠᠭᠲᠠᠭᠠᠮᠵᠢ ᠲᠠᠢ ᠪᠣᠯᠭᠠᠪᠠ︔ ᠡᠯ᠎ᠡ ᠭᠠᠵᠠᠷ ᠤᠨ ᠬᠢᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ | ᠬᠠᠷᠭᠤᠭᠤᠯᠵᠤ ᠨᠤᠲᠠᠯᠠᠬᠤ ᠡᠷᠬᠡ ᠶᠢᠨ ᠬᠢᠵᠠᠭᠠᠷ ᠢ ᠥᠩᠭᠡᠷᠡᠭᠰᠡᠨ ᠤ ᠰᠢᠶᠠᠨ ᠠᠴᠠ ᠵᠡᠭᠡᠯᠢ ᠭᠤᠳᠤᠮᠵᠢ ᠪᠠ ᠰᠢᠶᠠᠩ | ᠪᠠᠯᠭᠠᠰᠤᠨ ᠳᠤ ᠪᠠᠭᠤᠯᠭᠠᠬᠤ ᠶᠢ ᠵᠣᠷᠢᠭᠵᠢᠭᠤᠯᠵᠤ᠂ ᠡᠭᠦᠨ ᠤ ᠤᠯᠠᠮ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠴᠠᠭ ᠤᠨ ᠬᠢᠵᠠᠭᠠᠷ ᠢ ᠪᠣᠭᠤᠨᠢᠰᠬᠠᠪᠠ᠃ ᠭᠡᠷ ᠪᠦᠯᠢ ᠶᠢᠨ ᠣᠷᠣᠯᠭ᠎ᠠ ᠶᠢ | ᠲᠣᠭᠠᠴᠠᠯᠠᠬᠤ ᠳᠤ ᠪᠠᠨ᠂ ᠲᠣᠭᠲᠠᠭᠠᠯ ᠶᠣᠰᠣᠭᠠᠷ ᠵᠠᠷᠢᠮ ᠵᠠᠶᠢᠯᠠᠰᠢ ᠦᠭᠡᠢ ᠵᠠᠷᠤᠯᠭ᠎ᠠ ᠪᠠ ᠴᠢᠬᠤᠯᠠ ᠪᠦᠬᠦᠢ ᠠᠵᠢᠯ | ᠣᠯᠭᠤᠯᠲᠠ ᠶᠢᠨ ᠥᠪᠡᠷ ᠤᠨ ᠦᠷᠲᠡᠭ ᠢ ᠵᠣᠬᠢᠰᠲᠠᠢ ᠬᠠᠰᠤᠵᠤ᠂ ᠠᠵᠢᠯ ᠣᠯᠣᠭᠰᠠᠨ ᠤ ᠳᠠᠷᠠᠭᠠᠬᠢ ᠭᠡᠷ ᠪᠦᠯᠢ ᠶᠢᠨ ᠬᠥᠮᠥᠨ | ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠬᠡᠲᠦᠷᠡᠭᠰᠡᠨ ᠡᠳᠡᠭᠡᠷ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢ ᠴᠦ ᠲᠡᠷᠡ | ᠳᠠᠷᠤᠢ ᠳᠤ ᠨᠢ ᠪᠤᠴᠠᠭᠠᠵᠤ ᠭᠠᠷᠭᠠᠬᠤ ᠦᠭᠡᠢ᠂ ᠲᠡᠭᠦᠨ ᠳᠤ ᠬᠠᠭᠠᠰ ᠵᠢᠯ ᠠᠴᠠ ᠨᠢᠭᠡ ᠵᠢᠯ ᠤᠨ ᠠᠭᠠᠵᠢᠮ ᠢᠶᠠᠷ ᠪᠤᠴᠠᠵᠤ | ᠭᠠᠷᠬᠤ ᠬᠤᠭᠤᠴᠠᠭ᠎ᠠ ᠥᠭᠴᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠨᠡᠩ ᠤᠯᠠᠨ ᠬᠦᠴᠢᠷᠳᠡᠯ ᠲᠠᠢ ᠤᠯᠠᠨ | ᠲᠦᠮᠡᠨ ᠢ ᠬᠠᠮᠤᠷᠤᠭᠤᠯᠵᠤ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠬᠠᠪᠰᠤᠷᠪᠠᠰᠤ ᠵᠣᠬᠢᠬᠤ ᠶᠢ ᠨᠢ | ᠪᠦᠬᠦᠨ ᠢ ᠬᠠᠪᠰᠤᠷᠬᠤ︾ ᠶᠢ ᠴᠢᠷᠮᠠᠶᠢᠨ ᠪᠡᠶᠡᠯᠡᠭᠦᠯᠦᠨ᠎ᠡ᠃ | ᠬᠤᠶᠠᠷ ᠲᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠮᠠᠭᠠᠳᠯᠠᠨ | ᠲᠣᠭᠲᠠᠭᠠᠬᠤ ᠠᠵᠢᠯ ᠢ ᠴᠢᠩᠭᠠᠳᠬᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ︽ᠭᠠᠭᠴᠠ ᠬᠥᠮᠥᠨ ᠤ | ᠪᠠᠲᠤᠯᠠᠭ᠎ᠠ︾ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ᠂ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠲᠣᠭᠲᠠᠭᠠᠬᠤ ᠴᠢᠬᠤᠯᠠ ᠲᠠᠢ᠃ ᠨᠠᠭᠠᠲᠤ ᠵᠠᠬ᠎ᠠ ᠶᠢᠨ ᠪᠠᠲᠤᠯᠠᠭ᠎ᠠ ᠳᠤ | ᠬᠠᠪᠢᠳᠠᠭᠰᠠᠨ ᠭᠡᠷ ᠪᠦᠯᠢ ᠭᠡᠳᠡᠭ ᠨᠢ ᠡᠩ ᠤᠨ ᠪᠠᠶᠢᠳᠠᠯ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ | ᠦᠭᠡᠢ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠪᠣᠯᠪᠠᠴᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢᠨ 1.5 ᠳᠠᠬᠢᠨ ᠠᠴᠠ ᠳᠣᠣᠷ᠎ᠠ ᠪᠠᠶᠢᠵᠤ᠂ ᠵᠠᠷᠢᠮ ᠭᠠᠵᠠᠷ ᠣᠷᠣᠨ ᠳᠤ 2 ᠳᠠᠬᠢᠨ ᠠᠴᠠ ᠳᠣᠣᠷ᠎ᠠ | ᠪᠠᠶᠢᠬᠤ ᠶᠢᠨ ᠬᠠᠮᠲᠤ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ | ᠭᠡᠷ ᠪᠦᠯᠢ ᠶᠢ ᠵᠢᠭᠠᠵᠤ ᠪᠣᠶ᠃ ᠣᠳᠣᠬᠠᠨ ᠳᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠳ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ 570 ᠭᠠᠷᠤᠢ ᠲᠦᠮᠡᠨ ᠬᠥᠮᠥᠨ ᠠᠮᠠ ᠶᠢ ᠨᠢᠭᠡᠨᠲᠡ ᠮᠠᠭᠠᠳᠯᠠᠨ | ᠲᠣᠭᠲᠠᠭᠠᠭᠰᠠᠨ ᠪᠠᠶᠢᠨ᠎ᠠ᠂ ᠡᠨᠡ ᠬᠦ ᠠᠵᠢᠯ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠪᠠᠷ ᠪᠤᠢ᠃ | | | Q5 | Q᠄ ᠬᠦᠴᠢᠷᠳᠡᠯᠲᠡᠢ ᠣᠯᠠᠨ ᠲᠦᠮᠡᠨ ᠦᠷᠭᠦᠯᠵᠢᠯᠡᠨ ᠨᠡᠮᠡᠭᠳᠡᠵᠦ ᠮᠡᠳᠡᠬᠦ ᠪᠠᠶᠢᠳᠠᠯ ᠳᠤ ᠴᠢᠭᠯᠡᠭᠦᠯᠦᠨ᠂ | ᠲᠠᠷᠠᠭᠠᠴᠢ ᠶᠢᠨ ᠠᠯᠬᠤᠮ ᠳᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠬᠡᠷᠬᠢᠨ | ᠴᠢᠩᠭᠠᠳᠬᠠᠬᠤ ᠪᠣᠶ︖ | A᠄ ᠬᠥᠳᠡᠯᠦᠩᠭᠦᠢ ᠪᠠᠷ ᠬᠢᠨᠠᠨ ᠬᠡᠮᠵᠢᠬᠦ ᠪᠠ ᠶᠡᠷᠦᠩᠬᠡᠶᠢᠯᠡᠨ ᠬᠠᠪᠰᠤᠷᠤᠨ ᠲᠡᠳᠬᠦᠬᠦ ᠡᠨᠡ ᠬᠤᠶᠠᠷ ᠲᠠᠯ᠎ᠠ ᠪᠠᠷ | ᠭᠤᠣᠯᠳᠠᠯᠭ᠎ᠠ ᠪᠣᠯᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ | ᠴᠢᠩᠭᠠᠷᠠᠭᠤᠯᠤᠨ᠎ᠠ᠃ | ᠬᠥᠳᠡᠯᠦᠩᠭᠦᠢ ᠪᠠᠷ ᠬᠢᠨᠠᠨ ᠬᠡᠮᠵᠢᠬᠦ ᠭᠡᠳᠡᠭ ᠨᠢ ᠳᠠᠷᠤᠢ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢ | ᠬᠥᠳᠡᠯᠦᠩᠭᠦᠢ ᠪᠠᠷ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠣᠯᠭ᠎ᠠ | ᠪᠠᠭᠠᠲᠠᠢ ᠨᠡᠩ ᠤᠯᠠᠨ ᠬᠦᠴᠢᠷᠳᠡᠯᠲᠡᠢ ᠤᠯᠠᠨ ᠲᠦᠮᠡᠨ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠬᠤ ᠶᠠᠪᠤᠳᠠᠯ ᠪᠣᠯᠣᠨ᠎ᠠ᠃ | ᠣᠳᠣᠬᠠᠨ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠠᠶᠢᠭᠤᠯᠤᠭᠰᠠᠨ ᠪᠥᠬᠦ ᠤᠯᠤᠰ ᠤᠨ ᠣᠷᠣᠯᠭ᠎ᠠ ᠪᠠᠭᠠᠲᠠᠢ | ᠬᠥᠮᠥᠨ ᠠᠮᠠ ᠶᠢ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠳᠤ ᠨᠢᠭᠡᠨᠲᠡ 6200 ᠲᠦᠮᠡᠨ ᠣᠷᠣᠯᠭ᠎ᠠ ᠪᠠᠭᠠᠲᠠᠢ | ᠬᠦᠮᠦᠰ ᠤᠨ ᠮᠡᠳᠡᠭᠡ ᠵᠠᠩᠭᠢ ᠶᠢ ᠲᠡᠮᠳᠡᠭᠯᠡᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ | ᠬᠦᠮᠦᠰ᠂ ᠣᠨᠴᠠ ᠬᠦᠴᠢᠷᠳᠡᠯᠲᠡᠢ ᠬᠥᠮᠥᠰ᠂ ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯᠲᠡᠢ ᠣᠯᠠᠨ ᠲᠦᠮᠡᠨ᠂ ᠠᠮᠠᠷᠬᠠᠨ | ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ | ᠬᠥᠮᠥᠨ ᠠᠮᠠ ᠶᠢ ᠪᠠᠭᠲᠠᠭᠠᠭᠰᠠᠨ ᠪᠥᠭᠡᠳ ᠪᠠᠰᠠ ᠨᠠᠩ ᠣᠯᠠᠨ ᠬᠦᠴᠢᠷᠳᠡᠯᠲᠡᠢ ᠣᠯᠠᠨ ᠲᠦᠮᠡᠨ ᠢ ᠬᠢᠨᠠᠨ ᠬᠡᠮᠵᠢᠬᠦ | ᠬᠡᠪᠴᠢᠶᠡᠨ ᠳᠤ ᠣᠷᠣᠭᠤᠯᠬᠤ ᠪᠠᠷ ᠪᠠᠶᠢᠨ᠎ᠠ᠃ ᠡᠭᠦᠨ ᠤ ᠵᠡᠷᠭᠡ ᠳᠤ ᠲᠠᠪᠴᠠᠩ ᠤᠨ ᠴᠢᠳᠠᠮᠵᠢ ᠶᠢᠨ ᠬᠡᠷᠡᠭᠯᠡᠯᠲᠡ ᠶᠢ | ᠥᠷᠭᠡᠳᠬᠡᠨ᠎ᠡ᠂ ᠵᠢᠱᠢᠶᠡᠯᠡᠪᠡᠯ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠡᠮ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠠᠵᠢᠯᠴᠢᠨ ᠤ ᠶᠡᠷᠦᠩᠬᠡᠢ ᠡᠪᠯᠡᠯ᠂ ᠵᠡᠮᠳᠡᠭᠴᠦᠳ ᠤᠨ ᠬᠤᠯᠪᠣᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠭ᠎ᠠ | ᠪᠠᠷᠢᠮᠲᠠ ᠲᠠᠢ ᠠᠳᠠᠯᠢᠳᠬᠠᠬᠤ ᠶᠢ ᠴᠢᠩᠭᠠᠳᠬᠠᠵᠤ᠂ ᠬᠦᠨᠳᠦ ᠡᠪᠡᠳᠴᠢᠨ᠂ ᠵᠡᠮᠳᠡᠭ᠂ ᠠᠵᠢᠯ ᠣᠯᠬᠤ᠂ ᠰᠤᠷᠭᠠᠭᠤᠯᠢ ᠳᠤ | ᠣᠷᠣᠬᠤ ᠵᠡᠷᠭᠡ ᠪᠠᠶᠢᠳᠠᠯ ᠳᠤ ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠭᠠᠷᠭᠠᠵᠤ᠂ ᠵᠣᠬᠢᠴᠠᠩᠭᠤᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃ | ᠶᠡᠷᠦᠩᠬᠡᠶᠢᠯᠡᠨ ᠬᠠᠪᠰᠤᠷᠤᠨ ᠲᠡᠳᠬᠦᠬᠦ ᠭᠡᠳᠡᠭ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠠᠳᠠᠯᠢ ᠪᠤᠰᠤ ᠬᠦᠴᠢᠷᠳᠡᠯ ᠲᠠᠢ ᠣᠯᠠᠨ ᠲᠦᠮᠡᠨ ᠳᠤ ᠴᠢᠭᠯᠡᠭᠦᠯᠦᠭᠰᠡᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ | ᠪᠠᠶᠢᠭᠤᠯᠵᠤ᠂ ᠴᠠᠭ ᠲᠤᠬᠠᠢ ᠳᠤ ᠨᠢ ᠬᠠᠨᠳᠤᠯᠭ᠎ᠠ ᠲᠠᠢ ᠪᠠᠷ ᠠᠪᠤᠷᠠᠨ ᠲᠤᠰᠠᠯᠠᠵᠤ ᠬᠠᠪᠰᠤᠷᠤᠨ ᠳᠡᠳᠬᠦᠨ᠎ᠡ᠃ ᠵᠢᠱᠢᠶᠡᠯᠡᠪᠡᠯ | ᠠᠮᠢᠳᠤᠷᠠᠯ ᠨᠢ ᠬᠦᠴᠢᠷᠳᠡᠯ ᠲᠠᠢ ᠪᠣᠯ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠤᠶᠤ ᠲᠦᠷ ᠴᠠᠭ ᠤᠨ ᠠᠪᠤᠷᠠᠨ | ᠲᠤᠰᠠᠯᠠᠯᠲᠠ ᠣᠯᠭᠤᠵᠤ᠂ ᠡᠪᠡᠳᠴᠢᠯᠡᠪᠡᠯ ᠡᠮᠴᠢᠯᠡᠭᠡᠨ ᠤ ᠠᠪᠤᠷᠠᠨ ᠲᠤᠰᠠᠯᠠᠯᠲᠠ ᠣᠯᠭᠤᠬᠤ᠂ ᠰᠤᠷᠭᠠᠭᠤᠯᠢ ᠳᠤ | ᠣᠷᠣᠬᠤ ᠳᠤ ᠬᠦᠴᠢᠷᠳᠡᠯ ᠲᠠᠢ ᠪᠣᠯ ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠣᠯᠭᠤᠵᠤ᠂ ᠣᠷᠣᠨ ᠰᠠᠭᠤᠴᠠ ᠨᠢ | ᠬᠦᠴᠢᠷᠳᠡᠯ ᠲᠠᠢ ᠪᠣᠯ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠣᠯᠭᠤᠵᠤ᠂ ᠳᠡᠰ ᠲᠥᠷᠥᠯ ᠬᠤᠪᠢᠶᠠᠨ ᠶᠡᠷᠦᠩᠬᠡᠶᠢᠯᠡᠨ | ᠠᠪᠤᠷᠠᠨ ᠲᠤᠰᠠᠯᠠᠬᠤ ᠪᠠᠶᠢᠳᠠᠯ ᠢ ᠪᠤᠢ ᠪᠣᠯᠭᠠᠵᠤ᠂ ᠡᠭᠦᠨ ᠤ ᠤᠯᠠᠮ ᠢᠶᠠᠷ ᠨᠡᠶᠢᠭᠡᠮ ᠤᠨ ᠠᠪᠤᠷᠠᠨ ᠲᠤᠰᠠᠯᠠᠬᠤ | ᠲᠣᠭᠲᠠᠯᠴᠠᠭ᠎ᠠ ᠪᠠᠷ ᠳᠠᠮᠵᠢᠭᠤᠯᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠠᠪᠤᠷᠠᠨ | ᠲᠤᠰᠠᠯᠠᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠦᠴᠢᠷᠳᠡᠯ ᠲᠠᠢ ᠤᠯᠠᠨ ᠲᠦᠮᠡᠨ ᠳᠤ ᠨᠡᠩ ᠬᠦᠴᠦᠨ ᠲᠠᠢ᠂ ᠨᠡᠩ | ᠦᠷᠭᠦᠯᠵᠢᠯᠡᠬᠦᠶᠢᠴᠡ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠬᠠᠩᠭᠠᠨ᠎ᠠ᠃ |